ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠤ ᠱᠢᠰᠲ᠋ᠧᠮ᠎ᠤᠨ ᠳᠤᠮᠳᠠᠳᠤ ᠤᠯᠤᠰ ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ ᠎ᠤᠨ ᠣᠶ ᠎ᠶ᠋ᠢ ᠪᠡᠯᠭᠡᠯᠡᠬᠦ᠌ ᠨᠠᠮ᠎ᠤᠨ ᠪᠠᠢᠭᠤᠯᠤᠯᠲᠠ᠎ᠶ᠋ᠢᠨ ᠣᠨᠣᠯ᠎ᠤᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠵᠡᠢ
2021-07-16 11:51:13
ᠵᠣᠬᠢᠶᠠᠭ᠍ᠴᠢ᠄
ᠰᠠᠴᠤᠷᠠᠯ
ᠣᠩᠱᠢᠭ᠍ᠰᠠᠨ ᠣᠳᠠᠭ᠎ᠠ᠄
★★★☆☆

7 ᠰᠠᠷ᠎ᠠ᠎ᠶ᠋ᠢᠨ 15 ᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠤ ᠱᠢᠰᠲ᠋ᠧᠮ᠎ᠤᠨ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠣᠶ᠎ᠶ᠋ᠢ ᠪᠡᠯᠭᠡᠯᠡᠬᠦ᠌ ᠨᠠᠮ᠎ᠤᠨ ᠪᠠᠢᠭᠤᠯᠤᠯᠲᠠ᠎ᠶ᠋ᠢᠨ ᠣᠨᠣᠯ᠎ᠤᠨ ᠰᠤᠳᠤᠯᠤᠨ ᠶᠠᠷᠢᠯᠴᠠᠬᠤ ᠬᠤᠷᠠᠯ ᠬᠥᠬᠡᠬᠤᠲᠠ᠎ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠡᠷᠢᠭᠦᠯᠡᠭ᠌ᠴᠢ ᠯᠢ ᠱᠢᠤ ᠯᠢᠩ ᠬᠤᠷᠠᠯ᠎ᠳᠤ ᠣᠷᠣᠯᠴᠠᠭ᠍ᠰᠠᠨ ᠪᠥᠭᠡᠳ ᠶᠠᠷᠢᠶ᠎ᠠ ᠲᠠᠯᠪᠢᠵᠠᠶ᠃

ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠳᠡᠳ᠋ ᠱᠦᠵᠢ᠂ ᠳᠡᠳ᠋ ᠲᠡᠷᠢᠭᠦᠯᠡᠭ᠌ᠴᠢ ᠯᠦᠸᠧ ᡁᠢ ᠬᠤ᠌ ᠬᠤᠷᠠᠯ᠎ᠢ ᠡᠷᠭᠢᠯᠡᠵᠦ᠍᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠤ ᠳᠡᠳ᠋ ᠲᠡᠷᠢᠭᠦᠯᠡᠭ᠌ᠴᠢ ᠮᠠ ᠱᠢᠤᠸᠠᠢ ᠵᠢᠶᠦ᠋ᠨ᠂ ᠵᠠᠩ ᠬᠤᠸᠠ᠂ ᠴᠡᠴᠡᠭ᠂ ᠥᠪᠥᠷ ᠮᠣᠩᠭᠤᠯ᠎ᠤᠨ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠣᠨᠣᠯ᠎ᠤᠨ ᠰᠤᠳᠤᠯᠭᠠᠨ᠎ᠤ ᠨᠠᠢᠭᠡᠮᠯᠢᠭ᠎ᠤᠨ ᠪᠠᠢᠩᠭᠤ᠎ᠶ᠋ᠢᠨ ᠳᠡᠳ᠋ ᠳᠠᠷᠤᠭ᠎ᠠ ᠸᠠᠩ ᠬᠤᠸᠠᠨ ᠴᠧᠩ ᠪᠣᠯᠤᠨ ᠦᠪᠡᠷᠳᠡᠭᠡᠨ ᠵᠠᠰᠠᠬᠤ ᠤᠷᠤᠨ᠎ᠤ ᠤᠯᠤᠰ ᠲᠥᠷᠥ᠎ᠶ᠋ᠢᠨ ᠵᠥᠪᠯᠡᠯᠭᠡᠨ᠎ᠤ ᠨᠠᠷᠢᠨ ᠪᠢᠴᠢᠭ᠎ᠤᠨ ᠳᠠᠷᠤᠭ᠎ᠠ ᠳ᠋ᠢ ᠷᠦᠢ ᠮᠢᠩ ᠬᠤᠷᠠᠯ᠎ᠳᠤ ᠣᠷᠣᠯᠴᠠᠵᠠᠶ᠃

