ᠯᠢᠨ ᠱᠤᠤ ᠴᠦᠨ ᠪᠦᠬᠦ᠌ ᠣᠷᠣᠨ᠎ᠤ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠠᠵᠢᠯ᠎ᠢ ᠠᠬᠢᠭᠤᠯᠬᠤ ᠬᠤᠷᠠᠯ ᠳᠡᠭᠡᠷ᠎ᠡ ᠴᠢᠬᠤᠯᠠᠴᠢᠯᠠᠭ᠍ᠰᠠᠨ᠎ᠨᠢ᠄ ᠶᠡᠷᠦᠩᠬᠡᠶ ᠱᠦᠵᠢ ᠰᠢ᠎ᠶ᠋ᠢᠨ ᠫᠢᠩ᠎ᠤᠨ 《7 · 1》 ᠎ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠦ᠍ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠲᠠᠰᠤᠷᠠᠯᠲᠠ ᠥᠬᠡᠶ ᠭᠦᠨᠵᠡᠭᠡᠢᠷᠡᠨ ᠪᠣᠳᠠᠲᠠᠢᠵᠢᠬᠤ᠎ᠶ᠋ᠢ ᠠᠬᠢᠭᠤᠯᠬᠤ ᠬᠡᠷᠡᠭ᠌ᠲᠡᠢ
2021-07-16 12:01:55
ᠵᠣᠬᠢᠶᠠᠭ᠍ᠴᠢ᠄
ᠴᠧᠨ ᠴᠦᠨ ᠶᠠᠨ
ᠣᠩᠱᠢᠭ᠍ᠰᠠᠨ ᠣᠳᠠᠭ᠎ᠠ᠄
★★★☆☆

7 ᠰᠠᠷ᠎ᠠ᠎ᠶ᠋ᠢᠨ 14 ᠎ᠤ ᠡᠳᠦᠷ᠂ ᠪᠦᠬᠦ᠌ ᠣᠷᠣᠨ᠎ᠤ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠠᠵᠢᠯ᠎ᠢ ᠠᠬᠢᠭᠤᠯᠬᠤ ᠬᠤᠷᠠᠯ ᠬᠥᠬᠡᠬᠤᠲᠠ᠎ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠳᠡᠳ᠋ ᠱᠦᠵᠢ᠂ ᠤᠯᠤᠰ ᠲᠦᠷᠦ᠍ ᠬᠠᠤᠯᠢ ᠴᠠᠭᠠᠵᠠ᠎ᠶ᠋ᠢᠨ ᠬᠤᠷᠢᠶᠠᠨ᠎ᠤ  ᠱᠦᠵᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠨᠠᠮ ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠤᠳᠤᠷᠢᠳᠭᠤ ᠳᠤᠭᠤᠢᠯᠠᠩ᠎ᠤᠨ ᠳᠡᠳ᠋  ᠳᠠᠷᠤᠭ᠎ᠠ ᠯᠢᠨ ᠱᠤᠤ  ᠴᠦᠨ ᠶᠠᠷᠢᠶ᠎ᠠ ᠲᠠᠯᠪᠢᠵᠤ᠂ ᠶᠡᠷᠦᠩᠬᠡᠢ ᠱᠦᠵᠢ ᠰᠢ᠎ᠶ᠋ᠢᠨ ᠫᠢᠩ ᠎ᠤᠨ  《7 · 1》 ᠎ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠬᠤ᠎ᠶ᠋ᠢ ᠣᠳᠣᠬᠠᠨ᠎ᠤ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠭᠤᠣᠯ ᠠᠭᠤᠯᠭ᠎ᠠ᠂ ᠤᠨᠤᠯ᠎ᠢᠶᠠᠷ ᠵᠡᠪᠰᠡᠭ᠌ᠯᠡᠬᠦ᠌᠎ᠶ᠋ᠢᠨ ᠭᠤᠣᠯᠳᠠᠯᠭ᠎ᠠ᠎ᠶ᠋ᠢᠨ ᠳᠣᠲᠣᠷᠠᠬᠢ ᠭᠤᠣᠯᠳᠠᠯᠭ᠎ᠠ᠂ ᠣᠳᠣᠬᠠᠨ᠎ᠤ ᠪᠠ ᠬᠤᠢᠱᠢᠳᠠ᠎ᠶ᠋ᠢᠨ ᠨᠢᠭᠡ ᠬᠤᠭᠤᠴᠠᠭᠠᠨ᠎ᠤ ᠴᠢᠬᠤᠯᠠ ᠶᠡᠭᠡ ᠤᠯᠤᠰ ᠲᠦᠷᠦ᠎ᠶ᠋ᠢᠨ ᠡᠭᠦᠷᠭᠡ ᠪᠣᠯᠭᠠᠬᠤ ᠬᠡᠷᠡᠭ᠌ᠲᠡᠢ ᠬᠡᠵᠦ᠍ ᠴᠢᠬᠤᠯᠠᠴᠢᠯᠠᠪᠠ᠃

ᠯᠢᠨ ᠱᠤᠤ ᠴᠦᠨ ᠲᠦᠷᠦᠭᠦᠦ ᠨᠢᠭᠡ ᠬᠤᠭᠤᠴᠠᠭᠠᠨ᠎ᠤ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠣᠯᠤᠭ᠍ᠰᠠᠨ ᠠᠮᠵᠢᠯᠲᠠ ᠪᠦᠲᠦᠮᠵᠢ᠎ᠶ᠋ᠢ ᠭᠦᠢᠴᠡᠳ ᠨᠤᠲᠠᠯᠠᠵᠤ᠂ ᠣᠷᠣᠱᠢᠵᠤ ᠪᠠᠢᠭ᠎ᠠ ᠠᠰᠠᠭᠤᠳᠠᠯ᠎ᠢ ᠵᠢᠭᠠᠵᠤ ᠭᠠᠷᠭᠠᠪᠠ᠃ ᠯᠢᠨ ᠱᠤᠤ ᠴᠦᠨ᠂ ᠶᠡᠷᠦᠩᠬᠡᠢ ᠱᠦᠵᠢ ᠰᠢ᠎ᠶ᠋ᠢᠨ ᠫᠢᠩ᠎ᠤᠨ 《7 · 1》 ᠎ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ ᠠᠵᠢᠯ᠎ᠢ ᠨᠠᠷᠢᠨ ᠨᠢᠮᠪᠠᠢ ᠲᠤᠬᠢᠷᠠᠭᠤᠯᠤᠨ ᠵᠣᠬᠢᠶᠠᠨ ᠪᠠᠢᠭᠤᠯᠵᠤ᠂ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ ᠪᠣᠯᠤᠨ ᠤᠯᠠᠨ ᠲᠦᠮᠡᠨ᠎ᠢ ᠬᠥᠮᠦᠵᠢᠭᠦᠯᠦᠨ ᠵᠢᠯᠣᠭᠤᠳᠴᠤ᠌ ᠪᠠᠢᠭᠠᠳ ᠨᠠᠮ᠎ᠤᠨ ᠵᠠᠭᠤᠨ ᠵᠢᠯ᠎ᠤᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠪᠣᠯᠤᠨ ᠠᠭᠤᠤ ᠶᠡᠭᠡ ᠠᠮᠵᠢᠯᠲᠠ ᠳᠤᠮᠳᠠ᠎ᠠᠴᠠ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠬᠤ ᠦᠭᠡᠢ ᠪᠣᠯ ᠱᠢᠨ᠎ᠡ ᠳᠤᠮᠳᠠᠳᠤ ᠤᠯᠤᠰ ᠪᠠᠢᠵᠤ ᠴᠢᠳᠠᠬᠤ ᠦᠭᠡᠢ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠪᠠᠢᠵᠤ ᠴᠢᠳᠠᠬᠤ ᠦᠭᠡᠢ᠂ ᠭᠠᠭ᠍ᠴᠠ ᠬᠦ᠌ ᠨᠡᠢᠭᠡᠮ ᠵᠢᠷᠤᠮ ᠰᠠᠶᠢ ᠳᠤᠮᠳᠠᠳᠤ ᠤᠯᠤᠰ᠎ᠢ ᠠᠪᠤᠷᠠᠵᠤ ᠴᠢᠳᠠᠨ᠎ᠠ᠂ ᠭᠠᠭ᠍ᠴᠠ ᠬᠦ᠌ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ ᠰᠠᠶᠢ ᠳᠤᠮᠳᠠᠳᠤ ᠤᠯᠤᠰ᠎ᠢ ᠬᠥᠭ᠌ᠵᠢᠭᠦᠯᠵᠦ᠍ ᠴᠢᠳᠠᠨ᠎ᠠ ᠬᠡᠲᠡᠭ᠎ᠢ ᠬᠦᠨᠵᠡᠭᠡᠢ ᠲᠠᠨᠢᠭᠤᠯᠵᠦ᠍᠂ 《ᠲᠦᠷᠪᠡᠨ ᠤᠬᠠᠮᠰᠠᠷ》 ᠎ᠢᠶᠠᠨ ᠦᠨᠡᠨ ᠬᠦ᠌ ᠴᠢᠩᠭᠠᠳᠭᠠᠵᠤ᠂ 《ᠲᠦᠷᠪᠡᠨ ᠢᠲᠡᠭᠡᠯ》 ᠎ᠢᠶᠠᠨ ᠪᠠᠲᠤᠳᠭᠠᠨ᠂ 《ᠬᠤᠶᠠᠷ᠎ᠢ ᠬᠠᠮᠠᠭᠠᠯᠠᠬᠤ》 ᠎ᠶ᠋ᠢ ᠪᠡᠶᠡᠯᠡᠭᠦᠯᠬᠦ᠌ ᠬᠡᠷᠡᠭ᠌ᠲᠡᠢ; ᠠᠭᠤᠤ ᠶᠡᠭᠡ ᠨᠠᠮ ᠪᠠᠢᠭᠤᠯᠬᠤ ᠵᠣᠷᠢᠭ ᠰᠠᠨᠠᠭ᠎ᠠ᠂ 《ᠶᠢᠰᠦᠨ ᠡᠷᠬᠡᠪᠰᠢ》᠂ ᠠᠭᠤᠤ ᠶᠡᠭᠡ ᠤᠷᠢᠶᠠᠯᠠᠭ᠎ᠠ᠎ᠶ᠋ᠢᠨ ᠦᠢᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠭᠦᠨᠵᠡᠭᠡᠢ ᠣᠢᠯᠠᠭᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠱᠢᠨ᠎ᠡ ᠱᠢᠯᠭᠠᠯᠲᠠ᠎ᠳᠤ ᠤᠷᠤᠯᠴᠠᠬᠤ ᠵᠠᠮ ᠳᠡᠭᠡᠷ᠎ᠡ ᠲᠡᠦᠬᠡ ᠪᠣᠯᠤᠨ ᠠᠷᠠᠳ ᠲᠦᠮᠡᠨ᠎ᠳᠤ ᠱᠢᠯᠢᠳᠡᠭ ᠬᠠᠷᠢᠭᠤᠯᠲᠠ᠎ᠶ᠋ᠢᠨ ᠬᠠᠭᠤᠳᠠᠰᠤ ᠲᠤᠱᠢᠶᠠᠬᠤ᠎ᠪᠠᠷ ᠴᠢᠷᠮᠠᠢᠬᠤ ᠬᠡᠷᠡᠭ᠌ᠲᠡᠢ᠃ ᠶᠡᠷᠦᠩᠬᠡᠢ ᠱᠦᠵᠢ ᠰᠢ᠎ᠶ᠋ᠢᠨ ᠫᠢᠩ᠎ᠤᠨ ᠮᠠᠨ᠎ᠤ ᠣᠷᠣᠨ᠎ᠤ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠴᠢᠬᠤᠯᠠ ᠵᠢᠭᠠᠪᠤᠷᠢ᠎ᠶ᠋ᠢᠨ ᠱᠠᠭᠠᠷᠳᠠᠯᠭ᠎ᠠ᠎ᠶ᠋ᠢ ᠨᠠᠷᠢᠨ ᠬᠢᠨᠠᠮᠠᠭᠠᠢ ᠲᠤᠭᠤᠱᠢᠯᠠᠭᠤᠯᠵᠤ᠂ ᠨᠠᠮ ᠪᠠᠢᠭᠤᠯᠤᠭ᠍ᠳᠠᠭ᠍ᠰᠠᠨ ᠡᠬᠢᠨ᠎ᠤ ᠦᠶ᠎ᠡ᠎ᠳᠤ ᠮᠣᠩᠭᠤᠯ ᠦᠨᠳᠦᠰᠦᠲᠡᠨ᠎ᠤ ᠤᠯᠠᠨ ᠲᠦᠮᠡᠨ᠎ᠤ ᠳᠤᠮᠳᠠ ᠮᠠᠷᠺᠰ᠎ᠤᠨ ᠦᠵᠡᠯ᠎ᠢ ᠤᠯᠠᠮᠵᠢᠯᠠᠵᠤ᠂ ᠡᠪ ᠬᠠᠮᠲᠤ ᠶᠣᠰᠣᠨ᠎ᠤ ᠲᠡᠷᠢᠭᠦᠨ᠎ᠤ ᠬᠥᠮᠦᠰ᠎ᠢ ᠬᠥᠮᠦᠵᠢᠭᠦᠯᠵᠦ᠍᠂ ᠤᠯᠠᠭᠠᠨᠬᠦᠦ ᠨᠥᠬᠦᠷ᠎ᠢ ᠪᠠᠭ᠍ᠲᠠᠭᠠᠭ᠍ᠰᠠᠨ ᠠᠩᠬᠠᠳᠠᠭ᠍ᠴᠢ ᠪᠦᠯᠦᠭ ᠡᠪ ᠬᠠᠮᠲᠤᠴᠤᠳ᠎ᠢ ᠬᠥᠮᠦᠵᠢᠭᠦᠯᠦᠨ᠂ ᠨᠠᠮ᠎ᠠᠴᠠ ᠮᠠᠷᠺᠰ᠎ᠤᠨ ᠦᠵᠡᠯ᠎ᠢ ᠠᠱᠢᠬ᠍ᠯᠠᠨ ᠤᠯᠤᠰ᠎ᠤᠨ ᠳᠣᠲᠣᠭᠠᠳᠤ᠎ᠶ᠋ᠢᠨ ᠦᠨᠳᠦᠰᠦᠲᠡᠨ᠎ᠤ ᠠᠰᠠᠭᠤᠳᠠᠯ᠎ᠢ ᠠᠮᠵᠢᠯᠲᠠ᠎ᠲᠠᠢ᠎ᠪᠠᠷ ᠱᠢᠢᠳᠪᠦᠷᠢᠯᠡᠵᠦ᠍᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠢ ᠪᠠᠢᠭᠤᠯᠤᠭ᠍ᠰᠠᠨ ᠵᠢᠴᠢ 《ᠰᠡᠳᠭᠢᠯ ᠨᠢᠭᠡᠳᠦᠨ ᠬᠦᠴᠦ᠎ᠪᠠᠨ ᠬᠠᠮᠳᠤᠳᠭᠠᠵᠤ ᠪᠤᠭᠤᠳᠤ᠎ᠶ᠋ᠢᠨ ᠪᠤᠯᠤᠳ ᠲᠡᠮᠤᠷ᠎ᠤᠨ ᠤᠢ᠍ᠢᠯᠡᠳᠪᠤᠷᠢ᠎ᠶ᠋ᠢ ᠪᠠᠢᠭᠤᠯᠤᠭ᠍ᠰᠠᠨ》᠂ 《ᠭᠤᠷᠪᠠᠨ ᠮᠢᠩᠭᠠᠨ ᠦᠨᠤᠴᠢᠨ ᠬᠡᠤᠬᠡᠳ᠎ᠢ ᠦᠷᠡᠴᠢᠯᠡᠨ ᠳᠡᠵᠢᠭᠡᠭ᠌ᠰᠡᠨ》 ᠵᠡᠷᠬᠡ ᠳᠡᠷᠭᠡᠳᠡᠬᠢ ᠬᠤᠪᠢᠰᠭᠠᠯ᠎ᠤᠨ ᠬᠥᠮᠦᠵᠢᠯ᠎ᠤᠨ ᠡᠬᠢ ᠪᠠᠶᠠᠯᠢᠭ᠎ᠢ ᠪᠦᠲᠦᠮᠵᠢᠲᠡᠢ ᠠᠭᠤᠳᠠᠯᠤᠨ ᠠᠱᠢᠬ᠍ᠯᠠᠬᠤ ᠬᠡᠷᠡᠭ᠌ᠲᠡᠢ᠃ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠤᠬᠠᠭᠤᠯᠭ᠎ᠠ ᠬᠥᠮᠦᠵᠢᠯ᠎ᠢ ᠦᠷᠭᠦᠯᠵᠢᠯᠡᠨ ᠭᠦᠨᠵᠡᠭᠡᠢᠷᠡᠭᠦᠯᠵᠦ᠍᠂ ᠳᠤᠮᠳᠠᠳᠤ ᠤᠯᠤᠰ᠎ᠤᠨ ᠣᠨᠴᠠᠯᠢᠭ᠎ᠲᠠᠢ ᠦᠨᠳᠦᠰᠦᠲᠡᠨ᠎ᠤ ᠠᠰᠠᠭᠤᠳᠠᠯ᠎ᠢ ᠱᠢᠢᠳᠪᠦᠷᠢᠯᠡᠬᠦ᠌ ᠵᠥᠪ ᠵᠠᠮ᠎ᠢᠶᠠᠷ ᠵᠠᠮᠨᠠᠬᠤ᠎ᠶ᠋ᠢ ᠪᠠᠷᠢᠮᠲᠠᠯᠠᠬᠤ᠂ ᠦᠨᠳᠦᠰᠦᠲᠡᠨ᠎ᠨᠦᠭᠦᠳ᠎ᠤᠨ ᠶᠡᠭᠡ ᠪᠦᠯᠬᠦᠮᠳᠡᠯ᠎ᠢ ᠬᠠᠮᠠᠭᠠᠯᠠᠬᠤ᠂ 《ᠲᠠᠪᠤᠨ ᠬᠠᠮᠲᠦ᠎ᠶ᠋ᠢᠨ ᠲᠠᠨᠢᠯᠲᠠ》 ᠎ᠪᠠᠨ ᠴᠢᠩᠭᠠᠳᠭᠠᠬᠤ ᠵᠡᠷᠭᠡ ᠴᠢᠬᠤᠯᠠ ᠶᠡᠭᠡ ᠠᠰᠠᠭᠤᠳᠠᠯ᠎ᠤᠨ ᠲᠠᠯ᠎ᠠ᠎ᠪᠠᠷ ᠦᠵᠡᠯ ᠰᠠᠨᠠᠭ᠎ᠠ ᠦᠵᠡᠯᠳᠡ ᠲᠠᠨᠢᠯᠲᠠ ᠪᠠ ᠠᠵᠢᠯ᠎ᠤᠨ ᠲᠦᠪᠱᠢᠨ᠎ᠢᠶᠠᠨ ᠲᠠᠰᠤᠷᠠᠯᠲᠠ ᠦᠭᠡᠢ ᠳᠡᠭᠡᠭ᠌ᠰᠢᠯᠡᠭᠦᠯᠬᠦ᠌ ᠬᠡᠷᠡᠭ᠌ᠲᠡᠢ ᠭᠡᠵᠦ᠍ ᠱᠠᠭᠠᠷᠳᠠᠪᠠ᠃

