ᠮᠠᠯ ᠠᠵᠤ ᠠᠬᠤᠢ ᠲᠠᠷᠢᠶᠠᠯᠠᠩ᠎ᠤᠨ ᠠᠵᠤ ᠤᠢ᠍ᠢᠯᠡᠰᠵᠢᠭ᠌ᠰᠡᠨ ᠲᠦᠷᠦᠯ ᠲᠡᠮᠳᠡᠭ᠌ᠵᠢᠭ᠌ᠰᠡᠨ ᠬᠦᠭ᠌ᠵᠢᠯᠳᠡ᠎ᠶ᠋ᠢ ᠯᠠᠪᠳᠠᠭᠤᠨ ᠪᠠᠳᠤᠳᠡᠢ ᠠᠬᠢᠭᠤᠯᠤᠨ᠎ᠠ
2021-07-11 17:15:54
ᠵᠣᠬᠢᠶᠠᠭ᠍ᠴᠢ᠄
ᠬᠠᠨ ᠱᠢᠤᠸᠠᠢ ᠷᠦ᠋
ᠣᠩᠱᠢᠭ᠍ᠰᠠᠨ ᠣᠳᠠᠭ᠎ᠠ᠄
★★★☆☆

ᠮᠠᠯ ᠠᠵᠤ ᠠᠬᠤᠢ ᠲᠠᠷᠢᠶᠠᠯᠠᠩ᠎ᠢ ᠠᠵᠤ ᠦᠢᠯᠡᠰᠵᠢᠬᠦᠯᠬᠦ᠂ ᠲᠦᠷᠦᠯ ᠲᠡᠮᠳᠡᠭ᠌ᠵᠢᠬᠦᠯᠬᠦ᠌ ᠪᠣᠯ ᠠᠷᠭ᠎ᠠ ᠬᠡᠯᠪᠡᠷᠢ᠎ᠶ᠋ᠢ ᠬᠤᠪᠢᠷᠠᠭᠤᠯᠬᠤ᠂ ᠪᠦᠲᠦᠴᠡ᠎ᠶ᠋ᠢ ᠲᠤᠬᠢᠷᠠᠭᠤᠯᠬᠤ᠎ᠶ᠋ᠢᠨ ᠴᠢᠬᠤᠯᠠ ᠭᠠᠷᠳᠠᠴᠠ ᠮᠥᠨ᠃ ᠮᠠᠨ᠎ᠤ ᠣᠷᠣᠨ ᠵᠣᠬᠢᠶᠠᠨ ᠪᠠᠢᠭᠤᠯᠤᠯᠲᠠ᠎ᠶ᠋ᠢᠨ ᠤᠳᠤᠷᠢᠳᠤᠯᠭ᠎ᠠ᠎ᠪᠠᠨ ᠴᠢᠩᠭᠠᠳᠭᠠᠵᠤ᠂ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ᠎ᠪᠠᠨ ᠴᠢᠩᠭᠠᠷᠠᠭᠤᠯᠵᠤ᠂ ᠵᠢᠯᠣᠭᠤᠳᠣᠯᠭ᠎ᠠ ᠦᠢᠯᠡᠴᠢᠯᠡᠭᠡ᠎ᠪᠠᠨ ᠲᠡᠬᠦᠯᠳᠡᠷᠵᠢᠬᠦᠯᠦᠭ᠌ᠰᠡᠨ᠎ᠢᠶᠠᠷ ᠮᠠᠯ ᠠᠵᠤ ᠠᠬᠤᠢ ᠲᠠᠷᠢᠶᠠᠯᠠᠩ᠎ᠤᠨ ᠠᠵᠤ ᠦᠢᠯᠡᠰᠵᠢᠭ᠌ᠰᠡᠨ ᠡᠵᠡᠩᠨᠡᠯᠲᠡ ᠲᠦᠷᠭᠡᠨ ᠬᠦᠭ᠌ᠵᠢᠵᠤ᠂ ᠲᠦᠷᠦᠯ ᠲᠡᠮᠳᠡᠭ᠎ᠤᠨ ᠪᠠᠢᠭᠤᠯᠤᠯᠲᠠ ᠦᠷᠬᠦᠯᠵᠢᠯᠡᠨ ᠬᠦᠨᠵᠡᠬᠡᠢᠷᠡᠵᠤ᠂ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ᠎ᠳᠤ ᠣᠳᠣ ᠦᠶ᠎ᠡ᠎ᠶ᠋ᠢᠨ ᠦᠢᠯᠡᠳᠪᠦᠷᠢᠯᠡᠯ᠎ᠤᠨ ᠬᠦᠴᠦᠨ ᠵᠦᠢᠯ ᠲᠦᠪᠯᠡᠷᠡᠭ᠌ᠰᠡᠨ ᠪᠠᠢᠨ᠎ᠠ᠃ ᠲᠠᠷᠠᠭᠠᠴᠢ᠎ᠶ᠋ᠢᠨ ᠠᠯᠬᠤᠮ᠎ᠳᠤ᠂ ᠠᠵᠤ ᠦᠢᠯᠡᠰᠵᠢᠯᠲᠡ᠂ ᠲᠥᠷᠥᠯ ᠲᠡᠮᠳᠡᠭ᠌ᠵᠢᠯᠲᠡ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠮᠠᠨ᠎ᠤ ᠤᠷᠤᠨ᠎ᠤ ᠠᠷᠭ᠎ᠠ ᠵᠠᠮ ᠢᠯᠡ ᠲᠣᠳᠣ᠂ ᠠᠵᠢᠯᠯᠠᠭ᠎ᠠ ᠡᠷᠡᠰ ᠪᠠᠲᠤ ᠬᠦᠴᠦᠲᠡᠶ ᠪᠠᠢᠬᠤ ᠪᠤᠯᠤᠨ᠎ᠠ᠃

ᠠᠵᠤ ᠦᠢᠯᠡᠰᠵᠢᠭᠦᠯᠦᠨ ᠬᠥᠭ᠌ᠵᠢᠭᠦᠯᠬᠦ᠌ ᠲᠠᠯ᠎ᠠ᠎ᠪᠠᠷ᠂ ᠮᠠᠨ᠎ᠤ ᠣᠷᠣᠨ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ᠎ᠢ ᠠᠭᠤᠰᠤᠯᠴᠠᠭᠤᠯᠤᠨ ᠬᠥᠭ᠌ᠵᠢᠭᠦᠯᠬᠦ᠌᠎ᠪᠠᠷ ᠭᠤᠣᠯ ᠪᠣᠯᠭᠠᠵᠤ᠂ ᠳᠠᠪᠠᠭᠤᠯᠢᠭ ᠣᠨᠴᠠᠯᠢᠭ᠍ᠲᠤ ᠠᠵᠤ ᠦᠢᠯᠡᠰ᠎ᠲᠤ ᠠᠩᠬᠠᠷᠤᠯ᠎ᠢᠶᠠᠨ ᠲᠥᠪᠯᠡᠷᠡᠭᠦᠯᠬᠦ᠂ ᠠᠮᠤ ᠪᠤᠳᠠᠭ᠎ᠠ᠎ᠶ᠋ᠢᠨ ᠦᠢᠯᠡᠳᠪᠦᠷᠢᠯᠡᠯ᠎ᠤᠨ ᠴᠢᠳᠠᠮᠵᠢᠲᠤ ᠣᠷᠣᠨ᠂ ᠴᠢᠬᠤᠯᠠ ᠲᠠᠷᠢᠶᠠᠯᠠᠩ᠎ᠤᠨ ᠪᠦᠲᠦᠭᠡᠭ᠌ᠳᠡᠬᠦᠨ᠎ᠤ ᠬᠠᠮᠠᠭᠠᠯᠠᠯᠲᠠ᠎ᠶ᠋ᠢᠨ ᠣᠷᠣᠨ᠂ ᠣᠨᠴᠠᠯᠢᠭ᠍ᠲᠤ ᠲᠠᠷᠢᠶᠠᠯᠠᠩ᠎ᠤᠨ ᠪᠦᠲᠦᠭᠡᠭ᠌ᠳᠡᠬᠦᠨ᠎ᠤ ᠳᠠᠪᠠᠭᠤᠯᠢᠭ ᠣᠷᠣᠨ 《ᠭᠤᠷᠪᠠᠨ ᠣᠷᠣᠨ》 ᠎ᠤ ᠭᠤᠣᠯᠳᠠᠯᠭ᠎ᠠ᠎ᠲᠠᠢ ᠬᠤᠱᠢᠭᠤ ᠱᠢᠶᠠᠨ᠎ᠳᠤ ᠠᠩᠬᠠᠷᠤᠯ᠎ᠢᠶᠠᠨ ᠲᠥᠪᠯᠡᠷᠡᠭᠦᠯᠬᠦ᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠨᠠᠷᠢᠯᠢᠭ ᠭᠦᠨᠵᠡᠭᠡᠶ ᠡᠳ᠋ᠱᠢᠬᠦᠯᠦᠨ ᠪᠤᠯᠪᠠᠰᠤᠷᠠᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠬᠦ᠂ ᠲᠠᠷᠢᠶᠠᠯᠠᠩ ᠬᠢᠭᠡᠳ ᠠᠵᠤ ᠠᠬᠤᠢᠯᠠᠯ᠎ᠤᠨ ᠠᠱᠢᠭ ᠲᠤᠰᠡ᠎ᠶ᠋ᠢᠨ ᠬᠤᠯᠪᠤᠭᠠᠨ᠎ᠳᠤ ᠠᠩᠬᠠᠷᠤᠯ᠎ᠢᠶᠠᠨ ᠲᠥᠪᠯᠡᠷᠡᠭᠦᠯᠬᠦ᠌ 4 ᠭᠤᠣᠯᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠨᠢᠭᠡ ᠪᠦᠯᠦᠭ ᠠᠵᠤ ᠦᠢᠯᠡᠰ᠎ᠤᠨ ᠪᠦᠯᠦᠭ᠌ᠵᠢᠯ᠂ ᠠᠵᠤ ᠦᠢᠯᠡᠰ᠎ᠤᠨ ᠬᠦᠷᠢᠶᠡᠯᠡᠩ᠂ ᠠᠵᠤ ᠦᠢᠯᠡᠰ᠎ᠤᠨ ᠬᠦᠴᠦᠷᠬᠡᠭ ᠪᠠᠯᠭᠠᠰᠤ᠂ ᠲᠠᠭᠠᠭᠤᠯᠤᠭ᠍ᠴᠢ ᠠᠵᠤ ᠠᠬᠤᠢᠯᠠᠯ᠂ ᠠᠵᠤ ᠦᠢᠯᠡᠰᠵᠢᠭ᠌ᠰᠡᠨ ᠬᠤᠯᠪᠣᠭᠠᠲᠤ ᠴᠣᠭ᠍ᠴᠠ᠎ᠶ᠋ᠢ ᠪᠠᠢᠭᠤᠯᠵᠤ᠂ ᠲᠠᠭᠠᠭᠤᠯᠤᠭ᠍ᠴᠢ ᠠᠵᠤ ᠠᠬᠤᠢᠯᠠᠯ᠎ᠢ ᠪᠤᠵᠠᠭᠠᠢᠷᠠᠭᠤᠯᠤᠨ᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠡᠳ᠋ᠱᠢᠬᠦᠯᠦᠨ ᠤᠨᠳᠤᠤᠱᠢᠭᠤᠯᠬᠤ ᠨᠣᠷᠮ᠎ᠠ᠎ᠶ᠋ᠢ ᠲᠡᠭᠡᠭ᠌ᠰᠢᠯᠡᠬᠦᠯᠵᠤ᠂ ᠠᠵᠤ ᠤᠢ᠍ᠢᠯᠡᠰ᠎ᠤᠨ ᠬᠡᠯᠬᠢᠶ᠎ᠠ᠎ᠶ᠋ᠢ ᠱᠢᠯᠤᠭᠤᠳᠭᠠᠵᠤ᠂ ᠦᠨ᠎ᠠ ᠦᠷᠳᠡᠭ᠎ᠤᠨ ᠬᠡᠯᠬᠢᠶ᠎ᠠ᠎ᠶ᠋ᠢ ᠨᠡᠮᠡᠭ᠌ᠳᠡᠬᠦᠯᠦᠨ᠎ᠠ᠃

ᠠᠷᠭ᠎ᠠ ᠬᠡᠮᠵᠢᠶ᠎ᠡ᠄ ᠳᠠᠪᠠᠭᠤᠯᠢᠭ ᠣᠨᠴᠠᠯᠢᠭ᠍ᠲᠤ ᠠᠵᠤ  ᠦᠢᠯᠡᠰ᠎ᠤᠨ ᠪᠦᠯᠦᠭ᠌ᠵᠢᠯ᠎ᠤᠨ ᠪᠠᠢᠭᠤᠯᠤᠯᠲᠠ᠎ᠶ᠋ᠢ ᠠᠬᠢᠭᠤᠯᠤᠨ᠎ᠠ᠃ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠥᠷᠪᠡᠳᠦᠭᠡᠷ ᠲᠠᠪᠤᠨ ᠵᠢᠯ〉 ᠎ᠤᠨ ᠳᠠᠪᠠᠭᠤᠯᠢᠭ ᠣᠨᠴᠠᠯᠢᠠᠠᠳᠦ ᠠᠵᠤ  ᠦᠢᠯᠡᠰ᠎ᠤᠨ ᠪᠦᠯᠦᠭ᠌ᠵᠢᠯ᠎ᠤᠨ ᠪᠥᠲᠥᠭᠡᠨ ᠪᠠᠢᠭᠤᠯᠤᠯᠲᠠ᠎ᠶ᠋ᠢᠨ ᠲᠥᠯᠥᠪᠵᠢᠭᠦᠯᠭᠡ》 ᠎ᠶ᠋ᠢ ᠲᠣᠭ᠍ᠲᠠᠭᠠᠨ ᠬᠡᠷᠡᠭ᠌ᠵᠢᠭᠦᠯᠵᠦ᠍᠂ ᠰᠦ᠎ᠶ᠋ᠢᠨ  ᠦᠢᠯᠡᠰ᠂ ᠡᠷᠳᠡᠨᠢ ᠱᠢᠰᠢ᠂ ᠮᠢᠬᠠᠨ᠎ᠤ ᠦᠬᠡᠷ᠂ ᠮᠢᠬᠠᠨ᠎ᠤ ᠬᠤᠨᠢ᠂ ᠲᠥᠮᠥᠰᠥ᠍᠂ ᠡᠯᠳᠡᠪ ᠠᠮᠤ ᠪᠤᠷᠴᠠᠭ᠂ ᠪᠣᠭᠤᠳᠠᠶ᠂ ᠨᠡᠷᠡᠨ ᠬᠤᠸᠠᠷ᠂ ᠢᠳᠡᠱᠢᠨ ᠨᠣᠭᠤᠭ᠎ᠠ᠂ ᠢᠮᠠᠭᠠᠨ ᠨᠤᠤᠯᠤᠭᠤᠷ᠂ ᠱᠢᠷ᠎ᠠ ᠪᠤᠷᠴᠠᠭ᠂ ᠲᠡᠵᠢᠭᠡᠯ ᠡᠪᠡᠰᠦ ᠵᠡᠷᠭᠡ 12 ᠠᠵᠤ  ᠦᠢᠯᠡᠰ᠎ᠤᠨ ᠪᠦᠯᠦᠭ᠌ᠵᠢᠯ᠎ᠢ ᠭᠤᠤᠯᠳᠠᠯᠭ᠎ᠠ᠎ᠲᠠᠢ ᠴᠤᠭ᠍ᠴᠠᠯᠠᠨ᠎ᠠ᠃

