ᠮᠠᠯ ᠠᠵᠤ ᠠᠬᠤᠢ ᠲᠠᠷᠢᠶᠠᠯᠠᠩ ᠬᠥᠭ᠌ᠵᠢᠪᠡᠯ᠂ ᠠᠯᠢᠪᠠ ᠦᠢᠯᠡᠰ ᠬᠥᠭ᠌ᠵᠢᠩᠬᠦᠢ; ᠮᠠᠯ ᠠᠵᠤ ᠠᠬᠤᠶ ᠲᠠᠷᠢᠶᠠᠯᠠᠩ ᠲᠣᠭ᠍ᠲᠠᠭᠤᠨ ᠪᠤᠯ ᠪᠥᠬᠦ᠌ ᠲᠠᠯ᠎ᠠ ᠲᠣᠭ᠍ᠲᠠᠭᠤᠨ᠃ ᠤᠯᠤᠰ ᠠᠷᠠᠳ᠎ᠤᠨ ᠠᠵᠤ ᠠᠬᠤᠶ᠎ᠶ᠋ᠢᠨ ᠰᠠᠭᠤᠷᠢ ᠪᠣᠯᠤᠭ᠍ᠰᠠᠨ ᠮᠠᠯ ᠠᠵᠤ ᠠᠬᠤᠶ ᠲᠠᠷᠢᠶᠠᠯᠠᠩ᠎ᠨᠢ ᠠᠷᠠᠳ ᠣᠯᠠᠨ᠎ᠤ ᠠᠵᠤ ᠠᠮᠢᠳᠤᠷᠠᠯ᠎ᠳᠤ ᠬᠤᠯᠪᠣᠭ᠍ᠳᠠᠬᠤ᠎ᠪᠠᠷ ᠪᠠᠷᠠᠬᠤ ᠦᠭᠡᠢ ᠪᠦᠬᠦ᠌ ᠣᠷᠣᠨ᠎ᠤ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠠᠮᠢᠨ ᠰᠤᠳᠠᠰᠤᠯᠤᠭᠠ ᠨᠢᠭ᠍ᠲᠠ ᠬᠤᠯᠪᠣᠭ᠎ᠠ᠎ᠲᠠᠢ ᠶᠤᠮ᠃ ᠮᠠᠨ᠎ᠤ ᠣᠷᠣᠨ ᠮᠠᠯ ᠠᠵᠤ ᠠᠬᠤᠶ ᠲᠠᠷᠢᠶᠠᠯᠠᠩ᠎ᠤᠨ ᠴᠢᠨᠠᠷ ᠰᠠᠢᠲᠠᠶ ᠬᠦᠭ᠌ᠵᠢᠯᠳᠡ᠎ᠶ᠋ᠢ ᠠᠬᠢᠭᠤᠯᠵᠤ ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ᠎ᠤ 《ᠰᠠᠭᠤᠷᠢ ᠴᠢᠯᠠᠭᠤ》 ᠶ᠋ᠢᠨ ᠦᠢᠯᠡᠳᠦᠯ᠎ᠢ ᠪᠦᠲᠦᠮᠵᠢᠲᠡᠶ ᠪᠠᠳᠠᠷᠠᠭᠤᠯᠪᠠ᠃
ᠭᠢᠯᠠᠰ ᠴᠡᠭ ᠨᠢᠬᠡ
ᠠᠮᠤ ᠪᠤᠳᠠᠭᠠᠨ᠎ᠤ ᠦᠢᠯᠡᠳᠪᠦᠷᠢᠯᠡᠯ ᠠᠷᠪᠠᠨ ᠲᠤᠯᠤᠭᠠᠨ ᠵᠢᠯ ᠲᠠᠷᠠᠭᠠᠯᠠᠨ ᠡᠯᠪᠡᠭ ᠬᠤᠷᠢᠶᠠᠯᠳᠠ ᠤᠯᠤᠯ᠎ᠠ
《ᠠᠷᠪᠠᠨ ᠭᠤᠷᠪᠠᠳᠤᠭᠠᠷ ᠲᠠᠪᠤᠨ ᠵᠢᠯ》 ᠤᠨ ᠬᠤᠭᠤᠴᠠᠭᠠᠨ᠎ᠳᠤ᠂ ᠮᠠᠨ᠎ᠤ ᠣᠷᠣᠨ᠎ᠤ ᠠᠮᠤ ᠪᠤᠳᠠᠭᠠᠨ᠎ᠤ ᠶᠡᠷᠦᠩᠬᠡᠶ ᠤᠨᠠᠯᠲᠠ 3 ᠵᠢᠯ ᠳᠠᠷᠠᠭᠠᠯᠠᠨ 700 ᠳ᠋ᠦᠩᠱᠢᠭᠤᠷ ᠵᠢᠩ᠎ᠢ ᠳᠠᠪᠠᠵᠤ᠂ 2020 ᠣᠨ᠎ᠳᠤ 732.8 ᠳ᠋ᠦᠩᠱᠢᠭᠤᠷ ᠵᠢᠩ᠎ᠳᠤ ᠬᠦᠷᠴᠦ᠍᠂ 2015 ᠣᠨ᠎ᠤ᠎ᠬᠢ᠎ᠠᠴᠠ 74.3 ᠳ᠋ᠦᠩᠱᠢᠭᠤᠷ ᠵᠢᠩ ᠨᠡᠮᠡᠭ᠌ᠳᠡᠵᠦ᠍᠂ ᠪᠥᠬᠦ᠌ ᠤᠯᠤᠰ᠎ᠤᠨ ᠨᠠᠢ᠍ᠮᠠᠳᠤᠭᠠᠷ᠎ᠲᠤ ᠵᠢᠭ᠍ᠰᠠᠪᠠ᠃ 《ᠲᠠᠷᠢᠶᠠᠨ ᠭᠠᠵᠠᠷ᠎ᠤᠨ ᠠᠮᠤ ᠪᠤᠳᠠᠭᠠᠨ᠎ᠤ ᠦᠢᠯᠡᠳᠪᠤᠷᠢᠯᠡᠯ᠎ᠤᠨ ᠴᠢᠳᠠᠪᠤᠷᠢ᠎ᠶ᠋ᠢ ᠪᠠᠳᠤᠯᠠᠵᠤ ᠮᠡᠷᠬᠡᠵᠢᠯ᠎ᠢᠶᠠᠷ ᠠᠮᠤ ᠪᠤᠳᠠᠭᠠᠨ᠎ᠤ ᠤᠨᠠᠯᠳᠠ᠎ᠶ᠋ᠢ ᠨᠡᠮᠡᠭ᠌ᠳᠡᠬᠦᠯᠬᠦ᠌》 ᠪᠠᠢᠯᠳᠤᠬᠤ ᠪᠤᠳᠤᠯᠭ᠎ᠠ᠎ᠶ᠋ᠢ ᠶᠡᠭᠡ᠎ᠪᠠᠷ ᠬᠡᠷᠡᠭ᠌ᠵᠢᠭᠦᠯᠵᠦ᠍᠂ ᠪᠠᠷᠢᠮᠵᠢᠶᠠᠵᠢᠭᠤᠯᠤᠭ᠍ᠰᠠᠨ ᠮᠡᠷᠭᠡᠵᠢᠯ᠎ᠤᠨ ᠪᠦᠷᠬᠦᠴᠡ 2019 ᠣᠨ᠎ᠳᠤ 57% ᠪᠠᠢᠭ᠍ᠰᠠᠨ᠎ᠠᠴᠠ᠎ᠪᠠᠨ ᠨᠡᠮᠡᠭ᠌ᠳᠡᠭᠡᠳ 66.3% ᠪᠣᠯᠵᠠᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠨᠡᠢᠲᠡ 4125 ᠲᠦᠮᠡᠨ ᠮᠥ᠍ ᠪᠠᠢᠭᠤᠯᠵᠤ᠂ 759 ᠲᠦᠮᠡᠨ ᠮᠥ᠍ ᠲᠠᠷᠢᠶᠠᠨ ᠭᠠᠵᠠᠷ᠎ᠲᠤ ᠬᠠᠮᠠᠭᠠᠯᠠᠯᠲᠠ᠎ᠶ᠋ᠢᠨ ᠴᠢᠨᠠᠷᠲᠠᠶ ᠲᠠᠷᠢᠶᠠᠯᠠᠵᠦ᠍᠂ ᠠᠮᠤ ᠪᠤᠳᠠᠭᠠᠨ᠎ᠤ ᠦᠢᠯᠡᠳᠪᠦᠷᠢᠯᠡᠯ᠎ᠤᠨ ᠴᠢᠳᠠᠪᠤᠷᠢ᠎ᠶ᠋ᠢ ᠲᠣᠭ᠍ᠲᠠᠭᠤᠨ᠎ᠢᠶᠠᠷ ᠳᠡᠭᠡᠭ᠌ᠰᠢᠯᠡᠭᠦᠯᠪᠡ᠃ ᠳᠠᠪᠠᠭᠤᠯᠢᠭ ᠠᠮᠤ ᠲᠣᠰᠣᠨ᠎ᠤ ᠲᠠᠷᠢᠮᠠᠯ᠎ᠳᠤ ᠪᠣᠬᠢᠷᠲᠤᠯ ᠥᠬᠡᠶ᠎ᠪᠠᠷ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌ ᠮᠡᠷᠭᠡᠵᠢᠯ᠎ᠢ ᠳᠡᠯᠭᠡᠷᠡᠭᠦᠯᠵᠦ᠍᠂ ᠲᠠᠷᠢᠶᠠᠯᠠᠩ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠳᠠᠪᠱᠢᠯᠲᠠ᠎ᠶ᠋ᠢᠨ ᠬᠤᠪᠢ ᠨᠡᠮᠡᠷᠢ᠎ᠶ᠋ᠢᠨ ᠨᠣᠷᠮ᠎ᠠ 2015 ᠣᠨ᠎ᠳᠤ 51.8% ᠪᠠᠢᠭ᠍ᠰᠠᠨ᠎ᠠᠴᠠ᠎ᠪᠠᠨ ᠳᠡᠭᠡᠭ᠌ᠰᠢᠯᠡᠭᠡᠳ 57% ᠪᠣᠯᠵᠠᠢ᠃ ᠱᠢᠨ᠎ᠡ ᠡᠭᠦᠯᠳᠡᠷ᠎ᠢ ᠪᠤᠢᠵᠢᠭᠤᠯᠬᠤ᠎ᠶ᠋ᠢ ᠲᠦᠷᠭᠡᠳᠭᠡᠵᠦ᠍᠂ ᠱᠢᠯᠢᠳᠡᠭ ᠡᠭᠦᠯᠳᠡᠷ᠎ᠤᠨ ᠪᠦᠷᠬᠦᠴᠡ᠎ᠶ᠋ᠢ 98% ᠠᠴᠠ ᠳᠡᠭᠡᠭ᠌ᠰᠢ᠎ᠳᠤ ᠲᠣᠭ᠍ᠲᠠᠪᠤᠷᠢᠵᠢᠭᠤᠯᠪᠠ᠃
ᠭᠢᠯᠠᠰ ᠴᠡᠭ ᠬᠤᠶᠠᠷ
ᠮᠠᠯ ᠠᠵᠤ ᠠᠬᠤᠢ ᠠᠷᠪᠠᠨ ᠵᠢᠷᠭᠤᠭᠠᠨ ᠵᠢᠯ ᠲᠠᠷᠠᠭᠠᠯᠠᠨ ᠲᠤᠭ᠍ᠳᠠᠭᠤᠨ ᠨᠡᠮᠡᠭ᠌ᠳᠡᠯ᠎ᠢ ᠪᠠᠳᠤᠯᠠᠯ᠎ᠠ
《ᠠᠷᠪᠠᠨ ᠭᠤᠷᠪᠠᠳᠤᠭᠠᠷ ᠲᠠᠪᠤᠨ ᠵᠢᠯ》 ᠤᠨ ᠬᠤᠭᠤᠴᠠᠭᠠᠨ᠎ᠳᠤ᠂ ᠮᠠᠨ᠎ᠤ ᠣᠷᠣᠨ 《ᠠᠮᠤ ᠪᠤᠳᠠᠭᠠᠨ᠎ᠤ ᠲᠠᠷᠢᠮᠠᠯ᠎ᠢ ᠪᠤᠷᠳᠤᠭᠠᠨ ᠲᠠᠷᠢᠮᠠᠯ ᠪᠣᠯᠭᠠᠨ ᠥᠭᠡᠷᠡᠴᠢᠯᠡᠬᠦ᠌》 ᠪᠠ 《ᠬᠤᠨᠢ᠎ᠶ᠋ᠢ ᠲᠣᠭ᠍ᠲᠠᠪᠤᠷᠢᠵᠢᠭᠤᠯᠤᠨ ᠦᠬᠡᠷ᠎ᠢ ᠨᠡᠮᠡᠭ᠌ᠳᠡᠭᠦᠯᠬᠦ᠌》 ᠪᠠᠢᠯᠳᠤᠬᠤ ᠪᠣᠳᠣᠯᠭ᠎ᠠ᠎ᠪᠠᠷ ᠭᠤᠤᠯᠳᠠᠯᠭ᠎ᠠ ᠪᠣᠯᠭᠠᠵᠤ᠂ ᠲᠤᠬᠠᠶ᠎ᠶ᠋ᠢᠨ ᠭᠠᠵᠠᠷ᠎ᠤᠨ ᠪᠠᠢᠳᠠᠯ᠎ᠳᠠᠭᠠᠨ ᠲᠣᠬᠢᠷᠠᠭᠤᠯᠤᠨ ᠮᠠᠯ ᠠᠵᠤ ᠠᠬᠤᠶ᠎ᠶ᠋ᠢᠨ ᠪᠦᠲᠦᠴᠡ᠎ᠶ᠋ᠢ ᠳᠣᠭᠢᠷᠠᠭᠤᠯᠤᠨ ᠱᠢᠯᠢᠳᠡᠭ᠌ᠵᠢᠭᠦᠯᠵᠦ᠍᠂ ᠮᠠᠯ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠪᠠ᠃ ᠮᠢᠬᠠᠨ᠎ᠤ ᠲᠥᠷᠥᠯ᠎ᠤᠨ ᠶᠡᠷᠦᠩᠬᠡᠶ ᠭᠠᠷᠤᠯᠲᠠ 260.7 ᠲᠦᠮᠡᠨ ᠲᠣᠨ᠎ᠳᠤ ᠬᠦᠷᠴᠦ᠍᠂ 2015 ᠣᠨ᠎ᠤ᠎ᠬᠢ᠎ᠠᠴᠠ 23.9 ᠲᠦᠮᠡᠨ ᠲᠣᠨ ᠨᠡᠮᠡᠭ᠌ᠳᠡᠵᠡᠢ᠃ ᠬᠤᠨᠢᠨ ᠮᠢᠬᠠᠨ᠎ᠤ ᠭᠠᠷᠤᠯᠲᠠ ᠪᠦᠬᠦ᠌ ᠤᠯᠤᠰ᠎ᠲᠤ ᠲᠦᠷᠦᠭᠦᠯᠡᠵᠦ᠍᠂ ᠭᠠᠷᠤᠯᠲᠠ᠎ᠨᠢ ᠪᠦᠬᠦ᠌ ᠤᠯᠤᠰ᠎ᠤᠨ 1\4 ᠶ᠋ᠢ ᠡᠵᠡᠯᠡᠨ᠂ ᠭᠠᠷᠤᠯᠲᠠ ᠵᠠᠭᠤᠨ ᠲᠦᠮᠡᠨ ᠲᠣᠨ᠎ᠢ ᠳᠠᠪᠠᠭ᠍ᠰᠠᠨ ᠴᠣᠷ᠎ᠤᠨ ᠭᠠᠭ᠍ᠴᠠ ᠮᠣᠵᠢ ᠣᠷᠣᠨ ᠪᠣᠯᠵᠤ᠂ ᠦᠢᠯᠡᠳᠬᠦᠨ᠎ᠤ ᠥᠷᠲᠡᠭ᠎ᠨᠢ 800 ᠳ᠋ᠦᠩᠱᠢᠭᠤᠷ ᠲᠦᠭᠦᠷᠢᠭ᠎ᠢ ᠲᠠᠪᠠᠵᠠᠢ᠃ ᠦᠬᠡᠷ᠎ᠤᠨ ᠮᠢᠬᠠᠨ᠎ᠤ ᠭᠠᠷᠤᠯᠲᠠ ᠭᠤᠷᠪᠠᠨ ᠵᠢᠯ ᠳᠠᠷᠠᠭᠠᠯᠠᠨ ᠪᠥᠬᠦ᠌ ᠤᠯᠤᠰ᠎ᠲᠤ ᠬᠤᠶᠠᠳᠤᠭᠠᠷ᠎ᠲᠤ ᠣᠷᠣᠵᠤ᠂ ᠭᠠᠷᠤᠯᠲᠠ᠎ᠨᠢ ᠪᠥᠬᠦ᠌ ᠤᠯᠤᠰ᠎ᠤᠨ 1\10 ᠶ᠋ᠢ ᠡᠵᠡᠯᠡᠵᠡᠢ᠃ ᠰᠦ᠎ᠶ᠋ᠢᠨ ᠦᠢᠯᠡᠰ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠦᠬᠦ᠌ ᠬᠦᠴᠦᠨ᠎ᠢᠶᠠᠷ ᠠᠬᠢᠭᠤᠯᠵᠤ᠂ ᠰᠠᠭᠠᠯᠢ᠎ᠶ᠋ᠢᠨ ᠦᠨᠢᠶᠡᠨ᠎ᠤ ᠲᠤᠭ᠎ᠠ 129.3 ᠲᠦᠮᠡ ᠪᠤᠯᠵᠤ᠂ ᠦᠨᠢᠶᠡᠨ ᠰᠦ᠎ᠶ᠋ᠢᠨ ᠭᠠᠷᠤᠯᠲᠠ 