ᠠᠯᠪᠠᠨ ᠵᠢᠷᠤᠮ᠎ᠤᠨ ᠰᠤᠷᠭᠠᠨ ᠬᠥᠮᠦᠵᠢᠯ᠎ᠤᠨ ᠰᠤᠷᠭᠠᠭᠤᠯᠢ ᠪᠦᠬᠦᠨ᠎ᠳᠤ ᠬᠢᠴᠢᠶᠡᠯ᠎ᠤᠨ ᠳᠠᠷᠠᠭᠠᠬᠢ ᠦᠢᠯᠡᠴᠢᠯᠡᠭᠡ᠎ᠶ᠋ᠢ ᠪᠡᠶᠡᠯᠡᠬᠦᠯᠦᠨ᠎ᠡ
2021-07-17 15:11:38
ᠵᠣᠬᠢᠶᠠᠭ᠍ᠴᠢ᠄
ᠬᠤ᠌ ᠬᠤᠤ
ᠣᠩᠱᠢᠭ᠍ᠰᠠᠨ ᠣᠳᠠᠭ᠎ᠠ᠄
★★★☆☆

ᠰᠤᠷᠭᠠᠨ ᠬᠥᠮᠦᠵᠢᠯ᠎ᠤᠨ ᠶᠠᠮᠤᠨ 13 ᠎ᠤ ᠡᠳᠦᠷ ᠰᠣᠨᠢᠨ ᠮᠡᠳᠡᠭᠡ ᠨᠡᠢᠲᠡᠯᠡᠬᠦ᠌ ᠬᠤᠷᠠᠯ ᠬᠢᠵᠤ᠂ ᠬᠢᠴᠢᠶᠡᠯ᠎ᠤᠨ ᠳᠠᠷᠠᠭᠠᠬᠢ ᠦᠢᠯᠡᠴᠢᠯᠡᠭᠡᠨ᠎ᠤ ᠠᠵᠢᠯ᠎ᠢ ᠤᠯᠠᠮ ᠴᠢᠨᠠᠭ᠍ᠰᠢᠳᠠ ᠠᠬᠢᠭᠤᠯᠵᠤ᠂ ᠡᠨᠡ ᠵᠢᠯ᠎ᠤᠨ ᠨᠠᠮᠤᠷ᠎ᠤᠨ ᠤᠯᠠᠷᠢᠯ᠎ᠳᠤ ᠰᠤᠷᠭᠠᠭᠤᠯᠢ ᠡᠬᠢᠯᠡᠭ᠌ᠰᠡᠨ᠎ᠤ ᠳᠠᠷᠠᠭ᠎ᠠ ᠠᠯᠪᠠᠨ ᠵᠢᠷᠤᠮ᠎ᠤᠨ ᠰᠤᠷᠭᠠᠨ ᠬᠥᠮᠦᠵᠢᠯ᠎ᠤᠨ ᠰᠤᠷᠭᠠᠭᠤᠯᠢ ᠪᠦᠬᠦᠨ᠎ᠳᠤ ᠬᠢᠴᠢᠶᠡᠯ᠎ᠤᠨ ᠲᠠᠷᠠᠭᠠᠬᠢ ᠦᠢᠯᠡᠴᠢᠯᠡᠭᠡ᠎ᠶ᠋ᠢ ᠪᠦᠷᠬᠦᠬᠦᠯᠵᠤ᠂ ᠬᠢᠴᠢᠶᠡᠯ᠎ᠤᠨ ᠳᠠᠷᠠᠭᠠᠬᠢ  ᠦᠢᠯᠡᠴᠢᠯᠡᠭᠡ᠎ᠶ᠋ᠢᠨ ᠬᠡᠷᠡᠭ᠌ᠴᠡᠭᠡ᠎ᠲᠠᠢ ᠰᠣᠷᠣᠭ᠍ᠴᠢ ᠪᠦᠬᠦᠨ᠎ᠳᠤ ᠦᠢᠯᠡᠴᠢᠯᠡᠭᠡ ᠬᠠᠩᠭᠠᠬᠤ᠎ᠪᠠᠷ ᠴᠢᠷᠮᠠᠢᠨ᠎ᠠ ᠭᠡᠵᠤ ᠲᠠᠨᠢᠯᠴᠠᠭᠤᠯᠵᠠᠢ᠃

