ᠱᠢᠯᠢ᠎ᠶ᠋ᠢᠨ ᠭᠤᠤᠯ ᠠᠢᠮᠠᠭ 《ᠬᠤᠪᠢᠰᠭᠠᠯᠳᠤ ᠵᠠᠭᠤᠨ ᠵᠢᠯ》 ᠤᠷᠠᠨ ᠵᠢᠷᠤᠭ ᠤᠷᠠᠨ ᠪᠢᠴᠢᠯᠭᠡ ᠭᠡᠷᠡᠯ ᠵᠢᠷᠤᠭ᠎ᠤᠨ ᠦᠵᠡᠭᠦᠯᠭᠡ ᠡᠷᠬᠢᠯᠡᠯ᠎ᠠ
2021-07-12 09:40:51
ᠵᠣᠬᠢᠶᠠᠭ᠍ᠴᠢ᠄
ᠪᠢᠯᠢᠭ᠌ᠪᠡᠭᠠᠳᠤᠷ
ᠣᠩᠱᠢᠭ᠍ᠰᠠᠨ ᠣᠳᠠᠭ᠎ᠠ᠄
★★★☆☆

ᠲᠤᠮᠳᠠᠳᠤ ᠤᠯᠤᠰ᠎ᠤᠨ ᠡᠪ ᠬᠠᠮᠳᠤ ᠨᠠᠮ ᠪᠠᠢᠭᠤᠯᠤᠭ᠍ᠳᠠᠭ᠍ᠰᠠᠨ 100 ᠵᠢᠯ᠎ᠢ ᠪᠠᠶᠠᠷᠯᠠᠨ ᠪᠡᠯᠭᠡᠯᠡᠵᠦ᠍᠂ 7 ᠰᠠᠷ᠎ᠠ᠎ᠶ᠋ᠢᠨ 7 ᠎ᠤ ᠡᠳᠦᠷ᠂ ᠱᠢᠯᠢ᠎ᠶ᠋ᠢᠨ ᠭᠤᠤᠯ ᠠᠢᠮᠠᠭ 《ᠠᠯᠳᠠᠨ ᠦᠵᠦᠭ ᠲᠤᠷᠭᠠᠨ ᠬᠠᠭᠤᠳᠠᠰᠤ᠎ᠪᠠᠷ ᠵᠠᠭᠤᠨ ᠵᠢᠯ᠎ᠢᠶᠠᠨ ᠵᠢᠷᠤᠭ᠍ᠯᠠᠵᠤ᠂ ᠠᠯᠢᠪᠠ ᠪᠡᠷᠬᠡ᠎ᠶ᠋ᠢ ᠢᠯᠠᠨ ᠲᠠᠪᠠᠵᠤ ᠨᠠᠮ᠎ᠢᠶᠠᠨ᠎ᠲᠠᠭᠠᠨ ᠤᠷᠤᠭ᠍ᠰᠢᠯᠠᠨᠠᠮ》 — ᠬᠤᠪᠢᠰᠭᠠᠯᠳᠤ ᠵᠠᠭᠤᠨ ᠵᠢᠯ᠎ᠤᠨ ᠱᠢᠯᠢ᠎ᠶ᠋ᠢᠨ ᠭᠤᠤᠯ ᠰᠡᠳᠦᠪᠲᠤ ᠤᠷᠠᠨ ᠵᠢᠷᠤᠭ ᠤᠷᠠᠨ ᠪᠢᠴᠢᠯᠭᠡ ᠭᠡᠷᠡᠯ ᠵᠢᠷᠤᠭ᠎ᠤᠨ ᠦᠵᠡᠭᠦᠯᠭᠡ ᠡᠷᠬᠢᠯᠡᠪᠡ᠃

ᠦᠵᠡᠭᠦᠯᠭᠡ᠎ᠳᠤ᠂ ᠨᠠᠮ᠂ ᠡᠬᠡ ᠤᠯᠤᠰ᠂ ᠠᠷᠠᠳ ᠲᠦᠮᠡᠨ᠂ ᠵᠢᠱ᠌ᠢᠶᠡᠴᠢᠤᠨ᠎ᠢᠶᠠᠨ ᠮᠠᠭ᠍ᠳᠠᠨ ᠲᠠᠭᠤᠯᠠᠭ᠍ᠰᠠᠨ 300 ᠱᠢᠬᠠᠮ ᠤᠷᠠᠨ ᠪᠦᠲᠦᠭᠡᠯ᠎ᠤᠳ᠎ᠢ ᠲᠡᠯᠭᠡᠨ ᠦᠵᠡᠭᠦᠯᠪᠡ᠃ ᠡᠳᠡᠭᠡᠷ ᠪᠦᠲᠦᠭᠡᠯ᠎ᠤᠳ᠎ᠤᠨ ᠰᠡᠳᠦᠪ ᠱᠢᠵᠢᠮ ᠲᠤᠳᠤ᠂ ᠠᠭᠤᠯᠭ᠎ᠠ ᠪᠠᠶᠠᠯᠢᠭ ᠪᠤᠯᠬᠤᠷ ᠠᠭᠤᠤ ᠨᠠᠮ᠎ᠤᠨ ᠬᠠᠢᠷ᠎ᠠ ᠢᠪᠡᠭᠡᠯ᠂ ᠡᠬᠡ ᠤᠯᠤᠰ᠎ᠤᠨ ᠪᠠᠳᠠᠷᠠᠯ ᠬᠦᠭ᠌ᠵᠢᠯ᠂ ᠠᠷᠠᠳ ᠲᠦᠮᠡᠨ᠎ᠤ ᠬᠦᠴᠤ᠌ ᠴᠢᠳᠠᠯ᠂ ᠪᠠᠭᠠᠳᠤᠷ ᠰᠠᠢᠴᠤᠤᠯ᠎ᠤᠨ ᠠᠯᠳᠠᠷ ᠭᠠᠪᠢᠶ᠎ᠠ᠎ᠶ᠋ᠢ ᠤᠯᠠᠨ᠎ᠳᠤ ᠢᠯᠡᠳᠭᠡᠨ ᠬᠠᠷᠠᠭᠤᠯᠬᠤ ᠠᠰᠤᠷᠤ ᠦᠯᠡᠮᠵᠢ ᠨᠦᠯᠦᠭᠡᠯᠡᠬᠦ᠌ ᠬᠦᠴᠦᠨ᠎ᠲᠠᠢ ᠪᠤᠯᠵᠤ᠂ ᠴᠠᠭ ᠦᠶ᠎ᠡ᠎ᠶ᠋ᠢᠨ ᠤᠯᠠ ᠮᠦᠷ᠎ᠢ ᠤᠷᠠᠯᠢᠭ᠎ᠤᠨ ᠪᠦᠲᠦᠭᠡᠯ ᠪᠤᠯᠭᠠᠨ ᠲᠠᠮᠠᠭᠠᠯᠠᠨ ᠦᠯᠡᠳᠡᠭᠡᠯ᠎ᠡ᠃

