ᠳᠠᠩᠰᠤᠭ ᠲᠠᠯ᠎ᠠ᠎ᠶ᠋ᠢᠨ ᠱᠢᠨ᠎ᠠ ᠲᠠᠭᠤᠯᠠᠯ ᠬᠥᠳᠡᠭᠡ ᠲᠣᠰᠭᠤᠨ᠎ᠤ ᠱᠢᠨ᠎ᠡ ᠳᠦᠷᠬᠦ᠌
2021-07-19 10:39:34
ᠵᠣᠬᠢᠶᠠᠭ᠍ᠴᠢ᠄
ᠬᠠᠨ ᠱᠢᠤᠸᠠᠢ ᠷᠦ᠋ ᠮᠥᠩᠬᠡᠴᠢᠯᠠᠭᠤ
ᠣᠩᠱᠢᠭ᠍ᠰᠠᠨ ᠣᠳᠠᠭ᠎ᠠ᠄
★★★☆☆

ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠢᠳᠡᠷᠬᠡᠭ ᠠᠯᠬᠤᠭ᠎ᠠ ᠬᠦᠮᠤᠨ ᠵᠤᠨ᠎ᠢ ᠪᠠᠶᠠᠰᠭᠠᠨ᠎ᠠ᠃

ᠥᠪᠥᠷ ᠮᠣᠩᠭᠤᠯ᠎ᠤᠨ ᠡᠯ᠎ᠡ ᠱᠠᠳᠤ ᠡᠯ᠎ᠡ ᠰᠠᠯᠠᠭ᠎ᠠ ᠮᠥᠴᠢᠷ᠎ᠤᠨ᠎ᠬᠢᠨ ᠱᠢᠷᠭᠠᠭᠤ ᠬᠠᠲᠠᠭᠤᠵᠢᠯᠲᠠᠢ ᠬᠥᠳᠡᠯᠮᠦᠷᠢᠯᠡᠵᠦ᠍᠂ ᠮᠠᠯᠵᠢᠬᠤ ᠲᠠᠷᠢᠶᠠᠯᠠᠬᠤ ᠣᠷᠣᠨ᠎ᠤ ᠠᠵᠤ ᠦᠢᠯᠡᠰ᠎ᠢ ᠪᠤᠢᠵᠢᠭᠤᠯᠤᠨ ᠪᠤᠵᠠᠭᠠᠢᠷᠠᠭᠤᠯᠵᠤ᠂ ᠭᠤᠣᠯᠳᠠᠯᠭ᠎ᠠ᠎ᠲᠠᠢ ᠬᠦᠷᠢᠶᠡᠨ᠎ᠤ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠤᠨ᠂ ᠣᠷᠴᠢᠨ ᠲᠣᠭᠤᠷᠢᠨ᠎ᠤ ᠵᠠᠰᠠᠯᠲᠠ᠂ ᠠᠵᠤ ᠦᠢᠯᠡᠰ᠂ ᠴᠢᠳᠠᠪᠤᠷᠢᠲᠠᠨ᠂ ᠰᠣᠶᠣᠯ᠂ ᠠᠮᠢ ᠠᠬᠤᠢ᠂ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠴᠣᠭ᠍ᠴᠠᠯᠠᠯᠲᠠ᠎ᠶ᠋ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠭᠤᠳᠠᠮ ᠲᠠᠯ᠎ᠠ᠎ᠶ᠋ᠢᠨ ᠱᠢᠮᠡᠯᠢᠭ ᠬᠦᠷᠦᠰᠦᠨ᠎ᠡ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠵᠢᠪᠬᠤᠯᠠᠩᠳᠤ ᠳᠠᠭᠤᠨ᠎ᠢ ᠴᠢᠪᠬᠠᠳᠠᠨ᠎ᠠ᠃

