
ᠡᠨᠡ ᠵᠢᠯ 43 ᠨᠠᠰᠤᠲᠠᠶ ᠯᠢᠦ ᠬᠠᠶ ᠵᠢᠶᠦ᠋ᠨ ᠪᠣᠯ ᠦᠬᠠᠶ ᠬᠤᠲᠠ᠎ᠶ᠋ᠢᠨ ᠡᠬᠡ ᠨᠢᠯᠬᠠᠰ᠎ᠤᠨ ᠡᠷᠡᠭᠦᠯᠵᠢᠯ᠎ᠤᠨ ᠡᠮᠨᠡᠯᠭᠡ᠎ᠶ᠋ᠢᠨ ᠬᠤᠷᠢᠶᠠᠨ᠎ᠤ ᠮᠢᠨᠴᠦᠭᠦᠷᠡᠭᠦᠯᠬᠦ᠌ ᠡᠮᠴᠢ᠂ ᠦᠬᠠᠶ ᠬᠤᠲᠠ᠎ᠶ᠋ᠢᠨ ᠯᠠᠨ ᠲᠢᠶᠠᠨ ᠡᠮ ᠡᠮᠨᠡᠯᠭᠡ᠎ᠶ᠋ᠢᠨ ᠠᠪᠤᠷᠠᠨ ᠲᠤᠰᠠᠯᠠᠬᠤ ᠨᠡᠢᠭᠡᠮᠯᠢᠭ᠎ᠤᠨ ᠳᠠᠷᠤᠭ᠎ᠠ ᠪᠣᠯᠤᠨ᠎ᠠ᠃ 2015 ᠣᠨ᠎ᠳᠤ ᠪᠠᠢᠭᠤᠯᠤᠭ᠍ᠳᠠᠭ᠍ᠰᠠᠨ ᠯᠠᠨ ᠲᠢᠶᠠᠨ ᠡᠮ ᠡᠮᠨᠡᠯᠭᠡ᠎ᠶ᠋ᠢᠨ ᠠᠪᠤᠷᠠᠨ ᠲᠤᠰᠠᠯᠠᠬᠤ ᠨᠡᠢᠭᠡᠮᠯᠢᠭ᠎ᠨᠢ ᠣᠳᠣᠬᠠᠨ᠎ᠳᠤ ᠨᠡᠢᠲᠡ ᠳᠠᠩᠰᠠᠯᠠᠭᠤᠯᠤᠭ᠍ᠰᠠᠨ ᠭᠡᠱᠢᠭᠦᠨ 400 ᠭᠠᠷᠤᠶ᠂ ᠰᠠᠢᠨ ᠲᠤᠷᠠᠴᠤᠳ᠎ᠤᠨ ᠭᠡᠱᠢᠬᠦᠨ 5700 ᠪᠠᠢᠵᠤ᠂ ᠡᠮᠴᠢᠯᠡᠭᠡᠨ᠎ᠤ ᠠᠪᠤᠷᠠᠨ ᠲᠤᠰᠠᠯᠠᠬᠤ ᠪᠣᠯᠪᠠᠰᠤᠷᠠᠯ᠎ᠢ ᠨᠡᠢᠲᠡ 286 ᠤᠳᠠᠭ᠎ᠠ ᠥᠷᠨᠢᠭᠦᠯᠵᠦ᠍᠂ ᠭᠥᠯᠢᠶᠡᠨ ᠠᠪᠤᠭ᠍ᠴᠢᠳ᠎ᠨᠢ 8.3 ᠲᠦᠮᠡᠨ ᠬᠥᠮᠦᠨ᠎ᠳᠤ ᠬᠦᠷᠴᠡᠶ᠃
《ᠮᠠᠨ᠎ᠤ ᠤᠯᠠ ᠮᠥᠷ ᠦᠬᠠᠢ ᠬᠤᠳᠠ᠎ᠶ᠋ᠢᠨ ᠰᠤᠷᠭᠠᠭᠤᠯᠢ᠂ ᠨᠡᠢᠭᠡᠮ ᠲᠣᠭᠤᠷᠢᠭ᠂ ᠠᠵᠤ ᠠᠬᠤᠢᠯᠠᠯ᠎ᠳᠤ ᠲᠠᠷᠬᠠᠵᠤ᠂ ᠣᠳᠣᠬᠠᠨ᠎ᠳᠤ ᠦᠬᠠᠶ ᠬᠤᠲᠠ᠎ᠶ᠋ᠢᠨ ᠡᠮᠴᠢᠯᠡᠭᠡᠨ᠎ᠤ ᠲᠦᠷᠭᠡᠨ ᠠᠪᠤᠷᠠᠯᠳᠠ᠎ᠶ᠋ᠢᠨ ᠪᠣᠯᠪᠠᠰᠤᠷᠠᠯ᠎ᠤᠨ ᠲᠦᠭᠡᠮᠡᠯᠵᠢᠭ᠌ᠰᠡᠨ ᠨᠣᠷᠮ᠎ᠠ ᠨᠢᠭᠡᠨᠲᠡ ᠪᠥᠬᠦ᠌ ᠤᠯᠤᠰ᠎ᠤᠨ ᠡᠮᠦᠨ᠎ᠡ ᠡᠩᠨᠡᠭᠡᠨ᠎ᠳᠤ ᠣᠷᠣᠵᠡᠢ》 ᠭᠡᠵᠦ᠍ ᠯᠢᠦ ᠬᠠᠶ ᠵᠢᠶᠦ᠋ᠨ ᠬᠡᠯᠡᠨ᠎ᠡ᠃
2003 ᠣᠨ᠎ᠳᠤ᠂ ᠯᠢᠦ ᠬᠠᠢ ᠵᠢᠶᠦ᠋ᠨ ᠶᠡᠭᠡ ᠰᠤᠷᠭᠠᠭᠤᠯᠢ᠎ᠪᠠᠨ ᠲᠡᠭᠦᠰᠴᠦ᠍ ᠦᠬᠠᠢ ᠬᠤᠳᠠ᠎ᠳᠤ ᠢᠷᠡᠵᠤ᠂ 《ᠡᠷᠡᠭᠦᠯ ᠡᠩᠬᠡ᠎ᠶ᠋ᠢᠨ ᠡᠯᠴᠢ》 ᠶ᠋ᠢᠨ ᠡᠩᠨᠡᠭᠡ᠎ᠳᠤ ᠣᠷᠣᠪᠠ᠃ ᠡᠳᠦᠷ ᠲᠣᠲᠤᠮ᠎ᠤᠨ ᠠᠵᠢᠯ ᠳᠤᠮᠳᠠ ᠴᠠᠭ ᠲᠤᠬᠠᠶ᠎ᠳᠤᠨᠢ ᠠᠪᠤᠷᠠᠨ ᠵᠠᠰᠠᠵᠤ ᠳᠡᠢᠯᠦᠭ᠌ᠰᠡᠨ ᠦᠭᠡᠢ᠎ᠠᠴᠠ ᠪᠣᠯᠵᠤ ᠨᠠᠰᠤ ᠪᠠᠷᠠᠭ᠍ᠰᠠᠨ ᠮᠠᠰᠢ ᠣᠯᠠᠨ ᠡᠪᠡᠳᠴᠢᠲᠠᠨᠤ ᠵᠢᠱ᠌ᠢᠶ᠎ᠡ᠎ᠶ᠋ᠢ ᠨᠢᠳᠦ᠎ᠪᠠᠷ᠎ᠢᠶᠠᠨ ᠦᠵᠡᠭ᠌ᠰᠡᠨ ᠲᠡᠷᠡ ᠥᠪᠡᠷ᠎ᠤᠨ ᠰᠤᠷᠤᠭ᠍ᠰᠠᠨ ᠮᠡᠳᠡᠯᠭᠡ᠎ᠪᠠᠷ᠎ᠢᠶᠠᠨ ᠣᠯᠠᠨ ᠨᠡᠢᠲᠡ᠎ᠶ᠋ᠢᠨ ᠡᠮᠴᠢᠯᠡᠭᠡᠨ᠎ᠤ ᠲᠦᠷᠭᠡᠨ ᠠᠪᠤᠷᠠᠯᠲᠠ᠎ᠶ᠋ᠢᠨ ᠮᠡᠳᠡᠯᠭᠡ᠎ᠶ᠋ᠢ ᠲᠦᠭᠡᠮᠡᠯᠵᠢᠭᠦᠯᠬᠦ᠌ ᠪᠣᠳᠣᠯ ᠣᠷᠤᠵᠦ᠍᠂ 2015 ᠣᠨ᠎ᠤ 8 ᠰᠠᠷ᠎ᠠ᠎ᠳᠤ᠂ ᠲᠡᠷᠡ᠎ᠪᠠᠷ 4 ᠵᠣᠷᠢᠭ ᠨᠢᠭᠡᠲᠡᠳᠲᠠᠢᠪᠠᠨ ᠬᠠᠮᠲᠤ ᠦᠬᠠᠢ ᠬᠤᠳᠠ᠎ᠶ᠋ᠢᠨ ᠯᠠᠨ ᠲᠢᠶᠠᠨ ᠡᠮ ᠡᠮᠨᠡᠯᠭᠡ᠎ᠶ᠋ᠢᠨ ᠠᠪᠤᠷᠠᠨ ᠲᠤᠰᠠᠯᠠᠬᠤ ᠨᠡᠢᠭᠡᠮᠯᠢᠭ᠎ᠢ ᠪᠠᠢᠭᠤᠯᠪᠠ᠃
ᠯᠢᠦ ᠬᠠᠢ ᠵᠢᠶᠦ᠋ᠨ ᠨᠡᠢᠭᠡᠮᠯᠢᠭ ᠪᠠᠢᠭᠤᠯᠤᠭ᠍ᠰᠠᠨ ᠲᠡᠷᠡ ᠴᠠᠭ᠎ᠠᠴᠠ ᠡᠬᠢᠯᠡᠨ᠂ 《ᠠᠮᠢ ᠨᠠᠰᠤ ᠠᠯᠢᠪᠠ᠎ᠠᠴᠠ ᠡᠷᠬᠢᠮ᠂ ᠪᠦᠬᠦ᠌ ᠬᠦᠴᠦ᠎ᠪᠠᠷ᠎ᠢᠶᠠᠨ ᠠᠮᠢ ᠨᠠᠰᠤ᠎ᠶ᠋ᠢ ᠠᠪᠤᠷᠠᠨᠡ》 ᠭᠡᠬᠦ᠌ ᠵᠤᠷᠢᠯᠲᠠ᠎ᠶ᠋ᠢ ᠡᠪᠦᠷᠯᠡᠵᠤ᠂ ᠰᠠᠢᠨ ᠲᠤᠷᠠᠴᠤᠳ᠎ᠤᠨ ᠡᠩᠨᠡᠭᠡ᠎ᠪᠠᠨ ᠬᠦᠭ᠌ᠵᠢᠬᠦᠯᠦᠨ ᠪᠤᠵᠠᠭᠠᠢᠷᠠᠭᠤᠯᠤᠬ᠍ᠰᠠᠨᠢᠶᠠᠷ ᠯᠠᠨ ᠲᠢᠶᠠᠨ ᠡᠮ ᠡᠮᠨᠡᠯᠭᠡ᠎ᠶ᠋ᠢᠨ ᠠᠪᠤᠷᠠᠨ ᠲᠤᠰᠠᠯᠠᠬᠤ ᠨᠡᠢᠭᠡᠮᠯᠢᠭ᠎ᠨᠢ ᠬᠤᠯᠠ ᠤᠢ᠍ᠢᠷ᠎ᠠ᠎ᠲᠠᠭᠠᠨ ᠨᠡᠷ᠎ᠡ ᠠᠯᠳᠠᠷᠱᠢᠵᠤ᠂ ᠤᠷᠢᠳ ᠬᠤᠵᠢᠳ ᠪᠥᠬᠦ᠌ ᠤᠯᠤᠰ᠎ᠤᠨ ᠯᠧᠢ ᠹᠧᠩ᠎ᠠᠴᠠ ᠰᠤᠷᠤᠯᠴᠠᠬᠤ ᠱᠢᠯᠢᠳᠡᠭ ᠰᠠᠢᠨ ᠳᠤᠷ᠎ᠠ᠎ᠶ᠋ᠢᠨ ᠦᠢᠯᠡᠴᠢᠯᠡᠭᠡᠨ᠎ᠤ ᠲᠥᠷᠥᠯ ᠵᠦᠶᠯ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠱᠢᠯᠢᠳᠡᠭ ᠰᠠᠢᠨ ᠳᠤᠷ᠎ᠠ᠎ᠶ᠋ᠢᠨ ᠦᠢᠯᠡᠴᠢᠯᠡᠭᠡᠨ᠎ᠤ ᠵᠣᠬᠢᠶᠠᠨ ᠪᠠᠢᠭᠤᠯᠤᠯᠲᠠ ᠵᠡᠷᠭᠡ ᠠᠯᠢ ᠣᠯᠠᠨ ᠢᠷᠠᠭᠤ ᠠᠯᠳᠠᠷ᠎ᠢ ᠭᠥᠷᠳᠡᠪᠡ᠃ 《ᠣᠯᠠᠨ᠎ᠤ ᠮᠡᠳᠡᠭᠡᠵᠢ᠎ᠪᠠᠷ᠂ ᠨᠢᠭᠡ ᠬᠤᠲᠠ᠎ᠶ᠋ᠢᠨ ᠰᠠᠢᠨ ᠳᠤᠷ᠎ᠠ᠎ᠶ᠋ᠢᠨ ᠦᠢᠯᠡᠴᠢᠯᠡᠭᠡᠨ᠎ᠤ ᠬᠢᠷᠢ ᠲᠦᠪᠱᠢᠨ᠎ᠨᠢ ᠡᠨᠡ ᠬᠤᠲᠠ᠎ᠶ᠋ᠢᠨ ᠪᠣᠯᠪᠠᠰᠤᠨ᠎ᠤ ᠬᠡᠮᠵᠢᠶ᠎ᠡ᠎ᠶ᠋ᠢ ᠱᠢᠭᠤᠳ ᠢᠯᠡᠷᠡᠭᠦᠯᠵᠦ᠍ ᠪᠠᠢᠳᠠᠭ᠃ ᠬᠤᠢᠱᠢᠲᠠ ᠪᠢᠳᠡ ᠡᠮᠴᠢᠯᠡᠬᠡᠨ᠎ᠤ ᠤᠷ᠎ᠠ ᠴᠢᠳᠠᠪᠤᠷᠢ᠎ᠪᠠᠨ ᠲᠠᠰᠤᠷᠠᠯᠳᠠ ᠦᠭᠡᠢ ᠳᠡᠭᠡᠭ᠌ᠰᠢᠯᠡᠭᠦᠯᠵᠦ᠍᠂ ᠰᠠᠢᠨ ᠳᠤᠷ᠎ᠠ᠎ᠶ᠋ᠢᠨ ᠦᠢᠯᠡᠴᠢᠯᠡᠭᠡᠨ᠎ᠤ ᠠᠵᠢᠯ᠎ᠢᠶᠠᠨ ᠨᠡᠩ ᠰᠠᠢᠲᠤᠷ ᠬᠢᠨ᠎ᠠ》 ᠭᠡᠵᠦ᠍ ᠯᠢᠦ ᠬᠠᠢ ᠵᠢᠶᠦ᠋ᠨ ᠬᠡᠯᠡᠨ᠎ᠡ᠃
