ᠲᠤᠮᠳᠠᠳᠤ ᠤᠯᠤᠰ᠎ᠤᠨ ᠡᠪ ᠬᠠᠮᠳᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢᠨ ᠪᠠᠶᠠᠷ᠎ᠢ ᠲᠤᠬᠢᠶᠠᠯᠳᠤᠭᠤᠯᠤᠨ᠂ ᠪᠠᠷᠠᠭᠤᠨ ᠦᠵᠦᠮᠦᠴᠢᠨ ᠬᠤᠱᠢᠭᠤᠨ᠎ᠤ ᠤᠤᠯ᠎ᠤᠨ ᠠᠯᠳᠠᠩᠭᠤᠤᠯ ᠰᠤᠮᠤᠨ᠎ᠤ ᠲᠠᠪᠤᠨ ᠭᠠᠴᠠᠭᠠᠨ᠎ᠤ ᠴᠠᠭᠠᠨ ᠮᠤᠷᠢᠲᠤ ᠡᠷᠦᠬᠡ᠎ᠶ᠋ᠢᠨ ᠴᠡᠷᠢᠭ᠎ᠤᠨ ᠠᠬᠠᠮᠠᠳ ᠨᠢᠭᠡ ᠦᠶ᠎ᠡ᠎ᠶ᠋ᠢᠨ᠎ᠬᠢᠨ 7 ᠰᠠᠷ᠎ᠠ᠎ᠶ᠋ᠢᠨ 9 ᠤ ᠡᠲᠦᠷ᠂ ᠬᠤᠭᠤᠯᠠᠲᠤ᠎ᠶ᠋ᠢᠨ ᠭᠤᠤᠯ ᠪᠠᠯᠭᠠᠰᠤᠨ᠎ᠤ ᠪᠠᠶᠠᠨᠪᠤᠯᠠᠭ ᠭᠠᠴᠠᠭᠠᠨ᠎ᠳᠤ ᠲᠦᠪᠯᠡᠷᠡᠬᠦᠯᠦᠨ ᠪᠤᠯᠪᠠᠰᠤᠷᠠᠵᠤ ᠪᠠᠢᠭ᠎ᠠ ᠪᠠᠷᠠᠭᠤᠨ ᠦᠵᠦᠮᠦᠴᠢᠨ ᠬᠤᠱᠢᠭᠤᠨ᠎ᠤ ᠱᠢᠨ᠎ᠡ ᠴᠠᠭ ᠦᠶ᠎ᠡ᠎ᠶ᠋ᠢᠨ ᠡᠷᠦᠭᠡ᠎ᠶ᠋ᠢᠨ ᠴᠡᠷᠢᠭ᠎ᠤᠨ ᠴᠠᠭᠠᠨ ᠮᠤᠷᠢᠲᠤ ᠰᠤᠮᠤᠨ᠎ᠳᠤ ᠬᠦᠷᠴᠦ᠍᠂ ᠡᠷᠬᠢᠨ ᠲᠤᠬᠤᠨᠢᠭᠤᠯᠬᠤ᠎ᠶ᠋ᠢᠨ ᠬᠠᠮᠲᠤ ᠪᠤᠯᠪᠠᠰᠤᠷᠠᠯ ᠦᠵᠡᠭᠦᠯᠭᠡ᠎ᠶ᠋ᠢ᠎ᠨᠢ ᠰᠤᠨᠢᠷᠬᠠᠨ᠂ ᠨᠠᠨᠳᠢᠨ ᠲᠤᠷᠱᠢᠯᠭ᠎ᠠ᠎ᠪᠠᠨ ᠤᠯᠠᠮᠵᠢᠯᠠᠭ᠍ᠰᠠᠨ ᠪᠠᠢᠨ᠎ᠠ᠃
