ᠲᠣᠭ᠍ᠲᠠᠭᠤᠨ ᠪᠠᠢᠳᠠᠯ᠎ᠢ ᠬᠠᠮᠠᠭᠠᠯᠠᠬ᠍ᠰᠠᠨ ᠴᠢᠩᠭᠡᠯᠢᠭ᠎ᠲᠠᠬᠢ ᠬᠢᠯᠢ᠎ᠶ᠋ᠢᠨ ᠲᠣᠮᠢᠯᠠᠭ᠍ᠰᠠᠨ ᠰᠠᠯᠪᠤᠷᠢ
2021-07-01 08:30:43
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆


截图05.jpg


9 ᠨᠡᠷᠡᠰ ᠬᠢᠯᠢ᠎ᠶ᠋ᠢᠨ ᠬᠠᠮᠠᠭᠠᠯᠠᠯᠳᠠ᠎ᠶ᠋ᠢᠨ ᠠᠷᠠᠳ᠎ᠤᠨ ᠴᠠᠬ᠍ᠳᠠᠭ᠎ᠠ᠂ 2 ᠲᠠᠰᠤᠯᠭ᠎ᠠ ᠴᠢᠩᠭᠡᠯᠢᠭ᠂ ᠲᠠᠯᠠᠪᠠᠢ᠎ᠨᠢ 60 ᠲᠡᠭ᠌ᠰᠢ ᠳᠥᠷᠪᠡᠯᠵᠢᠨ ᠮᠧᠳ᠋ᠷ ᠴᠤ᠌ ᠬᠦᠷᠬᠦ᠌ ᠦᠭᠡᠢ ᠡᠨᠡ ᠬᠦ᠌ ᠴᠢᠩᠭᠡᠯᠢᠭ᠎ᠲᠠᠬᠢ ᠬᠢᠯᠢ᠎ᠶ᠋ᠢᠨ ᠲᠣᠮᠢᠯᠠᠭ᠍ᠰᠠᠨ ᠰᠠᠯᠪᠤᠷᠢ᠎ᠨᠢ ᠳᠤᠮᠳᠠᠳᠤ ᠮᠣᠩᠭᠤᠯ᠎ᠤᠨ 10  ᠺᠢᠯᠤᠮᠧᠲᠷ ᠤᠷᠲᠦ ᠬᠢᠯᠢ᠎ᠶ᠋ᠢᠨ ᠱᠤᠭᠤᠮ᠂ 18.4 ᠲᠡᠭ᠌ᠰᠢ ᠳᠥᠷᠪᠡᠯᠵᠢᠨ  ᠺᠢᠯᠤᠮᠧᠲᠷ᠎ᠤᠨ ᠬᠢᠯᠢ᠎ᠶ᠋ᠢᠨ ᠬᠠᠮᠢᠶᠠᠷᠤᠯᠲᠠ᠎ᠶ᠋ᠢᠨ ᠣᠷᠣᠨ᠎ᠢ ᠰᠠᠬᠢᠨ ᠬᠠᠮᠠᠭᠠᠯᠠᠵᠦ᠍ ᠪᠠᠢᠳᠠᠭ᠃ ᠡᠨᠡ ᠪᠣᠯ ᠳᠠᠷᠤᠢ ᠥᠪᠥᠷ ᠮᠣᠩᠭᠤᠯ᠎ᠤᠨ ᠥᠯᠵᠡᠶ ᠪᠣᠭᠤᠮᠲᠠ᠎ᠶ᠋ᠢᠨ ᠬᠢᠯᠢ᠎ᠶ᠋ᠢᠨ ᠲᠣᠮᠢᠯᠠᠭ᠍ᠰᠠᠨ ᠰᠠᠯᠪᠤᠷᠢ ᠪᠣᠯᠤᠨ᠎ᠠ᠃

