ᠮᠠᠯ ᠠᠵᠤ ᠠᠬᠤᠶ ᠲᠠᠷᠢᠶᠠᠯᠠᠩ᠎ᠤᠨ ᠣᠳᠣᠬᠢᠴᠢᠯᠠᠯᠲᠠ᠎ᠶ᠋ᠢ ᠴᠢᠭ᠌ᠯᠡᠨ ᠵᠢᠪᠬᠤᠭ᠎ᠠ ᠲᠠᠬᠦᠯᠳᠡᠷ ᠤᠷᠤᠭ᠍ᠰᠢᠯᠠᠨ᠎ᠠ
2021-07-11 16:26:14
ᠵᠣᠬᠢᠶᠠᠭ᠍ᠴᠢ᠄
ᠬᠠᠨ ᠱᠢᠤᠸᠠᠢ ᠷᠦ᠋
ᠣᠩᠱᠢᠭ᠍ᠰᠠᠨ ᠣᠳᠠᠭ᠎ᠠ᠄
★★★☆☆

ᠪᠠᠷᠠᠭᠠᠨ᠎ᠤ ᠰᠦᠯᠵᠢᠶ᠎ᠠ᠎ᠶ᠋ᠢᠨ ᠮᠡᠷᠭᠡᠵᠢᠯ᠎ᠢ ᠬᠡᠷᠡᠭ᠌ᠯᠡᠨ᠂ ᠬᠤᠯᠤᠭᠠᠨᠠᠴᠢᠷ᠎ᠢ ᠬᠥᠩᠭᠡᠬᠡᠨ ᠳᠠᠷᠤᠭ᠍ᠰᠠᠭᠠᠷ ᠲᠠᠷᠢᠶ᠎ᠠ᠎ᠪᠠᠨ ᠳᠠᠷᠢᠴᠢᠬᠠᠨ᠎ᠠ; ᠡᠩᠨᠡᠷᠡᠨ ᠵᠢᠭ᠌ᠳᠡᠷᠡᠭ᠌ᠰᠡᠨ ᠳᠤᠯᠠᠭᠠᠨ ᠬᠦᠯᠡᠮᠵᠢ᠎ᠳᠤ ᠡᠯ᠎ᠡ ᠲᠦᠷᠦᠯ᠎ᠤᠨ ᠢᠳᠡᠱᠢᠨ ᠨᠣᠭᠤᠭ᠎ᠠ ᠦᠩᠬᠡ ᠢᠯᠭᠠᠷᠠᠨ ᠤᠷᠭᠤᠨ᠎ᠠ; ᠬᠥᠳᠡᠭᠡ ᠨᠤᠲᠤᠭ᠎ᠤᠨ ᠦᠵᠡᠰᠭᠦᠯᠡᠩᠲᠦ ᠰᠠᠢᠬᠠᠨ ᠮᠠᠯᠵᠢᠯ᠎ᠤᠨ ᠲᠠᠯᠠᠪᠠᠢ᠂ ᠠᠮᠢ ᠠᠬᠤᠢ᠎ᠶ᠋ᠢᠨ ᠬᠦᠷᠢᠶᠡᠯᠡᠩ ᠲᠣᠭᠤᠷᠢᠭ ᠥᠷᠨᠢᠭᠦᠨ ᠬᠥᠭ᠌ᠵᠢᠨ᠎ᠡ; ᠵᠤᠭ᠎ᠠ ᠰᠡᠯᠡᠭᠦᠴᠡᠯ᠎ᠤᠨ ᠳᠠᠷᠢᠶᠠᠯᠠᠩ᠂ 《ᠢᠨᠲ᠋ᠧᠷ ᠰᠦᠯᠵᠢᠶ᠎ᠡ + ᠳᠠᠷᠢᠶᠠᠯᠠᠩ》 ᠎ᠤᠳ ᠬᠤᠷ᠎ᠠ᠎ᠶ᠋ᠢᠨ ᠳᠠᠷᠠᠭᠠᠬᠢ ᠬᠤᠯᠤᠰᠤᠨ ᠰᠦᠶᠤᠬᠡ ᠮᠡᠲᠦ ᠴᠣᠯᠭᠤᠷᠠᠨ᠎ᠠ ᠁ ᠦᠪᠤᠷ ᠮᠤᠩᠭᠤᠯ᠎ᠤᠨ ᠲᠠᠯ᠎ᠠ ᠨᠤᠳᠤᠭ᠎ᠲᠤ ᠦᠷ᠎ᠡ ᠠᠱᠢᠭ ᠰᠠᠢᠲᠠᠶ᠂ ᠡᠬᠢ ᠪᠠᠶᠠᠯᠢᠭ᠎ᠲᠤ ᠠᠷᠪᠢᠳᠠᠢ᠂ ᠣᠷᠴᠢᠨ ᠲᠣᠭᠤᠷᠢᠨ᠎ᠳᠤ ᠨᠠᠢᠷᠰᠠᠭ ᠮᠠᠯ ᠠᠵᠤ ᠠᠬᠤᠢ ᠲᠠᠷᠢᠶᠠᠯᠠᠩ᠎ᠤᠨ ᠪᠣᠬᠢᠷᠲᠤᠯ ᠦᠭᠡᠢ ᠬᠥᠭ᠌ᠵᠢᠯᠳᠠ᠎ᠶ᠋ᠢᠨ ᠠᠶ᠎ᠠ ᠬᠠᠩᠭᠢᠨᠠᠨ᠎ᠠ᠃ ᠡᠯ᠎ᠠ ᠭᠠᠵᠠᠷ᠎ᠤᠨ᠎ᠬᠢᠨ ᠮᠠᠯ ᠠᠵᠤ ᠠᠬᠤᠢ ᠲᠠᠷᠢᠶᠠᠯᠠᠩ᠎ᠤᠨ ᠬᠠᠩᠭᠠᠯᠭ᠎ᠠ᠎ᠶ᠋ᠢᠨ ᠲᠠᠯ᠎ᠠ᠎ᠶ᠋ᠢᠨ ᠪᠦᠲᠦᠴᠡ᠎ᠶ᠋ᠢᠨ ᠴᠢᠨᠠᠷᠲᠠᠢ ᠥᠭᠡᠷᠡᠴᠢᠯᠡᠯᠲᠡ᠎ᠶ᠋ᠢ ᠬᠦᠴᠦᠯᠡᠨ ᠠᠬᠢᠭᠤᠯᠵᠤ᠂ ᠤᠨᠴᠠᠯᠢᠬ᠍ᠳᠤ ᠠᠵᠤ ᠦᠢᠯᠡᠰ᠎ᠤᠨ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠳᠭᠡᠨ ᠪᠠᠢᠭᠤᠯᠵᠤ᠂ ᠥᠪᠥᠷ ᠮᠣᠩᠭᠤᠯ᠎ᠤᠨ ᠡᠬᠡ ᠭᠠᠵᠠᠷ ᠠᠮᠢᠵᠢᠷᠠᠯ᠎ᠤᠨ ᠬᠦᠴᠦᠨ᠎ᠢᠶᠠᠷ ᠪᠢᠯᠬᠠᠨ᠎ᠠ᠃

ᠪᠤᠬᠢᠷᠳᠤᠯ ᠦᠬᠡᠢ ᠪᠠᠢᠬᠤ᠎ᠶ᠋ᠢ ᠴᠢᠬᠤᠯᠠᠴᠢᠯᠠᠵᠤ ᠱᠢᠵᠢᠷ ᠠᠯᠳᠠᠨ ᠠᠮᠤ ᠪᠤᠳᠠᠭᠠᠨ᠎ᠤ ᠬᠥᠮᠥᠷᠭᠡ᠎ᠶ᠋ᠢ ᠴᠤᠭ᠍ᠴᠠᠯᠠᠨ᠎ᠠ

3 ᠰᠠᠷ᠎ᠠ᠎ᠶ᠋ᠢᠨ 22 ᠎ᠤᠨ ᠦᠳᠡ᠎ᠶ᠋ᠢᠨ ᠡᠮᠦᠨ᠎ᠡ᠂ ᠳᠤᠮᠳᠠᠳᠤ ᠤᠯᠤᠰ · ᠥᠪᠥᠷ ᠮᠣᠩᠭᠤᠯ᠎ᠤᠨ ᠠᠮᠤ ᠪᠤᠳᠠᠭᠠᠨ᠎ᠤ ᠴᠢᠨᠠᠷ ᠰᠠᠢᠲᠠᠶ ᠬᠥᠭ᠌ᠵᠢᠯᠲᠡ᠎ᠶ᠋ᠢᠨ ᠵᠢᠭᠠᠯᠲᠠ ᠲᠤᠭ᠎ᠠ᠎ᠶ᠋ᠢ ᠪᠡᠭᠡᠵᠢᠩ᠎ᠳᠤ ᠨᠡᠢᠲᠡᠯᠡᠪᠡ᠃ ᠡᠨᠡ ᠪᠣᠯ ᠪᠦᠬᠦ᠌ ᠤᠯᠤᠰ᠎ᠤᠨ ᠠᠩᠬᠠᠳᠠᠭ᠍ᠴᠢ ᠠᠮᠤ ᠪᠤᠳᠠᠭᠠᠨ᠎ᠤ ᠬᠥᠭ᠌ᠵᠢᠯᠲᠡ᠎ᠶ᠋ᠢᠨ ᠶᠡᠷᠦᠩᠬᠡᠢᠯᠡᠭ᠌ᠰᠡᠨ ᠦᠨᠡᠯᠡᠯᠲᠡ᠎ᠶ᠋ᠢᠨ ᠵᠢᠭᠠᠯᠲᠠ ᠲᠤᠭ᠎ᠠ ᠪᠠᠢᠵᠤ᠂ ᠲᠤᠭ᠎ᠠ ᠪᠠᠷᠢᠮᠲᠠ᠎ᠨᠤᠭᠤᠳ᠎ᠨᠢ ᠬᠥᠮᠦᠰ᠎ᠤᠨ ᠰᠡᠳᠭᠢᠯ᠎ᠢ ᠬᠦᠭ᠌ᠵᠢᠬᠡᠯ᠎ᠠ᠃

2020 ᠣᠨ᠎ᠳᠤ᠂ ᠠᠮᠤ ᠪᠤᠳᠠᠭᠠᠨ᠎ᠤ ᠤᠨᠠᠯᠲᠠ 732.8 ᠳ᠋ᠦᠩᠱᠢᠭᠤᠷ ᠵᠢᠩ᠎ᠳᠤ ᠬᠦᠷᠦᠬᠡᠳ ᠲᠡᠦᠬᠡ᠎ᠶ᠋ᠢᠨ ᠱᠢᠨ᠎ᠡ ᠲᠡᠮᠳᠡᠭ᠌ᠯᠡᠯ᠎ᠢ ᠡᠭᠦᠳᠴᠦ᠍᠂ 17 ᠵᠢᠯ ᠳᠠᠷᠠᠭᠠᠯᠠᠨ ᠡᠯᠪᠡᠭ ᠬᠤᠷᠢᠶᠠᠯᠲᠠ ᠤᠯᠪᠠ᠃ ᠠᠮᠤ ᠪᠤᠳᠠᠭᠠᠨ᠎ᠤ ᠦᠢᠯᠡᠳᠪᠦᠷᠢᠯᠡᠯ᠂ ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ᠂ ᠶᠡᠷᠦᠩᠬᠡᠢᠯᠡᠭ᠌ᠰᠡᠨ ᠪᠠᠲᠤᠯᠠᠭ᠎ᠠ᠎ᠶ᠋ᠢᠨ ᠴᠢᠳᠠᠪᠤᠷᠢ᠎ᠶ᠋ᠢ ᠲᠤᠰᠭᠠᠭ᠍ᠰᠠᠨ ᠵᠢᠭᠠᠯᠲᠠ ᠲᠤᠭ᠎ᠠ ᠢᠯᠡᠳᠲᠡ ᠨᠡᠮᠡᠭ᠌ᠳᠡᠵᠦ᠍᠂ ᠶᠡᠷᠦᠩᠬᠡᠶ ᠵᠢᠭᠠᠯᠲᠠ ᠲᠤᠭ᠎ᠠ᠎ᠶ᠋ᠢ ᠳᠡᠭᠡᠭ᠌ᠰᠢᠯᠡᠭᠦᠯᠦᠭ᠌ᠰᠡᠨ ᠴᠢᠬᠤᠯᠠ ᠬᠦᠴᠦᠨ ᠵᠦᠢᠯ ᠪᠤᠯᠵᠠᠢ; ᠠᠮᠤ ᠪᠤᠳᠠᠭᠠᠨ᠎ᠤ ᠴᠡᠪᠡᠷ ᠭᠠᠷᠭᠠᠯᠲᠠ᠎ᠶ᠋ᠢᠨ ᠬᠡᠮᠵᠢᠶ᠎ᠡ 2015 ᠣᠨ᠎ᠳᠤ 30 ᠳ᠋ᠦᠩᠱᠢᠭᠤᠷ ᠵᠢᠩ ᠤᠷᠴᠢᠮ ᠪᠠᠢᠭ᠍ᠰᠠᠨ᠎ᠠᠴᠠ᠎ᠪᠠᠨ 2019 ᠣᠨ᠎ᠳᠤ 200 ᠳ᠋ᠦᠩᠱᠢᠭᠤᠷ ᠵᠢᠩ ᠪᠣᠯᠤᠨ ᠨᠡᠮᠡᠭ᠌ᠳᠡᠵᠦ᠍᠂ 6.72 ᠲᠠᠬᠢᠨ ᠨᠡᠮᠡᠭ᠌ᠳᠡᠵᠡᠢ ᠁