ᠲᠤᠰ ᠤᠳᠠᠭᠠᠨ᠎ᠤ ᠠᠭᠤᠯᠵᠠᠯᠲᠠ᠎ᠶ᠋ᠢ ᠤᠤᠯ᠎ᠤᠨ ᠠᠯᠳᠠᠩᠭᠤᠤᠯ ᠰᠤᠮᠤᠨ᠎ᠤ ᠲᠠᠪᠤᠨ ᠭᠠᠴᠠᠭᠠᠨ᠎ᠤ ᠴᠠᠭᠠᠨ ᠮᠤᠷᠢᠲᠤ ᠡᠷᠦᠬᠡ᠎ᠶ᠋ᠢᠨ ᠴᠡᠷᠢᠭ᠎ᠤᠨ ᠠᠬᠠᠮᠠᠳ᠎ᠢᠶᠠᠷ ᠪᠦᠷᠢᠯᠳᠦᠭ᠌ᠰᠡᠨ 《ᠲᠤᠷᠠᠰᠤᠮᠵᠢ》 ᠵᠢᠷᠬᠢᠶ᠎ᠡ᠎ᠶ᠋ᠢᠨ ᠬᠤᠯᠪᠤᠭᠠᠨ᠎ᠤ ᠠᠬᠠᠯᠠᠭ᠍ᠴᠢ ᠤᠶᠤᠠᠭᠡᠷᠡᠯ᠂ ᠰᠡᠴᠡᠨ᠂ ᠪᠠᠳᠮ᠎ᠠ ᠨᠠᠷ᠎ᠠᠴᠠ ᠰᠠᠨᠠᠭᠠᠴᠢᠯᠠᠨ ᠵᠤᠬᠢᠶᠠᠨ ᠪᠠᠢᠭᠤᠯᠤᠭ᠍ᠰᠠᠨ ᠪᠦᠬᠡᠳ ᠨᠡᠢᠲᠡ 72 ᠬᠡᠱᠢᠬᠦᠨ᠎ᠤ 37 ᠨᠢ ᠬᠦᠷᠦᠯᠴᠡᠨ ᠢᠷᠡᠵᠦ᠍᠂ ᠵᠠᠯᠠᠭᠤ ᠽᠠᠨᠳᠠᠨ ᠨᠠᠰᠤᠨ᠎ᠤ ᠦᠩᠭᠡ ᠭᠡᠷᠡᠯᠲᠤ ᠲᠡᠦᠬᠡ᠎ᠪᠠᠨ ᠡᠷᠬᠢᠴᠡᠬᠦᠯᠦᠨ᠂ ᠱᠢᠨ᠎ᠠ ᠴᠠᠭ ᠦᠶ᠎ᠡ᠎ᠶ᠋ᠢᠨ ᠴᠠᠭᠠᠨ ᠮᠤᠷᠢᠲᠤ ᠡᠷᠦᠬᠡ᠎ᠶ᠋ᠢᠨ ᠴᠡᠷᠢᠭ᠎ᠤᠨ ᠪᠤᠯᠪᠠᠰᠤᠷᠠᠯ᠎ᠤᠨ ᠤᠷᠴᠢᠨ᠂ ᠪᠤᠯᠪᠠᠰᠤᠷᠠᠯ ᠰᠤᠷᠢᠯᠲᠠ ᠵᠢᠴᠢ ᠦᠵᠡᠬᠦᠯᠬᠡ᠎ᠶ᠋ᠢ ᠰᠤᠨᠢᠷᠬᠠᠪᠠ᠃ ᠲᠡᠳᠡ ᠨᠡᠷ ᠮᠠᠯᠵᠢᠬᠤ ᠣᠷᠣᠨ᠎ᠤ ᠪᠦᠲᠦᠭᠡᠨ ᠪᠠᠢᠭᠤᠯᠤᠯᠲᠠ᠎ᠳᠤ ᠢᠳᠡᠪᠬᠢᠯᠡᠨ᠂ ᠪᠠᠢᠭᠠᠯᠢ᠎ᠶ᠋ᠢᠨ ᠭᠠᠢ ᠭᠠᠮᠱᠢᠭ᠎ᠲᠠᠢ ᠡᠰᠡᠷᠭᠦᠴᠡᠨ ᠲᠡᠮᠡᠴᠡᠯᠳᠤᠵᠤ ᠪᠠᠢᠭ᠎ᠠ ᠵᠠᠯᠠᠭᠤᠴᠤᠳ᠎ᠤᠨ ᠴᠤᠭ ᠵᠤᠯᠪᠤᠭ᠎ᠠ᠎ᠶ᠋ᠢ ᠮᠠᠭ᠍ᠳᠠᠨ ᠰᠠᠢᠱᠢᠶᠠᠬᠤ᠎ᠶ᠋ᠢᠨ ᠬᠠᠮᠲᠤ᠌᠂ ᠴᠠᠰᠤ ᠵᠤᠳ᠎ᠤᠨ ᠭᠠᠮᠱᠢᠭ᠎ᠠᠴᠠ ᠠᠪᠤᠷᠠᠨ ᠲᠤᠰᠠᠯᠠᠬᠤ ᠵᠡᠷᠭᠡ ᠡᠬᠦᠷᠭᠡ ᠬᠠᠷᠢᠭᠤᠴᠠᠯᠭ᠎ᠠ᠎ᠶ᠋ᠢ ᠬᠦᠢᠴᠡᠳᠭᠡᠵᠦ᠍ ᠪᠠᠢᠭ᠍ᠰᠠᠨ ᠨᠠᠨᠳᠢᠨ ᠲᠤᠷᠱᠢᠯᠭ᠎ᠠ᠎ᠪᠠᠨ ᠤᠯᠠᠮᠵᠢᠯᠠᠨ᠂ ᠰᠠᠨᠠᠯ ᠪᠤᠳᠤᠯ᠎ᠢᠶᠠᠨ ᠰᠤᠯᠢᠯᠴᠠᠵᠠᠢ᠃ ᠬᠤᠶᠠᠷ ᠦᠶ᠎ᠡ᠎ᠶ᠋ᠢᠨ ᠴᠠᠭᠠᠨ ᠮᠤᠷᠢᠲᠤ ᠡᠷᠦᠬᠡ᠎ᠶ᠋ᠢᠨ ᠴᠡᠷᠢᠭ᠎ᠨᠢ ᠤᠯᠤᠰ᠎ᠤᠨ ᠲᠤᠭ ᠮᠠᠨᠳᠤᠭᠤᠯᠤᠨ᠂ ᠬᠠᠮᠳᠤ᠎ᠶ᠋ᠢᠨ ᠰᠡᠭᠦᠳᠡᠷ ᠲᠠᠳᠠᠵᠦ᠍᠂ ᠴᠠᠭᠠᠨ ᠮᠤᠷᠢᠲᠤ ᠡᠷᠦᠬᠡ᠎ᠶ᠋ᠢᠨ ᠴᠡᠷᠢᠭ᠎ᠤᠨ ᠠᠬᠠᠮᠠᠳ ᠲᠦᠯᠦᠭᠡᠯᠡᠭ᠌ᠴᠢ᠎ᠠᠴᠠ ᠬᠤᠭᠤᠯᠠᠲᠤ᠎ᠶ᠋ᠢᠨ ᠭᠤᠤᠯ ᠪᠠᠯᠭᠠᠰᠤᠨ᠎ᠤ ᠵᠡᠪᠰᠡᠭ᠌᠎ᠳᠦ ᠬᠦᠴᠦᠨ᠎ᠤ ᠬᠡᠯᠳᠡᠰ᠎ᠲᠤ ᠬᠡᠮᠡᠷᠯᠢᠭ ᠲᠤᠭ ᠬᠦᠷᠭᠡᠨ᠂ ᠪᠤᠯᠪᠠᠰᠤᠷᠠᠯ᠎ᠳᠤ ᠤᠷᠤᠯᠴᠠᠵᠤ ᠪᠠᠢᠭ᠎ᠠ ᠴᠠᠭᠠᠨ ᠮᠤᠷᠢᠲᠤ ᠡᠷᠦᠬᠡ᠎ᠶ᠋ᠢᠨ ᠴᠡᠷᠢᠭᠤᠳᠲᠤ ᠲᠤᠷᠠᠰᠭᠠᠯ᠎ᠤᠨ ᠪᠤᠳᠠᠰ ᠭᠠᠷᠳᠠᠭᠤᠯᠵᠠᠢ᠃