611.5 ᠲᠦᠮᠡᠨ ᠲᠣᠨ᠎ᠳᠤ ᠬᠦᠷᠴᠦ᠍᠂ ᠮᠠᠨ᠎ᠤ ᠣᠷᠣᠨ᠎ᠤ ᠰᠠᠭᠠᠯᠢ᠎ᠶ᠋ᠢᠨ ᠦᠨᠢᠶᠡᠨ᠎ᠤ ᠲᠤᠭ᠎ᠠ᠂ ᠦᠨᠢᠶᠡᠨ ᠰᠦ᠎ᠶ᠋ᠢᠨ ᠭᠠᠷᠤᠯᠲᠠ ᠰᠡᠷᠭᠦᠯᠲᠡ᠎ᠶ᠋ᠢᠨ ᠴᠢᠨᠠᠷᠲᠠᠢ ᠨᠡᠮᠡᠭ᠌ᠳᠡᠵᠦ᠍᠂ ᠦᠨᠢᠶᠡᠨ ᠰᠦ᠎ᠶ᠋ᠢᠨ ᠭᠠᠷᠤᠯᠲᠠ 500 ᠲᠦᠮᠡᠨ ᠲᠣᠨ᠎ᠢ ᠳᠠᠪᠠᠭ᠍ᠰᠠᠨ ᠪᠦᠬᠦ᠌ ᠤᠯᠤᠰ᠎ᠤᠨ ᠴᠣᠷ᠎ᠤᠨ ᠭᠠᠭ᠍ᠴᠠ ᠮᠣᠵᠢ ᠣᠷᠣᠨ ᠪᠤᠯᠵᠠᠢ᠃
ᠭᠢᠯᠠᠰ ᠴᠡᠭ ᠭᠤᠷᠪᠠ
ᠬᠥᠳᠡᠭᠡ ᠲᠣᠰᠭᠤᠨ᠎ᠤ ᠵᠠᠰᠠᠯᠲᠠ᠎ᠠᠴᠠ 《ᠪᠣᠯᠪᠠᠰᠤᠨ ᠰᠤᠷᠲᠠᠯ》 ᠤᠯᠠᠮ ᠵᠠᠢ ᠠᠪᠤᠯ᠎ᠠ
《ᠠᠷᠪᠠᠨ ᠭᠤᠷᠪᠠᠳᠤᠭᠠᠷ ᠲᠠᠪᠤᠨ ᠵᠢᠯ》 ᠤᠨ ᠬᠤᠭᠤᠴᠠᠭᠠᠨ᠎ᠳᠤ᠂ ᠮᠠᠯᠵᠢᠬᠤ ᠲᠠᠷᠢᠶᠠᠯᠠᠬᠤ ᠣᠷᠣᠨ᠎ᠳᠤ ᠣᠷᠣᠱᠢᠵᠤ ᠪᠠᠢᠭ᠎ᠠ ᠡᠯ᠎ᠡ ᠲᠥᠷᠥᠯ᠎ᠤᠨ ᠳᠤᠲᠠᠭᠤᠳᠠᠯ᠎ᠳᠤ ᠴᠢᠭ᠌ᠯᠡᠭᠦᠯᠦᠨ᠂ ᠮᠠᠨ᠎ᠤ ᠣᠷᠣᠨ ᠨᠠᠮ᠎ᠤᠨ ᠵᠣᠬᠢᠶᠠᠨ ᠪᠠᠢᠭᠤᠯᠤᠯᠲᠠ᠎ᠠᠴᠠ ᠤᠳᠤᠷᠢᠳᠤᠭ᠍ᠰᠠᠨ ᠦᠪᠡᠰᠦᠪᠠᠨ ᠵᠠᠰᠠᠬᠤ᠂ ᠬᠠᠤᠯᠢ᠎ᠪᠠᠷ ᠵᠠᠰᠠᠬᠤ᠂ ᠮᠣᠷᠠᠯ᠎ᠢᠶᠠᠷ ᠵᠠᠰᠠᠬᠤ᠎ᠶ᠋ᠢ ᠤᠶᠠᠯᠳᠤᠭᠤᠯᠤᠭ᠍ᠰᠠᠨ ᠬᠥᠳᠡᠭᠡ ᠲᠣᠰᠭᠤᠨ᠎ᠤ ᠵᠠᠰᠠᠯᠲᠠ᠎ᠶ᠋ᠢᠨ ᠱᠢᠰᠲ᠋ᠧᠮ᠎ᠢ ᠲᠠᠰᠤᠷᠠᠯᠲᠠ ᠥᠬᠡᠶ ᠲᠡᠭᠦᠯᠳᠡᠷᠵᠢᠭᠦᠯᠪᠡ᠃ ᠦᠪᠡᠰᠦᠪᠠᠨ ᠵᠠᠰᠠᠬᠤ᠎ᠪᠠᠷ ᠠᠮᠢᠵᠢᠷᠠᠯ᠎ᠤᠨ ᠬᠦᠴᠦᠨ᠎ᠢ ᠨᠡᠮᠡᠭ᠌ᠳᠡᠭᠦᠯᠵᠦ᠍᠂ 《ᠭᠤᠷᠪᠠᠨ ᠶᠠᠪᠤᠳᠠᠯ》 ᠢ ᠢᠯᠡ ᠪᠣᠯᠭᠠᠬᠤ᠎ᠶ᠋ᠢ ᠪᠦᠬᠦ᠌ ᠲᠠᠯ᠎ᠠ᠎ᠪᠠᠷ ᠠᠬᠢᠭᠤᠯᠵᠤ᠂ 91% ᠶ᠋ᠢᠨ ᠭᠠᠴᠠᠭ᠎ᠠ ᠲᠣᠰᠭᠤᠨ ᠭᠠᠴᠠᠭ᠎ᠠ ᠲᠣᠰᠭᠤᠨ᠎ᠤ ᠶᠠᠪᠤᠳᠠᠯ᠎ᠢ ᠢᠯᠡ ᠪᠣᠯᠭᠠᠬᠤ᠎ᠶ᠋ᠢ ᠪᠠᠢᠩᠭᠤᠵᠢᠭᠤᠯᠵᠤ᠂ 1.1 ᠲᠦᠮᠡᠨ ᠭᠠᠴᠠᠭ᠎ᠠ ᠲᠣᠰᠭᠤᠨ ᠪᠦᠬᠦᠨ᠎ᠢᠶᠠᠷ᠎ᠢᠶᠠᠨ ᠬᠠᠤᠯᠢ ᠶᠣᠰᠣᠭᠠᠷ ᠲᠣᠰᠭᠤᠨ᠎ᠤ ᠶᠠᠪᠤᠳᠠᠯ᠎ᠳᠤ ᠬᠢᠨᠠᠯᠲᠠ ᠲᠠᠯᠪᠢᠬᠤ ᠵᠥᠪᠯᠡᠯ᠎ᠢ ᠰᠣᠩᠭᠤᠨ ᠭᠠᠷᠭᠠᠪᠠ᠃ ᠬᠠᠤᠯᠢ᠎ᠪᠠᠷ ᠵᠠᠰᠠᠬᠤ᠎ᠶ᠋ᠢ ᠴᠢᠩᠭᠠᠳᠭᠠᠵᠤ᠂ ᠪᠦᠬᠦ᠌ ᠣᠷᠣᠨ᠎ᠤ 70 ᠭᠠᠴᠠᠭ᠎ᠠ ᠲᠣᠰᠭᠤᠨ 《ᠪᠦᠬᠦ᠌ ᠤᠯᠤᠰ᠎ᠤᠨ ᠠᠷᠠᠳᠴᠢᠯᠠᠯ ᠬᠠᠤᠯᠢ᠎ᠪᠠᠷ ᠵᠠᠰᠠᠬᠤ ᠵᠢᠱ᠌ᠢᠶ᠎ᠡ ᠦᠵᠡᠭᠦᠯᠬᠦ᠌ ᠲᠣᠰᠭᠤᠨ》 ᠢᠶᠠᠷ ᠦᠨᠡᠯᠡᠭ᠌ᠳᠡᠵᠦ᠍᠂ 102 ᠭᠠᠴᠠᠭ᠎ᠠ ᠲᠣᠰᠭᠤᠨ 《ᠥᠪᠡᠷᠲᠡᠭᠡᠨ ᠵᠠᠰᠠᠬᠤ ᠣᠷᠣᠨ᠎ᠤ ᠠᠷᠠᠳᠴᠢᠯᠠᠯ ᠬᠠᠤᠯᠢ᠎ᠪᠠᠷ ᠵᠠᠰᠠᠬᠤ ᠵᠢᠱ᠌ᠢᠶ᠎ᠡ ᠦᠵᠡᠭᠦᠯᠬᠦ᠌ ᠭᠠᠴᠠᠭ᠎ᠠ ᠲᠤᠰᠭᠤᠨ》 ᠪᠤᠯᠪᠠ᠃ ᠬᠤᠱᠢᠭᠤ ᠱᠢᠶᠠᠨ᠎ᠤ ᠱᠠᠲᠤᠨ᠎ᠠᠴᠠ ᠳᠡᠭᠡᠭ᠌ᠰᠢᠬᠢ ᠪᠣᠯᠪᠠᠰᠤᠨ ᠭᠠᠴᠠᠭ᠎ᠠ ᠲᠣᠰᠭᠤᠨ ᠪᠣᠯᠤᠨ ᠰᠤᠮᠤ ᠱᠢᠶᠠᠩ ᠪᠠᠯᠭᠠᠰᠤ᠎ᠶ᠋ᠢᠨ ᠡᠵᠡᠯᠡᠬᠦ᠌ ᠬᠠᠷᠢᠴᠠᠯ 58.14% ᠳᠤ ᠬᠦᠷᠴᠡᠶ᠃ ᠥᠪᠡᠷᠲᠡᠭᠡᠨ ᠵᠠᠰᠠᠬᠤ ᠣᠷᠣᠨ᠎ᠤ ᠱᠠᠳᠤᠨ᠎ᠠᠴᠠ ᠳᠡᠭᠡᠭ᠌ᠰᠢᠬᠢ ᠪᠣᠯᠪᠠᠰᠤᠨ ᠭᠠᠴᠠᠭ᠎ᠠ ᠲᠣᠰᠭᠤᠨ ᠪᠠᠯᠭᠠᠰᠤ ᠪᠠ ᠠᠷᠠᠳᠴᠢᠯᠠᠯ ᠬᠠᠤᠯᠢ᠎ᠪᠠᠷ ᠵᠠᠰᠠᠬᠤ ᠵᠢᠱ᠌ᠢᠶ᠎ᠡ ᠦᠵᠡᠭᠦᠯᠬᠦ᠌ ᠭᠠᠴᠠᠭ᠎ᠠ ᠲᠣᠰᠭᠤᠨ ᠲᠤᠰ ᠲᠤᠰ 1094 ᠪᠠ 172 ᠪᠤᠯᠵᠠᠢ᠃
ᠭᠢᠯᠠᠰ ᠴᠡᠭ ᠳᠦᠷᠪᠡ
ᠣᠷᠣᠱᠢᠨ ᠰᠠᠭᠤᠷᠢᠱᠢᠬᠤ ᠣᠷᠴᠢᠨ ᠲᠣᠭᠤᠷᠢᠨ᠎ᠤ ᠴᠡᠭ᠌ᠴᠡᠯᠡᠨ ᠵᠠᠰᠠᠯᠳᠠ᠎ᠪᠠᠷ ᠮᠠᠯᠵᠢᠬᠤ ᠲᠠᠷᠢᠶᠠᠯᠠᠬᠤ ᠣᠷᠣᠨ᠎ᠢ ᠤᠯᠠᠮ ᠭᠤᠶᠤᠵᠢᠭᠤᠯᠤᠯᠠ
ᠣᠷᠣᠱᠢᠨ ᠰᠠᠭᠤᠷᠢᠱᠢᠬᠤ ᠣᠷᠴᠢᠨ ᠲᠣᠭᠤᠷᠢᠨ᠎ᠢ ᠴᠡᠭ᠌ᠴᠡᠯᠡᠨ ᠵᠠᠰᠠᠬᠤ ᠪᠣᠯ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠲᠦᠷᠦᠬᠦᠦ ᠨᠢᠬᠡ ᠳᠠᠢᠯᠠᠯᠳᠤᠭᠠᠨ ᠮᠥᠨ᠃ 《ᠠᠷᠪᠠᠨ ᠭᠤᠷᠪᠠᠳᠤᠭᠠᠷ ᠲᠠᠪᠤᠨ ᠵᠢᠯ》 ᠤᠨ ᠬᠤᠭᠤᠴᠠᠭᠠᠨ᠎ᠳᠤ᠂ ᠮᠠᠨ᠎ᠤ ᠣᠷᠣᠨ ᠵᠣᠷᠯᠣᠩ᠎ᠤᠨ ᠬᠤᠪᠢᠰᠭᠠᠯ᠎ᠢ ᠦᠷᠨᠢᠭᠦᠯᠵᠦ᠍᠂ ᠮᠠᠯᠴᠢᠨ ᠲᠠᠷᠢᠶᠠᠴᠢᠨ᠎ᠤ ᠠᠮᠢᠳᠤᠷᠠᠯ ᠦᠢᠯᠡᠳᠪᠤᠷᠢᠯᠡᠯ᠎ᠤᠨ ᠳᠤᠲᠠᠭᠤᠳᠠᠯ᠎ᠢ ᠨᠥᠬᠦᠪᠥᠷᠢᠯᠡᠵᠦ᠍᠂ ᠪᠥᠬᠦ᠌ ᠣᠷᠣᠨ᠎ᠤ ᠡᠷᠦᠬᠡ᠎ᠳᠤ ᠬᠡᠷᠡᠭ᠌ᠯᠡᠬᠦ᠌ ᠠᠷᠢᠭᠤᠨ ᠴᠡᠪᠡᠷ ᠵᠣᠷᠯᠣᠩ᠎ᠤᠨ ᠲᠦᠭᠡᠮᠡᠯᠵᠢᠯᠳᠠ᠎ᠶ᠋ᠢᠨ ᠨᠣᠷᠮ᠎ᠠ 35% ᠶ᠋ᠢ ᠲᠠᠪᠠᠵᠠᠢ᠃ 97.5% ᠶ᠋ᠢᠨ ᠵᠠᠰᠠᠭ ᠵᠠᠬᠢᠷᠭᠠᠨ᠎ᠤ ᠭᠠᠴᠠᠭ᠎ᠠ ᠲᠣᠰᠭᠤᠨ᠎ᠳᠤ ᠠᠮᠢᠳᠤᠷᠠᠯ᠎ᠤᠨ ᠬᠤᠭ ᠨᠣᠪᠰᠢ᠎ᠶ᠋ᠢ ᠬᠤᠷᠢᠶᠠᠨ ᠲᠡᠭᠡᠭᠡᠪᠦᠷᠢᠯᠡᠬᠦ᠌ ᠱᠢᠰᠲ᠋ᠧᠮ᠎ᠢ ᠪᠠᠢᠭᠤᠯᠵᠠᠢ᠃ 1109 ᠬᠥᠳᠡᠭᠡ ᠲᠣᠰᠭᠤᠨ᠎ᠤ ᠣᠷᠴᠢᠨ ᠲᠣᠭᠤᠷᠢᠨ᠎ᠢ ᠶᠡᠷᠦᠩᠬᠡᠢᠯᠡᠨ ᠴᠡᠭ᠌ᠴᠡᠯᠡᠨ ᠵᠠᠰᠠᠬᠤ ᠵᠠᠰᠠᠭ ᠵᠠᠬᠢᠷᠭᠠᠨ᠎ᠤ ᠭᠠᠴᠠᠭ᠎ᠠ ᠲᠣᠰᠭᠤᠨ᠎ᠤ ᠠᠮᠢᠳᠤᠷᠠᠯ᠎ᠤᠨ ᠪᠣᠬᠢᠷ ᠤᠰᠤ᠎ᠶ᠋ᠢ ᠵᠠᠰᠠᠭ᠍ᠰᠠᠨ ᠨᠣᠷᠮ᠎ᠠ 60% ᠶ᠋ᠢ ᠲᠠᠪᠠᠵᠤ᠂ 85.3% ᠶ᠋ᠢᠨ ᠵᠠᠰᠠᠭ ᠵᠠᠬᠢᠷᠭᠠᠨ᠎ᠤ ᠭᠠᠴᠠᠭ᠎ᠠ ᠲᠣᠰᠭᠤᠨ᠎ᠤ ᠠᠮᠢᠳᠤᠷᠠᠯ᠎ᠤᠨ ᠪᠣᠬᠢᠷ ᠤᠰᠤ᠎ᠶ᠋ᠢ ᠳᠤᠷ᠎ᠠ᠎ᠪᠠᠷ᠎ᠢᠶᠠᠨ ᠭᠠᠳᠠᠭ᠍ᠰᠢᠯᠠᠭᠤᠯᠬᠤ᠎ᠶ᠋ᠢ ᠪᠦᠲᠦᠮᠵᠢᠲᠡᠶ ᠬᠠᠮᠢᠶᠠᠷᠤᠨ ᠡᠵᠡᠮᠳᠡᠵᠦ᠍᠂ ᠮᠠᠯᠵᠢᠬᠤ ᠲᠠᠷᠢᠶᠠᠯᠠᠬᠤ ᠣᠷᠣᠨ᠎ᠤ ᠦᠩᠭᠡ ᠲᠦᠷᠰᠦ ᠶᠡᠭᠡ᠎ᠪᠠᠷ ᠰᠠᠢᠵᠢᠷᠠᠵᠠᠢ᠃ ᠪᠥᠬᠦ᠌ ᠣᠷᠣᠨ᠎ᠤ ᠭᠠᠴᠠᠭ᠎ᠠ ᠲᠣᠰᠭᠤᠨ᠎ᠤ ᠨᠣᠭᠤᠭᠠᠷᠠᠭᠤᠯᠤᠯᠲᠠ᠎ᠶ᠋ᠢᠨ ᠨᠣᠷᠮ᠎ᠠ 30.8% ᠳᠤ ᠬᠦᠷᠴᠦ᠍᠂ ᠮᠠᠯᠵᠢᠬᠤ ᠲᠠᠷᠢᠶᠠᠯᠠᠬᠤ ᠣᠷᠣᠨ᠎ᠤ ᠪᠥᠬᠦ᠌ ᠲᠠᠯ᠎ᠠ᠎ᠶ᠋ᠢᠨ ᠴᠢᠨᠡᠭᠡᠯᠢᠭ᠌ᠵᠢᠯ ᠪᠠ ᠣᠷᠣᠱᠢᠨ ᠰᠠᠭᠤᠷᠢᠱᠢᠬᠤ ᠣᠷᠴᠢᠨ ᠲᠣᠭᠤᠷᠢᠨ᠎ᠢ ᠴᠡᠭ᠌ᠴᠡᠯᠡᠨ ᠵᠠᠰᠠᠬᠤ ᠭᠤᠷᠪᠠᠨ ᠵᠢᠯ᠎ᠤᠨ ᠠᠵᠢᠯᠯᠠᠭ᠎ᠠ᠎ᠶ᠋ᠢ ᠲᠡᠭᠦᠰ ᠠᠮᠵᠢᠯᠲᠠ᠎ᠲᠠᠢ ᠪᠡᠶᠡᠯᠡᠭᠦᠯᠬᠦ᠌᠎ᠳᠤ ᠬᠦᠴᠦᠲᠡᠶ ᠲᠤᠯᠭᠠᠭᠤᠷᠢᠯᠠᠯ ᠬᠠᠩᠭᠠᠪᠠ᠃
ᠭᠢᠯᠠᠰ ᠴᠡᠭ ᠲᠠᠪᠤ
ᠠᠵᠤ ᠦᠢᠯᠡᠰ ᠬᠦᠭ᠌ᠵᠢᠨ ᠮᠠᠨᠳᠤᠵᠤ ᠮᠠᠯᠴᠢᠨ ᠲᠠᠷᠢᠶᠠᠴᠢᠨ᠎ᠢ ᠴᠢᠨᠠᠭᠡᠯᠢᠭ᠌ᠵᠢᠯᠤᠨ ᠵᠠᠮ᠎ᠢᠶᠠᠷ ᠲᠠᠢᠴᠢᠯᠠᠯᠠ