ᠡᠳᠡᠬᠡᠷ ᠵᠢᠭᠠᠯᠲᠠ ᠲᠤᠭ᠎ᠠ ᠪᠣᠯ ᠮᠠᠨ᠎ᠤ ᠣᠷᠣᠨ᠎ᠤ ᠠᠮᠤ ᠪᠤᠳᠠᠭᠠᠨ᠎ᠤ ᠦᠢᠯᠡᠰ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠭᠡᠷᠡᠴᠢ ᠪᠤᠯᠤᠨ᠎ᠠ᠂ ᠪᠠᠰᠠ ᠴᠤ᠌ ᠮᠠᠨ᠎ᠤ ᠣᠷᠣᠨ᠎ᠤ ᠤᠯᠤᠰ᠎ᠤᠨ 《ᠠᠮᠤ ᠪᠤᠳᠠᠭᠠᠨ᠎ᠤ ᠬᠥᠮᠥᠷᠭᠡ》᠂ 《ᠮᠢᠬᠠᠨ᠎ᠤ ᠬᠥᠮᠥᠷᠭᠡ》᠂ 《ᠰᠦ᠎ᠶ᠋ᠢᠨ ᠰᠠᠪᠠ》 ᠪᠣᠯᠤᠭ᠍ᠰᠠᠨ ᠬᠠᠮᠤᠭ᠎ᠤᠨ ᠰᠠᠢᠨ ᠭᠡᠷᠡᠴᠢ ᠪᠤᠯᠬᠤ ᠶᠤᠮ᠃

ᠤᠨ ᠵᠢᠯ᠎ᠤᠨ ᠤᠷᠴᠢᠯ᠎ᠢ ᠲᠠᠭᠠᠯᠳᠤᠨ ᠠᠮᠢᠵᠢᠷᠠᠯ᠎ᠤᠨ ᠬᠦᠴᠦᠨ᠎ᠢᠶᠠᠷ ᠪᠢᠯᠬᠠᠭ᠍ᠰᠠᠨ ᠦᠪᠤᠷ ᠮᠤᠩᠭᠤᠯ᠎ᠤᠨ ᠤᠳᠤ ᠦᠶ᠎ᠡ᠎ᠶ᠋ᠢᠨ ᠮᠠᠯ ᠠᠵᠤ ᠠᠬᠤᠢ ᠲᠠᠷᠢᠶᠠᠯᠠᠩ᠎ᠤᠨ ᠵᠢᠷᠤᠭ ᠠᠭᠠᠵᠢᠮ᠎ᠢᠶᠠᠷ ᠳᠡᠯᠭᠡᠭ᠌ᠳᠡᠨ᠎ᠡ —

ᠡᠵᠡᠩᠨᠡᠯᠲᠡ᠎ᠶ᠋ᠢᠨ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠨᠢ ᠦᠢᠯᠡᠳᠪᠦᠷᠢᠯᠡᠯ᠎ᠤᠨ ᠬᠦᠴᠦᠨ᠎ᠤ ᠬᠦᠭ᠌ᠵᠢᠯᠳᠡ᠎ᠶ᠋ᠢ ᠴᠢᠯᠦᠭᠡᠯᠡᠪᠡ᠃ 1979 ᠣᠨ᠎ᠠᠴᠠ ᠡᠬᠢᠯᠡᠨ ᠮᠠᠨ᠎ᠤ ᠣᠷᠣᠨ ᠬᠤᠷᠢᠶᠠᠯᠲᠠ᠎ᠲᠠᠢ᠎ᠨᠢ ᠬᠤᠯᠪᠣᠭ᠍ᠳᠠᠭᠤᠯᠤᠨ ᠡᠷᠦᠬᠡ᠎ᠳᠤ ᠳᠠᠭᠠᠭᠠᠴᠢᠯᠠᠭᠤᠯᠬᠤ ᠬᠠᠷᠢᠭᠤᠴᠠᠯᠭ᠎ᠠ᠎ᠶ᠋ᠢᠨ ᠳᠦᠷᠢᠮ᠎ᠢ ᠬᠡᠷᠡᠭ᠌ᠵᠢᠭᠦᠯᠵᠦ᠍᠂ 1981 ᠣᠨ᠎ᠳᠤ ᠪᠦᠬᠦ᠌ ᠲᠠᠯ᠎ᠠ᠎ᠪᠠᠷ ᠳᠡᠯᠭᠡᠷᠡᠭᠦᠯᠤᠨ ᠪᠦᠬᠦ᠌ ᠤᠯᠤᠰ᠎ᠤᠨ ᠡᠮᠦᠨ᠎ᠡ ᠡᠩᠨᠡᠭᠡᠨ᠎ᠳᠤ ᠤᠷᠤᠵᠠᠢ᠃ 2004 ᠣᠨ᠎ᠳᠤ ᠮᠠᠯ ᠠᠵᠤ ᠠᠬᠤᠶ᠎ᠶ᠋ᠢᠨ ᠭᠠᠢᠯᠢ᠎ᠶ᠋ᠢ ᠪᠥᠬᠦ᠌ ᠲᠠᠯ᠎ᠠ᠎ᠪᠠᠷ ᠬᠦᠴᠦᠨ ᠥᠬᠡᠶ ᠪᠣᠯᠭᠠᠨ᠂ 2005 ᠣᠨ᠎ᠳᠤ ᠲᠠᠷᠢᠶᠠᠯᠠᠩ᠎ᠤᠨ ᠭᠠᠢᠯᠢ᠎ᠶ᠋ᠢ ᠪᠥᠬᠦ᠌ ᠲᠠᠯ᠎ᠠ᠎ᠪᠠᠷ ᠬᠦᠴᠦᠨ ᠥᠬᠡᠶ ᠪᠣᠯᠭᠠᠵᠤ᠂ ᠮᠠᠯᠴᠢᠨ ᠲᠠᠷᠢᠶᠠᠴᠢᠨ᠎ᠤ ᠭᠠᠵᠠᠷ ᠱᠢᠷᠣᠶ᠎ᠶ᠋ᠢᠨ ᠳᠠᠭᠠᠭᠠᠴᠢᠯᠠᠯᠲᠠ᠎ᠶ᠋ᠢᠨ ᠬᠠᠷᠢᠴᠠᠭ᠎ᠠ᠎ᠶ᠋ᠢᠨ ᠭᠠᠢᠯᠢ ᠰᠦᠢᠳᠭᠡᠯ᠎ᠤᠨ ᠳᠠᠷᠤᠭᠠᠰᠤ᠎ᠶ᠋ᠢ ᠲᠦᠢᠯᠪᠤᠷᠢᠲᠠᠶ ᠠᠷᠢᠯᠭᠠᠪᠠ᠃ 2017 ᠣᠨ᠎ᠳᠤ᠂ ᠨᠤᠲᠤᠭ ᠪᠡᠯᠴᠢᠭᠡᠷ᠎ᠤᠨ ᠡᠵᠡᠩᠨᠡᠯᠳᠠ᠎ᠶ᠋ᠢᠨ ᠡᠷᠬᠡ᠎ᠶ᠋ᠢ ᠨᠤᠲᠠᠯᠠᠨ ᠳᠤᠭ᠍ᠳᠠᠭᠠᠵᠤ ᠳᠠᠭᠠᠭᠠᠴᠢᠯᠠᠭᠤᠯᠬᠤ ᠠᠵᠢᠯ᠎ᠢ ᠦᠨᠳᠦᠰᠦᠨ᠎ᠳᠡᠭᠡᠨ ᠪᠡᠶᠡᠯᠡᠭᠦᠯᠵᠦ᠍᠂ 2018 ᠣᠨ᠎ᠤ 9 ᠰᠠᠷ᠎ᠠ᠎ᠳᠤ ᠭᠠᠵᠠᠷ ᠨᠤᠳᠤᠭ᠎ᠤᠨ ᠳᠠᠭᠠᠭᠠᠴᠢᠯᠠᠨ ᠡᠵᠡᠩᠨᠡᠬᠦ᠌ ᠡᠷᠬᠡ᠎ᠶ᠋ᠢ ᠨᠤᠲᠠᠯᠠᠨ ᠳᠤᠭ᠍ᠳᠠᠭᠠᠵᠤ ᠦᠨᠡᠮᠯᠡᠯ ᠣᠯᠭᠤᠬᠤ ᠠᠵᠢᠯ᠎ᠢ ᠦᠨᠳᠦᠰᠦᠨ᠎ᠳᠡᠭᠡᠨ ᠪᠡᠶᠡᠯᠡᠭᠦᠯᠵᠦ᠍᠂ ᠮᠠᠯᠴᠢᠨ ᠲᠠᠷᠢᠶᠠᠴᠢᠨ᠎ᠤ ᠨᠤᠳᠤᠭ ᠪᠡᠯᠴᠢᠭᠡᠷ ᠪᠠ ᠳᠠᠭᠠᠭᠠᠴᠢᠯᠠᠭ᠍ᠰᠠᠨ ᠭᠠᠵᠠᠷ ᠨᠤᠳᠤᠭ᠎ᠲᠤ 《ᠪᠡᠶ᠎ᠡ᠎ᠶ᠋ᠢᠨ ᠦᠨᠡᠮᠯᠡᠯ》 ᠎ᠲᠠᠢ ᠪᠤᠯᠵᠤ᠂ ᠮᠠᠯᠴᠢᠨ ᠲᠠᠷᠢᠶᠠᠴᠢᠨ᠎ᠤ ᠰᠡᠳᠭᠢᠯ᠎ᠢ ᠠᠮᠤᠷᠵᠢᠭᠤᠯᠤᠯ᠎ᠠ᠃

ᠪᠠᠷᠢᠮᠵᠢᠶᠠᠵᠢᠭᠤᠯᠤᠭ᠍ᠰᠠᠨ ᠦᠢᠯᠡᠳᠪᠦᠷᠢᠯᠡᠯ᠎ᠢᠶᠠᠷ ᠮᠠᠯ ᠠᠵᠤ ᠠᠬᠤᠶ ᠲᠠᠷᠢᠶᠠᠯᠠᠩ᠎ᠤᠨ ᠶᠠᠰᠤ ᠴᠢᠨᠠᠷ᠎ᠢ ᠳᠡᠭᠡᠭ᠌ᠰᠢᠯᠡᠭᠦᠯᠵᠤ ᠦᠷ᠎ᠡ ᠠᠱᠢᠭ᠎ᠢ ᠨᠡᠮᠡᠭ᠌ᠳᠡᠭᠦᠯᠪᠡ᠃ ᠲᠠᠷᠢᠶᠠᠯᠠᠩ᠎ᠤᠨ 《ᠳᠥᠷᠪᠡ᠎ᠶ᠋ᠢ ᠡᠵᠡᠮᠳᠡᠬᠦ᠌》 ᠠᠵᠢᠯᠯᠠᠭ᠎ᠠ ᠦᠷᠨᠢᠬᠦᠯᠵᠤ᠂ ᠪᠣᠬᠢᠷᠲᠤᠯ ᠥᠬᠡᠶ ᠢᠳᠡᠭᠡᠨ᠎ᠤ ᠲᠦᠭᠦᠬᠡᠶ ᠮᠠᠲ᠋ᠧᠷᠢᠶᠠᠯ᠎ᠤᠨ ᠪᠠᠷᠢᠮᠵᠢᠶᠠᠵᠢᠭᠤᠯᠤᠭ᠍ᠰᠠᠨ ᠦᠢᠯᠡᠳᠪᠦᠷᠢᠯᠡᠯ᠎ᠤᠨ ᠰᠠᠭᠤᠷᠢᠨ᠎ᠢ 1520 ᠭᠠᠷᠤᠶ ᠲᠦᠮᠡᠨ ᠮᠥ᠍ ᠪᠠᠢᠭᠤᠯᠪᠠ; ᠪᠣᠬᠢᠷᠲᠤᠯ ᠥᠬᠡᠶ᠂ ᠣᠷᠭᠠᠨᠢᠭ᠂ ᠭᠠᠵᠠᠷ ᠵᠦᠢ᠎ᠶ᠋ᠢᠨ ᠢᠯᠡᠷᠭᠡᠢᠯᠡᠯᠳᠤ ᠮᠠᠯ᠎ᠤᠨ ᠠᠱᠢᠭ ᠱᠢᠮ᠎ᠠ ᠲᠠᠷᠢᠶᠠᠯᠠᠩ᠎ᠤᠨ ᠪᠦᠲᠦᠭᠡᠭ᠌ᠳᠡᠬᠦᠨ᠎ᠤ ᠵᠢᠯ᠎ᠤᠨ ᠭᠠᠷᠤᠯᠳᠠ 900 ᠲᠦᠮᠡᠨ ᠲᠣᠨ᠎ᠢ ᠲᠠᠪᠠᠵᠤ᠂ ᠪᠥᠬᠦ᠌ ᠤᠯᠤᠰ᠎ᠤᠨ ᠡᠮᠦᠨ᠎ᠡ ᠡᠩᠨᠡᠭᠡᠨ᠎ᠳᠤ ᠣᠷᠣᠪᠠ; ᠬᠢᠮᠢ᠎ᠶ᠋ᠢᠨ ᠪᠣᠷᠲᠣᠭᠤᠷ᠂ ᠲᠠᠷᠢᠶᠠᠨ ᠡᠮ᠎ᠤᠨ ᠬᠡᠷᠡᠭ᠌ᠯᠡᠯᠲᠡ᠎ᠶ᠋ᠢᠨ ᠬᠡᠮᠵᠢᠶ᠎ᠡ 3 ᠵᠢᠯ ᠳᠠᠷᠠᠭᠠᠯᠠᠨ ᠰᠥᠭᠡᠷᠭᠦ᠌ ᠨᠡᠮᠡᠭ᠌ᠳᠡᠯ᠎ᠲᠠᠢ ᠪᠠᠢᠬᠤ᠎ᠶ᠋ᠢ ᠪᠠᠲᠤᠯᠠᠵᠤ᠂ ᠲᠠᠷᠢᠶᠠᠯᠠᠩ᠎ᠤᠨ ᠰᠦᠯᠢᠶᠤᠤ ᠪᠦᠷᠬᠦᠪᠴᠢ᠂ ᠡᠰᠢ ᠰᠦᠷᠡᠯ ᠵᠡᠷᠭᠡ ᠮᠠᠯ ᠠᠵᠤ ᠠᠬᠤᠶ ᠲᠠᠷᠢᠶᠠᠯᠠᠩ ᠦᠢᠯᠡᠳᠪᠦᠷᠢᠯᠡᠯ᠎ᠤᠨ ᠬᠠᠶᠠᠭ᠍ᠳᠠᠮᠠᠯ ᠪᠣᠳᠠᠰ᠎ᠢ ᠪᠦᠲᠦᠮᠵᠢᠲᠡᠶ ᠱᠢᠢᠳᠪᠦᠷᠢᠯᠡᠪᠡ; ᠪᠥᠬᠦ᠌ ᠣᠷᠣᠨ᠎ᠤ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠤ ᠶᠠᠰᠤ ᠴᠢᠨᠠᠷ᠎ᠤᠨ ᠠᠮᠤᠷ ᠲᠦᠪᠱᠢᠨ᠎ᠤ ᠬᠢᠨᠠᠨ ᠬᠡᠮᠵᠢᠯᠲᠡ᠎ᠳᠤ ᠬᠢᠷᠢ ᠲᠡᠩᠴᠡᠭ᠌ᠰᠡᠨ ᠨᠣᠷᠮ᠎ᠠ 5 ᠵᠢᠯ ᠳᠠᠷᠠᠭᠠᠯᠠᠨ 97% ᠎ᠠᠴᠠ ᠳᠡᠭᠡᠭ᠌ᠰᠢ ᠪᠠᠢᠬᠤ᠎ᠶ᠋ᠢ ᠪᠠᠲᠤᠯᠠᠵᠤ᠂ ᠪᠥᠬᠦ᠌ ᠤᠯᠤᠰ᠎ᠤᠨ ᠳᠤᠮᠳᠠᠴᠢ ᠲᠦᠪᠱᠢᠨ᠎ᠠᠴᠠ ᠲᠠᠪᠠᠪᠠ᠃

ᠠᠵᠤ ᠦᠢᠯᠡᠰ᠎ᠤᠨ ᠪᠠᠢᠷᠢᠱᠢᠯ᠎ᠢ ᠱᠢᠯᠢᠳᠡᠭ᠌ᠵᠢᠭᠦᠯᠵᠦ᠍ ᠡᠯᠧᠮᠧᠨ᠋ᠲ᠎ᠤᠨ ᠴᠤᠭ᠍ᠯᠠᠷᠠᠯ᠎ᠢ ᠠᠬᠢᠭᠤᠯᠪᠠ᠃ ᠦᠪᠡᠷᠮᠢᠴᠡ ᠤᠨᠴᠠᠯᠢᠭ᠎ᠲᠠᠢ ᠳᠠᠪᠠᠭᠤᠯᠢᠭ᠍ᠳᠤ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠤ 15 ᠠᠵᠤ ᠦᠢᠯᠡᠰ᠎ᠤᠨ ᠪᠦᠰᠡ᠎ᠶ᠋ᠢ ᠪᠠᠢᠭᠤᠯᠵᠤ᠂ ᠰᠦ᠎ᠶ᠋ᠢᠨ ᠦᠢᠯᠡᠰ ᠪᠠ ᠡᠷᠳᠡᠨᠢ ᠱᠢᠰᠢ᠎ᠶ᠋ᠢᠨ ᠠᠵᠤ ᠦᠢᠯᠡᠰ᠎ᠤᠨ ᠮᠢᠩᠭᠠᠨ ᠳ᠋ᠦᠩᠱᠢᠭᠤᠷ ᠲᠠᠰ᠎ᠤᠨ 2 ᠠᠵᠤ ᠦᠢᠯᠡᠰ᠎ᠤᠨ ᠰᠦᠷᠦᠭ᠌ᠵᠢᠯ ᠪᠤᠯᠤᠨ ᠮᠢᠬᠠᠨ᠎ᠤ ᠦᠬᠡᠷ᠂ ᠮᠢᠬᠠᠨ᠎ᠤ ᠬᠤᠨᠢ᠂ ᠲᠥᠮᠥᠰᠥ᠍᠂ ᠪᠤᠭᠤᠳᠠᠶ᠂ ᠨᠡᠷᠡᠨ ᠬᠤᠸᠠᠷ ᠵᠡᠷᠭᠡ ᠵᠠᠭᠤᠨ ᠳ᠋ᠦᠩᠱᠢᠭᠤᠷ ᠲᠠᠰ᠎ᠤᠨ 10 ᠠᠵᠤ ᠦᠢᠯᠡᠰ᠎ᠤᠨ ᠰᠦᠷᠦᠭ᠌ᠵᠢᠯ᠎ᠢ ᠪᠣᠶ ᠪᠣᠯᠭᠠᠵᠤ᠂ ᠲᠠᠯ᠎ᠠ ᠨᠤᠲᠤᠭ᠎ᠤᠨ ᠮᠢᠬᠠᠨ᠎ᠤ ᠬᠤᠨᠢ᠂ ᠪᠣᠷᠣᠲᠣᠬᠤᠶ᠎ᠶ᠋ᠢᠨ ᠨᠡᠷᠡᠨ ᠬᠤᠸᠠᠷ᠂ ᠬᠤᠷᠴᠢᠨ ᠮᠢᠬᠠᠨ᠎ᠤ ᠦᠬᠡᠷ᠂ ᠶᠡᠭᠡ ᠬᠢᠩᠭᠠᠨ ᠳᠠᠪᠠᠭ᠎ᠠ᠎ᠶ᠋ᠢᠨ ᠱᠢᠷ᠎ᠠ ᠪᠤᠷᠴᠠᠭ ᠵᠡᠷᠭᠡ ᠤᠯᠤᠰ᠎ᠤᠨ ᠲᠠᠰ᠎ᠤᠨ 4 ᠦᠪᠡᠷᠮᠢᠴᠡ ᠤᠨᠴᠠᠯᠢᠭ᠎ᠲᠠᠢ ᠳᠠᠪᠠᠭᠤᠯᠢᠭ᠍ᠳᠤ ᠠᠵᠤ ᠦᠢᠯᠡᠰ᠎ᠤᠨ ᠰᠦᠷᠦᠭ᠌ᠵᠢᠯ᠎ᠢ ᠪᠠᠢᠭᠤᠯᠵᠤ᠂ ᠮᠠᠯ ᠠᠵᠤ ᠠᠬᠤᠶ ᠲᠠᠷᠢᠶᠠᠯᠠᠩ᠎ᠤᠨ ᠠᠵᠤ ᠦᠢᠯᠡᠰᠵᠢᠯᠲᠡ᠎ᠶ᠋ᠢᠨ ᠬᠡᠮᠵᠢᠶ᠎ᠡ᠎ᠶ᠋ᠢ ᠪᠦᠲᠦᠮᠵᠢᠲᠡᠶ ᠳᠡᠭᠡᠭ᠌ᠰᠢᠯᠡᠭᠦᠯᠪᠡ᠃