ᠭᠢᠯᠠᠰ ᠴᠡᠭ ᠨᠢᠬᠡ

ᠠᠵᠤ ᠦᠢᠯᠡᠰ ᠬᠦᠭ᠌ᠵᠢᠨ ᠪᠠᠳᠠᠷᠠᠵᠤ ᠱᠢᠨ᠎ᠡ ᠱᠢᠪᠲᠤᠯᠤᠯᠲᠠ᠎ᠲᠠᠢ ᠪᠤᠯᠪᠠ

2020 ᠣᠨ᠎ᠳᠤ᠂ ᠠᠮᠤ ᠪᠤᠳᠠᠭᠠᠨ᠎ᠤ ᠤᠨᠠᠯᠲᠠ 732.8 ᠳ᠋ᠦᠩᠱᠢᠭᠤᠷ ᠵᠢᠩ᠎ᠳᠤ ᠬᠦᠷᠴᠦ᠍᠂ ᠪᠥᠬᠦ᠌ ᠤᠯᠤᠰ᠎ᠤᠨ ᠨᠠᠢ᠍ᠮᠠᠳᠤᠭᠠᠷ᠎ᠲᠤ ᠵᠢᠭ᠍ᠰᠠᠭᠠᠭ᠍ᠳᠠᠪᠠ; ᠮᠢᠬᠠᠨ᠎ᠤ ᠵᠦᠢᠯ᠎ᠤᠨ ᠶᠡᠷᠦᠩᠬᠡᠶ ᠭᠠᠷᠤᠯᠲᠠ 260 ᠲᠦᠮᠡᠨ ᠲᠣᠨ᠎ᠳᠤ ᠬᠦᠷᠴᠦ᠍᠂ ᠬᠤᠨᠢᠨ ᠮᠢᠬ᠎ᠠ᠂ ᠦᠨᠢᠶᠡᠨ ᠰᠦ ᠪᠤᠯᠤᠨ ᠢᠮᠠᠭᠠᠨ ᠨᠣᠤᠯᠤᠭᠤᠷ᠎ᠤᠨ ᠭᠠᠷᠤᠯᠲᠠ ᠪᠦᠬᠦ᠌ ᠤᠯᠤᠰ᠎ᠤᠨ ᠲᠡᠷᠢᠭᠦᠨ᠎ᠳᠤ ᠣᠷᠣᠵᠤ᠂ ᠦᠬᠡᠷ᠎ᠤᠨ ᠮᠢᠬᠠᠨ᠎ᠤ ᠭᠠᠷᠤᠯᠲᠠ ᠪᠦᠬᠦ᠌ ᠤᠯᠤᠰ᠎ᠤᠨ ᠬᠤᠶᠠᠳᠤᠭᠠᠷ᠎ᠲᠤ ᠣᠷᠣᠪᠠ; ᠪᠣᠬᠢᠷᠲᠤᠯ ᠦᠭᠡᠶ ᠢᠳᠡᠭᠡᠨ᠂ ᠣᠷᠭᠠᠨᠢᠭ ᠢᠳᠡᠭᠡᠨ ᠪᠠ ᠭᠠᠵᠠᠷ ᠵᠦᠢ᠎ᠶ᠋ᠢᠨ ᠢᠯᠡᠷᠬᠡᠢᠯᠡᠯᠳᠤ᠎ᠪᠠᠷ ᠳᠠᠩᠰᠠᠯᠠᠨ ᠬᠠᠮᠠᠭᠠᠯᠠᠭ᠍ᠰᠠᠨ ᠲᠠᠷᠢᠶᠠᠯᠠᠩ᠎ᠤᠨ ᠪᠦᠲᠦᠭᠡᠭ᠌ᠳᠡᠬᠦᠨ᠎ᠤ ᠶᠡᠷᠦᠩᠬᠡᠶ ᠬᠡᠮᠵᠢᠶ᠎ᠡ 1600 ᠲᠦᠮᠡᠨ ᠲᠣᠨ᠎ᠢ ᠲᠠᠪᠠᠵᠤ᠂ ᠪᠦᠬᠦ᠌ ᠤᠯᠤᠰ᠎ᠤᠨ ᠲᠡᠷᠢᠭᠦᠨ᠎ᠳᠤ ᠣᠷᠣᠪᠠ; ᠲᠩᠷᠢ᠎ᠶ᠋ᠢᠨ ᠬᠡᠱᠢᠭ᠌ᠲᠦ ᠪᠣᠷᠣᠲᠣᠬᠤᠶ᠎ᠶ᠋ᠢᠨ ᠣᠷᠣᠨ ᠪᠦᠰᠡ᠎ᠶ᠋ᠢᠨ ᠲᠥᠷᠥᠯ ᠲᠡᠮᠳᠡᠭ᠎ᠤᠨ ᠨᠥᠯᠥᠭᠡᠯᠡᠬᠦ᠌ ᠬᠦᠴᠦᠨ ᠪᠥᠬᠦ᠌ ᠤᠯᠤᠰ᠎ᠲᠤ ᠲᠦᠷᠦᠭᠦᠯᠡᠵᠦ᠍᠂ ᠬᠢᠩᠭᠠᠨ ᠠᠢᠮᠠᠭ᠎ᠤᠨ ᠲᠤᠲᠤᠷᠭ᠎ᠠ᠂ ᠬᠤᠷᠴᠢᠨ᠎ᠤ ᠮᠢᠬᠠᠨ᠎ᠤ ᠦᠬᠡᠷ᠂ ᠱᠢᠯᠢ᠎ᠶ᠋ᠢᠨ ᠭᠤᠤᠯ᠎ᠤᠨ ᠬᠤᠨᠢᠨ ᠮᠢᠬ᠎ᠠ᠂ ᠤᠯᠠᠭᠠᠨᠴᠠᠪ᠎ᠤᠨ ᠲᠥᠮᠥᠰᠥ᠍ ᠵᠡᠷᠭᠡ 《ᠦᠪᠤᠷ ᠮᠣᠩᠭᠤᠯ ᠨᠡᠷᠡᠮᠵᠢᠲᠦ》 ᠲᠥᠷᠥᠯ ᠲᠡᠮᠳᠡᠭ᠎ᠤᠨ ᠨᠡᠷ᠎ᠡ ᠠᠯᠳᠠᠷ ᠲᠠᠰᠤᠷᠠᠯᠲᠠ ᠥᠬᠡᠶ ᠳᠡᠭᠡᠭ᠌ᠰᠢᠯᠡᠪᠡ᠃