ᠮᠠᠯ ᠠᠵᠤ ᠠᠬᠤᠢ ᠲᠠᠷᠢᠶᠠᠯᠠᠩ᠎ᠤᠨ ᠠᠵᠤ ᠦᠢᠯᠡᠰ᠎ᠤᠨ ᠬᠦᠷᠢᠶᠡᠯᠡᠩ ᠪᠤᠯᠤᠨ ᠠᠵᠤ ᠦᠢᠯᠡᠰ᠎ᠢᠶᠠᠷ ᠪᠠᠯᠭᠠᠰᠤ᠎ᠪᠠᠨ ᠬᠦᠴᠦᠷᠬᠡᠭ᠌ᠵᠢᠭᠦᠯᠬᠦ᠌ ᠪᠦᠲᠦᠭᠡᠨ ᠪᠠᠢᠭᠤᠯᠤᠯᠲᠠ᠎ᠶ᠋ᠢ ᠠᠬᠢᠭᠤᠯᠤᠨ᠎ᠠ᠃ ᠲᠠᠭᠠᠭᠤᠯᠤᠭ᠍ᠴᠢ ᠠᠵᠤ ᠠᠬᠤᠢᠯᠠᠯ᠎ᠢ ᠬᠦᠭ᠌ᠵᠢᠬᠦᠯᠦᠨ ᠪᠤᠵᠠᠭᠠᠢᠷᠠᠭᠤᠯᠤᠨ᠎ᠠ᠃ 《ᠮᠠᠯ ᠠᠵᠤ ᠠᠬᠤᠢ ᠲᠠᠷᠢᠶᠠᠯᠠᠩ᠎ᠤᠨ ᠠᠵᠤ ᠦᠢᠯᠡᠰᠵᠢᠭ᠌ᠰᠡᠨ ᠭᠤᠤᠯᠳᠠᠯᠭ᠎ᠠ᠎ᠲᠠᠢ ᠲᠠᠭᠠᠭᠤᠯᠤᠭ᠍ᠴᠢ ᠠᠵᠤ ᠠᠬᠤᠢᠯᠠᠯ᠎ᠢ ᠪᠠᠢᠭᠤᠯᠬᠤ ᠲᠠᠪᠤᠨ ᠵᠢᠯ᠎ᠤᠨ ᠠᠵᠢᠯᠯᠠᠭᠠᠨ᠎ᠤ ᠲᠥᠯᠥᠪᠯᠡᠭᠡ》 ᠎ᠶ᠋ᠢ ᠲᠣᠭ᠍ᠲᠠᠭᠠᠨ ᠬᠡᠷᠡᠭ᠌ᠵᠢᠭᠦᠯᠵᠦ᠍᠂ ᠮᠢᠬᠠᠨ᠎ᠤ ᠦᠬᠡᠷ᠂ ᠮᠢᠬᠠᠨ᠎ᠤ ᠬᠤᠨᠢ᠂ ᠲᠥᠮᠥᠰᠥ᠍ ᠵᠡᠷᠭᠡ ᠠᠵᠤ ᠦᠢᠯᠡᠰ᠎ᠤᠨ ᠲᠣᠭᠤᠷᠢᠨ᠎ᠳᠤ᠂ ᠨᠠᠷᠢᠯᠢᠭ ᠡᠳ᠋ᠱᠢᠬᠦᠯᠦᠨ ᠪᠤᠯᠪᠠᠰᠤᠷᠠᠭᠤᠯᠬᠤ᠎ᠶ᠋ᠢ ᠳᠠᠮᠵᠢᠵᠤ᠂ ᠪᠠᠰᠠ ᠨᠢᠭᠡ ᠪᠦᠯᠦᠭ ᠠᠵᠢᠯ ᠲᠥᠷᠥᠯ᠎ᠤᠨ ᠳᠠᠭᠠᠭᠤᠯᠤᠭ᠍ᠴᠢ ᠠᠵᠤ ᠠᠬᠤᠢᠯᠠᠯ᠎ᠢ ᠬᠦᠭ᠌ᠵᠢᠬᠦᠯᠦᠨ᠎ᠠ᠃ ᠲᠠᠷᠢᠶᠠᠯᠠᠩ ᠬᠢᠭᠡᠳ ᠠᠵᠤ ᠠᠬᠤᠢᠯᠠᠯ᠎ᠤᠨ ᠠᠱᠢᠭ ᠲᠤᠰᠠ᠎ᠶ᠋ᠢᠨ ᠬᠤᠯᠪᠣᠭᠠᠨ᠎ᠤ ᠲᠣᠭ᠍ᠲᠠᠴᠠ᠎ᠶ᠋ᠢ ᠭᠦᠨᠵᠡᠭᠡᠢᠷᠡᠭᠦᠯᠦᠨ᠎ᠡ᠃