ᠪᠥᠬᠦ᠌ ᠤᠯᠤᠰ᠎ᠤᠨ ᠠᠮᠤ ᠪᠤᠳᠠᠭᠠᠨ᠎ᠤ ᠭᠤᠤᠯ ᠭᠠᠷᠤᠯᠲᠠ᠎ᠶ᠋ᠢᠨ ᠮᠤᠵᠢ ᠣᠷᠣᠨ᠎ᠤ ᠨᠢᠭᠡ᠂ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠤ ᠦᠢᠯᠡᠳᠪᠦᠷᠢᠯᠡᠯ᠎ᠤᠨ ᠰᠠᠭᠤᠷᠢᠨ ᠪᠣᠯᠤᠭ᠍ᠰᠠᠨ ᠥᠪᠥᠷ ᠮᠣᠩᠭᠤᠯ ᠮᠠᠯ ᠠᠵᠤ ᠠᠬᠤᠢ ᠲᠠᠷᠢᠶᠠᠯᠠᠩ᠎ᠤᠨ ᠬᠥᠭ᠌ᠵᠢᠯᠲᠡ᠎ᠶ᠋ᠢᠨ ᠠᠷᠭ᠎ᠠ ᠬᠡᠯᠪᠡᠷᠢ᠎ᠶ᠋ᠢ ᠲᠦᠷᠭᠡᠪᠴᠢᠯᠡᠨ ᠬᠤᠪᠢᠷᠠᠭᠤᠯᠵᠤ᠂ ᠮᠠᠯ ᠠᠵᠤ ᠠᠬᠤᠢ ᠲᠠᠷᠢᠶᠠᠯᠠᠩ᠎ᠤᠨ ᠬᠠᠩᠭᠠᠯᠭ᠎ᠠ᠎ᠶ᠋ᠢᠨ ᠲᠠᠯ᠎ᠠ᠎ᠶ᠋ᠢᠨ ᠪᠦᠲᠦᠴᠡ᠎ᠶ᠋ᠢᠨ ᠴᠢᠨᠠᠷᠲᠠᠶ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ᠂ ᠮᠠᠯ ᠠᠵᠤ ᠠᠬᠤᠢ ᠲᠠᠷᠢᠶᠠᠯᠠᠩ᠎ᠤᠨ ᠬᠥᠭ᠌ᠵᠢᠯᠲᠡ᠎ᠳᠤ ᠲᠤᠯᠭᠠᠷᠠᠵᠤ ᠪᠠᠢᠭ᠎ᠠ ᠠᠶᠤᠯ ᠲᠦᠭ᠌ᠰᠢᠭᠦᠷᠢ᠎ᠶ᠋ᠢᠨ ᠥᠷᠢᠰᠥᠯᠳᠦᠭᠡᠨ᠎ᠢ ᠪᠦᠲᠦᠮᠵᠢᠲᠡᠶ ᠠᠷᠭᠠᠴᠠᠭᠠᠨ᠂ ᠮᠠᠯ ᠠᠵᠤ ᠠᠬᠤᠢ ᠲᠠᠷᠢᠶᠠᠯᠠᠩ᠎ᠤᠨ ᠬᠥᠭ᠌ᠵᠢᠯᠲᠡ᠎ᠶ᠋ᠢᠨ ᠱᠢᠨ᠎ᠡ ᠠᠮᠢᠵᠢᠷᠠᠯ᠎ᠤᠨ ᠬᠦᠴᠦᠨ᠎ᠢ ᠪᠠᠳᠠᠷᠠᠭᠤᠯᠵᠤ᠂ ᠱᠢᠵᠢᠷ ᠠᠯᠲᠠᠨ ᠠᠮᠤ ᠪᠤᠳᠠᠭᠠᠨ᠎ᠤ ᠬᠥᠮᠥᠷᠭᠡ᠎ᠶ᠋ᠢ ᠴᠤᠭ᠍ᠴᠠᠯᠠᠵᠤ ᠪᠠᠢᠨ᠎ᠠ᠃

ᠮᠠᠨ᠎ᠤ ᠤᠷᠤᠨ ᠠᠮᠤ ᠪᠤᠳᠠᠭᠠᠨ᠎ᠤ ᠦᠢᠯᠡᠳᠪᠦᠷᠢᠯᠡᠯ᠎ᠤᠨ 17 ᠵᠢᠯ ᠳᠠᠷᠠᠭᠠᠯᠠᠨ ᠡᠯᠪᠡᠭ ᠬᠤᠷᠢᠶᠠᠯᠲᠠ ᠤᠯᠵᠤ᠂ ᠮᠠᠯ ᠠᠵᠤ ᠠᠬᠤᠶ᠎ᠶ᠋ᠢᠨ 16 ᠵᠢᠯ ᠳᠠᠷᠠᠭᠠᠯᠠᠨ ᠲᠣᠭ᠍ᠲᠠᠭᠤᠨ ᠪᠠᠢᠬᠤ᠎ᠶ᠋ᠢ ᠪᠡᠶᠡᠯᠡᠭᠦᠯᠵᠦ᠍᠂ ᠨᠢᠳᠤᠨᠤᠨ ᠪᠦᠬᠦ᠌ ᠤᠷᠤᠨ᠎ᠤ ᠮᠠᠯᠴᠢᠨ ᠲᠠᠷᠢᠶᠠᠴᠢᠨ᠎ᠤ ᠬᠥᠮᠦᠨ ᠳᠤᠮᠳᠠᠴᠢ᠎ᠶ᠋ᠢᠨ ᠡᠵᠡᠮᠳᠡᠵᠦ᠍ ᠪᠣᠯᠬᠤ ᠣᠷᠣᠯᠭ᠎ᠠ 15283 ᠲᠥᠭᠦᠷᠢᠭ᠎ᠲᠤ ᠬᠦᠷᠴᠦ᠍᠂ 2015 ᠣᠨ᠎ᠤ᠎ᠬᠢ᠎ᠠᠴᠠ 4517 ᠲᠥᠭᠦᠷᠢᠭ ᠨᠡᠮᠡᠭ᠌ᠳᠡᠨ᠂ ᠨᠡᠮᠡᠭ᠌ᠳᠡᠯ᠎ᠤᠨ ᠬᠤᠷᠳᠤᠴᠠ᠎ᠨᠢ 10 ᠵᠢᠯ ᠳᠠᠷᠠᠭᠠᠯᠠᠨ ᠬᠤᠲᠠ ᠪᠠᠯᠭᠠᠰᠤᠨ᠎ᠤ ᠰᠠᠭᠤᠭᠠᠯᠢ ᠠᠷᠠᠳ᠎ᠤᠨ᠎ᠬᠢ᠎ᠠᠴᠠ ᠲᠠᠪᠠᠭ᠍ᠰᠠᠨ ᠠᠵᠢ᠃

ᠦᠪᠡᠷᠮᠢᠴᠡ ᠤᠨᠴᠠᠯᠢᠭ᠎ᠢ ᠪᠠᠷᠢᠮᠳᠠᠯᠠᠵᠤ ᠠᠵᠤ ᠦᠢᠯᠡᠰ᠎ᠤᠨ ᠳᠠᠪᠠᠭᠤᠯᠢᠭ᠎ᠢ ᠲᠤᠪᠤᠢᠯᠭᠠᠨ᠎ᠠ

ᠪᠠᠶᠠᠨᠨᠠᠭᠤᠷ ᠬᠤᠲᠠ ᠨᠡᠷᠡᠨ ᠬᠤᠸᠠᠷ ᠳᠠᠷᠢᠬᠤ ᠱᠢᠵᠢᠷ ᠠᠯᠲᠠᠨ ᠥᠷᠭᠡᠷᠢᠭ᠎ᠲᠤ ᠣᠷᠣᠱᠢᠵᠤ᠂ ᠵᠢᠯ ᠳᠤᠮᠳᠠᠴᠢ᠎ᠪᠠᠷ 400 ᠲᠦᠮᠡᠨ ᠮᠥ᠍ ᠭᠠᠷᠤᠢ ᠨᠡᠷᠡᠨ ᠬᠤᠸᠠᠷ ᠳᠠᠷᠢᠵᠤ᠂ ᠪᠥᠬᠦ᠌ ᠤᠯᠤᠰ᠎ᠤᠨ ᠨᠡᠷᠡᠨ ᠬᠤᠸᠠᠷ ᠲᠠᠷᠢᠬ᠍ᠰᠠᠨ ᠶᠡᠷᠦᠩᠬᠡᠶ ᠲᠠᠯᠠᠪᠠᠶ᠎ᠶ᠋ᠢᠨ 25% ᠎ᠶ᠋ᠢ ᠡᠵᠡᠯᠡᠨ᠂ ᠪᠦᠬᠦ᠌ ᠤᠷᠤᠨ᠎ᠤ ᠨᠡᠷᠡᠨ ᠬᠤᠸᠠᠷ ᠲᠠᠷᠢᠬ᠍ᠰᠠᠨ ᠶᠡᠷᠦᠩᠬᠡᠶ ᠲᠠᠯᠠᠪᠠᠶ᠎ᠶ᠋ᠢᠨ 50% ᠎ᠠᠴᠠ ᠳᠡᠭᠡᠭ᠌ᠰᠢᠬᠢ᠎ᠶ᠋ᠢ ᠡᠵᠡᠯᠡᠵᠦ᠍᠂ ᠠᠳᠡᠬᠢ᠎ᠶ᠋ᠢᠨ ᠨᠡᠷᠡᠨ ᠬᠤᠸᠠᠷ ᠤᠯᠤᠰ᠎ᠤᠨ ᠭᠠᠵᠠᠷ ᠵᠦᠢ᠎ᠶ᠋ᠢᠨ ᠢᠯᠡᠷᠭᠡᠢᠯᠡᠯᠳᠤ ᠪᠦᠳᠦᠭᠡᠭ᠌ᠳᠡᠭᠦᠨ᠎ᠢᠶᠠᠷ ᠦᠨᠡᠯᠡᠭ᠌ᠳᠡᠨ᠂ 《ᠳᠡᠭ᠌ᠷᠢ᠎ᠶ᠋ᠢᠨ ᠬᠡᠱᠢᠭ᠌ᠳᠦ ᠪᠣᠷᠣᠲᠣᠬᠤᠶ》 ᠎ᠶ᠋ᠢᠨ ᠲᠥᠷᠥᠯ ᠲᠡᠮᠳᠡᠭ᠎ᠤᠨ ᠠᠯᠳᠠᠷᠱᠢᠯ ᠪᠠ ᠨᠥᠯᠥᠭᠡᠯᠡᠬᠦ᠌ ᠬᠦᠴᠦᠨ᠎ᠤ ᠲᠠᠢᠴᠢᠯᠠᠯ ᠲᠤᠤᠷ᠎ᠠ ᠪᠠᠶᠠᠨᠨᠠᠭᠤᠷ ᠬᠤᠳᠠ᠎ᠶ᠋ᠢᠨ ᠨᠠᠷᠠᠨ ᠬᠤᠸᠠᠷ᠎ᠤᠨ ᠦᠢᠯᠡᠳᠭᠦᠨ ᠥᠷᠭᠡᠨ ᠣᠯᠠᠨ ᠬᠡᠷᠡᠭ᠌ᠯᠡᠭ᠌ᠴᠢᠳ᠎ᠤᠨ ᠬᠦᠷᠢᠶᠡᠯᠡᠯ᠎ᠢ ᠤᠯᠤᠯ᠎ᠠ᠃

ᠤᠨᠴᠠᠯᠢᠬ᠍ᠳᠤ ᠠᠵᠤ ᠦᠢᠯᠡᠰ ᠦᠷᠨᠢᠨ ᠬᠦᠭ᠌ᠵᠢᠭ᠌ᠰᠡᠨ᠎ᠨᠢ ᠮᠠᠨ᠎ᠤ ᠣᠷᠣᠨ᠎ᠤ ᠦᠪᠡᠷᠮᠢᠴᠡ ᠣᠨᠴᠠᠯᠢᠭ᠎ᠢ ᠲᠡᠷᠢᠭᠦᠨ᠎ᠳᠤ ᠲᠠᠯᠪᠢᠨ ᠠᠵᠤ ᠦᠢᠯᠡᠰ᠎ᠤᠨ ᠳᠠᠪᠠᠭᠤᠯᠢᠭ᠎ᠢ ᠪᠠᠬᠢᠵᠢᠭᠦᠯᠬᠦ᠌ ᠡᠷᠡᠰ ᠪᠠᠲᠤ ᠪᠠᠷᠢᠮᠳᠠᠯᠠᠯ᠎ᠠᠴᠠ ᠰᠠᠯᠵᠤ ᠴᠢᠳᠠᠬᠤ ᠦᠬᠡᠢ ᠶᠤᠮ᠃ ᠤᠳᠤ ᠮᠠᠨ᠎ᠤ ᠣᠷᠣᠨ ᠵᠢᠯ᠎ᠳᠤ 2400 ᠭᠠᠷᠤᠢ ᠲᠦᠮᠡᠨ ᠲᠣᠨ ᠠᠮᠤ ᠲᠣᠰᠣ᠂ 300 ᠭᠠᠷᠤᠢ ᠲᠦᠮᠡᠨ ᠲᠣᠨ ᠮᠢᠬᠠᠨ᠎ᠤ ᠲᠥᠷᠥᠯ᠂ 1000 ᠭᠠᠷᠤᠢ ᠲᠦᠮᠡᠨ ᠲᠣᠨ ᠦᠨᠢᠶᠡᠨ ᠰᠦ᠎ᠶ᠋ᠢ ᠡᠳ᠋ᠱᠢᠭᠦᠯᠬᠦ᠌ ᠴᠢᠳᠠᠪᠤᠷᠢ᠎ᠲᠠᠢ ᠪᠤᠯᠵᠦ᠍᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠡᠳ᠋ᠱᠢᠭᠦᠯᠦᠨ ᠤᠨᠳᠤᠤᠱᠢᠭᠤᠯᠬᠤ ᠨᠣᠷᠮ᠎ᠠ 65% ᠎ᠳᠤ ᠬᠦᠷᠴᠡᠢ᠃

