ᠤᠢ᠍ᠢᠷ᠎ᠠ᠎ᠶ᠋ᠢᠨ ᠡᠳᠦᠷ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠡᠯᠭᠡᠯᠡᠬᠦ᠌ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠢᠦ᠋ᠢᠴᠢᠤᠸᠠᠨ ᠲᠣᠭᠤᠷᠢᠭ᠎ᠤᠨ ᠪᠠᠢᠴᠠᠭᠠᠬᠤ ᠬᠤᠷᠢᠶ᠎ᠠ᠎ᠳᠤ ᠴᠢᠩᠭ᠎ᠠ ᠲᠤᠰᠭᠠᠯ ᠭᠠᠷᠴᠤ᠌᠂ ᠬᠤᠷᠢᠶᠠᠨ᠎ᠤ ᠨᠠᠮ᠎ᠤᠨ ᠤᠳᠤᠷᠢᠳᠭᠤ ᠳᠤᠭᠤᠢᠯᠠᠩ᠎ᠠᠴᠠ ᠶᠡᠷᠦᠩᠬᠡᠢ ᠱᠦᠵᠢ ᠰᠢ᠎ᠶ᠋ᠢᠨ ᠫᠢᠩ᠎ᠤᠨ 《7 · 1》 ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠬᠤ᠎ᠶ᠋ᠢ ᠣᠳᠣᠬᠠᠨ᠎ᠤ ᠪᠠ ᠬᠤᠢᠱᠢᠳᠠ᠎ᠶ᠋ᠢᠨ ᠨᠢᠭᠡ ᠬᠤᠭᠤᠴᠠᠭᠠᠨ᠎ᠤ ᠲᠡᠷᠢᠭᠦᠨ ᠴᠢᠬᠤᠯᠠ ᠶᠠᠪᠤᠳᠠᠯ ᠪᠠ ᠴᠢᠬᠤᠯᠠ ᠶᠡᠭᠡ ᠤᠯᠤᠰ ᠲᠦᠷᠦ᠎ᠶ᠋ᠢᠨ ᠡᠭᠦᠷᠭᠡ ᠪᠣᠯᠭᠠᠬᠤ᠎ᠶ᠋ᠢᠨ ᠬᠠᠮᠲᠤ ᠱᠢᠷᠢᠰ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ ᠪᠣᠳᠠᠲᠤ ᠠᠵᠢᠯᠯᠠᠭ᠎ᠠ᠎ᠪᠠᠷ᠎ᠢᠶᠠᠨ ᠬᠥᠮᠦᠵᠢᠯ ᠴᠡᠭ᠌ᠴᠡᠯᠡᠯᠲᠡ᠎ᠶ᠋ᠢᠨ ᠦᠷ᠎ᠡ ᠪᠦᠲᠦᠮᠵᠢ᠎ᠶ᠋ᠢ ᠱᠢᠯᠭᠠᠨ ᠪᠠᠢᠴᠠᠭᠠᠬᠤ ᠬᠡᠷᠡᠭ᠌ᠳᠡᠢ ᠬᠡᠵᠦ᠍ ᠴᠢᠬᠤᠯᠠᠴᠢᠯᠠᠪᠠ᠃
ᠢᠦ᠋ᠢᠴᠢᠤᠸᠠᠨ ᠲᠣᠭᠤᠷᠢᠭ᠎ᠤᠨ ᠪᠠᠢᠴᠠᠭᠠᠬᠤ ᠬᠤᠷᠢᠶ᠎ᠠ ᠪᠦᠬᠦ᠌ ᠺᠠᠳ᠋ᠷ ᠴᠠᠭ᠍ᠳᠠᠭ᠎ᠠ᠎ᠶ᠋ᠢ ᠵᠣᠬᠢᠶᠠᠨ ᠪᠠᠢᠭᠤᠯᠵᠤ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠣᠶ᠎ᠶ᠋ᠢ ᠪᠡᠯᠭᠡᠯᠡᠬᠦ᠌ ᠶᠡᠭᠡ ᠬᠤᠷᠠᠯ᠎ᠤᠨ ᠱᠢᠭᠤᠳ ᠨᠡᠪᠲᠡᠷᠡᠭᠦᠯᠭᠡ᠎ᠶ᠋ᠢ ᠦᠵᠡᠭᠦᠯᠪᠠ᠂ ᠶᠡᠷᠦᠩᠬᠡᠢ ᠱᠦᠵᠢ ᠰᠢ᠎ᠶ᠋ᠢᠨ ᠫᠢᠩ᠎ᠤᠨ 《7 · 1》 ᠤ ᠴᠢᠬᠤᠯᠠ ᠶᠠᠷᠢᠶ᠎ᠠ ᠲᠤᠰ ᠲᠤᠭᠤᠷᠢᠬ᠎ᠤᠨ ᠺᠠᠳ᠋ᠷ ᠴᠠᠭ᠍ᠳᠠᠭ᠎ᠠ᠎ᠶ᠋ᠢᠨ ᠳᠤᠮᠳᠠ ᠴᠢᠩᠭ᠎ᠠ ᠲᠤᠰᠭᠠᠯ ᠭᠠᠷᠴᠤ᠌᠂ ᠺᠠᠳ᠋ᠷ ᠴᠠᠭ᠍ᠳᠠᠭ᠎ᠠ ᠨᠠᠷ ᠶᠡᠷᠦᠩᠬᠡᠶ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ 《ᠳᠥᠷᠪᠡᠨ ᠤᠬᠠᠮᠰᠠᠷ》 ᠢᠶᠠᠨ ᠴᠢᠩᠭᠠᠳᠭᠠᠵᠤ᠂ 《ᠳᠥᠷᠪᠡᠨ ᠢᠲᠡᠭᠡᠯ》 ᠢᠶᠠᠨ ᠪᠠᠲᠤᠳᠭᠠᠵᠤ᠂ 《ᠬᠤᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠬᠦᠯᠦᠨ᠎ᠡ ᠭᠡᠵᠦ᠍ ᠢᠯᠡᠳᠭᠡᠵᠡᠭᠡᠪᠡ᠃
ᠢᠦ᠋ᠢᠴᠢᠤᠸᠠᠨ ᠲᠣᠭᠤᠷᠢᠭ᠎ᠤᠨ ᠪᠠᠢᠴᠠᠭᠠᠬᠤ ᠬᠤᠷᠢᠶ᠎ᠠ ᠶᠡᠷᠦᠩᠬᠡᠢ ᠱᠦᠵᠢ ᠰᠢ᠎ᠶ᠋ᠢᠨ ᠫᠢᠩ᠎ᠤᠨ 《7 · 1》 ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠲᠡᠷᠢᠭᠦᠨ ᠴᠢᠬᠤᠯᠠ ᠤᠯᠤᠰ ᠲᠦᠷᠦ᠎ᠶ᠋ᠢᠨ ᠡᠭᠦᠷᠭᠡ ᠪᠣᠯᠭᠠᠵᠤ᠂ ᠨᠠᠮ᠎ᠤᠨ ᠤᠳᠤᠷᠢᠳᠭᠤ ᠳᠤᠭᠤᠢᠯᠠᠩ᠎ᠤᠨ ᠬᠤᠷᠠᠯ ᠬᠤᠷᠠᠯᠳᠤᠭᠤᠯᠵᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠲᠤᠰᠭᠠᠢ ᠰᠡᠳᠦᠪ᠎ᠢᠶᠠᠷ ᠰᠤᠷᠤᠯᠴᠠᠨ ᠲᠤᠭᠤᠱᠢᠯᠠᠭᠤᠯᠵᠤ᠂ ᠨᠠᠢᠳᠠᠪᠤᠷᠢᠵᠢᠭᠤᠯᠬᠤ ᠠᠷᠭ᠎ᠠ ᠬᠡᠮᠵᠢᠶ᠎ᠡ᠎ᠶ᠋ᠢ ᠪᠠᠢᠷᠢᠯᠠᠭᠤᠯᠬᠤ᠎ᠶ᠋ᠢᠨ ᠬᠠᠮᠳᠤ᠂ ᠨᠠᠮ᠎ᠤᠨ ᠬᠠᠷᠢᠴᠠᠯᠠᠰᠢ ᠦᠭᠡᠢ ᠤᠳᠤᠷᠢᠳᠤᠯᠭ᠎ᠠ᠎ᠶ᠋ᠢ ᠢᠮᠠᠭ᠍ᠲᠠ ᠲᠡᠷᠢᠭᠦᠨ ᠪᠠᠢᠷᠢᠨ᠎ᠳᠤ ᠲᠠᠯᠪᠢᠵᠤ᠂ ᠠᠷᠠᠳ ᠲᠦᠮᠡᠨ᠎ᠢᠶᠠᠷ ᠭᠤᠣᠯ ᠪᠣᠯᠭᠠᠬᠤ᠎ᠶ᠋ᠢ ᠢᠮᠠᠭ᠍ᠲᠠ ᠪᠠᠷᠢᠮᠲᠠᠯᠠᠵᠤ ᠂ ᠠᠷᠠᠳ᠎ᠤᠨ ᠲᠥᠯᠥᠭᠡ ᠭᠡᠬᠦ᠌ ᠤᠭ ᠰᠠᠨᠠᠭ᠎ᠠ᠎ᠪᠠᠨ ᠦᠢᠯᠡᠳᠦᠯᠭᠡᠵᠢᠭᠦᠯᠵᠦ᠍ ᠪᠠᠢᠴᠠᠭᠠᠬᠤ ᠡᠭᠦᠷᠭᠡ ᠬᠠᠷᠢᠭᠤᠴᠠᠯᠭ᠎ᠠ᠎ᠪᠠᠨ ᠵᠣᠷᠢᠭ᠍ᠲᠠᠢ ᠡᠭᠦᠷᠭᠡᠯᠡᠬᠦ᠌ ᠬᠡᠷᠡᠭ᠌ᠲᠡᠢ ᠭᠡᠵᠦ᠍ ᠱᠠᠭᠠᠷᠳᠠᠪᠠ᠃