ᠳᠤᠮᠳᠠᠳᠤ ᠤᠯᠤᠰ᠎ᠤᠨ ᠡᠪ ᠬᠠᠮᠳᠤ ᠨᠠᠮ ᠪᠠᠢᠭᠤᠯᠤᠬ᠍ᠳᠠᠬ᠍ᠰᠠᠨ 100 ᠵᠢᠯ᠎ᠤᠨ ᠤᠢ᠎ᠶ᠋ᠢ ᠪᠡᠯᠬᠡᠯᠡᠬᠦ᠌ ᠪᠦᠬᠦ᠌ ᠤᠷᠤᠨ᠎ᠤ ᠵᠡᠮᠳᠡᠭ᠌ᠴᠦᠳ᠎ᠤᠨ ᠤᠷᠠᠨ ᠰᠠᠢᠬᠠᠨ᠎ᠤ ᠲᠤᠬ᠍ᠯᠠᠯᠳᠠ ᠶᠠᠪᠤᠬ᠍ᠳᠠᠯ᠎ᠠ
2021-07-15 09:46:00
ᠵᠣᠬᠢᠶᠠᠭ᠍ᠴᠢ᠄
ᠯᠢ ᠼᠦᠨ ᠱᠢᠶᠠ
ᠣᠩᠱᠢᠭ᠍ᠰᠠᠨ ᠣᠳᠠᠭ᠎ᠠ᠄
★★★☆☆

7 ᠰᠠᠷ᠎ᠠ᠎ᠶ᠋ᠢᠨ 13 ᠎ᠤ ᠡᠳᠦᠷ᠂ ᠦᠪᠡᠷᠳᠡᠭᠡᠨ ᠵᠠᠰᠠᠬᠤ ᠤᠷᠤᠨ᠎ᠤ ᠵᠡᠮᠳᠡᠭ᠌ᠴᠦᠳ᠎ᠤᠨ ᠬᠤᠯᠪᠣᠭ᠎ᠠ᠎ᠠᠴᠠ ᠭᠤᠤᠯᠯᠠᠨ ᠡᠷᠬᠢᠯᠡᠵᠦ᠍᠂ ᠬᠦᠬᠡᠬᠤᠳᠠ᠎ᠶ᠋ᠢᠨ ᠵᠡᠮᠳᠡᠭ᠌ᠴᠦᠳ᠎ᠤᠨ ᠬᠤᠯᠪᠤᠭ᠎ᠠ᠎ᠠᠴᠠ ᠬᠠᠮᠵᠢᠨ ᠡᠷᠬᠢᠯᠡᠭ᠌ᠰᠡᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠤᠯᠤᠰ᠎ᠤᠨ ᠡᠪ ᠬᠠᠮᠳᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠡᠯᠭᠡᠯᠡᠬᠦ᠌ ᠪᠦᠬᠦ᠌ ᠤᠷᠤᠨ᠎ᠤ ᠵᠡᠮᠳᠡᠭ᠌ᠴᠦᠳ᠎ᠤᠨ ᠤᠷᠠᠨ ᠰᠠᠢᠬᠠᠨ᠎ᠤ ᠲᠤᠬ᠍ᠯᠠᠯᠳᠠ ᠬᠦᠬᠡᠬᠤᠳᠠ᠎ᠳᠤ ᠶᠠᠪᠤᠬ᠍ᠳᠠᠪᠠ᠃

ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠤ ᠳᠡᠳ᠋ ᠲᠡᠷᠢᠭᠦᠯᠡᠭ᠌ᠴᠢ᠂ ᠥᠪᠡᠷᠲᠡᠭᠡᠨ ᠵᠠᠰᠠᠬᠤ ᠣᠷᠣᠨ᠎ᠤ ᠵᠡᠮᠳᠡᠭ᠌ᠴᠦᠳ᠎ᠤᠨ ᠬᠤᠯᠪᠣᠭ᠎ᠠ᠎ᠶ᠋ᠢᠨ ᠳᠣᠯᠣᠳᠤᠭᠠᠷ ᠬᠤᠭᠤᠴᠠᠭᠠᠨ᠎ᠤ ᠲᠡᠷᠢᠭᠦᠯᠡᠭ᠌ᠴᠢᠳ᠎ᠤᠨ ᠪᠦᠯᠬᠦᠮ᠎ᠤᠨ ᠨᠡᠷ᠎ᠡ ᠬᠦᠨᠳᠦᠲᠦ ᠲᠡᠷᠢᠭᠦᠯᠡᠭ᠌ᠴᠢ ᠵᠠᠩ ᠬᠤᠸᠠ ᠲᠣᠭ᠍ᠯᠠᠯᠲᠠ᠎ᠶ᠋ᠢ ᠰᠤᠨᠢᠷᠬᠠᠪᠠ᠃

