ᠬᠡᠦᠬᠡᠳ ᠪᠠᠭᠠᠴᠤᠳ᠎ᠤᠨ ᠵᠤᠨ᠎ᠤ ᠠᠮᠠᠷᠠᠯᠳᠠ᠎ᠪᠠᠨ ᠠᠮᠤᠷ ᠲᠦᠪᠱᠢᠨ᠂ ᠪᠠᠶᠠᠷ ᠬᠥᠷ᠎ᠲᠠᠢ ᠪᠥᠭᠡᠳ ᠤᠳᠭ᠎ᠠ ᠠᠭᠤᠯᠭ᠎ᠠ᠎ᠲᠠᠢ ᠥᠩᠭᠡᠷᠡᠭᠦᠯᠬᠦ᠌᠎ᠶ᠋ᠢ ᠪᠠᠳᠤᠯᠠᠬᠤ᠎ᠶ᠋ᠢᠨ ᠲᠦᠯᠦᠭᠡ᠂ ᠬᠥᠬᠡᠬᠤᠲᠠ᠎ᠶ᠋ᠢᠨ ᠰᠤᠷᠭᠠᠨ ᠬᠥᠮᠦᠵᠢᠯ᠎ᠤᠨ ᠲᠣᠪᠴᠢᠶ᠎ᠠ ᠲᠦᠷᠦᠬᠦᠬᠡᠨ 《ᠵᠣᠨ᠎ᠤ ᠠᠮᠠᠷᠠᠯᠲᠠ᠎ᠳᠤ ᠥᠷᠭᠡᠨ ᠣᠯᠠᠨ ᠬᠡᠷ᠎ᠤᠨ ᠠᠬᠠᠮᠠᠳ᠎ᠲᠤ ᠢᠯᠡᠬᠡᠬᠦ᠌ ᠵᠠᠬᠢᠳᠠᠯ》 ᠢ ᠨᠡᠢᠲᠡᠯᠡᠵᠦ᠍᠂ ᠬᠡᠷ᠎ᠤᠨ ᠠᠬᠠᠮᠠᠳ ᠨᠠᠷ᠎ᠲᠤ ᠵᠣᠨ᠎ᠤ ᠠᠮᠠᠷᠠᠯᠲᠠ᠎ᠶ᠋ᠢᠨ ᠬᠤᠭᠤᠴᠠᠭᠠᠨ᠎ᠳᠤ ᠬᠡᠦᠬᠡᠳ᠎ᠤᠨ᠎ᠢᠶᠠᠨ ᠠᠮᠤᠷ ᠲᠦᠪᠱᠢᠨ᠎ᠢ ᠴᠢᠬᠤᠯᠠᠴᠢᠯᠠᠵᠤ᠂ ᠠᠮᠢ ᠨᠠᠰᠤ᠎ᠶ᠋ᠢ ᠨᠠᠨᠳᠢᠩᠨᠠᠨ᠂ ᠶᠠᠮᠠᠷᠪᠠ ᠠᠳᠡᠯ ᠭᠠᠷᠬᠤ᠎ᠠᠴᠠ ᠰᠡᠷᠭᠡᠢᠯᠡᠬᠦ᠌ ᠬᠡᠷᠡᠭ᠌ᠲᠡᠶ ᠭᠡᠵᠦ᠍ ᠴᠢᠬᠤᠯᠠᠴᠢᠯᠠᠨ ᠰᠠᠨᠠᠭᠤᠯᠪᠠ᠃
ᠬᠥᠬᠡᠬᠤᠲᠠ᠎ᠶ᠋ᠢᠨ ᠰᠤᠷᠭᠠᠨ ᠬᠥᠮᠦᠵᠢᠯ᠎ᠤᠨ ᠲᠣᠪᠴᠢᠶ᠎ᠠ 6 ᠳᠠᠯ᠎ᠠ᠎ᠪᠠᠷ ᠰᠠᠨᠠᠭᠤᠯᠪᠠ᠃ ᠨᠢᠭᠡ᠎ᠳᠤ᠂ ᠤᠰᠤᠨ᠎ᠳᠤ ᠤᠨᠠᠬᠤ᠎ᠶ᠋ᠢ ᠰᠡᠷᠬᠡᠢᠯᠡᠬᠦ᠌ ᠬᠡᠷᠡᠭ᠌ᠳᠡᠢ᠃ ᠬᠡᠦᠬᠡᠳ᠎ᠤᠨ ᠬᠠᠵᠠᠭᠤ ᠬᠠᠪᠢ᠎ᠶ᠋ᠢᠨ ᠬᠦᠮᠦᠨ ᠤᠰᠤᠨ᠎ᠳᠤ ᠤᠨᠠᠭ᠍ᠰᠠᠨᠢ ᠣᠯᠵᠤ ᠮᠡᠳᠡᠪᠡᠯ᠂ ᠳᠠᠷᠦ᠋ᠢᠬᠠᠨ ᠣᠢᠷ᠎ᠠ ᠬᠠᠪᠢ᠎ᠠᠴᠠ᠎ᠪᠠᠨ ᠠᠪᠤᠷᠠᠨ ᠳᠤᠰᠠᠯᠠᠯᠳᠠ ᠭᠤᠶᠤᠬᠤ ᠬᠡᠷᠡᠭ᠌ᠳᠡᠢ᠂ ᠰᠣᠬᠤᠷ ᠪᠠᠯᠠᠶ᠎ᠪᠠᠷ ᠠᠪᠤᠷᠠᠭᠠᠳ ᠨᠠᠩ ᠶᠡᠭᠡ ᠠᠳᠡᠯ ᠡᠬᠦᠰᠭᠦ᠎ᠠᠴᠠ ᠰᠡᠷᠬᠡᠢᠯᠡᠬᠦ᠌ ᠬᠡᠷᠡᠭ᠌ᠳᠡᠢ᠃ ᠬᠤᠶᠠᠷ᠎ᠲᠤ᠌᠂ ᠵᠠᠮ ᠬᠠᠷᠢᠯᠴᠠᠭᠠᠨ᠎ᠤ ᠠᠮᠤᠷ ᠲᠦᠪᠱᠢᠨ᠎ᠢ ᠠᠩᠬᠠᠷᠬᠤ ᠬᠡᠷᠡᠭ᠌ᠳᠡᠢ᠃ ᠪᠦᠬᠦᠯᠢ 12 ᠨᠠᠰᠤ ᠬᠦᠷᠦᠭᠡᠳᠦᠢ ᠬᠡᠦᠬᠡᠳ ᠳᠤᠭᠤᠶ ᠲᠡᠷᠭᠡ ᠤᠨᠤᠬᠤ ᠪᠤᠶᠤ ᠪᠦᠬᠦᠯᠢ 16 ᠨᠠᠰᠤ ᠬᠥᠷᠥᠭᠡ ᠥᠬᠡᠶ ᠪᠣᠯ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠤᠨᠤᠵᠤ ᠵᠠᠮ᠎ᠳᠤ ᠭᠠᠷᠬᠤ ᠥᠬᠡᠶ ᠪᠠᠢᠵᠤ᠂ ᠡᠭᠦᠨ᠎ᠤ ᠬᠠᠮᠲᠤ ᠵᠠᠮ ᠬᠠᠷᠢᠯᠴᠠᠭᠠᠨ᠎ᠤ ᠲᠦᠷᠢᠮ᠎ᠢ ᠴᠢᠩᠭ᠎ᠠ ᠵᠢᠷᠤᠮᠯᠠᠵᠤ᠂ ᠵᠠᠮ ᠬᠠᠷᠢᠯᠴᠠᠭᠠᠨ᠎ᠤ ᠠᠳᠡᠯ ᠭᠠᠷᠪᠠᠯ ᠴᠠᠭ ᠲᠤᠬᠠᠶ᠎ᠳᠤᠨᠢ 