ᠯᠢᠨ ᠱᠤᠤ ᠴᠦᠨ᠂ ᠲᠥᠪ᠎ᠤᠨ ᠨᠢᠭᠡᠳᠦᠭᠡᠷ ᠵᠢᠯᠣᠭᠤᠳᠭᠤ ᠳᠤᠭᠤᠢᠯᠠᠩ᠎ᠤᠨ ᠱᠠᠯᠠᠪᠳᠠᠭᠤᠯᠤᠨ ᠵᠢᠯᠣᠭᠤᠳᠴᠤ᠌ ᠬᠠᠷᠢᠭᠤ ᠲᠤᠰᠭᠠᠭ᠍ᠰᠠᠨ ᠰᠠᠨᠠᠯ᠎ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ ᠱᠢᠶᠠᠨ ᠭᠠᠵᠠᠷ᠎ᠤᠨ ᠲᠠᠰ᠎ᠠᠴᠠ ᠳᠡᠭᠡᠭ᠌ᠰᠢᠬᠢ ᠤᠳᠤᠷᠢᠳᠭᠤ ᠺᠠᠳ᠋ᠷ᠎ᠤᠨ ᠣᠭ ᠪᠦᠲᠦᠭᠡᠯ᠎ᠢ ᠤᠩᠱᠢᠬᠤ᠂ ᠣᠭ ᠵᠣᠬᠢᠶᠠᠯ᠎ᠢ ᠰᠤᠷᠤᠯᠴᠠᠬᠤ᠂ ᠣᠭ ᠶᠣᠰᠣ᠎ᠶ᠋ᠢ ᠣᠢᠯᠠᠭᠠᠬᠤ᠎ᠶ᠋ᠢ ᠬᠦᠴᠦᠯᠡᠨ ᠠᠬᠢᠭᠤᠯᠵᠤ᠂ ᠲᠥᠷᠥᠯ ᠬᠤᠪᠢᠶᠠᠨ ᠵᠢᠯᠣᠭᠤᠳᠭᠤ᠎ᠪᠠᠨ ᠦᠨᠡᠨ ᠬᠦ᠌ ᠴᠢᠩᠭᠠᠳᠭᠠᠵᠤ᠂ ᠣᠯᠠᠨ ᠲᠦᠮᠡᠨ᠎ᠤ ᠪᠠᠴᠢᠮᠲᠠᠵᠦ᠍ ᠬᠦᠴᠢᠷᠲᠡᠵᠦ᠍ ᠵᠣᠪᠠᠨᠢᠵᠦ᠍ ᠬᠦᠰᠡᠵᠦ᠍ ᠪᠠᠢᠭ᠎ᠠ ᠠᠰᠠᠭᠤᠳᠠᠯ᠎ᠤᠨ ᠲᠣᠭᠤᠷᠢᠨ᠎ᠳᠤ 《ᠪᠢ ᠣᠯᠠᠨ ᠲᠦᠮᠡᠨ᠎ᠳᠤ ᠪᠤᠲᠠᠲᠤ ᠶᠠᠪᠤᠲᠠᠯ ᠬᠢᠵᠦ᠍ ᠦᠭ᠌ᠬᠦ》 ᠦᠢᠯᠡᠳᠦᠯᠭᠡ᠎ᠶ᠋ᠢᠨ ᠠᠵᠢᠯᠯᠠᠭ᠎ᠠ᠎ᠶ᠋ᠢ ᠯᠠᠪᠳᠠᠭᠤᠨ ᠪᠠᠲᠤᠲᠠᠶ ᠥᠷᠨᠢᠭᠦᠯᠵᠦ᠍᠂ ᠨᠡᠢᠲᠡᠯᠢᠭ ᠲᠤᠷᠱᠢᠯᠭ᠎ᠠ᠎ᠶ᠋ᠢ ᠴᠠᠭ ᠲᠤᠬᠠᠶ᠎ᠳᠤᠨᠢ ᠳ᠋ᠦᠩᠨᠡᠵᠦ᠍᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠲᠠᠰᠤᠷᠠᠯᠲᠠ ᠥᠬᠡᠶ ᠭᠦᠨᠵᠡᠭᠡᠢᠷᠡᠭᠦᠯᠦᠨ ᠠᠬᠢᠭᠤᠯᠬᠤ ᠬᠡᠷᠡᠭ᠌ᠲᠡᠶ ᠬᠡᠵᠦ᠍ ᠴᠢᠬᠤᠯᠠᠴᠢᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号