《ᠭᠤᠷᠪᠠᠨ ᠴᠠᠭ ᠬᠠᠭᠠᠰ》 ᠎ᠤᠨ ᠠᠰᠠᠭᠤᠳᠠᠯ ᠪᠣᠯ ᠨᠡᠢᠭᠡᠮ᠎ᠤᠨ ᠥᠷᠭᠡᠨ᠎ᠢᠶᠠᠷ ᠠᠩᠬᠠᠷᠴᠤ᠌ ᠪᠠᠢᠭ᠎ᠠ ᠬᠠᠯᠠᠮᠱᠢᠯ ᠠᠰᠠᠭᠤᠳᠠᠯ ᠪᠣᠯᠤᠨ᠎ᠠ᠃ 2017 ᠣᠨ᠎ᠠᠴᠠ ᠨᠠᠭᠠᠰᠢ᠂ ᠰᠤᠷᠭᠠᠨ ᠬᠥᠮᠦᠵᠢᠯ᠎ᠤᠨ ᠶᠠᠮᠤᠨ᠎ᠠᠴᠠ ᠤᠯᠠᠨ ᠤᠳᠠᠭ᠎ᠠ ᠬᠠᠮᠢᠶ᠎ᠠ ᠪᠥᠬᠦᠶ ᠪᠢᠴᠢᠭ ᠮᠠᠲ᠋ᠧᠷᠢᠶᠠᠯ᠎ᠢ ᠨᠡᠢᠲᠡᠯᠡᠵᠦ᠍᠂ ᠬᠢᠴᠢᠶᠡᠯ᠎ᠤᠨ ᠳᠠᠷᠠᠭᠠᠬᠢ ᠦᠢᠯᠡᠴᠢᠯᠡᠭᠡ᠎ᠶ᠋ᠢ ᠠᠬᠢᠭᠤᠯᠪᠠ᠃ 5 ᠰᠠᠷ᠎ᠠ᠎ᠶ᠋ᠢᠨ ᠰᠡᠭᠦᠯᠴᠢ ᠪᠣᠯᠲᠠᠯ᠎ᠠ᠂ ᠪᠥᠬᠦ᠌ ᠤᠯᠤᠰ᠎ᠲᠤ ᠨᠡᠢᠲᠡ 10.2 ᠲᠦᠮᠡᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠤᠨ ᠰᠤᠷᠭᠠᠭᠤᠯᠢ ᠬᠢᠴᠢᠶᠡᠯ᠎ᠤᠨ ᠳᠠᠷᠠᠭᠠᠬᠢ ᠦᠢᠯᠡᠴᠢᠯᠡᠭᠡ ᠥᠷᠨᠢᠭᠦᠯᠪᠡ᠃

ᠰᠤᠷᠭᠠᠨ ᠬᠥᠮᠦᠵᠢᠯ᠎ᠤᠨ ᠶᠠᠮᠤᠨ᠎ᠤ ᠰᠠᠭᠤᠷᠢ ᠰᠤᠷᠭᠠᠨ ᠬᠥᠮᠦᠵᠢᠯ᠎ᠤᠨ ᠵᠤᠷᠭᠠᠨ᠎ᠤ ᠳᠠᠷᠤᠭ᠎ᠠ ᠯᠢᠦᠶ ᠢᠦᠶ ᠭᠠᠩ ᠰᠣᠨᠢᠨ ᠮᠡᠳᠡᠭᠡ ᠨᠡᠢᠲᠡᠯᠡᠬᠦ᠌ ᠬᠤᠷᠠᠯ ᠳᠡᠭᠡᠷ᠎ᠡ᠂ ᠬᠢᠴᠢᠶᠡᠯ᠎ᠤᠨ ᠳᠠᠷᠠᠭᠠᠬᠢ ᠦᠢᠯᠡᠴᠢᠯᠡᠭᠡ᠎ᠶ᠋ᠢ ᠬᠡᠷ᠎ᠤᠨ ᠠᠬᠠᠮᠠᠳ᠎ᠤᠨ ᠲᠤᠯᠭᠠᠮ ᠱᠠᠭᠠᠷᠳᠠᠵᠤ ᠪᠠᠢᠭ᠎ᠠ ᠬᠦᠴᠢᠷᠳᠡᠵᠤ ᠪᠠᠢᠭ᠎ᠠ ᠬᠦᠰᠡᠵᠤ ᠪᠠᠢᠭ᠎ᠠ ᠠᠰᠠᠭᠤᠳᠠᠯ᠎ᠢ ᠱᠢᠶᠳᠪᠦᠷᠢᠯᠡᠬᠦ᠌ ᠨᠢᠭᠡᠨ ᠴᠢᠬᠤᠯᠠ ᠠᠷᠠᠳ᠎ᠤᠨ ᠠᠮᠢᠳᠤᠷᠠᠯ᠎ᠤᠨ ᠢᠨᠵᠧᠨᠧᠷᠢᠩ ᠪᠣᠯᠭᠠᠵᠤ᠂ ᠪᠥᠬᠦᠨ᠎ᠢ ᠪᠦᠷᠬᠦᠭᠦᠯᠬᠦ᠂ ᠴᠠᠭ᠎ᠢ ᠪᠠᠲᠤᠯᠠᠬᠤ᠂ ᠶᠠᠰᠤ ᠴᠢᠨᠠᠷ᠎ᠢ ᠳᠡᠭᠡᠭ᠌ᠰᠢᠯᠡᠭᠦᠯᠬᠦ᠂ ᠪᠠᠲᠤᠯᠠᠭ᠎ᠠ᠎ᠶ᠋ᠢ ᠴᠢᠩᠭᠠᠷᠠᠭᠤᠯᠬᠤ᠎ᠶ᠋ᠢ ᠪᠡᠶᠡᠯᠡᠭᠦᠯᠦᠨ᠎ᠡ᠃ ᠬᠢᠴᠢᠶᠡᠯ᠎ᠤᠨ ᠳᠠᠷᠠᠭᠠᠬᠢ ᠦᠢᠯᠡᠴᠢᠯᠡᠭᠡ᠎ᠶ᠋ᠢᠨ 《5 + 2》 ᠎ᠤᠨ ᠵᠠᠭ᠍ᠪᠤᠷ᠎ᠢ ᠬᠡᠷᠡᠭ᠌ᠵᠢᠭᠦᠯᠦᠨ᠎ᠡ᠂ ᠲᠤᠬᠠᠢᠯᠠᠪᠠᠯ ᠰᠤᠷᠭᠠᠭᠤᠯᠢ᠎ᠨᠢ ᠭᠠᠷᠠᠭ ᠪᠦᠷᠢ᠎ᠶ᠋ᠢᠨ 5 ᠡᠳᠦᠷ᠎ᠲᠤ ᠬᠢᠴᠢᠶᠡᠯ᠎ᠤᠨ ᠳᠠᠷᠠᠭᠠᠬᠢ ᠦᠢᠯᠡᠴᠢᠯᠡᠭᠡ ᠥᠷᠨᠢᠭᠦᠯᠵᠦ᠍᠂ ᠡᠳᠦᠷ ᠪᠦᠷᠢ ᠨᠠᠭᠠᠳᠤ ᠵᠠᠬ᠎ᠠ᠎ᠳᠠᠭᠠᠨ 2 ᠴᠠᠭ ᠥᠷᠨᠢᠭᠦᠯᠵᠦ᠍᠂ ᠲᠡᠭᠦᠰᠭᠦ ᠴᠠᠭ᠎ᠢ ᠲᠤᠬᠠᠶ᠎ᠶ᠋ᠢᠨ ᠭᠠᠵᠠᠷ᠎ᠤᠨ ᠬᠡᠪ᠎ᠤᠨ ᠠᠵᠢᠯ᠎ᠠᠴᠠ᠎ᠪᠠᠨ ᠪᠠᠭᠤᠬᠤ ᠴᠠᠭ᠎ᠲᠠᠢ ᠵᠣᠯᠭᠠᠭᠤᠯᠬᠤ ᠬᠡᠷᠡᠭ᠌ᠳᠠᠢ᠃ ᠬᠡᠷᠪᠡ ᠤᠨᠴᠠ ᠵᠠᠷᠢᠮ ᠬᠦᠮᠦᠰ ᠴᠠᠭ᠎ᠢ ᠤᠷᠳᠤᠳᠭᠠᠬᠤ ᠬᠡᠷᠡᠭ᠌ᠴᠡᠭᠡ᠎ᠲᠠᠢ ᠪᠠᠢᠪᠠᠯ᠂ ᠦᠢᠯᠡᠴᠢᠯᠡᠭᠡ᠎ᠶ᠋ᠢᠨ ᠴᠠᠭ᠎ᠢ ᠤᠷᠳᠤᠳᠭᠠᠬᠤ ᠬᠡᠷᠡᠭ᠌ᠲᠡᠢ ᠭᠡᠵᠤ ᠢᠯᠡᠳᠭᠡᠪᠡ᠃

ᠯᠢᠦᠶ ᠢᠦᠶ ᠭᠠᠩ᠂ ᠰᠤᠷᠭᠠᠭᠤᠯᠢ᠎ᠨᠤᠭᠤᠳ ᠰᠤᠷᠭᠠᠭᠤᠯᠢ ᠡᠷᠭᠢᠯᠡᠬᠦ᠌ ᠣᠨᠴᠠᠯᠢᠭ᠂ ᠰᠤᠷᠤᠭ᠍ᠴᠢᠳ᠎ᠤᠨ ᠰᠤᠷᠤᠯᠴᠠᠬᠤ ᠪᠠ ᠦᠰᠦᠨ ᠬᠦᠮᠦᠵᠢᠬᠦ᠌ ᠬᠡᠷᠡᠭ᠌ᠴᠡᠭᠡ᠎ᠲᠠᠢ ᠤᠶᠠᠯᠳᠤᠭᠤᠯᠤᠨ᠂ ᠤᠯᠠᠨ ᠵᠦᠢᠯ᠎ᠤᠨ ᠬᠢᠴᠢᠶᠡᠯ᠎ᠤᠨ ᠳᠠᠷᠠᠭᠠᠬᠢ ᠦᠢᠯᠡᠴᠢᠯᠡᠭᠡ᠎ᠶ᠋ᠢ ᠢᠳᠡᠪᠬᠢᠲᠡᠶ ᠨᠡᠭᠡᠭᠡᠨ ᠲᠣᠬᠢᠷᠠᠭᠤᠯᠤᠨ᠂ ᠲᠠᠲᠠᠬᠤ ᠬᠦᠴᠦᠨ ᠪᠠ ᠪᠦᠲᠦᠮᠵᠢᠲᠦ ᠴᠢᠨᠠᠷ᠎ᠢ ᠦᠨᠡᠨ ᠬᠦ᠌ ᠴᠢᠩᠭᠠᠳᠭᠠᠬᠤ ᠬᠡᠷᠡᠭ᠌ᠲᠡᠶ᠃ ᠨᠢᠭᠡ ᠲᠠᠯ᠎ᠠ᠎ᠪᠠᠷ᠂ ᠰᠤᠷᠤᠭ᠍ᠴᠢᠳ᠎ᠢ ᠵᠢᠯᠣᠭᠤᠳᠴᠤ᠌ ᠳᠠᠰᠭᠠᠯ ᠲᠠᠭᠠᠭᠠᠯᠭᠠᠪᠦᠷᠢ᠎ᠶ᠋ᠢ᠎ᠨᠢ ᠨᠠᠷᠢᠨ ᠬᠢᠨᠠᠮᠠᠭᠠᠢ ᠪᠡᠶᠡᠯᠡᠭᠦᠯᠵᠦ᠍᠂ ᠰᠤᠷᠤᠯᠭ᠎ᠠ᠎ᠳᠠᠭᠠᠨ ᠬᠦᠴᠢᠷᠳᠡᠵᠦ᠍ ᠪᠠᠢᠭ᠎ᠠ ᠰᠤᠷᠤᠭ᠍ᠴᠢᠳ᠎ᠢ ᠵᠢᠭᠠᠨ ᠵᠢᠯᠤᠭᠤᠳᠴᠤ᠌᠂ ᠳᠡᠳᠡᠨ᠎ᠤ ᠮᠠᠳᠠᠭ᠎ᠲᠠᠢ ᠪᠠᠢᠭ᠎ᠠ ᠠᠰᠠᠭᠤᠳᠠᠯ᠎ᠳᠤᠨᠢ ᠬᠠᠷᠢᠭᠤᠯᠳᠠ ᠦᠭ᠌ᠴᠤ᠂ ᠰᠤᠷᠤᠯᠭ᠎ᠠ᠎ᠳᠠᠭᠠᠨ ᠰᠡᠳᠭᠢᠯ ᠲᠠᠯᠪᠢᠬᠤ ᠦᠭᠡᠢ ᠪᠠᠢᠭ᠎ᠠ ᠰᠤᠷᠤᠭ᠍ᠴᠢᠳ᠎ᠤᠨ ᠰᠤᠷᠤᠯᠴᠠᠬᠤ ᠣᠷᠣᠨ ᠵᠠᠢ᠎ᠶ᠋ᠢ ᠥᠷᠭᠡᠳᠭᠡᠵᠦ᠍ ᠦᠭ᠌ᠬᠦ ᠬᠡᠷᠡᠭ᠌ᠲᠡᠢ; ᠨᠦᠭᠦᠭᠡ ᠲᠠᠯ᠎ᠠ᠎ᠪᠠᠷ᠂ ᠤᠯᠠᠨ ᠰᠠᠢᠬᠠᠨ ᠤᠳᠭ᠎ᠠ ᠤᠷᠠᠯᠢᠭ᠂ ᠪᠡᠶ᠎ᠡ᠎ᠶ᠋ᠢᠨ ᠲᠠᠮᠢᠷ᠂ ᠬᠥᠳᠡᠯᠮᠦᠷᠢ᠂ ᠤᠩᠱᠢᠯᠭ᠎ᠠ᠂ ᠳᠤᠷ᠎ᠠ ᠰᠣᠨᠢᠷᠬᠠᠯ᠎ᠤᠨ ᠳᠤᠭᠤᠢᠯᠠᠩ ᠵᠢᠴᠢ ᠪᠦᠯᠬᠦᠮ᠎ᠤᠨ ᠠᠵᠢᠯᠯᠠᠭ᠎ᠠ᠎ᠶ᠋ᠢ ᠥᠷᠨᠢᠭᠦᠯᠵᠦ᠍᠂ ᠰᠤᠷᠤᠭ᠍ᠴᠢᠳ᠎ᠤᠨ ᠠᠳᠠᠯᠢ ᠪᠤᠰᠤ ᠬᠡᠷᠡᠭ᠌ᠴᠡᠭᠡ᠎ᠶ᠋ᠢ ᠴᠢᠷᠮᠠᠢᠨ ᠬᠠᠩᠭᠠᠬᠤ ᠬᠡᠷᠡᠭ᠌ᠲᠡᠢ᠃ ᠭᠡᠪᠡᠴᠦ᠍ ᠬᠢᠴᠢᠶᠡᠯ᠎ᠤᠨ ᠳᠠᠷᠠᠭᠠᠬᠢ ᠦᠢᠯᠡᠴᠢᠯᠡᠭᠡᠨ᠎ᠤ ᠴᠠᠭ᠎ᠢ ᠠᠱᠢᠬ᠍ᠯᠠᠨ ᠱᠢᠨ᠎ᠡ ᠬᠢᠴᠢᠶᠡᠯ ᠤᠷᠤᠵᠤ ᠪᠣᠯᠬᠤ ᠦᠭᠡᠢ ᠭᠡᠵᠠᠢ᠃  (ᠱᠢᠨᠬᠤᠸᠠ ᠬᠤᠷᠢᠶᠠᠨ᠎ᠤ ᠪᠡᠭᠡᠵᠢᠩ᠎ᠤᠨ 7 ᠰᠠᠷ᠎ᠠ᠎ᠶ᠋ᠢᠨ 13 ᠎ᠤ ᠴᠠᠬᠢᠯᠭᠠᠨ ᠮᠡᠳᠡᠭᠡ )

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号