ᠡᠮᠨᠡᠵᠤ ᠠᠰᠠᠷᠠᠬᠤ᠎ᠶ᠋ᠢ ᠤᠶᠠᠯᠳᠤᠭᠤᠯᠤᠨ ᠦᠳᠡᠯᠦᠭᠡ ᠨᠠᠰᠤ᠎ᠶ᠋ᠢ ᠵᠢᠷᠭᠠᠭᠤᠯᠤᠬ᠍ᠰᠠᠨ ᠬᠦᠬᠡᠨ᠌ᠦ᠋ᠨᠳᠦᠷ ᠵᠠᠬ᠍ᠪᠤᠷ
2021-07-12 09:42:41
ᠵᠣᠬᠢᠶᠠᠭ᠍ᠴᠢ᠄
ᠲᠡᠭᠦᠰᠪᠢᠯᠢᠭ
ᠣᠩᠱᠢᠭ᠍ᠰᠠᠨ ᠣᠳᠠᠭ᠎ᠠ᠄
★★★☆☆

ᠤᠷᠠᠳ᠎ᠤᠨ ᠬᠤᠢᠲᠤ ᠬᠤᠱᠢᠭᠤᠨ᠎ᠤ ᠬᠥᠬᠡᠨ᠌ᠥ᠋ᠨᠳᠥᠷ ᠡᠮᠨᠡᠯᠭᠡ ᠠᠰᠠᠷᠠᠮᠵᠢ᠎ᠶ᠋ᠢᠨ ᠬᠤᠷᠢᠶ᠎ᠠ 《ᠨᠠᠰᠤᠵᠢᠯ᠎ᠤᠨ ᠠᠰᠠᠷᠠᠮᠵᠢ》 ᠎ᠶ᠋ᠢᠨ ᠨᠡᠢᠭᠡᠮ᠎ᠤᠨ ᠬᠦᠴᠢᠷ ᠠᠰᠠᠭᠤᠳᠠᠯ᠎ᠢ ᠱᠢᠢᠳᠪᠦᠷᠢᠯᠡᠵᠦ᠍᠂ ᠨᠠᠰᠤᠲᠠᠢᠴᠤᠳ᠎ᠢ ᠡᠷᠡᠭᠦᠯ ᠴᠢᠭᠢᠷᠠᠭ᠂ ᠪᠠᠶᠠᠷ ᠬᠥᠷ᠎ᠲᠠᠢ᠎ᠪᠠᠷ ᠦᠲᠡᠯᠦᠭᠡ ᠨᠠᠰᠤ᠎ᠶ᠋ᠢ᠎ᠨᠢ ᠦᠩᠭᠡᠷᠡᠭᠦᠯᠬᠦ᠌᠎ᠪᠠᠷ 《ᠡᠮᠨᠡᠵᠤ ᠠᠰᠠᠷᠠᠬᠤ᠎ᠶ᠋ᠢ ᠤᠶᠠᠯᠳᠤᠭᠤᠯᠬᠤ》 ᠨᠠᠰᠤᠵᠢᠯ᠎ᠤᠨ ᠠᠰᠠᠷᠠᠮᠵᠢ᠎ᠶ᠋ᠢᠨ ᠱᠢᠨ᠎ᠡ ᠵᠠᠭ᠍ᠪᠤᠷ᠎ᠢ ᠶᠡᠭᠡ᠎ᠪᠠᠷ ᠰᠦᠪᠡᠭ᠌ᠴᠢᠯᠡᠵᠦ᠍  ᠨᠠᠰᠤᠵᠢᠯ᠎ᠤᠨ ᠠᠰᠠᠷᠠᠮᠵᠢ᠎ᠶ᠋ᠢᠨ ᠦᠢᠯᠡᠴᠢᠯᠡᠭᠡᠨ᠎ᠤ 《ᠡᠴᠦᠰ᠎ᠤᠨ ᠨᠢᠭᠡ ᠺᠢᠯᠣᠮᠧᠲᠷ》 ᠎ᠢ ᠨᠡᠪᠲᠡᠷᠡᠭᠦᠯᠵᠦ᠍᠂ ᠬᠡᠳᠦᠨ ᠵᠢᠯ᠎ᠤᠨ ᠴᠥᠬᠦᠷᠡᠰᠢ ᠥᠬᠡᠶ ᠴᠢᠷᠮᠠᠢᠯᠭ᠎ᠠ᠎ᠪᠠᠷ᠂ ᠨᠢᠭᠡᠨᠲᠡ ᠴᠢᠨᠠᠷ ᠰᠠᠢᠲᠠᠶ 《ᠥᠲᠡᠯᠦᠭᠡ ᠨᠠᠰᠤᠨ᠎ᠳᠠᠭᠠᠨ ᠡᠮᠴᠢᠯᠡᠭᠡ ᠠᠰᠠᠷᠠᠮᠵᠢ᠎ᠲᠠᠢ ᠪᠠᠢᠬᠤ》 ᠬᠡᠪ ᠵᠠᠬ᠍ᠪᠤᠷ᠎ᠢ ᠪᠣᠶ ᠪᠣᠯᠭᠠᠪᠠ᠃

ᠬᠥᠬᠡᠨ᠌ᠥ᠋ᠨᠳᠥᠷ ᠡᠮᠨᠡᠯᠭᠡ ᠠᠰᠠᠷᠠᠮᠵᠢ᠎ᠶ᠋ᠢᠨ ᠬᠤᠷᠢᠶᠠᠨ᠎ᠳᠤ ᠬᠦᠷᠬᠦ᠌᠎ᠳᠤ᠂ ᠪᠠᠳᠠᠷᠠᠨ ᠲᠡᠯᠭᠡᠷᠡᠭ᠌ᠰᠡᠨ ᠰᠣᠷᠭᠤᠭ ᠴᠡᠴᠡᠭ ᠬᠠᠷᠠᠭ᠎ᠠ ᠪᠤᠯᠢᠶᠡᠵᠤ᠂ ᠴᠡᠪᠡᠷ ᠲᠤᠩᠭᠠᠯᠠᠭ ᠨᠠᠰᠤᠲᠠᠢᠴᠤᠳ᠎ᠤᠨ ᠣᠷᠣᠨ ᠰᠠᠭᠤᠴᠠ ᠰᠡᠳᠭᠢᠯ ᠲᠡᠨᠢᠯᠭᠡᠨ᠎ᠡ᠃ ᠨᠠᠶᠠ ᠭᠠᠷᠤᠭ᠍ᠰᠠᠨ ᠨᠠᠰᠤᠲᠠᠨ ᠵᠠᠩ ᠱᠢᠦ ᠶᠢᠩ ᠴᠣᠩᠬᠤᠨ᠎ᠤ ᠲᠡᠷᠬᠡᠳᠠ ᠰᠠᠭᠤᠭᠠᠳ ᠬᠠᠷᠢ᠎ᠳᠤ ᠪᠠᠢᠭ᠎ᠠ ᠣᠮᠪᠣᠯᠣ ᠥᠬᠢᠨ᠎ᠲᠠᠢ᠎ᠪᠠᠨ ᠸᠢᠳᠢᠣ᠋᠎ᠪᠠᠷ ᠵᠣᠭᠤᠭ᠍ᠳᠠᠵᠤ ᠪᠠᠢᠯ᠎ᠠ᠂ ᠡᠪᠦᠭᠡᠨ᠎ᠨᠢ ᠨᠠᠰᠤ ᠪᠠᠷᠠᠭ᠍ᠰᠠᠨ᠎ᠠᠴᠠ ᠰᠡᠭᠦᠯᠡᠷ᠂ ᠭᠠᠭ᠍ᠴᠠᠭᠠᠷᠳᠠᠭ᠍ᠰᠠᠨ ᠵᠠᠩ ᠱᠢᠦ ᠶᠢᠩ ᠳᠠᠷᠦ᠋ᠢᠬᠠᠠ ᠬᠦᠭᠡᠨ᠌ᠦ᠋ᠨᠲᠦᠷ ᠡᠮᠨᠡᠯᠭᠡ ᠠᠰᠠᠷᠠᠮᠵᠢ᠎ᠶ᠋ᠢᠨ ᠬᠤᠷᠢᠶᠠᠨ᠎ᠳᠤ ᠣᠷᠣᠵᠤ ᠰᠠᠭᠤᠪᠠ᠃ ᠦᠷ᠎ᠡ ᠠᠴᠢ ᠨᠠᠷ᠎ᠨᠢ ᠭᠠᠳᠠᠨ᠎ᠠ ᠣᠷᠣᠨ᠎ᠳᠤ ᠪᠠᠢᠬᠤ ᠪᠤᠯᠬᠤᠷ ᠵᠠᠷᠢᠮ᠎ᠳᠠᠭᠠᠨ ᠬᠤᠶᠠᠷ ᠰᠠᠷ᠎ᠠ᠎ᠳᠤ ᠨᠢᠭᠡ ᠤᠳᠠᠭ᠎ᠠ ᠴᠤ᠌ ᠠᠭᠤᠯᠵᠠᠵᠤ ᠳᠡᠢᠯᠬᠦ᠌ ᠦᠭᠡᠶ ᠪᠤᠯᠪᠠᠴᠤ᠌ ᠡᠮᠨᠡᠯᠭᠡ᠎ᠶ᠋ᠢᠨ ᠬᠤᠷᠢᠶᠠᠨ᠎ᠤ ᠠᠵᠢᠯᠲᠠᠳ ᠨᠠᠷᠢᠨ ᠨᠢᠮᠪᠠᠶ ᠬᠠᠷᠠᠭᠠᠯᠵᠠᠵᠤ ᠪᠠᠢᠭ᠎ᠠ ᠪᠣᠯᠬᠤᠷ ᠨᠠᠰᠤᠲᠠᠨ ᠮᠥᠨ ᠯᠡ ᠴᠤᠭ ᠵᠢᠪᠬᠤᠭ᠎ᠠ ᠲᠡᠭᠦᠯᠳᠡᠷ ᠬᠡᠪ᠎ᠢᠶᠠᠷ᠎ᠢᠶᠠᠨ ᠪᠠᠢᠯ᠎ᠠ᠃

ᠰᠤᠷᠪᠤᠯᠵᠢᠯᠠᠭ᠍ᠴᠢ ᠡᠮᠨᠡᠯᠭᠡ᠎ᠶ᠋ᠢᠨ ᠬᠤᠷᠢᠶᠠᠨ᠎ᠳᠤ ᠬᠦᠷᠬᠦ᠌᠎ᠳᠤ᠂ ᠵᠠᠩ ᠱᠢᠦ ᠶᠢᠩ ᠨᠠᠰᠤᠲᠠᠨ᠎ᠤ 80 ᠨᠠᠰᠤᠨ᠎ᠤ ᠲᠥᠷᠥᠭ᠌ᠰᠡᠨ ᠡᠳᠦᠷ ᠲᠣᠬᠢᠶᠠᠯᠳᠤᠵᠤ᠂ ᠡᠮᠨᠡᠯᠭᠡ᠎ᠶ᠋ᠢᠨ ᠬᠤᠷᠢᠶᠠᠨ᠎ᠤ ᠠᠵᠢᠯᠲᠠᠨ ᠲᠤᠰᠭᠠᠢᠯᠠᠨ ᠲᠥᠷᠥᠭ᠌ᠰᠡᠨ ᠡᠳᠦᠷ᠎ᠤᠨ ᠪᠣᠭᠤᠷᠰᠤᠭ ᠵᠠᠬᠢᠶᠠᠯᠠᠵᠤ᠂ ᠪᠤᠰᠤᠳ ᠨᠠᠰᠤᠲᠠᠨ᠎ᠲᠠᠢ ᠬᠠᠮᠲᠤ ᠵᠠᠩ ᠱᠢᠦ ᠶᠢᠩ᠎ᠳᠤ ᠲᠦᠷᠦᠭ᠌ᠰᠡᠨ ᠡᠳᠤᠷ᠎ᠤᠨ ᠪᠠᠶᠠᠷ᠎ᠢ᠎ᠨᠢ ᠲᠡᠮᠳᠡᠭ᠌ᠯᠡᠵᠤ ᠦᠭ᠌ᠴᠤ ᠪᠠᠢᠯ᠎ᠠ᠃

