ᠪᠥᠬᠦ᠌ ᠤᠯᠤᠰ᠎ᠤᠨ ᠬᠥᠳᠡᠯᠮᠦᠷᠢ᠎ᠶ᠋ᠢᠨ ᠵᠢᠱ᠌ᠢᠶᠡᠴᠢ ᠤᠶᠤᠳᠠᠳ᠎ᠲᠠᠢ ᠲᠥᠷᠥᠭ᠌ᠳᠡᠯ᠎ᠢᠶᠠᠨ ᠬᠤᠪᠢᠶᠠᠯᠴᠠᠵᠠᠢ
2021-07-11 17:00:02
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

ᠤᠢ᠍ᠢᠷ᠎ᠠ᠎ᠳᠤ᠂ ᠥᠪᠥᠷ ᠮᠣᠩᠭᠤᠯ᠎ᠤᠨ ᠮᠠᠱᠢᠨ ᠴᠠᠬᠢᠯᠭᠠᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭᠠᠭᠤᠯᠢ 《ᠨᠠᠮ᠎ᠢᠶᠠᠨ ᠡᠭᠦᠷᠢᠳᠡ ᠳᠠᠭᠠᠵᠤ ᠱᠢᠨ᠎ᠡ ᠴᠠᠭ ᠦᠶ᠎ᠡ᠎ᠳᠤ ᠭᠠᠪᠢᠶ᠎ᠠ ᠪᠠᠢᠭᠤᠯᠬᠤ》᠂ 《7 · 1》 ᠎ᠢ ᠪᠡᠯᠬᠡᠯᠡᠬᠦ᠌ ᠬᠥᠳᠡᠯᠮᠦᠷᠢ᠎ᠶ᠋ᠢᠨ ᠵᠢᠱ᠌ᠢᠶᠡᠴᠢ᠎ᠶ᠋ᠢᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠦᠷᠨᠢᠬᠦᠯᠪᠡ᠃ ᠠᠵᠢᠯᠯᠠᠭ᠎ᠠ᠎ᠳᠤ ᠪᠥᠬᠦ᠌ ᠤᠯᠤᠰ᠎ᠤᠨ ᠬᠥᠳᠡᠯᠮᠦᠷᠢ᠎ᠶ᠋ᠢᠨ ᠵᠢᠱ᠌ᠢᠶᠡᠴᠢ ᡁᠢ ᠬᠤ᠌ ᠱᠧᠩ᠂ ᠭᠦᠸᠧ᠎ᠶ᠋ᠢᠨ ᠯᠦᠩ ᠨᠠᠷ᠎ᠢ ᠤᠷᠢᠵᠤ ᠪᠠᠭ᠍ᠰᠢ ᠰᠤᠷᠤᠭ᠍ᠴᠢᠳ᠎ᠲᠠᠢ ᠶᠠᠷᠢᠯᠴᠠᠬᠤ ᠬᠤᠷᠠᠯ ᠬᠢᠵᠦ᠍᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠣᠶ᠎ᠶ᠋ᠢ ᠪᠡᠯᠭᠡᠯᠡᠬᠦ᠌ ᠠᠵᠢᠯᠯᠠᠭ᠎ᠠ᠎ᠳᠤ ᠣᠷᠣᠯᠴᠠᠭ᠍ᠰᠠᠨ ᠣᠯᠤᠯᠲᠠ ᠲᠥᠷᠥᠭ᠌ᠳᠡᠯ᠎ᠢᠶᠠᠨ ᠬᠤᠪᠢᠶᠠᠯᠴᠠᠪᠠ᠃

