ᠲᠤᠰᠭᠠᠶ ᠮᠡᠷᠭᠡᠵᠢᠯᠲᠡᠨ ᠡᠷᠳᠡᠮᠲᠡᠳ ᠠᠷᠠᠳ᠎ᠠᠴᠠ ᠡᠷᠭᠢᠯᠡᠭ᠌ᠰᠡᠨ ᠰᠤᠷᠭᠠᠨ ᠬᠥᠮᠦᠵᠢᠯ᠎ᠤᠨ ᠴᠢᠨᠠᠷ ᠰᠠᠢᠲᠠᠶ ᠬᠥᠭ᠌ᠵᠢᠯᠳᠡ᠎ᠶ᠋ᠢ ᠠᠬᠢᠭᠤᠯᠬᠤ ᠳᠤᠬᠠᠢ ᠬᠠᠮᠲᠤ᠎ᠪᠠᠷ ᠵᠥᠪᠳᠡᠯᠴᠡᠪᠡ
2021-07-19 10:13:58
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

ᠤᠢ᠍ᠢᠷ᠎ᠡ᠎ᠶ᠋ᠢᠨ ᠡᠳᠦᠷ᠂ ᠪᠥᠬᠦ᠌ ᠤᠯᠤᠰ᠎ᠤᠨ ᠠᠷᠠᠳ᠎ᠠᠴᠠ ᠡᠷᠭᠢᠯᠡᠭ᠌ᠰᠡᠨ ᠰᠤᠷᠭᠠᠨ ᠬᠥᠮᠦᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠰᠤᠳᠤᠯᠤᠨ ᠶᠠᠷᠢᠯᠴᠠᠬᠤ ᠬᠤᠷᠠᠯ ᠵᠢᠴᠢ ᠳᠤᠮᠳᠠᠳᠤ ᠤᠯᠤᠰ᠎ᠤᠨ ᠠᠷᠠᠳ᠎ᠠᠴᠠ ᠡᠷᠭᠢᠯᠡᠭ᠌ᠰᠡᠨ ᠰᠤᠷᠭᠠᠨ ᠬᠥᠮᠦᠵᠢᠯ᠎ᠤᠨ ᠨᠡᠢᠭᠡᠮᠯᠢᠭ᠎ᠤᠨ ᠪᠠᠢᠩᠭᠤ᠎ᠶ᠋ᠢᠨ ᠬᠡᠷᠡᠭ ᠡᠷᠬᠢᠯᠡᠭ᠌ᠴᠢᠳ᠎ᠤᠨ ᠬᠤᠷᠠᠯ ᠬᠥᠬᠡᠬᠤᠲᠠ᠎ᠳᠤ ᠬᠤᠷᠠᠯᠳᠤᠪᠠ᠃

ᠳᠤᠮᠳᠠᠳᠤ ᠤᠯᠤᠰ᠎ᠤᠨ ᠠᠷᠠᠳ᠎ᠠᠴᠠ ᠡᠷᠭᠢᠯᠡᠭ᠌ᠰᠡᠨ ᠰᠤᠷᠭᠠᠨ ᠬᠥᠮᠦᠵᠢᠯ᠎ᠤᠨ ᠨᠡᠢᠭᠡᠮᠯᠢᠭ᠂ ᠡᠯ᠎ᠡ ᠮᠤᠵᠢ᠎ᠶ᠋ᠢᠨ ᠠᠷᠠᠳ᠎ᠠᠴᠠ ᠡᠷᠭᠢᠯᠡᠭ᠌ᠰᠡᠨ ᠰᠤᠷᠭᠠᠨ ᠬᠥᠮᠦᠵᠢᠯ᠎ᠤᠨ ᠨᠡᠢᠭᠡᠮᠯᠢᠭ᠎ᠤᠨ ᠲᠤᠰᠭᠠᠶ ᠮᠡᠷᠭᠡᠵᠢᠯᠲᠡᠨ ᠡᠷᠳᠡᠮᠲᠡᠨ ᠵᠢᠴᠢ ᠬᠡᠰᠡᠭ ᠠᠷᠠᠳ᠎ᠠᠴᠠ ᠡᠷᠭᠢᠯᠡᠭ᠌ᠰᠡᠨ ᠰᠤᠷᠭᠠᠭᠤᠯᠢ᠎ᠶ᠋ᠢᠨ ᠬᠠᠷᠢᠭᠤᠴᠠᠯᠭᠠᠲᠠᠨ ᠨᠠᠷ ᠨᠢᠭᠡ ᠲᠠᠩᠬᠢᠮ᠎ᠳᠤ ᠴᠤᠭ᠍ᠯᠠᠷᠠᠵᠤ᠂ ᠠᠷᠠᠳ᠎ᠠᠴᠠ ᠡᠷᠭᠢᠯᠡᠭ᠌ᠰᠡᠨ ᠰᠤᠷᠭᠠᠨ ᠬᠥᠮᠦᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠠᠷᠭ᠎ᠠ ᠪᠣᠳᠣᠯᠭ᠎ᠠ᠎ᠶ᠋ᠢ ᠬᠠᠮᠲᠤ᠎ᠪᠠᠷ ᠵᠥᠪᠳᠡᠯᠴᠡᠪᠡ᠃ ᠬᠤᠷᠠᠯ᠎ᠠᠴᠠ᠂ ᠣᠳᠣᠬᠠᠨ᠎ᠤ ᠮᠠᠨ᠎ᠤ ᠤᠯᠤᠰ᠎ᠤᠨ ᠠᠷᠠᠳ᠎ᠠᠴᠠ ᠡᠷᠭᠢᠯᠡᠭ᠌ᠰᠡᠨ ᠰᠤᠷᠭᠠᠨ ᠬᠥᠮᠦᠵᠢᠯ᠎ᠤᠨ ᠣᠳᠣᠬᠢ ᠪᠠᠢᠳᠠᠯ᠂ ᠬᠥᠭ᠌ᠵᠢᠯᠲᠡ᠎ᠶ᠋ᠢᠨ ᠰᠡᠳᠭᠢᠴᠡ ᠪᠠ ᠠᠷᠭ᠎ᠠ ᠬᠡᠮᠵᠢᠶ᠎ᠡ᠂ ᠢᠷᠡᠭᠡᠳᠦᠶ᠎ᠶ᠋ᠢᠨ ᠬᠥᠭ᠌ᠵᠢᠯᠲᠡ᠎ᠶ᠋ᠢᠨ ᠬᠠᠨᠳᠤᠰᠢ᠎ᠶ᠋ᠢᠨ ᠳᠤᠬᠠᠢ ᠭᠦᠨᠵᠡᠭᠡᠶ ᠶᠠᠷᠢᠯᠴᠠᠨ ᠰᠠᠨᠠᠯ᠎ᠢᠶᠠᠨ ᠰᠣᠯᠢᠯᠴᠠᠵᠤ᠂ ᠮᠠᠨ᠎ᠤ ᠤᠯᠤᠰ᠎ᠤᠨ ᠠᠷᠠᠳ᠎ᠠᠴᠠ ᠡᠷᠭᠢᠯᠡᠭ᠌ᠰᠡᠨ ᠰᠤᠷᠭᠠᠨ ᠬᠥᠮᠦᠵᠢᠯ᠎ᠤᠨ ᠵᠢᠷᠤᠮᠵᠢᠯ᠂ ᠦᠷᠭᠦᠯᠵᠢᠯᠡᠬᠦ᠋ᠢᠴᠡ ᠬᠥᠭ᠌ᠵᠢᠯᠲᠡ᠎ᠶ᠋ᠢ ᠠᠬᠢᠭᠤᠯᠬᠤ᠎ᠳᠤ ᠣᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠬᠦ᠌᠎ᠶ᠋ᠢ ᠵᠤᠷᠢᠪᠠ᠃

ᠣᠢᠷ᠎ᠠ᠎ᠶ᠋ᠢᠨ ᠵᠢᠯ᠎ᠤᠨ ᠲᠤᠷᠰᠢ᠂ ᠮᠠᠨ᠎ᠤ ᠣᠷᠣᠨ᠎ᠤ ᠠᠷᠠᠳ᠎ᠠᠴᠠ ᠡᠷᠭᠢᠯᠡᠭ᠌ᠰᠡᠨ ᠰᠤᠷᠭᠠᠨ ᠬᠥᠮᠦᠵᠢᠯ᠎ᠤᠨ ᠦᠢᠯᠡᠰ ᠲᠠᠰᠤᠷᠠᠯᠲᠠ ᠥᠬᠡᠶ ᠬᠥᠭ᠌ᠵᠢᠵᠦ᠍᠂ ᠣᠲᠣ ᠨᠢᠭᠡᠨᠲᠡ ᠰᠤᠷᠭᠠᠭᠤᠯᠢ᠎ᠶ᠋ᠢᠨ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠠᠴᠠ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ ᠬᠦᠷᠲᠡᠯ᠎ᠡ᠂ ᠠᠵᠢᠯ ᠮᠡᠷᠭᠡᠵᠢᠯ᠎ᠤᠨ ᠰᠤᠷᠭᠠᠨ ᠬᠥᠮᠦᠵᠢᠯ᠎ᠠᠴᠠ ᠡᠩ᠎ᠤᠨ ᠰᠤᠷᠭᠠᠨ ᠬᠥᠮᠦᠵᠢᠯ ᠬᠦᠷᠲᠡᠯ᠎ᠡ᠂ ᠰᠤᠷᠤᠯᠭ᠎ᠠ᠎ᠶ᠋ᠢᠨ ᠨᠠᠮᠲᠠᠷ᠎ᠤᠨ ᠰᠤᠷᠭᠠᠨ ᠬᠥᠮᠦᠵᠢᠯ᠎ᠠᠴᠠ ᠬᠥᠮᠦᠵᠢᠯ ᠪᠣᠯᠪᠠᠰᠤᠷᠠᠯ ᠨᠡᠯᠢᠶᠡᠳ ᠲᠡᠭᠦᠯᠳᠡᠷᠵᠢᠭ᠌ᠰᠡᠨ ᠠᠷᠠᠳ᠎ᠠᠴᠠ ᠡᠷᠭᠢᠯᠡᠭ᠌ᠰᠡᠨ ᠰᠤᠷᠭᠠᠨ ᠬᠥᠮᠦᠵᠢᠯ᠎ᠤᠨ ᠱᠢᠰᠲ᠋ᠧᠮ᠎ᠢ ᠪᠠᠢᠭᠤᠯᠪᠠ᠃ ᠲᠠᠷᠠᠭᠠᠴᠢ᠎ᠪᠠᠷ᠂ ᠪᠥᠬᠦ᠌ ᠣᠷᠣᠨ᠎ᠤ ᠠᠷᠠᠳ᠎ᠠᠴᠠ ᠡᠷᠭᠢᠯᠡᠭ᠌ᠰᠡᠨ ᠰᠤᠷᠭᠠᠨ ᠬᠥᠮᠦᠵᠢᠯ᠎ᠤᠨ ᠱᠢᠰᠲ᠋ᠧᠮ ᠦᠷᠭᠦᠯᠵᠢᠯᠡᠨ ᠦᠵᠡᠯ ᠰᠠᠨᠠᠭ᠎ᠠ᠎ᠪᠠᠨ ᠴᠢᠯᠥᠭᠡᠯᠡᠵᠦ᠍᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠦᠨ᠂ ᠬᠠᠮᠢᠶᠠᠷᠤᠯᠲᠠ᠎ᠪᠠᠨ ᠵᠢᠷᠤᠮᠵᠢᠭᠤᠯᠤᠨ᠂ ᠢᠯᠡ ᠲᠣᠳᠣ ᠣᠨᠴᠠᠯᠢᠭ᠎ᠲᠠᠢ ᠠᠷᠠᠳ᠎ᠠᠴᠠ ᠡᠷᠭᠢᠯᠡᠭ᠌ᠰᠡᠨ ᠰᠤᠷᠭᠠᠨ ᠬᠥᠮᠦᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠰᠲ᠋ᠧᠮ᠎ᠢ ᠪᠥᠬᠦ᠌ ᠬᠦᠴᠦᠨ᠎ᠢᠶᠠᠷ᠎ᠢᠶᠠᠨ ᠪᠠᠢᠭᠤᠯᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号