2009 ᠣᠨ᠎ᠳᠤ ᠳᠤᠮᠳᠠᠳᠤ ᠤᠯᠤᠰ ᠎ᠤᠨ ᠢᠳᠡᠭᠡᠨ ᠎ᠤ  ᠠᠵᠤ ᠦᠢᠯᠡᠳᠪᠦᠷᠢ ᠎ᠶ᠋ᠢᠨ ᠨᠡᠢᠭᠡᠮᠯᠢᠭ ᠎ᠠᠴᠠ ᠤᠯᠠᠭᠠᠨᠴᠠᠪ  ᠬᠤᠳᠠ᠎ᠶ᠋ᠢ 《ᠳᠤᠮᠳᠠᠳᠤ ᠤᠯᠤᠰ᠎ᠤᠨ ᠲᠥᠮᠥᠰᠥ᠎ᠶ᠋ᠢᠨ ᠬᠤᠳᠠ》 ᠎ᠪᠠᠷ ᠦᠨᠡᠯᠡᠵᠦ᠍᠂ 2018 ᠣᠨ᠎ᠳᠤ ᠤᠯᠤᠰ᠎ᠠᠴᠠ 《ᠥᠪᠥᠷ ᠮᠣᠩᠭᠤᠯ᠎ᠤᠨ ᠤᠯᠠᠭᠠᠨᠴᠠᠪ᠎ᠤᠨ ᠲᠥᠮᠥᠰᠥᠨ᠎ᠤ ᠲᠠᠷᠢᠮᠠᠯ᠎ᠤᠨ ᠤᠷᠤᠨ᠎ᠢ ᠳᠤᠮᠳᠠᠳᠤ ᠤᠯᠤᠰ᠎ᠤᠨ ᠦᠪᠡᠷᠮᠢᠴᠡ ᠣᠨᠴᠠᠯᠢᠭ᠍ᠳᠤ ᠲᠠᠷᠢᠶᠠᠯᠠᠩ᠎ᠤᠨ ᠪᠦᠲᠦᠭᠡᠭ᠌ᠳᠡᠬᠦᠨ᠎ᠤ ᠳᠠᠪᠠᠭᠤᠯᠢᠭ ᠣᠷᠣᠨ》 ᠎ᠢᠶᠠᠷ ᠦᠨᠡᠯᠡᠨ ᠲᠣᠭ᠍ᠲᠠᠭᠠᠵᠠᠢ᠃ ᠤᠯᠠᠭᠠᠨᠴᠠᠪ ᠬᠤᠲᠠ᠂ ᠠᠷᠤᠨ ᠬᠤᠱᠢᠭᠤ᠂ ᠭᠦᠶᠡᠩ ᠱᠢᠶᠠᠨ᠎ᠤ ᠲᠥᠮᠥᠰᠥ᠍ ᠴᠥᠮ ᠭᠠᠵᠠᠷ ᠵᠦᠢ᠎ᠶ᠋ᠢᠨ ᠢᠯᠡᠷᠬᠡᠢᠯᠡᠯᠳᠦ ᠲᠠᠷᠢᠶᠠᠯᠠᠩ᠎ᠤᠨ ᠪᠦᠲᠦᠭᠡᠭ᠌ᠳᠡᠬᠦᠨ᠎ᠤ ᠦᠨᠡᠮᠯᠡᠯ᠎ᠢ ᠤᠯᠪᠠ᠃

ᠥᠪᠡᠷᠮᠢᠴᠡ ᠪᠠᠢᠭᠠᠯᠢ᠎ᠶ᠋ᠢᠨ ᠡᠬᠢ ᠪᠠᠶᠠᠯᠢᠭ᠂ ᠠᠷᠠᠴᠢᠯᠠᠨ ᠲᠡᠵᠢᠭᠡᠬᠦ᠌ ᠱᠢᠯᠢᠳᠡᠭ ᠣᠷᠴᠢᠨ ᠲᠣᠭᠤᠷᠢᠨ᠂ ᠱᠢᠨ᠎ᠡ᠎ᠶ᠋ᠢ ᠡᠭᠦᠳᠬᠦ᠌ ᠤᠷ᠎ᠠ ᠮᠡᠷᠭᠡᠵᠢᠯ᠂ ᠠᠮᠤᠷ ᠲᠦᠪᠱᠢᠨ᠎ᠤ ᠪᠠᠳᠤ ᠴᠢᠩᠭ᠎ᠠ ᠬᠢᠨᠠᠯᠲᠠ ᠬᠠᠮᠢᠶᠠᠷᠤᠯᠲᠠ ᠪᠠᠢᠭ᠍ᠰᠠᠨ᠎ᠠᠴᠠ ᠥᠪᠥᠷ ᠮᠣᠩᠭᠤᠯ᠎ᠤᠨ ᠴᠢᠨᠠᠷ ᠰᠠᠢᠲᠠᠶ ᠦᠨᠢᠶᠡᠨ ᠰᠦ ᠪᠣᠶ ᠪᠤᠯᠪᠠ᠃ ᠤᠳᠤ ᠮᠠᠨ᠎ᠤ ᠣᠷᠣᠨ᠎ᠤ ᠰᠠᠭᠠᠯᠢ᠎ᠶ᠋ᠢᠨ ᠦᠨᠢᠶᠡᠨ᠎ᠤ ᠲᠤᠭ᠎ᠠ ᠪᠤᠯᠤᠨ ᠦᠨᠢᠶᠡᠨ ᠰᠦ᠎ᠶ᠋ᠢᠨ ᠭᠠᠷᠤᠯᠲᠠ ᠴᠦᠮ ᠰᠡᠷᠭᠦᠯᠲᠡ᠎ᠶ᠋ᠢᠨ ᠴᠢᠨᠠᠷᠲᠠᠶ᠎ᠪᠠᠷ ᠨᠡᠮᠡᠭ᠌ᠳᠡᠵᠤ᠂ ᠦᠨᠢᠶᠡᠨ ᠰᠦ᠎ᠶ᠋ᠢᠨ ᠭᠠᠷᠤᠯᠲᠠ᠎ᠪᠠᠷ ᠪᠥᠬᠦ᠌ ᠤᠯᠤᠰ᠎ᠤᠨ ᠴᠣᠷ᠎ᠤᠨ ᠭᠠᠭ᠍ᠴᠠ 500 ᠲᠦᠮᠡᠨ ᠲᠣᠨ᠎ᠢ ᠳᠠᠪᠠᠭ᠍ᠰᠠᠨ ᠮᠤᠵᠢ ᠣᠷᠣᠨ ᠪᠣᠯᠪᠠ; ᠮᠠᠨ᠎ᠤ ᠤᠷᠤᠨ᠎ᠤ ᠰᠠᠭᠠᠯᠢ᠎ᠶ᠋ᠢᠨ ᠦᠨᠢᠶᠡᠨ᠎ᠤ ᠲᠤᠭ᠎ᠠ᠂ ᠬᠥᠮᠦᠨ ᠳᠤᠮᠳᠠᠴᠢ᠎ᠳᠤ ᠨᠤᠭ᠍ᠳᠠᠬᠤ ᠰᠦ ᠰᠠᠭᠠᠯᠢ᠎ᠶ᠋ᠢᠨ ᠬᠡᠮᠵᠢᠶ᠎ᠡ ᠪᠠ ᠴᠠᠭᠠᠨ ᠢᠳᠡᠭᠡᠨ᠎ᠤ ᠦᠢᠯᠡᠳᠬᠦᠨ᠎ᠤ ᠥᠷᠲᠡᠭ ᠵᠡᠷᠭᠡ ᠣᠯᠠᠨ ᠵᠦᠢᠯ᠎ᠤᠨ ᠭᠦᠢᠴᠡᠳᠭᠡᠯ ᠲᠤᠭ᠎ᠠ ᠴᠦᠮ ᠪᠥᠬᠦ᠌ ᠤᠯᠤᠰ᠎ᠤᠨ ᠲᠡᠷᠢᠭᠦᠨ᠎ᠳᠤ ᠣᠷᠣᠵᠤ ᠪᠠᠢᠨ᠎ᠠ᠃

《ᠬᠢᠩᠭᠠᠨ ᠠᠢᠮᠠᠭ᠎ᠤᠨ ᠲᠤᠲᠤᠷᠭ᠎ᠠ》 ᠬᠡᠮᠡᠬᠦ᠌ ᠲᠦᠷᠦᠯ ᠲᠡᠮᠳᠡᠭ ᠪᠥᠬᠦ᠌ ᠤᠯᠤᠰ᠎ᠲᠤ ᠠᠯᠳᠠᠷᠱᠢᠵᠦ᠍᠂ ᠳᠤᠮᠳᠠᠳᠤ ᠤᠯᠤᠰ᠎ᠤᠨ ᠲᠠᠷᠢᠶᠠᠯᠠᠩ᠎ᠤᠨ ᠲᠦᠷᠦᠯ ᠲᠡᠮᠳᠡᠭ᠎ᠤᠨ ᠵᠢᠭ᠍ᠰᠠᠭᠠᠯᠳᠠ᠎ᠶ᠋ᠢᠨ 2019 ᠣᠨ᠎ᠤ ᠲᠠᠷᠢᠶᠠᠯᠠᠩ᠎ᠤᠨ ᠪᠦᠲᠦᠭᠡᠭ᠌ᠳᠡᠬᠦᠨ᠎ᠤ ᠣᠷᠣᠨ ᠪᠦᠰᠡ᠎ᠶ᠋ᠢᠨ ᠨᠡᠢᠲᠡ᠎ᠶ᠋ᠢᠨ ᠬᠡᠷᠡᠭ᠌ᠯᠡᠭᠡᠨ᠎ᠤ ᠲᠦᠷᠦᠯ ᠲᠡᠮᠳᠡᠭ᠎ᠢᠶᠠᠷ ᠰᠣᠩᠭᠤᠭ᠍ᠳᠠᠵᠤ᠂ ᠪᠥᠬᠦ᠌ ᠤᠯᠤᠰ᠎ᠤᠨ ᠵᠠᠭᠤᠨ ᠬᠦᠴᠦᠷᠬᠡᠭ ᠲᠠᠷᠢᠶᠠᠯᠠᠩ᠎ᠤᠨ ᠪᠦᠲᠦᠭᠡᠭ᠌ᠳᠡᠬᠦᠨ᠎ᠤ ᠣᠷᠣᠨ ᠪᠦᠰᠡ᠎ᠶ᠋ᠢᠨ ᠲᠦᠷᠦᠯ ᠲᠡᠮᠳᠡᠭ᠎ᠤᠨ 12 ᠳ᠋ᠤᠭᠠᠷ᠎ᠲᠤ ᠵᠢᠭ᠍ᠰᠠᠭᠠᠭ᠍ᠳᠠᠪᠠ ᠁ ᠲᠦᠷᠦᠯ ᠲᠡᠮᠳᠡᠭ᠌ᠳᠦ ᠪᠦᠳᠦᠭᠡᠭ᠌ᠳᠡᠬᠦᠨ ᠪᠤᠯᠤᠭ᠍ᠰᠠᠨ ᠬᠢᠩᠭᠠᠨ ᠠᠢᠮᠠᠭ᠎ᠤᠨ ᠲᠤᠲᠤᠷᠭ᠎ᠠ ᠵᠠᠬ᠎ᠠ ᠳᠡᠯᠭᠡᠭᠦᠷ᠎ᠤᠨ ᠬᠠᠯᠠᠭᠤᠨ ᠬᠦᠷᠢᠶᠡᠯᠡᠯ᠎ᠢ ᠤᠯᠵᠤ ᠪᠠᠢᠨ᠎ᠠ᠃

