ᠵᠢᠷᠭᠠᠯᠠᠩᠲᠤ ᠲᠦᠴᠢᠦᠸᠠᠨ᠎ᠤ 《ᠳᠠᠢᠴᠢᠯᠠᠨ ᠳᠠᠭᠠᠭᠤᠯᠤᠭ᠍ᠴᠢ》 — ᠪᠦᠬᠦ᠌ ᠤᠯᠤᠰ᠎ᠤᠨ ᠱᠢᠯᠢᠳᠡᠭ ᠱᠢᠶᠠᠨ᠎ᠤ ᠨᠠᠮ᠎ᠤᠨ ᠬᠤᠷᠢᠶᠠᠨ᠎ᠤ ᠱᠦᠵᠢ᠂ ᠲᠦᠴᠢᠦᠸᠠᠨ ᠱᠢᠶᠠᠨ᠎ᠤ ᠨᠠᠮ᠎ᠤᠨ ᠬᠤᠷᠢᠶᠠᠨ᠎ᠤ ᠱᠦᠵᠢ ᠴᠢᠦᠶ ᠵᠧᠨ ᠨᠢᠶᠠᠨ᠎ᠢ ᠳᠡᠮᠳᠡᠭ᠌ᠯᠡᠪᠡ
2021-07-12 09:11:53
ᠵᠣᠬᠢᠶᠠᠭ᠍ᠴᠢ᠄
ᠬᠤᠷᠴᠠ ᠭᠤᠣ ᠮᠢᠨ ᠨᠠ
ᠣᠩᠱᠢᠭ᠍ᠰᠠᠨ ᠣᠳᠠᠭ᠎ᠠ᠄
★★★☆☆

QQ图片20210712084754.png


2019 ᠣᠨ᠎ᠳᠤ᠂ ᠴᠢᠦᠢ ᠵᠧᠨ ᠨᠢᠶᠠᠨ (ᠡᠮᠦᠨ᠎ᠡ ᠮᠥᠷ᠎ᠤᠨ ᠳᠤᠮᠳᠠᠬᠢ) ᠲᠦᠴᠢᠦᠸᠠᠨ ᠪᠠᠯᠭᠠᠰᠤ᠎ᠶ᠋ᠢᠨ ᠶᠦᠩ ᠪᠦᠦ ᠲᠣᠰᠭᠤᠨ᠎ᠳᠤ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠠᠵᠢᠯ᠎ᠢ ᠪᠠᠢᠴᠠᠭᠠᠨ ᠰᠤᠳᠤᠯᠪᠠ᠃ ᠵᠠᠩ ᠯᠢ ᠱᠠ ᠰᠡᠭᠦᠳᠡᠷᠯᠡᠪᠡ


《ᠴᠢᠦᠢ ᠱᠦᠵᠢ ᠦᠨᠡᠬᠡᠷ ᠨᠠᠷᠢᠨ ᠬᠢᠨᠠᠮᠠᠭᠠᠢ ᠬᠥᠮᠦᠨ᠂ ᠮᠠᠨ᠎ᠤ᠎ᠳᠤ ᠢᠷᠡᠬᠦ᠌ ᠪᠣᠯᠭᠠᠨ ᠨᠠᠳᠠ᠎ᠲᠠᠢ ᠣᠷᠣᠯᠭ᠎ᠠ᠎ᠶ᠋ᠢᠨ ᠲᠠᠩᠰᠠ ᠪᠤᠳᠤᠳᠠᠭ》 ᠭᠡᠵᠤ ᠯᠢ ᠠᠪᠠᠭ᠎ᠠ ᠬᠡᠯᠡᠨ᠎ᠠ᠂ ᠴᠢᠦᠶ ᠱᠦᠵᠢ᠎ᠶ᠋ᠢᠨ ᠰᠠᠨᠠᠯ᠎ᠢᠶᠠᠷ ᠦᠬᠡᠷ ᠲᠡᠵᠢᠭᠡᠵᠦ᠍ ᠡᠬᠢᠯᠡᠭ᠌ᠰᠡᠨ᠎ᠠᠴᠠ ᠠᠪᠤᠭᠠᠳ ᠳᠡᠳᠡᠡ᠎ᠤ᠎ᠬᠢᠨ᠎ᠤ ᠬᠡᠷ᠎ᠤᠨ ᠠᠮᠢᠳᠤᠷᠠᠯ ᠡᠳᠦᠷ᠎ᠠᠴᠠ ᠡᠳᠦᠷ ᠰᠠᠢᠵᠢᠷᠠᠭ᠍ᠰᠠᠨ ᠪᠠᠢᠨ᠎ᠠ᠃ 《ᠤᠳᠤ ᠮᠢᠨᠦ᠍ 14 ᠦᠬᠡᠷ ᠴᠦᠮ ᠬᠦᠴᠤ᠌ ᠲᠠᠷᠭᠤ ᠰᠠᠢᠲᠠᠢ᠂ ᠵᠢᠯ᠎ᠤᠨ ᠣᠷᠣᠯᠭ᠎ᠠ 7 ᠲᠦᠮᠡ ᠭᠠᠷᠤᠢ ᠲᠥᠭᠦᠷᠢᠭ᠎ᠲᠤ ᠬᠦᠷᠴᠦ᠍ ᠪᠠᠢᠨ᠎ᠠ》 ᠭᠡᠵᠦ᠍ ᠲᠦᠴᠢᠦᠸᠠᠨ ᠱᠢᠶᠠᠨ᠎ᠤ᠎ᠲᠠᠢ ᠫᠢᠩ ᠱᠢᠶᠠᠩ᠎ᠤᠨ ᠰᠠᠢ᠎ᠶ᠋ᠢᠨ ᠬᠤᠸᠠ ᠲᠣᠰᠭᠤᠨ᠎ᠤ ᠯᠢ ᠰᠢ ᠴᠦᠨ ᠪᠠᠶᠠᠷᠲᠠᠢᠬᠠᠨ ᠬᠡᠯᠡᠨ᠎ᠡ᠃

ᠡᠨᠡ ᠬᠡᠳᠦᠨ ᠵᠢᠯ᠎ᠳᠤ᠂ ᠯᠢ ᠰᠢ ᠴᠦᠨ ᠲᠦᠴᠢᠦᠸᠠᠨ ᠱᠢᠶᠠᠨ᠎ᠤ 《ᠶᠠᠳᠠᠭᠤ᠎ᠶ᠋ᠢ ᠲᠡᠳᠬᠦᠬᠦ᠌᠎ᠳᠤ ᠠᠵᠤ ᠦᠢᠯᠡᠰ᠎ᠢᠶᠠᠷ ᠲᠡᠳᠬᠦᠬᠦ᠌ · ᠮᠠᠯ ᠠᠵᠤ ᠠᠬᠤᠢ᠎ᠪᠠᠷ ᠲᠦᠴᠢᠦᠸᠠᠨ ᠱᠢᠶᠠᠨ᠎ᠢ ᠳᠠᠬᠢᠨ ᠱᠤᠭᠤᠬᠤ》 ᠢᠨᠵᠧᠨᠧᠷᠢᠩ᠎ᠠᠴᠠ ᠠᠱᠢᠭ ᠬᠦᠷᠳᠡᠵᠤ᠂ ᠥᠪᠡᠷ᠎ᠤᠨ ᠠᠵᠢᠯᠴᠢ ᠬᠥᠳᠡᠯᠮᠦᠷᠢᠴᠢ ᠬᠤᠶᠠᠷ ᠭᠠᠷ᠎ᠢᠶᠠᠷ᠎ᠢᠶᠠᠨ ᠥᠲᠡᠯᠦᠭᠡ ᠨᠠᠰᠤᠨ᠎ᠤ ᠵᠣᠯ ᠵᠢᠷᠭᠠᠯᠲᠤ ᠠᠮᠢᠳᠤᠷᠠᠯ᠎ᠢᠶᠠᠨ ᠤᠭ᠍ᠲᠤᠨ ᠠᠪᠴᠢᠷᠠᠵᠦ᠍᠂ ᠪᠠᠰᠠ ᠪᠦᠬᠦ᠌ ᠱᠢᠶᠠᠨ᠎ᠤ ᠦᠬᠡᠷ ᠲᠡᠵᠢᠭᠡᠬᠦ᠌ ᠤᠳᠤ ᠪᠤᠯᠵᠤ᠂ ᠲᠡᠭᠦᠨ᠎ᠤ ᠶᠠᠳᠠᠭᠤ᠎ᠠᠴᠠ ᠠᠩᠭᠢᠵᠢᠷᠠᠨ ᠴᠢᠨᠡᠭᠡᠯᠢᠭ᠌ᠵᠢᠭ᠌ᠰᠡᠨ ᠦᠢᠯᠡ ᠠᠵᠢᠯᠯᠠᠭ᠎ᠠ᠎ᠨᠢ ᠨᠡᠩ ᠴᠤ᠌ ᠵᠠᠭᠤᠴᠢᠯᠠᠭᠤᠷ᠎ᠤᠨ᠎ᠬᠢᠨ᠎ᠳᠤ ᠪᠠᠢᠨ ᠲᠠᠬᠢᠨ ᠮᠡᠳᠡᠭᠡᠯᠡᠭ᠌ᠳᠡᠬᠦ᠌ ᠪᠤᠯᠵᠠᠢ᠃

ᠣᠳᠣ᠂ ᠲᠦᠴᠢᠦᠸᠠᠨ ᠱᠢᠶᠠᠨ᠎ᠳᠤ 《ᠶᠠᠳᠠᠭᠤ᠎ᠶ᠋ᠢ ᠲᠡᠳᠬᠦᠬᠦ᠌᠎ᠳᠤ ᠠᠵᠤ ᠦᠶᠯᠡᠰ᠎ᠢᠶᠠᠷ ᠲᠡᠳᠬᠦᠬᠦ᠌ · ᠮᠠᠯ ᠠᠵᠤ ᠠᠬᠤᠶ᠎ᠪᠠᠷ ᠲᠦᠴᠢᠦᠸᠠᠨ ᠱᠢᠶᠠᠨ᠎ᠢ ᠳᠠᠬᠢᠨ ᠱᠤᠭᠤᠬᠤ》 ᠢᠨᠵᠧᠨᠧᠷᠢᠩ᠎ᠠᠴᠠ ᠠᠱᠢᠭ ᠭᠥᠷᠳᠡᠵᠦ᠍᠂ ᠯᠢ ᠰᠢ ᠴᠦᠨ᠎ᠲᠠᠢ ᠠᠳᠠᠯᠢ᠎ᠪᠠᠷ ᠦᠬᠡᠷ ᠲᠡᠵᠢᠭᠡᠬᠦ᠌᠎ᠳᠤ ᠲᠦᠱᠢᠭ᠌ᠯᠡᠨ ᠴᠢᠨᠡᠭᠡᠯᠢᠭ᠌ᠵᠢᠭ᠌ᠰᠡᠨ ᠲᠠᠷᠢᠶᠠᠴᠢᠨ 21320 ᠡᠷᠦᠬᠡ ᠪᠤᠢ᠃ 《ᠬᠥᠮᠦᠨ ᠪᠦᠷᠢ ᠨᠢᠭᠡ ᠦᠬᠡᠷ᠎ᠲᠠᠢ᠂ ᠢᠳᠡᠵᠦ᠍ ᠡᠮᠦᠰᠭᠦ᠎ᠳᠡᠭᠡᠨ ᠵᠣᠪᠠᠭ᠍ᠤ ᠦᠭᠡᠢ; ᠬᠥᠮᠦᠨ ᠪᠦᠷᠢ ᠬᠤᠶᠠᠷ ᠦᠬᠡᠷ᠎ᠲᠠᠢ᠂ ᠮᠠᠱᠢᠨ ᠲᠡᠷᠭᠡ᠎ᠲᠠᠢ ᠮᠥᠷᠳᠡᠭᠡᠨ ᠪᠠᠰᠠ ᠠᠰᠠᠷ᠎ᠲᠤ ᠰᠠᠭᠤᠨ᠎ᠠ; ᠬᠥᠮᠦᠨ ᠪᠦᠷᠢ ᠭᠤᠷᠪᠠᠨ ᠦᠬᠡᠷ᠎ᠲᠠᠢ᠂ ᠪᠠᠶᠠᠵᠢᠨ ᠴᠢᠨᠡᠭᠡᠯᠢᠭ᠌ᠵᠢᠬᠦ᠌᠎ᠶ᠋ᠢ ᠪᠠᠶᠠᠯᠡᠬᠦᠯᠤᠨ᠎ᠡ》᠃ ᠡᠨᠡ ᠪᠤᠯ ᠦᠬᠡᠷ ᠲᠡᠵᠢᠭᠡᠬᠦ᠌ ᠡᠷᠦᠬᠡ᠎ᠶ᠋ᠢᠨ ᠵᠣᠯ ᠵᠢᠷᠭᠠᠯᠲᠤ ᠠᠮᠢᠳᠤᠷᠠᠯ᠎ᠤᠨ ᠦᠨᠡᠨ ᠪᠣᠳᠠᠲᠤ ᠵᠢᠷᠤᠭ᠍ᠯᠠᠯ ᠪᠤᠯᠤᠨ᠎ᠠ᠃

ᠲᠦᠴᠢᠦᠸᠠᠨ ᠱᠢᠶᠠᠨ᠎ᠤ ᠠᠷᠠᠳ ᠤᠯᠠᠨ᠎ᠢ ᠶᠠᠳᠠᠭᠤ᠎ᠠᠴᠠ ᠠᠩᠭᠢᠵᠢᠷᠠᠭᠤᠯᠤᠨ ᠴᠢᠨᠡᠭᠡᠯᠢᠭ ᠨᠡᠢᠭᠡᠮ᠎ᠳᠤ ᠣᠷᠣᠭᠤᠯᠵᠤ᠂ ᠵᠣᠯ ᠵᠢᠷᠭᠠᠯ᠎ᠲᠠᠢ ᠠᠮᠢᠳᠤᠷᠠᠭᠤᠯᠬᠤ ᠪᠣᠯ ᠴᠢᠦᠢ ᠵᠧᠨ ᠨᠢᠶᠠᠨ᠎ᠤ ᠢᠮᠠᠭ᠍ᠲᠠ᠎ᠶ᠋ᠢᠨ ᠬᠦᠰᠡᠯ ᠬᠦᠭᠡᠭᠡᠴᠡᠯᠳᠤᠯ ᠪᠤᠯᠤᠨ᠎ᠡ᠃ ᠲᠡᠭᠦᠨ᠎ᠤ ᠵᠢᠷᠭᠢ᠊ ᠡᠶ᠎ᠡ᠎ᠶ᠋ᠢᠨ ᠨᠡᠷ᠎ᠡ᠎ᠨᠢ 《ᠵᠢᠷᠭᠠᠯᠠᠩᠳᠤ ᠲᠦᠴᠢᠦᠸᠠᠨ》 ᠭᠡᠵᠦ᠍ ᠪᠠᠢᠳᠠᠭ᠎ᠨᠢ ᠲᠡᠭᠦᠨ᠎ᠤ ᠭᠦᠨ ᠵᠤᠵᠠᠭᠠᠨ ᠠᠷᠠᠳ᠎ᠤᠨ ᠠᠮᠢᠳᠤᠷᠠᠯ᠎ᠤᠨ ᠬᠠᠢᠷ᠎ᠠ ᠰᠡᠳᠭᠢᠯᠭᠡ᠎ᠶ᠋ᠢ ᠨᠡᠩᠳᠠ ᠱᠢᠭᠤᠳ ᠲᠤᠰᠭᠠᠵᠠᠢ᠃

ᠱᠢᠶᠠᠨ᠎ᠤ ᠨᠠᠮ᠎ᠤᠨ ᠬᠤᠷᠢᠶᠠᠨ᠎ᠤ ᠱᠦᠵᠢ᠎ᠶ᠋ᠢᠨ ᠲᠤᠱᠢᠶᠠᠯ᠎ᠢ ᠡᠭᠦᠷᠭᠡᠯᠡᠭ᠌ᠰᠡᠨ 6 ᠵᠢᠯ᠎ᠤᠨ ᠲᠤᠷᠰᠢ᠂ ᠴᠢᠦᠶ ᠵᠧᠨ ᠨᠢᠶᠠᠨ ᠪᠣᠯᠤᠨ ᠱᠢᠶᠠᠨ᠎ᠤ ᠨᠠᠮ᠎ᠤᠨ ᠬᠤᠷᠢᠶᠠᠨ᠎ᠤ ᠤᠳᠤᠷᠢᠳᠭᠤ ᠪᠠᠭ ᠠᠷᠠᠳ᠎ᠤᠨ ᠠᠮᠢᠳᠤᠷᠠᠯ᠎ᠤᠨ ᠬᠦᠷᠢᠶᠡᠨ᠎ᠳᠤ ᠠᠯᠢ ᠣᠯᠠᠨ ᠱᠢᠨ᠎ᠡ ᠠᠷᠭ᠎ᠠ ᠬᠡᠮᠵᠢᠶ᠎ᠡ ᠠᠪᠴᠤ᠌᠂ ᠵᠢᠷᠭᠠᠯᠠᠩᠲᠤ ᠲᠦᠴᠢᠦᠸᠠᠨ᠎ᠢ ᠪᠥᠲᠥᠭᠡᠨ ᠪᠠᠢᠭᠤᠯᠬᠤ ᠰᠠᠢᠨ ᠰᠠᠢᠬᠠᠨ ᠬᠦᠰᠡᠯ ᠡᠷᠡᠮᠡᠯᠵᠡᠯ᠎ᠢ ᠠᠯᠬᠤᠮ ᠠᠯᠬᠤᠮ᠎ᠢᠶᠠᠷ ᠪᠣᠳᠠᠲᠤ ᠠᠬᠤᠶ ᠪᠣᠯᠭᠠᠨ ᠬᠤᠪᠢᠷᠠᠭᠤᠯᠵᠤ᠂ ᠲᠦᠴᠢᠦᠸᠠᠨ ᠱᠢᠶᠠᠨ᠎ᠢ ᠤᠯᠤᠰ᠎ᠤᠨ ᠲᠠᠰ᠎ᠤᠨ ᠶᠠᠳᠠᠭᠤ ᠬᠦᠴᠢᠷᠳᠡᠯᠲᠡᠶ ᠬᠤᠱᠢᠭᠤ ᠱᠢᠶᠠᠨ᠎ᠠᠴᠠ ᠮᠤᠯᠳᠤᠷᠠᠭᠤᠯᠤᠬ᠍ᠰᠡᠨ ᠪᠦᠭᠡᠳ ᠲᠦᠴᠢᠦᠸᠠᠨ ᠱᠢᠶᠠᠨ᠎ᠤ ᠠᠷᠠᠳ ᠲᠦᠮᠡᠨ᠎ᠤ ᠬᠦᠷᠲᠡᠮᠵᠢ᠎ᠶ᠋ᠢᠨ ᠲᠥᠷᠥᠭ᠌ᠳᠡᠯ᠂ ᠵᠢᠷᠭᠠᠯᠲᠤ ᠲᠥᠷᠥᠭ᠌ᠳᠡᠯ᠂ ᠠᠮᠤᠷ ᠲᠦᠪᠱᠢᠨ᠎ᠤ ᠲᠥᠷᠥᠭ᠌ᠳᠡᠯ᠎ᠢ ᠨᠠᠩ ᠲᠡᠭᠦᠯᠳᠡᠷ᠂ ᠨᠠᠩ ᠪᠠᠲᠤᠯᠠᠭ᠎ᠠ᠎ᠲᠠᠢ᠂ ᠨᠠᠩ ᠦᠷᠭᠦᠯᠵᠢᠯᠡᠬᠦ᠌ ᠪᠣᠯᠭᠠᠬ᠍ᠰᠡᠨ ᠪᠠᠢᠨ᠎ᠡ᠃

ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠤᠯᠬᠤ ᠳᠤᠮᠳᠠ᠂ ᠴᠢᠦᠶ ᠵᠧᠨ ᠨᠢᠶᠠᠨ 《ᠮᠠᠯ ᠠᠵᠤ ᠠᠬᠤᠶ᠎ᠪᠠᠷ ᠲᠦᠴᠢᠦᠸᠠᠨ ᠱᠢᠶᠠᠨ᠎ᠢ ᠬᠦᠭ᠌ᠵᠢᠬᠦᠯᠬᠦ᠌》 ᠢᠨᠵᠧᠨᠧᠷᠢᠩ᠎ᠢ ᠳᠤᠷᠠᠳᠤᠨ ᠭᠠᠷᠭᠠᠭ᠍ᠰᠠᠨ ᠪᠥᠭᠡᠳ ᠵᠣᠬᠢᠶᠠᠨ ᠪᠠᠢᠭᠤᠯᠤᠨ ᠬᠡᠷᠡᠭ᠌ᠵᠢᠭᠦᠯᠵᠦ᠍᠂ ᠪᠥᠬᠦ᠌ ᠱᠢᠶᠠᠨ᠎ᠤ ᠲᠠᠷᠢᠶᠠᠴᠢᠨ ᠡᠷᠦᠬᠡ᠎ᠶ᠋ᠢ ᠬᠥᠲᠥᠯᠥᠨ ᠵᠢᠯᠣᠭᠤᠳᠴᠤ᠌ ᠪᠠᠢᠭᠠᠳ ᠠᠯᠠᠱᠢᠨ ᠦᠬᠡᠷ ᠲᠡᠵᠢᠭᠡᠨ ᠦᠷᠡᠵᠢᠭᠦᠯᠬᠦ᠌ ᠠᠵᠤ ᠦᠶᠯᠡᠰ᠎ᠢ ᠬᠥᠭ᠌ᠵᠢᠭᠦᠯᠵᠦ᠍᠂ ᠬᠥᠳᠡᠭᠡ ᠲᠣᠰᠭᠤᠨ᠎ᠤ ᠪᠠᠢᠩᠭᠤ ᠰᠠᠭᠤᠭ᠎ᠠ ᠬᠥᠮᠦᠨ ᠠᠮᠠ᠎ᠳᠤ ᠬᠥᠮᠦᠨ ᠳᠤᠮᠳᠠᠴᠢ᠎ᠪᠠᠷ ᠨᠢᠭᠡ ᠦᠬᠡᠷ ᠨᠣᠭ᠍ᠳᠠᠭᠤᠯᠬᠤ᠎ᠶ᠋ᠢ ᠪᠡᠶᠡᠯᠡᠭᠦᠯᠵᠦ᠍᠂ ᠠᠯᠠᠱᠢᠨ ᠦᠬᠡᠷ ᠲᠡᠵᠢᠭᠡᠵᠦ᠍ ᠪᠠᠢᠭ᠎ᠠ ᠶᠡᠷᠦᠩᠬᠡᠶ ᠲᠤᠭ᠎ᠠ᠎ᠶ᠋ᠢ 12.3 ᠲᠦᠮᠡ᠎ᠳᠤ ᠬᠦᠷᠭᠡᠬᠦ᠌᠎ᠶ᠋ᠢ ᠠᠬᠢᠭᠤᠯᠵᠤ᠂ ᠤᠯᠠᠮᠵᠢᠯᠠᠯᠲᠤ ᠲᠠᠷᠢᠶᠠᠯᠠᠩ᠎ᠤᠨ ᠲᠣᠮᠣ ᠱᠢᠶᠠᠨ᠎ᠢ ᠲᠠᠷᠢᠶᠠᠯᠠᠩ ᠮᠠᠯ ᠠᠵᠤ ᠠᠬᠤᠶ᠎ᠶ᠋ᠢᠨ ᠬᠦᠴᠦᠷᠬᠡᠭ ᠱᠢᠶᠠᠨ ᠳᠠᠢᠰᠢ ᠤᠷᠤᠭ᠍ᠰᠢᠯᠠᠭᠤᠯᠵᠤ᠂ ᠲᠦᠴᠢᠦᠸᠠᠨ ᠱᠢᠶᠠᠨ᠎ᠢ ᠥᠪᠥᠷ ᠮᠣᠩᠭᠤᠯ᠎ᠤᠨ ᠵᠡᠭᠦᠨ ᠬᠡᠰᠡᠭ᠎ᠤᠨ ᠭᠠᠵᠠᠷ ᠣᠷᠣᠨ᠎ᠤ ᠬᠠᠮᠤᠭ᠎ᠤᠨ ᠶᠡᠭᠡ ᠠᠩᠭᠧᠰ ᠦᠬᠡᠷ ᠲᠡᠵᠢᠭᠡᠨ ᠦᠷᠡᠵᠢᠭᠦᠯᠬᠦ᠌ ᠰᠠᠭᠤᠷᠢᠨ ᠪᠠ ᠪᠥᠬᠦ᠌ ᠠᠢᠮᠠᠭ᠎ᠤᠨ ᠬᠠᠮᠤᠭ᠎ᠤᠨ ᠶᠡᠭᠡ ᠰᠦ ᠰᠠᠭᠠᠯᠢ᠎ᠶ᠋ᠢᠨ ᠢᠷᠡᠯᠲᠡ᠎ᠶ᠋ᠢᠨ ᠰᠠᠭᠤᠷᠢᠨ ᠪᠣᠯᠭᠠᠬᠤ᠎ᠶ᠋ᠢᠨ ᠬᠠᠮᠲᠤ᠌᠂ ᠦᠬᠡᠷ ᠲᠡᠵᠢᠭᠡᠬᠦ᠌ ᠡᠷᠦᠬᠡ᠎ᠶ᠋ᠢᠨ ᠵᠤᠯ ᠵᠢᠷᠭᠠᠯᠳᠤ ᠠᠮᠢᠳᠤᠷᠠᠯ᠎ᠤᠨ ᠵᠠᠮ᠎ᠢ᠎ᠨᠢ ᠭᠡᠷᠡᠯᠳᠤᠬᠦᠯᠦᠭ᠌ᠰᠡᠨ ᠪᠠᠢᠨ᠎ᠡ᠃

