ᠪᠦᠬᠦ᠌ ᠤᠷᠤᠨ᠎ᠤ ᠨᠢᠭᠡᠲᠦᠮᠡᠯ ᠹᠷᠤᠨᠲ ᠲᠤᠮᠲᠠᠲᠤ ᠤᠯᠤᠰ᠎ᠤᠨ ᠡᠪ ᠬᠠᠮᠲᠦ ᠨᠠᠮ ᠪᠠᠢᠭᠤᠯᠤᠬ᠍ᠲᠠᠬ᠍ᠰᠠᠨ 100 ᠵᠢᠯ᠎ᠤᠨ ᠤᠢ᠎ᠶ᠋ᠢ ᠪᠡᠯᠭᠡᠯᠡᠬᠦ᠌ ᠶᠠᠷᠢᠯᠴᠠᠬᠤ ᠬᠤᠷᠠᠯ ᠬᠤᠷᠠᠯᠳᠤᠭᠤᠯᠪᠠ
2021-07-14 10:27:01
ᠵᠣᠬᠢᠶᠠᠭ᠍ᠴᠢ᠄
ᠰᠦᠩ ᠱᠤᠸᠠᠩ
ᠣᠩᠱᠢᠭ᠍ᠰᠠᠨ ᠣᠳᠠᠭ᠎ᠠ᠄
★★★☆☆

7 ᠰᠠᠷ᠎ᠠ᠎ᠶ᠋ᠢᠨ 12 ᠎ᠤᠨ ᠡᠲᠦᠷ᠂ ᠪᠦᠬᠦ᠌ ᠤᠷᠤᠨ᠎ᠤ ᠨᠢᠭᠡᠲᠦᠮᠡᠯ ᠹᠷᠤᠨᠲ᠎ᠤᠨ᠎ᠬᠢᠨ᠎ᠤ ᠲᠤᠮᠲᠠᠲᠤ ᠤᠯᠤᠰ᠎ᠤᠨ ᠡᠪ ᠬᠠᠮᠲᠦ ᠨᠠᠮ ᠪᠠᠢᠭᠤᠯᠤᠬ᠍ᠲᠠᠬ᠍ᠰᠠᠨ 100 ᠵᠢᠯ᠎ᠤᠨ ᠤᠢ ᠎ᠶ᠋ᠢ ᠪᠡᠯᠭᠡᠯᠡᠬᠦ᠌  ᠶᠠᠷᠢᠯᠴᠠᠬᠤ  ᠬᠤᠷᠠᠯ ᠬᠦᠬᠡᠬᠤᠲᠠ᠎ᠳᠤ ᠬᠤᠷᠠᠯᠳᠤᠪᠠ᠃

ᠦᠪᠡᠷᠲᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠪᠠᠢᠩᠭᠤ᠎ᠶ᠋ᠢᠨ ᠬᠡᠱᠢᠭᠦᠨ᠂ ᠨᠢᠭᠡᠲᠦᠮᠡᠯ ᠹᠷᠤᠨᠲ᠎ᠤᠨ ᠬᠡᠯᠲᠡᠰ᠎ᠤᠨ ᠲᠠᠷᠤᠭ᠎ᠠ ᠳ᠋ᠤᠸᠠᠨ ᡁᠢ ᠴᠢᠶᠠᠩ ᠶᠠᠷᠢᠯᠴᠠᠬᠤ ᠬᠤᠷᠠᠯ᠎ᠳᠤ ᠤᠷᠤᠯᠴᠠᠬ᠍ᠰᠠᠨ ᠪᠦᠭᠡᠳ ᠶᠠᠷᠢᠶ᠎ᠠ ᠲᠠᠯᠪᠢᠵᠠᠢ᠃ ᠦᠪᠡᠷᠲᠡᠭᠡᠨ ᠵᠠᠰᠭᠠᠤ ᠤᠷᠤᠨ᠎ᠤ ᠤᠯᠤᠰ ᠲᠦᠷᠦ᠎ᠶ᠋ᠢᠨ ᠵᠦᠪᠯᠡᠯᠭᠡᠨ᠎ᠤ ᠲᠡᠳ᠋ ᠲᠡᠷᠢᠭᠦᠯᠡᠭ᠌ᠴᠢ᠂ ᠲᠤᠮᠲᠠᠲᠤ ᠤᠯᠤᠰ᠎ᠤᠨ ᠠᠷᠠᠳᠴᠢᠯᠡᠯ᠎ᠢᠶᠠᠷ ᠠᠬᠢᠭᠤᠯᠬᠤ ᠬᠤᠷᠠᠯ᠎ᠤᠨ ᠦᠪᠦᠷ ᠮᠤᠩᠭᠤᠯ᠎ᠤᠨ ᠦᠪᠡᠷᠲᠡᠭᠡᠨ ᠵᠠᠰᠭᠠᠤ ᠤᠷᠤᠨ᠎ᠤ ᠬᠤᠷᠢᠶ᠎ᠠ᠎ᠶ᠋ᠢᠨ ᠡᠷᠬᠢᠯᠡᠭ᠌ᠴᠢ ᠬᠡᠱᠢᠭᠦᠨ ᠵᠧᠩ ᠹᠦ᠋ ᠲᠢᠶᠠᠨ᠂ ᠦᠪᠡᠷᠲᠡᠭᠡᠨ ᠵᠠᠰᠭᠠᠤ ᠤᠷᠤᠨ᠎ᠤ ᠤᠯᠤᠰ ᠲᠦᠷᠦ᠎ᠶ᠋ᠢᠨ ᠵᠦᠪᠯᠡᠯᠭᠡᠨ᠎ᠤ ᠲᠡᠳ᠋ ᠲᠡᠷᠢᠭᠦᠯᠡᠭ᠌ᠴᠢ᠂ 《9 · 3》 ᠎ᠤ ᠡᠷᠲᠡᠮ ᠱᠢᠨᠵᠢᠯᠡᠭᠡᠨ᠎ᠤ ᠨᠡᠢᠭᠡᠮᠯᠢᠭ᠎ᠤᠨ ᠦᠪᠦᠷ ᠮᠤᠩᠭᠤᠯ᠎ᠤᠨ ᠦᠪᠡᠷᠲᠡᠭᠡᠨ ᠵᠠᠰᠭᠠᠤ ᠤᠷᠤᠨ᠎ᠤ ᠬᠤᠷᠢᠶ᠎ᠠ᠎ᠶ᠋ᠢᠨ ᠡᠷᠬᠢᠯᠡᠭ᠌ᠴᠢ ᠬᠡᠱᠢᠭᠦᠨ ᠯᠢᠦ ᠱᠢᠨ ᠯᠧ ᠶᠠᠷᠢᠯᠴᠠᠬᠤ ᠬᠤᠷᠠᠯ᠎ᠳᠤ ᠤᠷᠤᠯᠴᠠᠪᠠ᠃

ᠨᠢᠭᠡᠲᠦᠮᠡᠯ ᠹᠷᠤᠨᠲ᠎ᠤᠨ ᠪᠦᠷᠢᠯᠲᠦᠭᠦᠨ᠎ᠤ 8 ᠲᠦᠯᠦᠭᠡᠯᠡᠭ᠌ᠴᠢ ᠬᠦᠮᠦᠰ᠎ᠤᠨ ᠰᠤᠯᠢᠯᠴᠠᠭᠠᠨ᠎ᠤ ᠶᠠᠷᠢᠶ᠎ᠠ ᠎ᠶ᠋ᠢ ᠰᠤᠨᠤᠰᠤᠬ᠍ᠰᠠᠨ᠎ᠤ ᠲᠠᠷᠠᠭ᠎ᠠ᠂ ᠳ᠋ᠤᠸᠠᠨ ᡁᠢ ᠴᠢᠶᠠᠩ᠂ ᠪᠦᠬᠦ᠌ ᠤᠷᠤᠨ᠎ᠤ ᠨᠢᠭᠡᠲᠦᠮᠡᠯ  ᠹᠷᠤᠨᠲ᠎ᠤᠨ᠎ᠬᠢᠨ ᠶᠡᠷᠦᠩᠬᠡᠢ ᠱᠦᠵᠢ ᠰᠢ᠎ᠶ᠋ᠢᠨ ᠫᠢᠩ᠎ᠤᠨ 《7 · 1》 ᠎ᠤ ᠴᠢᠬᠤᠯᠠ ᠶᠠᠷᠢᠶᠠᠨ᠎ᠤ ᠵᠤᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠴᠢᠬᠤᠯᠠ ᠶᠡᠭᠡ ᠤᠯᠤᠰ ᠲᠦᠷᠦ᠎ᠶ᠋ᠢᠨ ᠡᠭᠦᠷᠭᠡ ᠪᠤᠯᠭᠠᠵᠦ᠍᠂ ᠲᠤᠮᠲᠠᠲᠤ᠎ᠶ᠋ᠢᠨ ᠬᠦᠪᠡᠬᠦᠳ ᠦᠬᠢᠳ᠎ᠤᠨ ᠶᠡᠭᠡ ᠪᠦᠯᠬᠦᠮᠲᠡᠯ᠎ᠢ ᠴᠢᠩᠭᠠᠳᠭᠠᠵᠦ᠍᠂ ᠲᠤᠮᠲᠠᠲᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠲᠤᠯᠲᠠ᠎ᠶ᠋ᠢ ᠪᠡᠶᠡᠯᠡᠭᠦᠯᠬᠦ᠌ ᠠᠤᠭ᠎ᠠ ᠬᠦᠴᠦᠨ᠎ᠢ ᠲᠠᠰᠤᠷᠠᠯᠲᠠ ᠦᠭᠡᠢ ᠬᠤᠷᠠᠮᠳᠤᠭᠤᠯᠬᠤ ᠬᠡᠷᠡᠭ᠌ᠲᠡᠢ ᠬᠡᠵᠦ᠍ ᠵᠢᠭᠠᠵᠦ᠍ ᠭᠠᠷᠭᠠᠪᠠ᠃

ᠳ᠋ᠤᠸᠠᠨ ᡁᠢ ᠴᠢᠶᠠᠩ ᠨᠢᠭᠡᠲᠦᠮᠡᠯ ᠹᠷᠤᠨᠲ᠎ᠤᠨ᠎ᠬᠢᠨ᠎ᠤ ᠦᠪᠦᠷ ᠮᠤᠩᠭᠤᠯ᠎ᠤᠨ ᠬᠤᠪᠢᠰᠭᠠᠯ᠂ ᠪᠦᠲᠦᠭᠡᠨ ᠪᠠᠢᠭᠤᠯᠤᠯᠲᠠ᠂ ᠦᠭᠡᠷᠡᠴᠢᠯᠡᠯᠲᠡ ᠵᠡᠷᠭᠡ ᠡᠯ᠎ᠡ ᠲᠡᠦᠬᠡᠨ ᠴᠠᠬ ᠦᠶ᠎ᠠ᠎ᠳᠤ ᠤᠯᠤᠬ᠍ᠰᠠᠨ ᠬᠡᠷᠡᠯ ᠰᠠᠴᠤᠷᠠᠩᠭᠤᠢ ᠠᠮᠵᠢᠯᠲᠠ ᠪᠦᠲᠦᠮᠵᠢ᠂ ᠬᠤᠷᠠᠮᠳᠤᠭᠤᠯᠤᠬ᠍ᠰᠠᠨ ᠡᠷᠬᠢᠮ ᠨᠠᠨᠳᠢᠨ ᠲᠤᠷᠱᠢᠯᠭ᠎ᠠ᠎ᠶ᠋ᠢ ᠤᠯᠠᠨ᠎ᠲᠠᠢ ᠬᠠᠮᠲᠦ᠎ᠪᠠᠷ ᠡᠷᠬᠢᠴᠡᠭᠦᠯᠪᠡ᠃ ᠲᠡᠷᠡ᠂ ᠲᠡᠦᠬᠡ᠎ᠶ᠋ᠢ ᠡᠷᠬᠢᠴᠡᠭᠦᠯᠵᠦ᠍᠂ ᠢᠷᠡᠭᠡᠲᠦᠢ᠎ᠶ᠋ᠢ ᠡᠭᠦᠲᠦᠨ ᠨᠡᠭᠡᠭᠡᠬᠦ᠌᠎ᠳᠤ ᠡᠷᠬᠡᠪᠰᠢ ᠲᠤᠮᠲᠠᠲᠤ ᠤᠯᠤᠰ᠎ᠤᠨ ᠡᠪ ᠬᠠᠮᠲᠦ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠵᠦ᠍᠂ ᠬᠠᠮᠲᠦ᠎ᠶ᠋ᠢᠨ ᠦᠵᠡᠯ ᠰᠠᠨᠠᠭ᠎ᠠ ᠤᠯᠤᠰ ᠲᠦᠷᠦ᠎ᠶ᠋ᠢᠨ ᠰᠠᠭᠤᠷᠢ᠎ᠶ᠋ᠢ ᠪᠠᠬᠢᠵᠢᠭᠦᠯᠵᠦ᠍᠂ ᠨᠠᠮ ᠪᠠ ᠤᠯᠤᠰ᠎ᠤᠨ ᠠᠵᠢᠯ᠎ᠤᠨ ᠶᠡᠭᠡ ᠪᠠᠢᠲᠠᠯ᠎ᠳᠤ ᠦᠢᠯᠡᠴᠢᠯᠡᠬᠦ᠌᠎ᠶ᠋ᠢ ᠪᠠᠷᠢᠮᠲᠠᠯᠠᠵᠦ᠍᠂ ᠴᠢᠨᠠᠷ ᠰᠠᠢᠲᠠᠢ ᠬᠦᠭ᠌ᠵᠢᠯᠲᠡ᠎ᠳᠤ ᠢᠲᠡᠪᠬᠢᠲᠡᠢ᠎ᠪᠠᠷ ᠬᠦᠴᠦᠨ ᠨᠡᠮᠡᠷᠢᠯᠡᠵᠦ᠍᠂ ᠦᠪᠡᠷ ᠪᠡᠶ᠎ᠡ᠎ᠶ᠋ᠢᠨ ᠪᠠᠢᠭᠤᠯᠤᠯᠲᠠ᠎ᠪᠠᠨ ᠲᠠᠰᠤᠷᠠᠯᠲᠠ ᠦᠭᠡᠢ ᠴᠢᠩᠭᠠᠳᠭᠠᠵᠦ᠍᠂ ᠲᠦᠪ ᠶᠤᠰᠤ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠬᠦ᠌ ᠲᠤᠮᠲᠠ ᠨᠢᠭᠡᠲᠦᠮᠡᠯ ᠹᠷᠤᠨᠲ᠎ᠤᠨ ᠠᠵᠢᠯ᠎ᠢ ᠰᠠᠢᠲᠦᠷ ᠬᠢᠵᠦ᠍᠂ ᠤᠯᠤᠰ ᠲᠦᠷᠦ᠎ᠶ᠋ᠢᠨ ᠮᠠᠭᠠᠳᠯᠠᠬᠤ ᠴᠢᠲᠠᠪᠤᠷᠢ᠂ ᠤᠯᠤᠰ ᠲᠦᠷᠦ᠎ᠶ᠋ᠢᠨ ᠤᠢ᠍ᠢᠯᠠᠭᠠᠬᠤ ᠴᠢᠲᠠᠪᠤᠷᠢ᠂ ᠤᠯᠤᠰ ᠲᠦᠷᠦ᠎ᠶ᠋ᠢᠨ ᠬᠡᠷᠡᠭ᠌ᠵᠢᠭᠦᠯᠬᠦ᠌ ᠴᠢᠲᠠᠪᠤᠷᠢ᠎ᠶ᠋ᠢ ᠦᠨᠡᠨ ᠬᠦ᠌ ᠲᠡᠭᠡᠭ᠌ᠰᠢᠯᠡᠭᠦᠯᠵᠦ᠍᠂ ᠦᠷᠭᠡᠨ ᠤᠯᠠᠨ ᠨᠢᠭᠡᠲᠦᠮᠡᠯ ᠹᠷᠤᠨᠲ᠎ᠤᠨ ᠪᠦᠷᠢᠯᠲᠦᠭᠦᠨ᠎ᠢ ᠬᠦᠲᠦᠯᠦᠨ ᠵᠢᠯᠤᠭᠤᠳᠴᠤ᠌ ᠲᠤᠮᠲᠠᠲᠤ ᠤᠯᠤᠰ᠎ᠤᠨ ᠡᠪ ᠬᠠᠮᠲᠦ ᠨᠠᠮ᠎ᠲᠠᠢ ᠢᠮᠠᠬ᠍ᠲᠠ ᠰᠡᠳᠭᠢᠯ᠎ᠢᠶᠠᠨ ᠨᠢᠭᠡᠳᠭᠡᠨ ᠴᠢᠭ᠌ᠯᠡᠯ᠎ᠢᠶᠠᠨ ᠨᠢᠭᠡᠳᠭᠡᠨ ᠠᠵᠢᠯᠯᠠᠭ᠎ᠠ᠎ᠪᠠᠨ ᠨᠢᠭᠡᠳᠭᠡᠵᠦ᠍᠂ ᠦᠪᠦᠷ ᠮᠤᠩᠭᠤᠯ᠎ᠤᠨ ᠬᠦᠭ᠌ᠵᠢᠯᠲᠡ᠎ᠶ᠋ᠢᠨ ᠱᠢᠨ᠎ᠡ ᠬᠠᠭᠤᠲᠠᠰᠤ᠎ᠶ᠋ᠢ ᠰᠠᠢᠲᠦᠷ ᠪᠢᠴᠢᠭ᠌ᠯᠡᠬᠦ᠌᠎ᠳᠤ ᠨᠢᠭᠡᠲᠦᠮᠡᠯ ᠹᠷᠤᠨᠲ᠎ᠤᠨ ᠨᠡᠩ ᠶᠡᠭᠡ ᠬᠦᠴᠦᠨ᠎ᠢᠶᠠᠨ ᠡᠷᠬᠦᠬᠦ᠌ ᠬᠡᠷᠡᠭ᠌ᠲᠡᠢ ᠬᠡᠵᠦ᠍ ᠴᠢᠬᠤᠯᠠᠴᠢᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号