15 ᠴᠠᠭ 30 ᠮᠢᠨᠦ᠋ᠲ᠎ᠲᠤ᠌᠂ ᠲᠣᠭ᠍ᠯᠠᠯᠲᠠ᠎ᠨᠢ 《ᠪᠠᠶᠠᠰᠭᠤᠯᠠᠩᠲᠤ ᠲᠠᠯ᠎ᠠ ᠨᠤᠲᠤᠭ》 ᠪᠥᠵᠢᠭ᠎ᠢᠶᠠᠷ ᠡᠬᠢᠯᠡᠪᠡ᠃ ᠲᠣᠰ ᠤᠳᠠᠭᠠᠨ᠎ᠤ ᠲᠣᠭ᠍ᠯᠠᠯᠲᠠ᠎ᠨᠢ 《ᠰᠠᠯᠬᠢ ᠪᠣᠷᠣᠭᠠᠨ᠎ᠢ ᠰᠥᠷᠥᠨ ᠣᠭ ᠰᠠᠨᠠᠭ᠎ᠠ᠎ᠪᠠᠨ ᠪᠠᠷᠢᠮᠳᠠᠯᠠᠨ᠎ᠠ》᠂ 《ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠴᠦ᠍ ᠢᠷᠠᠭᠤ ᠬᠠᠭᠤᠳᠠᠰᠤ᠎ᠶ᠋ᠢ ᠪᠢᠴᠢᠭ᠌ᠯᠡᠨ᠎ᠡ》᠂ 《ᠡᠷᠴᠢ ᠵᠣᠷᠢᠭ᠎ᠢᠶᠠᠨ ᠬᠥᠪᠴᠢᠯᠡᠨ ᠳᠠᠷᠪᠠᠭᠤᠯ ᠬᠡᠢᠰᠭᠡᠵᠦ᠍ ᠠᠶᠠᠨ᠎ᠳᠠᠭᠠᠨ ᠳᠠᠬᠢᠨ ᠮᠣᠷᠳᠠᠨ᠎ᠠ》 ᠭᠡᠬᠦ᠌ ᠭᠤᠷᠪᠠᠨ ᠪᠦᠯᠦᠭ᠎ᠢᠶᠠᠷ ᠪᠦᠷᠢᠯᠳᠦᠵᠦ᠍᠂ ᠳᠤᠮᠳᠠᠳᠤ ᠤᠯᠤᠰ᠎ᠤᠨ ᠵᠡᠮᠳᠡᠭ᠌ᠴᠦᠳ᠎ᠤᠨ ᠤᠷᠠᠯᠢᠭ᠎ᠤᠨ ᠪᠦᠯᠬᠦᠮ ᠪᠣᠯᠤᠨ ᠪᠥᠬᠦ᠌ ᠣᠷᠣᠨ᠎ᠤ ᠡᠯ᠎ᠡ ᠠᠢᠮᠠᠭ ᠬᠤᠲᠠ᠎ᠶ᠋ᠢᠨ ᠵᠡᠮᠳᠡᠭ᠌ᠴᠦᠳ᠎ᠤᠨ ᠤᠳᠭ᠎ᠠ ᠤᠷᠠᠯᠢᠭ᠎ᠤᠨ ᠳᠤᠷ᠎ᠠ ᠪᠠᠭ᠍ᠠᠲᠠᠳ ᠳᠠᠭᠤᠤ᠂ ᠪᠥᠵᠢᠭ᠂ ᠬᠥᠭ᠌ᠵᠢᠮᠳᠡᠭᠦᠷ ᠵᠡᠷᠭᠡ 24 ᠶᠠᠩᠵᠤ ᠬᠡᠯᠪᠡᠷᠢ᠎ᠶ᠋ᠢᠨ ᠤᠷᠠᠨ ᠰᠠᠢᠬᠠᠨ᠎ᠤ ᠲᠣᠭ᠍ᠯᠠᠯᠲᠠ ᠭᠠᠷᠭᠠᠪᠠ᠃