ᠵᠡᠭᠦᠨ ᠦᠵᠦᠮᠦᠴᠢᠨ ᠬᠤᠱᠢᠭᠤᠨ᠎ᠤ ᠰᠤᠶᠤᠯ᠎ᠤᠨ ᠤᠷᠳᠤᠨ᠎ᠤ ᠲᠡᠳ᠋ ᠲᠠᠷᠤᠭ᠎ᠠ ᠰᠢ ᠶᠢᠨᠵᠤᠤᠷ᠄ 《ᠤᠯᠤᠰ ᠲᠠᠶᠠᠭᠠᠷ ᠠᠭᠤᠤ ᠶᠡᠭᠡ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ᠎ᠢᠶᠠᠨ ᠮᠡᠨᠳᠦᠯᠡᠭ᠌ᠰᠡᠨ ᠵᠠᠭᠤᠨ ᠵᠢᠯ᠎ᠤᠨ ᠤᠢ᠎ᠶ᠋ᠢ ᠬᠦᠨᠳᠦᠳᠭᠡᠨ ᠪᠡᠯᠭᠡᠯᠡᠵᠤ ᠪᠦᠬᠦᠢ ᠲᠠᠱᠢᠷᠠᠮ᠎ᠳᠤ᠂ ᠪᠢ ᠨᠢᠭᠡᠨ ᠡᠪ ᠬᠠᠮᠳᠤ ᠨᠠᠮ᠎ᠤᠨ ᠭᠡᠱᠢᠭᠦᠨ᠂ ᠦᠨᠳᠦᠰᠦᠨ ᠱᠠᠲᠤᠨ᠎ᠤ ᠰᠤᠶᠤᠯ ᠤᠷᠠᠯᠢᠭ᠎ᠤᠨ ᠠᠵᠢᠯᠳᠠᠨ ᠪᠤᠯᠤᠭ᠍ᠰᠠᠨ᠎ᠤ ᠬᠤᠪᠢ᠎ᠳᠤ᠂ ᠬᠤᠪᠢᠰᠭᠠᠯᠳᠤ ᠵᠠᠭᠤᠨ ᠵᠢᠯ᠎ᠤᠨ ᠰᠡᠳᠦᠪᠳᠤ ᠠᠵᠢᠯᠯᠠᠭᠠᠨ᠎ᠳᠤ ᠤᠷᠤᠯᠴᠠᠵᠤ ᠪᠠᠢᠭ᠎ᠠ᠎ᠳᠠᠭᠠᠨ ᠲᠦᠢᠯ᠎ᠤᠨ ᠶᠡᠭᠡ᠎ᠪᠠᠷ ᠤᠮᠤᠭ᠍ᠰᠢᠨ ᠵᠤᠷᠢᠭ᠍ᠵᠢᠵᠤ ᠪᠠᠢᠨ᠎ᠠ᠃ ᠬᠤᠢᠱᠢᠳᠠ ᠤᠯᠠᠮ ᠢᠯᠡᠭᠦᠦ ᠴᠢᠷᠮᠠᠢᠨ ᠠᠵᠢᠯᠯᠠᠵᠤ᠂ ᠪᠦᠲᠦᠭᠡᠯ ᠬᠦᠳᠡᠯᠮᠦᠷᠢ᠎ᠪᠠᠷ᠎ᠢᠶᠠᠨ ᠱᠢᠨ᠎ᠡ ᠴᠠᠭ ᠦᠶ᠎ᠡ᠎ᠳᠤ ᠤᠷᠤᠭ᠍ᠰᠢᠯᠠᠨ ᠲᠠᠪᠱᠢᠬᠤ᠎ᠪᠠᠷ ᠴᠢᠷᠮᠠᠢᠨ᠎ᠠ》 ᠭᠡᠵᠦ᠍ ᠰᠤᠷᠪᠤᠯᠵᠢᠯᠠᠭ᠎ᠠ ᠬᠦᠯᠢᠶᠡᠬᠦ᠌᠎ᠳᠡᠭᠡᠨ ᠶᠠᠷᠢᠯ᠎ᠠ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号