ᠲᠦᠷᠦᠬᠦᠬᠡᠨ᠂ ᠤᠯᠠᠭᠠᠨᠬᠠᠳᠠ ᠬᠤᠲᠠ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠡᠯᠭᠡᠯᠡᠬᠦ᠌ ᠲᠦᠪᠯᠡᠷᠡᠭᠦᠯᠦᠨ ᠲᠠᠩᠭᠠᠷᠢᠬ᠍ᠯᠠᠬᠤ ᠠᠵᠢᠯᠯᠠᠭ᠎ᠠ ᠦᠷᠨᠢᠭᠦᠯᠪᠡ᠃
ᠤᠯᠠᠭᠠᠨᠬᠠᠳᠠ᠎ᠶ᠋ᠢᠨ ᠦᠷᠡᠭ᠌ᠳᠡᠭ᠌ᠰᠡᠨ ᠪᠠᠭᠠᠲᠤᠷᠴᠤᠳ᠎ᠤᠨ ᠤᠩᠭᠤᠨ᠎ᠤ ᠬᠦᠷᠢᠶᠡᠯᠡᠩ ᠵᠢᠴᠢ ᠡᠯ᠎ᠡ ᠬᠤᠱᠢᠭᠤ ᠱᠢᠶᠠᠨ ᠲᠤᠭᠤᠷᠢᠭ᠂ ᠦᠪᠦᠷ ᠮᠤᠩᠭᠤᠯ᠎ᠤᠨ ᠫᠢᠩᠵᠤᠸᠠᠩ᠎ᠤᠨ ᠨᠡᠭᠦᠷᠡᠰᠦᠨ᠎ᠤ ᠦᠢᠯᠡᠰ᠎ᠤᠨ (ᠪᠦᠯᠦᠭ᠌ᠯᠡᠯ) ᠺᠤᠮᠫᠠᠨᠢ᠂ ᠶᠤᠸᠠᠨ ᠪᠤᠤ ᠱᠠᠨ᠎ᠤ ᠴᠠᠬᠢᠯᠭᠠᠨ ᠭᠠᠷᠭᠠᠬᠤ ᠦᠢᠯᠡᠳᠪᠦᠷᠢ ᠵᠡᠷᠭᠡ 14 ᠬᠤᠪᠢᠶᠡᠷᠢ ᠬᠤᠷᠠᠯ᠎ᠤᠨ ᠲᠠᠯᠠᠪᠠᠢ᠎ᠶ᠋ᠢᠨ ᠨᠡᠢᠳᠡ 1 ᠲᠦᠮᠡ ᠭᠠᠷᠤᠢ ᠨᠠᠮ᠎ᠤᠨ ᠭᠡᠱᠢᠭᠦᠨ ᠨᠠᠮ᠎ᠤᠨ ᠲᠤᠭ᠎ᠤᠨ ᠡᠮᠦᠨ᠎ᠡ᠂ ᠪᠠᠷᠠᠭᠤᠨ ᠭᠠᠷ᠎ᠢᠶᠠᠨ ᠡᠷᠭᠦᠨ ᠲᠦᠪ ᠴᠢᠩᠭ᠎ᠠ᠎ᠪᠠᠷ ᠲᠠᠩᠭᠠᠷᠢᠬ᠍ᠯᠠᠵᠥ᠍᠂ ᠰᠦᠷ ᠳᠠᠯᠠᠢᠴᠠᠲᠠᠢ ᠲᠠᠩᠭᠠᠷᠢᠬ᠍ᠯᠠᠬᠤ ᠳᠠᠭᠤᠨ᠎ᠨᠢ ᠤᠯᠠᠭᠠᠨᠬᠠᠳᠠ᠎ᠶ᠋ᠢᠨ ᠡᠬᠡ ᠭᠠᠵᠠᠷ ᠳᠡᠭᠡᠷ᠎ᠡ ᠬᠠᠩᠭᠢᠨᠠᠨ ᠴᠤᠤᠷᠢᠶᠠᠳᠤᠨ᠎ᠠ᠃ ᠲᠠᠩᠭᠠᠷᠢᠬ᠍ᠯᠠᠬᠤ ᠠᠵᠢᠯᠯᠠᠭ᠎ᠠ᠎ᠳᠤ ᠤᠷᠤᠯᠴᠠᠭ᠍ᠰᠠᠨ ᠨᠠᠮ᠎ᠤᠨ ᠭᠡᠱᠢᠭᠦᠳ᠂ ᠦᠪᠡᠷ᠎ᠤᠨ ᠨᠢᠭᠡ ᠨᠠᠰᠤ᠎ᠪᠠᠷ᠎ᠢᠶᠠᠨ ᠲᠦᠪ ᠴᠢᠩᠭ᠎ᠠ ᠲᠠᠩᠭᠠᠷᠢᠭ᠎ᠢᠶᠠᠨ ᠦᠢᠯᠡᠳᠦᠯᠭᠡᠵᠢᠭᠦᠯᠵᠦ᠍᠂ ᠬᠤᠪᠢᠰᠭᠠᠯ᠎ᠤᠨ ᠤᠯᠠᠮᠵᠢᠯᠠᠯ᠎ᠢ ᠵᠠᠯᠭᠠᠮᠵᠢᠯᠠᠨ᠂ ᠪᠤᠲᠠᠲᠠᠢ ᠠᠵᠢᠯ᠎ᠤᠨ ᠳᠤᠮᠳᠠ ᠨᠠᠮ᠎ᠤᠨ ᠭᠡᠱᠢᠭᠦᠨ᠎ᠤ ᠬᠤᠱᠢᠭᠤᠴᠢ ᠵᠢᠱ᠌ᠢᠶᠡᠴᠢ ᠦᠢᠯᠡᠳᠦᠯ᠎ᠢᠶᠠᠨ ᠦᠨᠡᠨ ᠬᠦ᠌ ᠪᠠᠳᠠᠷᠠᠭᠤᠯᠵᠤ᠂ ᠤᠯᠠᠭᠠᠨᠬᠠᠳᠠ᠎ᠶ᠋ᠢᠨ ᠴᠢᠨᠠᠷ ᠰᠠᠢᠲᠠᠢ ᠬᠦᠭ᠌ᠵᠢᠯᠲᠡ᠎ᠳᠤ ᠨᠡᠩ ᠬᠦᠴᠦᠷᠬᠡᠭ ᠬᠦᠴᠦᠨ ᠬᠠᠩᠭᠠᠨ᠎ᠠ ᠭᠡᠵᠦ᠍ ᠲᠠᠩᠭᠠᠷᠢᠬ᠍ᠯᠠᠵᠠᠢ᠃

ᠤᠯᠠᠭᠠᠨᠬᠠᠳᠠ ᠶ᠋ᠢᠨ ᠦᠷᠡᠭ᠌ᠳᠡᠭ᠌ᠰᠡᠨ ᠪᠠᠭᠠᠲᠤᠷᠴᠤᠳ ᠤᠨ
ᠤᠩᠭᠤᠨ᠎ᠤ ᠬᠦᠷᠢᠶᠡᠯᠡᠩ᠎ᠳᠤ ᠲᠠᠩᠭᠠᠷᠢᠬ᠍ᠯᠠᠵᠤ ᠪᠠᠢᠭ᠎ᠠ᠎ᠨᠢ᠃
2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄tn@mgyxw.net 蒙ICP备10000005号