ᠭᠠᠯ ᠵᠠᠯᠠᠭᠤ ᠨᠠᠰᠤᠨ᠎ᠤ ᠴᠤᠭ ᠲᠦᠯᠦ᠎ᠶ᠋ᠢ ᠪᠠᠳᠠᠷᠠᠭᠤᠯᠵᠤ ᠶᠠᠪᠤᠭ᠎ᠠ ᠴᠠᠭᠠᠨ ᠮᠤᠷᠢᠲᠤ ᠡᠷᠦᠬᠡ᠎ᠶ᠋ᠢᠨ ᠴᠡᠷᠢᠭ᠎ᠤᠨ ᠬᠠᠷᠢᠭᠤ ᠮᠡᠳᠡᠭᠦᠯᠦᠯᠲᠡ᠎ᠶ᠋ᠢᠨ ᠦᠵᠡᠬᠦᠯᠭᠡ᠎ᠶ᠋ᠢᠨ ᠲᠤᠭ᠍ᠯᠠᠯᠲᠠ᠎ᠶ᠋ᠢ ᠰᠤᠨᠢᠷᠬᠠᠭ᠍ᠰᠠᠨᠤ ᠲᠠᠷᠠᠭ᠎ᠠ᠂ ᠠᠬᠠᠮᠠᠳ ᠨᠢᠭᠡ ᠦᠶ᠎ᠡ᠎ᠶ᠋ᠢᠨ᠎ᠬᠢᠨ ᠲᠦᠢᠯ᠎ᠤᠨ ᠶᠡᠭᠡ᠎ᠪᠠᠷ ᠰᠡᠳᠭᠢᠯ ᠲᠤᠭ᠍ᠳᠤᠯᠵᠤ᠂ ᠴᠠᠭᠠᠨ ᠮᠤᠷᠢᠲᠤ ᠡᠷᠦᠭᠡ᠎ᠶ᠋ᠢᠨ ᠴᠡᠷᠢᠭ᠎ᠤᠨ ᠱᠢᠨᠳᠠᠷᠠᠰᠢ ᠦᠭᠡᠢ ᠵᠤᠷᠢᠭ ᠰᠠᠨᠠᠭ᠎ᠠ᠎ᠶ᠋ᠢ ᠤᠯᠠᠮᠵᠢᠯᠠᠨ ᠪᠠᠳᠠᠷᠠᠭᠤᠯᠵᠤ ᠪᠠᠢᠭ᠎ᠠ ᠱᠢᠨ᠎ᠡ ᠴᠠᠭ ᠦᠶ᠎ᠡ᠎ᠶ᠋ᠢᠨ ᠵᠠᠯᠠᠭᠤᠴᠤᠳ᠎ᠤᠨ ᠪᠤᠯᠪᠠᠰᠤᠷᠠᠯ ᠰᠤᠷᠢᠭ᠎ᠠ ᠲᠦᠪ ᠴᠢᠩᠭ᠎ᠠ᠂ ᠡᠮᠬᠢ ᠲᠢᠭ᠌ᠯᠢᠮ᠎ᠲᠠᠢ᠂ ᠡᠷᠴᠢᠮ᠎ᠲᠠᠢ ᠶᠠᠪᠤᠭ᠍ᠳᠠᠵᠤ ᠪᠠᠢᠭ᠎ᠠ᠎ᠶ᠋ᠢ ᠦᠨᠳᠦᠷ ᠦᠨᠡᠯᠡᠨ᠂ ᠰᠡᠳᠭᠢᠯ ᠬᠠᠨᠤᠮᠵᠢᠲᠠᠢ ᠪᠠᠢᠭ᠎ᠠ᠎ᠪᠠᠨ ᠢᠯᠡᠷᠭᠡᠢᠯᠡᠭ᠌ᠰᠡᠨ ᠪᠠᠢᠨ᠎ᠠ᠃

ᠱᠢᠨ᠎ᠡ ᠴᠠᠭ ᠦᠶ᠎ᠡ᠎ᠶ᠋ᠢᠨ ᠴᠠᠭᠠᠨ ᠮᠤᠷᠢᠳᠦ ᠰᠤᠮᠤᠨ᠎ᠤ᠎ᠬᠢᠨ

ᠦᠵᠡᠭᠦᠯᠬᠡ᠎ᠶ᠋ᠢᠨ ᠳᠤᠬ᠍ᠯᠠᠯᠳᠠ

ᠬᠠᠳᠠᠭᠤᠵᠢᠯᠳᠠᠢ ᠪᠤᠯᠪᠠᠰᠤᠷᠠᠯ

ᠬᠤᠶᠠᠷ ᠦᠶ᠎ᠡ᠎ᠶ᠋ᠢᠨ ᠴᠠᠭᠠᠨ ᠮᠤᠷᠢᠳᠦ
ᠡᠷᠦᠬᠡ᠎ᠶ᠋ᠢᠨ ᠴᠡᠷᠢᠭ᠎ᠤᠨ ᠠᠭᠤᠯᠵᠠᠯᠳᠠ