ᠮᠠᠨ᠎ᠤ ᠣᠷᠣᠨ ᠬᠥᠳᠡᠭᠡ ᠲᠣᠰᠭᠤᠨ᠎ᠤ ᠠᠵᠤ ᠦᠢᠯᠡᠰ᠎ᠢ ᠬᠥᠭ᠌ᠵᠢᠭᠦᠯᠦᠨ ᠮᠠᠨᠳᠤᠭᠤᠯᠬᠤ᠂ ᠴᠢᠳᠠᠪᠤᠷᠢᠲᠠᠨ᠎ᠢ ᠬᠥᠭ᠌ᠵᠢᠭᠦᠯᠦᠨ ᠮᠠᠨᠳᠤᠭᠤᠯᠬᠤ᠂ ᠰᠣᠶᠣᠯ᠎ᠢ ᠬᠥᠭ᠌ᠵᠢᠭᠦᠯᠦᠨ ᠮᠠᠨᠳᠤᠭᠤᠯᠬᠤ᠂ ᠠᠮᠢ ᠠᠬᠤᠢ᠎ᠶ᠋ᠢ ᠬᠥᠭ᠌ᠵᠢᠭᠦᠯᠦᠨ ᠮᠠᠨᠳᠤᠭᠤᠯᠬᠤ᠂ ᠵᠣᠬᠢᠶᠠᠨ ᠪᠠᠢᠭᠤᠯᠤᠯᠲᠠ᠎ᠶ᠋ᠢ ᠬᠥᠭ᠌ᠵᠢᠭᠦᠯᠦᠨ ᠮᠠᠨᠳᠤᠭᠤᠯᠬᠤ ᠲᠣᠭᠤᠷᠢᠨ᠎ᠳᠤ᠂ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ᠎ᠢ ᠤᠷᠢᠳ᠎ᠢᠶᠠᠷ ᠬᠥᠭ᠌ᠵᠢᠭᠦᠯᠬᠦ᠌᠎ᠶ᠋ᠢ ᠭᠤᠢᠪᠢᠰᠢ ᠦᠭᠡᠢ ᠠᠬᠢᠭᠤᠯᠵᠤ᠂ ᠮᠠᠯ ᠠᠵᠤ ᠠᠬᠤᠢ ᠲᠠᠷᠢᠶᠠᠯᠠᠩ ᠬᠦᠴᠦᠷᠬᠡᠭ᠌ᠵᠢᠭ᠌ᠰᠡᠨ᠂ ᠮᠠᠯᠵᠢᠬᠤ ᠲᠠᠷᠢᠶᠠᠯᠠᠬᠤ ᠣᠷᠣᠨ ᠭᠤᠶᠤᠵᠢᠭ᠍ᠰᠠᠨ᠂ ᠮᠠᠯᠴᠢᠨ ᠲᠠᠷᠢᠶᠠᠴᠢᠨ ᠴᠢᠨᠡᠭᠡᠯᠢᠭ᠌ᠵᠢᠭ᠌ᠰᠡᠨ ᠱᠢᠨ᠎ᠡ ᠴᠠᠭ ᠦᠶ᠎ᠡ᠎ᠶ᠋ᠢᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠵᠤ ᠪᠠᠢᠨ᠎ᠠ᠃
ᠬᠥᠳᠡᠭᠡ ᠲᠣᠰᠭᠤᠨ᠎ᠤ ᠠᠵᠤ ᠦᠢᠯᠡᠰ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠪᠠ᠃ ᠲᠠᠷᠢᠶᠠᠨ ᠭᠠᠵᠠᠷ᠎ᠤᠨ ᠠᠮᠤ ᠪᠤᠳᠠᠭᠠᠨ᠎ᠤ ᠦᠢᠯᠡᠳᠪᠤᠷᠢᠯᠡᠯ᠎ᠤᠨ ᠴᠢᠳᠠᠪᠤᠷᠢ᠎ᠶ᠋ᠢ ᠪᠠᠳᠤᠯᠠᠵᠤ ᠲᠧᠭ᠌ᠨᠢᠭ ᠮᠡᠷᠬᠡᠵᠢᠯ᠎ᠢᠶᠠᠷ ᠠᠮᠤ ᠪᠤᠳᠠᠭᠠᠨ᠎ᠤ ᠤᠨᠠᠯᠳᠠ᠎ᠶ᠋ᠢ ᠨᠡᠮᠡᠭ᠌ᠳᠡᠬᠦᠯᠬᠦ᠌ ᠪᠠᠢᠯᠳᠤᠬᠤ ᠪᠣᠳᠣᠯᠭ᠎ᠠ᠎ᠶ᠋ᠢ ᠭᠦᠨᠵᠡᠭᠡᠶ ᠬᠡᠷᠡᠭ᠌ᠵᠢᠭᠦᠯᠵᠦ᠍᠂ ᠠᠮᠤ ᠪᠤᠳᠠᠭᠠᠨ᠎ᠤ ᠦᠢᠯᠡᠳᠪᠦᠷᠢᠯᠡᠯ᠎ᠳᠤ 《17 ᠵᠢᠯ ᠳᠠᠷᠠᠭᠠᠯᠠᠨ ᠡᠯᠪᠡᠭ ᠬᠤᠷᠢᠶᠠᠯᠲᠠ ᠤᠯᠬᠤ》 ᠶ᠋ᠢ ᠪᠡᠶᠡᠯᠡᠭᠦᠯᠪᠡ᠃ 《ᠰᠦ᠎ᠶ᠋ᠢᠨ ᠦᠢᠯᠡᠰ᠎ᠢ ᠬᠦᠭ᠌ᠵᠢᠬᠦᠯᠦᠨ ᠮᠠᠳᠤᠭᠤᠯᠬᠤᠶ᠋ᠢ ᠠᠬᠢᠭᠤᠯᠬᠤ ᠲᠤᠬᠠᠶ ᠬᠡᠷᠡᠭ᠌ᠵᠢᠭᠦᠯᠬᠦ᠌ ᠰᠠᠨᠠᠯ》 ᠵᠡᠷᠭᠡ ᠲᠥᠷᠥ᠎ᠶ᠋ᠢᠨ ᠪᠣᠳᠣᠯᠭ᠎ᠠ᠎ᠶ᠋ᠢᠨ ᠠᠷᠭ᠎ᠠ ᠬᠡᠮᠵᠢᠶ᠎ᠡ᠎ᠶ᠋ᠢ ᠲᠣᠭ᠍ᠲᠠᠭᠠᠨ ᠨᠡᠢᠲᠡᠯᠡᠵᠦ᠍᠂ ᠰᠠᠭᠠᠯᠢ᠎ᠶ᠋ᠢᠨ ᠦᠨᠢᠶᠡᠨ᠎ᠤ ᠲᠤᠭ᠎ᠠ ᠪᠠ ᠦᠨᠢᠶᠡᠨ ᠰᠦ᠎ᠶ᠋ᠢᠨ ᠭᠠᠷᠤᠯᠲᠠ 3 ᠵᠢᠯ ᠳᠠᠷᠠᠭᠠᠯᠠᠨ ᠰᠡᠷᠭᠦᠯᠲᠡ᠎ᠶ᠋ᠢᠨ ᠴᠢᠨᠠᠷᠲᠠᠶ᠎ᠪᠠᠷ ᠨᠡᠮᠡᠭ᠌ᠳᠡᠪᠡ᠃ ᠦᠪᠡᠷᠮᠢᠴᠡ ᠤᠨᠴᠠᠯᠢᠭ᠎ᠲᠠᠢ ᠳᠠᠪᠠᠭᠤᠯᠢᠭ᠍ᠳᠤ ᠮᠠᠯ᠎ᠤᠨ ᠠᠱᠢᠭ ᠱᠢᠮ᠎ᠠ ᠲᠠᠷᠢᠶᠠᠯᠠᠩ᠎ᠤᠨ ᠪᠦᠲᠦᠭᠡᠭ᠌ᠳᠡᠬᠦᠨ᠎ᠤ 15 ᠠᠵᠤ ᠦᠢᠯᠡᠰ᠎ᠤᠨ ᠪᠦᠰᠡ᠎ᠶ᠋ᠢ ᠭᠤᠣᠯᠳᠠᠯᠭ᠎ᠠ᠎ᠲᠠᠢ ᠪᠦᠲᠦᠭᠡᠨ ᠪᠠᠢᠭᠤᠯᠵᠤ᠂ ᠡᠷᠳᠡᠨᠢ ᠱᠢᠰᠢ ᠪᠠ ᠰᠦ᠎ᠶ᠋ᠢᠨ ᠦᠢᠯᠡᠰ᠎ᠤᠨ ᠮᠢᠩᠭᠠᠨ ᠳ᠋ᠦᠩᠱᠢᠭᠤᠷ᠎ᠤᠨ ᠳᠡᠰ᠎ᠤᠨ 2 ᠶᠡᠭᠡ ᠠᠵᠤ ᠦᠢᠯᠡᠰ᠎ᠤᠨ ᠪᠦᠯᠦᠭ᠌ᠵᠢᠯ ᠪᠤᠯᠤᠨ ᠮᠢᠬᠠᠨ᠎ᠤ ᠬᠤᠨᠢ᠂ ᠮᠢᠬᠠᠨ᠎ᠤ ᠦᠬᠡᠷ ᠵᠡᠷᠭᠡ ᠵᠠᠭᠤᠨ ᠳ᠋ᠦᠩᠱᠢᠭᠤᠷ᠎ᠤᠨ ᠲᠠᠰ᠎ᠤᠨ 9 ᠠᠵᠤ ᠦᠢᠯᠡᠰ᠎ᠤᠨ ᠪᠦᠯᠦᠭ᠌ᠵᠢᠯ᠎ᠢ ᠪᠦᠷᠢᠯᠳᠦᠬᠦᠯᠦᠭ᠌ᠰᠡᠨ ᠠᠵᠢ᠃
ᠬᠥᠳᠡᠭᠡ ᠲᠣᠰᠭᠤᠨ᠎ᠤ ᠴᠢᠳᠠᠪᠤᠷᠢᠲᠠᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠪᠠ᠃ 《ᠲᠥᠷᠥ᠎ᠶ᠋ᠢᠨ ᠪᠣᠳᠣᠯᠭ᠎ᠠ᠎ᠶ᠋ᠢᠨ ᠱᠢᠰᠲ᠋ᠧᠮ᠎ᠢ ᠲᠦᠷᠭᠡᠳᠭᠡᠨ ᠪᠠᠢᠭᠤᠯᠵᠤ ᠱᠢᠨ᠎ᠡ ᠬᠡᠯᠪᠡᠷᠢ᠎ᠶ᠋ᠢᠨ ᠮᠠᠯ ᠠᠵᠤ ᠠᠬᠤᠶ ᠲᠠᠷᠢᠶᠠᠯᠠᠩ᠎ᠤᠨ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢ ᠪᠤᠢᠵᠢᠭᠤᠯᠬᠤ ᠲᠤᠬᠠᠶ ᠬᠡᠷᠡᠭ᠌ᠵᠢᠭᠦᠯᠬᠦ᠌ ᠰᠠᠨᠠᠯ》 ᠢ ᠨᠡᠢᠲᠡᠯᠡᠵᠦ᠍᠂ ᠲᠤᠰᠭᠠᠢ ᠬᠤᠷᠱᠢᠶ᠎ᠠ᠎ᠶ᠋ᠢᠨ ᠶᠠᠰᠤ ᠴᠢᠨᠠᠷ᠎ᠤᠨ ᠲᠠᠬᠡᠭ᠌ᠰᠢᠯᠡᠯᠳᠡᠶ᠋ᠢ ᠪᠥᠬᠦ᠌ ᠱᠢᠶᠠᠨ᠎ᠢᠶᠠᠷ᠎ᠨᠢ ᠠᠬᠢᠭᠤᠯᠬᠤ ᠲᠤᠷᠱᠢᠯᠲᠠ᠎ᠶ᠋ᠢᠨ ᠴᠡᠭ᠎ᠢ 37 ᠪᠣᠯᠲᠠᠯ᠎ᠠ ᠥᠷᠭᠡᠳᠭᠡᠵᠦ᠍᠂ ᠵᠢᠱ᠌ᠢᠶ᠎ᠡ ᠦᠵᠡᠭᠦᠯᠬᠦ᠌ 3850 ᠬᠡᠷ ᠪᠦᠯᠢ᠎ᠶ᠋ᠢᠨ ᠲᠠᠷᠢᠶᠠᠯᠠᠩ ᠮᠠᠯᠵᠢᠯ᠎ᠤᠨ ᠲᠠᠯᠠᠪᠠᠶ ᠪᠠ 2956 ᠲᠤᠰᠭᠠᠢ ᠬᠤᠷᠱᠢᠶ᠎ᠠ᠎ᠲᠠᠢ ᠪᠤᠯᠵᠠᠢ᠃ 《ᠬᠠᠪᠤᠷ᠎ᠤᠨ ᠲᠦᠯᠬᠢᠬᠡᠨ》 ᠤ ᠠᠵᠢᠯᠯᠠᠭ᠎ᠠ ᠦᠷᠨᠢᠬᠦᠯᠤᠨ ᠬᠦᠯᠦᠰᠤᠨ ᠮᠠᠯᠴᠢᠨ ᠲᠠᠷᠢᠶᠠᠴᠢᠨ᠎ᠤ ᠨᠤᠲᠤᠭ᠎ᠲᠠᠭᠠᠨ ᠪᠤᠴᠠᠵᠤ ᠦᠢᠯᠡᠰ ᠪᠤᠰᠭᠠᠬᠤ᠎ᠶ᠋ᠢ ᠵᠣᠷᠢᠭ᠍ᠵᠢᠭᠤᠯᠤᠨ ᠳᠡᠮᠵᠢᠵᠦ᠍᠂ ᠪᠦᠬᠦ᠌ ᠣᠷᠣᠨ᠎ᠤ ᠮᠠᠯᠵᠢᠬᠤ ᠲᠠᠷᠢᠶᠠᠯᠠᠬᠤ ᠣᠷᠣᠨ᠎ᠤ 247.1 ᠲᠦᠮᠡᠨ ᠬᠥᠮᠦᠨ᠎ᠢ ᠱᠢᠯᠵᠢᠭᠦᠯᠦᠨ ᠠᠵᠢᠯ ᠣᠯᠭᠤᠵᠤ᠂ 4.5 ᠲᠦᠮᠡᠨ ᠬᠦᠯᠦᠰᠤᠨ ᠮᠠᠯᠴᠢᠨ ᠲᠠᠷᠢᠶᠠᠴᠢᠨ ᠦᠢᠯᠡᠰ ᠪᠤᠰᠭᠠᠨ 11.1 ᠲᠦᠮᠡᠨ ᠬᠥᠮᠦᠨ᠎ᠢ ᠳᠠᠢᠴᠢᠯᠠᠨ ᠠᠵᠢᠯ ᠣᠯᠭᠤᠭ᠍ᠰᠠᠨ ᠪᠠᠢᠨ᠎ᠠ᠃
ᠬᠥᠳᠡᠭᠡ ᠲᠣᠰᠭᠤᠨ᠎ᠤ ᠰᠣᠶᠣᠯ ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠪᠠ᠃ 《ᠨᠠᠮ᠎ᠤᠨ ᠦᠭᠡ᠎ᠶ᠋ᠢ ᠰᠣᠨᠣᠰᠴᠤ᠌ ᠨᠠᠮ᠎ᠤᠨ ᠠᠴᠢ᠎ᠳᠤ ᠲᠠᠯᠠᠷᠬᠠᠨ ᠨᠠᠮ᠎ᠢᠶᠠᠨ ᠳᠠᠭᠠᠬᠤ》 ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠥᠷᠨᠢᠭᠦᠯᠦᠨ᠂ 1.2 ᠲᠦᠮᠡ ᠭᠠᠷᠤᠢ 《ᠰᠤᠷᠤᠯᠴᠠᠯᠭ᠎ᠠ᠎ᠶ᠋ᠢᠨ ᠬᠢᠴᠢᠶᠡᠯ᠎ᠤᠨ ᠲᠠᠩᠬᠢᠮ》 ᠪᠠᠢᠭᠤᠯᠵᠤ᠂ ᠭᠠᠴᠠᠭ᠎ᠠ ᠲᠣᠰᠭᠤᠨ (ᠨᠡᠢᠭᠡᠮ ᠲᠣᠭᠤᠷᠢᠭ) ᠤ ᠶᠡᠷᠦᠩᠬᠡᠢᠯᠡᠭ᠌ᠰᠡᠨ ᠴᠢᠨᠠᠷᠲᠠᠶ ᠰᠣᠶᠣᠯ᠎ᠤᠨ ᠠᠵᠢᠯᠯᠠᠭ᠎ᠠ᠎ᠶ᠋ᠢᠨ ᠲᠥᠪ᠎ᠢ 12522 ᠲᠤ ᠬᠦᠷᠦᠭᠦᠯᠵᠠᠢ᠃ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠢᠯᠡᠳᠦᠯᠭᠡ᠎ᠶ᠋ᠢᠨ ᠲᠥᠪ᠎ᠢ ᠡᠭᠦᠳᠦᠨ ᠪᠠᠢᠭᠤᠯᠬᠤ ᠲᠤᠷᠱᠢᠯᠲᠠ᠎ᠶ᠋ᠢᠨ ᠬᠤᠱᠢᠭᠤ ᠱᠢᠶᠠᠨ 40 ᠪᠠᠢᠵᠤ᠂ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠢᠯᠡᠳᠦᠯᠭᠡ᠎ᠶ᠋ᠢᠨ ᠲᠥᠪ (ᠭᠠᠵᠠᠷ᠂ ᠥᠷᠲᠡᠭᠡ᠂ ᠵᠢᠱ᠌ᠢᠶ᠎ᠡ ᠦᠵᠡᠭᠦᠯᠬᠦ᠌ ᠴᠡᠭ) ᠢ 6860 ᠪᠠᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠲᠡᠰ᠎ᠠᠴᠠ ᠳᠡᠭᠡᠭ᠌ᠰᠢᠬᠢ ᠪᠣᠯᠪᠠᠰᠤᠨ ᠲᠣᠰᠭᠤᠨ ᠪᠠᠯᠭᠠᠰᠤ 1094 ᠳᠤ ᠬᠦᠷᠪᠡ᠃
ᠬᠥᠳᠡᠭᠡ ᠲᠣᠰᠭᠤᠨ᠎ᠤ ᠠᠮᠢ ᠠᠬᠤᠶ᠎ᠶ᠋ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠪᠠ᠃ 《ᠠᠷᠪᠠᠨ ᠱᠢᠶᠠᠨ ᠵᠠᠭᠤᠨ ᠱᠢᠶᠠᠩ ᠮᠢᠩᠭᠠᠨ ᠲᠣᠰᠭᠤᠨ》 ᠤ ᠵᠢᠱ᠌ᠢᠶ᠎ᠡ ᠦᠵᠡᠭᠦᠯᠬᠦ᠌ ᠠᠵᠢᠯᠯᠠᠭ᠎ᠠ ᠪᠤᠯᠤᠨ ᠬᠥᠳᠡᠭᠡ ᠲᠣᠰᠭᠤᠨ᠎ᠢ ᠨᠤᠭᠤᠭᠠᠷᠠᠭᠤᠯᠵᠤ ᠭᠤᠶᠤᠵᠢᠭᠤᠯᠬᠤ ᠠᠵᠢᠯᠯᠠᠭ᠎ᠠ᠎ᠶ᠋ᠢ ᠦᠷᠭᠦᠯᠵᠢᠯᠡᠨ ᠶᠠᠪᠤᠭ᠍ᠳᠠᠭᠤᠯᠵᠤ᠂ ᠬᠢᠮᠢ᠎ᠶ᠋ᠢᠨ ᠪᠣᠷᠲᠣᠭᠤᠷ ᠲᠠᠷᠢᠶᠠᠨ ᠡᠮ ᠬᠡᠷᠡᠭ᠌ᠯᠡᠬᠦ᠌ ᠬᠡᠮᠵᠢᠶ᠎ᠡ 3 ᠵᠢᠯ ᠳᠠᠷᠠᠭᠠᠯᠠᠨ ᠰᠥᠭᠡᠷᠭᠦ᠌ ᠨᠡᠮᠡᠭ᠌ᠳᠡᠯ᠎ᠲᠠᠢ ᠪᠠᠢᠵᠤ᠂ ᠮᠠᠯ ᠵᠢᠭᠦᠷᠲᠡᠨ᠎ᠤ ᠢᠯᠭᠠᠳᠠᠰᠤ᠎ᠶ᠋ᠢ ᠶᠡᠷᠦᠩᠬᠡᠢᠯᠡᠨ ᠠᠱᠢᠬ᠍ᠯᠠᠬᠤ ᠨᠣᠷᠮ᠎ᠠ ᠪᠠ ᠬᠡᠪᠴᠢᠶᠡᠲᠦ ᠲᠡᠵᠢᠭᠡᠨ ᠦᠷᠡᠵᠢᠭᠦᠯᠬᠦ᠌ ᠲᠠᠯᠠᠪᠠᠶ᠎ᠶ᠋ᠢᠨ ᠢᠯᠭᠠᠳᠠᠰᠤ᠎ᠶ᠋ᠢ ᠱᠢᠢᠳᠪᠦᠷᠢᠯᠡᠬᠦ᠌ ᠲᠦᠭᠦᠭᠡᠷᠦᠮᠵᠢ᠎ᠶ᠋ᠢ ᠢᠵᠢ ᠪᠦᠷᠢᠳᠦᠭᠦᠯᠦᠭ᠌ᠰᠡᠨ ᠨᠣᠷᠮ᠎ᠠ ᠲᠣᠰ ᠲᠣᠰ 86.6% ᠪᠠ 98.2% ᠲᠤ ᠬᠥᠷᠪᠡ᠃
ᠬᠥᠳᠡᠭᠡ ᠲᠣᠰᠭᠤᠨ᠎ᠤ ᠵᠣᠬᠢᠶᠠᠨ ᠪᠠᠢᠭᠤᠯᠤᠯᠲᠠ᠎ᠶ᠋ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠪᠠ᠃ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠥᠳᠡᠭᠡ ᠲᠣᠰᠭᠤᠨ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ᠎ᠶ᠋ᠢᠨ ᠠᠵᠢᠯ᠎ᠤᠨ ᠳᠦᠷᠢᠮ》 ᠢ ᠲᠤᠭᠤᠱᠢᠯᠠᠭᠤᠯᠤᠨ ᠬᠡᠷᠡᠭ᠌ᠵᠢᠭᠦᠯᠬᠦ᠌ ᠠᠷᠭ᠎ᠠ᠎ᠶ᠋ᠢ ᠲᠣᠭ᠍ᠲᠠᠭᠠᠨ ᠬᠡᠷᠡᠭ᠌ᠵᠢᠬᠦᠯᠵᠤ᠂ 《ᠨᠢᠭᠡ ᠭᠠᠴᠠᠭ᠎ᠠ ᠲᠣᠰᠭᠤᠨ᠎ᠤ ᠪᠠᠭ᠎ᠲᠤ ᠨᠢᠭᠡ ᠣᠶᠤᠲᠠᠨ᠎ᠲᠠᠢ ᠪᠠᠢᠯᠭᠠᠬᠤ》 ᠬᠥᠮᠦᠵᠢᠭᠦᠯᠬᠦ᠌ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠬᠡᠷᠡᠭ᠌ᠵᠢᠭᠦᠯᠵᠦ᠍᠂ ᠭᠠᠴᠠᠭ᠎ᠠ ᠲᠤᠰᠭᠤᠨ᠎ᠤ ᠬᠠᠮᠲᠤ᠎ᠶ᠋ᠢᠨ ᠠᠵᠤ ᠠᠬᠤᠶ᠎ᠶ᠋ᠢᠨ ᠵᠢᠯ᠎ᠤᠨ ᠣᠷᠣᠯᠭ᠎ᠠ᠎ᠶ᠋ᠢ 5 ᠲᠦᠮᠡᠨ ᠲᠥᠭᠦᠷᠢᠭ᠎ᠠᠴᠠ ᠲᠡᠬᠡᠭ᠌ᠰᠢ ᠬᠦᠷᠬᠡᠪᠡ᠃ 《ᠬᠥᠳᠡᠭᠡ ᠲᠣᠰᠭᠤᠨ᠎ᠤ ᠵᠠᠰᠠᠯᠲᠠ᠎ᠶ᠋ᠢ ᠴᠢᠩᠭᠠᠳᠭᠠᠨ ᠰᠠᠢᠵᠢᠷᠠᠭᠤᠯᠬᠤ ᠲᠤᠬᠠᠶ ᠬᠡᠷᠡᠭ᠌ᠵᠢᠭᠦᠯᠬᠦ᠌ ᠰᠠᠨᠠᠯ》 ᠢ ᠲᠣᠭ᠍ᠲᠠᠭᠠᠨ ᠬᠡᠷᠡᠭ᠌ᠵᠢᠬᠦᠯᠵᠤ᠂ ᠪᠥᠬᠦ᠌ ᠤᠯᠤᠰ᠎ᠤᠨ ᠬᠥᠳᠡᠭᠡ ᠲᠣᠰᠭᠤᠨ᠎ᠤ ᠵᠠᠰᠠᠯᠲᠠ᠎ᠶ᠋ᠢᠨ ᠲᠤᠷᠱᠢᠯᠲᠠ᠎ᠶ᠋ᠢᠨ 3 ᠬᠤᠱᠢᠭᠤ ᠱᠢᠶᠠᠨ ᠪᠠ ᠵᠢᠱ᠌ᠢᠶ᠎ᠡ ᠦᠵᠡᠭᠦᠯᠬᠦ᠌ ᠲᠣᠰᠭᠤᠨ ᠪᠠᠯᠭᠠᠰᠤ᠎ᠶ᠋ᠢ ᠡᠭᠦᠳᠦᠨ ᠪᠠᠢᠭᠤᠯᠵᠤ᠂ ᠲᠣᠰᠭᠤᠨ᠎ᠤ ᠲᠦᠷᠢᠮ ᠠᠷᠠᠳ᠎ᠤᠨ ᠭᠡᠷ᠎ᠡ᠎ᠶ᠋ᠢᠨ ᠪᠦᠷᠬᠦᠴᠡ᠎ᠶ᠋ᠢᠨ ᠨᠣᠷᠮ᠎ᠠ ᠪᠤᠯᠤᠨ ᠵᠠᠰᠠᠪᠤᠷᠢ ᠣᠷᠣᠭᠤᠯᠤᠭ᠍ᠰᠠᠨ ᠨᠣᠷᠮ᠎ᠠ ᠴᠥᠮ 100% ᠳᠤ ᠬᠥᠷᠦᠭ᠌ᠰᠡᠨ ᠪᠠᠢᠨ᠎ᠠ᠃