ᠱᠢᠨ᠎ᠡ ᠠᠶᠠᠨ᠎ᠳᠤ ᠡᠷᠬᠡᠪᠰᠢ ᠨᠠᠮ᠎ᠤᠨ ᠪᠠᠢᠭᠤᠯᠤᠯᠲᠠ᠎ᠶ᠋ᠢᠨ ᠱᠢᠨ᠎ᠡ ᠠᠭᠤᠤ ᠶᠡᠭᠡ ᠢᠨᠵᠧᠨᠧᠷᠢᠩ᠎ᠢ ᠲᠠᠰᠤᠷᠠᠯᠳᠠ ᠦᠭᠡᠢ ᠠᠬᠢᠭᠤᠯᠬᠤ ᠬᠡᠷᠡᠭ᠌ᠲᠡᠢ — ᠶᠡᠷᠦᠩᠬᠡᠢ ᠱᠦᠵᠢ ᠰᠢ᠎ᠶ᠋ᠢᠨ ᠫᠢᠩ᠎ᠤᠨ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠡᠯᠭᠡᠯᠡᠬᠦ᠌ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ᠎ᠶ᠋ᠢ ᠰᠤᠷᠤᠯᠴᠠᠨ ᠲᠤᠭᠤᠱᠢᠯᠠᠭᠤᠯᠬᠤ ᠲᠤᠬᠠᠢ ᠥᠭᠦᠯᠡᠬᠦ᠌᠎ᠨᠢ
2021-07-16 08:55:51
ᠵᠣᠬᠢᠶᠠᠭ᠍ᠴᠢ᠄
ᠠᠷᠠᠳ᠎ᠤᠨ ᠡᠳᠦᠷ᠎ᠤᠨ ᠰᠣᠨᠢᠨ᠎ᠤ ᠱᠢᠭᠦᠮᠵᠢᠯᠡᠭ᠌ᠴᠢ
ᠣᠩᠱᠢᠭ᠍ᠰᠠᠨ ᠣᠳᠠᠭ᠎ᠠ᠄
★★★☆☆

《ᠵᠣᠷᠢᠭ᠍ᠲᠠᠢ᠎ᠪᠠᠷ ᠥᠪᠡᠷ᠎ᠤᠨ ᠪᠡᠶ᠎ᠡ᠎ᠳᠡᠭᠡᠨ ᠬᠤᠪᠢᠰᠭᠠᠯ ᠬᠢᠬᠦ᠌ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠤᠰᠤᠳ ᠲᠦᠷᠦ᠎ᠶ᠋ᠢᠨ ᠨᠠᠮ᠎ᠠᠴᠠ ᠢᠯᠭᠠᠭ᠍ᠳᠠᠬᠤ ᠢᠯᠡᠷᠬᠡᠢ ᠪᠡᠯᠭᠡ ᠲᠡᠮᠳᠡᠭ ᠮᠥᠨ》᠃ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠡᠯᠭᠡᠯᠡᠬᠦ᠌ ᠶᠡᠭᠡ ᠬᠤᠷᠠᠯ ᠳᠡᠭᠡᠷ᠎ᠡ᠂ ᠶᠡᠷᠦᠩᠬᠡᠢ ᠱᠦᠵᠢ ᠰᠢ᠎ᠶ᠋ᠢᠨ ᠫᠢᠩ 《ᠵᠠᠭᠤᠨ ᠵᠢᠯ᠎ᠤᠨ ᠡᠮᠦᠨ᠎ᠡ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠬᠤ ᠦᠶ᠎ᠡ᠎ᠳᠤ 50 ᠭᠠᠷᠦ᠋ᠢᠬᠠᠨ ᠨᠠᠮ᠎ᠤᠨ ᠭᠡᠱᠢᠭᠦᠨ᠎ᠲᠠᠢ ᠪᠠᠢᠪᠠ᠂ ᠥᠨᠥᠳᠦᠷ ᠨᠢᠭᠡᠨᠲᠡ 9500 ᠭᠠᠷᠤᠢ ᠲᠦᠮᠡᠨ ᠨᠠᠮ᠎ᠤᠨ ᠭᠡᠱᠢᠭᠦᠨ᠎ᠲᠠᠢ᠂ 14 ᠳ᠋ᠦᠩᠱᠢᠭᠤᠷ ᠭᠠᠷᠤᠢ ᠬᠥᠮᠦᠨ ᠠᠮᠠ᠎ᠲᠠᠢ ᠲᠤᠮᠤ ᠤᠯᠤᠰ᠎ᠢ ᠤᠳᠤᠷᠢᠳᠤᠭ᠍ᠰᠠᠨ᠂ ᠪᠦᠬᠦ᠌ ᠳᠡᠯᠡᠬᠡᠢ᠎ᠶ᠋ᠢᠨ ᠴᠢᠬᠤᠯᠠ ᠶᠡᠭᠡ ᠨᠥᠯᠥᠭᠡᠯᠡᠬᠦ᠌ ᠬᠦᠴᠦᠨ᠎ᠲᠠᠢ ᠳᠡᠯᠡᠬᠡᠢ᠎ᠶ᠋ᠢᠨ ᠨᠢᠭᠡᠳᠦᠭᠡᠷ ᠲᠤᠮᠤ ᠲᠦᠷᠦ᠍ ᠪᠠᠷᠢᠭ᠍ᠴᠢ ᠨᠠᠮ ᠪᠣᠯᠵᠠᠢ》 ᠭᠡᠵᠦ᠍ ᠵᠢᠭᠠᠵᠤ ᠭᠠᠷᠭᠠᠵᠤ᠂ 《ᠲᠡᠦᠬᠡ᠎ᠪᠠᠷ ᠲᠤᠯᠢ ᠪᠣᠯᠭᠠᠵᠤ᠂ ᠢᠷᠡᠭᠡᠳᠦᠢ᠎ᠶ᠋ᠢ ᠨᠡᠭᠡᠭᠡᠬᠦ᠌᠎ᠳᠤ ᠡᠷᠬᠡᠪᠰᠢ ᠨᠠᠮ᠎ᠤᠨ ᠪᠠᠢᠭᠤᠯᠤᠯᠲᠠ᠎ᠶ᠋ᠢᠨ ᠱᠢᠨ᠎ᠡ ᠠᠭᠤᠤ ᠶᠡᠭᠡ ᠢᠨᠵᠧᠨᠧᠷᠢᠩ᠎ᠢ ᠲᠠᠰᠤᠷᠠᠯᠳᠠ ᠦᠭᠡᠢ ᠠᠬᠢᠭᠤᠯᠬᠤ ᠬᠡᠷᠡᠭ᠌ᠲᠡᠢ》 ᠭᠡᠵᠦ᠍ ᠴᠢᠬᠤᠯᠠᠴᠢᠯᠠᠪᠠ᠃

ᠵᠣᠷᠢᠭ᠍ᠲᠠᠢ᠎ᠪᠠᠷ ᠥᠪᠡᠷ᠎ᠤᠨ ᠪᠡᠶ᠎ᠡ᠎ᠳᠡᠭᠡᠨ ᠬᠤᠪᠢᠰᠭᠠᠯ ᠬᠢᠵᠦ᠍᠂ ᠨᠠᠮ᠎ᠢ ᠴᠢᠩᠭ᠎ᠠ ᠬᠠᠮᠢᠶᠠᠷᠴᠤ᠌ ᠴᠢᠩᠭ᠎ᠠ ᠵᠠᠰᠠᠬᠤ ᠪᠣᠯ ᠮᠠᠨ᠎ᠤ ᠨᠠᠮ᠎ᠤᠨ ᠬᠠᠮᠤᠭ᠎ᠤᠨ ᠢᠯᠡ ᠲᠣᠳᠣ ᠬᠡᠪ ᠰᠤᠷᠲᠠᠯ ᠪᠣᠯᠤᠨ᠎ᠠ᠃ ᠵᠠᠭᠤᠨ ᠵᠢᠯ᠎ᠤᠨ ᠴᠠᠰᠦ ᠱᠢᠭᠤᠷᠭ᠎ᠠ᠂ ᠵᠠᠭᠤᠨ ᠵᠢᠯ᠎ᠤᠨ ᠰᠠᠯᠬᠢ ᠳᠠᠪᠠᠯᠭᠠᠨ᠂ ᠮᠠᠨ᠎ᠤ ᠨᠠᠮ ᠬᠠᠯᠠ ᠵᠣᠪᠠᠯᠠᠩ᠎ᠢ ᠬᠠᠱᠢᠷᠠᠲᠠᠯ᠎ᠠ ᠠᠮᠰᠠᠭ᠍ᠰᠠᠨ ᠴᠤ᠌ ᠦᠶ᠎ᠡ ᠤᠯᠠᠷᠢᠨ ᠣᠷᠣᠱᠢᠨ ᠲᠣᠭ᠍ᠲᠠᠨᠢᠵᠤ᠂ ᠴᠤᠭ ᠵᠢᠪᠬᠤᠭ᠎ᠠ ᠪᠠᠳᠠᠷᠠᠵᠤ᠂ ᠬᠦᠴᠢᠷ ᠪᠡᠷᠬᠡᠱᠢᠶᠡᠯ᠎ᠢ ᠨᠢᠭᠡᠳ ᠨᠢᠭᠡ᠎ᠪᠠᠷ ᠢᠯᠠᠨ ᠳᠠᠪᠠᠵᠤ᠂ ᠲᠠᠰᠤᠷᠠᠯᠲᠠ ᠦᠭᠡᠢ ᠢᠯᠠᠯᠲᠠ ᠣᠯᠤᠭ᠍ᠰᠠᠨ᠎ᠤ ᠵᠠᠩᠭᠢᠯᠠᠭ᠎ᠠ᠎ᠨᠢ ᠨᠠᠮ᠎ᠨᠢ ᠨᠠᠮ᠎ᠢ ᠬᠠᠮᠢᠶᠠᠷᠴᠤ᠌᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠢᠮᠠᠭ᠍ᠲᠠ ᠰᠤᠯᠠᠷᠠᠭᠤᠯᠤᠯ ᠦᠭᠡᠢ ᠪᠠᠷᠢᠮᠲᠠᠯᠠᠵᠤ᠂ ᠨᠡᠢᠭᠡᠮ᠎ᠤᠨ ᠬᠤᠪᠢᠰᠭᠠᠯ᠎ᠢ ᠠᠬᠢᠭᠤᠯᠬᠤ᠎ᠶ᠋ᠢᠨ ᠵᠡᠷᠭᠡ᠎ᠪᠠᠷ ᠥᠪᠡᠷ᠎ᠤᠨ ᠪᠡᠶ᠎ᠡ᠎ᠳᠡᠭᠡᠨ ᠲᠦᠢᠯᠪᠤᠷᠢᠲᠠᠢ ᠬᠤᠪᠢᠰᠭᠠᠯ ᠬᠢᠭ᠌ᠰᠡᠨ᠎ᠳᠤ ᠪᠠᠢᠨ᠎ᠠ᠃ ᠶᠠᠭ ᠶᠡᠷᠦᠩᠬᠡᠢ ᠱᠦᠵᠢ ᠰᠢ᠎ᠶ᠋ᠢᠨ ᠫᠢᠩ᠎ᠤᠨ ᠭᠦᠨᠵᠡᠭᠡᠢ ᠵᠢᠭᠠᠵᠤ ᠭᠠᠷᠭᠠᠭ᠍ᠰᠠᠨᠴᠢᠯᠠᠨ᠄ 《ᠮᠠᠨ᠎ᠤ ᠨᠠᠮ ᠵᠠᠭᠤᠨ ᠪᠡᠷᠬᠡ ᠮᠢᠩᠭᠠᠨ ᠪᠠᠷᠳᠠᠭ᠎ᠠ᠎ᠶ᠋ᠢ ᠲᠠᠪᠠᠭ᠍ᠰᠠᠨ ᠴᠤ᠌ ᠴᠤᠭ ᠰᠦᠯᠳᠡ ᠪᠠᠳᠠᠷᠠᠩᠭᠤᠢ ᠪᠠᠢᠳᠠᠭ᠎ᠤᠨ ᠨᠢᠭᠡᠨ ᠮᠠᠰᠢ ᠴᠢᠬᠤᠯᠠ ᠱᠢᠯᠲᠠᠭᠠᠨ ᠪᠣᠯ ᠪᠢᠳᠡ ᠨᠠᠮ᠎ᠨᠢ ᠨᠠᠮ᠎ᠢ ᠬᠠᠮᠢᠶᠠᠷᠴᠤ᠌᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠢᠮᠠᠭ᠍ᠲᠠ ᠪᠠᠷᠢᠮᠲᠠᠯᠠᠵᠤ᠂ ᠲᠤᠰ ᠪᠡᠶ᠎ᠡ᠎ᠶ᠋ᠢᠨ᠎ᠢᠶᠠᠨ ᠡᠯ᠎ᠡ ᠲᠡᠦᠬᠡᠨ ᠴᠠᠭ ᠦᠶ᠎ᠡ᠎ᠳᠤ ᠲᠤᠯᠭᠠᠷᠠᠭ᠍ᠰᠠᠨ ᠠᠶᠤᠯ ᠲᠦᠭ᠌ᠰᠢᠭᠦᠷᠢ ᠪᠠ ᠱᠢᠯᠭᠠᠯᠲᠠ᠎ᠶ᠋ᠢ ᠲᠠᠰᠤᠷᠠᠯᠲᠠ ᠦᠭᠡᠢ ᠰᠠᠢᠲᠤᠷ ᠠᠷᠭᠠᠴᠠᠭᠠᠵᠤ᠂ ᠮᠠᠨ᠎ᠤ ᠨᠠᠮ᠎ᠤᠨ ᠳᠡᠯᠡᠬᠡᠢ᠎ᠶ᠋ᠢᠨ ᠪᠠᠢᠳᠠᠯ᠎ᠳᠤ ᠭᠦᠨᠵᠡᠭᠡᠢ ᠬᠤᠪᠢᠷᠠᠯᠲᠠ ᠭᠠᠷᠴᠤ᠌ ᠪᠠᠢᠭ᠎ᠠ ᠲᠡᠦᠬᠡᠨ ᠠᠬᠢᠴᠠ ᠳᠤᠮᠳᠠ ᠢᠮᠠᠭ᠍ᠲᠠ ᠴᠠᠭ ᠦᠶ᠎ᠡ᠎ᠶ᠋ᠢᠨ ᠡᠮᠦᠨ᠎ᠡ ᠡᠩᠨᠡᠭᠡᠨ᠎ᠳᠤ ᠶᠠᠪᠤᠵᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠡᠯ᠎ᠡ ᠵᠦᠢᠯ᠎ᠤᠨ ᠠᠶᠤᠯ ᠲᠦᠭ᠌ᠰᠢᠭᠦᠷᠢ ᠪᠠ ᠥᠷᠢᠰᠥᠯᠳᠦᠭᠡᠨ᠎ᠢ ᠠᠷᠭᠠᠴᠠᠭᠠᠬᠤ ᠲᠡᠦᠬᠡᠨ ᠠᠬᠢᠴᠠ ᠳᠤᠮᠳᠠ ᠢᠮᠠᠭ᠍ᠲᠠ ᠪᠦᠬᠦ᠌ ᠤᠯᠤᠰ᠎ᠤᠨ ᠠᠷᠠᠳ ᠲᠦᠮᠡᠨ᠎ᠤ ᠲᠦᠱᠢᠭ ᠲᠤᠯᠭᠠᠭᠤᠷᠢ ᠪᠣᠯᠬᠤ᠎ᠶ᠋ᠢ ᠦᠨᠡᠨ ᠬᠦ᠌ ᠪᠠᠲᠤᠯᠠᠭ᠍ᠰᠠᠨ᠎ᠳᠤ ᠪᠠᠢᠨ᠎ᠠ!》᠃ ᠨᠠᠮ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠬᠤᠪᠢᠰᠭᠠᠯ᠂ ᠪᠦᠳᠦᠭᠡᠨ ᠪᠠᠢᠭᠤᠯᠤᠯᠲᠠ᠂ ᠥᠭᠡᠷᠡᠴᠢᠯᠡᠯᠲᠡ ᠬᠢᠭ᠌ᠰᠡᠨ ᠦᠢᠯᠡᠳᠦᠯᠭᠡ᠎ᠨᠢ ᠬᠡᠵᠢᠶ᠎ᠡ ᠮᠠᠨ᠎ᠤ ᠨᠠᠮ ᠥᠪᠡᠷ᠎ᠢᠶᠠᠨ ᠪᠠᠲᠤ ᠴᠢᠩᠭ᠎ᠠ ᠬᠦᠴᠦᠨ᠎ᠲᠠᠢ ᠪᠠᠢᠪᠠᠯ᠂ ᠬᠡᠵᠢᠶ᠎ᠡ ᠨᠠᠮ ᠪᠠ ᠠᠷᠠᠳ ᠲᠦᠮᠡᠨ᠎ᠤ ᠦᠢᠯᠡᠰ ᠳᠠᠷᠤᠢ ᠶᠠᠪᠤᠳᠠᠯ ᠪᠦᠬᠦᠨ᠎ᠳᠤ ᠢᠯᠠᠯᠲᠠ ᠤᠯᠵᠤ ᠴᠢᠳᠠᠨ᠎ᠠ ᠭᠡᠳᠡᠭ᠎ᠢ ᠭᠡᠷᠡᠴᠢᠯᠡᠭ᠌ᠰᠡᠨ ᠪᠠᠢᠨ᠎ᠠ᠃ ᠨᠠᠮ᠎ᠤᠨ ᠪᠠᠢᠭᠤᠯᠤᠯᠲᠠ᠎ᠶ᠋ᠢ ᠨᠢᠭᠡᠨ ᠠᠭᠤᠤ ᠶᠡᠭᠡ ᠢᠨᠵᠧᠨᠧᠷᠢᠩ ᠪᠣᠯᠭᠠᠨ ᠠᠬᠢᠭᠤᠯᠬᠤ ᠪᠣᠯ ᠮᠠᠨ᠎ᠤ ᠨᠠᠮ᠎ᠤᠨ ᠨᠢᠭᠡᠨ ᠶᠡᠭᠡ ᠡᠭᠦᠳᠦᠯᠲᠡ ᠮᠥᠨ᠂ ᠮᠠᠨ᠎ᠤ ᠨᠠᠮ᠎ᠤᠨ ᠠᠷᠠᠳ ᠲᠦᠮᠡᠨ᠎ᠢ ᠤᠳᠤᠷᠢᠳᠤᠨ ᠠᠭᠤᠤ ᠶᠡᠭᠡ ᠨᠡᠢᠭᠡᠮ᠎ᠤᠨ ᠬᠤᠪᠢᠰᠭᠠᠯ ᠬᠢᠬᠦ᠌᠎ᠶ᠋ᠢᠨ ᠴᠢᠬᠤᠯᠠ ᠡᠷᠳᠡᠨᠢ ᠮᠥᠨ᠃

ᠳᠤᠮᠳᠠᠳᠤ ᠤᠯᠤᠰ᠎ᠤᠨ ᠤᠴᠢᠷ ᠶᠠᠪᠤᠳᠠᠯ᠎ᠢ ᠰᠠᠢᠲᠤᠷ ᠬᠢᠬᠦ᠌᠎ᠶ᠋ᠢᠨ ᠵᠠᠩᠭᠢᠯᠠᠭ᠎ᠠ᠎ᠨᠢ ᠨᠠᠮ᠎ᠳᠤ ᠪᠤᠢ᠂ ᠵᠠᠩᠭᠢᠯᠠᠭ᠎ᠠ᠎ᠨᠢ ᠨᠠᠮ᠎ᠨᠢ ᠨᠠᠮ᠎ᠢ ᠬᠠᠮᠢᠶᠠᠷᠴᠤ᠌᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠪᠠᠷᠢᠮᠲᠠᠯᠠᠬᠤ᠎ᠳᠤ ᠪᠤᠢ᠃ ᠱᠢᠨ᠎ᠡ ᠴᠠᠭ ᠦᠶ᠎ᠡ᠎ᠳᠤ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠢ ᠪᠠᠷᠢᠮᠲᠠᠯᠠᠨ ᠬᠥᠭ᠌ᠵᠢᠭᠦᠯᠬᠦ᠌ ᠡᠨᠡ ᠬᠦ᠌ ᠠᠭᠤᠤ ᠶᠡᠭᠡ ᠨᠡᠢᠭᠡᠮ᠎ᠤᠨ ᠬᠤᠪᠢᠰᠭᠠᠯ᠎ᠢ ᠰᠠᠢᠲᠤᠷ ᠬᠢᠬᠦ᠌᠎ᠳᠤ᠂ ᠮᠠᠨ᠎ᠤ ᠨᠠᠮ ᠡᠷᠬᠡᠪᠰᠢ ᠵᠣᠷᠢᠭ᠍ᠲᠠᠢ᠎ᠪᠠᠷ ᠥᠪᠡᠷ᠎ᠤᠨ ᠪᠡᠶ᠎ᠡ᠎ᠳᠡᠭᠡᠨ ᠬᠤᠪᠢᠰᠭᠠᠯ ᠬᠢᠵᠦ᠍᠂ ᠨᠠᠮ᠎ᠢᠶᠠᠨ ᠨᠡᠩ ᠪᠠᠲᠤ ᠴᠢᠩᠭ᠎ᠠ ᠬᠦᠴᠦᠨ᠎ᠲᠠᠢ ᠪᠣᠯᠭᠠᠨ ᠪᠠᠢᠭᠤᠯᠬᠤ ᠬᠡᠷᠡᠭ᠌ᠲᠡᠢ᠃ ᠨᠡᠢᠭᠡᠮ ᠵᠢᠷᠤᠮᠲᠤ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠳᠤᠮᠳᠠᠳᠤ᠎ᠶ᠋ᠢᠨ ᠵᠡᠭᠦᠳᠦ᠎ᠶ᠋ᠢ ᠲᠡᠷᠭᠡᠯᠱᠢᠭᠦᠯᠬᠦ᠌᠎ᠨᠢ ᠮᠠᠨ᠎ᠤ ᠨᠠᠮ᠎ᠳᠤ ᠤᠷᠢᠳ ᠡᠮᠦᠨ᠎ᠡ ᠪᠠᠢᠭ᠎ᠠ ᠦᠭᠡᠢ ᠱᠢᠨ᠎ᠡ ᠥᠷᠢᠰᠥᠯᠳᠦᠭᠡᠨ ᠱᠢᠨ᠎ᠡ ᠱᠠᠭᠠᠷᠳᠠᠯᠭ᠎ᠠ ᠳᠤᠷᠠᠳᠴᠤ᠌᠂ ᠨᠠᠮ᠎ᠤᠨ ᠲᠤᠰ ᠪᠡᠶ᠎ᠡ᠎ᠶ᠋ᠢᠨ ᠪᠠᠢᠭᠤᠯᠤᠯᠲᠠ᠎ᠳᠤ ᠪᠠᠰᠠ ᠢᠵᠢᠯᠢᠱᠢᠬᠦ᠌ ᠦᠭᠡᠢ᠂ ᠵᠣᠬᠢᠴᠠᠬᠤ ᠦᠭᠡᠢ ᠭᠠᠵᠠᠷ ᠣᠷᠣᠱᠢᠵᠤ ᠪᠠᠢᠬᠤ᠎ᠶ᠋ᠢ ᠡᠷᠬᠡᠪᠰᠢ ᠣᠯᠵᠤ ᠬᠠᠷᠠᠬᠤ ᠬᠡᠷᠡᠭ᠌ᠲᠡᠢ᠃ ᠮᠠᠨ᠎ᠤ ᠨᠠᠮ ᠵᠠᠭᠤᠨ ᠵᠢᠯ᠎ᠤᠨ ᠲᠡᠦᠬᠡ᠎ᠲᠠᠢ ᠶᠡᠭᠡ ᠨᠠᠮ ᠪᠣᠯᠤᠭ᠍ᠰᠠᠨ᠎ᠤ ᠬᠤᠪᠢ᠎ᠳᠤ᠂ ᠬᠡᠷᠬᠢᠨ ᠲᠡᠷᠢᠭᠦᠨ᠎ᠤ ᠴᠢᠨᠠᠷ ᠪᠠ ᠴᠡᠪᠡᠷ ᠴᠢᠨᠠᠷ᠎ᠢᠶᠠᠨ ᠡᠭᠦᠷᠢᠳᠡ ᠬᠠᠳᠠᠭᠠᠯᠠᠬᠤ᠂ ᠵᠠᠯᠠᠭᠤ ᠨᠠᠰᠤᠨ᠎ᠤ ᠠᠮᠢᠵᠢᠷᠠᠯ᠎ᠤᠨ ᠬᠦᠴᠦᠨ᠎ᠢᠶᠠᠨ ᠡᠭᠦᠷᠢᠳᠡ ᠬᠠᠳᠠᠭᠠᠯᠠᠬᠤ᠂ ᠬᠡᠷᠬᠢᠨ ᠥᠨᠢ ᠡᠭᠦᠷᠢᠳᠡ ᠠᠷᠠᠳ ᠲᠦᠮᠡᠨ᠎ᠤ ᠬᠦᠷᠢᠶᠡᠯᠡᠯ ᠪᠠ ᠳᠡᠮᠵᠢᠯᠭᠡ᠎ᠶ᠋ᠢ ᠤᠯᠬᠤ᠂ ᠬᠡᠷᠬᠢᠨ ᠤᠷᠳᠤ ᠬᠤᠭᠤᠴᠠᠭ᠎ᠠ᠎ᠪᠠᠷ ᠲᠦᠷᠦ᠍ ᠪᠠᠷᠢᠬᠤ᠎ᠶ᠋ᠢ ᠪᠡᠶᠡᠯᠡᠭᠦᠯᠬᠦ᠌ ᠪᠣᠯ ᠪᠢᠳᠡᠨ᠎ᠤ ᠡᠷᠬᠡᠪᠰᠢ ᠰᠠᠢᠲᠤᠷ ᠬᠠᠷᠢᠭᠤᠯᠬᠤ᠂ ᠰᠠᠢᠲᠤᠷ ᠱᠢᠢᠳᠪᠦᠷᠢᠯᠡᠬᠦ᠌ ᠦᠨᠳᠦᠰᠦᠨ ᠴᠢᠨᠠᠷᠲᠠᠢ ᠠᠰᠠᠭᠤᠳᠠᠯ ᠪᠣᠯᠤᠨ᠎ᠠ᠃ ᠭᠠᠭ᠍ᠴᠠ ᠬᠦ᠌ ᠵᠣᠷᠢᠭ᠍ᠲᠠᠢ᠎ᠪᠠᠷ ᠬᠢᠳᠤᠭᠠᠨ ᠢᠷ᠎ᠢᠶᠠᠨ ᠳᠣᠲᠣᠭ᠍ᠰᠢ ᠬᠠᠨᠳᠤᠭᠤᠯᠵᠤ᠂ ᠵᠣᠷᠢᠭ᠍ᠲᠠᠢ᠎ᠪᠠᠷ ᠶᠠᠰᠤ᠎ᠪᠠᠨ ᠬᠤᠰᠤᠵᠤ ᠬᠤᠤᠷ᠎ᠢᠶᠠᠨ ᠠᠷᠢᠯᠭᠠᠬᠤ᠂ ᠵᠣᠷᠢᠭ᠍ᠲᠠᠢ᠎ᠪᠠᠷ ᠪᠠᠭᠠᠲᠤᠷ ᠡᠷ᠎ᠡ ᠪᠠᠭᠤᠤ᠎ᠪᠠᠨ ᠴᠠᠪᠴᠢᠪᠡᠯ ᠰᠠᠶᠢ ᠥᠪᠡᠷ᠎ᠢ᠎ᠪᠠᠨ ᠢᠮᠠᠭ᠍ᠲᠠ ᠬᠠᠲᠠᠭᠤᠵᠢᠭᠤᠯᠵᠤ᠂ ᠢᠮᠠᠭ᠍ᠲᠠ ᠴᠠᠭ ᠦᠶ᠎ᠡ᠎ᠶ᠋ᠢᠨ ᠬᠤᠱᠢᠭᠤᠴᠢ᠂ ᠦᠨᠳᠦᠰᠦᠲᠡᠨ᠎ᠤ ᠨᠢᠷᠤᠭᠤ ᠲᠤᠯᠭᠠᠭᠤᠷᠢ ᠪᠣᠯᠭᠠᠵᠤ᠂ ᠢᠮᠠᠭ᠍ᠲᠠ ᠮᠠᠷᠺᠰ᠎ᠤᠨ ᠦᠵᠡᠯ᠎ᠤᠨ ᠲᠦᠷᠦ᠍ ᠪᠠᠷᠢᠭ᠍ᠴᠢ ᠨᠠᠮ ᠪᠣᠯᠭᠠᠵᠤ ᠴᠢᠳᠠᠨ᠎ᠠ᠃ ᠱᠢᠨ᠎ᠡ ᠴᠠᠭ ᠦᠶ᠎ᠡ᠎ᠳᠤ᠂ ᠮᠠᠨ᠎ᠤ ᠨᠠᠮ ᠡᠷᠬᠡᠪᠰᠢ ᠨᠠᠮ᠎ᠤᠨ ᠥᠪᠡᠷ᠎ᠤᠨ ᠪᠡᠶ᠎ᠡ᠎ᠳᠡᠭᠡᠨ ᠬᠤᠪᠢᠰᠭᠠᠯ ᠬᠢᠬᠦ᠌᠎ᠪᠠᠷ ᠳᠠᠮᠵᠢᠨ ᠨᠠᠮ᠎ᠠᠴᠠ ᠠᠷᠠᠳ ᠲᠦᠮᠡᠨ᠎ᠢ ᠤᠳᠤᠷᠢᠳᠤᠨ ᠠᠭᠤᠤ ᠶᠡᠭᠡ ᠨᠡᠢᠭᠡᠮ᠎ᠤᠨ ᠬᠤᠪᠢᠰᠭᠠᠯ ᠬᠢᠬᠦ᠌᠎ᠶ᠋ᠢ ᠠᠬᠢᠭᠤᠯᠬᠤ ᠬᠡᠷᠡᠭ᠌ᠲᠡᠢ᠃ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ᠎ᠤᠨ ᠢᠯᠡᠳᠭᠡᠯ᠎ᠳᠤ 《ᠨᠠᠮ᠎ᠢ ᠢᠮᠠᠭ᠍ᠲᠠ ᠴᠠᠭ ᠦᠶ᠎ᠡ᠎ᠶ᠋ᠢᠨ ᠡᠮᠦᠨ᠎ᠡ ᠡᠩᠨᠡᠭᠡᠨ᠎ᠳᠤ ᠶᠠᠪᠤᠬᠤ᠂ ᠠᠷᠠᠳ ᠲᠦᠮᠡᠨ ᠴᠢᠩ ᠰᠡᠳᠭᠢᠯ᠎ᠠᠴᠠ᠎ᠪᠠᠨ ᠬᠦᠷᠢᠶᠡᠯᠡᠬᠦ᠂ ᠵᠣᠷᠢᠭ᠍ᠲᠠᠢ᠎ᠪᠠᠷ ᠥᠪᠡᠷ᠎ᠤᠨ ᠪᠡᠶ᠎ᠡ᠎ᠳᠡᠭᠡᠨ ᠬᠤᠪᠢᠰᠭᠠᠯ ᠬᠢᠬᠦ᠂ ᠡᠯ᠎ᠡ ᠵᠦᠢᠯ᠎ᠤᠨ ᠰᠠᠯᠬᠢ ᠳᠠᠪᠠᠯᠭᠠᠨ᠎ᠤ ᠱᠢᠯᠭᠠᠯᠲᠠ᠎ᠶ᠋ᠢ ᠳᠠᠭᠠᠭᠠᠵᠤ ᠳᠡᠢᠯᠬᠦ᠂ ᠴᠤᠭ ᠪᠠᠳᠠᠷᠠᠩᠭᠤᠢ ᠮᠠᠷᠺᠰ᠎ᠤᠨ ᠦᠵᠡᠯ᠎ᠤᠨ ᠲᠦᠷᠦ᠍ ᠪᠠᠷᠢᠭ᠍ᠴᠢ ᠨᠠᠮ ᠪᠣᠯᠭᠠᠨ ᠪᠠᠢᠭᠤᠯᠤᠨ᠎ᠠ》 ᠭᠡᠵᠦ᠍ ᠴᠢᠬᠤᠯᠠᠴᠢᠯᠠᠪᠠ᠂ ᠡᠨᠡ ᠪᠣᠯ ᠮᠠᠨ᠎ᠤ ᠨᠠᠮ᠎ᠤᠨ ᠠᠷᠠᠳ ᠲᠦᠮᠡᠨ᠎ᠢ ᠤᠳᠤᠷᠢᠳᠤᠨ ᠠᠭᠤᠤ ᠶᠡᠭᠡ ᠨᠡᠢᠭᠡᠮ᠎ᠤᠨ ᠬᠤᠪᠢᠰᠭᠠᠯ ᠬᠢᠬᠦ᠌᠎ᠶ᠋ᠢᠨ ᠪᠤᠰᠤᠳᠴᠢ ᠱᠠᠭᠠᠷᠳᠠᠯᠭ᠎ᠠ ᠮᠥᠨ᠂ ᠪᠠᠰᠠ ᠴᠤ᠌ ᠮᠠᠨ᠎ᠤ ᠨᠠᠮ᠎ᠤᠨ ᠮᠠᠷᠺᠰ᠎ᠤᠨ ᠦᠵᠡᠯ᠎ᠤᠨ ᠲᠦᠷᠦ᠎ᠶ᠋ᠢᠨ ᠨᠠᠮ ᠪᠣᠯᠤᠭ᠍ᠰᠠᠨ᠎ᠤ ᠬᠤᠪᠢ᠎ᠳᠠᠬᠢ ᠪᠠᠢᠭᠤᠯᠤᠯᠲᠠ ᠪᠠ ᠬᠥᠭ᠌ᠵᠢᠯᠲᠡ᠎ᠶ᠋ᠢᠨ ᠳᠣᠲᠣᠭᠠᠳᠤ ᠬᠡᠷᠡᠭ᠌ᠴᠡᠭᠡ ᠮᠥᠨ᠃

ᠶᠡᠷᠦᠩᠬᠡᠢ ᠱᠦᠵᠢ ᠰᠢ᠎ᠶ᠋ᠢᠨ ᠫᠢᠩ᠄ 《ᠱᠢᠨ᠎ᠡ ᠠᠶᠠᠨ᠎ᠳᠠᠭᠠᠨ᠂ ᠪᠢᠳᠡ ᠲᠡᠮᠦᠷ᠎ᠢ ᠳᠠᠪᠲᠠᠬᠤ᠎ᠳᠤ ᠥᠪᠡᠷ᠎ᠢᠶᠠᠨ ᠵᠠᠪᠠᠯ ᠬᠠᠲᠠᠭᠤ ᠪᠠᠢᠬᠤ ᠬᠡᠷᠡᠭ᠌ᠲᠡᠶ ᠭᠡᠬᠦ᠌ ᠶᠣᠰᠣ ᠤᠴᠢᠷ᠎ᠢ ᠪᠠᠲᠤ ᠴᠡᠭᠡᠵᠢᠯᠡᠵᠦ᠍᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ᠎ᠢ ᠡᠭᠦᠷᠢᠳᠡ ᠵᠤᠬ᠍ᠰᠤᠰᠢ ᠦᠭᠡᠶ ᠬᠢᠬᠦ᠌ ᠤᠯᠤᠰ ᠲᠥᠷᠥ᠎ᠶ᠋ᠢᠨ ᠤᠬᠠᠮᠰᠠᠷ᠎ᠢᠶᠠᠨ ᠴᠢᠩᠭᠠᠳᠭᠠᠵᠤ᠂ ᠨᠠᠮ᠎ᠤᠨ ᠤᠯᠤᠰ ᠲᠥᠷᠥ᠎ᠶ᠋ᠢᠨ ᠪᠠᠢᠭᠤᠯᠤᠯᠲᠠ᠎ᠪᠠᠷ ᠶᠡᠷᠦᠩᠬᠡᠢᠯᠡᠨ ᠵᠢᠯᠣᠭᠤᠳᠣᠭᠤᠯᠵᠤ᠂ ᠱᠢᠨ᠎ᠡ ᠴᠠᠭ ᠦᠶ᠎ᠡ᠎ᠶ᠋ᠢᠨ ᠨᠠᠮ᠎ᠤᠨ ᠪᠠᠢᠭᠤᠯᠤᠯᠲᠠ᠎ᠶ᠋ᠢᠨ ᠱᠢᠨ᠎ᠡ ᠠᠭᠤᠤ ᠶᠡᠭᠡ ᠢᠨᠵᠧᠨᠧᠷᠢᠩ᠎ᠢ ᠦᠷᠭᠦᠯᠵᠢᠯᠡᠨ ᠠᠬᠢᠭᠤᠯᠵᠤ᠂ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠱᠢᠰᠲ᠋ᠧᠮ᠎ᠢ ᠲᠠᠰᠤᠷᠠᠯᠲᠠ ᠦᠭᠡᠶ ᠨᠢᠭ᠍ᠲᠠᠷᠠᠭᠤᠯᠵᠤ᠂ ᠮᠣᠷᠠᠯ ᠴᠢᠳᠠᠪᠤᠷᠢ ᠬᠤᠣᠰᠯᠠᠭ᠍ᠰᠠᠨ ᠥᠨᠳᠥᠷ ᠬᠡᠪ ᠪᠣᠯᠪᠠᠰᠤᠷᠠᠯ᠎ᠲᠠᠢ ᠺᠠᠳ᠋ᠷᠴᠤᠳ᠎ᠤᠨ ᠡᠩᠨᠡᠭᠡ᠎ᠶ᠋ᠢ ᠬᠦᠴᠦᠯᠡᠨ ᠪᠠᠢᠭᠤᠯᠵᠤ᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢᠭᠤᠯᠤᠯᠲᠠ ᠪᠣᠯᠤᠨ ᠢᠯᠵᠠᠷᠠᠯ᠎ᠢ ᠡᠰᠡᠷᠭᠦᠴᠡᠬᠦ᠌ ᠲᠡᠮᠡᠴᠡᠯ᠎ᠢ ᠡᠷᠡᠰ ᠭᠤᠢᠪᠢᠰᠢ ᠦᠭᠡᠶ᠎ᠪᠠᠷ ᠠᠬᠢᠭᠤᠯᠵᠤ᠂ ᠨᠠᠮ᠎ᠤᠨ ᠲᠡᠷᠢᠭᠦᠨ᠎ᠤ ᠴᠢᠨᠠᠷ ᠪᠠ ᠴᠡᠪᠡᠷ ᠴᠢᠨᠠᠷ᠎ᠢ ᠬᠤᠬᠢᠷᠠᠭᠤᠯᠬᠤ ᠠᠯᠢᠪᠠ ᠬᠦᠴᠦᠨ ᠵᠦᠢᠯ᠎ᠢ ᠡᠷᠡᠰ ᠠᠷᠢᠯᠭᠠᠵᠤ᠂ ᠨᠠᠮ᠎ᠤᠨ ᠡᠷᠡᠭᠦᠯ ᠴᠣᠭ᠍ᠴᠠ᠎ᠶ᠋ᠢ ᠬᠤᠣᠷᠳᠠᠭᠤᠯᠬᠤ ᠠᠯᠢᠪᠠ ᠸᠢᠷᠦ᠋ᠰ᠎ᠢ ᠠᠷᠢᠯᠭᠠᠵᠤ᠂ ᠨᠠᠮ᠎ᠤᠨ ᠴᠢᠨᠠᠷ ᠬᠤᠪᠢᠷᠠᠬᠤ ᠦᠭᠡᠢ᠂ ᠦᠡᠭ᠌ᠭᠡ ᠬᠤᠪᠢᠷᠠᠬᠤ ᠦᠭᠡᠢ᠂ ᠦᠨᠦᠷ ᠠᠮᠲᠠ ᠬᠤᠪᠢᠷᠠᠬᠤ ᠦᠭᠡᠢ ᠪᠠᠢᠬᠤ᠎ᠶ᠋ᠢ ᠪᠠᠲᠤᠯᠠᠵᠤ᠂ ᠱᠢᠨ᠎ᠡ ᠴᠠᠭ ᠦᠶ᠎ᠡ᠎ᠳᠤ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠢ ᠪᠠᠷᠢᠮᠲᠠᠯᠠᠨ ᠬᠥᠭ᠌ᠵᠢᠭᠦᠯᠬᠦ᠌ ᠲᠡᠦᠬᠡᠨ ᠶᠠᠪᠤᠴᠠ᠎ᠳᠤ ᠨᠠᠮ ᠢᠮᠠᠭ᠍ᠲᠠ ᠪᠠᠲᠤ ᠴᠢᠩᠭ᠎ᠠ ᠤᠳᠤᠷᠢᠳᠭᠤ ᠭᠤᠣᠯᠯᠠᠭ᠍ᠴᠢ ᠪᠣᠯᠬᠤ᠎ᠶ᠋ᠢ ᠪᠠᠲᠤᠯᠠᠬᠤ ᠬᠡᠷᠡᠭ᠌ᠲᠡᠢ!》 ᠭᠡᠵᠤ ᠴᠢᠬᠤᠯᠠᠴᠢᠯᠠᠵᠠᠢ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠭᠦᠨᠵᠡᠭᠡᠢᠷᠡᠭᠦᠯᠵᠤ᠂ ᠥᠪᠡᠷ᠎ᠤᠨ ᠪᠡᠶ᠎ᠡ᠎ᠳᠡᠭᠡᠨ ᠲᠦᠢᠯᠪᠤᠷᠢᠲᠠᠢ ᠬᠤᠪᠢᠰᠭᠠᠯ ᠬᠢᠬᠦ᠌ ᠵᠣᠷᠢᠭ ᠰᠠᠨᠠᠭ᠎ᠠ᠎ᠶ᠋ᠢ ᠦᠷᠭᠦᠯᠵᠢᠯᠡᠨ ᠪᠠᠳᠠᠷᠠᠭᠤᠯᠵᠤ᠂ 《ᠱᠢᠯᠭᠠᠯᠲᠠ᠎ᠳᠤ ᠣᠷᠣᠯᠴᠠᠬᠤ》 ᠰᠡᠷᠭᠡᠭ ᠪᠠᠢᠳᠠᠯ᠎ᠢ ᠪᠠᠲᠤᠯᠠᠵᠤ᠂ ᠨᠠᠮ᠎ᠤᠨ ᠲᠡᠷᠢᠭᠦᠨ᠎ᠤ ᠴᠢᠨᠠᠷ᠎ᠢ ᠰᠤᠯᠠᠷᠠᠭᠤᠯᠬᠤ᠂ ᠨᠠᠮ᠎ᠤᠨ ᠴᠡᠪᠡᠷ ᠴᠢᠨᠠᠷ᠎ᠢ ᠬᠤᠬᠢᠷᠠᠭᠤᠯᠬᠤ ᠠᠰᠠᠭᠤᠳᠠᠯ᠎ᠲᠠᠢ ᠡᠷᠡᠰ ᠲᠡᠮᠡᠴᠡᠯ ᠬᠢᠵᠤ᠂ ᠨᠠᠮ᠎ᠤᠨ ᠥᠪᠡᠷ᠎ᠢ᠎ᠪᠠᠨ ᠴᠡᠪᠡᠷᠵᠢᠭᠦᠯᠬᠦ᠂ ᠥᠪᠡᠷ᠎ᠢ᠎ᠪᠠᠨ ᠲᠡᠭᠦᠯᠳᠡᠷᠵᠢᠭᠦᠯᠬᠦ᠂ ᠥᠪᠡᠷ᠎ᠢ᠎ᠪᠠᠨ ᠱᠢᠨᠡᠴᠢᠯᠡᠬᠦ᠂ ᠥᠪᠡᠷ᠎ᠢ᠎ᠪᠠᠨ ᠳᠡᠭᠡᠭ᠌ᠰᠢᠯᠡᠭᠦᠯᠬᠦ᠌᠎ᠶ᠋ᠢ ᠪᠡᠶᠡᠯᠡᠭᠦᠯᠵᠤ᠂ ᠨᠠᠮ᠎ᠤᠨ ᠤᠯᠤᠰ ᠲᠥᠷᠥ᠎ᠶ᠋ᠢᠨ ᠤᠳᠤᠷᠢᠳᠭᠤ ᠬᠦᠴᠦᠨ᠂ ᠦᠵᠡᠯ ᠰᠠᠨᠠᠭᠠᠨ᠎ᠤ ᠬᠥᠲᠥᠯᠥᠨ ᠳᠠᠭᠠᠭᠤᠯᠬᠤ ᠬᠦᠴᠦᠨ᠂ ᠤᠯᠠᠨ ᠲᠦᠮᠡᠨ᠎ᠢ ᠵᠣᠬᠢᠶᠠᠨ ᠪᠠᠢᠭᠤᠯᠬᠤ ᠬᠦᠴᠦᠨ᠂ ᠨᠡᠢᠭᠡᠮ᠎ᠢ ᠤᠷᠢᠶᠠᠯᠠᠬᠤ ᠬᠦᠴᠦᠨ᠎ᠢ ᠲᠠᠰᠤᠷᠠᠯᠳᠠ ᠦᠭᠡᠢ ᠴᠢᠩᠭᠠᠳᠭᠠᠵᠤ᠂ ᠨᠠᠮ ᠪᠣᠯᠤᠨ ᠠᠷᠠᠳ ᠣᠯᠠᠨ᠎ᠤ ᠴᠢᠰᠤ ᠮᠢᠬᠠᠨ᠎ᠤ ᠬᠠᠷᠢᠴᠠᠭ᠎ᠠ᠎ᠶ᠋ᠢ ᠡᠭᠦᠷᠢᠳᠡ ᠪᠠᠳᠤᠯᠠᠪᠠᠯ᠂ ᠮᠠᠨ᠎ᠤ ᠨᠠᠮ ᠯᠠᠪᠲᠠᠶ ᠴᠤᠭ ᠪᠠᠳᠠᠷᠠᠩᠭᠤᠶ ᠠᠮᠢᠵᠢᠷᠠᠯ᠎ᠤᠨ ᠬᠦᠴᠦᠨ ᠪᠠ ᠬᠦᠴᠦᠷᠬᠡᠭ ᠶᠡᠭᠡ ᠳᠠᠢᠴᠢᠨ ᠬᠦᠴᠦᠨ᠎ᠢᠶᠠᠨ ᠪᠠᠲᠤᠯᠠᠵᠤ᠂ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠤᠷᠤᠭ᠍ᠰᠢᠯᠠᠯᠲᠠ᠎ᠶ᠋ᠢᠨ ᠵᠠᠮ ᠳᠡᠭᠡᠷᠡᠬᠢ ᠠᠯᠢᠪᠠ ᠠᠶᠤᠯ ᠲᠦᠭ᠌ᠰᠢᠭᠦᠷᠢ ᠪᠠ ᠥᠷᠢᠰᠥᠯᠳᠦᠭᠡᠨ᠎ᠢ ᠢᠯᠠᠨ ᠳᠠᠪᠠᠵᠤ᠂ ᠱᠢᠨ᠎ᠡ ᠠᠭᠤᠤ ᠶᠡᠭᠡ ᠢᠯᠠᠯᠲᠠ᠎ᠶ᠋ᠢ ᠲᠠᠰᠤᠷᠠᠯᠲᠠ ᠦᠭᠡᠶ ᠲᠡᠮᠡᠴᠡᠨ ᠣᠯᠵᠤ ᠴᠢᠳᠠᠨ᠎ᠠ᠃

ᠨᠠᠮ᠎ᠤᠨ ᠪᠠᠢᠭᠤᠯᠤᠯᠲᠠ᠎ᠶ᠋ᠢᠨ ᠱᠢᠨ᠎ᠡ ᠠᠭᠤᠤ ᠶᠡᠭᠡ ᠢᠨᠵᠧᠨᠧᠷᠢᠩ ᠪᠣᠯ ᠠᠭᠤᠤ ᠶᠡᠭᠡ ᠲᠡᠮᠡᠴᠡᠯ᠂ ᠠᠭᠤᠤ ᠶᠡᠭᠡ ᠦᠢᠯᠡᠰ᠎ᠢ ᠬᠦᠳᠦᠯᠦᠨ ᠳᠠᠭᠠᠭᠤᠯᠵᠤ᠂ ᠡᠴᠦᠰ᠎ᠲᠡᠭᠡᠨ ᠠᠭᠤᠤ ᠶᠡᠭᠡ ᠬᠦᠰᠡᠯ ᠵᠡᠭᠦᠳᠦ᠎ᠶ᠋ᠢ ᠪᠡᠶᠡᠯᠡᠭᠦᠯᠬᠦ᠌᠎ᠶ᠋ᠢᠨ ᠦᠨᠳᠦᠰᠦᠨ ᠪᠠᠲᠤᠯᠠᠭ᠎ᠠ ᠮᠥᠨ᠃ ᠱᠢᠨ᠎ᠡ ᠲᠡᠦᠬᠡᠨ ᠭᠠᠷᠤᠭ᠎ᠠ ᠳᠡᠭᠡᠷ᠎ᠡ᠂ ᠱᠢᠨ᠎ᠡ ᠴᠠᠭ ᠦᠶ᠎ᠡ᠎ᠶ᠋ᠢᠨ ᠨᠠᠮ᠎ᠤᠨ ᠥᠪᠡᠷ᠎ᠤᠨ ᠪᠡᠶ᠎ᠡ᠎ᠳᠡᠭᠡᠨ ᠬᠤᠪᠢᠰᠭᠠᠯ ᠬᠢᠬᠦ᠌᠎ᠪᠠᠷ ᠱᠢᠨ᠎ᠡ ᠠᠭᠤᠤ ᠶᠡᠭᠡ ᠨᠡᠢᠭᠡᠮ᠎ᠤᠨ ᠬᠤᠪᠢᠰᠭᠠᠯ᠎ᠢ ᠬᠦᠳᠦᠯᠥᠨ ᠳᠠᠭᠠᠭᠤᠯᠵᠤ᠂ ᠨᠠᠮ᠎ᠤᠨ ᠪᠠᠢᠭᠤᠯᠤᠯᠲᠠ᠎ᠶ᠋ᠢᠨ ᠱᠢᠨ᠎ᠡ ᠠᠭᠤᠤ ᠶᠡᠭᠡ ᠢᠨᠵᠧᠨᠧᠷᠢᠩ᠎ᠢ ᠲᠠᠰᠤᠷᠠᠯᠳᠡ ᠦᠭᠡᠢ ᠠᠬᠢᠭᠤᠯᠵᠤ᠂ ᠨᠠᠮ᠎ᠢᠶᠠᠨ ᠨᠡᠩ ᠪᠠᠲᠤ ᠴᠢᠩᠭ᠎ᠠ ᠬᠦᠴᠦᠨ᠎ᠲᠠᠢ ᠪᠣᠯᠭᠠᠨ ᠪᠦᠳᠦᠭᠡᠨ ᠪᠠᠢᠭᠤᠯᠪᠠᠯ᠂ ᠳᠤᠮᠳᠠᠳᠤ ᠤᠯᠤᠰ᠎ᠤᠨ ᠠᠷᠠᠳ ᠲᠦᠮᠡᠨ᠎ᠤ ᠠᠭᠤᠤ ᠶᠡᠭᠡ ᠬᠦᠰᠡᠯ ᠵᠡᠭᠦᠳᠦ᠎ᠶ᠋ᠢ ᠠᠴᠢᠶᠠᠯᠠᠭ᠍ᠰᠠᠨ ᠬᠥᠯᠭᠡ ᠣᠩᠭᠤᠴᠠ ᠯᠠᠪᠲᠠᠢ ᠳᠠᠪᠠᠯᠭᠠᠨ᠎ᠢ ᠵᠦᠰᠦᠨ ᠤᠷᠤᠭ᠍ᠰᠢᠯᠠᠵᠤ᠂ ᠭᠡᠷᠡᠯ ᠰᠠᠴᠤᠷᠠᠩᠭᠤᠢ ᠲᠡᠷᠲᠡᠭᠡ ᠡᠷᠭᠢ᠎ᠳᠤ ᠢᠯᠠᠯᠲᠠ᠎ᠲᠠᠢ᠎ᠪᠠᠷ ᠬᠦᠷᠴᠦ᠍ ᠴᠢᠳᠠᠨ᠎ᠠ!

(ᠱᠢᠨᠬᠤᠸᠠ ᠬᠤᠷᠢᠶᠠᠨ᠎ᠤ ᠪᠡᠭᠡᠵᠢᠩ᠎ᠤᠨ 7 ᠰᠠᠷ᠎ᠠ᠎ᠶ᠋ᠢᠨ 12 ᠎ᠤᠨ ᠴᠠᠬᠢᠯᠭᠠᠨ ᠮᠡᠳᠡᠭᠡ)

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号