ᠵᠠᠩ ᠱᠢᠦ ᠶᠢᠩ᠄ 《ᠡᠪᠦᠭᠡᠨ ᠨᠠᠰᠤ ᠪᠠᠷᠠᠭ᠍ᠰᠠᠨ᠎ᠤ ᠳᠠᠷᠠᠭ᠎ᠠ ᠥᠪᠡᠷ᠎ᠢᠶᠠᠨ ᠭᠠᠭ᠍ᠴᠠᠭᠠᠷᠳᠠᠬᠤ᠎ᠠᠴᠠ ᠠᠶᠤᠨ᠎ᠠ᠂ ᠡᠮᠨᠡᠯᠭᠡ ᠠᠰᠠᠷᠠᠮᠵᠢ᠎ᠶ᠋ᠢᠨ ᠬᠤᠷᠢᠶᠠᠨ᠎ᠳᠤ ᠢᠷᠡᠭ᠌ᠰᠡᠨ᠎ᠨᠢ ᠳᠠᠷᠤᠢ ᠬᠥᠭ᠌ᠵᠢᠶᠡᠨ ᠨᠠᠷᠭᠢᠶᠠᠨ᠎ᠤ ᠲᠥᠯᠥᠭᠡ ᠶᠤᠮ᠂ ᠠᠳᠠᠬᠢ ᠠᠵᠢᠯᠲᠠᠳ᠎ᠤᠨ ᠤᠪᠤᠷ ᠰᠤᠷᠳᠠᠯ ᠰᠠᠢᠨ᠂ ᠮᠢᠨᠦ᠍ ᠤᠷᠮ᠎ᠠ ᠰᠡᠳᠭᠢᠯᠭᠡ᠎ᠶ᠋ᠢ ᠲᠤᠩ ᠰᠠᠢᠨ ᠪᠣᠯᠭᠠᠵᠠᠢ᠂ ᠲᠡᠳᠡᠨ᠎ᠳᠤ ᠲᠠᠯᠠᠷᠬᠠᠬᠤ᠎ᠶ᠋ᠢᠨ ᠲᠥᠯᠥᠭᠡ ᠲᠦᠷᠦᠭᠦᠭᠡᠨ ᠬᠡᠦᠬᠡᠨ᠎ᠢᠶᠠᠷ᠎ᠢᠶᠠᠨ ᠲᠤᠰᠭᠠᠢᠯᠠᠨ ᠡᠮᠨᠡᠯᠭᠡ᠎ᠶ᠋ᠢᠨ ᠬᠤᠷᠢᠶᠠᠨ᠎ᠳᠤ ᠬᠡᠮᠡᠷᠯᠢᠭ ᠲᠤᠭ ᠬᠦᠷᠭᠡᠯᠬᠡᠭ᠌ᠰᠡᠡ ᠱᠢᠤ》 ᠬᠡᠵᠦ᠍ ᠶᠠᠷᠢᠨ᠎ᠠ᠃

ᠬᠥᠬᠡᠨ᠌ᠥ᠋ᠨᠳᠥᠷ ᠡᠮᠨᠡᠯᠭᠡ ᠠᠰᠠᠷᠠᠮᠵᠢ᠎ᠶ᠋ᠢᠨ ᠬᠤᠷᠢᠶᠠᠨ᠎ᠳᠤ ᠰᠠᠭᠤᠵᠤ ᠪᠠᠢᠭ᠎ᠠ ᠨᠠᠰᠤᠲᠠᠳ᠎ᠠᠴᠠ ᠬᠠᠮᠤᠭ᠎ᠤᠨ ᠦᠨᠳᠦᠷ ᠨᠠᠰᠤᠯᠠᠭ᠍ᠰᠠᠨ᠎ᠨᠢ 101 ᠨᠠᠰᠤ᠎ᠲᠠᠢ᠂ ᠳᠤᠮᠳᠠᠴᠢ ᠨᠠᠰᠤ 80 ᠎ᠶ᠋ᠢ ᠲᠠᠪᠠᠵᠠᠢ᠃ ᠨᠠᠰᠤᠲᠠᠢᠴᠤᠳ ᠠᠳᠡ ᠦᠶ᠎ᠠ ᠬᠤᠷᠠᠭ᠍ᠴᠤᠤᠯ᠎ᠲᠠᠢ᠎ᠪᠠᠨ ᠬᠠᠮᠲᠤ ᠪᠠᠢᠯᠴᠠᠠ ᠪᠠᠶᠠᠷ ᠪᠠᠶᠠᠰᠤᠯ᠎ᠲᠠᠢ᠎ᠪᠠᠷ ᠴᠠᠭ᠎ᠢ ᠦᠩᠭᠡᠷᠡᠬᠡᠵᠦ᠍ ᠠᠳᠠᠬᠢ᠎ᠶ᠋ᠢ ᠦᠪᠡᠷ᠎ᠤᠨ ᠬᠡᠷ᠎ᠢᠶᠠᠨ ᠪᠣᠯᠭᠠᠳᠠᠭ᠃ ᠠᠳᠠᠬᠢ ᠠᠵᠢᠯᠲᠠᠨ ᠡᠳᠦᠷ ᠪᠦᠷᠢ ᠨᠠᠰᠤᠲᠠᠳ᠎ᠤᠨ ᠠᠮᠢᠳᠤᠷᠠᠯ᠎ᠢ ᠬᠠᠷᠠᠭᠠᠯᠵᠠᠬᠤ᠎ᠪᠠᠷ ᠪᠠᠷᠠᠬᠤ ᠦᠭᠡᠢ ᠪᠠᠰᠠ ᠡᠯᠪᠡᠭ ᠪᠠᠶᠠᠯᠢᠭ ᠰᠣᠶᠣᠯ ᠲᠠᠮᠢᠷ᠎ᠤᠨ ᠬᠥᠳᠡᠯᠭᠡᠭᠡᠨ ᠵᠣᠬᠢᠶᠠᠨ ᠪᠠᠢᠭᠤᠯᠵᠤ ᠨᠠᠰᠤᠲᠠᠢᠴᠤᠳ᠎ᠤᠨ ᠠᠮᠢᠳᠤᠷᠠᠯ᠎ᠢ ᠪᠠᠶᠠᠷ ᠬᠥᠷ᠎ᠲᠠᠢ ᠪᠣᠯᠭᠠᠨ᠎ᠠ᠃

ᠲᠤᠰ ᠬᠤᠷᠢᠶᠠᠨ᠎ᠤ ᠬᠠᠷᠢᠭᠤᠴᠠᠯᠭᠠᠲᠠᠨ ᠯᠦ᠍ ᠷᠦ᠍᠄ 《ᠡᠮᠨᠡᠵᠦ᠍ ᠠᠰᠠᠷᠠᠬᠤ᠎ᠶ᠋ᠢ ᠤᠶᠠᠯᠳᠤᠭᠤᠯᠤᠭ᠍ᠰᠠᠨ ᠬᠠᠮᠤᠭ᠎ᠤᠨ ᠶᠡᠭᠡ ᠳᠠᠪᠠᠭᠤᠯᠢᠭ ᠪᠣᠯ ᠡᠮᠴᠢᠯᠡᠭᠡ᠂ ᠰᠤᠪᠢᠯᠠᠯᠲᠠ ᠵᠢᠴᠢ ᠨᠠᠰᠤᠵᠢᠯ᠎ᠤᠨ ᠠᠰᠠᠷᠠᠮᠵᠢ᠎ᠶ᠋ᠢ ᠨᠢᠭᠡ ᠴᠣᠭ᠍ᠴᠠᠵᠢᠭᠤᠯᠬᠤ ᠶᠠᠪᠤᠳᠠᠯ ᠪᠣᠯᠤᠨ᠎ᠠ᠂ ᠢᠩᠭᠢᠪᠡᠯ ᠠᠮᠢ ᠨᠠᠰᠤᠨ᠎ᠤ ᠦᠶᠡᠯᠡᠯ᠎ᠤᠨ ᠪᠦᠷᠢᠨ ᠪᠦᠲᠦᠨ ᠱᠢᠰᠲ᠋ᠧᠮ᠎ᠢ ᠬᠠᠮᠤᠷᠴᠤ᠌᠂ ᠨᠠᠰᠤᠲᠠᠢᠴᠤᠳ᠎ᠲᠤ ᠨᠡᠷ᠎ᠡ ᠬᠦᠨᠳᠦ᠎ᠲᠠᠢ᠂ ᠬᠥᠮᠦᠨᠴᠢ ᠬᠠᠯᠠᠮᠵᠢᠯᠠᠯ᠎ᠲᠠᠢ᠂ ᠡᠮᠴᠢᠯᠡᠭᠡᠨ᠎ᠤ ᠪᠠᠲᠤᠯᠠᠭ᠎ᠠ᠎ᠲᠠᠢ ᠴᠢᠨᠠᠷ ᠰᠠᠢᠲᠠᠶ ᠡᠷᠡᠭᠦᠯᠵᠢᠯ ᠰᠤᠪᠢᠯᠠᠯᠲᠠ᠎ᠶ᠋ᠢᠨ ᠦᠢᠯᠡᠴᠢᠯᠡᠭᠡ ᠬᠦᠷᠲᠡᠭᠡᠵᠦ᠍ ᠴᠢᠳᠠᠨ᠎ᠠ》 ᠭᠡᠵᠦ᠍ ᠲᠠᠨᠢᠯᠴᠠᠭᠤᠯᠵᠤ ᠪᠢᠯᠠ᠃

ᠲᠤᠰ ᠬᠤᠷᠢᠶ᠎ᠠ᠎ᠳᠤ ᠰᠠᠭᠤᠵᠤ ᠪᠠᠢᠭ᠎ᠠ ᠨᠠᠰᠤᠲᠠᠢᠴᠤᠳ 《ᠡᠪᠡᠳᠴᠢᠯᠡᠪᠡᠯ ᠬᠡᠷ᠎ᠠᠴᠠ᠎ᠪᠠᠨ ᠭᠠᠷᠬᠤ ᠥᠬᠡᠶ᠎ᠪᠠᠷ ᠲᠤᠰᠭᠠᠶ ᠡᠮᠨᠡᠯᠭᠡ᠎ᠶ᠋ᠢᠨ ᠦᠢᠯᠡᠴᠢᠯᠡᠭᠡ᠎ᠶ᠋ᠢ ᠴᠠᠭ ᠲᠤᠬᠠᠶ᠎ᠳᠤᠨᠢ ᠭᠥᠷᠳᠡᠴᠢᠬᠡᠨ᠎ᠠ᠂ ᠡᠨᠡ ᠲᠡᠯ᠎ᠠ᠎ᠪᠠᠷ ᠦᠨᠡᠬᠡᠷ ᠰᠠᠨᠠᠭ᠎ᠠ ᠠᠮᠤᠷ ᠰᠠᠨᠠᠭ᠍ᠳᠠᠨ᠎ᠠ》 ᠭᠡᠵᠡᠭᠡᠵᠦ᠍ ᠪᠠᠢᠯ᠎ᠠ᠃

2016 ᠣᠨ᠎ᠳᠤ ᠬᠥᠬᠡᠨ᠌ᠥ᠋ᠨᠳᠥᠷ ᠡᠮᠨᠡᠯᠭᠡ ᠠᠰᠠᠷᠠᠮᠵᠢ᠎ᠶ᠋ᠢᠨ ᠬᠤᠷᠢᠶ᠎ᠠ᠎ᠶ᠋ᠢ 《ᠪᠠᠶᠠᠨᠨᠠᠭᠤᠷ ᠬᠤᠲᠠ᠎ᠶ᠋ᠢᠨ ᠡᠮᠨᠡᠵᠦ᠍ ᠠᠰᠠᠷᠠᠬᠤ᠎ᠶ᠋ᠢ ᠤᠶᠠᠯᠳᠤᠭᠤᠯᠤᠭ᠍ᠰᠠᠨ ᠲᠤᠷᠱᠢᠯᠲᠠ᠎ᠶ᠋ᠢᠨ ᠡᠮᠨᠡᠯᠭᠡ᠎ᠶ᠋ᠢᠨ ᠬᠤᠷᠢᠶ᠎ᠠ》 ᠎ᠪᠠᠷ ᠲᠣᠭ᠍ᠲᠠᠭᠠᠵᠤ᠂ 2017 ᠣᠨ᠎ᠳᠤ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠨᠡᠬᠦ᠌ ᠠᠰᠠᠷᠠᠬᠤ᠎ᠶ᠋ᠢ ᠤᠶᠠᠯᠳᠤᠭᠤᠯᠤᠭ᠍ᠰᠠᠨ ᠲᠤᠷᠱᠢᠯᠲᠠ᠎ᠶ᠋ᠢᠨ ᠡᠮᠨᠡᠯᠭᠡ᠎ᠶ᠋ᠢᠨ ᠬᠤᠷᠢᠶ᠎ᠠ》 ᠎ᠪᠠᠷ ᠲᠣᠭ᠍ᠲᠠᠭᠠᠪᠠ᠃ ᠬᠥᠬᠡᠨ᠌ᠥ᠋ᠨᠳᠥᠷ ᠡᠮᠨᠡᠯᠭᠡ ᠠᠰᠠᠷᠠᠮᠵᠢ᠎ᠶ᠋ᠢᠨ ᠬᠤᠷᠢᠶ᠎ᠠ 《ᠡᠮᠴᠢᠯᠡᠭᠡ + ᠨᠠᠰᠤᠵᠢᠯ᠎ᠤᠨ ᠠᠰᠠᠷᠠᠮᠵᠢ + ᠡᠷᠡᠭᠦᠯᠵᠢᠯ》 ᠎ᠤᠨ ᠡᠮᠨᠡᠵᠤ ᠠᠰᠠᠷᠠᠬᠤ᠎ᠶ᠋ᠢ ᠤᠶᠠᠯᠳᠤᠭᠤᠯᠬᠤ ᠵᠠᠭ᠍ᠪᠤᠷ᠎ᠢᠶᠠᠷ 《ᠥᠪᠡᠷ᠎ᠤᠨ ᠨᠠᠰᠤᠲᠠᠨ᠎ᠢᠶᠠᠨ ᠬᠦᠨᠳᠦᠯᠡᠬᠦ᠌ ᠠᠳᠠᠯᠢ ᠪᠤᠰᠤᠳ᠎ᠤᠨ ᠨᠠᠰᠤᠲᠠᠨ᠎ᠢ ᠬᠦᠨᠳᠦᠯᠡᠬᠦ᠌》 ᠰᠠᠢᠨ ᠰᠠᠢᠬᠠᠨ ᠬᠦᠰᠡᠯ ᠨᠠᠢᠳᠠᠯᠭ᠎ᠠ᠎ᠶ᠋ᠢ ᠬᠥᠰᠡᠷᠳᠡᠭᠦᠯᠦᠯ ᠥᠬᠡᠶ᠎ᠪᠠᠷ ᠨᠠᠰᠤᠲᠠᠢᠴᠤᠳ᠎ᠲᠤ ᠴᠢᠨᠠᠷ ᠰᠠᠢᠲᠠᠶ ᠨᠠᠰᠤᠵᠢᠯ᠎ᠤᠨ ᠠᠰᠠᠷᠠᠮᠵᠢ᠎ᠶ᠋ᠢᠨ ᠣᠷᠴᠢᠨ ᠨᠥᠬᠦᠴᠡᠯ ᠬᠠᠩᠭᠠᠵᠤ᠂ 《ᠥᠲᠡᠯᠦᠭᠡ ᠨᠠᠰᠤ᠎ᠪᠠᠨ ᠲᠠᠪᠠᠳᠠᠢ ᠦᠩᠭᠡᠷᠡᠭᠡᠬᠦ᠌》 ᠰᠠᠢᠨ ᠰᠠᠢᠬᠠᠨ ᠬᠦᠰᠡᠯ ᠡᠷᠡᠮᠡᠯᠵᠡᠯ᠎ᠢ ᠪᠣᠳᠠᠲᠤ ᠦᠢᠯᠡᠳᠤᠯᠬᠡ ᠪᠣᠯᠭᠠᠨ ᠬᠤᠪᠢᠷᠠᠭᠤᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号