ᠬᠤᠪᠢᠰᠭᠠᠯᠳᠤ ᠳᠠᠭᠤᠤ᠎ᠶ᠋ᠢᠨ ᠬᠠᠮᠲᠤᠷᠠᠭ᠍ᠰᠠᠨ ᠲᠣᠭ᠍ᠯᠠᠯᠲᠠ᠎ᠨᠢ ᠬᠥᠮᠦᠰ᠎ᠤᠨ ᠰᠡᠳᠭᠢᠯ᠎ᠢ ᠳᠣᠭ᠍ᠳᠣᠯᠤᠭᠤᠯᠵᠤ᠂ ᠬᠦᠷᠳᠦᠲᠦ ᠰᠠᠨᠳᠠᠯᠢ᠎ᠶ᠋ᠢᠨ ᠯᠠᠲ᠋ᠢᠨ ᠪᠥᠵᠢᠭ ᠠᠮᠢᠵᠢᠷᠠᠯ᠎ᠤᠨ ᠬᠦᠴᠦᠨ᠎ᠢᠶᠠᠷ ᠪᠢᠯᠬᠠᠵᠤ᠂ ᠲᠤᠬᠢᠶᠠᠨ᠎ᠤ ᠬᠡᠯᠡᠨ᠎ᠤ ᠱᠤᠭ ᠶᠠᠷᠢᠶ᠎ᠠ᠎ᠨᠢ ᠦᠵᠡᠭ᠌ᠴᠢᠳ᠎ᠢ ᠪᠠᠶᠠᠷᠯᠠᠭᠤᠯᠤᠨ᠎ᠠ ᠁ ᠲᠠᠢᠰᠠᠨ ᠳᠡᠭᠡᠷᠡᠬᠢ ᠵᠡᠮᠳᠡᠭ ᠲᠣᠭ᠍ᠯᠠᠭ᠍ᠴᠢᠳ ᠢᠲᠡᠭᠡᠯ ᠲᠡᠭᠦᠯᠳᠡᠷ᠂ ᠣᠷᠭᠢᠯᠤᠮ᠎ᠠ ᠬᠠᠯᠠᠭᠤᠨ ᠰᠡᠳᠭᠢᠯᠭᠡ᠎ᠪᠠᠷ ᠨᠠᠮ ᠪᠣᠯᠤᠨ ᠤᠯᠤᠰ᠎ᠲᠤ ᠡᠷᠬᠦᠭ᠌ᠰᠡᠨ ᠬᠠᠢᠷ᠎ᠠ ᠪᠠ ᠵᠥᠩᠨᠡᠯ᠎ᠢᠶᠠᠨ ᠢᠯᠡᠳᠭᠡᠵᠦ᠍᠂ ᠥᠷᠭᠡᠨ ᠤᠯᠠᠨ ᠵᠡᠮᠳᠡᠭ᠌ᠴᠦᠳ᠎ᠤᠨ ᠴᠥᠬᠦᠷᠡᠰᠢ ᠦᠭᠡᠢ ᠴᠢᠷᠮᠠᠢᠬᠤ᠂ ᠨᠤᠭᠤᠷᠠᠰᠢ ᠦᠭᠡᠢ ᠲᠡᠮᠡᠴᠡᠬᠦ᠌ ᠱᠢᠯᠢᠳᠡᠭ ᠵᠠᠩ ᠴᠢᠨᠠᠷ ᠪᠣᠯᠤᠨ ᠥᠪᠡᠷ᠎ᠢ᠎ᠪᠠᠨ ᠬᠦᠨᠳᠦᠳᠭᠡᠵᠦ᠍ ᠥᠪᠡᠷ᠎ᠢ᠎ᠪᠠᠨ ᠬᠦᠴᠦᠷᠬᠡᠭ᠌ᠵᠢᠭᠦᠯᠬᠦ᠂ ᠨᠥᠬᠦᠷᠰᠡᠭ᠎ᠢᠶᠠᠷ ᠬᠠᠷᠢᠯᠴᠠᠨ ᠬᠠᠪᠰᠤᠷᠤᠯᠴᠠᠬᠤ ᠤᠶᠤᠨ ᠰᠠᠨᠠᠭᠠᠨ᠎ᠤ ᠳᠦᠷᠰᠦ ᠪᠠᠢᠳᠠᠯ᠎ᠢ ᠢᠯᠡᠷᠡᠭᠦᠯᠪᠡ᠃ ᠲᠣᠭ᠍ᠯᠠᠯᠲᠠ᠎ᠨᠢ 《ᠤᠬ ᠰᠠᠨᠠᠭ᠎ᠠ᠎ᠪᠠᠨ ᠦᠯᠦ᠍ ᠮᠠᠷᠳᠠᠨ᠎ᠠ》 ᠭᠡᠬᠦ᠌ ᠳᠠᠭᠤᠤ ᠪᠥᠵᠢᠭ᠎ᠤᠨ ᠳᠤᠮᠳᠠ ᠲᠡᠭᠦᠰ ᠠᠮᠵᠢᠯᠲᠠ᠎ᠲᠠᠢ ᠥᠨᠳᠥᠷᠯᠡᠭ᠌ᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号