ᠵᠢᠱ᠌ᠢᠶ᠎ᠡ ᠦᠵᠡᠭᠦᠯᠦᠨ ᠳᠠᠢᠴᠢᠯᠠᠵᠤ ᠴᠢᠨᠡᠭᠡᠯᠢᠭ᠌ᠵᠢᠯ᠎ᠤᠨ ᠵᠠᠮ᠎ᠢᠶᠠᠷ ᠵᠠᠮᠨᠠᠨ᠎ᠠ
2021-07-01 08:30:48
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆


 3.jpg


ᠵᠣᠨ᠎ᠤ ᠳᠤᠮᠳᠠ ᠰᠠᠷ᠎ᠠ᠎ᠳᠤ᠂ ᠣᠷᠳᠣᠰ ᠬᠤᠲᠠ᠎ᠶ᠋ᠢᠨ ᠣᠲᠤᠭ᠎ᠤᠨ ᠡᠮᠦᠨᠡᠲᠦ ᠬᠤᠱᠢᠭᠤᠨ᠎ᠤ ᠪᠤᠷᠤᠪᠠᠯᠭᠠᠰᠤ ᠪᠠᠯᠭᠠᠰᠤᠨ᠎ᠤ ᠪᠤᠷᠤᠪᠠᠯᠭᠠᠰᠤ ᠭᠠᠴᠠᠭᠠᠨ᠎ᠤ ᠵᠢᠤᠢ ᠨᠦᠩ ᠭᠤᠸᠠ ᠵᠢᠮᠢᠰ ᠢᠳᠡᠱᠢᠨ ᠨᠣᠭᠤᠭ᠎ᠠ᠎ᠶ᠋ᠢᠨ ᠬᠥᠭ᠌ᠵᠢᠯᠲᠡ᠎ᠶ᠋ᠢᠨ ᠪᠣᠯᠪᠠᠰᠤᠷᠠᠯ᠎ᠤᠨ ᠵᠢᠱ᠌ᠢᠶ᠎ᠡ ᠦᠵᠡᠭᠦᠯᠬᠦ᠌ ᠬᠦᠷᠢᠶᠡᠯᠡᠩ᠎ᠳᠤ᠂ ᠵᠢᠤᠢ ᠨᠦᠩ ᠲᠠᠷᠢᠶᠠᠯᠠᠩ ᠮᠠᠯ ᠠᠵᠤ ᠠᠬᠤᠶ᠎ᠶ᠋ᠢᠨ ᠲᠤᠰᠭᠠᠶ ᠬᠤᠷᠱᠢᠶ᠎ᠠ᠎ᠶ᠋ᠢᠨ ᠬᠠᠷᠢᠭᠤᠴᠠᠯᠭᠠᠲᠠᠨ ᠯᠢᠦ ᠵᠥᠩ ᠱ᠌ᠢ ᠮᠡᠷᠭᠡᠵᠢᠯ᠎ᠤᠨ ᠠᠵᠢᠯᠲᠠᠳ᠎ᠲᠠᠢ᠎ᠪᠠᠨ ᠴᠢᠬᠢ ᠪᠤᠢᠵᠢᠭᠤᠯᠬᠤ ᠬᠦᠯᠡᠮᠵᠢ᠎ᠳᠤ ᠶᠠᠭᠠᠷᠠᠯᠲᠠᠢ ᠠᠵᠢᠯᠯᠠᠨ᠎ᠠ᠃

2014 ᠣᠨ᠎ᠳᠤ᠂ ᠨᠢᠭᠡ ᠰᠡᠳᠭᠢᠯ᠎ᠢᠶᠠᠷ ᠲᠠᠷᠢᠶᠠᠴᠢᠳ᠎ᠢᠶᠠᠨ ᠳᠠᠭᠠᠭᠤᠯᠤᠨ ᠪᠠᠶᠠᠵᠢᠭᠤᠯᠬᠤ ᠪᠤᠲᠤᠯ᠎ᠢ ᠡᠪᠦᠷᠯᠡᠭ᠌ᠰᠡᠨ ᠯᠢᠦ ᠵᠦᠩ ᠱ᠌ᠢ ᠲᠤᠰᠠᠬᠤᠨ᠎ᠤ ᠠᠷᠠᠳ᠎ᠲᠠᠢ ᠬᠠᠮᠲᠦᠷᠡᠵᠦ᠍ ᠵᠢᠦᠢ ᠨᠦᠩ ᠲᠠᠷᠢᠶᠠᠯᠠᠩ ᠮᠠᠯ ᠠᠵᠤ ᠠᠬᠤᠢ᠎ᠶ᠋ᠢᠨ ᠲᠤᠰᠭᠠᠢ ᠬᠤᠷᠱᠢᠶ᠎ᠠ᠎ᠶ᠋ᠢ ᠡᠭᠦᠰᠭᠡᠨ ᠪᠠᠢᠭᠤᠯᠵᠤ᠂ ᠵᠢᠦᠢ ᠨᠦᠩ ᠭᠤᠸᠠ ᠵᠢᠮᠢᠰ ᠢᠳᠡᠱᠢᠨ ᠨᠣᠭᠤᠭ᠎ᠠ᠎ᠶ᠋ᠢᠨ ᠬᠥᠭ᠌ᠵᠢᠯᠲᠡ᠎ᠶ᠋ᠢᠨ ᠪᠣᠯᠪᠠᠰᠤᠷᠠᠯ᠎ᠤᠨ ᠵᠢᠱ᠌ᠢ᠊ ᠡᠶ᠎ᠡ ᠦᠵᠡᠭᠦᠯᠬᠦ᠌ ᠬᠦᠷᠢᠶᠡᠯᠡᠩ᠎ᠢ ᠪᠠᠢᠭᠤᠯᠪᠠ᠃ ᠲᠠᠳᠠ ᠯᠠᠵᠤᠤ᠂ ᠲᠠᠷᠪᠤᠰ᠎ᠤᠨ ᠴᠢᠬᠢ ᠪᠤᠢᠵᠢᠭᠤᠯᠬᠤ᠂ ᠠᠵᠤ ᠠᠬᠤᠶ᠎ᠶ᠋ᠢᠨ ᠴᠢᠬᠢ ᠮᠣᠳᠣ ᠪᠤᠢᠵᠢᠭᠤᠯᠬᠤ ᠵᠡᠷᠭᠡ᠎ᠪᠠᠷ ᠭᠤᠤᠯ ᠪᠣᠯᠭᠠᠵᠤ᠂ ᠲᠠᠷᠢᠶᠠᠴᠢᠳ᠎ᠢ ᠬᠠᠪᠰᠤᠷᠤᠨ ᠱᠢᠯᠢᠳᠡᠭ ᠡᠭᠦᠯᠳᠡᠷ᠎ᠢ ᠰᠣᠩᠭᠤᠨ ᠪᠤᠢᠵᠢᠭᠤᠯᠤᠨ᠂ ᠲᠤᠷᠱᠢᠯᠲᠠ ᠬᠢᠵᠦ᠍᠂ ᠵᠢᠱ᠌ᠢᠶ᠎ᠡ ᠦᠵᠡᠭᠦᠯᠦᠨ ᠬᠥᠲᠥᠯᠥᠨ ᠳᠠᠭᠠᠭᠤᠯᠪᠠ᠃

《ᠲᠠᠷᠢᠶᠠᠴᠢᠳ᠎ᠲᠤ ᠲᠠᠢᠯᠪᠤᠷᠢᠯᠠᠨ ᠶᠠᠷᠢᠬᠤ᠂ ᠲᠠᠷᠢᠶᠠᠴᠢᠳ᠎ᠲᠤ ᠵᠢᠱ᠌ᠢᠶ᠎ᠡ ᠦᠵᠡᠭᠦᠯᠬᠦ᠂ ᠲᠠᠷᠢᠶᠠᠴᠢᠳ᠎ᠢ ᠳᠠᠢᠴᠢᠯᠠᠨ ᠠᠵᠢᠯᠯᠠᠬᠤ᠂ ᠲᠠᠷᠢᠶᠠᠴᠢᠳ᠎ᠢ ᠬᠠᠪᠰᠤᠷᠤᠨ ᠪᠠᠶᠠᠵᠢᠭᠤᠯᠬᠤ ᠪᠣᠯ ᠮᠠᠨ᠎ᠤ ᠬᠤᠷᠱᠢᠶᠠᠨ᠎ᠤ ᠵᠣᠷᠢᠯᠲᠠ ᠪᠠ ᠣᠢᠯᠠᠭᠠᠭ᠍ᠳᠠᠬᠤᠨ ᠮᠥᠨ》 ᠭᠡᠵᠦ᠍ ᠯᠢᠥ ᠵᠦᠩ ᠱ᠌ᠢ ᠬᠡᠯᠡᠨ᠎ᠡ᠃

ᠪᠠᠶᠠᠵᠢᠯ᠎ᠤᠨ ᠳᠠᠭᠠᠭᠤᠯᠤᠬ᠍ᠴᠢ ᠪᠣᠯᠤᠭ᠍ᠰᠠᠨ᠎ᠤ ᠬᠤᠪᠢ᠎ᠳᠤ᠂ ᠯᠢᠥ ᠵᠦᠩ ᠱ᠌ᠢ ᠵᠥᠪᠬᠡᠨ ᠥᠪᠡᠷ᠎ᠢᠶᠠᠨ ᠪᠠᠶᠠᠵᠢᠶ᠎ᠠ ᠭᠡᠵᠦ᠍ ᠪᠤᠳᠤᠬ᠍ᠰᠠᠨ ᠲᠡᠳᠦᠢ ᠪᠢᠰᠢ᠂ ᠨᠡᠩ ᠴᠤ᠌ ᠨᠤᠲᠤᠭ ᠤᠰᠤᠨ᠎ᠤ᠎ᠪᠠᠨ ᠠᠬ᠎ᠠ ᠳᠡᠭᠦᠦ ᠨᠡᠷ᠎ᠢᠶᠠᠨ ᠳᠠᠭᠠᠭᠤᠯᠤᠨ ᠪᠠᠶᠠᠵᠢᠶ᠎ᠠ ᠭᠡᠵᠦ᠍ ᠪᠤᠳᠤᠳᠠᠭ ᠶᠤᠮ᠃ ᠵᠢᠯ ᠪᠦᠷᠢ᠎ᠶ᠋ᠢᠨ ᠬᠠᠪᠤᠷ᠂ ᠬᠤᠷᠱᠢᠶ᠎ᠠ᠎ᠶ᠋ᠢᠨ ᠪᠤᠢᠵᠢᠭᠤᠯᠤᠭ᠍ᠰᠠᠨ 500 ᠲᠦᠮᠡᠨ ᠰᠠᠭᠤᠷᠢ ᠲᠤᠬᠠᠶ᠎ᠶ᠋ᠢᠨ ᠭᠠᠵᠠᠷ᠎ᠤᠨ ᠣᠨᠴᠠᠯᠢᠭ᠍ᠲᠤ ᠯᠠᠵᠤᠤ᠎ᠶ᠋ᠢᠨ ᠴᠢᠬᠢ᠎ᠶ᠋ᠢ ᠤᠯᠠᠨ᠎ᠢᠶᠠᠷ᠎ᠢᠶᠠᠨ ᠪᠤᠯᠢᠶᠠᠯᠳᠤᠨ ᠠᠪᠲᠠᠭ᠃ ᠡᠨᠡ ᠵᠢᠯ ᠯᠠᠵᠤᠤ᠎ᠶ᠋ᠢᠨ ᠴᠢᠬᠢ᠎ᠶ᠋ᠢ ᠬᠦᠯᠡᠮᠵᠢ᠎ᠠᠴᠠ ᠭᠠᠷᠭᠠᠭ᠍ᠰᠠᠨ᠎ᠤ ᠳᠠᠷᠠᠭ᠎ᠠ᠂ ᠬᠤᠷᠱᠢᠶ᠎ᠠ᠎ᠠᠴᠠ ᠪᠠᠰᠠ ᠪᠤᠰᠤᠳ ᠮᠤᠵᠢ ᠣᠷᠣᠨ᠎ᠠᠴᠠ ᠴᠢᠨᠠᠷ ᠰᠠᠢᠲᠠᠶ ᠡᠭᠦᠯᠳᠡᠷ᠎ᠤᠨ ᠲᠠᠷᠪᠤᠰ᠂ ᠠᠮᠲᠠᠲᠤ ᠬᠡᠮᠬᠡ᠂ ᠯᠠᠩᠭᠤᠸᠠ᠎ᠶ᠋ᠢᠨ ᠴᠢᠬᠢ᠎ᠶ᠋ᠢ ᠣᠷᠣᠭᠤᠯᠤᠨ ᠠᠪᠴᠢᠷᠠᠵᠠᠶ᠃ ᠮᠡᠷᠭᠡᠵᠢᠯᠲᠡᠨ᠎ᠤ ᠵᠢᠯᠣᠭᠤᠳᠣᠯᠭ᠎ᠠ ᠳᠤᠤᠷ᠎ᠠ᠂ ᠣᠯᠠᠨ᠎ᠢᠶᠠᠷ᠎ᠢᠶᠠᠨ 4 ᠲᠣᠮᠣ ᠬᠦᠯᠡᠮᠵᠢ᠎ᠳᠤ ᠨᠡᠢᠲᠡ 10 ᠮᠥ᠍ 《ᠡᠯᠭᠦᠮᠡᠯ ᠭᠤᠸᠠ》 ᠎ᠶ᠋ᠢ ᠲᠤᠷᠱᠢᠨ ᠳᠠᠷᠢᠪᠠ᠃ ᠡᠢᠮᠦᠷᠬᠦᠦ ᠲᠤᠷᠱᠢᠯᠲᠠ ᠮᠠᠰᠢ ᠤᠯᠠᠨ ᠪᠠᠢᠵᠦ᠍᠂ ᠲᠤᠬᠠᠢ᠎ᠶ᠋ᠢᠨ ᠭᠠᠵᠠᠷ᠎ᠤᠨ ᠠᠭᠤᠷ ᠠᠮᠢᠰᠭᠤᠯ ᠪᠣᠯᠤᠨ ᠣᠷᠴᠢᠨ ᠲᠣᠭᠤᠷᠢᠨ᠎ᠳᠤ ᠵᠣᠬᠢᠴᠠᠬᠤ ᠱᠢᠯᠢᠳᠡᠭ ᠡᠭᠦᠯᠳᠡᠷ᠎ᠤᠳ᠎ᠢ ᠬᠦᠯᠡᠮᠵᠢ᠎ᠳᠤ ᠲᠤᠷᠱᠢᠨ ᠲᠠᠷᠢᠭᠠᠳ ᠠᠮᠵᠢᠯᠲᠠ ᠣᠯᠤᠭ᠍ᠰᠠᠨ᠎ᠤ ᠲᠠᠷᠠᠭ᠎ᠠ᠂ ᠯᠢᠦ ᠵᠦᠩ ᠱ᠌ᠢ ᠲᠤᠬᠠᠢ᠎ᠶ᠋ᠢᠨ ᠭᠠᠵᠠᠷ᠎ᠤᠨ ᠲᠠᠷᠢᠶᠠᠴᠢᠳ᠎ᠲᠤ ᠶᠡᠭᠡ ᠬᠡᠪᠴᠢᠶ᠎ᠡ᠎ᠪᠠᠷ ᠲᠠᠷᠢᠬᠤ ᠮᠡᠷᠭᠡᠵᠢᠯ᠎ᠢᠶᠠᠨ ᠳᠡᠯᠭᠡᠷᠡᠭᠦᠯᠪᠡ᠃

