7 ᠰᠠᠷ᠎ᠠ᠎ᠶ᠋ᠢᠨ 8 ᠤ ᠡᠳᠦᠷ᠂ ᠬᠥᠬᠡᠬᠤᠲᠠ᠎ᠶ᠋ᠢᠨ ᠵᠠᠯᠠᠭᠤᠴᠤᠳ᠎ᠤᠨ ᠬᠤᠯᠪᠤᠭ᠎ᠠ ᠬᠤᠶᠠᠳᠤᠭᠠᠷ ᠪᠦᠬᠦᠳᠡ ᠬᠤᠷᠠᠯ ᠬᠢᠵᠦ᠍᠂ ᠬᠠᠮᠢᠶ᠎ᠠ ᠪᠦᠬᠦᠢ ᠬᠤᠷᠠᠯ᠎ᠤᠨ ᠵᠤᠷᠢᠭ ᠰᠠᠨᠠᠭ᠎ᠠ᠎ᠶ᠋ᠢ ᠰᠤᠷᠤᠯᠴᠠᠭ᠍ᠰᠠᠨ ᠪᠦᠭᠡᠳ 《2021 ᠣᠨ᠎ᠤ ᠬᠥᠬᠡᠬᠤᠲᠠ᠎ᠶ᠋ᠢᠨ 〈ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠬᠤᠲᠠ᠎ᠶ᠋ᠢᠨ ᠲᠤᠮᠳᠠ ᠪᠠ ᠣᠷᠳᠣ ᠬᠤᠭᠤᠴᠠᠭᠠᠨ᠎ᠤ ᠵᠠᠯᠠᠭᠤᠴᠤᠳ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ (2018 — 2025 ᠣᠨ)〉 ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠬᠡᠷᠡᠭ᠌ᠵᠢᠭᠦᠯᠬᠦ᠌ ᠭᠤᠤᠯᠳᠠᠯᠭ᠎ᠠ᠎ᠲᠠᠢ ᠠᠵᠢᠯ》 ᠢ ᠰᠤᠳᠤᠯᠤᠨ ᠪᠠᠢᠷᠢᠯᠠᠭᠤᠯᠪᠠ᠃
ᠬᠤᠷᠠᠯ᠎ᠠᠴᠠ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠵᠠᠯᠠᠭᠤᠴᠤᠳ᠎ᠤᠨ ᠠᠵᠢᠯ᠎ᠤᠨ ᠲᠤᠬᠠᠢ ᠴᠢᠬᠤᠯᠠ ᠥᠭᠦᠯᠡᠯᠲᠡ ᠪᠣᠯᠤᠨ ᠴᠢᠬᠤᠯᠠ ᠵᠢᠭᠠᠪᠤᠷᠢ ᠴᠣᠬᠤᠯᠠᠪᠤᠷᠢ᠎ᠶ᠋ᠢᠨ ᠵᠣᠷᠢᠭ ᠰᠠᠨᠠᠭ᠎ᠠ᠂ ᠣᠨᠴᠠᠭᠠᠢᠯᠠᠨ 《7 · 1》 ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠰᠤᠷᠤᠯᠴᠠᠨ ᠲᠤᠭᠤᠱᠢᠯᠠᠭᠤᠯᠬᠤ ᠬᠡᠷᠡᠭ᠌ᠲᠡᠢ᠃ 《ᠤᠯᠤᠰ ᠲᠦᠷᠦ᠎ᠶ᠋ᠢ ᠡᠷᠬᠢᠮᠯᠡᠬᠦ᠌》 ᠦᠨᠳᠦᠷᠴᠡ᠎ᠠᠴᠠ ᠵᠠᠯᠠᠭᠤᠴᠤᠳ᠎ᠤᠨ ᠠᠵᠢᠯ᠎ᠢ ᠲᠥᠯᠥᠪᠵᠢᠭᠦᠯᠵᠦ᠍᠂ ᠭᠤᠣᠯᠳᠠᠯᠭ᠎ᠠ᠎ᠲᠠᠢ ᠡᠭᠦᠷᠭᠡ᠎ᠳᠤ ᠰᠠᠭᠤᠷᠢᠯᠠᠵᠤ᠂ ᠠᠵᠢᠯ᠎ᠤᠨ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠬᠤ ᠭᠤᠷᠪᠠᠨ ᠲᠠᠯ᠎ᠠ᠎ᠪᠠᠷ ᠪᠣᠳᠠᠲᠠᠢ ᠪᠠᠢᠷᠢᠯᠠᠭᠤᠯᠤᠯᠲᠠ ᠬᠢᠬᠦ᠌ ᠬᠡᠷᠡᠭ᠌ᠳᠡᠢ᠃ ᠡᠯ᠎ᠡ ᠪᠦᠷᠢᠯᠳᠦᠬᠦᠨ ᠨᠢᠭᠡᠴᠢ ᠲᠤᠰ ᠲᠤᠰ᠎ᠤᠨ ᠠᠵᠢᠯ᠎ᠤᠨ ᠡᠭᠦᠷᠭᠡ ᠬᠠᠷᠢᠭᠤᠴᠠᠯᠭ᠎ᠠ᠎ᠪᠠᠨ ᠰᠠᠢᠲᠤᠷ ᠭᠦᠢᠴᠡᠳᠭᠡᠵᠦ᠍᠂ ᠵᠠᠯᠠᠭᠤᠴᠤᠳ᠎ᠤᠨ ᠠᠵᠢᠯ᠎ᠤᠨ ᠲᠠᠬᠢᠨ ᠱᠢᠨ᠎ᠡ ᠳᠡᠭ᠌ᠲᠡᠷ᠎ᠲᠤ ᠭᠠᠷᠬᠤ᠎ᠶ᠋ᠢ ᠠᠬᠢᠭᠤᠯᠬᠤ ᠬᠡᠷᠡᠭ᠌ᠲᠡᠢ ᠭᠡᠵᠦ᠍ ᠱᠠᠭᠠᠷᠳᠠᠪᠠ᠃
ᠪᠦᠬᠦ᠌ ᠬᠤᠳᠠ᠎ᠶ᠋ᠢᠨ 31 ᠵᠠᠯᠠᠭᠤᠴᠤᠳ᠎ᠤᠨ ᠬᠤᠯᠪᠤᠭ᠎ᠠ᠎ᠶ᠋ᠢᠨ ᠪᠦᠷᠢᠯᠳᠦᠬᠦᠨ ᠨᠢᠭᠡᠴᠢ᠎ᠶ᠋ᠢᠨ ᠬᠠᠷᠢᠭᠤᠴᠠᠯᠭᠠᠲᠠᠨ᠂ ᠡᠯ᠎ᠡ ᠬᠤᠱᠢᠭᠤ ᠱᠢᠶᠠᠨ᠎ᠤ ᠡᠪᠯᠡᠯ᠎ᠤᠨ ᠬᠤᠷᠢᠶ᠎ᠠ᠎ᠶ᠋ᠢᠨ ᠬᠠᠷᠢᠭᠤᠴᠠᠯᠭᠠᠲᠠᠨ ᠬᠤᠷᠠᠯ᠎ᠳᠤ ᠣᠷᠣᠯᠴᠠᠪᠠ᠃
2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄tn@mgyxw.net 蒙ICP备10000005号