ᠤᠨᠴᠠᠯᠢᠬ᠍ᠳᠤ ᠠᠵᠤ ᠦᠢᠯᠡᠰ᠎ᠲᠤ ᠠᠩᠬᠠᠷᠤᠯ᠎ᠢᠶᠠᠨ ᠳᠠᠯᠪᠢᠨ ᠡᠬᠢ ᠪᠠᠶᠠᠯᠢᠭ᠎ᠤᠨ ᠬᠦᠴᠦᠨ ᠵᠦᠢᠯ᠎ᠢ ᠲᠥᠪᠯᠡᠷᠡᠭᠦᠯᠵᠦ᠍᠂ ᠰᠦᠷᠦᠭ᠌ᠵᠢᠬᠦᠯᠵᠤ ᠬᠡᠯᠬᠢᠶᠡᠵᠢᠬᠦᠯᠬᠦ᠌᠎ᠶ᠋ᠢ ᠠᠬᠢᠭᠤᠯᠤᠨ᠎ᠠ ᠁ ᠮᠠᠨ᠎ᠤ ᠣᠷᠣᠨ ᠲᠤᠭ᠎ᠠ ᠬᠡᠮᠵᠢᠶ᠎ᠡ᠎ᠠᠴᠠ ᠶᠠᠰᠤ ᠴᠢᠨᠠᠷ᠎ᠲᠤ ᠬᠦᠷᠬᠦ᠂ ᠪᠠᠭᠤᠷᠠᠢ᠎ᠠᠴᠠ ᠬᠦᠴᠦᠷᠬᠡᠭ ᠪᠣᠯᠬᠤ ᠳᠠᠪᠠᠯᠲᠠ᠎ᠶ᠋ᠢ ᠴᠢᠷᠮᠠᠢᠨ ᠪᠡᠶᠡᠯᠡᠭᠦᠯᠵᠦ᠍᠂ ᠮᠠᠯ ᠠᠵᠤ ᠠᠬᠤᠢ ᠲᠠᠷᠢᠶᠠᠯᠠᠩ᠎ᠤᠨ ᠬᠥᠭ᠌ᠵᠢᠯᠲᠡ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠱᠢᠨ᠎ᠡ ᠠᠶᠠᠨ᠎ᠢᠶᠠᠨ ᠡᠬᠢᠯᠡᠭᠦᠯᠦᠯ᠎ᠡ᠃

ᠬᠡᠯᠪᠡᠷᠢ᠎ᠪᠠᠨ ᠬᠤᠪᠢᠷᠠᠭᠤᠯᠬᠤ᠎ᠪᠠᠷ ᠭᠤᠤᠯᠳᠠᠯᠭ᠎ᠠ ᠪᠣᠯᠭᠠᠵᠤ ᠮᠠᠯᠵᠢᠬᠤ ᠤᠷᠤᠨ᠎ᠤ ᠤᠳᠤᠬᠢᠴᠢᠯᠠᠯᠳᠠ᠎ᠳᠤ ᠬᠤᠱᠢᠭᠤᠴᠢᠯᠠᠨ᠎ᠠ

ᠠᠪᠠᠭ᠎ᠠ ᠬᠤᠱᠢᠭᠤ ᠨᠢᠬᠡᠨᠳᠡ ᠮᠠᠯᠵᠢᠬᠤ ᠣᠷᠣᠨ᠎ᠤ ᠣᠳᠣᠬᠢᠴᠢᠯᠠᠯᠲᠠ᠎ᠶ᠋ᠢᠨ ᠠᠶᠠᠨ᠎ᠢᠶᠠᠨ ᠡᠬᠢᠯᠡᠬᠦᠯᠪᠡ᠃ 《ᠡᠨᠡ ᠪᠤᠯ ᠮᠠᠨ᠎ᠤ ᠱᠢᠨ᠎ᠡ᠎ᠪᠠᠷ ᠪᠠᠷᠢᠭ᠍ᠰᠠᠨ ᠳᠤᠯᠠᠭᠠᠨ ᠰᠠᠷᠠᠪᠴᠢ᠂ ᠲᠡᠨᠳᠡ ᠪᠠᠰᠠ ᠲᠤᠰᠭᠠᠢ ᠲᠦᠯ ᠲᠤᠰᠭᠤ ᠰᠠᠷᠠᠪᠴᠢ ᠪᠠᠢᠨ᠎ᠠ᠃ ᠮᠢᠨᠤ 300 ᠭᠠᠷᠤᠢ ᠦᠬᠡᠷ ᠬᠠᠬᠢᠷ ᠡᠪᠤᠯ᠎ᠤᠨ ᠬᠦᠢᠳᠡᠨ᠎ᠠᠴᠠ ᠠᠶᠤᠬᠤ ᠦᠬᠡᠢ ᠪᠤᠯᠤᠭ᠍ᠰᠠᠨ》 ᠬᠡᠵᠤ ᠲᠤᠰ ᠬᠤᠱᠢᠭᠤᠨ᠎ᠤ ᠴᠠᠭᠠᠨᠨᠠᠭᠤᠷ ᠪᠠᠯᠭᠠᠰᠤ᠎ᠶ᠋ᠢᠨ ᠥᠷᠭᠡᠨ ᠥᠨᠳᠥᠷ ᠭᠠᠴᠠᠭᠠᠨ᠎ᠤ ᠮᠠᠯᠴᠢᠨ ᠸᠠᠩ ᠽᠧ ᠮᠢᠨ ᠬᠦᠭ᠌ᠵᠢᠯᠳᠡᠢ ᠶᠠᠷᠢᠨ᠎ᠠ᠃

ᠠᠪᠠᠭ᠎ᠠ ᠬᠤᠱᠢᠭᠤᠨ᠎ᠳᠤ ᠸᠠᠩ ᠽᠧ ᠮᠢᠨ ᠱᠢᠭ ᠤᠳᠤ ᠦᠶ᠎ᠡ᠎ᠶ᠋ᠢᠨ ᠦᠢᠯᠡᠳᠪᠦᠷᠢᠯᠡᠯ ᠡᠵᠡᠩᠨᠡᠯᠲᠡ᠎ᠶ᠋ᠢᠨ ᠣᠢᠯᠠᠭᠠᠭ᠍ᠳᠠᠬᠤᠨ᠎ᠢᠶᠠᠷ ᠭᠡᠷ ᠪᠦᠯᠢ᠎ᠶ᠋ᠢᠨ ᠮᠠᠯᠵᠢᠯ᠎ᠤᠨ ᠲᠠᠯᠠᠪᠠᠢ ᠡᠵᠡᠩᠨᠡᠵᠦ᠍ ᠪᠠᠢᠭ᠎ᠠ ᠮᠠᠯᠴᠢᠨ ᠤᠯᠠᠨ ᠪᠤᠢ᠃ 2019 ᠣᠨ᠎ᠳᠤ᠂ ᠦᠪᠡᠷᠳᠡᠭᠡᠨ ᠵᠠᠰᠠᠬᠤ ᠤᠷᠤᠨ᠎ᠠᠴᠠ ᠠᠪᠠᠭ᠎ᠠ ᠬᠤᠱᠢᠭᠤ᠎ᠶ᠋ᠢ ᠮᠠᠯᠵᠢᠬᠤ ᠣᠷᠣᠨ᠎ᠤ ᠣᠳᠣᠬᠢᠴᠢᠯᠠᠯᠲᠠ᠎ᠶ᠋ᠢᠨ ᠲᠤᠷᠱᠢᠯᠲᠠ᠎ᠶ᠋ᠢᠨ ᠴᠡᠭ᠎ᠤᠨ ᠬᠤᠱᠢᠭᠤ᠎ᠪᠠᠷ ᠲᠣᠭ᠍ᠲᠠᠭᠠᠪᠠ᠃ ᠮᠠᠯᠵᠢᠬᠤ ᠣᠷᠣᠨ᠎ᠤ ᠣᠳᠣᠬᠢᠴᠢᠯᠠᠯᠲᠠ᠎ᠶ᠋ᠢᠨ ᠲᠤᠷᠱᠢᠯᠲᠠ᠎ᠶ᠋ᠢᠨ ᠴᠡᠭ᠎ᠤᠨ ᠪᠦᠳᠦᠬᠡᠨ ᠪᠠᠢᠭᠤᠯᠤᠯᠲᠠ᠎ᠶ᠋ᠢᠨ ᠭᠤᠣᠯᠳᠠᠯᠭ᠎ᠠ᠎ᠲᠠᠢ ᠠᠵᠢᠯ᠎ᠤᠨ ᠱᠠᠭᠠᠷᠳᠠᠯᠭ᠎ᠠ ᠶᠣᠰᠣᠭᠠᠷ᠂ ᠠᠪᠠᠭ᠎ᠠ ᠬᠤᠱᠢᠭᠤ ᠮᠠᠯᠴᠢᠳ᠎ᠲᠤ ᠠᠱᠢᠭ ᠬᠦᠷᠲᠡᠭᠡᠬᠦ᠌ ᠠᠯᠢ ᠤᠯᠠᠨ ᠲᠦᠷᠦ᠎ᠶ᠋ᠢᠨ ᠪᠤᠳᠤᠯᠭ᠎ᠠ ᠠᠷᠭ᠎ᠠ  ᠬᠡᠮᠵᠢᠶ᠎ᠡ᠎ᠶ᠋ᠢ ᠲᠣᠭ᠍ᠲᠠᠭᠠᠨ ᠬᠡᠷᠡᠭ᠌ᠵᠢᠬᠦᠯᠵᠤ᠂ ᠪᠣᠬᠢᠷᠲᠤᠯ ᠦᠭᠡᠢ ᠴᠢᠨᠠᠷ ᠰᠠᠢᠲᠠᠢ ᠮᠠᠯ᠎ᠤᠨ ᠠᠱᠢᠭ ᠱᠢᠮ᠎ᠡ᠎ᠶ᠋ᠢᠨ ᠬᠠᠩᠭᠠᠯᠭ᠎ᠠ᠎ᠶ᠋ᠢᠨ ᠴᠢᠳᠠᠪᠤᠷᠢ᠎ᠪᠠᠨ ᠳᠡᠭᠡᠭ᠌ᠰᠢᠯᠡᠭᠦᠯᠤᠨ᠂ ᠤᠯᠠᠮᠵᠢᠯᠠᠯᠲᠤ ᠮᠠᠯ ᠠᠵᠤ ᠠᠬᠤᠢ᠎ᠶ᠋ᠢ ᠤᠳᠤ ᠦᠶ᠎ᠡ᠎ᠶ᠋ᠢᠨ ᠮᠠᠯ ᠠᠵᠤ ᠠᠬᠤᠢ ᠪᠣᠯᠭᠠᠨ ᠬᠤᠪᠢᠷᠠᠭᠤᠯᠬᠤ᠎ᠶ᠋ᠢ ᠠᠬᠢᠭᠤᠯᠵᠤ᠂ ᠦᠬᠡᠷ ᠨᠠᠢᠳᠠᠨ ᠲᠠᠵᠢᠬᠡᠬᠦ᠌ ᠭᠠᠵᠠᠷ᠂ ᠪᠤᠳᠠ ᠪᠤᠭ ᠮᠠᠯ᠎ᠤᠨ ᠡᠮᠨᠡᠯᠭᠡ᠎ᠶ᠋ᠢᠨ  ᠬᠤᠷᠢᠶ᠎ᠠ ᠵᠡᠷᠭᠡ ᠣᠳᠣᠬᠢᠴᠢᠯᠠᠭ᠍ᠰᠠᠨ ᠮᠠᠯ ᠠᠵᠤ ᠠᠬᠤᠢ᠎ᠶ᠋ᠢᠨ ᠦᠢᠯᠡᠳᠪᠦᠷᠢᠯᠡᠯ᠎ᠤᠨ ᠲᠦᠷᠦᠯ ᠵᠦᠢᠯ᠎ᠢ ᠬᠤᠢᠨ᠎ᠠ ᠬᠤᠢᠨ᠎ᠠ᠎ᠠᠴᠠ᠎ᠨᠢ ᠪᠠᠢᠭᠤᠯᠵᠠᠢ᠃