ᠡᠨᠡ ᠬᠡᠳᠦᠨ ᠵᠢᠯ᠎ᠳᠤ᠂ ᠮᠡᠷᠭᠡᠵᠢᠯ᠂ ᠱᠢᠨᠵᠢᠯᠡᠬᠦ᠌ ᠤᠬᠠᠭᠠᠨᠴᠢ᠎ᠪᠠᠷ ᠲᠠᠷᠢᠬᠤ ᠪᠠ ᠵᠠᠬ᠎ᠠ ᠳᠡᠯᠭᠡᠭᠦᠷᠴᠢᠯᠡᠭ᠌ᠰᠡᠨ ᠬᠠᠮᠢᠶᠠᠷᠤᠯᠲᠠ᠎ᠪᠠᠷ ᠳᠠᠮᠵᠢᠨ᠂ ᠬᠤᠷᠱᠢᠶ᠎ᠠ᠎ᠶ᠋ᠢᠨ ᠵᠢᠯ ᠪᠦᠷᠢ᠎ᠶ᠋ᠢᠨ ᠡᠵᠡᠩᠨᠡᠯᠲᠡ᠎ᠶ᠋ᠢᠨ ᠣᠷᠣᠯᠭ᠎ᠠ 250 ᠲᠦᠮᠡᠨ ᠲᠥᠭᠦᠷᠢᠭ ᠣᠷᠴᠢᠮ᠎ᠳᠤ ᠬᠦᠷᠴᠦ᠍᠂ 200 ᠭᠠᠷᠤᠢ ᠲᠠᠷᠢᠶᠠᠴᠢᠨ ᠡᠷᠦᠬᠡ ᠬᠤᠷᠱᠢᠶ᠎ᠠ᠎ᠳᠤ ᠣᠷᠣᠪᠠ᠃ 《ᠨᠠᠮ᠎ᠤᠨ ᠰᠠᠢᠨ ᠲᠦᠷᠦ᠎ᠶ᠋ᠢᠨ ᠪᠤᠳᠤᠯᠭ᠎ᠠ᠎ᠶ᠋ᠢᠨ ᠠᠴᠢ᠎ᠪᠠᠷ ᠪᠢ ᠥᠨᠥᠳᠦᠷ᠎ᠤᠨ ᠰᠠᠢᠨ ᠰᠠᠢᠬᠠᠨ ᠠᠮᠢᠳᠤᠷᠠᠯ᠎ᠢᠶᠠᠨ ᠤᠬ᠍ᠲᠤᠨ ᠠᠪᠴᠢᠷᠠᠵᠠᠢ᠂ ᠬᠤᠢᠱᠢᠲᠠ ᠪᠢ ᠨᠡᠩ ᠤᠯᠠᠨ ᠨᠤᠲᠤᠭ᠎ᠤᠨ ᠠᠬ᠎ᠠ ᠳᠡᠭᠦᠦ ᠨᠡᠷ᠎ᠢᠶᠠᠨ ᠳᠠᠭᠠᠭᠤᠯᠤᠨ ᠴᠢᠨᠡᠭᠡᠯᠢᠭ᠌ᠵᠢᠯ᠎ᠤᠨ ᠵᠠᠮ᠎ᠢᠶᠠᠷ ᠵᠠᠮᠨᠠᠨ᠎ᠠ》 ᠭᠡᠵᠦ᠍ ᠯᠢᠦ ᠵᠦᠩ ᠱ᠌ᠢ ᠬᠡᠯᠡᠨ᠎ᠡ᠃



 

 