ᠪᠥᠬᠦ᠌ ᠱᠢᠶᠠᠨ᠎ᠤ ᠦᠬᠡᠷ᠎ᠤᠨ ᠲᠤᠭ᠎ᠠ 2017 ᠣᠨ᠎ᠤ ᠡᠴᠦᠰ᠎ᠲᠤ 2 .8 ᠲᠦᠮᠡ ᠪᠠᠢᠭ᠍ᠰᠠᠨ᠎ᠠᠴᠠ᠎ᠪᠠᠨ ᠣᠲᠣ 16 .8 ᠲᠦᠮᠡ ᠪᠣᠯᠵᠣ᠂ ᠦᠬᠡᠷ᠎ᠤᠨ ᠲᠤᠭ᠎ᠠ᠎ᠶ᠋ᠢᠨ 3 ᠵᠢᠯ᠎ᠤᠨ ᠳᠤᠮᠳᠠᠴᠢ ᠨᠡᠮᠡᠭ᠌ᠳᠡᠯ᠎ᠤᠨ ᠬᠤᠷᠳᠤᠴᠠ 75 % ᠎ᠳᠤ ᠬᠦᠷᠴᠦ᠍᠂ ᠬᠥᠳᠡᠭᠡ ᠲᠣᠰᠭᠤᠨ᠎ᠳᠤ ᠪᠠᠢᠩᠭᠤ ᠰᠠᠭᠤᠭ᠎ᠠ ᠬᠥᠮᠦᠨ ᠪᠦᠷᠢ᠎ᠳᠤ ᠳᠤᠮᠳᠠᠴᠢ᠎ᠪᠠᠷ ᠨᠢᠭᠡ ᠦᠬᠡᠷ᠎ᠲᠠᠢ ᠪᠣᠯᠵᠣ᠂ 2 ᠲᠦᠮᠡᠨ ᠲᠠᠷᠢᠶᠠᠴᠢᠨ ᠡᠷᠦᠬᠡ᠎ᠶ᠋ᠢ ᠳᠠᠢᠴᠢᠯᠠᠨ ᠵᠢᠯ᠎ᠤᠨ ᠣᠷᠣᠯᠭ᠎ᠠ᠎ᠶ᠋ᠢ᠎ᠨᠢ 1.6 ᠲᠦᠮᠡᠨ ᠲᠥᠭᠦᠷᠢᠭ ᠨᠡᠮᠡᠭ᠌ᠳᠡᠭᠦᠯᠵᠦ᠍᠂ 3000 ᠭᠠᠷᠤᠶ ᠶᠠᠳᠠᠭᠤ ᠬᠦᠴᠢᠷᠳᠡᠯᠲᠡᠶ ᠡᠷᠦᠬᠡ᠎ᠶ᠋ᠢᠨ ᠵᠢᠯ᠎ᠤᠨ ᠣᠷᠣᠯᠭ᠎ᠠ᠎ᠨᠢ 1.1 ᠲᠦᠮᠡᠨ ᠲᠥᠭᠦᠷᠢᠭ ᠨᠡᠮᠡᠭ᠌ᠳᠡᠭ᠌ᠰᠡᠨ ᠪᠠᠢᠨ᠎ᠠ᠃

ᠣᠯᠠᠨ ᠲᠦᠮᠡᠨ᠎ᠤ ᠰᠠᠨᠠᠭᠠᠱᠢᠷᠠᠵᠤ ᠪᠠᠢᠭ᠎ᠠ ᠶᠠᠪᠤᠳᠠᠯ᠂ ᠲᠦᠪᠡᠭ᠌ᠳᠡᠵᠦ᠍ ᠪᠠᠢᠭ᠎ᠠ ᠶᠠᠪᠤᠳᠠᠯ᠂ ᠵᠤᠪᠠᠨᠢᠵᠦ᠍ ᠪᠠᠢᠭ᠎ᠠ ᠶᠠᠪᠤᠳᠠᠯ᠎ᠢ ᠱᠢᠢᠳᠪᠦᠷᠢᠯᠡᠬᠦ᠌᠎ᠶ᠋ᠢᠨ ᠲᠥᠯᠥᠭᠡ᠂ ᠴᠢᠦᠶ ᠵᠧᠨ ᠨᠢᠶᠠᠨ ᠪᠥᠬᠦ᠌ ᠱᠢᠶᠠᠨ᠎ᠤ ᠺᠠᠳ᠋ᠷᠴᠤᠳ᠎ᠤᠨ ᠳᠤᠮᠳᠠ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ · ᠣᠯᠠᠨ ᠲᠦᠮᠡᠨ᠎ᠳᠤ ᠦᠶᠯᠡᠴᠢᠯᠡᠬᠦ᠌ 《ᠵᠢᠷᠭᠤᠭᠠᠨ ᠵᠦᠶᠯ᠎ᠤᠨ ᠢᠨᠵᠧᠨᠧᠷᠢᠩ᠂ ᠵᠢᠷᠭᠤᠭ᠎ᠠ᠎ᠶ᠋ᠢ ᠲᠣᠰᠭᠤᠨ ᠡᠷᠦᠬᠡ᠎ᠳᠤ ᠬᠦᠷᠭᠡᠬᠦ᠌》 ᠠᠵᠢᠯ᠎ᠢ ᠥᠷᠨᠢᠭᠦᠯᠵᠦ᠍᠂ ᠪᠥᠬᠦ᠌ ᠱᠢᠶᠠᠨ᠎ᠤ 3800 ᠭᠠᠷᠤᠶ ᠪᠠᠢᠭᠤᠯᠭ᠎ᠠ᠎ᠶ᠋ᠢᠨ ᠺᠠᠳ᠋ᠷ 4.8 ᠲᠦᠮᠡ ᠭᠠᠷᠤᠶ ᠪᠠᠢᠩᠭᠤ ᠰᠠᠭᠤᠭ᠎ᠠ ᠲᠠᠷᠢᠶᠠᠴᠢᠨ ᠡᠷᠦᠬᠡ᠎ᠲᠠᠢ ᠬᠠᠨᠳᠤᠯᠭᠠᠲᠤ ᠬᠠᠪᠰᠤᠷᠤᠨ ᠬᠤᠯᠪᠣᠭᠠᠯᠠᠬᠤ ᠬᠠᠷᠢᠴᠠᠭ᠎ᠠ ᠪᠠᠢᠭᠤᠯᠵᠤ᠂ ᠣᠯᠠᠨ ᠲᠦᠮᠡᠨ ᠬᠦᠴᠢᠷᠳᠡᠯ᠎ᠲᠠᠢ ᠪᠤᠯ ᠬᠠᠪᠰᠤᠷᠬᠤ ᠬᠥᠮᠦᠨ᠎ᠲᠠᠢ᠂ ᠣᠯᠠᠨ ᠲᠦᠮᠡᠨ᠎ᠤ ᠵᠣᠪᠠᠨᠢᠯ᠎ᠢ ᠱᠢᠢᠳᠪᠦᠷᠢᠯᠡᠬᠦ᠌ ᠬᠥᠮᠦᠨ᠎ᠲᠠᠢ ᠪᠣᠯᠭᠠᠵᠤ᠂ ᠺᠠᠳ᠋ᠷ᠎ᠤᠨ 《ᠵᠦᠳᠡᠷᠡᠯ᠎ᠤᠨ ᠵᠢᠭᠠᠯᠲᠠ ᠲᠤᠭ᠎ᠠ》 ᠎ᠪᠠᠷ ᠣᠯᠠᠨ ᠲᠦᠮᠡᠨ᠎ᠤ 《ᠵᠣᠯ ᠵᠢᠷᠭᠠᠯ᠎ᠤᠨ ᠵᠢᠭᠠᠯᠲᠠ ᠲᠤᠭ᠎ᠠ》 ᠎ᠶ᠋ᠢ ᠰᠣᠯᠢᠵᠤ ᠠᠪᠴᠢᠷᠠᠭ᠍ᠰᠠᠨ ᠪᠠᠢᠨ᠎ᠠ᠃

ᠴᠢᠦᠶ ᠵᠧᠨ ᠨᠢᠶᠠᠨ᠎ᠤ ᠲᠠᠢᠴᠢᠯᠠᠯᠳᠠ᠎ᠪᠠᠷ᠂ 《ᠠᠷᠪᠠᠨ ᠭᠤᠷᠪᠠᠳᠤᠭᠠᠷ ᠲᠠᠪᠤᠨ ᠵᠢᠯ》 ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ᠂ ᠲᠦᠴᠢᠦᠸᠠᠨ ᠱᠢᠶᠠᠨ ᠬᠤᠲᠠ᠎ᠶ᠋ᠢᠨ ᠲᠥᠬᠦᠮ ᠪᠦᠲᠦᠴᠡᠲᠦ ᠣᠷᠣᠨ ᠰᠠᠭᠤᠴᠠ᠎ᠶ᠋ᠢᠨ ᠲᠣᠭᠤᠷᠢᠭ᠎ᠤᠨ 2643 ᠡᠷᠦᠬᠡ᠎ᠶ᠋ᠢᠨ ᠤᠷᠤᠨ ᠰᠠᠭᠤᠴᠨ᠎ᠶ᠋ᠢ ᠥᠭᠡᠷᠡᠴᠢᠯᠡᠨ ᠵᠠᠰᠠᠵᠤ᠂ ᠬᠥᠳᠡᠭᠡ ᠲᠣᠰᠭᠤᠨ᠎ᠤ 16037 ᠡᠷᠦᠬᠡ᠎ᠶ᠋ᠢᠨ ᠨᠤᠷᠠᠬᠤ ᠠᠶᠤᠯᠲᠠᠶ ᠬᠡᠷ ᠪᠠᠢᠱᠢᠩ᠎ᠢ ᠥᠭᠡᠷᠡᠴᠢᠯᠡᠨ ᠱᠢᠨᠡᠳᠭᠡᠵᠦ᠍᠂ ᠬᠤᠲᠠ ᠪᠠᠯᠭᠠᠰᠤᠨ᠎ᠳᠤ 1 ᠲᠦᠮᠡᠨ ᠬᠥᠮᠦᠨ ᠤᠳᠠᠭ᠎ᠠ ᠱᠢᠨ᠎ᠡ᠎ᠪᠠᠷ ᠠᠵᠢᠯ ᠣᠯᠭᠤᠵᠤ᠂ ᠬᠥᠳᠡᠭᠡ ᠲᠣᠰᠭᠤᠨ᠎ᠤ ᠬᠥᠳᠡᠯᠮᠦᠷᠢ ᠬᠦᠴᠦᠨ᠎ᠢ 14.25 ᠲᠦᠮᠡᠨ ᠬᠥᠮᠦᠨ ᠤᠳᠠᠭ᠎ᠠ ᠱᠢᠯᠵᠢᠭᠦᠯᠦᠨ ᠠᠵᠢᠯ ᠣᠯᠭᠤᠵᠤ᠂ ᠠᠵᠢᠯ᠎ᠲᠠᠢ ᠬᠥᠮᠦᠨ ᠥᠬᠡᠶ ᠬᠡᠷ ᠪᠦᠯᠢ᠎ᠶ᠋ᠢ ᠬᠥᠳᠡᠯᠦᠩᠭᠦᠶ᠎ᠪᠠᠷ 《ᠪᠦᠬᠦᠨ᠎ᠢ ᠦᠭᠡᠢᠰᠭᠡᠵᠦ᠍》᠂ ᠨᠠᠩ ᠣᠯᠠᠨ ᠬᠥᠮᠦᠨ ᠠᠮᠤᠷ ᠵᠢᠮᠦᠷ ᠠᠵᠤ ᠲᠦᠷᠦᠵᠦ᠍᠂ ᠵᠣᠯ ᠵᠢᠷᠭᠠᠯ᠎ᠲᠠᠢ ᠱᠢᠨ᠎ᠡ ᠠᠮᠢᠳᠤᠷᠠᠯ᠎ᠢ ᠡᠳ᠋ᠯᠡᠭ᠌ᠰᠡᠨ ᠪᠠᠢᠨ᠎ᠠ᠃ ᠰᠠᠭᠤᠭᠠᠯᠢ ᠠᠷᠠᠳ᠎ᠤᠨ ᠲᠣᠭᠤᠷᠢᠭ᠎ᠤᠨ ᠡᠭᠦᠳᠡᠨ᠎ᠳᠤ ᠲᠦᠬᠦᠭᠡᠷᠤᠮᠵᠢᠳᠤ ᠲᠠᠷᠢᠶᠠᠯᠠᠩ᠎ᠤᠨ ᠬᠦᠯᠡᠮᠵᠢ ᠪᠠᠢᠭᠤᠯᠤᠭ᠍ᠰᠠᠨ᠎ᠢ ᠦᠵᠡᠭᠡᠳ᠂ ᠣᠨᠳᠣᠣ ᠭᠠᠵᠠᠷ᠎ᠲᠤ ᠨᠡᠭᠦᠯᠭᠡᠵᠦ᠍ ᠶᠠᠳᠠᠭᠤ᠎ᠠᠴᠠ ᠠᠩᠭᠢᠵᠢᠷᠠᠭ᠍ᠰᠠᠠ ᠡᠷᠦᠬᠡ ᠸᠠᠩ ᠹᠠᠩ᠎ᠤᠨ ᠰᠡᠳᠭᠢᠯ᠎ᠳᠠᠬᠢ ᠰᠠᠨᠠᠭᠠᠱᠢᠷᠠᠯ ᠡᠴᠦᠰ᠎ᠲᠡᠭᠡᠨ ᠠᠷᠢᠯᠪᠠ᠃ 《ᠨᠡᠭᠦᠭ᠌ᠰᠡᠨ᠎ᠤ ᠲᠠᠷᠠᠭ᠎ᠠ ᠵᠣᠭᠤᠰ ᠤᠯᠬᠤ ᠭᠠᠵᠠᠷ ᠦᠭᠡᠢ ᠪᠣᠯ ᠶᠠᠭᠠᠬᠢᠵᠤ ᠠᠮᠢᠳᠤᠷᠠᠬᠤ ᠪᠤᠢ》 ᠭᠡᠵᠦ᠍ ᠰᠠᠨᠠᠭᠠᠱᠢᠷᠠᠭ᠍ᠰᠠᠭᠠᠷ ᠢᠷᠡᠭ᠌ᠰᠡᠨ ᠲᠡᠷᠡ᠂ ᠵᠣᠷᠢᠭ᠍ᠲᠠᠢ᠎ᠪᠠᠷ ᠯᠢ ᠴᠢᠤᠸᠠᠨ ᠲᠣᠭᠤᠷᠢᠭ᠎ᠤᠨ ᠶᠠᠳᠠᠭᠤ᠎ᠶ᠋ᠢ ᠲᠡᠳᠬᠦᠵᠦ᠍ ᠠᠵᠢᠯ ᠣᠯᠭᠤᠬᠤ ᠰᠠᠭᠤᠷᠢᠨ᠎ᠠᠴᠠ 10 ᠰᠠᠭᠤᠷᠢ ᠲᠦᠬᠦᠭᠡᠷᠤᠮᠵᠢᠳᠤ ᠲᠠᠷᠢᠶᠠᠯᠠᠩ᠎ᠤᠨ ᠬᠦᠯᠡᠮᠵᠢ᠎ᠶ᠋ᠢ ᠳᠠᠭᠠᠭᠠᠴᠢᠯᠠᠨ ᠠᠪᠴᠤ᠌᠂ ᠡᠨᠡ᠎ᠨᠢ ᠲᠡᠭᠦᠨ᠎ᠳᠤ ᠪᠠᠶᠠᠷᠯᠠᠭᠤᠱᠢᠲᠠᠢ ᠣᠷᠣᠯᠭ᠎ᠠ ᠣᠯᠭᠤᠵᠤ᠂ ᠲᠡᠭᠦᠨ᠎ᠤ ᠠᠮᠢᠳᠤᠷᠠᠯ ᠶᠠᠪᠤᠬᠤ ᠲᠤᠳᠤᠮ ᠥᠭᠡᠳᠡᠯᠡᠯ᠎ᠠ᠃

ᠴᠢᠦᠶ ᠵᠧᠨ ᠨᠢᠶᠠᠨ ᠮᠦᠨ ᠪᠦᠬᠦ᠌ ᠱᠢᠶᠠᠨ᠎ᠤ ᠱᠢᠨ᠎ᠡ ᠮᠠᠶᠢᠭ᠎ᠤᠨ ᠡᠮ ᠡᠮᠨᠡᠯᠭᠡ᠎ᠶ᠋ᠢᠨ ᠨᠥᠬᠦᠪᠥᠷᠢ᠎ᠶ᠋ᠢᠨ ᠣᠢᠯᠠᠭᠠᠭ᠍ᠳᠠᠬᠤᠨ᠎ᠤ ᠱᠢᠨ᠎ᠡ᠎ᠶ᠋ᠢ ᠡᠭᠦᠳᠬᠦ᠌᠎ᠶ᠋ᠢ ᠵᠢᠯᠣᠭᠤᠳᠴᠤ᠌᠂ ᠣᠲᠣ᠎ᠶ᠋ᠢᠨ ᠪᠠᠢᠭ᠎ᠠ ᠡᠮ ᠡᠮᠨᠡᠯᠭᠡ᠎ᠶ᠋ᠢᠨ ᠪᠠᠲᠤᠯᠠᠭ᠎ᠠ᠎ᠶ᠋ᠢᠨ ᠲᠦᠷᠢᠮ᠎ᠤᠨ ᠰᠠᠭᠤᠷᠢᠨ ᠳᠡᠭᠡᠷ᠎ᠡ ᠱᠢᠶᠠᠨ᠎ᠤ ᠱᠠᠲᠤᠨ᠎ᠤ ᠬᠤᠲᠠ ᠬᠥᠳᠡᠭᠡ᠎ᠶ᠋ᠢᠨ ᠬᠦᠨᠳᠦ ᠡᠪᠡᠳᠴᠢᠲᠡᠨ᠎ᠢ ᠡᠮ ᠡᠮᠨᠡᠯᠭᠡ᠎ᠶ᠋ᠢᠨ ᠠᠪᠤᠷᠠᠨ ᠲᠤᠰᠠᠯᠠᠬᠤ ᠲᠣᠭ᠍ᠲᠠᠴᠠ᠎ᠶ᠋ᠢ ᠢᠳᠡᠪᠬᠢᠲᠡᠶ ᠰᠦᠪᠡᠭ᠌ᠴᠢᠯᠡᠨ ᠪᠠᠢᠭᠤᠯᠵᠤ᠂ 《ᠬᠦᠨᠳᠦ ᠡᠪᠡᠳᠴᠢᠲᠡᠨ᠎ᠢ ᠱᠢᠶᠠᠨ᠎ᠠᠴᠠ ᠲᠤᠰᠠᠯᠠᠬᠤ》 ᠲᠥᠷᠥ᠎ᠶ᠋ᠢᠨ ᠪᠣᠳᠣᠯᠭ᠎ᠠ᠎ᠶ᠋ᠢ ᠵᠣᠬᠢᠶᠠᠨ ᠪᠠᠢᠭᠤᠯᠤᠨ ᠬᠡᠷᠡᠭ᠌ᠵᠢᠭᠦᠯᠪᠠ᠃

《ᠲᠡᠷᠡ ᠵᠢᠯ᠂ ᠮᠠᠨ᠎ᠤ᠎ᠬᠢᠨ ᠬᠤᠢᠨ᠎ᠠ ᠡᠮᠦᠨ᠎ᠠ 20 ᠲᠦᠮᠡᠨ ᠲᠥᠭᠦᠷᠢᠭ ᠵᠠᠷᠤᠴᠠᠭᠤᠯᠵᠤ ᠡᠮᠡᠭᠡ᠎ᠶ᠋ᠢᠨ ᠡᠪᠡᠳᠴᠢᠨ᠎ᠢ ᠦᠵᠡᠬᠦᠯᠦᠭ᠌ᠰᠡᠨ ᠶᠤᠮ᠂ ᠦᠨᠳᠦᠰᠦᠨ ᠡᠮ ᠡᠮᠨᠡᠯᠭᠡ᠎ᠶ᠋ᠢᠨ ᠳᠠᠭᠠᠳᠭᠠᠯ᠎ᠢᠶᠠᠷ 7 ᠲᠦᠮᠡ ᠭᠠᠷᠤᠶ ᠲᠥᠭᠦᠷᠢᠭ᠎ᠤᠨ ᠲᠠᠩᠰᠠ ᠲᠠᠢᠯᠤᠭ᠍ᠰᠠᠨ᠎ᠠᠴᠠ ᠭᠠᠳᠠᠨ᠎ᠠ᠂ 〈ᠬᠦᠨᠳᠦ ᠡᠪᠡᠳᠴᠢᠲᠡᠨ᠎ᠢ ᠱᠢᠶᠠᠨ᠎ᠠᠴᠠ ᠲᠤᠰᠠᠯᠠᠬᠤ〉 ᠲᠥᠷᠥ᠎ᠶ᠋ᠢᠨ ᠪᠣᠳᠣᠯᠭ᠎ᠠ᠎ᠶ᠋ᠢᠨ ᠠᠴᠢ᠎ᠪᠠᠷ ᠮᠦᠨ 4.5 ᠲᠦᠮᠡᠨ ᠲᠥᠭᠦᠷᠢᠭ᠎ᠤᠨ ᠡᠮᠨᠡᠯᠭᠡ᠎ᠶ᠋ᠢᠨ ᠵᠠᠷᠤᠳᠠᠯ᠎ᠢ ᠲᠠᠩᠰᠠ᠎ᠠᠴᠠ ᠳᠡᠢᠯᠵᠦ᠍ ᠥᠭ᠌ᠴᠡᠶ》᠃ ᠲᠦᠴᠢᠦᠸᠠᠨ ᠱᠢᠶᠠᠨ᠎ᠤ 《ᠬᠦᠨᠳᠦ ᠡᠪᠡᠳᠴᠢᠲᠡᠨ᠎ᠢ ᠱᠢᠶᠠᠨ᠎ᠠᠴᠠ ᠲᠤᠰᠠᠯᠠᠬᠤ》 ᠡᠨᠡ ᠬᠦ᠌ ᠠᠷᠠᠳ᠎ᠤᠨ ᠠᠮᠢᠳᠤᠷᠠᠯ᠎ᠤᠨ ᠲᠥᠷᠥ᠎ᠶ᠋ᠢᠨ ᠪᠣᠳᠣᠯᠭ᠎ᠠ᠎ᠶ᠋ᠢᠨ ᠲᠤᠬᠠᠶ ᠬᠡᠯᠡᠬᠦ᠌᠎ᠳᠤ᠂ ᠲᠦᠴᠢᠦᠸᠠᠨ ᠪᠠᠯᠭᠠᠰᠤᠨ᠎ᠤ ᠰᠠᠭᠤᠭᠠᠯᠢ ᠠᠷᠠᠳ ᠸᠠᠩ ᠱᠢᠶᠤᠤ ᠹᠠᠩ ᠲᠠᠯᠠᠷᠬᠠᠵᠤ ᠪᠠᠢᠭ᠎ᠠ ᠰᠡᠳᠭᠢᠯᠭᠡ᠎ᠪᠠᠨ ᠳᠠᠷᠤᠵᠤ ᠶᠠᠳᠠᠨ᠎ᠠ᠃ 《ᠬᠦᠨᠳᠦ ᠡᠪᠡᠳᠴᠢᠲᠡᠨ᠎ᠢ ᠱᠢᠶᠠᠨ᠎ᠠᠴᠠ ᠲᠤᠰᠠᠯᠠᠬᠤ》 ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠦᠭ᠌ᠰᠡᠨ᠎ᠠᠴᠠ ᠨᠠᠭᠠᠰᠢ᠂ 906 ᠬᠦᠨᠲᠦ ᠡᠪᠡᠳᠴᠢᠲᠠᠠ᠎ᠳᠤ ᠨᠦᠬᠦᠪᠦᠷᠢ ᠤᠯᠭᠤᠵᠦ᠍᠂ ᠱᠢᠶᠠᠨ᠎ᠠᠴᠠ 1479.23 ᠲᠦᠮᠡᠨ ᠲᠥᠭᠦᠷᠢᠭ᠎ᠤᠨ ᠨᠥᠬᠦᠪᠥᠷᠢ ᠮᠥᠩᠭᠦ᠌ ᠪᠠᠭᠤᠯᠭᠠᠵᠠᠢ᠃

ᠡᠨᠡ ᠬᠡᠳᠦᠨ ᠵᠢᠯ᠎ᠳᠤ ᠲᠦᠴᠢᠦᠸᠠᠨ ᠱᠢᠶᠠᠨ᠎ᠤ ᠬᠠᠢᠨ ᠰᠦᠪᠡᠭ᠌ᠴᠢᠯᠡᠵᠦ᠍ ᠭᠠᠷᠭᠠᠭ᠍ᠰᠠᠨ ᠨᠢᠭᠡ ᠪᠦᠯᠦᠭ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ᠍ ᠪᠣᠯᠬᠤ ᠱᠢᠨ᠎ᠡ᠎ᠶ᠋ᠢ ᠡᠭᠦᠳᠬᠦ᠌ ᠠᠷᠭ᠎ᠠ ᠬᠢᠳᠡᠯ᠎ᠨᠢ ᠱᠢᠶᠠᠨ᠎ᠤ ᠬᠡᠪᠴᠢᠶᠡᠨ᠎ᠤ ᠠᠵᠤ ᠠᠬᠤᠶ᠎ᠶ᠋ᠢᠨ ᠦᠷᠭᠦᠯᠵᠢᠯᠡᠨ ᠬᠥᠭ᠌ᠵᠢᠬᠦ᠌᠎ᠶ᠋ᠢ ᠠᠬᠢᠭᠤᠯᠬᠤ ᠡᠷᠬᠢᠮ ᠨᠠᠨᠳᠢᠨ ᠲᠤᠷᠱᠢᠯᠭ᠎ᠠ ᠪᠣᠯᠵᠣ᠂ ᠡᠯ᠎ᠡ ᠭᠠᠵᠠᠷ᠎ᠤᠨ᠎ᠬᠢᠨ᠎ᠤ ᠰᠤᠷᠤᠯᠴᠠᠬᠤ ᠳᠤᠯᠢ ᠪᠤᠯᠤᠭ᠍ᠰᠠᠨ ᠪᠠᠢᠨ᠎ᠠ᠃ ᠴᠢᠦᠶ ᠵᠧᠨ ᠨᠢᠶᠠᠨ 《2355》 ᠶᠠᠳᠠᠭᠤ᠎ᠶ᠋ᠢ ᠲᠡᠳᠬᠦᠬᠦ᠌ ᠡᠳ᠋ ᠬᠥᠷᠥᠩᠭᠡ᠎ᠶ᠋ᠢ ᠵᠢᠷᠤᠮᠵᠢᠭᠤᠯᠤᠨ ᠬᠠᠮᠢᠶᠠᠷᠬᠤ ᠵᠠᠭ᠍ᠪᠤᠷ᠎ᠢ ᠵᠢᠯᠣᠭᠤᠳᠤᠨ ᠬᠡᠷᠡᠭ᠌ᠵᠢᠭᠦᠯᠵᠦ᠍᠂ ᠶᠠᠳᠠᠭᠤ᠎ᠶ᠋ᠢ ᠲᠡᠳᠬᠦᠬᠦ᠌ ᠡᠳ᠋ ᠬᠥᠷᠥᠩᠭᠡ᠎ᠶ᠋ᠢᠨ ᠥᠷᠲᠡᠭ᠎ᠢ ᠪᠠᠲᠤᠯᠠᠵᠤ ᠥᠷᠲᠡᠭ᠎ᠢ ᠨᠡᠮᠡᠭ᠌ᠳᠡᠭᠦᠯᠬᠦ᠌᠎ᠶ᠋ᠢ ᠳᠥᠯᠭᠢᠨ ᠠᠬᠢᠭᠤᠯᠵᠤ᠂ ᠵᠢᠯ᠎ᠤᠨ ᠠᠱᠢᠭ ᠣᠷᠣᠯᠭ᠎ᠠ᠎ᠨᠢ 4500 ᠲᠦᠮᠡᠨ ᠲᠥᠭᠦᠷᠢᠭ᠎ᠢ ᠳᠠᠪᠠᠵᠤ᠂ ᠶᠠᠳᠠᠭᠤ᠎ᠠᠴᠠ ᠠᠩᠭᠢᠵᠢᠷᠠᠭᠤᠯᠤᠭ᠍ᠰᠠᠨ ᠦᠷ᠎ᠡ ᠪᠦᠲᠦᠭᠡᠯ᠎ᠢ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠬᠤ᠎ᠳᠤ ᠵᠣᠯᠭᠠᠭᠤᠯᠬᠤ᠎ᠶ᠋ᠢ ᠪᠠᠳᠤᠳᠭᠠᠬᠤ᠎ᠳᠤ ᠰᠠᠭᠤᠷᠢ ᠲᠠᠯᠪᠢᠬᠤ᠎ᠶ᠋ᠢᠨ ᠬᠠᠮᠲᠤ᠌᠂ ᠤᠯᠤᠰ᠎ᠤᠨ ᠦᠵᠦ᠍ ᠲᠥᠯᠥᠪᠯᠡᠭᠡ᠎ᠳᠤ ᠦᠨᠳᠦᠰᠦᠨ ᠱᠠᠲᠤᠨ᠎ᠤ ᠦᠶᠯᠡᠳᠦᠯᠭᠡ᠎ᠶ᠋ᠢᠨ ᠬᠡᠷᠡᠭ᠎ᠤᠨ ᠵᠢᠱ᠌ᠢᠶ᠎ᠡ᠎ᠶ᠋ᠢ ᠬᠠᠩᠭᠠᠭ᠍ᠰᠠᠨ ᠪᠠᠢᠨ᠎ᠠ᠃

ᠡᠰᠢ ᠰᠦᠷᠡᠯ᠎ᠢ 《ᠲᠠᠪᠤᠵᠢᠭᠤᠯᠬᠤ》 ᠠᠵᠢᠯ᠎ᠢ ᠳᠥᠯᠭᠢᠨ ᠠᠬᠢᠭᠤᠯᠵᠤ᠂ ᠲᠦᠴᠢᠦᠸᠠᠨ ᠱᠢᠶᠠᠨ᠎ᠤ ᠡᠰᠢ ᠰᠦᠷᠡᠯ᠎ᠢ ᠶᠡᠷᠦᠩᠬᠡᠢᠯᠡᠨ ᠠᠱᠢᠭ᠍ᠯᠠᠬᠤ ᠨᠣᠷᠮ᠎ᠠ᠎ᠶ᠋ᠢ 90% ᠎ᠳᠤ ᠬᠦᠷᠭᠡᠵᠦ᠍᠂ ᠡᠰᠢ ᠰᠦᠷᠡᠯ᠎ᠢ ᠬᠤᠪᠢᠷᠠᠭᠤᠯᠤᠨ ᠥᠷᠲᠡᠭ ᠨᠡᠮᠡᠭ᠌ᠳᠡᠭᠦᠯᠵᠦ᠍ ᠲᠠᠷᠢᠶᠠᠴᠢᠳ᠎ᠤᠨ ᠣᠷᠣᠯᠭ᠎ᠠ᠎ᠶ᠋ᠢ ᠨᠡᠮᠡᠭ᠌ᠳᠡᠭᠦᠯᠬᠦ᠌᠎ᠶ᠋ᠢᠨ ᠵᠡᠷᠭᠡ᠎ᠳᠤ ᠡᠰᠢ ᠰᠦᠷᠡᠯ᠎ᠢ ᠱᠢᠲᠠᠭᠠᠵᠤ ᠣᠷᠴᠢᠨ ᠲᠣᠭᠤᠷᠢᠨ᠎ᠢ ᠪᠣᠬᠢᠷᠲᠤᠭᠤᠯᠬᠤ᠎ᠶ᠋ᠢ ᠲᠠᠰᠤ ᠵᠣᠭ᠍ᠰᠣᠭᠠᠭ᠍ᠰᠠᠨ᠎ᠢᠶᠠᠷ᠂ ᠲᠦᠴᠢᠦᠸᠠᠨ ᠱᠢᠶᠠᠨ᠎ᠨᠢ 《ᠳᠤᠮᠳᠠᠳᠤ ᠤᠯᠤᠰ᠎ᠤᠨ ᠪᠠᠢᠭᠠᠯᠢ᠎ᠶ᠋ᠢᠨ ᠬᠦᠴᠢᠯᠲᠥ᠋ᠷᠥᠭ᠌ᠴᠢ᠎ᠶ᠋ᠢᠨ ᠪᠠᠭᠠᠷ》 ᠴᠣᠯᠠ ᠣᠯᠵᠤ᠂ 《ᠵᠡᠭᠦᠨ ᠬᠤᠢᠲᠤ ᠣᠷᠣᠨ᠎ᠤ ᠡᠰᠢ ᠰᠦᠷᠡᠯ᠎ᠢ ᠱᠢᠢᠳᠪᠦᠷᠢᠯᠡᠬᠦ᠌ ᠠᠵᠢᠯᠯᠠᠭ᠎ᠠ᠎ᠶ᠋ᠢᠨ ᠦᠯᠢᠭᠡᠷ ᠳᠠᠭᠤᠷᠢᠶᠠᠯ ᠱᠢᠶᠠᠨ》 ᠪᠣᠯᠤᠭ᠍ᠰᠠᠨ ᠪᠠᠢᠨ᠎ᠠ᠃ 《3544》 ᠬᠥᠳᠡᠭᠡ ᠲᠣᠰᠭᠤᠨ᠎ᠤ ᠬᠤᠭ ᠨᠣᠪᠰᠢ᠎ᠶ᠋ᠢ ᠲᠦᠷᠦᠯ ᠠᠩᠬᠢᠯᠠᠨ ᠵᠠᠰᠠᠬᠤ ᠠᠵᠢᠯ᠎ᠤᠨ ᠲᠣᠭ᠍ᠲᠠᠴᠠ᠎ᠪᠠᠷ ᠬᠥᠳᠡᠭᠡ ᠲᠣᠰᠭᠤᠨ᠎ᠤ ᠬᠤᠭ ᠨᠣᠪᠰᠢ᠎ᠶ᠋ᠢ ᠲᠤᠬᠠᠢ᠎ᠶ᠋ᠢᠨ ᠭᠠᠵᠠᠷ᠎ᠲᠤ᠎ᠨᠢ ᠲᠦᠷᠦᠯ ᠠᠩᠬᠢᠯᠠᠨ ᠱᠢᠢᠳᠪᠦᠷᠢᠯᠡᠬᠦ᠌᠎ᠶ᠋ᠢ ᠪᠡᠶᠡᠯᠡᠭᠦᠯᠵᠦ᠍᠂ ᠲᠦᠴᠢᠦᠸᠠᠨ ᠱᠢᠶᠠᠨ᠎ᠨᠢ ᠮᠦᠨ 《ᠪᠦᠬᠦ᠌ ᠤᠯᠤᠰ᠎ᠤᠨ ᠬᠥᠳᠡᠭᠡ ᠲᠣᠰᠭᠤᠨ᠎ᠤ ᠠᠮᠢᠳᠤᠷᠠᠯ᠎ᠤᠨ ᠬᠤᠭ ᠨᠣᠪᠰᠢ᠎ᠶ᠋ᠢ ᠲᠦᠷᠦᠯ ᠠᠩᠬᠢᠯᠠᠬᠤ ᠪᠠ ᠡᠬᠢ ᠪᠠᠶᠠᠯᠢᠭ᠍ᠵᠢᠭᠤᠯᠤᠨ ᠠᠱᠢᠭ᠍ᠯᠠᠬᠤ ᠵᠢᠱ᠌ᠢ᠊ ᠡᠶ᠎ᠡ ᠦᠵᠡᠭᠦᠯᠬᠦ᠌ ᠱᠢᠶᠠᠨ》᠂ 《ᠪᠦᠬᠦ᠌ ᠤᠯᠤᠰ᠎ᠤᠨ ᠠᠢᠯ ᠲᠣᠰᠭᠤᠨ᠎ᠢ ᠴᠡᠪᠡᠷᠯᠡᠬᠦ᠌ ᠠᠵᠢᠯᠯᠠᠭ᠎ᠠ᠎ᠶ᠋ᠢᠨ ᠲᠡᠷᠢᠭᠦᠨ᠎ᠤ ᠱᠢᠶᠠᠨ》 ᠎ᠤ ᠢᠷᠠᠭᠤ ᠠᠯᠳᠠᠷ᠎ᠢ ᠬᠦᠷᠳᠡᠵᠡᠢ᠃