ᠮᠠᠯᠵᠢᠬᠤ ᠣᠷᠣᠨ᠎ᠤ ᠣᠳᠣᠬᠢᠴᠢᠯᠠᠯᠲᠠ ᠦᠭᠡᠢ ᠪᠣᠯ ᠪᠦᠬᠦ᠌ ᠣᠷᠣᠨ᠎ᠤ ᠣᠳᠣᠬᠢᠴᠢᠯᠠᠯᠲᠠ ᠪᠠᠢᠵᠤ ᠴᠢᠳᠠᠬᠤ ᠦᠭᠡᠢ᠃ ᠮᠠᠯᠵᠢᠬᠤ ᠣᠷᠣᠨ᠎ᠤ ᠣᠳᠣᠬᠢᠴᠢᠯᠠᠯᠲᠠ ᠪᠣᠯ ᠮᠠᠨ᠎ᠤ ᠣᠷᠣᠨ᠎ᠤ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠱᠢᠬᠦ᠌᠎ᠶ᠋ᠢ ᠠᠬᠢᠭᠤᠯᠵᠤ ᠤᠳᠤ ᠦᠶ᠎ᠠ᠎ᠶ᠋ᠢᠨ ᠮᠠᠯ ᠠᠵᠤ ᠠᠬᠤᠶ ᠲᠠᠷᠢᠶᠠᠯᠠᠩ᠎ᠳᠤ ᠬᠤᠱᠢᠭᠤᠴᠢᠯᠠᠵᠤ ᠪᠠᠢᠭ᠎ᠠ ᠨᠢᠭᠡᠨ ᠬᠤᠷᠢᠶᠠᠩᠭᠤᠶ ᠳᠦᠷᠰᠦ ᠪᠤᠯᠬᠤ ᠶᠤᠮ᠃

ᠮᠠᠯ ᠠᠵᠤ ᠠᠬᠤᠶ ᠲᠠᠷᠢᠶᠠᠯᠠᠩ᠎ᠤᠨ ᠪᠦᠲᠦᠴᠡ᠎ᠶ᠋ᠢᠨ ᠴᠢᠨᠠᠷᠲᠠᠶ ᠥᠭᠡᠷᠡᠴᠢᠯᠡᠯᠲᠡ᠎ᠠᠴᠠ ᠮᠠᠯᠵᠢᠬᠤ ᠣᠷᠣᠨ᠎ᠤ ᠣᠳᠣᠬᠢᠴᠢᠯᠠᠭ᠍ᠰᠠᠨ ᠬᠠᠮᠢᠶᠠᠷᠤᠯᠲᠠ ᠬᠦᠷᠲᠡᠯ᠎ᠡ᠂ ᠬᠡᠷ ᠪᠦᠯᠢ᠎ᠶ᠋ᠢᠨ ᠣᠶᠤᠨᠴᠢ ᠮᠠᠯᠵᠢᠯ᠎ᠤᠨ ᠲᠠᠯᠠᠪᠠᠶ᠎ᠶ᠋ᠢ ᠲᠦᠭᠡᠮᠡᠯᠵᠢᠬᠦᠯᠬᠦ᠌᠎ᠠᠴᠠ ᠱᠢᠨ᠎ᠡ ᠬᠡᠯᠪᠡᠷᠢ᠎ᠶ᠋ᠢᠨ ᠮᠠᠯ ᠠᠵᠤ ᠠᠬᠤᠶ᠎ᠶ᠋ᠢᠨ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢ ᠬᠦᠭ᠌ᠵᠢᠬᠦᠯᠬᠦ᠌ ᠬᠦᠷᠲᠡᠯ᠎ᠡ᠂ ᠬᠡᠪᠴᠢᠶᠡᠵᠢᠭᠦᠯᠦᠨ ᠡᠵᠡᠩᠨᠡᠬᠦ᠌ ᠲᠣᠭ᠍ᠲᠠᠴᠠ᠎ᠶ᠋ᠢ ᠰᠦᠪᠡᠭ᠌ᠴᠢᠯᠡᠬᠦ᠌᠎ᠠᠴᠠ ᠮᠠᠯᠵᠢᠬᠤ ᠣᠷᠣᠨ᠎ᠤ ᠨᠡᠢᠭᠡᠮᠴᠢᠯᠡᠭ᠌ᠰᠡᠨ ᠦᠢᠯᠡᠴᠢᠯᠡᠭᠡ᠎ᠶ᠋ᠢ ᠥᠷᠭᠡᠳᠭᠡᠬᠦ᠌ ᠬᠦᠷᠲᠡᠯ᠎ᠡ᠂ ᠮᠠᠨ᠎ᠤ ᠣᠷᠣᠨ᠎ᠤ ᠮᠠᠯ ᠠᠵᠤ ᠠᠬᠤᠶ ᠲᠠᠷᠢᠶᠠᠯᠠᠩ᠎ᠤᠨ ᠦᠢᠯᠡᠳᠪᠦᠷᠢᠯᠡᠯ᠎ᠤᠨ ᠠᠷᠭ᠎ᠠ ᠬᠡᠯᠪᠡᠷᠢ᠂ ᠵᠣᠬᠢᠶᠠᠨ ᠪᠠᠢᠭᠤᠯᠤᠯᠳᠠ᠎ᠶ᠋ᠢᠨ ᠠᠷᠭ᠎ᠠ ᠬᠡᠯᠪᠡᠷᠢ᠂ ᠬᠠᠮᠢᠶᠠᠷᠤᠯᠲᠠ᠎ᠶ᠋ᠢᠨ ᠠᠷᠭ᠎ᠠ ᠬᠡᠯᠪᠡᠷᠢ᠎ᠳᠤ ᠴᠦᠮ ᠭᠦᠨᠵᠡᠭᠡᠶ ᠬᠤᠪᠢᠰᠤᠯᠲᠠ ᠭᠠᠷᠤᠭ᠍ᠰᠠᠨ ᠠᠵᠢ᠃

— ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠲᠦᠪᠱᠢᠨ ᠤᠯᠠᠮ ᠲᠠᠬᠡᠭ᠌ᠰᠢᠯᠡᠪᠡ᠃ ᠪᠦᠬᠦ᠌ ᠣᠷᠣᠨ᠎ᠤ ᠠᠮᠤ ᠪᠤᠳᠠᠭᠠᠨ᠎ᠤ ᠦᠢᠯᠡᠳᠪᠦᠷᠢᠯᠡᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠲᠦᠪᠱᠢᠨ ᠪᠣᠯᠤᠨ ᠣᠳᠣᠬᠢᠴᠢᠯᠠᠯᠳᠠ᠎ᠶ᠋ᠢᠨ ᠲᠦᠪᠱᠢᠨ ᠢᠯᠡᠳᠳᠡ ᠳᠡᠭᠡᠭ᠌ᠰᠢᠯᠡᠵᠦ᠍᠂ ᠲᠠᠷᠢᠶᠠᠯᠠᠩ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠳᠠᠪᠱᠢᠯᠲᠠ᠎ᠶ᠋ᠢᠨ ᠬᠤᠪᠢ ᠨᠡᠮᠡᠷᠢ᠎ᠶ᠋ᠢᠨ ᠨᠣᠷᠮ᠎ᠠ 2015 ᠣᠨ᠎ᠳᠤ 51.8% ᠪᠠᠢᠭ᠍ᠰᠠᠨ᠎ᠠᠴᠠ᠎ᠪᠠᠨ ᠳᠡᠭᠡᠭ᠌ᠰᠢᠯᠡᠭᠡᠳ ᠤᠳᠤ 57% ᠎ᠳᠤ ᠬᠦᠷᠪᠡ᠃ ᠪᠦᠬᠦ᠌ ᠣᠷᠣᠨ᠎ᠤ ᠲᠠᠷᠢᠵᠤ ᠬᠤᠷᠢᠶᠠᠬᠤ ᠶᠡᠷᠦᠩᠬᠡᠢᠯᠡᠭ᠌ᠰᠡᠨ ᠮᠠᠱᠢᠨᠴᠢᠯᠠᠯᠲᠠ᠎ᠶ᠋ᠢᠨ ᠲᠦᠪᠱᠢᠨ 2015 ᠣᠨ᠎ᠳᠤ 81.3% ᠪᠠᠢᠭ᠍ᠰᠠᠨ᠎ᠠᠴᠠ᠎ᠪᠠᠨ ᠲᠡᠭᠡᠭ᠌ᠰᠢᠯᠡᠭᠡᠳ ᠤᠳᠤ 86% ᠪᠣᠯᠵᠠᠢ᠃

— ᠶᠠᠰᠤ ᠴᠢᠨᠠᠷ᠎ᠤᠨ ᠠᠮᠤᠷ ᠲᠦᠪᠱᠢᠨ᠎ᠤ ᠬᠢᠨᠠᠯᠲᠠ ᠬᠠᠮᠢᠶᠠᠷᠤᠯᠲᠠ ᠤᠯᠠᠮ ᠴᠢᠩᠭᠠᠷᠠᠪᠠ᠃ ᠦᠢᠯᠡᠳᠪᠦᠷᠢᠯᠡᠯ ᠬᠠᠮᠢᠶᠠᠷᠤᠯᠳᠠ᠎ᠶ᠋ᠢ ᠵᠡᠷᠭᠡ᠎ᠪᠠᠷ ᠴᠢᠬᠤᠯᠠᠴᠢᠯᠠᠵᠤ᠂ ᠪᠥᠬᠦ᠌ ᠣᠷᠣᠨ᠎ᠤ 《ᠪᠤᠬᠢᠷᠳᠤᠯ ᠦᠬᠡᠢ᠂ ᠤᠷᠭᠠᠨᠢᠭ᠂ ᠭᠠᠵᠠᠷ ᠵᠦᠢ᠎ᠶ᠋ᠢᠨ ᠢᠯᠡᠷᠬᠡᠢᠯᠡᠯᠳᠦ》 ᠮᠠᠯ᠎ᠤᠨ ᠠᠱᠢᠭ ᠱᠢᠮ᠎ᠠ ᠲᠠᠷᠢᠶᠠᠯᠠᠩ᠎ᠤᠨ ᠪᠦᠳᠦᠬᠡᠭ᠌ᠳᠡᠬᠦᠨ᠎ᠤ ᠵᠢᠯ᠎ᠤᠨ ᠶᠠᠷᠦᠩᠬᠡᠢ ᠭᠠᠷᠤᠯᠳᠠ 500 ᠲᠦᠮᠡᠨ ᠲᠣᠨ᠎ᠳᠤ ᠬᠦᠷᠴᠤ᠌᠂ ᠪᠣᠬᠢᠷᠲᠤᠯ ᠥᠬᠡᠶ ᠢᠳᠡᠭᠡᠨ᠎ᠤ ᠪᠠᠷᠢᠮᠵᠢᠶᠠᠵᠢᠭᠤᠯᠤᠭ᠍ᠰᠠᠨ ᠰᠠᠭᠤᠷᠢᠨ᠎ᠤ ᠲᠠᠯᠠᠪᠠᠶ ᠪᠥᠬᠦ᠌ ᠤᠯᠤᠰ᠎ᠤᠨ ᠬᠤᠶᠠᠳᠤᠭᠠᠷ᠎ᠲᠤ ᠣᠷᠣᠵᠤ᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠤ ᠶᠠᠰᠤ ᠴᠢᠨᠠᠷ᠎ᠤᠨ ᠠᠮᠤᠷ ᠲᠦᠪᠱᠢᠨ᠎ᠤ ᠬᠢᠨᠠᠯᠳᠠ ᠬᠠᠮᠢᠶᠠᠷᠤᠯᠳᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠦᠷᠭᠦᠯᠵᠢᠯᠡᠨ ᠶᠠᠪᠤᠭ᠍ᠳᠠᠭᠤᠯᠵᠤ᠂ ᠲᠠᠷᠢᠶᠠᠨ ᠭᠠᠵᠠᠷ ᠮᠠᠯᠵᠢᠯ᠎ᠤᠨ ᠲᠠᠯᠠᠪᠠᠶ᠎ᠠᠴᠠ ᠬᠤᠭᠤᠯᠠᠨ ᠱᠢᠷᠡᠭᠡ ᠬᠦᠷᠲᠡᠯᠡᠬᠢ ᠶᠠᠰᠤ ᠴᠢᠨᠠᠷ᠎ᠤᠨ ᠮᠥᠷᠳᠡᠯᠳᠡ᠎ᠶ᠋ᠢᠨ ᠱᠢᠰᠲ᠋ᠧᠮ᠎ᠢ ᠪᠦᠷᠢᠨᠱᠢᠬᠦᠯᠥᠨ᠂ ᠪᠥᠬᠦ᠌ ᠣᠷᠣᠨ᠎ᠤ ᠭᠤᠤᠯ ᠪᠣᠯᠬᠤ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠤ ᠶᠡᠷᠦᠩᠬᠡᠶ ᠬᠢᠷᠢ ᠲᠡᠩᠴᠡᠯᠳᠡ᠎ᠶ᠋ᠢᠨ ᠨᠣᠷᠮ᠎ᠠ 5 ᠵᠢᠯ ᠳᠠᠷᠠᠭᠠᠯᠠᠨ 96% ᠎ᠠᠴᠠ ᠳᠡᠭᠡᠭ᠌ᠰᠢ ᠪᠠᠢᠬᠤ᠎ᠶ᠋ᠢ ᠪᠠᠳᠤᠯᠠᠪᠠ᠃