《ᠠᠷᠪᠠᠨ ᠭᠤᠷᠪᠠᠳᠤᠭᠠᠷ ᠲᠠᠪᠤᠨ ᠵᠢᠯ》 ᠤᠨ ᠬᠤᠭᠤᠴᠠᠭᠠᠨ᠎ᠳᠤ᠂ ᠮᠠᠨ᠎ᠤ ᠣᠷᠣᠨ ᠤᠯᠤᠰ᠎ᠤᠨ ᠲᠠᠰ᠎ᠤᠨ ᠠᠵᠤ ᠦᠢᠯᠡᠰ᠎ᠤᠨ 2 ᠪᠦᠯᠦᠭ᠌ᠵᠢᠯ᠂ ᠳᠤᠮᠳᠠᠳᠤ ᠤᠯᠤᠰ᠎ᠤᠨ ᠣᠨᠴᠠᠯᠢᠭ᠍ᠳᠤ ᠲᠠᠷᠢᠶᠠᠯᠠᠩ᠎ᠤᠨ ᠪᠦᠲᠦᠭᠡᠭ᠌ᠳᠡᠬᠦᠨ᠎ᠤ 9 ᠳᠠᠪᠠᠭᠤᠯᠢᠭ ᠣᠷᠣᠨ᠂ ᠤᠯᠤᠰ᠎ᠤᠨ ᠲᠠᠰ᠎ᠤᠨ ᠠᠵᠤ ᠦᠢᠯᠡᠰ᠎ᠤᠨ 27 ᠬᠦᠴᠦᠷᠬᠡᠭ ᠪᠠᠯᠭᠠᠰᠤ᠂ ᠤᠯᠤᠰ᠎ᠤᠨ ᠲᠠᠰ᠎ᠤᠨ ᠣᠲᠣ ᠦᠶ᠎ᠡ᠎ᠶ᠋ᠢᠨ ᠲᠠᠷᠢᠶᠠᠯᠠᠩ᠎ᠤᠨ ᠠᠵᠤ ᠦᠢᠯᠡᠰ᠎ᠤᠨ 3 ᠬᠦᠷᠢᠶᠡᠯᠡᠩ ᠪᠠ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠣᠲᠣ ᠦᠶ᠎ᠡ᠎ᠶ᠋ᠢᠨ ᠮᠠᠯ ᠠᠵᠤ ᠠᠬᠤᠶ ᠲᠠᠷᠢᠶᠠᠯᠠᠩ᠎ᠤᠨ ᠠᠵᠤ ᠦᠢᠯᠡᠰ᠎ᠤᠨ 7 ᠬᠦᠷᠢᠶᠡᠯᠡᠩ᠂ ᠮᠠᠯ ᠠᠵᠤ ᠠᠬᠤᠶ ᠲᠠᠷᠢᠶᠠᠯᠠᠩ᠎ᠤᠨ ᠠᠵᠤ ᠦᠢᠯᠡᠰ᠎ᠤᠨ 10 ᠬᠦᠴᠦᠷᠬᠡᠭ ᠪᠠᠯᠭᠠᠰᠤ᠎ᠶ᠋ᠢ ᠡᠭᠦᠳᠦᠨ ᠪᠠᠢᠭᠤᠯᠵᠠᠢ᠃ ᠤᠯᠤᠰ᠎ᠤᠨ ᠲᠠᠰ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠠᠵᠤ ᠦᠢᠯᠡᠰᠵᠢᠭ᠌ᠰᠡᠨ ᠲᠠᠭᠠᠭᠤᠯᠤᠭ᠍ᠴᠢ ᠠᠵᠤ ᠠᠬᠤᠢᠯᠠᠯ ᠲᠣᠰ ᠲᠤᠰ 46 ᠪᠠ 592 ᠪᠣᠯᠵᠣ᠂ ᠮᠠᠨ᠎ᠤ ᠣᠷᠣᠨ᠎ᠤ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠡᠳ᠋ᠱᠢᠬᠦᠯᠤᠨ ᠪᠤᠯᠪᠠᠰᠤᠷᠠᠭᠤᠯᠬᠤ ᠨᠤᠷᠮ᠎ᠠ 65% ᠳᠤ ᠬᠦᠷᠴᠡᠢ᠃ 2016 ᠣᠨ᠎ᠠᠴᠠ ᠨᠠᠭᠠᠰᠢ᠂ ᠮᠠᠨ᠎ᠤ ᠣᠷᠣᠨ ᠵᠢᠯ ᠪᠦᠷᠢ ᠶᠠᠳᠠᠭᠤ ᠬᠦᠴᠢᠷᠳᠡᠯᠲᠡᠢ ᠬᠤᠱᠢᠭᠤ ᠱᠢᠶᠠᠨ᠎ᠳᠤ ᠮᠠᠯ ᠠᠵᠤ ᠠᠬᠤᠢ ᠲᠠᠷᠢᠶᠠᠯᠠᠩ᠎ᠤᠨ ᠬᠥᠭ᠌ᠵᠢᠯᠲᠡ᠎ᠶ᠋ᠢᠨ ᠪᠡᠯᠡ ᠮᠥᠩᠭᠦ᠎ᠶ᠋ᠢ 100 ᠳ᠋ᠦᠩᠱᠢᠭᠤᠷ ᠲᠥᠭᠦᠷᠢᠭ᠎ᠠᠴᠠ ᠳᠡᠭᠡᠭ᠌ᠰᠢ ᠬᠡᠯᠪᠠᠢᠯᠭᠡᠵᠦ᠍᠂ ᠠᠵᠤ ᠦᠢᠯᠡᠰ᠎ᠤᠨ ᠬᠥᠭ᠌ᠵᠢᠯᠲᠡ᠎ᠪᠠᠷ ᠳᠠᠮᠵᠢᠨ 41.87 ᠲᠦᠮᠡᠨ ᠬᠥᠮᠦᠨ ᠠᠮᠨ᠎ᠶ᠋ᠢ ᠶᠠᠳᠠᠭᠤ᠎ᠠᠴᠠ ᠠᠩᠭᠢᠵᠢᠷᠠᠭᠤᠯᠵᠤ᠂ ᠪᠦᠬᠦ᠌ ᠣᠷᠣᠨ᠎ᠤ 57 ᠶᠠᠳᠠᠭᠤ ᠬᠦᠴᠢᠷᠳᠡᠯᠲᠡᠢ ᠬᠤᠱᠢᠭᠤ ᠱᠢᠶᠠᠨ᠂ 3681 ᠶᠠᠳᠠᠭᠤ ᠬᠦᠴᠢᠷᠳᠡᠯᠲᠡᠢ ᠭᠠᠴᠠᠭ᠎ᠠ ᠲᠣᠰᠭᠤᠨ᠎ᠢ ᠪᠦᠬᠦᠨ᠎ᠢ ᠶᠠᠳᠠᠭᠤ᠎ᠠᠴᠠ ᠠᠩᠭᠢᠵᠢᠷᠠᠭᠤᠯᠪᠠ᠃ ᠨᠠᠩ ᠣᠯᠠᠨ ᠠᠵᠤ ᠠᠬᠤᠢᠯᠠᠯ ᠬᠢᠭᠡᠳ ᠮᠠᠯᠵᠢᠬᠤ ᠲᠠᠷᠢᠶᠠᠯᠠᠬᠤ ᠡᠷᠦᠬᠡ ᠨᠢᠭ᠍ᠲᠠᠷᠠᠭ᠍ᠰᠠᠨ ᠬᠡᠯᠪᠡᠷᠢ᠎ᠶ᠋ᠢᠨ ᠠᠱᠢᠭ ᠲᠤᠰᠠ᠎ᠶ᠋ᠢᠨ ᠬᠤᠯᠪᠤᠭᠠᠨ᠎ᠤ ᠲᠣᠭ᠍ᠲᠠᠴᠠ᠎ᠶ᠋ᠢ ᠪᠠᠢᠭᠤᠯᠵᠤ᠂ 2020 ᠣᠨ᠎ᠳᠤ᠂ ᠮᠠᠨ᠎ᠤ ᠣᠷᠣᠨ᠎ᠤ ᠠᠱᠢᠭ ᠲᠤᠰᠠ᠎ᠶ᠋ᠢᠨ ᠬᠤᠯᠪᠤᠭᠠᠨ᠎ᠤ ᠲᠤᠭ᠍ᠳᠠᠴᠠ ᠪᠠᠢᠭᠤᠯᠤᠭ᠍ᠰᠠᠨ ᠬᠠᠷᠢᠴᠠᠯ 83% ᠳᠤ ᠬᠦᠷᠴᠦ᠍᠂ 260 ᠲᠦᠮᠡᠨ ᠮᠠᠯᠵᠢᠬᠤ ᠲᠠᠷᠢᠶᠠᠯᠠᠬᠤ ᠡᠷᠦᠭᠡ ᠠᠵᠤ ᠦᠢᠯᠡᠰᠵᠢᠭ᠌ᠰᠡᠨ ᠡᠵᠡᠩᠨᠡᠯᠳᠡ᠎ᠶ᠋ᠢᠨ ᠬᠡᠯᠬᠢᠶ᠎ᠡ᠎ᠳᠤ ᠤᠷᠤᠵᠤ᠂ ᠠᠱᠢᠬ ᠤᠷᠤᠯᠭ᠎ᠠ᠎ᠨᠢ ᠤᠯᠠᠮ ᠨᠡᠮᠡᠭ᠌ᠳᠡᠵᠡᠢ᠃

ᠲᠤᠯᠤᠨ ᠨᠤᠤᠷ ᠱᠢᠶᠠᠨ᠎ᠤ ᠪᠧᠢ ᠼᠠᠢ ᠶᠤᠧᠠᠨ ᠲᠤᠰᠭᠤᠨ᠎ᠤ
ᠠᠷᠠᠳ ᠢᠳᠡᠱᠢᠨ ᠨᠤᠭᠤᠭ᠎ᠠ᠎ᠪᠠᠨ ᠬᠤᠷᠢᠶᠠᠵᠦ᠍ ᠪᠠᠢᠭ᠎ᠠ᠎ᠨᠢ᠃

ᠲᠤᠭ᠍ᠳᠠᠬᠤ ᠱᠢᠶᠠᠨ ᠤ ᠦᠵᠦᠮ ᠡᠯᠪᠡᠭ ᠬᠤᠷᠢᠶᠠᠵᠦ᠍᠂
ᠦᠵᠦᠮ ᠲᠠᠷᠢᠬ᠍ᠴᠢ ᠦᠵᠦᠮ᠎ᠢᠶᠠᠨ ᠬᠤᠷᠢᠶᠠᠵᠦ᠍ ᠪᠠᠢᠭ᠎ᠠ᠎ᠨᠢ᠃

ᠦᠬᠠᠢ ᠬᠤᠳᠠ᠎ᠶ᠋ᠢᠨ ᠬᠠᠢᠷᠤᠪ᠎ᠤᠨ ᠲᠤᠬᠤᠢ ᠲᠤᠭᠤᠷᠢᠬ
ᠲᠠᠷᠢᠮᠠᠯ᠎ᠤᠨ ᠪᠦᠲᠦᠴᠡ᠎ᠳᠡᠭᠡᠨ ᠲᠤᠬᠢᠷᠠᠭᠤᠯᠤᠯᠳᠠ ᠬᠢᠵᠦ᠍᠂
ᠰᠤᠩᠬᠢᠨ᠎ᠠ᠎ᠨᠢ ᠡᠯᠪᠡᠭ ᠬᠤᠷᠢᠶᠠᠪᠠ᠃

ᠬᠤᠷᠴᠢᠨ ᠪᠠᠷᠠᠭᠤᠨ ᠭᠠᠷᠤᠨ ᠡᠮᠦᠨᠡᠳᠤ ᠬᠤᠱᠢᠭᠤ ᠮᠠᠯ ᠠᠵᠦ᠍ ᠠᠬᠤᠢ᠎ᠶ᠋ᠢᠨ ᠪᠦᠲᠦᠴᠡ᠎ᠶ᠋ᠢᠨ ᠲᠤᠬᠢᠷᠠᠭᠤᠯᠤᠯᠳᠠ᠎ᠪᠠᠨ ᠠᠬᠢᠭᠤᠯᠵᠦ᠍᠂ ᠪᠤᠬᠢᠷᠳᠤᠯ ᠦᠬᠡᠢ ᠦᠨᠢᠶᠡᠨ ᠰᠦ ᠦᠢᠯᠡᠳᠪᠦᠷᠢᠯᠡᠬᠦ᠌ ᠰᠠᠭᠤᠷᠢᠨ᠎ᠢ ᠴᠤᠬ᠍ᠴᠠᠯᠠᠵᠦ᠍ ᠪᠠᠢᠨ᠎ᠠ᠃