ᠲᠦᠷᠦᠬᠦᠬᠡᠨ᠂ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢᠯᠡᠰ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠪᠥᠬᠦ᠌ ᠣᠷᠣᠨ᠎ᠤ ᠡᠮᠴᠢᠯᠡᠭᠡᠨ᠎ᠤ ᠪᠠᠢᠭᠤᠯᠤᠮᠵᠢ᠎ᠶ᠋ᠢᠨ ᠡᠮ ᠨᠠᠢᠷᠠᠬᠤ ᠲᠠᠰᠤᠭ᠎ᠤᠨ ᠬᠠᠮᠲᠤ᠎ᠪᠠᠷ ᠪᠣᠯᠵᠣᠨ ᠶᠠᠷᠢᠯᠴᠠᠬᠤ ᠬᠤᠷᠠᠯ ᠬᠤᠷᠠᠯᠳᠤᠭᠤᠯᠵᠤ᠂ ᠪᠥᠬᠦ᠌ ᠣᠷᠣᠨ᠎ᠤ 43 ᠡᠮᠴᠢᠯᠡᠭᠡᠨ᠎ᠤ ᠪᠠᠢᠭᠤᠯᠤᠮᠵᠢ᠎ᠶ᠋ᠢᠨ 43 ᠡᠮ ᠨᠠᠢᠷᠠᠬᠤ ᠲᠠᠰᠤᠭ᠎ᠲᠠᠢ ᠪᠣᠯᠵᠣᠨ ᠶᠠᠷᠢᠯᠴᠠᠪᠠ᠃
ᠬᠤᠷᠠᠯ᠎ᠠᠴᠠ᠂ ᠡᠮᠴᠢᠯᠡᠭᠡᠨ᠎ᠤ ᠪᠠᠢᠭᠤᠯᠤᠮᠵᠢ᠎ᠶ᠋ᠢᠨ ᠡᠮ ᠨᠠᠢᠷᠠᠯᠳᠠᠶ᠋ᠢᠨ ᠦᠢᠯᠡᠰ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠪᠡᠶᠡᠯᠡᠭᠦᠯᠵᠦ᠍᠂ ᠠᠷᠠᠳ ᠣᠯᠠᠨ᠎ᠤ ᠡᠮ ᠬᠡᠷᠡᠭ᠌ᠯᠡᠬᠦ᠌ ᠠᠮᠤᠷ ᠲᠦᠪᠱᠢᠨ᠎ᠢ ᠨᠠᠩ ᠰᠠᠢᠲᠤᠷ ᠪᠠᠲᠤᠯᠠᠬᠤ ᠬᠡᠷᠡᠭ᠌ᠲᠡᠶ᠂ ᠭᠤᠤᠯᠳᠠᠭᠤ ᠣᠳᠣᠬᠠᠨ᠎ᠤ ᠪᠠ ᠠᠯᠤᠰ ᠬᠡᠲᠦ᠎ᠶ᠋ᠢᠨ ᠬᠠᠷᠢᠴᠠᠭ᠎ᠠ᠂ ᠠᠮᠤᠷ ᠲᠦᠪᠱᠢᠨ ᠪᠠ ᠬᠥᠭ᠌ᠵᠢᠯᠲᠡ᠎ᠶ᠋ᠢᠨ ᠬᠠᠷᠢᠴᠠᠭ᠎ᠠ᠂ ᠬᠢᠨᠠᠨ ᠬᠠᠮᠢᠶᠠᠷᠬᠤ ᠪᠠ ᠬᠢᠨᠠᠨ ᠬᠠᠮᠢᠶᠠᠷᠤᠭ᠍ᠳᠠᠬᠤ ᠬᠠᠷᠢᠴᠠᠭ᠎ᠠ᠎ᠶ᠋ᠢ ᠰᠠᠢᠲᠤᠷ ᠱᠢᠢᠳᠪᠤᠷᠢᠯᠡᠬᠦ᠌ ᠬᠡᠷᠡᠭ᠌ᠲᠡᠶ᠃ ᠡᠮᠴᠢᠯᠡᠭᠡᠨ᠎ᠤ ᠪᠠᠢᠭᠤᠯᠤᠮᠵᠢ᠎ᠶ᠋ᠢᠨ ᠡᠮ ᠨᠠᠢᠷᠠᠯᠳᠠᠳᠤ ᠣᠷᠣᠱᠢᠵᠤ ᠪᠠᠢᠭ᠎ᠠ ᠠᠰᠠᠭᠤᠳᠠᠯ᠎ᠳᠤ ᠲᠡᠦᠬᠡ᠎ᠶ᠋ᠢᠨ ᠬᠠᠷᠠᠴᠠ᠂ ᠬᠥᠭ᠌ᠵᠢᠯᠲᠡ᠎ᠶ᠋ᠢᠨ ᠬᠠᠷᠠᠴᠠ ᠪᠠ ᠬᠤᠪᠢᠰᠤᠩᠭᠤᠢ ᠬᠠᠷᠠᠴᠠ᠎ᠪᠠᠷ ᠬᠠᠨᠳᠤᠬᠤ ᠬᠡᠷᠡᠭ᠌ᠲᠡᠢ᠃ ᠠᠮᠤᠷ ᠲᠦᠪᠱᠢᠨ ᠪᠣᠯ ᠬᠤᠷᠢᠭ᠎ᠠ ᠱᠤᠭᠤᠮ᠂ ᠬᠥᠭ᠌ᠵᠢᠯᠲᠡ ᠪᠣᠯ ᠳᠡᠭᠡᠳᠦ ᠱᠤᠭᠤᠮ᠂ ᠬᠤᠷᠢᠭ᠎ᠠ ᠱᠤᠭᠤᠮ᠎ᠢ ᠰᠠᠬᠢᠵᠤ᠂ ᠠᠮᠤᠷ ᠲᠦᠪᠱᠢᠨ᠎ᠢ ᠪᠠᠲᠤᠯᠠᠬᠤ ᠪᠣᠯ ᠬᠥᠭ᠌ᠵᠢᠯᠲᠡ᠎ᠶ᠋ᠢᠨ ᠤᠷᠢᠲᠠᠯ ᠪᠠ ᠰᠠᠭᠤᠷᠢ ᠮᠥᠨ᠃ ᠠᠮᠤᠷ ᠲᠦᠪᠱᠢᠨ ᠪᠠᠢᠬᠤ ᠦᠭᠡᠢ ᠪᠣᠯ ᠬᠥᠭ᠌ᠵᠢᠯᠲᠡ ᠪᠠᠢᠵᠤ ᠴᠢᠳᠠᠬᠤ ᠦᠭᠡᠢ᠂ ᠨᠡᠩ ᠴᠤ᠌ ᠴᠢᠨᠠᠷ ᠰᠠᠢᠲᠠᠢ ᠬᠥᠭ᠌ᠵᠢᠯᠲᠡ ᠪᠠᠢᠵᠤ ᠴᠢᠳᠠᠬᠤ ᠦᠭᠡᠢ᠃ ᠨᠠᠢᠷᠠᠯᠳᠠᠶ᠋ᠢᠨ ᠶᠠᠰᠤ ᠴᠢᠨᠠᠷ᠎ᠤᠨ ᠠᠮᠤᠷ ᠲᠦᠪᠱᠢᠨ᠎ᠤ ᠬᠠᠷᠢᠭᠤᠴᠠᠯᠭ᠎ᠠ᠎ᠶ᠋ᠢ ᠰᠡᠳᠭᠢᠯ᠎ᠳᠡᠭᠡᠨ ᠴᠡᠭᠡᠵᠢᠯᠡᠵᠦ᠍ ᠮᠥᠷᠥᠨ᠎ᠳᠡᠭᠡᠨ ᠡᠭᠦᠷᠭᠡᠯᠡᠬᠦ᠌ ᠬᠡᠷᠡᠭ᠌ᠲᠡᠢ ᠭᠡᠵᠦ᠍ ᠱᠠᠭᠠᠷᠳᠠᠪᠠ᠃
ᠬᠤᠷᠠᠯ ᠳᠡᠭᠡᠷ᠎ᠡ᠂ ᠣᠢᠷ᠎ᠠ᠎ᠶ᠋ᠢᠨ ᠬᠤᠶᠠᠷ ᠵᠢᠯ᠎ᠤᠨ ᠬᠢᠨᠠᠯᠲᠠ ᠬᠠᠮᠢᠶᠠᠷᠤᠯᠲᠠ᠎ᠶ᠋ᠢᠨ ᠪᠠᠢᠳᠠᠯ ᠵᠢᠴᠢ ᠣᠷᠣᠱᠢᠵᠤ ᠪᠠᠢᠭ᠎ᠠ ᠠᠰᠠᠭᠤᠳᠠᠯ᠎ᠢ ᠲᠠᠨᠢᠯᠴᠠᠭᠤᠯᠤᠭ᠍ᠰᠠᠨ ᠪᠥᠭᠡᠳ ᠲᠠᠷᠠᠭᠠᠴᠢ᠎ᠶ᠋ᠢᠨ ᠠᠯᠬᠤᠮ᠎ᠤᠨ ᠠᠵᠢᠯ᠎ᠤᠨ ᠲᠥᠯᠥᠪᠯᠡᠭᠡ᠎ᠳᠤ ᠪᠣᠳᠠᠲᠠᠶ ᠪᠠᠢᠷᠢᠯᠠᠭᠤᠯᠤᠯᠲᠠ ᠬᠢᠵᠠᠢ᠃ ᠥᠪᠥᠷ ᠮᠣᠩᠭᠤᠯ᠎ᠤᠨ ᠣᠯᠠᠨ ᠤᠯᠤᠰ᠎ᠤᠨ ᠮᠣᠩᠭᠤᠯ ᠡᠮᠨᠡᠯᠭᠡ᠎ᠶ᠋ᠢᠨ ᠬᠤᠷᠢᠶ᠎ᠠ ᠪᠣᠯᠤᠨ ᠥᠪᠥᠷ ᠮᠣᠩᠭᠤᠯ᠎ᠤᠨ ᠦᠨᠳᠦᠰᠦᠲᠡᠨ᠎ᠤ ᠶᠡᠭᠡ ᠰᠤᠷᠭᠠᠭᠤᠯᠢ᠎ᠶ᠋ᠢᠨ ᠬᠠᠷᠢᠶᠠᠲᠤ ᠡᠮᠨᠡᠯᠭᠡ᠎ᠶ᠋ᠢᠨ ᠬᠤᠷᠢᠶ᠎ᠠ᠎ᠶ᠋ᠢᠨ᠎ᠬᠢᠨ ᠡᠮᠴᠢᠯᠡᠭᠡᠨ᠎ᠤ ᠪᠠᠢᠭᠤᠯᠤᠮᠵᠢ᠎ᠶ᠋ᠢᠨ ᠲᠥᠯᠥᠭᠡᠯᠡᠭ᠌ᠴᠢ᠎ᠶ᠋ᠢᠨ ᠬᠤᠪᠢ᠎ᠪᠠᠷ ᠣᠪᠣᠷ᠎ᠢᠶᠠᠨ ᠢᠯᠡᠳᠭᠡᠪᠡ᠃