6 ᠵᠢᠯ᠎ᠤᠨ ᠴᠤᠴᠠᠰᠢ ᠥᠭᠡᠢ ᠴᠢᠷᠮᠠᠢᠯᠭ᠎ᠠ᠎ᠪᠠᠷ᠂ ᠲᠦᠴᠢᠦᠸᠠᠨ᠎ᠤ ᠬᠠᠯᠠᠭᠤᠨ ᠬᠥᠷᠥᠰᠥᠨ᠎ᠳᠤ ᠴᠢᠦᠶ ᠵᠧᠨ ᠨᠢᠶᠠᠨ ᠥᠪᠡᠷ᠎ᠤᠨ ᠬᠦᠴᠦ᠍ ᠬᠦᠳᠡᠯᠮᠤᠷᠢ ᠪᠠ ᠦᠨᠡᠨᠴᠢ ᠵᠢᠳᠬᠦᠯ᠎ᠢᠶᠠᠷ᠎ᠢᠶᠠᠨ ᠨᠢᠭᠡᠨ ᠱᠢᠨ᠎ᠡ ᠴᠠᠭ ᠦᠶ᠎ᠡ᠎ᠶ᠋ᠢᠨ ᠡᠪ ᠬᠠᠮᠲᠤ ᠨᠠᠮ᠎ᠤᠨ ᠭᠡᠱᠢᠭᠦᠨ᠎ᠤ ᠠᠷᠠᠳ᠎ᠤᠨ ᠲᠥᠯᠥᠭᠡ ᠵᠢᠳᠬᠦᠬᠦ᠌ ᠬᠠᠢᠷ᠎ᠠ ᠰᠡᠳᠭᠢᠯᠭᠡ᠎ᠪᠠᠨ ᠪᠢᠴᠢᠭ᠌ᠯᠡᠵᠤ᠂ ᠲᠦᠴᠢᠦᠸᠠᠨ᠎ᠤ ᠠᠷᠠᠳ ᠤᠯᠠᠨ᠎ᠢ ᠳᠠᠭᠠᠭᠤᠯᠤᠨ ᠨᠢᠭᠡ ᠬᠤᠪᠢ ᠢᠯᠡ ᠠᠮᠵᠢᠯᠲᠠ᠎ᠶ᠋ᠢᠨ ᠬᠠᠭᠤᠳᠠᠰᠤ ᠲᠤᠱᠢᠶᠠᠵᠠᠢ᠄ ᠪᠦᠬᠦ᠌ ᠱᠢᠶᠠᠨ᠎ᠤ 146 ᠶᠠᠳᠠᠭᠤ ᠬᠦᠴᠢᠷᠳᠡᠯᠲᠡᠢ ᠲᠣᠰᠭᠤᠨ ᠪᠦᠬᠦᠨ᠎ᠢᠶᠠᠷ᠎ᠢᠶᠠᠨ ᠶᠠᠳᠠᠭᠤ ᠮᠠᠯᠠᠭᠠᠢ᠎ᠪᠠᠨ ᠳᠠᠶᠠᠭ᠍ᠳᠠᠵᠦ᠍᠂ 11546 ᠡᠷᠦᠬᠡ᠎ᠶ᠋ᠢᠨ 22584 ᠶᠠᠳᠠᠭᠤ ᠬᠦᠴᠢᠷᠳᠡᠯᠲᠡᠢ ᠬᠥᠮᠦᠨ ᠠᠮᠠ ᠪᠦᠬᠦᠨ᠎ᠢᠶᠠᠷ᠎ᠢᠶᠠᠨ ᠶᠠᠳᠠᠭᠤ᠎ᠠᠴᠠ ᠠᠩᠭᠢᠵᠢᠷᠠᠵᠤ᠂ ᠲᠦᠴᠢᠦᠸᠠᠨ ᠱᠢᠶᠠᠨ᠎ᠤ ᠶᠠᠳᠠᠭᠤ ᠬᠦᠴᠢᠷᠳᠡᠯ᠎ᠤᠨ ᠡᠭᠦᠰᠭᠦ ᠨᠤᠷᠮ᠎ᠠ 2015 ᠣᠨ᠎ᠳᠤ 9.24% ᠪᠠᠢᠭ᠍ᠰᠠᠨ᠎ᠠᠴᠠ᠎ᠪᠠᠨ ᠪᠠᠭᠤᠷᠠᠭᠠᠳ 《ᠲᠡᠭ》 ᠪᠤᠯᠵᠤ᠂ ᠤᠯᠤᠰ᠎ᠤᠨ ᠶᠠᠳᠠᠭᠤ ᠬᠦᠴᠢᠷᠳᠡᠯᠲᠡᠢ ᠱᠢᠶᠠᠨ᠎ᠤ ᠴᠤᠪᠤᠷᠠᠯ᠎ᠠᠴᠠ ᠠᠮᠵᠢᠯᠲᠠ᠎ᠲᠠᠢ᠎ᠪᠠᠷ ᠭᠠᠷᠴᠤ᠌᠂ 《2020 ᠣᠨ᠎ᠤ ᠪᠦᠬᠦ᠌ ᠤᠯᠤᠰ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠵᠣᠬᠢᠶᠠᠨ ᠪᠠᠢᠭᠤᠯᠤᠯᠲᠠ᠎ᠶ᠋ᠢᠨ ᠱᠢᠨ᠎ᠡ᠎ᠶ᠋ᠢ ᠡᠭᠦᠳᠦᠭ᠌ᠰᠡᠨ ᠱᠠᠩᠨᠠᠯ》 ᠎ᠢ ᠬᠦᠷᠳᠡᠵᠤ᠂ ᠲᠦᠴᠢᠦᠸᠠᠨ ᠱᠢᠶᠠᠨ᠎ᠤ ᠨᠠᠮ᠎ᠤᠨ  ᠬᠤᠷᠢᠶ᠎ᠠ ᠪᠠᠰᠠ 《ᠪᠦᠬᠦ᠌ ᠤᠯᠤᠰ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠲᠡᠷᠢᠭᠦᠨ᠎ᠤ ᠬᠠᠮᠲᠤ》 ᠎ᠶ᠋ᠢᠨ ᠴᠣᠯᠠ᠎ᠶ᠋ᠢ ᠬᠦᠷᠳᠡᠵᠡᠢ᠃

ᠶᠠᠳᠠᠭᠤ᠎ᠠᠴᠠ ᠠᠩᠭᠢᠵᠢᠷᠠᠭᠤᠯᠬᠤ᠎ᠨᠢ ᠡᠴᠦᠰ᠎ᠤᠨ ᠴᠡᠭ ᠪᠢᠰᠢ᠂ ᠬᠠᠷᠢᠨ ᠱᠢᠨ᠎ᠡ ᠠᠮᠢᠳᠤᠷᠠᠯ᠂ ᠱᠢᠨ᠎ᠡ ᠲᠡᠮᠡᠴᠡᠯ᠎ᠤᠨ ᠭᠠᠷᠤᠭ᠎ᠠ ᠪᠠᠢᠵᠤ ᠲᠠᠭᠠᠷᠠᠨ᠎ᠠ᠃ ᠣᠳᠣᠬᠠᠨ᠎ᠳᠤ᠂ ᠲᠦᠴᠢᠦᠸᠠᠨ ᠱᠢᠶᠠᠨ᠎ᠤ ᠺᠠᠳ᠋ᠷ ᠤᠯᠠᠨ ᠲᠦᠮᠡᠨ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ 《ᠪᠣᠣᠭᠢᠶ᠎ᠠ》 ᠎ᠶ᠋ᠢ ᠴᠢᠩᠭ᠎ᠠ ᠠᠳᠭᠤᠵᠤ᠂ 《ᠦᠬᠡᠷ ᠬᠤᠨᠢᠳ ᠪᠡᠯᠴᠢᠵᠦ᠍ ᠲᠠᠷᠢᠶ᠎ᠠ ᠲᠥᠮᠤᠰᠤ ᠬᠠᠯᠢᠭᠤᠷᠠᠭ᠍ᠰᠠᠨ ᠬᠦᠭ᠌ᠵᠢᠯ ᠪᠢᠯᠬᠠᠭ᠍ᠰᠠᠨ ᠲᠦᠴᠢᠦᠸᠠᠨ》 ᠬᠡᠬᠦ᠌ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠬᠠᠮᠲᠤ᠎ᠪᠠᠷ ᠪᠢᠴᠢᠭ᠌ᠯᠡᠵᠦ᠍ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号