《〈ᠡᠭᠦᠷᠢᠳᠡ ᠨᠠᠮ᠎ᠢᠶᠠᠨ ᠳᠠᠭᠠᠨ᠎ᠠ〉 ᠡᠭᠦᠯᠡᠨ ᠬᠦᠯᠦᠭ · ᠵᠠᠭᠤᠨ ᠰᠤᠷᠪᠤᠯᠵᠢᠯᠠᠭ᠍ᠴᠢ᠎ᠶ᠋ᠢᠨ ᠲᠦᠮᠡᠨ ᠭᠠᠵᠠᠷ᠎ᠤᠨ ᠠᠶᠠᠯᠠᠯ》 ᠤᠨ ᠲᠣᠮᠣ ᠬᠡᠯᠪᠡᠷᠢ᠎ᠶ᠋ᠢᠨ ᠳᠠᠮᠵᠢᠭᠤᠯᠭ᠎ᠠ᠎ᠶ᠋ᠢᠨ ᠠᠵᠢᠯᠯᠠᠭ᠎ᠠ
ᠥᠪᠥᠷ ᠮᠤᠩᠭᠤᠯ᠎ᠤᠨ ᠡᠳᠤᠷ᠎ᠤᠨ ᠰᠤᠨᠢᠨ᠎ᠤ ᠬᠤᠷᠢᠶ᠎ᠠ
ᠠᠢᠮᠠᠬ ᠬᠤᠳᠠ᠎ᠶ᠋ᠢᠨ ᠡᠳᠦᠷ᠎ᠤᠨ ᠰᠤᠨᠢᠨ᠎ᠤ ᠬᠤᠷᠢᠶ᠎ᠠ
ᠦᠪᠦᠷ ᠮᠣᠩᠭᠤᠯ᠎ᠤᠨ ᠬᠤᠱᠢᠭᠤ ᠱᠢᠶᠠᠨ ᠲᠤᠭᠤᠷᠢᠬ ᠤᠨ ᠬᠠᠮ ᠵᠠᠭᠤᠴᠢᠯᠠᠭᠤᠷ ᠤᠨ ᠲᠥᠪ
ᠦᠪᠦᠷ ᠮᠣᠩᠭᠤᠯ᠎ᠤᠨ ᠡᠳᠦᠷ᠎ᠤᠨ ᠰᠣᠨᠢᠨ᠎ᠤ ᠬᠤᠷᠢᠶ᠎ᠠ᠎ᠶ᠋ᠢᠨ ᠬᠠᠮ ᠵᠠᠭᠤᠴᠢᠯᠠᠭᠤᠷ᠎ᠤᠨ ᠰᠤᠷᠪᠤᠯᠵᠢᠯᠠᠭ᠍ᠴᠢ ᠳ᠋ᠢᠩ ᠶᠠᠨ ᠵᠤᠤ ᠨᠠ ᠬᠤᠣ ᠱᠢᠥᠸᠠᠢ ᠯᠢᠶᠠᠨ ᠭᠦᠸᠧ ᠬᠤᠢ ᠴᠣᠣ ᠪᠠᠨᠳᠢ ᠸᠠᠩ ᠫᠧᠩ ᠷᠧᠨ ᠵᠢᠶᠠ ᠯᠢᠦ ᠯᠸᠢ ᠢᠥᠢ ᠬᠠᠢ ᠳ᠋ᠦᠩ ᠬᠤᠣ ᠪᠢᠶᠦᠦ ᠯᠢᠦ ᠬᠤᠩ ᠵᠠᠩ
ᠣᠷᠳᠣᠰ᠎ᠤᠨ ᠡᠳᠦᠷ᠎ᠤᠨ ᠰᠣᠨᠢᠨ᠎ᠤ ᠰᠣᠷᠪᠣᠯᠵᠢᠯᠠᠭ᠍ᠴᠢ ᠭᠦᠸᠧ ᠳ᠋ᠦᠩ ᠱᠢᠨ
ᠠᠯᠠᠱᠠ ᠵᠡᠬᠦᠨ ᠬᠤᠱᠢᠭᠤᠨ᠎ᠤ ᠬᠠᠮ ᠵᠠᠭᠤᠴᠢᠯᠠᠭᠤᠷ᠎ᠤᠨ ᠲᠦᠪ᠎ᠤᠨ ᠰᠤᠷᠪᠤᠯᠵᠢᠯᠠᠭ᠍ᠴᠢ ᠡᠤ ᠸᠧᠨ