ᡁᠢ ᠬᠤ᠌ ᠱᠧᠩ ᠪᠤᠯ ᠳᠤᠮᠳᠠᠳᠤ ᠤᠯᠤᠰ᠎ᠤᠨ ᠲᠠᠷᠢᠶᠠᠯᠠᠩ᠎ᠤᠨ ᠪᠠᠩᠬᠢ᠎ᠶ᠋ᠢᠨ ᠥᠪᠥᠷ ᠮᠣᠩᠭᠤᠯ᠎ᠤᠨ ᠬᠤᠪᠢᠶᠠᠷᠢ ᠪᠠᠩᠬᠢ᠎ᠶ᠋ᠢᠨ ᠠᠵᠢᠯ᠎ᠠᠴᠠ᠎ᠪᠠᠨ ᠠᠮᠠᠷᠠᠭ᠍ᠰᠠᠨ ᠠᠵᠢᠯᠲᠠᠨ᠂ ᠳᠥᠷᠪᠡᠨ ᠬᠤᠭᠤᠴᠠᠭ᠎ᠠ ᠳᠠᠷᠠᠭᠠᠯᠠᠨ ᠪᠥᠬᠦ᠌ ᠤᠯᠤᠰ᠎ᠤᠨ ᠬᠥᠳᠡᠯᠮᠦᠷᠢ᠎ᠶ᠋ᠢᠨ ᠵᠢᠱ᠌ᠢᠶᠡᠴᠢ᠎ᠪᠠᠷ ᠦᠨᠡᠯᠡᠭ᠌ᠳᠡᠪᠡ; ᠭᠦᠸᠧ᠎ᠶ᠋ᠢᠨ ᠯᠦᠩ ᠪᠣᠯ ᠬᠥᠬᠡᠬᠤᠲᠠ᠎ᠶ᠋ᠢᠨ ᠲᠡᠮᠦᠷ ᠵᠠᠮ᠎ᠤᠨ ᠲᠣᠪᠴᠢᠶᠠᠨ᠎ᠤ ᠳᠡᠭᠡᠳᠦ ᠵᠡᠷᠭᠡ᠎ᠶ᠋ᠢᠨ ᠣᠷᠣᠯᠠᠭ᠍ᠴᠢ ᠢᠨᠵᠧᠨᠧᠷ ᠮᠥᠨ᠂ ᠪᠥᠬᠦ᠌ ᠤᠯᠤᠰ᠎ᠤᠨ ᠲᠡᠮᠦᠷ ᠵᠠᠮ ᠵᠢᠴᠢ ᠥᠪᠥᠷ ᠮᠣᠩᠭᠤᠯ᠎ᠤᠨ ᠮᠡᠷᠭᠡᠵᠢᠯ᠎ᠤᠨ ᠠᠵᠢᠯᠴᠢᠨ ᠤᠯᠤᠰ᠎ᠤᠨ ᠱᠢᠨᠵᠢᠯᠡᠬᠦ᠌ ᠤᠬᠠᠭᠠᠨ  ᠲᠧᠭ᠌ᠨᠢᠭ ᠮᠡᠷᠭᠡᠵᠢᠯ᠎ᠤᠨ ᠬᠠᠮᠤᠭ᠎ᠤᠨ ᠳᠡᠭᠡᠳᠦ ᠱᠠᠩᠨᠠᠯ ᠣᠯᠭᠤᠬᠤ ᠲᠠᠪᠴᠠᠩ᠎ᠳᠤ ᠭᠠᠷᠤᠭ᠍ᠰᠠᠨ ᠠᠩᠬᠠᠳᠠᠭ᠍ᠴᠢ ᠬᠦᠮᠦᠨ᠂ 2010 ᠣᠨ᠎ᠳᠤ 《ᠪᠥᠬᠦ᠌ ᠤᠯᠤᠰ᠎ᠤᠨ ᠬᠥᠳᠡᠯᠮᠦᠷᠢ᠎ᠶ᠋ᠢᠨ ᠵᠢᠱ᠌ᠢᠶᠡᠴᠢ》 ᠎ᠶ᠋ᠢᠨ ᠢᠷᠠᠭᠤ ᠠᠯᠳᠠᠷ᠎ᠤᠨ ᠴᠣᠯᠠ ᠭᠥᠷᠳᠡᠪᠡ᠃ ᠲᠡᠳᠡ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠡᠯᠭᠡᠯᠡᠬᠦ᠌ ᠠᠬᠤᠢ ᠲᠠᠯᠠᠪᠠᠢ᠎ᠶ᠋ᠢᠨ ᠠᠵᠢᠯᠯᠠᠭ᠎ᠠ᠎ᠳᠤ ᠤᠷᠤᠯᠴᠠᠭᠠᠳ ᠰᠡᠳᠭᠢᠭ᠌ᠳᠡᠯ ᠲᠦᠷᠦᠭ᠌ᠳᠡᠯ ᠮᠠᠰᠢ ᠬᠦᠨ ᠪᠠᠢᠯ᠎ᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠳᠣᠣᠷ᠎ᠠ ᠤᠯᠤᠰ ᠬᠦᠷᠦᠨ ᠤᠯᠠᠮ᠎ᠢᠶᠠᠷ ᠬᠦᠴᠦᠷᠬᠡᠭ᠌ᠵᠢᠵᠦ᠍᠂ ᠴᠡᠴᠡᠭ᠌ᠯᠡᠨ ᠬᠥᠭ᠌ᠵᠢᠵᠦ᠍ ᠪᠠᠢᠭ᠎ᠠ᠎ᠶ᠋ᠢ ᠰᠡᠳᠭᠢᠯ᠎ᠤᠨ ᠤᠭ᠎ᠠᠴᠠ᠎ᠪᠠᠨ ᠮᠡᠳᠡᠷᠡᠵᠡᠢ᠃ ᠬᠤᠢᠱᠢᠳᠠ ᠲᠤᠬᠠᠢᠯᠠᠭ᠍ᠰᠠᠨ ᠠᠵᠢᠯ᠎ᠢᠶᠠᠨ ᠦᠷᠭᠦᠯᠵᠢᠯᠡᠨ ᠰᠠᠢᠲᠤᠷ ᠬᠢᠵᠦ᠍᠂ ᠬᠥᠳᠡᠯᠮᠦᠷᠢ᠎ᠶ᠋ᠢᠨ ᠵᠢᠱ᠌ᠢᠶᠡᠴᠢ᠎ᠶ᠋ᠢᠨ ᠬᠥᠮᠦᠨ ᠬᠥᠮᠦᠵᠢᠭᠦᠯᠬᠦ᠌ ᠴᠢᠳᠠᠮᠵᠢ᠎ᠶ᠋ᠢ  ᠭᠦᠢᠴᠡᠳ ᠪᠠᠳᠠᠷᠠᠭᠤᠯᠵᠤ᠂ ᠡᠪ ᠬᠠᠮᠲᠤᠴᠤᠳ᠎ᠤᠨ ᠣᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ᠎ᠶ᠋ᠢ ᠦᠷᠭᠦᠯᠵᠢᠯᠡᠨ ᠦᠶᠯᠡᠳᠦᠯᠭᠡᠵᠢᠭᠦᠯᠦᠨ᠎ᠡ ᠬᠡᠵᠡᠬᠡᠵᠦ᠍ ᠪᠠᠢᠯ᠎ᠠ᠃

ᠣᠢᠯᠠᠭᠠᠭ᠍ᠰᠠᠨ᠎ᠢᠶᠠᠷ᠂ ᡁᠢ ᠬᠤ᠌ ᠱᠧᠩ ᠪᠣᠯᠤᠨ ᠭᠦᠸᠧ᠎ᠶ᠋ᠢᠨ ᠯᠦᠩ ᠪᠣᠯ ᠴᠥᠮ ᠥᠪᠥᠷ ᠮᠣᠩᠭᠤᠯ᠎ᠤᠨ ᠮᠠᠱᠢᠨ ᠴᠠᠬᠢᠯᠭᠠᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭᠠᠭᠤᠯᠢ᠎ᠶ᠋ᠢᠨ 《ᠬᠥᠳᠡᠯᠮᠦᠷᠢ᠎ᠶ᠋ᠢᠨ ᠵᠢᠱ᠌ᠢᠶᠡᠴᠢ᠎ᠶ᠋ᠢᠨ ᠬᠥᠮᠦᠨ ᠬᠥᠮᠦᠵᠢᠭᠦᠯᠬᠦ᠌ ᠠᠵᠢᠯᠯᠠᠬᠤ ᠲᠠᠰᠤᠭ》 ᠎ᠤᠨ ᠪᠦᠷᠢᠯᠳᠦᠬᠦᠨ ᠪᠣᠯᠤᠨ᠎ᠠ᠃ ᠡᠨᠡ ᠵᠢᠯ᠎ᠤᠨ 1 ᠰᠠᠷ᠎ᠠ᠎ᠳᠤ 《ᠬᠥᠳᠡᠯᠮᠦᠷᠢ᠎ᠶ᠋ᠢᠨ ᠵᠢᠱ᠌ᠢᠶᠡᠴᠢ᠎ᠶ᠋ᠢᠨ ᠬᠥᠮᠦᠨ ᠬᠥᠮᠦᠵᠢᠭᠦᠯᠬᠦ᠌ ᠠᠵᠢᠯᠯᠠᠬᠤ ᠲᠠᠰᠤᠭ》 ᠥᠪᠥᠷ ᠮᠣᠩᠭᠤᠯ᠎ᠤᠨ ᠮᠠᠱᠢᠨ ᠴᠠᠬᠢᠯᠭᠠᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭᠠᠭᠤᠯᠢ᠎ᠶ᠋ᠢᠨ ᠮᠠᠱᠢᠨ ᠴᠠᠬᠢᠯᠭᠠᠨ᠎ᠤ ᠢᠨᠵᠧᠨᠧᠷᠢᠩ᠎ᠤᠨ ᠰᠠᠯᠪᠤᠷᠢ᠎ᠳᠤ ᠪᠠᠢᠭᠤᠯᠤᠭ᠍ᠳᠠᠪᠠ᠃ ᠮᠠᠨ᠎ᠤ ᠣᠷᠣᠨ᠎ᠤ 11 ᠪᠥᠬᠦ᠌ ᠤᠯᠤᠰ᠎ᠤᠨ ᠬᠥᠳᠡᠯᠮᠦᠷᠢ᠎ᠶ᠋ᠢᠨ ᠵᠢᠱ᠌ᠢᠶᠡᠴᠢ᠎ᠶ᠋ᠢᠨ ᠬᠠᠮᠲᠤᠷᠠᠨ ᠪᠠᠢᠭᠤᠯᠤᠭ᠍ᠰᠠᠨ ᠠᠩᠬᠠᠳᠠᠭ᠍ᠴᠢ ᠬᠥᠮᠦᠨ ᠬᠥᠮᠦᠵᠢᠭᠦᠯᠬᠦ᠌ ᠠᠵᠢᠯᠯᠠᠬᠤ ᠲᠠᠰᠤᠭ ᠪᠣᠯᠤᠭ᠍ᠰᠠᠨ᠎ᠤ ᠬᠤᠪᠢ᠎ᠳᠤ᠂ ᠠᠵᠢᠯᠯᠠᠬᠤ ᠲᠠᠰᠤᠭ᠎ᠤᠨ ᠪᠦᠷᠢᠯᠳᠦᠬᠦᠨ᠎ᠨᠢ ᠲᠡᠮᠦᠷ ᠵᠠᠮ᠂ ᠮᠥᠩᠭᠦᠨ  ᠭᠦᠢᠯᠭᠡᠭᠡ ᠵᠡᠷᠭᠡ ᠣᠯᠠᠨ ᠠᠵᠢᠯ ᠲᠥᠷᠥᠯ᠎ᠤᠨ ᠬᠦᠷᠢᠶ᠎ᠡ ᠴᠠᠷᠠᠭ᠎ᠠ᠎ᠠᠴᠠ ᠢᠷᠡᠵᠦ᠍᠂ ᠲᠡᠳᠡᠨ᠎ᠤ ᠠᠵᠢᠯ᠎ᠤᠨ ᠠᠮᠵᠢᠯᠲᠠ ᠪᠦᠲᠦᠮᠵᠢ᠎ᠨᠢ ᠲᠣᠪᠤᠢᠮ᠎ᠠ᠂ ᠮᠡᠷᠭᠡᠵᠢᠯ᠎ᠨᠢ ᠨᠠᠷᠢᠯᠢᠭ ᠪᠠᠢᠵᠤ᠂ ᠲᠣᠰ ᠲᠣᠰ᠎ᠤᠨ᠎ᠢᠶᠠᠨ ᠠᠵᠢᠯ ᠲᠥᠷᠥᠯ᠎ᠳᠤ ᠴᠥᠮ ᠳᠠᠭᠠᠭᠤᠯᠤᠭ᠍ᠴᠢ ᠪᠤᠯᠵᠤ ᠪᠤᠢ᠃ ᠠᠵᠢᠯᠯᠠᠬᠤ ᠲᠠᠰᠤᠭ᠎ᠨᠢ ᠴᠢᠳᠠᠪᠤᠷᠢᠲᠠᠨ ᠬᠤᠷᠠᠨ ᠴᠤᠭ᠍ᠯᠠᠷᠠᠬ᠍ᠰᠠᠨ ᠡᠬᠢ ᠪᠠᠶᠠᠯᠢᠭ᠎ᠤᠨ ᠳᠠᠪᠠᠭᠤᠯᠢᠭ ᠪᠠ ᠣᠶᠤᠨ᠎ᠤ ᠵᠥᠪᠯᠡᠭ᠌ᠴᠢ᠎ᠶ᠋ᠢᠨ  ᠦᠢᠯᠡᠳᠦᠯ᠎ᠢ  ᠭᠦᠢᠴᠡᠳ ᠪᠠᠳᠠᠷᠠᠭᠤᠯᠵᠤ᠂ ᠪᠥᠬᠦ᠌ ᠣᠷᠣᠨ᠎ᠤ ᠦᠵᠡᠯ ᠰᠠᠨᠠᠭ᠎ᠠ ᠤᠯᠤᠰ ᠲᠥᠷᠥ᠎ᠶ᠋ᠢᠨ ᠴᠢᠳᠠᠪᠤᠷᠢᠲᠠᠨ ᠬᠥᠮᠦᠵᠢᠭᠦᠯᠬᠦ᠌ ᠲᠠᠪᠴᠠᠩ᠂ ᠠᠵᠢᠯᠲᠠᠨ ᠠᠵᠢᠯᠴᠢᠨ᠎ᠤ ᠪᠣᠯᠪᠠᠰᠤᠷᠠᠯ᠎ᠤᠨ ᠲᠠᠪᠴᠠᠩ᠂ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠲᠠᠪᠴᠠᠩ᠎ᠢ ᠪᠠᠢᠭᠤᠯᠵᠤ᠂ 《ᠬᠥᠳᠡᠯᠮᠦᠷᠢ᠎ᠶ᠋ᠢᠨ ᠵᠢᠱ᠌ᠢᠶᠡᠴᠢ᠎ᠶ᠋ᠢᠨ ᠵᠣᠷᠢᠭ ᠰᠠᠨᠠᠭ᠎ᠠ᠎ᠶ᠋ᠢ ᠰᠤᠷᠭᠠᠭᠤᠯᠢ᠎ᠶ᠋ᠢᠨ ᠬᠦᠷᠢᠶᠡᠨ᠎ᠳᠤ ᠣᠷᠣᠭᠤᠯᠬᠤ》᠂ 《ᠮᠡᠷᠭᠡᠵᠢᠯ ᠴᠢᠳᠠᠪᠤᠷᠢ᠎ᠶ᠋ᠢᠨ ᠮᠥᠷᠦ᠋ᠢᠴᠡᠭᠡᠨ》᠂ ᠮᠡᠷᠭᠡᠵᠢᠯ᠎ᠤᠨ ᠥᠭᠡᠷᠡᠴᠢᠯᠡᠯᠲᠡ᠎ᠶ᠋ᠢᠨ ᠦᠢᠯᠡᠴᠢᠯᠡᠭᠡ᠂ ᠠᠵᠢᠯᠲᠠᠨ ᠠᠵᠢᠯᠴᠢᠨ᠎ᠤ 《ᠮᠡᠷᠬᠡᠵᠢᠯ᠎ᠢᠶᠠᠨ ᠳᠡᠬᠡᠭ᠌ᠰᠢᠯᠡᠬᠦᠯᠬᠦ᠌》 ᠵᠡᠷᠭᠡ ᠱᠢᠷᠢᠰ ᠠᠵᠢᠯᠯᠠᠭ᠎ᠠ᠎ᠶ᠋ᠢ ᠥᠷᠨᠢᠭᠦᠯᠬᠦ᠌᠎ᠪᠠᠷ ᠳᠠᠮᠵᠢᠭᠤᠯᠤᠨ᠂ ᠬᠥᠳᠡᠯᠮᠦᠷᠢ᠎ᠶ᠋ᠢᠨ ᠵᠢᠱ᠌ᠢᠶᠡᠴᠢ᠂ ᠤᠷᠠᠨ ᠳᠠᠷᠬᠠᠨ᠎ᠤ ᠵᠣᠷᠢᠭ ᠰᠠᠨᠠᠭ᠎ᠠ᠎ᠶ᠋ᠢ ᠤᠯᠠᠮᠵᠢᠯᠠᠨ ᠪᠠᠳᠠᠷᠠᠭᠤᠯᠵᠤ᠂ ᠮᠠᠨ᠎ᠤ ᠣᠷᠣᠨ᠎ᠳᠤ ᠨᠠᠩ ᠣᠯᠠᠨ ᠤᠷᠠᠨ ᠳᠠᠷᠬᠠᠨ᠎ᠢ ᠬᠥᠮᠦᠵᠢᠭᠦᠯᠦᠨ ᠥᠭ᠌ᠴᠦ᠂ ᠣᠷᠣᠨ ᠪᠦᠰᠡ᠎ᠶ᠋ᠢᠨ ᠠᠵᠤ  ᠠᠬᠤᠶ ᠎ᠶ᠋ᠢᠨ ᠲᠦᠷᠭᠡᠨ ᠬᠥᠭ᠌ᠵᠢᠯᠲᠡ᠎ᠳᠤ ᠬᠦᠴᠦᠨ ᠨᠡᠮᠡᠷᠢᠯᠡᠬᠦ᠌ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号