122 ᠤᠲᠠᠰᠤ᠎ᠪᠠᠷ ᠴᠠᠭ᠍ᠳᠠᠭ᠎ᠠ᠎ᠳᠤ ᠮᠡᠳᠡᠭᠦᠯᠬᠦ᠌ ᠬᠡᠷᠡᠭ᠌ᠲᠡᠶ᠃ ᠭᠤᠷᠪᠠ᠎ᠳᠤ᠂ ᠭᠠᠯ ᠰᠡᠷᠭᠡᠢᠯᠡᠵᠦ᠍ ᠭᠠᠯ ᠤᠨᠲᠠᠷᠠᠭᠠᠬᠤ ᠠᠮᠤᠷ ᠲᠦᠪᠱᠢᠨ᠎ᠢ ᠠᠩᠬᠠᠷᠤᠶ᠎ᠠ᠃ ᠬᠡᠦᠬᠡᠳ ᠬᠡᠷ᠎ᠲᠡᠭᠡᠨ ᠴᠠᠬᠢᠯᠭᠠᠨ ᠪᠤᠶᠤ ᠱᠢᠳᠠᠮᠠᠬᠠᠢ ᠬᠡᠶ ᠬᠡᠷᠡᠭ᠌ᠯᠡᠵᠦ᠍ ᠭᠠᠯ᠎ᠤᠨ ᠠᠳᠡᠯ ᠭᠠᠷᠭᠠᠬᠤ᠎ᠶ᠋ᠢ ᠰᠡᠷᠬᠡᠢᠯᠡᠶᠡ᠃ ᠬᠡᠷᠪᠡ ᠠᠳᠡᠯ ᠭᠠᠷᠪᠠᠯ ᠨᠦᠢᠲᠠᠨ ᠠᠯᠴᠢᠭᠤᠷ᠎ᠢᠶᠠᠷ ᠠᠮᠠ ᠬᠠᠮᠠᠷ᠎ᠢᠶᠠᠨ ᠪᠥᠭ᠌ᠯᠡᠵᠦ᠍᠂ ᠪᠡᠶ᠎ᠡ ᠪᠥᠬᠦ᠋ᠢᠵᠦ᠍ ᠠᠶᠤᠯ᠎ᠠᠴᠠ ᠵᠢᠭᠤᠳᠠᠪᠠᠯ ᠵᠦᠢᠳᠡᠢ᠂ 119 ᠤᠲᠠᠰᠤ᠎ᠪᠠᠷ ᠴᠠᠭ ᠲᠤᠬᠠᠶ᠎ᠳᠤᠨᠢ ᠴᠠᠭ᠍ᠳᠠᠭ᠎ᠠ᠎ᠳᠤ ᠮᠡᠳᠡᠭᠦᠯᠬᠦ᠌ ᠬᠡᠷᠡᠭ᠌ᠲᠡᠶ᠃ ᠳᠥᠷᠪᠡ᠎ᠳᠤ᠂ ᠦᠪᠡᠷ ᠪᠡᠶ᠎ᠠ᠎ᠶ᠋ᠢᠨ ᠠᠮᠤᠷ ᠲᠦᠪᠱᠢᠨ᠎ᠢ ᠠᠩᠬᠠᠷᠬᠤ ᠬᠡᠷᠡᠭ᠌ᠳᠡᠢ᠃ ᠬᠡᠦᠬᠡᠳ ᠭᠠᠭ᠍ᠴᠠᠭᠠᠷ᠎ᠢᠶᠠᠨ ᠬᠡᠷ᠎ᠲᠡᠭᠡᠨ ᠪᠠᠢᠪᠠᠯ ᠲᠠᠨᠢᠬᠤ ᠦᠭᠡᠢ ᠬᠦᠮᠦᠨ᠎ᠳᠤ ᠳᠤᠷ᠎ᠠ᠎ᠪᠠᠷ᠎ᠢᠶᠠᠨ ᠡᠭᠦᠳᠡ᠎ᠪᠠᠨ ᠨᠡᠭᠡᠭᠡᠵᠦ᠍ ᠦᠭ᠌ᠴᠦ ᠪᠣᠯᠬᠤ ᠥᠬᠡᠶ᠂ ᠳᠠᠨᠢᠬᠤ ᠦᠬᠡᠢ ᠬᠦᠮᠦᠨ᠎ᠤ ᠦᠭ᠌ᠭᠦᠭ᠌ᠰᠡᠨ ᠢᠳᠡᠭᠡᠨ ᠤᠮᠳᠠᠭᠠᠨ᠎ᠢ ᠠᠪᠴᠤ᠌ ᠪᠤᠯᠬᠤ ᠦᠬᠡᠢ᠂ ᠳᠠᠨᠢᠬᠤ ᠦᠬᠡᠢ ᠬᠥᠮᠦᠨ᠎ᠤ ᠬᠡᠷ᠎ᠲᠤ ᠣᠴᠢᠵᠤ ᠨᠠᠭᠠᠳᠭᠤ ᠥᠬᠡᠶ᠂ ᠳᠠᠨᠢᠬᠤ ᠦᠬᠡᠢ ᠬᠦᠮᠦᠨ᠎ᠢ ᠳᠠᠭᠠᠵᠤ ᠭᠠᠳᠠᠭ᠍ᠰᠢ ᠭᠠᠷᠴᠤ᠌ ᠪᠣᠯᠬᠤ ᠥᠬᠡᠶ᠃ ᠲᠠᠪᠤ᠎ᠳᠤ᠂ ᠭᠠᠮᠱᠢᠭ᠍ᠲᠤ ᠴᠠᠭ ᠠᠭᠤᠷ᠎ᠤᠨ ᠠᠶᠤᠯ᠎ᠠᠴᠠ ᠬᠢᠴᠢᠶᠡᠬᠦ᠌ ᠬᠡᠷᠡᠭ᠌ᠳᠡᠢ᠃ ᠠᠶᠤᠩᠭ᠎ᠠ ᠴᠠᠬᠢᠯᠭᠠᠨ᠎ᠳᠤ ᠴᠣᠬᠢᠭ᠍ᠳᠠᠬᠤ᠂ ᠦᠶᠡᠷ ᠪᠠᠭᠤᠬᠤ᠂ ᠠᠭᠤᠯᠠ ᠶᠡᠭᠦᠷᠡᠬᠦ᠂ ᠱᠢᠪᠠᠷ ᠴᠢᠯᠠᠭᠤᠨ᠎ᠤ ᠤᠷᠤᠰᠭᠠᠯ ᠵᠡᠷᠭᠡ᠎ᠠᠴᠠ ᠵᠠᠢᠯᠠᠬᠤ ᠠᠮᠤᠷ ᠲᠦᠪᠱᠢᠨ᠎ᠤ ᠮᠡᠳᠡᠯᠭᠡ᠎ᠶ᠋ᠢᠨ ᠬᠥᠮᠦᠵᠢᠯ᠎ᠢ ᠴᠢᠩᠭᠠᠳᠭᠠᠵᠤ᠂ ᠥᠪᠡᠷ᠎ᠢ᠎ᠪᠠᠨ ᠬᠠᠮᠠᠭᠠᠯᠠᠬᠤ᠂ ᠥᠪᠡᠷ᠎ᠢ᠎ᠪᠠᠨ ᠠᠪᠤᠷᠠᠬᠤ ᠴᠢᠳᠠᠪᠤᠷᠢ᠎ᠶ᠋ᠢ ᠡᠵᠡᠮᠱᠢᠪᠡᠯ ᠰᠠᠢᠨ᠃ ᠵᠢᠷᠭᠤᠭ᠎ᠠ᠎ᠳᠤ᠂ ᠬᠠᠤᠯᠢ ᠰᠠᠬᠢᠯᠭ᠎ᠠ᠎ᠶ᠋ᠢ ᠵᠢᠷᠤᠮᠯᠠᠵᠤ᠂ ᠬᠡᠷ᠎ᠤᠨ ᠠᠬᠠᠮᠠᠳ ᠪᠣᠯᠤᠭ᠍ᠰᠠᠳ ᠬᠡᠦᠬᠡᠳ᠎ᠢᠶᠠᠨ ᠲᠠᠮᠠᠬᠢ ᠲᠠᠲᠠᠬᠤ ᠥᠬᠡᠶ᠂ ᠠᠷᠢᠬᠢ ᠤᠤᠭᠤᠬᠤ ᠥᠬᠡᠶ᠂ ᠬᠤᠤᠷᠳᠦ ᠡᠳ᠋᠎ᠠᠴᠠ ᠵᠠᠢᠳᠠᠭᠤ ᠪᠠᠢᠬᠤ ᠳᠠᠯ᠎ᠠ᠎ᠶ᠋ᠢᠨ ᠬᠦᠮᠦᠵᠢᠯ᠎ᠢ ᠴᠢᠩᠭᠠᠳᠭᠠᠬᠤ ᠬᠡᠷᠡᠭ᠌ᠳᠡᠢ᠃ ᠬᠡᠦᠬᠡᠳ᠎ᠤᠨ᠎ᠢᠶᠠᠨ ᠳᠠᠮᠵᠢᠭᠤᠯᠤᠨ ᠪᠤᠷᠤᠯᠠᠭᠤᠯᠭ᠎ᠠ᠂ ᠬᠠᠤᠯᠢ ᠪᠤᠰᠤ ᠱᠠᠱᠢᠨ ᠰᠤᠷᠲᠠᠬᠤᠨ ᠪᠠ ᠵᠣᠭᠤᠰ ᠨᠠᠭᠠᠳᠭᠤ ᠵᠡᠷᠭᠡ ᠬᠠᠤᠯᠢ᠎ᠠᠴᠠ ᠵᠥᠷᠢᠴᠡᠭ᠌ᠰᠡᠨ ᠠᠵᠢᠯᠯᠠᠭ᠎ᠠ᠎ᠳᠤ ᠤᠷᠤᠯᠴᠠᠬᠤ᠎ᠠᠴᠠ ᠰᠡᠷᠬᠡᠢᠯᠡᠵᠦ᠍᠂ ᠲᠣᠭ᠍ᠯᠠᠭᠠᠮ᠎ᠤᠨ ᠭᠠᠵᠠᠷ᠂ ᠰᠦᠯᠵᠢᠶᠡᠨ ᠪᠠᠭᠠᠷ᠂ ᠡᠵᠡᠩᠨᠡᠯᠲᠡ᠎ᠶ᠋ᠢᠨ ᠴᠢᠨᠠᠷᠲᠠᠶ ᠳᠠᠭᠤᠤ ᠪᠥᠵᠢᠭ᠎ᠤᠨ ᠲᠢᠩᠬᠢᠮ ᠵᠢᠴᠢ ᠪᠤᠰᠤᠳ ᠵᠠᠯᠠᠭᠤᠴᠤᠳ ᠪᠠᠭᠠᠴᠤᠳ᠎ᠲᠤ ᠳᠤᠬᠢᠷᠠᠬᠤ ᠦᠬᠡᠢ ᠵᠤᠭ᠎ᠠ ᠴᠡᠩᠭᠡᠯ᠎ᠤᠨ ᠭᠠᠵᠠᠷ᠎ᠲᠤ ᠤᠴᠢᠬᠤ ᠦᠬᠡᠢ ᠪᠠᠢᠬᠤ᠎ᠶ᠋ᠢ ᠬᠦᠳᠦᠯᠦᠨ ᠵᠢᠯᠤᠭᠤᠳᠭᠤ ᠵᠡᠷᠭᠡ᠎ᠶ᠋ᠢ ᠰᠠᠨᠠᠭᠤᠯᠪᠠ᠃
2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄tn@mgyxw.net 蒙ICP备10000005号