
ᠪᠦᠬᠦ᠌ ᠨᠠᠮ᠎ᠢᠶᠠᠷ᠎ᠢᠶᠠᠨ 《ᠤᠭ ᠰᠠᠨᠠᠭ᠎ᠠ᠎ᠪᠠᠨ ᠦᠯᠦ᠍ ᠮᠠᠷᠲᠠᠵᠦ᠍ ᠡᠭᠦᠷᠭᠡ ᠬᠠᠷᠢᠭᠤᠴᠠᠯᠭ᠎ᠠ᠎ᠪᠠᠨ ᠪᠠᠳᠦ ᠴᠡᠭᠡᠵᠢᠯᠡᠬᠦ᠌》 ᠭᠤᠤᠯ ᠰᠡᠳᠤᠪᠳᠤ ᠬᠥᠮᠤᠵᠢᠯ᠎ᠢ ᠡᠷᠴᠢᠮ᠎ᠲᠠᠢ ᠦᠷᠨᠢᠭᠦᠯᠦᠭ᠌ᠰᠡᠨ᠎ᠠᠴᠠ ᠨᠠᠭᠠᠰᠢ᠂ ᠦᠨᠳᠦᠰᠤᠨ ᠱᠠᠳᠤᠨ᠎ᠤ ᠨᠠᠮ᠎ᠤᠨ ᠵᠣᠬᠢᠶᠠᠨ ᠪᠠᠢᠭᠤᠯᠤᠯᠳᠠ᠂ ᠮᠠᠯᠴᠢᠨ ᠨᠠᠮ᠎ᠤᠨ ᠭᠡᠱᠢᠭᠦᠳ᠎ᠤᠨ ᠳᠤᠮᠳᠠ ᠴᠤ᠌ ᠣᠯᠠᠨ ᠰᠠᠢᠬᠠᠨ ᠪᠤᠳᠠᠳᠦ ᠤᠢᠯᠡᠳᠦᠯᠭᠡᠶ᠋ᠢᠨ ᠠᠵᠢᠯᠯᠠᠭ᠎ᠠ ᠪᠤᠯᠤᠨ ᠬᠠᠢᠷ᠎ᠠ ᠬᠠᠯᠠᠮᠵᠢ ᠬᠦᠷᠳᠡᠭᠡᠬᠦ᠌ ᠤᠢᠯᠡ ᠠᠵᠢᠯᠯᠠᠭ᠎ᠠ ᠶᠠᠪᠤᠭ᠍ᠳᠠᠬᠤ ᠪᠤᠯᠤᠭ᠍ᠰᠠᠨ᠎ᠤ ᠳᠤᠳᠤᠷ᠎ᠠ ᠪᠠᠷᠠᠭᠤᠨ ᠦᠵᠦᠮᠦᠴᠢᠨ ᠬᠤᠱᠢᠭᠤᠨ᠎ᠤ ᠬᠡᠰᠡᠭ ᠮᠠᠯᠴᠢᠨ ᠨᠠᠮ᠎ᠤᠨ ᠭᠡᠱᠢᠭᠦᠳ᠎ᠤᠨ ᠪᠠᠢᠭᠤᠯᠤᠭ᠍ᠰᠠᠨ 《ᠤᠭ ᠰᠠᠨᠠᠭ᠎ᠠ》 ᠵᠢᠷᠬᠢᠶ᠎ᠠ᠎ᠶ᠋ᠢᠨ ᠬᠤᠯᠪᠤᠭ᠎ᠠ᠎ᠨᠢ ᠠᠪᠤᠭ᠍ᠰᠠᠨ ᠨᠡᠷ᠎ᠡ᠂ ᠬᠢᠭ᠌ᠰᠡᠨ ᠠᠵᠢᠯᠯᠠᠭ᠎ᠠ᠎ᠪᠠᠷ᠎ᠢᠶᠠᠨ ᠣᠨᠴᠠᠯᠢᠭ ᠳᠤᠳᠤᠷᠠᠭᠤᠨ ᠶᠠᠪᠤᠨ᠎ᠠ᠃
ᠪᠠᠢᠭᠤᠯᠤᠭ᠍ᠳᠠᠭᠠᠳ 3 ᠵᠢᠯ ᠪᠤᠯᠵᠦ᠍ ᠪᠠᠢᠭ᠎ᠠ ᠲᠤᠰ ᠬᠤᠯᠪᠤᠭ᠎ᠠ᠎ᠨᠢ ᠪᠠᠷᠠᠭᠤᠨ ᠦᠵᠦᠮᠦᠴᠢᠨ ᠬᠤᠱᠢᠭᠤᠨ᠎ᠤ ᠡᠯ᠎ᠡ ᠰᠤᠮᠦ᠍ ᠪᠠᠯᠭᠠᠰᠤᠨ᠎ᠤ 22 ᠮᠠᠯᠴᠢᠨ ᠨᠠᠮ᠎ᠤᠨ ᠬᠡᠱᠢᠭᠦᠨ᠎ᠢᠶᠠᠷ ᠭᠤᠤᠯ ᠪᠤᠯᠭᠠᠭ᠍ᠰᠠᠨ ᠬᠤᠯᠪᠤᠭ᠎ᠠ ᠪᠠᠢᠵᠦ᠍᠂ ᠵᠢᠯ ᠪᠦᠷᠢ᠎ᠶ᠋ᠢᠨ ᠴᠢᠬᠤᠯᠠ ᠪᠠᠶᠠᠷ ᠳᠤᠷᠠᠰᠭᠠᠯ᠎ᠤᠨ ᠡᠳᠤᠷ᠎ᠢ ᠳᠣᠬᠢᠶᠠᠯᠳᠤᠭᠤᠯᠤᠨ᠂ ᠨᠠᠰᠤᠲᠠᠳ᠎ᠢ ᠳᠤᠬᠤᠨᠢᠭᠤᠯᠬᠤ᠂ ᠬᠦᠨᠳᠦ ᠡᠪᠡᠳᠴᠢᠲᠠᠨᠢ ᠳᠤᠰᠠᠯᠠᠬᠤ᠂ ᠶᠠᠳᠠᠭᠤ ᠬᠦᠴᠢᠷᠳᠠᠯ᠎ᠲᠠᠢ ᠡᠷᠤᠬᠡ᠎ᠶ᠋ᠢᠨ ᠰᠤᠷᠤᠭ᠍ᠴᠢ᠎ᠶ᠋ᠢ ᠳᠡᠮᠵᠢᠬᠦ᠌ ᠵᠡᠷᠭᠡ ᠨᠡᠢᠭᠡᠮ᠎ᠤᠨ ᠠᠰᠠᠷᠠᠮᠵᠢ᠎ᠶ᠋ᠢᠨ ᠤᠢᠯᠡ ᠠᠵᠢᠯᠯᠠᠭ᠎ᠠ᠎ᠶ᠋ᠢ ᠬᠢᠭ᠌ᠰᠡᠭᠡᠷ ᠢᠷᠡᠵᠠᠢ᠃ ᠳᠤᠮᠳᠠᠳᠤ ᠤᠯᠤᠰ᠎ᠤᠨ ᠡᠪ ᠬᠠᠮᠳᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢᠨ ᠪᠠᠶᠠᠷ᠎ᠤᠨ ᠳᠠᠱᠢᠷᠠᠮ᠎ᠢᠶᠠᠷ ᠲᠡᠳᠡᠨ᠎ᠤ ᠳᠤᠳᠤᠷᠠᠬᠢ 11 ᠨᠡᠷ᠎ᠡ ᠨᠠᠮ᠎ᠤᠨ ᠭᠡᠱᠢᠭᠦᠳ᠎ᠨᠢ ᠬᠤᠯᠪᠤᠭᠠᠯᠠᠨ᠂ ᠡᠨᠡ ᠵᠢᠯ᠎ᠤᠨ ᠶᠡᠭᠡ ᠰᠤᠷᠭᠠᠭᠤᠯᠢ᠎ᠳᠤ ᠳᠡᠪᠱᠢᠬᠦ᠌ ᠤᠯᠤᠰ᠎ᠤᠨ ᠨᠢᠭᠡᠳᠦᠯᠲᠠᠢ ᠱᠢᠯᠭᠠᠯᠲᠠ᠎ᠳᠤ ᠪᠠᠢᠭᠠᠯᠢ᠎ᠶ᠋ᠢᠨ ᠱᠢᠨᠵᠢᠯᠡᠬᠦ᠌ ᠤᠬᠠᠭᠠᠨ᠎ᠤ ᠳᠦᠷᠦᠯ᠎ᠳᠡᠭᠡᠨ ᠪᠠᠷᠠᠭᠤᠨ ᠦᠵᠦᠮᠦᠴᠢᠨ ᠬᠤᠱᠢᠭᠤᠨ᠎ᠳᠠᠭᠠᠨ ᠮᠠᠩᠯᠠᠢᠯᠠᠭ᠍ᠰᠠᠨ ᠬᠤᠱᠢᠭᠤᠨ᠎ᠤ ᠶᠡᠷᠦᠩᠬᠡᠢᠯᠡᠭ᠌ᠰᠡᠨ ᠦᠨᠳᠤᠷ ᠵᠡᠷᠭᠡ᠎ᠶ᠋ᠢᠨ ᠳᠤᠮᠳᠠᠳᠦ ᠰᠤᠷᠭᠠᠭᠤᠯᠢ᠎ᠶ᠋ᠢᠨ 266 ᠳ᠋ᠤᠭᠠᠷ ᠠᠩᠭᠢ᠎ᠶ᠋ᠢᠨ ᠰᠤᠷᠤᠭ᠍ᠴᠢ ᠪᠠᠶᠠᠯᠢᠭ ᠬᠡᠤᠬᠡᠨ᠎ᠢ 3300 ᠳᠦᠭᠦᠷᠢᠭ᠎ᠢᠶᠠᠷ ᠰᠠᠢᠱᠢᠶᠠᠨ ᠵᠣᠷᠢᠬ᠍ᠵᠢᠭᠤᠯᠵᠤ᠂ ᠲᠡᠭᠦᠨ᠎ᠤ ᠵᠤᠷᠢᠭ᠍ᠰᠠᠨ ᠬᠦᠰᠡᠯ — ᠲᠦᠪ᠎ᠤᠨ ᠦᠨᠳᠦᠰᠤᠲᠡᠨᠤ ᠶᠡᠭᠡ ᠰᠤᠷᠭᠠᠭᠤᠯᠢ᠎ᠳᠠᠭᠠᠨ ᠢᠯᠭᠤᠮᠬᠠᠨ ᠡᠯᠰᠡᠭ᠌ᠳᠡᠬᠦ᠌ᠶ᠋ᠢ ᠢᠷᠦᠭᠡᠨ ᠵᠦᠩᠨᠡᠵᠠᠢ᠃
2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635372
ᠢᠮᠧᠯ᠄tn@mgyxw.net 蒙ICP备10000005号