ᠣᠢᠷ᠎ᠠ᠎ᠳᠤ᠂ ᠪᠥᠬᠦ᠌ ᠤᠯᠤᠰ᠎ᠤᠨ ᠴᠣᠷ᠎ᠤᠨ ᠭᠠᠭ᠍ᠴᠠ 《ᠴᠢᠩᠭᠡᠯᠢᠭ᠎ᠲᠠᠬᠢ ᠬᠢᠯᠢ᠎ᠶ᠋ᠢᠨ ᠲᠣᠮᠢᠯᠠᠭ᠍ᠰᠠᠨ ᠰᠠᠯᠪᠤᠷᠢ》 ᠎ᠨᠢ ᠰᠦᠯᠵᠢᠶᠠᠨ ᠳᠡᠭᠡᠷ᠎ᠡ ᠨᠡᠷ᠎ᠡ ᠠᠯᠳᠠᠷᠱᠢᠵᠦ᠍᠂ ᠰᠦᠯᠵᠢᠶᠡᠨ ᠠᠨᠳᠠ ᠨᠠᠷ ᠠᠳᠡ ᠰᠠᠭᠤᠵᠤ ᠪᠠᠢᠭ᠎ᠠ ᠬᠢᠯᠢ᠎ᠶ᠋ᠢᠨ ᠬᠠᠮᠠᠭᠠᠯᠠᠯᠲᠠ᠎ᠶ᠋ᠢᠨ 9 ᠴᠠᠭ᠍ᠳᠠᠭ᠎ᠠ᠎ᠶ᠋ᠢ ᠮᠠᠭ᠍ᠲᠠᠨ ᠰᠠᠢᠱᠢᠶᠠᠪᠠ᠃ ᠡᠨᠡ ᠵᠢᠯ 40 ᠨᠠᠰᠤᠲᠠᠶ ᠢᠦᠶ ᠹᠧᠩ ᠳ᠋ᠦᠩ ᠪᠣᠯ ᠡᠨᠡ ᠬᠦ᠌ ᠬᠢᠯᠢ᠎ᠶ᠋ᠢᠨ ᠲᠣᠮᠢᠯᠠᠭ᠍ᠰᠠᠨ ᠰᠠᠯᠪᠤᠷᠢ᠎ᠶ᠋ᠢᠨ ᠳᠠᠷᠤᠭ᠎ᠠ ᠪᠣᠯᠤᠨ᠎ᠠ᠃ 《ᠥᠯᠵᠡᠶ ᠪᠣᠭᠤᠮᠲᠠ᠎ᠶ᠋ᠢ 2016 ᠣᠨ᠎ᠠᠴᠠ ᠡᠬᠢᠯᠡᠨ ᠪᠠᠢᠭᠤᠯᠵᠤ᠂ ᠣᠲᠣ ᠪᠣᠯᠲᠠᠯ᠎ᠠ ᠮᠦᠨ ᠪᠠᠢᠭᠤᠯᠵᠤ ᠳᠠᠭᠤᠰᠤᠭ᠎ᠠ ᠦᠬᠡᠢ᠂ ᠭᠡᠪᠡᠴᠦ᠍ ᠭᠠᠳᠠᠨ᠎ᠠ ᠭᠠᠵᠠᠷ᠎ᠠᠴᠠ ᠢᠷᠡᠭ᠌ᠰᠡᠨ ᠠᠵᠢᠯᠴᠢᠨ ᠤᠯᠠᠨ ᠪᠣᠯᠬᠤᠷ ᠲᠣᠮᠢᠯᠠᠭ᠍ᠰᠠᠨ ᠰᠠᠯᠪᠤᠷᠢ᠎ᠶ᠋ᠢᠨ ᠠᠵᠢᠯ ᠶᠡᠷᠦ᠎ᠠᠴᠠ ᠳᠤᠲᠠᠭ᠍ᠳᠠᠵᠤ ᠪᠣᠯᠤᠰᠢ ᠦᠭᠡᠢ᠃ 2017 ᠣᠨ᠎ᠳᠤ᠂ ᠪᠢᠳᠡ ᠰᠠᠶᠢᠬᠠᠨ ᠬᠦᠷᠴᠦ᠍ ᠢᠷᠡᠬᠦ᠌᠎ᠳᠤ᠂ ᠠᠳᠡ ᠤᠰᠤ ᠴᠠᠬᠢᠯᠭᠠᠨ ᠨᠡᠪᠲᠡᠷᠡᠬᠦ᠌ ᠦᠭᠡᠢ᠂ ᠨᠥᠬᠦᠴᠡᠯ ᠮᠠᠰᠢ ᠬᠠᠲᠠᠭᠤ ᠪᠡᠷᠬᠡ᠎ᠲᠠᠢ ᠪᠠᠢᠵᠠᠢ᠃ ᠭᠡᠪᠡᠴᠦ᠍ ᠬᠡᠨ ᠠᠯᠢ᠎ᠨᠢ ᠴᠦ᠍ ᠵᠣᠪᠠᠯᠠᠩ ᠲᠣᠭᠠᠴᠢᠬ᠍ᠰᠠᠨ ᠦᠬᠡᠢ᠂ ᠬᠢᠯᠢ᠎ᠶ᠋ᠢᠨ ᠬᠠᠮᠠᠭᠠᠯᠠᠯᠲᠠ᠎ᠶ᠋ᠢᠨ ᠠᠷᠠᠳ᠎ᠤᠨ ᠴᠠᠭ᠍ᠳᠠᠭ᠎ᠠ ᠡᠳᠦᠷ ᠪᠦᠷᠢ ᠬᠢᠯᠢ᠎ᠪᠠᠨ ᠴᠠᠭ᠍ᠳᠠᠨ ᠪᠠᠢᠴᠠᠭᠠᠵᠤ᠂ ᠨᠢᠭᠤᠴᠠ᠎ᠪᠠᠷ ᠠᠷᠠᠯᠵᠢᠶᠠᠯᠠᠬᠤ᠂ ᠫᠤᠤ ᠵᠡᠪᠰᠡᠭ ᠫᠠᠨᠽᠠᠯᠠᠬᠤ ᠪᠠ ᠬᠤᠤᠷᠳᠦ ᠡᠳ᠋ ᠫᠠᠨᠽᠠᠯᠠᠬᠤ ᠵᠡᠷᠭᠡ ᠬᠠᠤᠯᠢ᠎ᠠᠴᠠ ᠵᠥᠷᠢᠴᠡᠭ᠌ᠰᠡᠨ ᠶᠠᠯᠠᠲᠤ ᠠᠵᠢᠯᠯᠠᠭ᠎ᠠ᠎ᠶ᠋ᠢ ᠰᠡᠷᠭᠡᠢᠯᠡᠨ ᠴᠣᠬᠢᠯᠲᠠ ᠥᠭ᠌ᠬᠦᠭ᠌ᠰᠡᠨ᠎ᠢᠶᠠᠷ ᠪᠠᠷᠠᠬᠤ ᠥᠬᠡᠶ ᠪᠠᠰᠠ ᠬᠠᠷᠢᠶ᠎ᠠ ᠣᠷᠣᠨ᠎ᠳᠤ ᠭᠦᠨᠵᠡᠭᠡᠢᠷᠡᠨ ᠠᠢᠯ ᠡᠷᠦᠬᠡ᠎ᠪᠠᠷ ᠲᠣᠭᠤᠷᠢᠨ ᠦᠵᠡᠵᠦ᠍᠂ ᠬᠢᠯᠢ ᠬᠢᠵᠠᠭᠠᠷ ᠣᠷᠣᠨ᠎ᠤ ᠨᠡᠢᠭᠡᠮ᠎ᠤᠨ ᠠᠮᠤᠷ ᠲᠦᠪᠱᠢᠨ ᠲᠣᠭ᠍ᠲᠠᠭᠤᠨ ᠪᠠᠢᠳᠠᠯ᠎ᠢ ᠦᠨᠡᠨ ᠬᠦ᠌ ᠪᠠᠲᠤᠯᠠᠵᠦ᠍ ᠢᠷᠡᠵᠡᠢ》 ᠭᠡᠵᠦ᠍ ᠢᠦᠢ ᠹᠧᠩ ᠳ᠋ᠦᠩ ᠬᠡᠯᠡᠨ᠎ᠡ᠃

ᠢᠦᠢ ᠹᠧᠩ ᠳ᠋ᠦᠩ᠄ 《4 ᠵᠢᠯ᠎ᠤᠨ ᠲᠤᠷᠰᠢ᠂ ᠲᠣᠮᠢᠯᠠᠭ᠍ᠰᠠᠨ ᠰᠠᠯᠪᠤᠷᠢ ᠤᠷᠢᠳ ᠬᠤᠵᠢᠳ ᠤᠯᠠᠨ ᠲᠦᠮᠡᠨ᠎ᠢ ᠬᠠᠪᠰᠤᠷᠤᠨ 4 ᠲᠦᠮᠡ ᠭᠠᠷᠤᠢ ᠲᠥᠭᠦᠷᠢᠭ᠎ᠤᠨ ᠡᠳ᠋ ᠪᠣᠳᠠᠰ ᠬᠤᠳᠠᠯᠳᠤᠨ ᠠᠪᠴᠦ᠍ ᠦᠭ᠌ᠬᠦᠨ᠂ ᠤᠯᠠᠨ ᠲᠦᠮᠡᠨ᠎ᠳᠤ ᠲᠤᠯᠭᠠᠷᠠᠬ᠍ᠰᠠᠨ 120 ᠭᠠᠷᠤᠢ ᠬᠦᠴᠢᠷ ᠠᠰᠠᠭᠤᠳᠠᠯ᠎ᠢ ᠱᠢᠢᠳᠪᠦᠷᠢᠯᠡᠵᠦ᠍ ᠥᠭ᠌ᠪᠡ᠃ ᠨᠠᠮ᠎ᠤᠨ ᠲᠡᠦᠬᠡ᠎ᠶ᠋ᠢ ᠰᠤᠷᠤᠯᠴᠠᠬᠤ᠂ ᠪᠠᠭᠠᠲᠤᠷᠯᠢᠭ ᠦᠯᠢᠭᠡᠷ᠎ᠢ ᠶᠠᠷᠢᠬᠤ ᠁ ᠤᠢ᠍ᠢᠷ᠎ᠠ᠎ᠶ᠋ᠢᠨ ᠡᠳᠦᠷ᠎ᠲᠤ᠌᠂ ᠤᠯᠠᠨ᠎ᠢᠶᠠᠷ᠎ᠢᠶᠠᠨ ᠨᠠᠮ᠎ᠤᠨ ᠭᠡᠷᠡᠯ ᠰᠠᠴᠤᠷᠠᠩᠭᠤᠢ ᠲᠡᠦᠬᠡᠨ ᠶᠠᠪᠤᠴᠠ᠎ᠶ᠋ᠢ ᠬᠦᠨᠵᠡᠬᠡᠢ ᠡᠷᠭᠢᠴᠡᠭᠦᠯᠵᠦ᠍᠂ ᠨᠠᠮ᠎ᠢᠶᠠᠨ ᠬᠠᠢᠷᠠᠯᠠᠬᠤ ᠤᠯᠤᠰ᠎ᠢᠶᠠᠨ ᠬᠠᠢᠷᠠᠯᠠᠬᠤ ᠬᠠᠮᠤᠭ᠎ᠤᠨ ᠬᠦᠴᠦᠷᠬᠡᠭ ᠳᠠᠭᠤᠨ᠎ᠢ ᠬᠠᠩᠭᠢᠨᠠᠭᠤᠯᠪᠠ᠃ ᠬᠢᠯᠢ ᠬᠢᠵᠠᠭᠠᠷ᠎ᠢ ᠰᠠᠬᠢᠨ ᠬᠠᠮᠠᠭᠠᠯᠠᠬᠤ ᠠᠷᠠᠳ᠎ᠤᠨ ᠴᠠᠭ᠍ᠳᠠᠭ᠎ᠠ ᠪᠣᠯᠤᠭ᠍ᠰᠠᠨ᠎ᠤ ᠬᠤᠪᠢ᠎ᠳᠤ᠂ ᠪᠢᠳᠡ ᠤᠢᠳᠭᠠᠷ᠎ᠢ ᠳᠠᠭᠠᠭᠠᠵᠤ᠂ ᠱᠢᠯᠭᠠᠯᠲᠠ᠎ᠶ᠋ᠢ ᠳᠠᠭᠠᠭᠠᠵᠤ᠂ ᠬᠠᠷᠢᠭᠤᠴᠠᠯᠭ᠎ᠠ ᠡᠭᠦᠷᠭᠡᠯᠡᠵᠤ᠂ ᠪᠣᠳᠠᠲᠤ ᠦᠢᠯᠡ ᠠᠵᠢᠯᠯᠠᠭ᠎ᠠ᠎ᠪᠠᠷ᠎ᠢᠶᠠᠨ ᠠᠮᠠᠯᠠᠯᠲᠠ᠎ᠪᠠᠨ ᠦᠢᠯᠡᠳᠦᠯᠭᠡᠵᠢᠭᠦᠯᠵᠦ᠍᠂ ᠬᠢᠯᠢ ᠬᠢᠵᠠᠭᠠᠷ᠎ᠢᠶᠠᠨ ᠰᠠᠬᠢᠨ ᠬᠠᠮᠠᠭᠠᠯᠠᠵᠦ᠍᠂ ᠡᠬᠡ ᠤᠯᠤᠰ ᠪᠣᠯᠤᠨ ᠠᠷᠠᠳ ᠲᠦᠮᠡᠨ᠎ᠢᠶᠠᠨ ᠰᠠᠨᠠᠭ᠎ᠠ ᠠᠮᠤᠷ ᠪᠠᠢᠯᠭᠠᠨ᠎ᠠ》 ᠭᠡᠵᠦ᠍ ᠬᠡᠯᠡᠨ᠎ᠡ᠃

 

 

 

 《〈ᠡᠭᠦᠷᠢᠳᠡ ᠨᠠᠮ᠎ᠢᠶᠠᠨ ᠳᠠᠭᠠᠨ᠎ᠠ〉 ᠡᠭᠦᠯᠡᠨ ᠬᠦᠯᠦᠭ · ᠵᠠᠭᠤᠨ ᠰᠤᠷᠪᠤᠯᠵᠢᠯᠠᠭ᠍ᠴᠢ᠎ᠶ᠋ᠢᠨ ᠲᠦᠮᠡᠨ ᠭᠠᠵᠠᠷ᠎ᠤᠨ ᠠᠶᠠᠯᠠᠯ》 ᠎ᠤᠨ ᠲᠣᠮᠣ ᠬᠡᠯᠪᠡᠷᠢ᠎ᠶ᠋ᠢᠨ ᠳᠠᠮᠵᠢᠭᠤᠯᠭ᠎ᠠ᠎ᠶ᠋ᠢᠨ ᠠᠵᠢᠯᠯᠠᠭ᠎ᠠ  

ᠥᠪᠥᠷ ᠮᠤᠩᠭᠤᠯ᠎ᠤᠨ ᠡᠳᠤᠷ᠎ᠤᠨ ᠰᠤᠨᠢᠨ᠎ᠤ ᠬᠤᠷᠢᠶ᠎ᠠ

ᠠᠢᠮᠠᠬ ᠬᠤᠳᠠ᠎ᠶ᠋ᠢᠨ ᠡᠳᠦᠷ᠎ᠤᠨ ᠰᠤᠨᠢᠨ᠎ᠤ ᠬᠤᠷᠢᠶ᠎ᠠ

ᠦᠪᠦᠷ ᠮᠣᠩᠭᠤᠯ᠎ᠤᠨ ᠬᠤᠱᠢᠭᠤ ᠱᠢᠶᠠᠨ ᠲᠤᠭᠤᠷᠢᠬ ᠎ᠤᠨ ᠬᠠᠮ ᠵᠠᠭᠤᠴᠢᠯᠠᠭᠤᠷ ᠎ᠤᠨ ᠲᠥᠪ

ᠦᠪᠦᠷ ᠮᠣᠩᠭᠤᠯ᠎ᠤᠨ ᠡᠳᠦᠷ᠎ᠤᠨ ᠰᠣᠨᠢᠨ᠎ᠤ ᠬᠤᠷᠢᠶ᠎ᠠ᠎ᠶ᠋ᠢᠨ ᠬᠠᠮ ᠵᠠᠭᠤᠴᠢᠯᠠᠭᠤᠷ᠎ᠤᠨ ᠰᠤᠷᠪᠤᠯᠵᠢᠯᠠᠭ᠍ᠴᠢ ᠳ᠋ᠢᠩ ᠶᠠᠨ ᠵᠤᠤ ᠨᠠ ᠬᠤᠣ ᠱᠢᠥᠸᠠᠢ ᠯᠢᠶᠠᠨ ᠭᠦᠸᠧ ᠬᠤᠢ ᠴᠣᠣ ᠪᠠᠨᠳᠢ ᠸᠠᠩ ᠫᠧᠩ ᠷᠧᠨ ᠵᠢᠶᠠ ᠯᠢᠦ ᠯᠸᠢ ᠢᠥᠢ ᠬᠠᠢ ᠳ᠋ᠦᠩ ᠬᠤᠣ ᠪᠢᠶᠦᠦ ᠯᠢᠦ ᠬᠤᠩ ᠵᠠᠩ

ᠣᠷᠳᠣᠰ᠎ᠤᠨ ᠡᠳᠦᠷ᠎ᠤᠨ ᠰᠣᠨᠢᠨ᠎ᠤ ᠰᠣᠷᠪᠣᠯᠵᠢᠯᠠᠭ᠍ᠴᠢ ᠭᠦᠸᠧ ᠳ᠋ᠦᠩ ᠱᠢᠨ

ᠠᠯᠠᠱᠠ ᠵᠡᠬᠦᠨ ᠬᠤᠱᠢᠭᠤᠨ᠎ᠤ ᠬᠠᠮ ᠵᠠᠭᠤᠴᠢᠯᠠᠭᠤᠷ᠎ᠤᠨ ᠲᠦᠪ᠎ᠤᠨ ᠰᠤᠷᠪᠤᠯᠵᠢᠯᠠᠭ᠍ᠴᠢ ᠡᠤ ᠸᠧᠨ

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号