ᠭᠢᠯᠠᠰ ᠴᠡᠭ ᠬᠤᠶᠠᠷ

ᠠᠮᠢ ᠠᠬᠤᠶ ᠣᠷᠣᠱᠢᠨ ᠰᠠᠭᠤᠷᠢᠱᠢᠬᠤ᠎ᠳᠤ ᠲᠣᠬᠢᠷᠠᠮᠵᠢᠲᠠᠶ ᠪᠤᠯᠵᠤ ᠱᠢᠨ᠎ᠡ ᠦᠷ᠎ᠡ ᠪᠦᠲᠦᠮᠵᠢ ᠤᠯᠪᠠ

2020 ᠣᠨ᠎ᠤ ᠰᠡᠬᠦᠯᠴᠢ ᠪᠣᠯᠲᠠᠯ᠎ᠠ᠂ ᠡᠷᠦᠬᠡ᠎ᠳᠤ ᠬᠡᠷᠡᠭ᠌ᠯᠡᠬᠦ᠌ ᠵᠣᠷᠯᠣᠩ᠎ᠤᠨ ᠲᠦᠭᠡᠮᠡᠯᠵᠢᠭ᠌ᠰᠡᠨ ᠨᠣᠷᠮ᠎ᠠ 35% ᠎ᠳᠤ ᠬᠦᠷᠴᠦ᠍᠂ 95.3% ᠎ᠶ᠋ᠢᠨ ᠭᠠᠴᠠᠭ᠎ᠠ ᠲᠣᠰᠭᠤᠨ ᠪᠠᠢᠩᠭᠤ᠎ᠶ᠋ᠢᠨ ᠴᠢᠨᠠᠷᠳᠠᠢ᠎ᠪᠠᠷ ᠤᠷᠴᠢᠨ ᠲᠤᠭᠤᠷᠢᠨ᠎ᠢᠶᠠᠨ ᠴᠡᠪᠡᠷᠯᠡᠵᠤ᠂ 60.2% ᠎ᠠᠴᠠ ᠳᠡᠭᠡᠭ᠌ᠰᠢᠬᠢ ᠬᠤᠱᠢᠭᠤ ᠱᠢᠶᠠᠨ ᠲᠣᠭᠤᠷᠢᠭ᠎ᠨᠢ ᠱᠢᠶᠠᠨ᠎ᠤ ᠬᠡᠪᠴᠢᠶᠡᠨ᠎ᠤ ᠬᠥᠳᠡᠭᠡ ᠲᠣᠰᠭᠤᠨ᠎ᠤ ᠪᠥᠲᠥᠭᠡᠨ ᠪᠠᠢᠭᠤᠯᠤᠯᠲᠠ᠎ᠶ᠋ᠢᠨ ᠲᠥᠯᠥᠪᠵᠢᠭᠦᠯᠭᠡ᠎ᠶ᠋ᠢ ᠪᠡᠶᠡᠯᠡᠭᠦᠯᠵᠦ᠍᠂ 55.4% ᠎ᠶ᠋ᠢᠨ ᠭᠠᠴᠠᠭ᠎ᠠ ᠲᠣᠰᠭᠤᠨ ᠠᠢᠯ ᠲᠣᠰᠭᠤᠨ᠎ᠤ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠪᠠ᠃ ᠦᠶᠤᠸᠠᠨ ᠱᠢᠶᠠᠨ᠂ ᠡᠵᠡᠨ ᠬᠤᠷᠤᠭ᠎ᠠ ᠬᠤᠱᠢᠭᠤ᠂ ᠵᠠᠯᠠᠨ ᠠᠢᠯ ᠬᠤᠲᠠ ᠪᠥᠬᠦ᠌ ᠤᠯᠤᠰ᠎ᠤᠨ ᠠᠢᠯ ᠲᠣᠰᠭᠤᠨ᠎ᠤ ᠠᠷᠢᠭᠤᠨ ᠴᠡᠪᠡᠷ᠎ᠤᠨ ᠠᠵᠢᠯᠯᠠᠭ᠎ᠠ᠎ᠶ᠋ᠢᠨ ᠲᠡᠷᠢᠭᠦᠨ᠎ᠤ ᠱᠢᠶᠠᠨ᠎ᠢᠶᠠᠷ ᠦᠨᠡᠯᠡᠭ᠌ᠳᠡᠵᠦ᠍᠂ ᠦᠶᠤᠸᠠᠨ ᠱᠢᠶᠠᠨ ᠪᠥᠬᠦ᠌ ᠤᠯᠤᠰ᠎ᠤᠨ ᠣᠷᠣᠱᠢᠨ ᠰᠠᠭᠤᠷᠢᠱᠢᠬᠤ ᠣᠷᠴᠢᠨ ᠲᠣᠭᠤᠷᠢᠨ᠎ᠢ ᠴᠡᠭ᠌ᠴᠡᠯᠡᠨ ᠵᠠᠰᠠᠭ᠍ᠰᠠᠨ ᠦᠷ᠎ᠡ ᠪᠦᠲᠦᠮᠵᠢ᠎ᠪᠠᠷ ᠲᠤᠪᠤᠢᠮ᠎ᠠ ᠱᠢᠶᠠᠨ᠎ᠢᠶᠠᠷ ᠦᠨᠡᠯᠡᠭ᠌ᠳᠡᠪᠡ᠃

