ᠤᠢ᠍ᠢᠷ᠎ᠡ᠎ᠶ᠋ᠢᠨ ᠡᠳᠦᠷ᠂ ᠪᠠᠷᠠᠭᠤᠨ ᠦᠵᠦᠮᠦᠴᠢᠨ ᠬᠤᠱᠢᠭᠤᠨ᠎ᠤ ᠨᠠᠮ᠎ᠤᠨ ᠬᠤᠷᠢᠶ᠎ᠠ᠂ ᠵᠠᠰᠠᠭ᠎ᠤᠨ ᠤᠷᠳᠤᠨ᠎ᠠᠴᠠ ᠭᠠᠩ ᠬᠠᠭ᠍ᠰᠠᠷᠠᠭᠠᠨ᠎ᠲᠠᠢ ᠲᠡᠮᠡᠴᠡᠵᠤ ᠪᠠᠢᠭ᠎ᠠ ᠬᠦᠪᠡᠭᠡᠳᠤ ᠱᠢᠷ᠎ᠡ ᠬᠤᠱᠢᠭᠤᠨ᠎ᠳᠤ 300 ᠲᠤᠨ ᠬᠦᠬᠡ ᠡᠪᠡᠰᠦ ᠬᠦᠷᠭᠡᠨ ᠢᠷᠡᠵᠤ᠂ 《ᠨᠢᠭᠡ᠎ᠨᠢ ᠭᠠᠮᠱᠢᠭ᠍ᠳᠠᠪᠠᠯ ᠨᠡᠢᠲᠡ ᠤᠯᠠᠨ᠎ᠢᠶᠠᠷ᠎ᠢᠶᠠᠨ ᠬᠠᠪᠰᠤᠷᠬᠤ》 ᠤᠯᠠᠮᠵᠢᠯᠠᠯᠲᠦ ᠰᠠᠢᠨ ᠰᠠᠢᠬᠠᠨ ᠵᠤᠷᠢᠭ ᠰᠠᠨᠠᠭ᠎ᠠ᠎ᠶ᠋ᠢ ᠪᠠᠳᠠᠷᠠᠭᠤᠯᠤᠨ ᠮᠠᠯᠴᠢᠳ᠎ᠤᠨ ᠬᠦᠴᠢᠷᠳᠡᠯ᠎ᠢ ᠶᠡᠭᠡ᠎ᠪᠠᠷ ᠱᠢᠢᠤᠡᠪᠤᠷᠢᠯᠠᠵᠤ ᠦᠭ᠌ᠬᠦᠯ᠎ᠡ᠃
ᠪᠠᠷᠠᠭᠤᠨ ᠦᠵᠦᠮᠦᠴᠢᠨ ᠬᠤᠱᠢᠭᠤᠨ᠎ᠠᠴᠠ ᠳᠤᠰᠠᠯᠠᠭ᠍ᠰᠠᠨ ᠭᠠᠩ ᠭᠠᠮᠱᠢᠭ᠎ᠠᠴᠠ ᠠᠪᠤᠷᠠᠬᠤ ᠡᠳ᠋ ᠪᠤᠳᠠᠰ᠎ᠢ ᠳᠤᠰᠤᠨ ᠠᠪᠬᠤ ᠶᠤᠰᠤᠯᠠᠯ ᠳᠡᠭᠡᠷ᠎ᠡ ᠬᠦᠪᠡᠭᠡᠲᠦ ᠱᠢᠷ᠎ᠠ ᠬᠤᠱᠢᠭᠤᠨ᠎ᠤ ᠨᠠᠮ᠎ᠤᠨ ᠬᠤᠷᠢᠶᠠᠨ᠎ᠤ ᠳᠡᠳ᠋ ᠱᠦᠵᠢ᠂ ᠬᠤᠱᠢᠭᠤᠨ ᠳᠠᠷᠤᠭ᠎ᠠ᠎ᠶ᠋ᠢᠨ ᠵᠢᠱ᠌ᠢᠭ᠌ᠳᠡᠭ᠌ᠴᠢ ᠯᠢ ᠵᠢᠶᠠᠨ ᠴᠢᠶᠠᠩ᠎ᠠᠴᠠ ᠪᠠᠷᠠᠭᠤᠨ ᠦᠵᠦᠮᠦᠴᠢᠨ ᠬᠤᠱᠢᠭᠤᠨ᠎ᠤ ᠵᠠᠰᠠᠭ᠎ᠤᠨ ᠤᠷᠳᠤᠨ᠎ᠤ ᠳᠡᠳ᠋ ᠳᠠᠷᠤᠭ᠎ᠠ ᠮᠠᠱᠢᠪᠠᠭᠠᠲᠤᠷᠲᠤ 《ᠭᠠᠩ᠎ᠲᠠᠢ ᠵᠤᠨ ᠭᠠᠷ ᠰᠤᠩᠭᠠᠨ ᠳᠡᠮᠵᠢᠭ᠌ᠰᠡᠨ᠎ᠳᠤ ᠴᠢᠩ ᠰᠡᠤᠡᠬᠢᠯ᠎ᠤᠨ ᠲᠠᠯᠠᠷᠬᠠᠯ᠎ᠢᠶᠠᠨ ᠳᠡᠪᠱᠢᠬᠦᠯᠦᠨᠡᠮ》 ᠭᠡᠰᠡᠨ ᠦᠰᠦᠭ ᠪᠦᠬᠦᠢ ᠬᠡᠮᠡᠷᠯᠢᠭ ᠲᠤᠭ ᠪᠡᠯᠡᠭ᠌ᠯᠡᠵᠤ᠂ ᠪᠦᠬᠦ᠌ ᠬᠤᠱᠢᠭᠤᠨ᠎ᠤ ᠮᠠᠯᠴᠢᠨ ᠲᠦᠮᠡᠨ᠎ᠢ ᠲᠦᠯᠦᠭᠡᠯᠡᠨ ᠲᠠᠯᠠᠷᠬᠠᠭ᠍ᠰᠠᠨ ᠰᠡᠳᠭᠢᠯ᠎ᠢᠶᠠᠨ ᠢᠯᠡᠳᠭᠡᠵᠠᠢ᠃

ᠵᠤᠬᠢᠶᠠᠯ \ ᠵᠢᠷᠤᠭ᠄ ᠱᠢᠨᠡᠬᠦᠦ ᠲᠡᠷᠭᠡᠯ
ᠬᠦᠪᠡᠭᠡᠲᠦ ᠱᠢᠷ᠎ᠠ ᠬᠤᠱᠢᠭᠤᠨ᠎ᠤ ᠳᠡᠳ᠋ ᠳᠠᠷᠤᠭ᠎ᠠ ᠪᠠᠭᠠᠲᠤᠷ ᠲᠠᠯᠠᠷᠬᠠᠯ᠎ᠤᠨ ᠦᠬᠡ ᠬᠡᠯᠡᠵᠤ᠂ ᠬᠦᠪᠡᠭᠡᠲᠦ ᠱᠢᠷ᠎ᠠ ᠬᠤᠱᠢᠭᠤ ᠭᠠᠩ ᠬᠠᠭ᠍ᠰᠠᠷᠠᠭᠠᠨ᠎ᠲᠠᠢ ᠲᠡᠮᠡᠴᠡᠵᠤ ᠪᠠᠢᠭ᠎ᠠ ᠵᠠᠩᠬᠢᠯᠠᠭ᠎ᠠ᠎ᠶ᠋ᠢᠨ ᠦᠶ᠎ᠡ᠎ᠳᠤ ᠪᠠᠷᠠᠭᠤᠨ ᠦᠵᠦᠮᠦᠴᠢᠨ ᠬᠤᠱᠢᠭᠤᠨ᠎ᠤ ᠨᠠᠮ ᠵᠠᠰᠠᠭ᠎ᠠᠴᠠ ᠬᠦᠮᠦᠯᠢᠭ ᠦᠵᠡᠯ᠎ᠤᠨ ᠵᠤᠷᠢᠭ ᠰᠠᠨᠠᠭ᠎ᠠ᠎ᠶ᠋ᠢ ᠪᠠᠳᠠᠷᠠᠭᠤᠯᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠰᠡᠳᠭᠢᠴᠡ᠎ᠶ᠋ᠢ ᠦᠢᠯᠡᠳᠦᠯᠭᠡᠵᠢᠬᠦᠯᠦᠨ᠂ ᠬᠠᠯᠠᠭᠤᠨ ᠭᠠᠷ᠎ᠢᠶᠠᠨ ᠰᠤᠩᠭᠠᠵᠤ ᠭᠠᠩ ᠭᠠᠮᠱᠢᠭ᠎ᠲᠠᠢ ᠲᠡᠮᠡᠴᠡᠬᠦ᠌ ᠡᠳ᠋ ᠪᠤᠳᠠᠰ ᠬᠦᠷᠭᠡᠨ ᠢᠷᠡᠵᠤ᠂ ᠤᠳᠤᠬᠠᠨ᠎ᠳᠤ ᠮᠠᠨ᠎ᠤ ᠬᠤᠱᠢᠭᠤᠨ᠎ᠤ ᠮᠠᠯᠴᠢᠨ ᠲᠦᠮᠡᠨ᠎ᠳᠤ ᠲᠡᠵᠢᠭᠡᠯ ᠡᠪᠡᠰᠦ ᠳᠤᠳᠠᠭ᠍ᠳᠠᠵᠤ ᠪᠠᠢᠭ᠎ᠠ ᠠᠰᠠᠭᠤᠳᠠᠯ᠎ᠢ ᠨᠠᠮᠳᠠᠭᠤᠯᠤᠨ᠂ ᠮᠠᠯᠴᠢᠳ᠎ᠤᠨ ᠳᠠᠷᠤᠭᠠᠰᠤ᠎ᠶ᠋ᠢ ᠬᠦᠩᠭᠡᠯᠡᠵᠠᠢ; ᠮᠦᠨ ᠴᠤ᠌ ᠪᠢᠳᠡᠨ᠎ᠤ ᠬᠦᠴᠢᠷ ᠪᠡᠷᠬᠡ᠎ᠶ᠋ᠢ ᠢᠯᠠᠨ ᠳᠠᠪᠠᠭ᠍ᠤ ᠢᠲᠡᠭᠡᠯ ᠵᠤᠷᠢᠭ᠎ᠢ ᠨᠡᠮᠡᠭ᠌ᠳᠡᠬᠦᠯᠪᠠ; ᠪᠢᠳᠡ ᠪᠦᠬᠦ᠌ ᠬᠤᠱᠢᠭᠤ᠎ᠪᠠᠷ᠎ᠢᠶᠠᠨ ᠬᠦᠳᠡᠯᠦᠯᠴᠡᠨ᠂ ᠦᠷᠬᠦᠯᠵᠢᠯᠡᠨ ᠭᠠᠩ ᠬᠠᠭ᠍ᠰᠠᠷᠠᠭᠠᠨ᠎ᠲᠠᠢ ᠲᠡᠮᠡᠴᠡᠵᠤ᠂ ᠶᠠᠭᠠᠬᠢᠭ᠍ᠰᠠᠨ ᠴᠤ᠌ ᠠᠬ᠎ᠠ ᠳᠡᠬᠦᠦ ᠬᠤᠱᠢᠭᠤᠨ᠎ᠤ ᠤᠳᠤᠷᠢᠳᠤᠯᠭ᠎ᠠ ᠪᠤᠯᠤᠨ ᠠᠷᠠᠳ ᠲᠦᠮᠡᠨ᠎ᠤ ᠬᠠᠪᠰᠤᠷᠤᠯᠭ᠎ᠠ ᠳᠡᠮᠵᠢᠯᠭᠡ᠎ᠶ᠋ᠢ ᠬᠦᠰᠡᠷᠳᠡᠬᠦᠯᠬᠦ᠌ ᠦᠭᠡᠢ ᠶᠤᠮ ᠭᠡᠵᠠᠢ᠃
ᠬᠦᠪᠡᠭᠡᠲᠦ ᠱᠢᠷ᠎ᠠ ᠬᠤᠱᠢᠭᠤ᠎ᠨᠢ ᠰᠡᠷᠢᠬᠦᠨ ᠪᠦᠰᠨ᠎ᠶ᠋ᠢᠨ ᠬᠠᠭᠠᠰ ᠭᠠᠩ ᠬᠠᠭᠤᠷᠠᠢ ᠡᠬᠡ ᠭᠠᠵᠠᠷ᠎ᠤᠨ ᠴᠢᠨᠠᠷᠲᠠᠢ ᠤᠯᠠᠷᠢᠯ᠎ᠤᠨ ᠰᠠᠯᠬᠢᠨ᠎ᠤ ᠠᠭᠤᠷ ᠠᠮᠢᠰᠭᠤᠯ᠎ᠲᠠᠢ ᠪᠠᠢᠵᠤ᠂ ᠠᠭᠠᠷ᠎ᠤᠨ ᠳᠤᠯᠠᠭᠠᠨ᠎ᠤ ᠬᠤᠪᠢᠷᠠᠯᠲᠠ ᠶᠡᠭᠡ᠂ ᠵᠦᠷᠢᠶ᠎ᠠ ᠦᠨᠳᠦᠷ᠂ ᠡᠪᠦᠯ᠎ᠤᠨ ᠤᠯᠠᠷᠢᠯ ᠤᠷᠲᠦ᠍᠂ ᠬᠤᠷ᠎ᠠ ᠲᠤᠨᠳᠠᠰᠤ ᠪᠠᠭ᠎ᠠ ᠪᠠᠢᠳᠠᠭ ᠤᠨᠴᠠᠯᠢᠭ᠎ᠲᠠᠢ᠃ ᠡᠨᠡ ᠵᠢᠯ ᠬᠠᠪᠤᠷ᠎ᠤᠨ ᠠᠭᠤᠷ ᠤᠷᠤᠭ᠍ᠰᠠᠨ᠎ᠠᠴᠠ ᠨᠠᠭᠠᠰᠢ᠂ ᠪᠦᠬᠦ᠌ ᠬᠤᠱᠢᠭᠤᠨ᠎ᠤ ᠬᠡᠪᠴᠢᠶᠡᠨ᠎ᠳᠠᠬᠢ ᠬᠤᠷ᠎ᠠ ᠲᠤᠨᠤᠳᠠᠰᠤ ᠶᠡᠷᠦ᠎ᠶ᠋ᠢᠨ ᠵᠢᠯ᠎ᠠᠴᠠ ᠪᠠᠭ᠎ᠠ᠂ ᠶᠡᠭᠡ ᠰᠠᠯᠬᠢᠨ ᠱᠢᠷᠤᠢ ᠲᠤᠭᠤᠰᠤ᠎ᠲᠠᠢ ᠴᠠᠭ ᠠᠭᠤᠷ ᠶᠡᠷᠦ᠎ᠶ᠋ᠢᠨ ᠵᠢᠯ᠎ᠠᠴᠠ ᠤᠯᠠᠨ ᠢᠯᠡᠷᠡᠭ᠌ᠰᠡᠨ᠎ᠠᠴᠠ ᠭᠠᠩ ᠬᠠᠭ᠍ᠰᠠᠷᠠᠭᠠᠨ᠎ᠳᠤ ᠳᠠᠭᠠᠷᠢᠭ᠍ᠳᠠᠨ᠂ ᠮᠠᠯᠵᠢᠬᠤ ᠦᠢᠯᠡᠳᠪᠦᠷᠢᠯᠡᠯ᠎ᠳᠤ ᠮᠠᠰᠢ ᠶᠡᠭᠡ ᠨᠦᠯᠦᠭᠡ ᠤᠴᠠᠷᠠᠭᠤᠯᠵᠠᠢ᠃ ᠤᠳᠤᠬᠠᠨ᠎ᠳᠤ ᠬᠦᠪᠡᠭᠡᠲᠦ ᠱᠢᠷ᠎ᠠ ᠬᠤᠱᠢᠭᠤ᠎ᠨᠢ ᠠᠷᠭ᠎ᠠ ᠪᠦᠬᠦᠨ᠎ᠢ ᠰᠦᠪᠡᠭ᠌ᠴᠢᠯᠡᠨ ᠭᠠᠩ ᠬᠠᠭ᠍ᠰᠠᠷᠠᠭᠠᠨ᠎ᠲᠠᠢ ᠲᠡᠮᠡᠴᠡᠵᠤ᠂ ᠮᠠᠯᠵᠢᠬᠤ ᠦᠢᠯᠡᠳᠪᠦᠷᠢᠯᠡᠯ᠎ᠢᠶᠠᠨ ᠪᠠᠲᠤᠯᠠᠵᠤ ᠪᠠᠢᠨ᠎ᠠ᠃