ᠨᠠᠮ᠎ᠤᠨ ᠲᠥᠪ ᠬᠤᠷᠢᠶ᠎ᠠ᠂ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠴᠢᠬᠤᠯᠠ ᠶᠡᠭᠡ ᠱᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠪᠣᠳᠠᠲᠠᠶ᠎ᠳᠤ ᠨᠠᠢᠳᠠᠪᠤᠷᠢᠵᠢᠭᠤᠯᠬᠤ᠎ᠶ᠋ᠢ ᠠᠬᠢᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠥᠪᠵᠢᠭᠦᠯᠭᠡ᠎ᠶ᠋ᠢᠨ ᠰᠠᠢᠨ ᠡᠬᠢᠯᠡᠯᠳᠡ᠎ᠶ᠋ᠢ ᠪᠠᠲᠤᠯᠠᠬᠤ᠎ᠶ᠋ᠢᠨ ᠲᠤᠯᠠᠳᠠ᠂ ᠲᠥᠷᠥ᠎ᠶ᠋ᠢᠨ ᠶᠠᠪᠤᠳᠠᠯ᠎ᠤᠨ ᠬᠤᠷᠢᠶ᠎ᠠ 8 ᠰᠠᠷ᠎ᠠ᠎ᠶ᠋ᠢᠨ ᠬᠤᠷᠢᠳ᠎ᠠᠴᠠ 9 ᠰᠠᠷ᠎ᠠ᠎ᠶ᠋ᠢᠨ ᠠᠷᠪᠠᠳ ᠪᠣᠯᠲᠠᠯ᠎ᠠ ᠨᠠᠢ᠍ᠮᠠᠳᠤᠭᠠᠷ ᠤᠳᠠᠭᠠᠨ᠎ᠤ ᠶᠡᠭᠡ ᠱᠠᠯᠠᠪᠳᠠᠭᠤᠯᠤᠨ ᠪᠠᠢᠴᠠᠭᠠᠯᠲᠠ᠎ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠳᠤ ᠱᠠᠯᠠᠪᠳᠠᠭᠤᠯᠤᠨ ᠪᠠᠢᠴᠠᠭᠠᠬᠤ ᠳᠤᠭᠤᠢᠯᠠᠩ ᠲᠣᠮᠢᠯᠠᠵᠤ ᠲᠤᠬᠠᠶ᠎ᠶ᠋ᠢᠨ ᠭᠠᠵᠠᠷ᠎ᠲᠤᠨᠢ ᠱᠠᠯᠠᠪᠳᠠᠭᠤᠯᠤᠨ ᠪᠠᠢᠴᠠᠭᠠᠬᠤ᠎ᠪᠠᠷ ᠪᠤᠢ᠃ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ 《ᠢᠨᠲ᠋ᠧᠷ ᠰᠦᠯᠵᠢᠶ᠎ᠡ + ᠱᠠᠯᠠᠪᠳᠠᠭᠤᠯᠤᠨ ᠪᠠᠢᠴᠠᠭᠠᠬᠤ》 ᠲᠠᠪᠴᠠᠩ᠎ᠤᠨ ᠵᠢᠵᠢᠭ ᠫᠷᠤᠭ᠌ᠷᠠᠮ (ᠵᠢᠵᠢᠭ ᠫᠷᠤᠭ᠌ᠷᠠᠮ᠎ᠤᠨ ᠮᠡᠷᠭᠡᠨ ᠴᠤᠬᠤᠷ᠎ᠨᠢ ᠳᠤᠤᠷᠠᠬᠢ ᠮᠡᠲᠦ) ᠳᠤ ᠭᠠᠷᠴᠤ᠌᠂ ᠭᠠᠢᠯᠢ᠎ᠶ᠋ᠢ ᠪᠠᠭᠠᠰᠭᠠᠵᠤ ᠰᠦᠢᠳᠭᠡᠯ᠎ᠢ ᠪᠠᠭᠤᠷᠠᠭᠤᠯᠤᠨ ᠠᠵᠤ ᠠᠬᠤᠢᠯᠠᠯ᠎ᠤᠨ ᠬᠥᠭ᠌ᠵᠢᠯᠲᠡ᠎ᠶ᠋ᠢ ᠲᠠᠮᠵᠢᠬᠦ᠂ ᠳᠣᠲᠣᠭᠠᠳᠤ ᠬᠡᠷᠡᠭ᠌ᠴᠡᠭᠡ᠎ᠶ᠋ᠢ ᠥᠷᠭᠡᠳᠭᠡᠨ ᠠᠵᠢᠯ ᠣᠯᠭᠤᠯᠲᠠ᠎ᠶ᠋ᠢ ᠪᠠᠲᠤᠯᠠᠵᠤ ᠠᠷᠠᠳ᠎ᠤᠨ ᠠᠮᠢᠳᠤᠷᠠᠯ᠎ᠢ ᠪᠠᠲᠤᠯᠠᠬᠤ᠂ 《ᠲᠠᠯᠪᠢᠬᠤ ᠬᠠᠮᠢᠶᠠᠷᠬᠤ ᠦᠢᠯᠡᠴᠢᠯᠡᠬᠦ᠌》 ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠢ ᠱᠢᠯᠢᠳᠡᠭ᠌ᠵᠢᠭᠦᠯᠬᠦ᠂ ᠱᠢᠨ᠎ᠡ᠎ᠶ᠋ᠢ ᠡᠭᠦᠳᠬᠦ᠌᠎ᠪᠠᠷ ᠬᠥᠳᠡᠯᠭᠡᠭᠦᠷ ᠪᠣᠯᠭᠠᠬᠤ ᠬᠥᠭ᠌ᠵᠢᠯᠲᠡ᠎ᠶ᠋ᠢ ᠠᠬᠢᠭᠤᠯᠬᠤ ᠵᠡᠷᠭᠡ ᠲᠠᠯ᠎ᠠ᠎ᠪᠠᠷ ᠭᠤᠤᠯᠳᠠᠭᠤᠯᠤᠨ᠂ ᠨᠠᠮ᠎ᠤᠨ ᠲᠥᠪ ᠬᠤᠷᠢᠶ᠎ᠠ᠂ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠱᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠬᠠᠭᠤᠷᠮᠠᠭ᠂ ᠦᠡᠭ᠌ᠭᠡᠪᠴᠢ᠂ ᠳᠤᠲᠠᠭᠤ ᠳᠣᠷᠭᠤᠨ ᠨᠠᠢᠳᠠᠪᠤᠷᠢᠵᠢᠭᠤᠯᠤᠭ᠍ᠰᠠᠨ᠂ ᠡᠰᠡᠪᠡᠯ ᠦᠭᠡᠷᠡᠳᠦᠭᠦᠯᠦᠨ ᠬᠤᠪᠢᠷᠠᠭᠤᠯᠤᠭ᠍ᠰᠠᠨ᠂ ᠠᠵᠤ ᠠᠬᠤᠢᠯᠠᠯ ᠪᠠ ᠣᠯᠠᠨ ᠲᠦᠮᠡᠨ᠎ᠤ ᠬᠠᠤᠯᠢ ᠶᠣᠰᠣᠨ᠎ᠤ ᠡᠷᠬᠡ ᠠᠱᠢᠭ᠎ᠢ ᠬᠦᠨᠳᠦ ᠨᠣᠴᠢᠲᠠᠶ ᠬᠤᠬᠢᠷᠠᠭᠤᠯᠤᠭ᠍ᠰᠠᠨ᠂ ᠵᠠᠷᠯᠢᠭ ᠪᠠᠢᠪᠠᠴᠤ᠌ ᠬᠡᠷᠡᠭ᠌ᠵᠢᠭᠦᠯᠬᠦ᠌ ᠥᠬᠡᠶ᠂ ᠬᠤᠷᠢᠭ᠎ᠠ ᠪᠠᠢᠪᠠᠴᠤ᠌ ᠵᠤᠬ᠍ᠰᠤᠬᠤ ᠦᠭᠡᠢ ᠵᠢᠴᠢ ᠠᠵᠢᠯ᠎ᠢᠶᠠᠨ ᠥᠯᠥ᠍ ᠬᠢᠬᠦ᠂ ᠠᠵᠢᠯ᠎ᠢᠶᠠᠨ ᠤᠳᠠᠭᠠᠨ ᠬᠢᠬᠦ᠂ ᠳᠤᠷ᠎ᠠ᠎ᠪᠠᠷ᠎ᠢᠶᠠᠨ ᠦᠢᠯᠡᠳᠬᠦ᠌ ᠵᠡᠷᠭᠡ ᠲᠠᠯ᠎ᠠ᠎ᠶ᠋ᠢᠨ ᠠᠰᠠᠭᠤᠳᠠᠯ᠎ᠤᠨ ᠲᠤᠭᠤᠷᠢᠨ᠎ᠳᠤ᠂ ᠤᠯᠠᠨ ᠲᠦᠮᠠᠨ᠎ᠠᠴᠠ ᠰᠦᠪᠡᠭ᠌ᠴᠢ ᠬᠠᠩᠭᠠᠬᠤ᠎ᠶ᠋ᠢ ᠪᠠᠶᠠᠷᠯᠠᠨ ᠤᠭ᠍ᠳᠤᠵᠤ ᠪᠠᠢᠨ᠎ᠠ᠃ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠭᠡᠬᠦ᠌ ᠪᠠ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠦᠲᠦᠮᠵᠢᠲᠡᠶ ᠵᠣᠯᠭᠠᠭᠤᠯᠬᠤ᠂ ᠲᠠᠷᠢᠶᠠᠨ ᠭᠠᠵᠠᠷ᠎ᠢ 《ᠲᠠᠷᠢᠶᠠᠯᠠᠩ᠎ᠤᠨ ᠪᠤᠰᠤ ᠪᠣᠯᠭᠠᠬᠤ》 ᠶ᠋ᠢ ᠬᠤᠷᠢᠭ᠍ᠯᠠᠬᠤ᠂ ᠲᠠᠷᠢᠶᠠᠨ ᠭᠠᠵᠠᠷ᠎ᠢ 《ᠠᠮᠤ ᠪᠤᠳᠠᠭᠠᠨ᠎ᠤ ᠪᠤᠰᠤ ᠪᠣᠯᠭᠠᠬᠤ》 ᠶ᠋ᠢ ᠰᠡᠷᠭᠡᠢᠯᠡᠬᠦ᠂ ᠬᠥᠳᠡᠭᠡ ᠲᠣᠰᠭᠤᠨ᠎ᠤ ᠤᠤᠭᠤᠬᠤ ᠤᠰᠤᠨ᠎ᠤ ᠠᠮᠤᠷ ᠲᠦᠪᠱᠢᠨ᠂ ᠰᠤᠷᠭᠠᠭᠤᠯᠢ᠎ᠶ᠋ᠢᠨ ᠬᠦᠷᠢᠶᠡᠨ᠎ᠤ ᠠᠮᠤᠷ ᠲᠦᠪᠱᠢᠨ ᠵᠡᠷᠭᠡ ᠲᠠᠯ᠎ᠠ᠎ᠳᠤ ᠬᠤᠯᠪᠣᠭ᠍ᠳᠠᠭ᠍ᠰᠠᠨ ᠠᠰᠠᠭᠤᠳᠠᠯ᠎ᠤᠨ ᠰᠦᠪᠡᠭ᠌ᠴᠢ᠎ᠶ᠋ᠢ ᠴᠦ᠍ ᠲᠤᠰ ᠲᠠᠪᠴᠠᠩ᠎ᠢᠶᠠᠷ ᠳᠠᠮᠵᠢᠭᠤᠯᠤᠨ ᠲᠤᠰᠭᠠᠵᠤ ᠪᠣᠯᠤᠨ᠎ᠠ᠃ ᠡᠭᠦᠨ᠎ᠤ ᠳᠣᠲᠣᠷᠠᠬᠢ ᠲᠥᠯᠥᠭᠡᠯᠡᠬᠦ᠌ ᠴᠢᠨᠠᠷᠲᠠᠶ ᠨᠡᠢᠲᠡᠯᠢᠭ ᠠᠰᠠᠭᠤᠳᠠᠯ᠎ᠳᠤ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠱᠠᠯᠠᠪᠳᠠᠭᠤᠯᠤᠨ ᠪᠠᠢᠴᠠᠭᠠᠬᠤ ᠳᠤᠭᠤᠢᠯᠠᠩ ᠰᠦᠪᠡᠭ᠌ᠴᠢ᠎ᠶ᠋ᠢᠨ ᠲᠠᠭᠠᠤ ᠠᠰᠠᠭᠤᠳᠠᠯ᠎ᠢ ᠮᠦᠷᠳᠡᠵᠦ᠍᠂ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ᠎ᠶ᠋ᠢ ᠱᠠᠯᠠᠪᠳᠠᠭᠤᠯᠵᠤ᠂ ᠱᠠᠯᠠᠪᠳᠠᠭᠤᠯᠤᠨ ᠪᠠᠢᠴᠠᠭᠠᠬᠤ ᠲᠤᠭᠤᠢ᠍ᠢᠯᠠᠩ᠎ᠤᠨ ᠭᠤᠷᠪᠠᠨ᠎ᠤ ᠬᠤᠶᠠᠷ᠎ᠠᠴᠠ ᠳᠡᠭᠡᠭ᠌ᠰᠢᠬᠢ ᠠᠵᠢᠯᠲᠠᠨ ᠭᠤᠷᠪᠠᠨ᠎ᠤ ᠬᠤᠶᠠᠷ᠎ᠠᠴᠠ ᠳᠡᠭᠡᠭ᠌ᠰᠢᠬᠢ ᠴᠠᠭ᠎ᠢᠶᠠᠨ ᠰᠦᠪᠡᠭ᠌ᠴᠢ᠎ᠶ᠋ᠢ ᠬᠠᠷᠭᠤᠭᠤᠯᠤᠨ ᠪᠠᠢᠴᠠᠭᠠᠬᠤ ᠪᠠ ᠳᠠᠯᠳᠠᠭᠤᠷ ᠰᠤᠷᠪᠤᠯᠵᠢᠯᠠᠨ ᠱᠠᠯᠠᠪᠳᠠᠭᠤᠯᠤᠨ ᠪᠠᠢᠴᠠᠭᠠᠬᠤ᠎ᠳᠤ ᠬᠡᠷᠡᠭ᠌ᠯᠡᠬᠦ᠌᠎ᠶ᠋ᠢ ᠪᠠᠲᠤᠯᠠᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠠᠵᠤ ᠠᠬᠤᠢᠯᠠᠯ ᠪᠠ ᠣᠯᠠᠨ ᠲᠦᠮᠡᠨ᠎ᠤ ᠠᠩᠬᠠᠷᠴᠤ᠌ ᠪᠠᠢᠭ᠎ᠠ ᠠᠰᠠᠭᠤᠳᠠᠯ᠎ᠳᠤ ᠬᠠᠷᠢᠭᠤᠯᠲᠠ ᠥᠭ᠌ᠭᠦᠨ᠎ᠡ᠃ ᠰᠦᠪᠡᠭ᠌ᠴᠢ ᠴᠤᠭ᠍ᠯᠠᠭᠤᠯᠬᠤ ᠴᠠᠭ᠄ 2021 ᠣᠨ᠎ᠤ 7 ᠰᠠᠷ᠎ᠠ᠎ᠶ᠋ᠢᠨ 16 ᠤ ᠡᠳᠦᠷ᠎ᠠᠴᠠ 8 ᠰᠠᠷ᠎ᠠ᠎ᠶ᠋ᠢᠨ 31 ᠤ ᠡᠳᠦᠷ ᠪᠣᠯᠲᠠᠯ᠎ᠠ᠃
ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠶᠡᠭᠡ᠎ᠪᠠᠷ ᠱᠠᠯᠠᠪᠳᠠᠭᠤᠯᠤᠨ ᠪᠠᠢᠴᠠᠭᠠᠬᠤ ᠠᠵᠢᠯ᠎ᠢ ᠬᠠᠯᠠᠮᠵᠢᠯᠠᠨ ᠳᠡᠮᠵᠢᠬᠦ᠌᠎ᠶ᠋ᠢ ᠬᠥᠰᠡᠵᠥ᠍ ᠪᠠᠢᠨ᠎ᠠ!
ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠱᠠᠯᠠᠪᠳᠠᠭᠤᠯᠤᠨ ᠪᠠᠢᠴᠠᠭᠠᠬᠤ ᠳᠤᠭᠤᠢᠯᠠᠩ
2021 ᠣᠨ᠎ᠤ 7 ᠰᠠᠷ᠎ᠠ᠎ᠶ᠋ᠢᠨ 16 ᠤ ᠡᠳᠦᠷ

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄tn@mgyxw.net 蒙ICP备10000005号