ᠭᠢᠯᠠᠰ ᠴᠡᠭ ᠭᠤᠷᠪᠠ

ᠨᠤᠲᠤᠭ᠎ᠤᠨ ᠰᠤᠷᠲᠠᠯ ᠪᠣᠯᠪᠠᠰᠤᠨ ᠪᠤᠯᠵᠤ ᠱᠢᠨ᠎ᠡ ᠠᠯᠬᠤᠮ᠎ᠢ ᠠᠯᠬᠤᠪᠠ

《ᠨᠢᠭᠡ ᠰᠤᠷᠤᠯᠴᠠᠯᠭ᠎ᠠ》᠂ 《ᠬᠤᠶᠠᠷ ᠪᠠᠢᠭᠤᠯᠤᠯᠲᠠ》᠂ 《ᠭᠤᠷᠪᠠᠨ ᠪᠦᠰᠡ》᠂ 《ᠲᠠᠪᠤ᠎ᠶ᠋ᠢ ᠥᠭᠡᠷᠡᠴᠢᠯᠡᠬᠦ᠌》᠂ 《ᠲᠠᠪᠤ᠎ᠶ᠋ᠢ ᠳᠡᠭᠡᠭ᠌ᠰᠢᠯᠡᠭᠦᠯᠬᠦ᠌》 ᠲᠣᠭᠤᠷᠢᠨ᠎ᠳᠤ ᠪᠣᠯᠪᠠᠰᠤᠨ᠎ᠤ ᠦᠢᠯᠡᠳᠦᠯᠭᠡ ᠪᠠ ᠰᠠᠢᠨ ᠳᠤᠷ᠎ᠠ᠎ᠶ᠋ᠢᠨ  ᠦᠢᠯᠡᠴᠢᠯᠡᠭᠡ᠎ᠶ᠋ᠢ ᠲᠥᠯᠥᠪᠯᠡᠨ ᠥᠷᠨᠢᠭᠦᠯᠵᠦ᠍᠂ ᠦᠨᠳᠦᠰᠦᠨ ᠱᠠᠲᠤᠨ᠎ᠳᠤ ᠬᠠᠨᠳᠤᠭᠤᠯᠤᠭ᠍ᠰᠠᠨ 《ᠠᠷᠪᠠ᠎ᠶ᠋ᠢ ᠭᠠᠴᠠᠭ᠎ᠠ ᠲᠣᠰᠭᠤᠨ᠎ᠳᠤ ᠣᠷᠣᠭᠤᠯᠬᠤ》 ᠪᠠ ᠭᠠᠴᠠᠭ᠎ᠠ ᠲᠣᠰᠭᠤᠨ (ᠨᠡᠢᠭᠡᠮ ᠲᠣᠭᠤᠷᠢᠭ) ᠎ᠤ ᠥᠪᠡᠰᠦᠪᠡᠨ ᠡᠷᠭᠢᠯᠡᠭ᠌ᠰᠡᠨ 《ᠠᠷᠪᠠᠨ ᠨᠢᠭᠡ》 ᠵᠡᠷᠭᠡ ᠠᠵᠢᠯᠯᠠᠭ᠎ᠠ᠎ᠶ᠋ᠢ ᠰᠠᠢᠲᠤᠷ ᠵᠣᠬᠢᠶᠠᠨ ᠪᠠᠢᠭᠤᠯᠵᠤ᠂ ᠬᠠᠭᠤᠴᠢᠨ ᠲᠦᠷᠢᠮ᠎ᠢ ᠥᠭᠡᠷᠡᠴᠢᠯᠡᠨ ᠪᠣᠯᠬᠢ ᠳᠠᠳᠭᠠᠯ᠎ᠢ ᠠᠷᠢᠯᠭᠠᠵᠤ᠂ ᠱᠢᠨ᠎ᠡ ᠰᠤᠷᠲᠠᠯ᠎ᠢ ᠪᠣᠶ ᠪᠣᠯᠭᠠᠬᠤ᠎ᠨᠢ ᠨᠢᠬᠡᠨᠳᠡ ᠮᠠᠯᠵᠢᠬᠤ ᠲᠠᠷᠢᠶᠠᠯᠠᠬᠤ ᠣᠷᠣᠨ᠎ᠤ ᠬᠠᠮᠤᠭ᠎ᠤᠨ ᠬᠦᠴᠦᠷᠬᠡᠭ ᠲᠠᠭᠤᠨ ᠪᠣᠯᠪᠠ᠃ ᠣᠯᠠᠨ ᠨᠡᠢᠲᠡ᠎ᠶ᠋ᠢᠨ ᠰᠣᠶᠣᠯ᠎ᠤᠨ ᠦᠢᠯᠡᠴᠢᠯᠡᠭᠡᠨ᠎ᠤ ᠱᠢᠰᠲ᠋ᠧᠮ᠎ᠢ ᠪᠦᠷᠢᠨᠱᠢᠬᠦᠯᠵᠦ᠍᠂ ᠰᠤᠮᠤ ᠱᠢᠶᠠᠩ ᠪᠠᠯᠭᠠᠰᠤ (ᠵᠡᠭᠡᠯᠢ ᠭᠤᠳᠤᠮᠵᠢ) ᠎ᠶ᠋ᠢᠨ ᠰᠣᠶᠣᠯ᠎ᠤᠨ ᠥᠷᠲᠡᠭᠡ ᠪᠤᠯᠤᠨ ᠭᠠᠴᠠᠭ᠎ᠠ ᠲᠣᠰᠭᠤᠨ (ᠨᠡᠢᠭᠡᠮ ᠲᠣᠭᠤᠷᠢᠭ) ᠎ᠤ ᠶᠡᠷᠦᠩᠬᠡᠢᠯᠡᠭ᠌ᠰᠡᠨ ᠰᠣᠶᠣᠯ᠎ᠤᠨ ᠦᠢᠯᠡᠴᠢᠯᠡᠭᠡᠨ᠎ᠤ ᠲᠥᠪ᠂ 《ᠬᠤᠨ ᠭᠠᠯᠠᠭᠤ ᠨᠣᠮ ᠤᠩᠱᠢᠯᠭ᠎ᠠ》 ᠵᠡᠷᠭᠡ ᠢᠨᠵᠧᠨᠧᠷᠢᠩ᠎ᠤᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠵᠤ᠂ ᠬᠥᠳᠡᠭᠡ ᠲᠣᠰᠭᠤᠨ᠎ᠤ ᠰᠤᠷᠭᠠᠭᠤᠯᠢ᠎ᠶ᠋ᠢᠨ ᠪᠠᠭᠠᠴᠤᠳ᠎ᠤᠨ ᠣᠷᠳᠣᠨ᠎ᠢ ᠰᠠᠢᠲᠤᠷ ᠪᠠᠢᠭᠤᠯᠵᠤ ᠰᠠᠢᠲᠤᠷ ᠬᠠᠮᠢᠶᠠᠷᠴᠤ᠌ ᠰᠠᠢᠲᠤᠷ ᠬᠡᠷᠡᠭ᠌ᠯᠡᠪᠠ᠃

