ᠤᠯᠠᠭᠠᠨᠬᠠᠳᠠ ᠬᠤᠲᠠ᠎ᠶ᠋ᠢᠨ ᠨᠢᠬᠡ ᠲᠦᠮᠡᠡ ᠨᠠᠮ᠎ᠤᠨ ᠭᠡᠱᠢᠭᠦᠨ ᠲᠦᠪᠯᠡᠷᠡᠨ ᠲᠠᠩᠭᠠᠷᠢᠬ᠍ᠯᠠᠪᠠ
2021-07-19 10:41:47
ᠵᠣᠬᠢᠶᠠᠭ᠍ᠴᠢ᠄
ᠸᠠᠩ ᠲᠠᠨ᠎ᠠ
ᠣᠩᠱᠢᠭ᠍ᠰᠠᠨ ᠣᠳᠠᠭ᠎ᠠ᠄
★★★☆☆

ᠲᠦᠷᠦᠬᠦᠬᠡᠨ᠂ ᠤᠯᠠᠭᠠᠨᠬᠠᠳᠠ ᠬᠤᠲᠠ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠡᠯᠭᠡᠯᠡᠬᠦ᠌ ᠲᠦᠪᠯᠡᠷᠡᠭᠦᠯᠦᠨ ᠲᠠᠩᠭᠠᠷᠢᠬ᠍ᠯᠠᠬᠤ ᠠᠵᠢᠯᠯᠠᠭ᠎ᠠ ᠦᠷᠨᠢᠭᠦᠯᠪᠡ᠃

