ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠶ᠋ᠢᠨ ᠲᠥᠯᠥᠭᠡ᠂ ᠳᠤᠮᠳᠠᠳᠤ ᠤᠯᠤᠰ᠎ᠤᠨ ᠡᠪ ᠬᠠᠮᠲᠤ ᠨᠠᠮ ᠳᠤᠮᠳᠠᠳᠤ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ᠂ ᠥᠪᠡᠷ᠎ᠤᠨ ᠬᠦᠴᠦ᠎ᠪᠠᠷ᠎ᠢᠶᠠᠨ ᠳᠡᠭ᠌ᠵᠢᠷᠡᠨ᠂ ᠬᠦᠴᠦᠷᠬᠡᠭ᠌ᠵᠢᠬᠦ᠌᠎ᠪᠠᠷ ᠬᠦᠴᠦᠯᠡᠨ ᠴᠢᠷᠮᠠᠢᠵᠤ᠂ ᠨᠡᠢᠭᠡᠮ ᠵᠢᠷᠤᠮᠲᠤ ᠬᠤᠪᠢᠰᠭᠠᠯ ᠪᠠ ᠪᠦᠳᠦᠭᠡᠨ ᠪᠠᠢᠭᠤᠯᠤᠯᠲᠠ᠎ᠶ᠋ᠢᠨ ᠠᠭᠤᠤ ᠶᠡᠭᠡ ᠠᠮᠵᠢᠯᠲᠠ᠎ᠶ᠋ᠢ ᠡᠭᠦᠳᠦᠭ᠌ᠰᠡᠨ ᠶᠤᠮ᠃ ᠪᠢᠳᠡ ᠨᠡᠢᠭᠡᠮ ᠵᠢᠷᠤᠮᠲᠤ ᠬᠤᠪᠢᠰᠭᠠᠯ ᠬᠢᠵᠦ᠍᠂ ᠳᠤᠮᠳᠠᠳᠤ ᠤᠯᠤᠰ᠎ᠲᠤ ᠬᠡᠳᠦᠨ ᠮᠢᠩᠭᠠᠨ ᠵᠢᠯ ᠦᠷᠭᠦᠯᠵᠢᠯᠡᠭ᠌ᠰᠡᠨ ᠹᠸᠤᠳᠠᠯ᠎ᠤᠨ ᠲᠠᠷᠤᠯᠠᠯ ᠮᠦᠯᠵᠢᠯ᠎ᠳᠤ ᠪᠠᠢᠭᠤᠯᠤᠯ᠎ᠢ ᠤᠰᠠᠳᠭᠠᠵᠤ᠂ ᠨᠡᠢᠭᠡᠮ ᠵᠢᠷᠤᠮ᠎ᠤᠨ ᠦᠨᠳᠦᠰᠦᠨ ᠪᠠᠢᠭᠤᠯᠤᠯ᠎ᠢ ᠲᠣᠭ᠍ᠲᠠᠭᠠᠨ᠂ ᠨᠡᠢᠭᠡᠮ ᠵᠢᠷᠤᠮ᠎ᠤᠨ ᠪᠦᠳᠦᠭᠡᠨ ᠪᠠᠢᠭᠤᠯᠤᠯᠲᠠ᠎ᠶ᠋ᠢ ᠠᠬᠢᠭᠤᠯᠵᠤ᠂ ᠡᠵᠡᠷᠬᠡᠭ ᠲᠦᠷᠢᠮᠡᠬᠡᠢ ᠶᠣᠰᠣ᠂ ᠡᠵᠡᠷᠬᠡᠬᠦ᠌ ᠦᠵᠡᠯ᠎ᠤᠨ ᠨᠤᠷᠠᠭᠠᠯᠲᠠ ᠡᠪᠳᠡᠯᠡᠭᠡ ᠪᠤᠯᠤᠨ ᠵᠡᠪᠰᠡᠭ᠌ᠲᠦ ᠥᠳᠥᠭᠡᠯᠭᠡ᠎ᠶ᠋ᠢ ᠢᠯᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠲᠡᠦᠬᠡᠨ ᠳᠡᠭᠡᠷᠡᠬᠢ ᠬᠠᠮᠤᠭ᠎ᠤᠨ ᠥᠷᠭᠡᠨ ᠳᠡᠯᠭᠡᠷ ᠪᠥᠭᠡᠳ ᠭᠦᠨ ᠭᠦᠨᠵᠡᠭᠡᠢ ᠨᠡᠢᠭᠡᠮ᠎ᠤᠨ ᠬᠤᠪᠢᠰᠤᠯᠲᠠ᠎ᠶ᠋ᠢ ᠪᠡᠶᠡᠯᠡᠭᠦᠯᠵᠦ᠍᠂ ᠶᠠᠳᠠᠭᠤ ᠬᠤᠭᠤᠰᠣᠨ᠂ ᠬᠥᠮᠦᠨ ᠠᠮᠠ ᠤᠯᠠᠨ ᠳᠣᠷᠣᠨᠠᠳᠠᠬᠢᠨ᠎ᠤ ᠶᠡᠭᠡ ᠤᠯᠤᠰ ᠲᠤᠮᠤ ᠠᠯᠬᠤᠮ᠎ᠢᠶᠠᠷ ᠨᠡᠢᠭᠡᠮ ᠵᠢᠷᠤᠮᠲᠤ ᠨᠡᠢᠭᠡᠮ᠎ᠳᠤ ᠲᠠᠪᠱᠢᠨ ᠤᠷᠤᠬ᠍ᠰᠠᠨ ᠠᠭᠤᠤ ᠶᠡᠭᠡ ᠦᠰᠦᠷᠦᠯᠲᠡ᠎ᠶ᠋ᠢ ᠪᠡᠶᠡᠯᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠳᠤ ᠦᠨᠳᠦᠰᠦᠨ ᠤᠯᠤᠰ ᠲᠦᠷᠦ᠎ᠶ᠋ᠢᠨ ᠤᠷᠢᠲᠠᠯ ᠪᠠ ᠪᠠᠢᠭᠤᠯᠤᠯ᠎ᠤᠨ ᠰᠠᠭᠤᠷᠢ᠎ᠶ᠋ᠢ ᠲᠠᠯᠪᠢᠵᠤ ᠥᠭ᠌ᠴᠡᠢ᠃ ᠳᠤᠮᠳᠠᠳᠤ ᠤᠯᠤᠰ᠎ᠤᠨ ᠡᠪ ᠬᠠᠮᠲᠤ ᠨᠠᠮ ᠪᠣᠯᠤᠨ ᠳᠤᠮᠳᠠᠳᠤ ᠤᠯᠤᠰ᠎ᠤᠨ ᠠᠷᠠᠳ ᠲᠦᠮᠡᠨ ᠡᠷᠡᠯᠬᠡᠭ ᠪᠠᠭᠠᠲᠤᠷᠯᠢᠭ ᠨᠤᠭᠤᠷᠠᠰᠢ ᠦᠭᠡᠢ ᠲᠡᠮᠡᠴᠡᠯ᠎ᠢᠶᠠᠷ᠎ᠢᠶᠠᠨ ᠳᠤᠮᠳᠠᠳᠤ ᠤᠯᠤᠰ᠎ᠤᠨ ᠠᠷᠠᠳ ᠲᠦᠮᠡᠨ ᠬᠠᠭᠤᠴᠢᠨ ᠶᠢᠷᠲᠢᠨᠴᠦ᠎ᠶ᠋ᠢ ᠡᠪᠳᠡᠬᠦ᠌᠎ᠳᠡᠭᠡᠨ ᠴᠢᠳᠠᠮᠠᠭᠠᠢ ᠪᠠᠢᠬᠤ᠎ᠪᠠᠷ ᠪᠠᠷᠠᠬᠤ ᠦᠭᠡᠢ ᠪᠠᠰᠠ ᠱᠢᠨ᠎ᠡ ᠶᠢᠷᠲᠢᠨᠴᠦ᠎ᠶ᠋ᠢ ᠪᠠᠢᠭᠤᠯᠬᠤ᠎ᠳᠠᠭᠠᠨ ᠴᠤ᠌ ᠴᠢᠳᠠᠮᠠᠭᠠᠢ ᠪᠠᠢᠳᠠᠭ᠂ ᠭᠠᠭ᠍ᠴᠠ ᠬᠦ᠌ ᠨᠡᠢᠭᠡᠮ ᠵᠢᠷᠤᠮ ᠰᠠᠶᠢ ᠳᠤᠮᠳᠠᠳᠤ ᠤᠯᠤᠰ᠎ᠢ ᠠᠪᠤᠷᠠᠵᠤ ᠴᠢᠳᠠᠨ᠎ᠠ᠂ ᠭᠠᠭ᠍ᠴᠠ ᠬᠦ᠌ ᠨᠡᠢᠭᠡᠮ ᠵᠢᠷᠤᠮ ᠰᠠᠶᠢ ᠳᠤᠮᠳᠠᠳᠤ ᠤᠯᠤᠰ᠎ᠢ ᠬᠥᠭ᠌ᠵᠢᠭᠦᠯᠵᠦ᠍ ᠴᠢᠳᠠᠨ᠎ᠠ ᠭᠡᠵᠤ ᠲᠡᠯᠡᠭᠡᠢ ᠳ᠋ᠠᠬᠢᠨ᠎ᠳᠤ ᠲᠦᠪ ᠴᠢᠩᠭ᠎ᠠ᠎ᠪᠠᠷ ᠲᠤᠩᠬᠠᠬ᠍ᠯᠠᠪᠠ!
— ᠰᠢ᠎ᠶ᠋ᠢᠨ ᠫᠢᠩ᠎ᠤᠨ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠣᠶ᠎ᠶ᠋ᠢ ᠪᠡᠯᠭᠡᠯᠡᠬᠦ᠌ ᠶᠡᠭᠡ ᠬᠤᠷᠠᠯ ᠲᠠᠬᠡᠷᠡᠬᠢ ᠶᠠᠷᠢᠶ᠎ᠠ᠎ᠠᠴᠠ
ᠠᠭᠤᠤ ᠶᠡᠭᠡ ᠵᠤᠷᠢᠭ ᠰᠠᠨᠠᠭ᠎ᠠ

ᠠᠮᠧᠷᠢᠺᠠ᠎ᠶ᠋ᠢ ᠡᠰᠡᠷᠭᠦᠴᠡᠵᠦ᠍ ᠰᠣᠯᠣᠩᠭᠤᠰ᠎ᠢ ᠲᠤᠰᠠᠯᠠᠬᠤ ᠵᠣᠷᠢᠭ ᠰᠠᠨᠠᠭ᠎ᠠ

ᠵᠡᠬᠦᠨ ᠬᠤᠢᠳᠤ᠎ᠶ᠋ᠢᠨ ᠠᠲᠠᠷ ᠬᠠᠭᠠᠯᠪᠤᠷᠢᠯᠠᠯᠳᠠ᠎ᠶ᠋ᠢᠨ ᠵᠣᠷᠢᠭ ᠰᠠᠨᠠᠭ᠎ᠠ

ᠬᠤᠩ ᠴᠢ ᠴᠢᠦᠢ ᠰᠤᠪᠠᠭ᠎ᠢ ᠪᠠᠢᠭᠤᠯᠬᠤ ᠵᠣᠷᠢᠭ ᠰᠠᠨᠠᠭ᠎ᠠ