ᠭᠢᠯᠠᠰ ᠴᠡᠭ ᠳᠦᠷᠪᠡ

ᠵᠠᠰᠠᠯᠲᠠ ᠪᠦᠳᠦᠮᠵᠢᠳᠡᠢ ᠪᠠᠢᠵᠤ ᠱᠢᠨ᠎ᠡ ᠳᠦᠷᠰᠦ ᠪᠠᠢᠳᠠᠯ᠎ᠢ ᠢᠯᠡᠷᠡᠭᠦᠯᠪᠡ

《ᠬᠥᠳᠡᠭᠡ ᠲᠣᠰᠭᠤᠨ᠎ᠤ ᠵᠠᠰᠠᠯᠲᠠ᠎ᠶ᠋ᠢ ᠴᠢᠨᠠᠭ᠍ᠰᠢᠳᠠ ᠴᠢᠩᠭᠠᠳᠭᠠᠨ ᠰᠠᠢᠵᠢᠷᠠᠭᠤᠯᠬᠤ ᠲᠤᠬᠠᠢ ᠬᠡᠷᠡᠭ᠌ᠵᠢᠭᠦᠯᠬᠦ᠌ ᠰᠠᠨᠠᠯ》 ᠎ᠢ ᠳᠠᠷᠤᠮᠠᠯᠯᠠᠨ ᠲᠠᠷᠬᠠᠭᠠᠵᠤ᠂ 3 ᠬᠤᠱᠢᠭᠤ ᠱᠢᠶᠠᠨ ᠪᠦᠬᠦ᠌ ᠤᠯᠤᠰ᠎ᠤᠨ ᠬᠥᠳᠡᠭᠡ ᠲᠣᠰᠭᠤᠨ᠎ᠤ ᠵᠠᠰᠠᠯᠲᠠ᠎ᠶ᠋ᠢᠨ ᠲᠤᠷᠱᠢᠯᠲᠠ᠎ᠶ᠋ᠢᠨ  ᠵᠢᠱ᠌ᠢᠶ᠎ᠡ ᠦᠵᠡᠭᠦᠯᠬᠦ᠌ ᠱᠢᠶᠠᠨ᠂ 3 ᠰᠤᠮᠤ ᠱᠢᠶᠠᠩ ᠪᠠᠯᠭᠠᠰᠤ ᠪᠤᠯᠤᠨ 30 ᠭᠠᠴᠠᠭ᠎ᠠ ᠲᠣᠰᠭᠤᠨ᠎ᠨᠢ ᠪᠦᠬᠦ᠌ ᠤᠯᠤᠰ᠎ᠤᠨ ᠬᠥᠳᠡᠭᠡ ᠲᠣᠰᠭᠤᠨ᠎ᠤ ᠵᠠᠰᠠᠯᠲᠠ᠎ᠶ᠋ᠢᠨ ᠪᠣᠯᠪᠠᠰᠤᠨ ᠲᠣᠰᠭᠤᠨ ᠪᠠᠯᠭᠠᠰᠤ᠎ᠪᠠᠷ ᠦᠨᠡᠯᠡᠭ᠌ᠳᠡᠪᠡ᠃ ᠲᠦᠮᠡᠨ ᠭᠠᠴᠠᠭ᠎ᠠ ᠲᠣᠰᠭᠤᠨ (ᠨᠡᠢᠭᠡᠮ ᠲᠣᠭᠤᠷᠢᠭ) ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠱᠦᠵᠢ᠎ᠶ᠋ᠢ ᠲᠥᠪᠯᠡᠷᠡᠭᠦᠯᠦᠨ ᠡᠭᠡᠯᠵᠢᠯᠡᠨ ᠪᠣᠯᠪᠠᠰᠤᠷᠠᠭᠤᠯᠵᠤ᠂ ᠪᠦᠬᠦ᠌ ᠣᠷᠣᠨ᠎ᠤ ᠬᠠᠮᠲᠤ᠎ᠶ᠋ᠢᠨ ᠠᠵᠤ ᠠᠬᠤᠶ᠎ᠶ᠋ᠢᠨ ᠵᠢᠯ᠎ᠤᠨ ᠡᠵᠡᠩᠨᠡᠯᠲᠡ᠎ᠶ᠋ᠢᠨ ᠴᠢᠨᠠᠷᠲᠠᠶ ᠣᠷᠣᠯᠭ᠎ᠠ 5 ᠲᠦᠮᠡᠨ ᠲᠥᠭᠦᠷᠢᠭ᠎ᠢ ᠲᠠᠪᠠᠭ᠍ᠰᠠᠨ ᠭᠠᠴᠠᠭ᠎ᠠ ᠲᠣᠰᠭᠤᠨ᠎ᠤ ᠬᠠᠷᠢᠴᠠᠯ 90% ᠎ᠶ᠋ᠢ ᠲᠠᠪᠠᠪᠠ᠃ ᠭᠠᠴᠠᠭ᠎ᠠ ᠲᠣᠰᠭᠤᠨ (ᠨᠡᠢᠭᠡᠮ ᠲᠣᠭᠤᠷᠢᠭ) ᠪᠦᠬᠦᠨ ᠲᠣᠰᠭᠤᠨ᠎ᠤ ᠲᠣᠭ᠍ᠲᠠᠭᠠᠯ ᠠᠷᠠᠳ᠎ᠤᠨ ᠭᠡᠷ᠎ᠡ᠎ᠶ᠋ᠢ ᠲᠣᠭ᠍ᠲᠠᠭᠠᠨ ᠵᠠᠰᠠᠪᠤᠷᠢ ᠣᠷᠣᠭᠤᠯᠵᠤ᠂ ᠰᠤᠮᠤ ᠱᠢᠶᠠᠩ ᠪᠠᠯᠭᠠᠰᠤ ᠪᠤᠯᠤᠨ ᠭᠠᠴᠠᠭ᠎ᠠ ᠲᠣᠰᠭᠤᠨ  ᠪᠦᠬᠦᠨ ᠴᠦᠮ ᠠᠷᠠᠳ᠎ᠤᠨ ᠡᠶᠡᠳᠡᠭᠦᠯᠬᠦ᠌ ᠵᠣᠬᠢᠶᠠᠨ ᠪᠠᠢᠭᠤᠯᠤᠯᠲᠠ ᠪᠠ ᠬᠠᠤᠯᠢ ᠴᠠᠭᠠᠵᠠ᠎ᠶ᠋ᠢᠨ ᠵᠥᠪᠯᠡᠭ᠌ᠴᠢ᠎ᠲᠠᠢ ᠪᠤᠯᠵᠤ᠂ ᠬᠠᠷ᠎ᠠ ᠪᠦᠯᠦᠭ᠌ᠲᠡᠨ ᠬᠠᠷᠭᠢᠰ ᠬᠦᠴᠦᠨ᠎ᠢ ᠠᠷᠢᠯᠭᠠᠬᠤ ᠲᠤᠰᠭᠠᠶ ᠲᠡᠮᠡᠴᠡᠯ᠎ᠢ ᠭᠦᠨᠵᠡᠭᠡᠶ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ᠎ᠤ ᠡᠶ᠎ᠡ ᠵᠣᠬᠢᠴᠠᠩᠭᠤᠶ ᠲᠣᠭ᠍ᠲᠠᠭᠤᠨ᠎ᠢ ᠪᠠᠲᠤᠯᠠᠪᠠ᠃