— ᠴᠢᠨᠠᠷ ᠰᠠᠢᠲᠠᠶ ᠪᠣᠬᠢᠷᠲᠤᠯ ᠥᠬᠡᠶ ᠲᠦᠷᠦᠯ ᠲᠡᠮᠳᠡᠭ᠌ᠳᠤ ᠪᠦᠳᠦᠭᠡᠭ᠌ᠳᠡᠬᠦᠨ ᠤᠯᠠᠮ ᠤᠯᠠᠱᠢᠷᠠᠪᠠ᠃ ᠮᠠᠯ ᠠᠵᠤ ᠠᠬᠤᠶ ᠲᠠᠷᠢᠶᠠᠯᠠᠩ᠎ᠤᠨ ᠲᠦᠷᠦᠯ ᠲᠡᠮᠳᠡᠭ᠎ᠢ ᠠᠯᠳᠠᠷᠱᠢᠭᠤᠯᠬᠤ ᠠᠵᠢᠯᠯᠠᠭ᠎ᠠ᠎ᠶ᠋ᠢ ᠭᠦᠨᠵᠡᠭᠡᠶ ᠬᠡᠷᠡᠭ᠌ᠵᠢᠭᠦᠯᠵᠦ᠍᠂ ᠮᠧᠩ ᠨᠢᠤ᠂ ᠮᠧᠩ ᠼᠤᠤ᠂ ᠮᠧᠩ ᠳ᠋ᠤᠤ ᠵᠡᠷᠭᠡ 《ᠥᠪᠥᠷ ᠮᠣᠩᠭᠤᠯ ᠨᠡᠷᠡᠮᠵᠢᠲᠦ》 ᠲᠦᠷᠦᠯ ᠲᠡᠮᠳᠡᠭ᠎ᠢ ᠴᠤᠭ᠍ᠴᠠᠯᠠᠨ᠂ ᠲᠩᠷᠢ᠎ᠶ᠋ᠢᠨ ᠬᠡᠱᠢᠭ᠌ᠲᠦ ᠪᠣᠷᠣᠲᠣᠬᠤᠶ᠂ ᠬᠢᠩᠭᠠᠨ ᠠᠢᠮᠠᠭ᠎ᠤᠨ ᠲᠤᠲᠤᠷᠭ᠎ᠠ᠂ ᠬᠥᠯᠥᠨ ᠪᠤᠢᠷ᠎ᠤᠨ ᠬᠤᠨᠢᠨ ᠮᠢᠬ᠎ᠠ ᠵᠡᠷᠭᠡ ᠣᠷᠣᠨ ᠪᠦᠰᠡ᠎ᠶ᠋ᠢᠨ ᠨᠡᠢᠲᠡ᠎ᠶ᠋ᠢᠨ ᠬᠡᠷᠡᠭ᠌ᠯᠡᠭᠡᠨ᠎ᠤ ᠲᠦᠷᠦᠯ ᠲᠡᠮᠳᠡᠭ᠎ᠢ ᠪᠤᠢᠵᠢᠭᠤᠯᠵᠤ᠂ ᠥᠪᠥᠷ ᠮᠣᠩᠭᠤᠯ᠎ᠤᠨ ᠲᠦᠷᠦᠯ ᠲᠡᠮᠳᠡᠭ᠎ᠤᠨ ᠪᠦᠬᠦ᠌ ᠤᠯᠤᠰ᠎ᠲᠠᠬᠢ ᠨᠠᠷ᠎ᠠ ᠠᠯᠳᠠᠷᠱᠢᠯ ᠪᠠ ᠨᠥᠯᠥᠭᠡᠯᠡᠬᠦ᠌ ᠬᠦᠴᠦᠨ᠎ᠢ ᠳᠡᠭᠡᠭ᠌ᠰᠢᠯᠡᠭᠦᠯᠪᠡ᠃

— ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢᠨ ᠠᠮᠢᠵᠢᠷᠠᠯ᠎ᠤᠨ ᠬᠦᠴᠦᠨ ᠤᠯᠠᠮ ᠴᠢᠩᠭᠠᠷᠠᠪᠠ᠃ ᠮᠠᠯ ᠠᠵᠤ ᠠᠬᠤᠶ ᠲᠠᠷᠢᠶᠠᠯᠠᠩ᠎ᠤᠨ ᠠᠵᠤ ᠦᠢᠯᠡᠰᠵᠢᠯᠳᠠ᠎ᠶ᠋ᠢᠨ 416 ᠬᠤᠯᠪᠣᠭᠠᠲᠤ ᠴᠣᠭ᠍ᠴᠠ᠎ᠶ᠋ᠢ ᠡᠭᠦᠳᠦᠨ ᠪᠠᠢᠭᠤᠯᠵᠤ᠂ ᠪᠥᠬᠦ᠌ ᠣᠷᠣᠨ ᠵᠢᠱ᠌ᠢᠶ᠎ᠡ ᠦᠵᠡᠭᠦᠯᠬᠦ᠌ 3850 ᠬᠡᠷ ᠪᠦᠯᠢ᠎ᠶ᠋ᠢᠨ ᠲᠠᠷᠢᠶᠠᠯᠠᠩ ᠮᠠᠯᠵᠢᠯ᠎ᠤᠨ ᠲᠠᠯᠠᠪᠠᠶ ᠪᠠ 2956 ᠲᠤᠰᠭᠠᠢ ᠬᠤᠷᠱᠢᠶ᠎ᠠ᠎ᠲᠠᠢ ᠪᠤᠯᠵᠤ᠂ ᠪᠥᠬᠦ᠌ ᠤᠯᠤᠰ᠎ᠤᠨ ᠬᠡᠷ ᠪᠦᠯᠢ᠎ᠶ᠋ᠢᠨ ᠨᠡᠷᠡᠰ᠎ᠤᠨ ᠵᠢᠭ᠍ᠰᠠᠭᠠᠯᠳᠠ᠎ᠶ᠋ᠢᠨ ᠱᠢᠰᠲ᠋ᠧᠮ᠎ᠳᠤ ᠤᠷᠤᠭ᠍ᠰᠠᠨ ᠬᠡᠷ ᠪᠦᠯᠢ᠎ᠶ᠋ᠢᠨ ᠲᠠᠷᠢᠶᠠᠯᠠᠩ ᠮᠠᠯᠵᠢᠯ᠎ᠤᠨ ᠲᠠᠯᠠᠪᠠᠶ 26 ᠲᠦᠮᠡ ᠪᠠᠢᠵᠦ᠍᠂ ᠱᠢᠨ᠎ᠡ ᠬᠡᠯᠪᠡᠷᠢ᠎ᠶ᠋ᠢᠨ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢᠨ ᠳᠠᠢᠴᠢᠯᠠᠯᠲᠠ᠎ᠪᠠᠷ ᠲᠠᠮᠵᠢᠨ ᠮᠠᠯᠴᠢᠨ ᠲᠠᠷᠢᠶᠠᠴᠢᠨ᠎ᠤ ᠪᠡᠶᠡᠵᠢᠨ ᠴᠢᠨᠡᠭᠡᠯᠢᠭ᠌ᠵᠢᠬᠦ᠌ ᠴᠢᠳᠠᠪᠤᠷᠢ ᠪᠠ ᠠᠵᠢᠯ ᠤᠯᠬᠤ ᠥᠷᠢᠰᠥᠯᠳᠦᠬᠦ᠌ ᠬᠦᠴᠦᠨ᠎ᠢ ᠶᠡᠭᠡ᠎ᠪᠠᠷ ᠳᠡᠭᠡᠭ᠌ᠰᠢᠯᠡᠭᠦᠯᠪᠡ᠃

ᠬᠥᠭ᠌ᠵᠢᠯᠲᠡ᠎ᠶ᠋ᠢᠨ ᠬᠦᠴᠢᠷ ᠠᠰᠠᠭᠤᠳᠠᠯ᠎ᠢ ᠱᠢᠶᠳᠪᠦᠷᠢᠯᠡᠵᠦ᠍᠂ ᠬᠥᠭ᠌ᠵᠢᠯᠲᠡ᠎ᠶ᠋ᠢᠨ ᠳᠠᠪᠠᠭᠤᠯᠢᠭ᠎ᠢᠶᠠᠨ ᠪᠠᠳᠤᠳᠭᠠᠨ᠎ᠠ᠃ ᠣᠷᠣᠨ ᠳᠠᠶᠠᠭᠠᠷ᠎ᠢᠶᠠᠨ ᠪᠦᠳᠦᠴᠡ᠎ᠶ᠋ᠢ ᠲᠤᠬᠢᠷᠠᠭᠤᠯᠬᠤ ᠪᠠ ᠳᠠᠪᠠᠭᠤᠯᠢᠭ᠎ᠢᠶᠠᠨ ᠤᠯᠠᠷᠢᠭᠤᠯᠬᠤ᠎ᠳᠤ ᠠᠩᠬᠠᠷᠤᠯ ᠬᠦᠴᠦ᠎ᠪᠠᠨ ᠲᠥᠪᠯᠡᠷᠡᠭᠦᠯᠵᠦ᠍᠂ ᠮᠠᠯᠵᠢᠬᠤ ᠲᠠᠷᠢᠶᠠᠯᠠᠬᠤ ᠡᠷᠦᠬᠡ ᠬᠢᠬᠡᠳ ᠠᠵᠤ ᠠᠬᠤᠢ᠍ᠢᠯᠠᠯ᠎ᠤᠨ ᠠᠱᠢᠭ ᠲᠤᠰᠠ᠎ᠶ᠋ᠢᠨ ᠬᠤᠯᠪᠤᠭᠠᠨ᠎ᠤ ᠲᠣᠭ᠍ᠲᠠᠴᠠ᠎ᠶ᠋ᠢ ᠭᠦᠨᠵᠡᠭᠡᠢᠷᠡᠭᠦᠯᠤᠨ᠂ ᠠᠵᠤ ᠦᠢᠯᠡᠰ᠎ᠤᠨ ᠬᠡᠯᠬᠢᠶ᠎ᠡ᠎ᠶ᠋ᠢ ᠤᠷᠲᠤᠳᠭᠠᠨ ᠥᠷᠲᠡᠭ᠎ᠤᠨ ᠬᠡᠯᠬᠢᠶ᠎ᠡ᠎ᠶ᠋ᠢ ᠲᠡᠰ ᠲᠡᠪᠱᠢᠬᠦᠯᠵᠤ᠂ ᠮᠠᠯ ᠠᠵᠤ ᠠᠬᠤᠶ ᠲᠠᠷᠢᠶᠠᠯᠠᠩ᠎ᠤᠨ ᠴᠢᠨᠠᠷ ᠰᠠᠢᠲᠠᠶ ᠬᠦᠭ᠌ᠵᠢᠯᠳᠡ ᠪᠤᠯᠤᠨ ᠮᠠᠯᠴᠢᠨ ᠲᠠᠷᠢᠶᠠᠴᠢᠨ᠎ᠤ ᠤᠷᠤᠯᠭ᠎ᠠ᠎ᠶ᠋ᠢᠨ ᠨᠡᠮᠡᠭ᠌ᠳᠡᠯ᠎ᠢ ᠪᠦᠬᠦ᠌ ᠬᠦᠴᠦᠨ᠎ᠢᠶᠠᠷ ᠠᠬᠢᠭᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号