ᠮᠠᠨ᠎ᠤ ᠤᠷᠤᠨ ᠬᠤᠳᠠᠯᠳᠤᠭ᠎ᠠ ᠡᠷᠬᠢᠯᠡᠬᠦ᠌ ᠤᠷᠴᠢᠨ ᠨᠦᠭᠦᠴᠡᠯ᠎ᠢ ᠦᠨᠡᠯᠡᠨ ᠵᠢᠱ᠌ᠢᠬᠦ᠌ ᠠᠷᠭ᠎ᠠ᠎ᠶ᠋ᠢ ᠨᠡᠢᠳᠡᠯᠡᠪᠡ
2021-07-12 09:41:17
ᠵᠣᠬᠢᠶᠠᠭ᠍ᠴᠢ᠄
ᠡᠷᠳᠡᠨᠢᠬᠤᠸᠠᠷ
ᠣᠩᠱᠢᠭ᠍ᠰᠠᠨ ᠣᠳᠠᠭ᠎ᠠ᠄
★★★☆☆

ᠮᠠᠨ᠎ᠤ ᠤᠷᠤᠨ ᠬᠤᠳᠠᠯᠳᠤᠭ᠎ᠠ ᠡᠷᠬᠢᠯᠡᠬᠦ᠌ ᠤᠷᠴᠢᠨ ᠨᠦᠭᠦᠴᠡᠯ᠎ᠢ ᠱᠢᠯᠢᠳᠡᠭ᠌ᠵᠢᠭᠦᠯᠬᠦ᠌᠎ᠶ᠋ᠢ ᠴᠢᠬᠤᠯᠠᠴᠢᠯᠠᠨ ᠠᠳᠭᠤᠵᠤ᠂ ᠤᠢ᠍ᠢᠷ᠎ᠠ᠎ᠳᠤ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠢ ᠦᠨᠡᠯᠡᠨ ᠵᠢᠱ᠌ᠢᠬᠦ᠌ ᠲᠤᠬᠠᠢ ᠬᠡᠷᠡᠭ᠌ᠵᠢᠭᠦᠯᠬᠦ᠌ ᠠᠷᠭ᠎ᠠ (ᠲᠤᠷᠱᠢᠨ ᠬᠡᠷᠡᠭ᠌ᠵᠢᠭᠦᠯᠬᠦ᠌)》 ᠎ᠶ᠋ᠢ ᠨᠡᠢᠳᠡᠯᠡᠪᠠ᠃

《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠢ ᠦᠨᠡᠯᠡᠨ ᠵᠢᠱ᠌ᠢᠬᠦ᠌ ᠲᠤᠬᠠᠢ ᠬᠡᠷᠡᠭ᠌ᠵᠢᠭᠦᠯᠬᠦ᠌ ᠠᠷᠭ᠎ᠠ (ᠲᠤᠷᠱᠢᠨ ᠬᠡᠷᠡᠭ᠌ᠵᠢᠭᠦᠯᠬᠦ᠌)》 ᠎ᠳᠤ᠂ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠢ ᠦᠨᠡᠯᠡᠨ ᠵᠢᠱ᠌ᠢᠬᠦ᠌ ᠭᠦᠢᠴᠡᠳᠭᠡᠯ ᠲᠣᠭᠠᠨ᠎ᠤ ᠱᠢᠰᠲ᠋ᠧᠮ᠎ᠢ 4 ᠲᠠᠯ᠎ᠠ᠎ᠠᠴᠠ 20 ᠵᠦᠢᠯ᠎ᠤᠨ ᠨᠢᠭᠡᠳᠦᠭᠡᠷ ᠳᠡᠰ᠎ᠤᠨ ᠭᠦᠢᠴᠡᠳᠭᠡᠯ ᠲᠤᠭ᠎ᠠ ᠪᠤᠯᠤᠨ 92 ᠵᠦᠢᠯ᠎ᠤᠨ ᠬᠤᠶᠠᠳᠤᠭᠠᠷ ᠳᠡᠰ᠎ᠤᠨ ᠭᠦᠢᠴᠡᠳᠭᠡᠯ ᠲᠤᠭ᠎ᠠ᠎ᠳᠤ ᠬᠤᠪᠢᠶᠠᠵᠤ᠂ ᠦᠨᠡᠯᠡᠨ ᠵᠢᠱ᠌ᠢᠭ᠌ᠰᠡᠨ ᠦᠷ᠎ᠠ ᠳ᠋ᠦᠩ᠎ᠢ ᠡᠯ᠎ᠠ ᠠᠢᠮᠠᠭ ᠬᠤᠲᠠ᠎ᠶ᠋ᠢᠨ ᠠᠵᠢᠯ᠎ᠤᠨ ᠠᠮᠵᠢᠯᠳᠠ ᠪᠦᠲᠦᠮᠵᠢ᠎ᠶ᠋ᠢ ᠬᠢᠨᠠᠨ ᠱᠢᠯᠭᠠᠬᠤ ᠭᠦᠢᠴᠡᠳᠭᠡᠯ ᠲᠤᠭ᠎ᠠ᠎ᠶ᠋ᠢᠨ ᠱᠢᠰᠲ᠋ᠧᠮ᠎ᠳᠤ ᠣᠷᠣᠭᠤᠯᠬᠤ᠎ᠪᠠᠷ ᠳᠤᠭ᠍ᠳᠠᠪᠠ᠃ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠢ ᠦᠨᠡᠯᠡᠨ ᠵᠢᠱ᠌ᠢᠬᠦ᠌᠎ᠳᠡᠭᠡᠨ ᠤᠯᠤᠰ᠎ᠤᠨ ᠬᠦᠭ᠌ᠵᠢᠭᠦᠯᠦᠯᠳᠡ ᠪᠠ ᠦᠭᠡᠷᠡᠴᠢᠯᠡᠯᠳᠡ᠎ᠶ᠋ᠢᠨ ᠵᠦᠪᠯᠡᠯ᠎ᠠᠴᠠ ᠵᠤᠬᠢᠶᠠᠨ ᠪᠠᠢᠭᠤᠯᠵᠤ ᠬᠡᠷᠡᠭ᠌ᠵᠢᠭᠦᠯᠦᠭ᠌ᠰᠡᠨ ᠳᠤᠮᠳᠠᠳᠤ ᠤᠯᠤᠰ᠎ᠤᠨ ᠬᠤᠳᠠᠯᠳᠤᠭ᠎ᠠ ᠡᠷᠬᠢᠯᠡᠬᠦ᠌ ᠤᠷᠴᠢᠨ ᠨᠦᠬᠦᠴᠡᠯ᠎ᠢ ᠦᠨᠡᠯᠡᠨ ᠵᠢᠱ᠌ᠢᠬᠦ᠌ ᠠᠷᠭ᠎ᠠ᠎ᠪᠠᠷ ᠰᠠᠭᠤᠷᠢ ᠪᠤᠯᠭᠠᠨ᠂ ᠭᠤᠷᠪᠠᠳᠠᠬᠢ ᠡᠲᠡᠭᠡᠳ᠎ᠤᠨ ᠲᠤᠰᠭᠠᠶ ᠪᠠᠢᠭᠤᠯᠤᠮᠵᠢ᠎ᠳᠤ ᠨᠠᠢᠳᠠᠨ ᠲᠤᠰᠠᠭᠠᠷ ᠥᠷᠨᠢᠭᠦᠯᠵᠦ᠍᠂ ᠳᠠᠷᠠᠭ᠎ᠠ ᠵᠢᠯ᠎ᠤᠨ 1 ᠰᠠᠷ᠎ᠠ᠎ᠶ᠋ᠢᠨ ᠰᠡᠭᠦᠯᠴᠢ᠎ᠠᠴᠠ ᠡᠮᠦᠨ᠎ᠡ ᠪᠦᠬᠦ᠌ ᠦᠨᠡᠯᠡᠨ ᠵᠢᠱ᠌ᠢᠯᠳᠡ᠎ᠶ᠋ᠢ ᠪᠡᠶᠡᠯᠡᠭᠦᠯᠬᠦ᠌᠎ᠶ᠋ᠢᠨ ᠬᠠᠮᠲᠤ ᠪᠥᠬᠦ᠌ ᠣᠷᠣᠨ᠎ᠤ ᠬᠤᠳᠠᠯᠳᠤᠭ᠎ᠠ ᠡᠷᠬᠢᠯᠡᠬᠦ᠌ ᠣᠷᠴᠢᠨ ᠨᠦᠭᠦᠴᠡᠯ᠎ᠢ ᠦᠨᠡᠯᠡᠨ ᠵᠢᠱ᠌ᠢᠭ᠌ᠰᠡᠨ ᠮᠡᠳᠡᠭᠦᠯᠦᠯᠲᠡ᠎ᠶ᠋ᠢ ᠲᠤᠭᠤᠷᠪᠢᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号