ᠭᠢᠯᠠᠰ ᠴᠡᠭ ᠲᠠᠪᠤ

ᠠᠮᠢᠳᠤᠷᠠᠯ ᠴᠢᠨᠡᠭᠡᠯᠢᠭ᠌ᠵᠢᠵᠤ ᠱᠢᠨ᠎ᠡ ᠪᠠᠢᠷᠢᠱᠢᠯ᠎ᠢ ᠡᠭᠦᠳᠪᠠ

2020 ᠣᠨ᠎ᠳᠤ ᠮᠠᠯᠵᠢᠬᠤ ᠲᠠᠷᠢᠶᠠᠯᠠᠬᠤ ᠣᠷᠣᠨ᠎ᠳᠤ ᠪᠠᠢᠩᠭᠤ ᠰᠠᠭᠤᠭ᠎ᠠ ᠰᠠᠭᠤᠭᠠᠯᠢ ᠠᠷᠠᠳ᠎ᠤᠨ ᠬᠥᠮᠦᠨ ᠳᠤᠮᠳᠠᠴᠢ᠎ᠶ᠋ᠢᠨ ᠡᠵᠡᠮᠳᠡᠵᠦ᠍ ᠪᠣᠯᠬᠤ ᠣᠷᠣᠯᠭ᠎ᠠ 16567 ᠲᠥᠭᠦᠷᠢᠭ᠎ᠲᠤ ᠬᠥᠷᠴᠠᠢ᠃ ᠭᠠᠴᠠᠭ᠎ᠠ ᠲᠣᠰᠭᠤᠨ ᠪᠣᠯᠭᠠᠨ᠎ᠳᠤ ᠱᠦᠢᠨᠢ ᠵᠠᠮ ᠨᠡᠪᠲᠡᠷᠡᠭᠦᠯᠵᠤ᠂ ᠤᠤᠭᠤᠬᠤ ᠤᠰᠤᠨ᠎ᠤ ᠠᠮᠤᠷ ᠲᠦᠪᠱᠢᠨ᠎ᠢ ᠪᠠᠬᠢᠵᠢᠭᠦᠯᠵᠦ᠍ ᠳᠡᠭᠡᠭ᠌ᠰᠢᠯᠡᠭᠦᠯᠦᠭᠡᠳ 70 ᠲᠦᠮᠡ ᠭᠠᠷᠤᠢ ᠬᠥᠮᠦᠨ᠎ᠳᠤ ᠠᠱᠢᠭ ᠬᠦᠷᠲᠡᠭᠡᠵᠦ᠍᠂ ᠲᠦᠭᠡᠭᠡᠯ ᠤᠰᠤ᠎ᠶ᠋ᠢ ᠲᠦᠭᠡᠮᠡᠯᠵᠢᠭᠦᠯᠦᠭ᠌ᠰᠡᠨ ᠨᠣᠷᠮ᠎ᠠ 81% ᠎ᠶ᠋ᠢ ᠲᠠᠪᠠᠪᠠ᠃ ᠬᠤᠳᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠨᠠᠰᠤᠵᠢᠯ᠎ᠤᠨ ᠳᠠᠭᠠᠳᠭᠠᠯ᠎ᠤᠨ ᠲᠦᠷᠢᠮ᠎ᠢ ᠨᠡᠢᠳᠡᠮ ᠬᠡᠷᠡᠭ᠌ᠵᠢᠭᠦᠯᠵᠦ᠍᠂ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ᠎ᠶ᠋ᠢᠨ ᠦᠨᠳᠦᠰᠦᠨ ᠵᠦᠢᠯ᠎ᠢ ᠪᠠᠲᠤᠯᠠᠬᠤ ᠴᠢᠳᠠᠪᠤᠷᠢ ᠲᠠᠰᠤᠷᠠᠯᠳᠠ ᠦᠭᠡᠢ ᠳᠡᠭᠡᠭ᠌ᠰᠢᠯᠡᠪᠡ᠃ ᠭᠠᠵᠠᠷ ᠱᠢᠷᠣᠶ᠎ᠶ᠋ᠢᠨ ᠳᠠᠭᠠᠭᠠᠴᠢᠯᠠᠨ ᠡᠵᠡᠩᠨᠡᠬᠦ᠌ ᠡᠷᠬᠡ᠎ᠶ᠋ᠢ ᠨᠤᠲᠠᠯᠠᠨ ᠳᠡᠩᠰᠡᠯᠡᠵᠦ᠍ ᠦᠨᠡᠮᠯᠡᠯ ᠣᠯᠭᠤᠭ᠍ᠰᠠᠨ ᠨᠣᠷᠮ᠎ᠠ 94% ᠎ᠶ᠋ᠢ ᠲᠠᠪᠠᠵᠤ᠂ ᠭᠠᠴᠠᠭ᠎ᠠ ᠲᠣᠰᠭᠤᠨ᠎ᠤ ᠬᠠᠮᠲᠤ᠎ᠶ᠋ᠢᠨ ᠥᠮᠴᠢᠯᠡᠯ᠎ᠤᠨ ᠡᠷᠬᠡ᠎ᠶ᠋ᠢ ᠪᠦᠷᠢᠳᠭᠡᠨ ᠬᠠᠷᠭᠤᠭᠤᠯᠬᠤ ᠠᠵᠢᠯ ᠦᠨᠳᠦᠰᠦᠨ᠎ᠳᠡᠭᠡᠨ ᠳᠠᠭᠤᠰᠴᠤ᠌᠂ ᠮᠠᠯᠵᠢᠬᠤ ᠲᠠᠷᠢᠶᠠᠯᠠᠬᠤ ᠣᠷᠣᠨ᠎ᠤ ᠬᠥᠭ᠌ᠵᠢᠯᠲᠡ᠎ᠶ᠋ᠢᠨ ᠠᠮᠢᠵᠢᠷᠠᠯ᠎ᠤᠨ ᠬᠦᠴᠦᠨ ᠦᠷᠭᠦᠯᠵᠢᠯᠡᠨ ᠴᠢᠩᠭᠠᠷᠠᠪᠠ᠃