ᠲᠥᠷᠥᠯ ᠲᠡᠮᠳᠡᠭ᠎ᠤᠨ ᠪᠠᠢᠭᠤᠯᠤᠯᠲᠠ᠎ᠶ᠋ᠢᠨ ᠲᠠᠯ᠎ᠠ᠎ᠪᠠᠷ᠂ ᠵᠠᠰᠠᠭ᠎ᠤᠨ ᠣᠷᠳᠣᠨ᠎ᠤ ᠭᠤᠤᠯᠯᠠᠬᠤ  ᠦᠢᠯᠡᠳᠦᠯ᠎ᠢ ᠪᠠᠳᠠᠷᠠᠭᠤᠯᠤᠨ᠂ ᠣᠷᠣᠨ ᠪᠦᠰᠡ᠎ᠶ᠋ᠢᠨ ᠨᠡᠢᠲᠡ᠎ᠶ᠋ᠢᠨ ᠬᠡᠷᠡᠭ᠌ᠯᠡᠭᠡᠨ᠎ᠤ ᠲᠥᠷᠥᠯ ᠲᠡᠮᠳᠡᠭ᠎ᠢ ᠶᠡᠭᠡ᠎ᠪᠠᠷ ᠬᠥᠭ᠌ᠵᠢᠭᠦᠯᠵᠦ᠍᠂ ᠲᠦᠷᠦᠯ ᠲᠡᠮᠳᠡᠭ᠎ᠤᠨ ᠬᠠᠮᠢᠶᠠᠷᠤᠯᠲᠠ ᠬᠠᠮᠠᠭᠠᠯᠠᠯᠲᠠ᠎ᠶ᠋ᠢ ᠵᠢᠷᠤᠮᠵᠢᠭᠤᠯᠤᠨ᠂ ᠤᠬᠠᠭᠤᠯᠤᠨ ᠲᠠᠨᠢᠯᠴᠠᠭᠤᠯᠬᠤ ᠡᠷᠴᠢᠮ᠎ᠢ ᠴᠢᠩᠭᠠᠷᠠᠭᠤᠯᠵᠤ᠂ ᠪᠥᠬᠦ᠌ ᠤᠯᠤᠰ᠎ᠲᠤ ᠨᠥᠯᠥᠭᠡᠯᠡᠬᠦ᠌ ᠬᠦᠴᠦᠨ ᠪᠠ ᠥᠷᠢᠰᠦᠯᠳᠦᠬᠦ᠌ ᠬᠦᠴᠦᠨ᠎ᠲᠠᠢ ᠨᠢᠭᠡ ᠪᠦᠯᠦᠭ ᠣᠷᠣᠨ ᠪᠦᠰᠡ᠎ᠶ᠋ᠢᠨ ᠨᠡᠢᠲᠡ᠎ᠶ᠋ᠢᠨ ᠬᠡᠷᠡᠭ᠌ᠯᠡᠭᠡᠨ᠎ᠤ ᠲᠥᠷᠥᠯ ᠲᠡᠮᠳᠡᠭ᠎ᠢ ᠪᠤᠢᠵᠢᠭᠤᠯᠤᠨ᠎ᠠ᠃ ᠠᠵᠤ ᠠᠬᠤᠢᠯᠠᠯ᠎ᠤᠨ ᠭᠤᠣᠯ ᠴᠣᠭ᠍ᠴᠠ᠎ᠶ᠋ᠢᠨ ᠦᠢᠯᠡᠳᠦᠯ᠎ᠢ ᠪᠠᠳᠠᠷᠠᠭᠤᠯᠵᠤ᠂ ᠪᠠᠰᠠ ᠨᠢᠭᠡ ᠪᠦᠯᠦᠭ ᠨᠡᠯᠢᠶᠡᠳ ᠴᠢᠩᠭ᠎ᠠ ᠥᠷᠢᠰᠦᠯᠳᠦᠬᠦ᠌ ᠬᠦᠴᠦᠨ᠎ᠲᠠᠢ ᠠᠵᠤ ᠠᠬᠤᠢᠯᠠᠯ᠎ᠤᠨ ᠲᠦᠷᠦᠯ ᠲᠡᠮᠳᠡᠭ ᠪᠠ ᠪᠦᠳᠦᠭᠡᠭ᠌ᠳᠡᠬᠦᠨ᠎ᠤ ᠲᠥᠷᠥᠯ ᠲᠡᠮᠳᠡᠭ᠎ᠢ ᠴᠤᠭ᠍ᠴᠠᠯᠠᠨ᠎ᠠ᠃

ᠠᠷᠭ᠎ᠠ ᠬᠡᠮᠵᠢᠶ᠎ᠡ᠄ ᠳᠠᠪᠠᠭᠤᠯᠢᠭ ᠣᠷᠣᠨ ᠪᠦᠰᠡ᠎ᠶ᠋ᠢᠨ ᠨᠡᠢᠲᠡ᠎ᠶ᠋ᠢᠨ ᠬᠡᠷᠡᠭ᠌ᠯᠡᠭᠡᠨ᠎ᠤ ᠲᠥᠷᠥᠯ ᠲᠡᠮᠳᠡᠭ᠎ᠢ ᠪᠤᠢᠵᠢᠭᠤᠯᠤᠨ᠎ᠠ᠃ 《ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠤ ᠣᠷᠣᠨ ᠪᠦᠰᠡ᠎ᠶ᠋ᠢᠨ ᠨᠡᠢᠲᠡ᠎ᠶ᠋ᠢᠨ ᠬᠡᠷᠡᠭ᠌ᠯᠡᠭᠡᠨ᠎ᠤ ᠲᠦᠷᠦᠯ ᠲᠡᠮᠳᠡᠭ᠎ᠤᠨ ᠪᠠᠢᠭᠤᠯᠤᠯᠲᠠ᠎ᠶ᠋ᠢᠨ ᠭᠤᠷᠪᠠᠨ ᠵᠢᠯ᠎ᠤᠨ ᠠᠵᠢᠯᠯᠠᠭᠠᠨ᠎ᠤ ᠲᠥᠰᠦᠯ》 ᠎ᠢ ᠬᠡᠷᠡᠭ᠌ᠵᠢᠭᠦᠯᠵᠦ᠍᠂ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ᠎ᠶ᠋ᠢ ᠤᠯᠠᠮ ᠨᠢᠭᠡ ᠠᠯᠬᠤᠮ ᠴᠢᠩᠭᠠᠳᠭᠠᠨ᠂ ᠠᠢᠮᠠᠭ ᠬᠤᠲᠠ᠂ ᠬᠤᠱᠢᠭᠤ ᠱᠢᠶᠠᠨ᠎ᠢ ᠵᠢᠯᠣᠭᠤᠳᠴᠤ᠌ ᠢᠯᠡ ᠲᠣᠳᠣ ᠣᠷᠣᠨ ᠪᠦᠰᠡ᠎ᠶ᠋ᠢᠨ ᠣᠨᠴᠠᠯᠢᠭ᠎ᠲᠠᠢ ᠨᠡᠢᠲᠡ᠎ᠶ᠋ᠢᠨ ᠬᠡᠷᠡᠭ᠌ᠯᠡᠭᠡᠨ᠎ᠤ ᠲᠦᠷᠦᠯ ᠲᠡᠮᠳᠡᠭ᠎ᠢ ᠴᠤᠭ᠍ᠴᠠᠯᠠᠨ᠎ᠠ᠃ ᠲᠦᠷᠦᠯ ᠲᠡᠮᠳᠡᠭ᠎ᠤᠨ ᠬᠠᠮᠠᠭᠠᠯᠠᠯᠲᠠ ᠪᠠ ᠬᠠᠮᠢᠶᠠᠷᠤᠯᠲᠠ᠎ᠶ᠋ᠢ ᠴᠢᠩᠭᠠᠳᠭᠠᠵᠤ᠂ ᠲᠦᠷᠦᠯ ᠲᠡᠮᠳᠡᠭ᠎ᠤᠨ ᠨᠡᠷᠡᠰ᠎ᠤᠨ ᠬᠦᠳᠡᠯᠦᠩᠬᠦᠢ ᠬᠠᠮᠢᠶᠠᠷᠤᠯᠳᠡ᠎ᠶ᠋ᠢ ᠬᠡᠷᠡᠭ᠌ᠵᠢᠬᠦᠯᠦᠨ᠎ᠠ᠃ ᠲᠦᠷᠦᠯ ᠲᠡᠮᠳᠡᠭ᠎ᠤᠨ ᠦᠯᠢᠭᠡᠷ᠎ᠢ ᠰᠠᠢᠳᠤᠷ ᠶᠠᠷᠢᠨ᠎ᠠ᠃ ᠡᠯ᠎ᠡ ᠵᠦᠢᠯ᠎ᠤᠨ ᠲᠠᠮᠵᠢᠭᠤᠯᠭ᠎ᠠ᠎ᠶ᠋ᠢᠨ ᠠᠷᠭ᠎ᠠ ᠵᠠᠮ᠎ᠢ  ᠭᠦᠢᠴᠡᠳ ᠠᠱᠢᠬ᠍ᠯᠠᠨ᠂ ᠮᠠᠨ᠎ᠤ ᠤᠷᠤᠨ᠎ᠤ ᠮᠠᠯ ᠠᠵᠤ ᠠᠬᠤᠶ ᠲᠠᠷᠢᠶᠠᠯᠠᠩ᠎ᠤᠨ ᠲᠥᠷᠥᠯ ᠲᠡᠮᠳᠡᠭ᠎ᠤᠨ ᠰᠣᠶᠣᠯ᠎ᠢ ᠶᠡᠭᠡ᠎ᠪᠠᠷ ᠤᠬᠠᠭᠤᠯᠤᠨ ᠲᠠᠨᠢᠯᠴᠠᠭᠤᠯᠵᠤ᠂ ᠴᠢᠨᠠᠷ ᠰᠠᠢᠲᠠᠶ ᠪᠣᠬᠢᠷᠲᠤᠯ ᠥᠬᠡᠶ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠤ ᠠᠯᠳᠠᠷᠱᠢᠯ᠂ ᠨᠥᠯᠥᠭᠡᠯᠡᠬᠦ᠌ ᠬᠦᠴᠦᠨ ᠪᠤᠯᠤᠨ ᠵᠠᠬ᠎ᠠ ᠳᠡᠯᠭᠡᠭᠦᠷ᠎ᠤᠨ ᠡᠵᠡᠯᠡᠬᠦ᠌ ᠨᠣᠷᠮ᠎ᠠ᠎ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠦᠨ᠂ ᠨᠠᠩ ᠣᠯᠠᠨ 《ᠥᠪᠥᠷ ᠮᠣᠩᠭᠤᠯ ᠨᠡᠷᠡᠮᠵᠢᠳᠤ》 ᠎ᠶ᠋ᠢᠨ ᠭᠠᠳᠠᠭ᠍ᠰᠢ ᠭᠠᠷᠬᠤ᠎ᠶ᠋ᠢ ᠠᠬᠢᠭᠤᠯᠤᠨ᠎ᠠ᠃ ᠠᠵᠤ ᠠᠬᠤᠢᠯᠠᠯ᠎ᠳᠤ ᠦᠢᠯᠡᠴᠢᠯᠡᠬᠦ᠌ ᠵᠢᠯᠣᠭᠤᠳᠤᠯᠭ᠎ᠠ᠎ᠪᠠᠨ ᠴᠢᠩᠭᠠᠳᠭᠠᠵᠤ᠂ ᠪᠡᠶ᠎ᠡ᠎ᠪᠠᠨ ᠳᠠᠭᠠᠭᠠᠵᠤ ᠱᠢᠨ᠎ᠡ᠎ᠶ᠋ᠢ ᠡᠭᠦᠳᠬᠦ᠂ ᠶᠠᠰᠤ ᠴᠢᠨᠠᠷ᠎ᠤᠨ ᠬᠠᠮᠢᠶᠠᠷᠤᠯᠳᠡ᠂ ᠵᠠᠬ᠎ᠠ ᠳᠡᠯᠭᠡᠭᠦᠷ᠎ᠤᠨ ᠡᠵᠡᠩᠨᠡᠨ ᠪᠣᠷᠣᠯᠠᠭᠤᠯᠤᠯᠲᠠ᠎ᠶ᠋ᠢ ᠴᠢᠩᠭᠠᠳᠭᠠᠨ᠂ ᠠᠵᠤ ᠠᠬᠤᠢᠯᠠᠯ᠎ᠤᠨ ᠲᠥᠷᠥᠯ ᠲᠡᠮᠳᠡᠭ ᠪᠠ ᠪᠦᠳᠦᠭᠡᠭ᠌ᠳᠡᠬᠦᠨ᠎ᠤ ᠲᠥᠷᠥᠯ ᠲᠡᠮᠳᠡᠭ᠎ᠤᠨ ᠥᠷᠢᠰᠦᠯᠳᠦᠬᠦ᠌ ᠬᠦᠴᠦᠨ᠎ᠢ ᠲᠠᠰᠤᠷᠠᠯᠲᠠ ᠦᠭᠡᠢ ᠴᠢᠩᠭᠠᠷᠠᠭᠤᠯᠤᠨ᠎ᠠ᠃

 

QQ截图20210711170628.png

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号