 《〈ᠡᠭᠦᠷᠢᠳᠡ ᠨᠠᠮ᠎ᠢᠶᠠᠨ ᠳᠠᠭᠠᠨ᠎ᠠ〉 ᠡᠭᠦᠯᠡᠨ ᠬᠦᠯᠦᠭ · ᠵᠠᠭᠤᠨ ᠰᠤᠷᠪᠤᠯᠵᠢᠯᠠᠭ᠍ᠴᠢ᠎ᠶ᠋ᠢᠨ ᠲᠦᠮᠡᠨ ᠭᠠᠵᠠᠷ᠎ᠤᠨ ᠠᠶᠠᠯᠠᠯ》 ᠎ᠤᠨ ᠲᠣᠮᠣ ᠬᠡᠯᠪᠡᠷᠢ᠎ᠶ᠋ᠢᠨ ᠳᠠᠮᠵᠢᠭᠤᠯᠭ᠎ᠠ᠎ᠶ᠋ᠢᠨ ᠠᠵᠢᠯᠯᠠᠭ᠎ᠠ  

ᠥᠪᠥᠷ ᠮᠤᠩᠭᠤᠯ᠎ᠤᠨ ᠡᠳᠤᠷ᠎ᠤᠨ ᠰᠤᠨᠢᠨ᠎ᠤ ᠬᠤᠷᠢᠶ᠎ᠠ

ᠠᠢᠮᠠᠬ ᠬᠤᠳᠠ᠎ᠶ᠋ᠢᠨ ᠡᠳᠦᠷ᠎ᠤᠨ ᠰᠤᠨᠢᠨ᠎ᠤ ᠬᠤᠷᠢᠶ᠎ᠠ

ᠦᠪᠦᠷ ᠮᠣᠩᠭᠤᠯ᠎ᠤᠨ ᠬᠤᠱᠢᠭᠤ ᠱᠢᠶᠠᠨ ᠲᠤᠭᠤᠷᠢᠬ ᠎ᠤᠨ ᠬᠠᠮ ᠵᠠᠭᠤᠴᠢᠯᠠᠭᠤᠷ ᠎ᠤᠨ ᠲᠥᠪ

ᠦᠪᠦᠷ ᠮᠣᠩᠭᠤᠯ᠎ᠤᠨ ᠡᠳᠦᠷ᠎ᠤᠨ ᠰᠣᠨᠢᠨ᠎ᠤ ᠬᠤᠷᠢᠶ᠎ᠠ᠎ᠶ᠋ᠢᠨ ᠬᠠᠮ ᠵᠠᠭᠤᠴᠢᠯᠠᠭᠤᠷ᠎ᠤᠨ ᠰᠤᠷᠪᠤᠯᠵᠢᠯᠠᠭ᠍ᠴᠢ ᠳ᠋ᠢᠩ ᠶᠠᠨ ᠵᠤᠤ ᠨᠠ ᠬᠤᠣ ᠱᠢᠥᠸᠠᠢ ᠯᠢᠶᠠᠨ ᠭᠦᠸᠧ ᠬᠤᠢ ᠴᠣᠣ ᠪᠠᠨᠳᠢ ᠸᠠᠩ ᠫᠧᠩ ᠷᠧᠨ ᠵᠢᠶᠠ ᠯᠢᠦ ᠯᠸᠢ ᠢᠥᠢ ᠬᠠᠢ ᠳ᠋ᠦᠩ ᠬᠤᠣ ᠪᠢᠶᠦᠦ ᠯᠢᠦ ᠬᠤᠩ ᠵᠠᠩ

ᠣᠷᠳᠣᠰ᠎ᠤᠨ ᠡᠳᠦᠷ᠎ᠤᠨ ᠰᠣᠨᠢᠨ᠎ᠤ ᠰᠣᠷᠪᠣᠯᠵᠢᠯᠠᠭ᠍ᠴᠢ ᠭᠦᠸᠧ ᠳ᠋ᠦᠩ ᠱᠢᠨ

ᠠᠯᠠᠱᠠ ᠵᠡᠬᠦᠨ ᠬᠤᠱᠢᠭᠤᠨ᠎ᠤ ᠬᠠᠮ ᠵᠠᠭᠤᠴᠢᠯᠠᠭᠤᠷ᠎ᠤᠨ ᠲᠦᠪ᠎ᠤᠨ ᠰᠤᠷᠪᠤᠯᠵᠢᠯᠠᠭ᠍ᠴᠢ ᠡᠤ ᠸᠧᠨ

 

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号