 

QQ截图20210719102524.png


ᠬᠢᠨᠭ᠌ᠭᠠᠨ ᠠᠢᠮᠠᠬ᠎ᠤᠨ ᠲᠦᠴᠢᠤᠸᠠᠨ ᠱᠢᠶᠠᠨ᠎ᠤ ᠱᠦ᠍ ᠭᠤᠸᠠᠩ ᠤᠳᠤᠬᠢᠴᠢᠯᠠᠬ᠍ᠰᠠᠨ ᠲᠡᠷᠢᠶᠡᠯᠡᠩ᠎ᠤᠨ ᠡᠷᠬᠢᠯᠳᠡᠳᠦ ᠠᠵᠤ ᠠᠬᠤᠢ᠎ᠶ᠋ᠢᠨ ᠲᠤᠭᠤᠷᠢᠬ᠎ᠲᠤ ᠠᠵᠢᠯᠳᠠᠨ ᠵᠢᠮᠢᠰ ᠲᠡᠬᠦᠵᠤ ᠪᠠᠢᠭ᠎ᠠ᠎ᠨᠢ᠃

QQ截图20210719102541.png


ᠦᠬᠠᠢ ᠬᠤᠳᠡ᠎ᠶ᠋ᠢᠨ ᠬᠠᠢᠷᠤᠪ᠎ᠤᠨ ᠲᠤᠬᠤᠢ ᠲᠤᠭᠤᠷᠢᠬ᠎ᠤᠨ ᠸᠠᠩ ᠶᠤᠸᠠᠨ ᠳ᠋ᠢ ᠲᠤᠰᠭᠤᠨ᠎ᠤ ᠭᠤᠯᠢᠷ᠎ᠤᠨ ᠦᠢᠯᠡᠳᠪᠦᠷᠢ᠎ᠶ᠋ᠢᠨ ᠠᠵᠢᠯᠴᠢᠨ ᠱᠢᠬᠢᠷᠳᠦ ᠪᠤᠤᠪᠤ ᠬᠢᠵᠤ ᠪᠠᠢᠭ᠎ᠠ᠎ᠨᠢ᠃

QQ截图20210719102624.png


ᠬᠦᠬᠡᠬᠤᠳᠡ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠬᠡᠵᠢᠯ᠎ᠤᠨ ᠤᠨᠴᠡ ᠲᠤᠮᠢᠯᠡᠬ᠍ᠳᠠᠬ᠍ᠴᠢ (ᠪᠡᠷᠠᠭᠤᠨᠳᠡᠬᠢ) ᠵᠢᠮᠢᠰ᠎ᠤᠨ ᠲᠡᠷᠢᠮᠠᠯ᠎ᠤᠨ ᠮᠡᠷᠬᠡᠵᠢᠯ᠎ᠤᠨ ᠵᠢᠯᠤᠭᠤᠳᠤᠯᠭ᠎ᠠ ᠬᠢᠵᠤ ᠪᠠᠢᠭ᠎ᠠ᠎ᠨᠢ᠃


QQ截图20210719102638.png


ᠪᠠᠶᠠᠨᠨᠠᠭᠤᠷ ᠬᠤᠳᠡ᠎ᠶ᠋ᠢᠨ ᠪᠤᠭᠤᠳᠡᠢ᠎ᠶ᠋ᠢᠨ ᠲᠠᠷᠢᠶᠠᠨ᠎ᠳᠤ ᠵᠢᠯᠤᠭᠤᠴᠢ ᠦᠬᠡᠢ ᠨᠢᠰᠭᠡᠯ᠎ᠢᠶᠠᠷ ᠠᠵᠢᠯᠯᠠᠵᠤ ᠪᠠᠢᠭ᠎ᠠ᠎ᠨᠢ᠃

 

QQ截图20210719102704.png

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号