ᠤᠯᠠᠭᠠᠨᠬᠠᠳᠠ᠎ᠶ᠋ᠢᠨ ᠦᠷᠡᠭ᠌ᠳᠡᠭ᠌ᠰᠡᠨ ᠪᠠᠭᠠᠲᠤᠷᠴᠤᠳ᠎ᠤᠨ ᠤᠩᠭᠤᠨ᠎ᠤ ᠬᠦᠷᠢᠶᠡᠯᠡᠩ ᠵᠢᠴᠢ ᠡᠯ᠎ᠡ ᠬᠤᠱᠢᠭᠤ ᠱᠢᠶᠠᠨ ᠲᠤᠭᠤᠷᠢᠭ᠂ ᠦᠪᠦᠷ ᠮᠤᠩᠭᠤᠯ᠎ᠤᠨ ᠫᠢᠩᠵᠤᠸᠠᠩ᠎ᠤᠨ ᠨᠡᠭᠦᠷᠡᠰᠦᠨ᠎ᠤ ᠦᠢᠯᠡᠰ᠎ᠤᠨ (ᠪᠦᠯᠦᠭ᠌ᠯᠡᠯ) ᠺᠤᠮᠫᠠᠨᠢ᠂ ᠶᠤᠸᠠᠨ ᠪᠤᠤ ᠱᠠᠨ᠎ᠤ ᠴᠠᠬᠢᠯᠭᠠᠨ ᠭᠠᠷᠭᠠᠬᠤ ᠦᠢᠯᠡᠳᠪᠦᠷᠢ ᠵᠡᠷᠭᠡ 14 ᠬᠤᠪᠢᠶᠡᠷᠢ ᠬᠤᠷᠠᠯ᠎ᠤᠨ ᠲᠠᠯᠠᠪᠠᠢ᠎ᠶ᠋ᠢᠨ ᠨᠡᠢᠳᠡ 1 ᠲᠦᠮᠡ ᠭᠠᠷᠤᠢ ᠨᠠᠮ᠎ᠤᠨ ᠭᠡᠱᠢᠭᠦᠨ ᠨᠠᠮ᠎ᠤᠨ ᠲᠤᠭ᠎ᠤᠨ ᠡᠮᠦᠨ᠎ᠡ᠂ ᠪᠠᠷᠠᠭᠤᠨ ᠭᠠᠷ᠎ᠢᠶᠠᠨ ᠡᠷᠭᠦᠨ ᠲᠦᠪ ᠴᠢᠩᠭ᠎ᠠ᠎ᠪᠠᠷ ᠲᠠᠩᠭᠠᠷᠢᠬ᠍ᠯᠠᠵᠥ᠍᠂ ᠰᠦᠷ ᠳᠠᠯᠠᠢᠴᠠᠲᠠᠢ ᠲᠠᠩᠭᠠᠷᠢᠬ᠍ᠯᠠᠬᠤ ᠳᠠᠭᠤᠨ᠎ᠨᠢ ᠤᠯᠠᠭᠠᠨᠬᠠᠳᠠ᠎ᠶ᠋ᠢᠨ ᠡᠬᠡ ᠭᠠᠵᠠᠷ ᠳᠡᠭᠡᠷ᠎ᠡ ᠬᠠᠩᠭᠢᠨᠠᠨ ᠴᠤᠤᠷᠢᠶᠠᠳᠤᠨ᠎ᠠ᠃ ᠲᠠᠩᠭᠠᠷᠢᠬ᠍ᠯᠠᠬᠤ ᠠᠵᠢᠯᠯᠠᠭ᠎ᠠ᠎ᠳᠤ ᠤᠷᠤᠯᠴᠠᠭ᠍ᠰᠠᠨ ᠨᠠᠮ᠎ᠤᠨ ᠭᠡᠱᠢᠭᠦᠳ᠂ ᠦᠪᠡᠷ᠎ᠤᠨ ᠨᠢᠭᠡ ᠨᠠᠰᠤ᠎ᠪᠠᠷ᠎ᠢᠶᠠᠨ ᠲᠦᠪ ᠴᠢᠩᠭ᠎ᠠ ᠲᠠᠩᠭᠠᠷᠢᠭ᠎ᠢᠶᠠᠨ ᠦᠢᠯᠡᠳᠦᠯᠭᠡᠵᠢᠭᠦᠯᠵᠦ᠍᠂ ᠬᠤᠪᠢᠰᠭᠠᠯ᠎ᠤᠨ ᠤᠯᠠᠮᠵᠢᠯᠠᠯ᠎ᠢ ᠵᠠᠯᠭᠠᠮᠵᠢᠯᠠᠨ᠂ ᠪᠤᠲᠠᠲᠠᠢ ᠠᠵᠢᠯ᠎ᠤᠨ ᠳᠤᠮᠳᠠ ᠨᠠᠮ᠎ᠤᠨ ᠭᠡᠱᠢᠭᠦᠨ᠎ᠤ ᠬᠤᠱᠢᠭᠤᠴᠢ ᠵᠢᠱ᠌ᠢᠶᠡᠴᠢ ᠦᠢᠯᠡᠳᠦᠯ᠎ᠢᠶᠠᠨ ᠦᠨᠡᠨ ᠬᠦ᠌ ᠪᠠᠳᠠᠷᠠᠭᠤᠯᠵᠤ᠂ ᠤᠯᠠᠭᠠᠨᠬᠠᠳᠠ᠎ᠶ᠋ᠢᠨ ᠴᠢᠨᠠᠷ ᠰᠠᠢᠲᠠᠢ ᠬᠦᠭ᠌ᠵᠢᠯᠲᠡ᠎ᠳᠤ ᠨᠡᠩ ᠬᠦᠴᠦᠷᠬᠡᠭ ᠬᠦᠴᠦᠨ ᠬᠠᠩᠭᠠᠨ᠎ᠠ ᠭᠡᠵᠦ᠍ ᠲᠠᠩᠭᠠᠷᠢᠬ᠍ᠯᠠᠵᠠᠢ᠃


QQ截图20210719095436.png


              ᠤᠯᠠᠭᠠᠨᠬᠠᠳᠠ ᠎ᠶ᠋ᠢᠨ  ᠦᠷᠡᠭ᠌ᠳᠡᠭ᠌ᠰᠡᠨ   ᠪᠠᠭᠠᠲᠤᠷᠴᠤᠳ ᠎ᠤᠨ

              ᠤᠩᠭᠤᠨ᠎ᠤ ᠬᠦᠷᠢᠶᠡᠯᠡᠩ᠎ᠳᠤ ᠲᠠᠩᠭᠠᠷᠢᠬ᠍ᠯᠠᠵᠤ ᠪᠠᠢᠭ᠎ᠠ᠎ᠨᠢ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号