ᠯᠢ ᠱᠢᠤ ᠯᠢᠩ᠂ ᠶᠡᠷᠦᠩᠬᠡᠢ ᠱᠦᠵᠢ ᠰᠢ᠎ᠶ᠋ᠢᠨ ᠫᠢᠩ᠎ᠤᠨ 《7 · 1》 ᠎ᠤ ᠴᠢᠬᠤᠯᠠ ᠶᠠᠷᠢᠶ᠎ᠠ ᠪᠣᠯ ᠮᠠᠨ᠎ᠤ ᠨᠠᠮ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠲᠡᠦᠬᠡ᠎ᠪᠠᠷ ᠲᠤᠯᠢ ᠪᠣᠯᠭᠠᠬᠤ᠂ ᠢᠷᠡᠭᠡᠳᠦᠢ᠎ᠶ᠋ᠢ ᠨᠡᠭᠡᠭᠡᠨ ᠡᠬᠦᠳᠬᠦ᠂ ᠨᠡᠩ ᠶᠡᠭᠡ ᠢᠷᠠᠭᠤ ᠠᠯᠳᠠᠷ᠎ᠢ ᠲᠡᠮᠡᠴᠡᠨ ᠤᠯᠬᠤ ᠠᠵᠢᠯᠯᠠᠭᠠᠨ᠎ᠤ ᠵᠦᠭ᠌ᠯᠡᠭᠦᠷ ᠮᠥᠨ᠂ ᠪᠠᠰᠠ ᠴᠤ᠌ ᠱᠢᠨ᠎ᠡ ᠴᠠᠭ ᠦᠶ᠎ᠡ᠎ᠶ᠋ᠢᠨ ᠤᠯᠤᠰ ᠲᠦᠷᠦ᠎ᠶ᠋ᠢᠨ ᠵᠥᠪᠯᠡᠯᠭᠡᠨ᠎ᠤ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠦᠨᠳᠦᠰᠦᠨ ᠵᠢᠷᠤᠮᠯᠠᠯ ᠮᠥᠨ᠃ 

ᠡᠯ᠎ᠡ ᠱᠠᠲᠤᠨ᠎ᠤ ᠤᠯᠤᠰ ᠲᠦᠷᠦ᠎ᠶ᠋ᠢᠨ ᠵᠥᠪᠯᠡᠯᠭᠡᠨ᠎ᠤ ᠨᠠᠮ᠎ᠤᠨ ᠵᠣᠬᠢᠶᠠᠨ ᠪᠠᠢᠭᠤᠯᠤᠯᠲᠠ 《ᠲᠦᠷᠪᠡᠨ ᠤᠬᠠᠮᠰᠠᠷ》 ᠎ᠢᠶᠠᠨ ᠴᠢᠩᠭᠠᠳᠭᠠᠵᠤ᠂ 《ᠲᠦᠷᠪᠡᠨ ᠢᠲᠡᠭᠡᠯ》 ᠎ᠢᠶᠠᠨ ᠪᠠᠲᠤᠳᠭᠠᠵᠤ᠂ 《ᠬᠤᠶᠠᠷ᠎ᠢ ᠬᠠᠮᠠᠭᠠᠯᠠᠬᠤ》 ᠎ᠶ᠋ᠢ ᠪᠡᠶᠡᠯᠡᠭᠦᠯᠵᠦ᠍᠂ 《ᠤᠯᠤᠰ᠎ᠤᠨ ᠶᠡᠭᠡ ᠶᠠᠪᠤᠳᠠᠯ》 ᠎ᠢ ᠪᠠᠲᠤ ᠴᠡᠭᠡᠵᠢᠯᠡᠵᠦ᠍᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ᠎ᠪᠠᠨ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠲᠠᠢ ᠨᠢᠭᠡᠳᠭᠡᠵᠦ᠍᠂ ᠤᠯᠤᠰ ᠲᠦᠷᠦ᠎ᠶ᠋ᠢᠨ ᠵᠥᠪᠯᠡᠯᠭᠡᠨ᠎ᠤ ᠨᠠᠮ᠎ᠤᠨ ᠪᠠᠢᠭᠤᠯᠤᠯᠲᠠ᠎ᠶ᠋ᠢᠨ ᠠᠵᠢᠯ᠎ᠢ ᠰᠠᠢᠲᠤᠷ ᠬᠢᠬᠦ᠌ ᠬᠠᠷᠢᠭᠤᠴᠠᠯᠭᠠᠲᠤ ᠰᠡᠳᠭᠢᠯᠭᠡ ᠪᠣᠯᠤᠨ ᠡᠭᠦᠷᠭᠡ ᠲᠤᠱᠢᠶᠠᠯᠲᠦ ᠰᠡᠳᠭᠢᠯᠭᠡ᠎ᠪᠠᠨ ᠴᠢᠨᠠᠭ᠍ᠰᠢᠳᠠ ᠴᠢᠩᠭᠠᠳᠭᠠᠬᠤ ᠬᠡᠷᠡᠭ᠌ᠲᠡᠢ ᠭᠡᠵᠦ᠍ ᠵᠢᠭᠠᠵᠦ᠍ ᠭᠠᠷᠭᠠᠪᠠ᠃

ᠯᠢ ᠱᠢᠤ ᠯᠢᠩ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠦᠷᠭᠦᠯᠵᠢᠯᠡᠨ ᠭᠦᠨᠵᠡᠭᠡᠢᠷᠡᠭᠦᠯᠵᠦ᠍᠂ ᠨᠠᠮ᠎ᠤᠨ ᠵᠠᠭᠤᠨ ᠵᠢᠯ᠎ᠤᠨ ᠲᠡᠦᠬᠡ᠎ᠠᠴᠠ ᠨᠠᠮ᠎ᠤᠨ ᠪᠠᠢᠭᠤᠯᠤᠯᠲᠠ᠎ᠶ᠋ᠢᠨ ᠲᠤᠷᠱᠢᠯᠭ᠎ᠠ᠎ᠶ᠋ᠢ ᠱᠢᠩᠭᠡᠭᠡᠨ ᠠᠪᠴᠤ᠌᠂ ᠨᠠᠮ᠎ᠤᠨ ᠪᠠᠲᠤ ᠴᠢᠩᠭ᠎ᠠ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠤᠯᠤᠰ ᠲᠦᠷᠦ᠎ᠶ᠋ᠢᠨ ᠵᠥᠪᠯᠡᠯᠭᠡᠨ᠎ᠤ ᠨᠠᠮ᠎ᠤᠨ ᠪᠠᠢᠭᠤᠯᠤᠯᠲᠠ᠎ᠶ᠋ᠢᠨ ᠣᠨᠴᠠᠯᠢᠭ᠎ᠢ ᠡᠵᠡᠮᠳᠡᠨ᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠂ ᠦᠢᠯᠡᠳᠦᠯᠭᠡ᠎ᠪᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠤᠯᠤᠰ ᠲᠦᠷᠦ᠎ᠶ᠋ᠢᠨ ᠵᠥᠪᠯᠡᠯᠭᠡᠨ᠎ᠤ ᠨᠠᠮ᠎ᠤᠨ ᠪᠠᠢᠭᠤᠯᠤᠯᠲᠠ᠎ᠶ᠋ᠢᠨ ᠤᠨᠤᠯ᠎ᠤᠨ ᠰᠤᠳᠤᠯᠭᠠᠨ᠎ᠢᠶᠠᠷ ᠤᠯᠤᠰ ᠲᠦᠷᠦ᠎ᠶ᠋ᠢᠨ ᠵᠥᠪᠯᠡᠯᠭᠡᠨ᠎ᠤ ᠨᠠᠮ᠎ᠤᠨ ᠪᠠᠢᠭᠤᠯᠤᠯᠲᠠ᠎ᠶ᠋ᠢᠨ ᠦᠢᠯᠡᠳᠦᠯᠭᠡ᠎ᠶ᠋ᠢᠨ ᠬᠥᠭ᠌ᠵᠢᠯᠲᠡ᠎ᠶ᠋ᠢ ᠠᠬᠢᠭᠤᠯᠬᠤ  ᠬᠡᠷᠡᠭ᠌ᠲᠡᠢ  ᠭᠡᠵᠦ᠍ ᠵᠢᠭᠠᠵᠦ᠍ ᠭᠠᠷᠭᠠᠪᠠ᠃

ᠠᠢᠮᠠᠭ ᠬᠤᠲᠠ᠂ ᠬᠤᠱᠢᠭᠤ ᠱᠢᠶᠠᠨ ᠎ᠤ  ᠤᠯᠤᠰ  ᠲᠥᠷᠥ᠎ᠶ᠋ᠢᠨ ᠵᠥᠪᠯᠡᠯᠭᠡᠨ᠎ᠤ ᠬᠤᠯᠪᠣᠭ᠍ᠳᠠᠯ ᠪᠥᠬᠦᠶ ᠬᠠᠷᠢᠭᠤᠴᠠᠯᠭᠠᠲᠠᠨ ᠨᠥᠬᠦᠳ ᠪᠣᠯᠤᠨ ᠣᠨᠣᠯ᠎ᠤᠨ ᠰᠤᠳᠤᠯᠭᠠᠨ᠎ᠤ ᠨᠡᠢᠭᠡᠮᠯᠢᠭ᠎ᠤᠨ ᠬᠠᠮᠢᠶ᠎ᠠ ᠪᠥᠬᠦᠶ ᠬᠥᠮᠦᠰ ᠬᠤᠷᠠᠯ᠎ᠳᠤ ᠣᠷᠣᠯᠴᠠᠭ᠍ᠰᠠᠨ ᠪᠥᠭᠡᠳ ᠰᠠᠨᠠᠯ᠎ᠢᠶᠠᠨ ᠰᠣᠯᠢᠯᠴᠠᠬᠤ  ᠦᠭᠡ  ᠬᠡᠯᠡᠵᠡᠶ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号