ᠳ᠋ᠠᠴᠢᠩ᠎ᠤᠨ ᠵᠣᠷᠢᠭ ᠰᠠᠨᠠᠭ᠎ᠠ ᠲᠡᠮᠦᠷ ᠬᠥᠮᠦᠨ᠎ᠤ ᠵᠣᠷᠢᠭ ᠰᠠᠨᠠᠭ᠎ᠠ

ᠯᠧᠢ ᠹᠧᠩ᠎ᠤᠨ ᠵᠣᠷᠢᠭ ᠰᠠᠨᠠᠭ᠎ᠠ

ᠵᠢᠶᠤᠤ ᠢᠦᠶ ᠯᠦ᠍᠎ᠶ᠋ᠢᠨ ᠵᠣᠷᠢᠭ ᠰᠠᠨᠠᠭ᠎ᠠ

《ᠬᠤᠶᠠᠷ ᠪᠥᠮᠪᠦᠭᠡ ᠨᠢᠭᠡ ᠣᠳᠣᠨ》 ᠤ ᠵᠣᠷᠢᠭ ᠰᠠᠨᠠᠭ᠎ᠠ
ᠨᠡᠢᠭᠡᠮ ᠵᠢᠷᠤᠮᠲᠤ ᠬᠤᠪᠢᠰᠭᠠᠯ ᠪᠠ ᠪᠦᠳᠦᠭᠡᠨ ᠪᠠᠢᠭᠤᠯᠤᠯᠲᠠ᠎ᠶ᠋ᠢᠨ ᠴᠠᠭ ᠦᠶ᠎ᠡ ᠪᠤᠯ ᠮᠠᠨ᠎ᠤ ᠨᠠᠮ ᠠᠷᠠᠤᠨ ᠲᠦᠮᠡᠨ᠎ᠢ ᠪᠦᠯᠬᠦᠮᠳᠡᠬᠦᠯᠦᠨ ᠲᠠᠭᠠᠭᠤᠯᠵᠤ ᠱᠢᠨ᠎ᠠ ᠲᠤᠮᠳᠠᠳᠤ ᠤᠯᠤᠰ᠎ᠢ ᠪᠠᠢᠭᠤᠯᠵᠤ᠂ ᠱᠢᠨ᠎ᠠ ᠲᠤᠮᠳᠠᠳᠤ ᠤᠯᠤᠰ᠎ᠢ ᠪᠠᠬᠢᠵᠢᠬᠦᠯᠵᠦ᠍᠂ ᠱᠢᠨ᠎ᠠ ᠲᠤᠮᠳᠠᠳᠤ ᠤᠯᠤᠰ᠎ᠢ ᠪᠦᠳᠦᠬᠡᠨ ᠪᠠᠢᠭᠤᠯᠤᠭ᠍ᠰᠠᠨ ᠲᠡᠤᠬᠡ᠎ᠶ᠋ᠢᠨ ᠱᠢᠯᠵᠢᠯᠳᠡᠶ᠋ᠢᠨ ᠬᠤᠭᠤᠴᠠᠭ᠎ᠠ ᠪᠤᠯᠤᠨ᠎ᠠ᠃ ᠡᠨᠡ ᠬᠦ᠌ ᠬᠤᠭᠤᠴᠠᠭᠠᠨ᠎ᠳᠤ᠂ ᠨᠠᠮ᠎ᠤᠨ ᠤᠳᠤᠷᠢᠳᠤᠯᠭ᠎ᠠ ᠳᠣᠣᠷ᠎ᠠ ᠮᠠᠨ᠎ᠤ ᠤᠯᠤᠰ ᠨᠡᠢᠭᠡᠮ ᠵᠢᠷᠤᠮ᠎ᠤᠨ ᠥᠭᠡᠷᠡᠴᠢᠯᠡᠯᠲᠡ᠎ᠶ᠋ᠢ ᠪᠡᠶᠡᠯᠡᠭᠦᠯᠵᠦ᠍᠂ ᠨᠡᠢᠭᠡᠮ ᠵᠢᠷᠤᠮ᠎ᠤᠨ ᠪᠠᠢᠭᠤᠯᠤᠯ᠎ᠢ ᠪᠠᠢᠭᠤᠯᠪᠠ᠃ ᠳᠡᠯᠡᠬᠡᠢ᠎ᠶ᠋ᠢᠨ ᠬᠥᠮᠦᠨ ᠠᠮᠠ᠎ᠶ᠋ᠢᠨ ᠲᠦᠷᠪᠡᠨ᠎ᠤ ᠨᠢᠭᠡ ᠬᠤᠪᠢ᠎ᠶ᠋ᠢ ᠡᠵᠡᠯᠡᠬᠦ᠌ ᠳᠣᠷᠣᠨᠠᠳᠠᠬᠢᠨ᠎ᠤ ᠲᠤᠮᠤ ᠤᠯᠤᠰ ᠪᠣᠯᠬᠤ ᠳᠤᠮᠳᠠᠳᠤ ᠤᠯᠤᠰ ᠨᠡᠢᠭᠡᠮ ᠵᠢᠷᠤᠮᠳᠤ ᠨᠡᠢᠭᠡᠮ᠎ᠳᠤ ᠣᠷᠣᠵᠤ᠂ ᠳᠤᠮᠳᠠᠳᠤ ᠤᠯᠤᠰ᠎ᠤᠨ ᠲᠡᠦᠬᠡᠨ ᠳᠡᠭᠡᠷᠡᠬᠢ ᠬᠠᠮᠤᠭ᠎ᠤᠨ ᠭᠦᠨ ᠭᠦᠨᠵᠡᠭᠡᠢ ᠬᠠᠮᠤᠭ᠎ᠤᠨ ᠠᠭᠤᠤ ᠶᠡᠭᠡ ᠨᠡᠢᠭᠡᠮ᠎ᠤᠨ ᠬᠤᠪᠢᠰᠤᠯᠲᠠ᠎ᠶ᠋ᠢ ᠠᠮᠵᠢᠯᠲᠠ᠎ᠲᠠᠢ᠎ᠪᠠᠷ ᠪᠡᠶᠡᠯᠡᠭᠦᠯᠪᠡ᠃ ᠡᠨᠡ ᠬᠦ᠌ ᠬᠤᠭᠤᠴᠠᠭᠠᠨ᠎ᠳᠤ᠂ ᠨᠠᠮ᠎ᠠᠴᠠ ᠠᠷᠠᠳ ᠲᠦᠮᠡᠨ᠎ᠢ ᠤᠳᠤᠷᠢᠳᠤᠨ ᠨᠡᠢᠭᠡᠮ ᠵᠢᠷᠤᠮ᠎ᠤᠨ ᠪᠦᠳᠦᠭᠡᠨ ᠪᠠᠢᠭᠤᠯᠤᠯᠲᠠ᠎ᠶ᠋ᠢᠨ ᠵᠠᠮ᠎ᠢ ᠱᠢᠷᠭᠠᠭᠤ ᠬᠠᠲᠠᠭᠤᠵᠢᠯᠲᠠᠢ᠎ᠪᠠᠷ ᠬᠠᠢᠨ ᠰᠦᠪᠡᠭ᠌ᠴᠢᠯᠡᠭᠡᠳ ᠥᠪᠡᠷᠮᠢᠴᠡ ᠪᠦᠲᠦᠭᠡᠯᠴᠢ ᠴᠢᠨᠠᠷᠲᠠᠢ ᠤᠨᠤᠯ᠎ᠤᠨ ᠦᠷ᠎ᠡ ᠪᠦᠲᠦᠭᠡᠯ ᠪᠠ ᠯᠤᠲᠤ ᠶᠡᠭᠡ ᠠᠮᠵᠢᠯᠲᠠ ᠪᠦᠲᠦᠮᠵᠢ ᠤᠯᠵᠤ᠂ ᠳᠤᠮᠳᠠᠳᠤ ᠤᠯᠤᠰ ᠱᠢᠭ᠋ ᠡᠢᠮᠦ᠍ ᠨᠢᠭᠡᠨ ᠨᠡᠢᠭᠡᠮ᠎ᠤᠨ ᠦᠢᠯᠡᠳᠪᠦᠷᠢᠯᠡᠯ᠎ᠤᠨ ᠬᠦᠴᠦᠨ᠎ᠤ ᠲᠦᠪᠱᠢᠨ᠎ᠢᠶᠠᠷ ᠲᠦᠢᠯ᠎ᠤᠨ ᠬᠤᠴᠣᠷᠤᠩᠭᠤᠢ ᠪᠠᠢᠭ᠍ᠰᠠᠨ ᠳᠣᠷᠣᠨᠠᠳᠠᠬᠢᠨ᠎ᠤ ᠲᠤᠮᠤ ᠤᠯᠤᠰ᠎ᠲᠤ ᠨᠡᠢᠭᠡᠮ ᠵᠢᠷᠤᠮ᠎ᠤᠨ ᠪᠦᠳᠦᠭᠡᠨ ᠪᠠᠢᠭᠤᠯᠤᠯᠲᠠ ᠬᠢᠬᠦ᠌ ᠴᠢᠬᠤᠯᠠ ᠲᠤᠷᠱᠢᠯᠭ᠎ᠠ᠎ᠶ᠋ᠢ ᠬᠤᠷᠠᠮᠳᠤᠭᠤᠯᠵᠤ᠂ ᠱᠢᠨ᠎ᠡ ᠲᠡᠦᠬᠡᠨ ᠴᠠᠭ ᠦᠶ᠎ᠡ᠎ᠳᠤ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠢ ᠡᠭᠦᠳᠦᠨ ᠨᠡᠭᠡᠭᠡᠬᠦ᠌᠎ᠳᠤ ᠡᠷᠬᠢᠮ ᠨᠠᠨᠳᠢᠨ ᠲᠤᠷᠱᠢᠯᠭ᠎ᠠ᠂ ᠤᠨᠤᠯ᠎ᠤᠨ ᠪᠡᠯᠡᠳᠭᠡᠯ ᠪᠠ ᠪᠣᠳᠠᠰ᠎ᠤᠨ ᠰᠠᠭᠤᠷᠢ᠎ᠶ᠋ᠢ ᠬᠠᠩᠭᠠᠭ᠍ᠰᠠᠨ ᠪᠠᠢᠨ᠎ᠠ᠃
ᠳᠤᠮᠳᠠᠳᠤ ᠤᠯᠤᠰ᠎ᠤᠨ ᠲᠡᠦᠬᠡᠨ ᠳᠡᠭᠡᠷᠡᠬᠢ ᠬᠠᠮᠤᠭ᠎ᠤᠨ ᠭᠦᠨ ᠭᠦᠨᠵᠡᠭᠡᠶ ᠬᠠᠮᠤᠭ᠎ᠤᠨ ᠠᠭᠤᠤ ᠶᠡᠭᠡ ᠨᠡᠢᠭᠡᠮ᠎ᠤᠨ ᠬᠤᠪᠢᠰᠤᠯᠲᠠ᠎ᠶ᠋ᠢ ᠪᠡᠶᠡᠯᠡᠭᠦᠯᠪᠡ
ᠱᠢᠨ᠎ᠡ ᠳᠤᠮᠳᠠᠳᠤ ᠤᠯᠤᠰ ᠪᠠᠢᠭᠤᠯᠤᠭ᠍ᠳᠠᠭ᠍ᠰᠠᠨ᠎ᠨᠢ ᠳᠤᠮᠳᠠᠳᠤ ᠤᠯᠤᠰ ᠬᠡᠳᠦᠨ ᠮᠢᠩᠭᠠᠨ ᠵᠢᠯ᠎ᠤᠨ ᠹᠸᠤᠳᠠᠯ᠎ᠤᠨ ᠡᠵᠡᠷᠬᠡᠭ ᠤᠯᠤᠰ ᠲᠦᠷᠦ᠎ᠠᠴᠠ ᠠᠷᠠᠳ᠎ᠤᠨ ᠠᠷᠠᠳᠴᠢᠯᠠᠯᠳᠤ ᠱᠢᠯᠵᠢᠭ᠌ᠰᠡᠨ ᠠᠭᠤᠤ ᠶᠡᠭᠡ ᠦᠰᠦᠷᠦᠯᠲᠡ᠎ᠶ᠋ᠢ ᠪᠡᠶᠡᠯᠡᠭᠦᠯᠪᠡ᠃ ᠲᠦᠷᠦ᠍ ᠪᠠᠷᠢᠭ᠍ᠰᠠᠨ ᠠᠩᠬᠠᠨ᠎ᠤ ᠬᠤᠭᠤᠴᠠᠭᠠᠨ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ ᠱᠢᠯᠵᠢᠯᠲᠡ᠎ᠶ᠋ᠢᠨ ᠦᠶ᠎ᠡ᠎ᠶ᠋ᠢᠨ ᠶᠡᠷᠦᠩᠬᠡᠢ ᠱᠤᠭᠤᠮ᠎ᠢ ᠲᠣᠭ᠍ᠲᠠᠭᠠᠵᠤ᠂ ᠳᠤᠮᠳᠠᠳᠤ ᠤᠯᠤᠰ᠎ᠤᠨ ᠲᠡᠦᠬᠡᠨ ᠳᠡᠭᠡᠷᠡᠬᠢ ᠬᠠᠮᠤᠭ᠎ᠤᠨ ᠭᠦᠨ ᠭᠦᠨᠵᠡᠭᠡᠢ ᠬᠠᠮᠤᠭ᠎ᠤᠨ ᠠᠭᠤᠤ ᠶᠡᠭᠡ ᠨᠡᠢᠭᠡᠮ᠎ᠤᠨ ᠬᠤᠪᠢᠰᠤᠯᠲᠠ᠎ᠶ᠋ᠢ ᠠᠮᠵᠢᠯᠲᠠ᠎ᠲᠠᠢ ᠪᠡᠶᠡᠯᠡᠭᠦᠯᠵᠡᠢ᠃ 1954 ᠣᠨ᠎ᠳᠤ᠂ ᠠᠩᠬᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠩᠬᠠᠳᠤᠭᠠᠷ ᠬᠤᠷᠠᠯ᠎ᠠᠴᠠ 《ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠨ ᠬᠠᠤᠯᠢ》 ᠶ᠋ᠢ ᠪᠠᠲᠤᠯᠠᠵᠤ᠂ ᠦᠨᠳᠦᠰᠦ ᠪᠤᠯᠬᠤ ᠶᠡᠭᠡ ᠬᠠᠤᠯᠢ᠎ᠶ᠋ᠢᠨ ᠬᠡᠯᠪᠡᠷᠢ᠎ᠪᠠᠷ ᠠᠷᠠᠳ᠎ᠤᠨ ᠠᠷᠠᠳᠴᠢᠯᠠᠯ ᠪᠣᠯᠤᠨ ᠨᠡᠢᠭᠡᠮ ᠵᠢᠷᠤᠮ᠎ᠤᠨ ᠵᠠᠷᠴᠢᠮ᠎ᠢ ᠲᠣᠭ᠍ᠲᠠᠪᠤᠷᠢᠵᠢᠭᠤᠯᠤᠭ᠍ᠰᠠᠨ ᠪᠥᠭᠡᠳ ᠮᠠᠨ᠎ᠤ ᠤᠯᠤᠰ᠎ᠤᠨ ᠦᠨᠳᠦᠰᠦᠨ ᠤᠯᠤᠰ ᠲᠦᠷᠦ᠎ᠶ᠋ᠢᠨ ᠪᠠᠢᠭᠤᠯᠤᠯ᠎ᠢ ᠴᠢᠨᠠᠭ᠍ᠰᠢᠳᠠ ᠲᠣᠭ᠍ᠲᠠᠭᠠᠭ᠍ᠰᠠᠨ ᠪᠠᠢᠨ᠎ᠠ᠃ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠭ᠍ᠰᠠᠨ ᠤᠯᠠᠨ ᠨᠠᠮ ᠬᠠᠮᠲᠤᠷᠠᠨ ᠠᠵᠢᠯᠯᠠᠬᠤ ᠪᠠ ᠤᠯᠤᠰ ᠲᠦᠷᠦ᠎ᠶ᠋ᠢᠨ ᠵᠥᠪᠯᠡᠯᠭᠡ ᠬᠢᠬᠦ᠌ ᠪᠠᠢᠭᠤᠯᠤᠯ᠂ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ᠎ᠢ ᠲᠣᠭ᠍ᠲᠠᠭᠠᠭ᠍ᠰᠠᠨ᠎ᠨᠢ ᠮᠠᠨ᠎ᠤ ᠤᠯᠤᠰ᠎ᠤᠨ ᠨᠡᠢᠭᠡᠮ ᠵᠢᠷᠤᠮ᠎ᠤᠨ ᠤᠯᠤᠰ ᠲᠦᠷᠦ᠎ᠶ᠋ᠢᠨ ᠪᠠᠢᠭᠤᠯᠤᠯ᠎ᠤᠨ ᠱᠢᠰᠲ᠋ᠧᠮ᠎ᠢ ᠪᠦᠷᠢᠯᠳᠦᠭᠦᠯᠵᠦ᠍᠂ ᠮᠠᠨ᠎ᠤ ᠤᠯᠤᠰ᠎ᠤᠨ ᠨᠡᠢᠭᠡᠮ ᠵᠢᠷᠤᠮ᠎ᠤᠨ ᠠᠵᠤ ᠠᠬᠤᠢ᠎ᠶ᠋ᠢᠨ ᠪᠠᠢᠭᠤᠯᠤᠯ᠎ᠢ ᠲᠣᠭ᠍ᠲᠠᠭᠠᠬᠤ᠎ᠳᠤ ᠤᠯᠤᠰ ᠲᠦᠷᠦ᠎ᠶ᠋ᠢᠨ ᠪᠠᠲᠤᠯᠠᠭ᠎ᠠ ᠬᠠᠩᠭᠠᠪᠠ᠃ 1956 ᠣᠨ᠎ᠤ 9 ᠰᠠᠷ᠎ᠠ᠎ᠳᠤ᠂ ᠨᠠᠮ᠎ᠤᠨ ᠨᠠᠢ᠍ᠮᠠᠳᠤᠭᠠᠷ ᠤᠳᠠᠭ᠎ᠠ᠎ᠶ᠋ᠢᠨ ᠪᠦᠬᠦ᠌ ᠤᠯᠤᠰ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠠᠴᠠ᠄ ᠮᠠᠨ᠎ᠤ ᠤᠯᠤᠰ᠎ᠤᠨ ᠦᠭᠡᠢᠭᠦᠦ ᠠᠩᠬᠢ ᠪᠣᠯᠤᠨ ᠬᠥᠷᠥᠩᠭᠡᠲᠡᠨ ᠠᠩᠬᠢ᠎ᠶ᠋ᠢᠨ ᠬᠤᠭᠤᠷᠣᠨᠳᠣᠬᠢ ᠵᠥᠷᠢᠴᠡᠯ ᠦᠨᠳᠦᠰᠦᠨ᠎ᠳᠡᠭᠡᠨ ᠱᠢᠶᠳᠪᠦᠷᠢᠯᠡᠭ᠌ᠳᠡᠵᠦ᠍᠂ ᠬᠡᠳᠦᠨ ᠮᠢᠩᠭᠠᠨ ᠵᠢᠯ᠎ᠤᠨ ᠲᠤᠷᠱᠢᠬᠢ ᠠᠩᠬᠢ᠎ᠶ᠋ᠢᠨ ᠮᠥᠯᠵᠢᠯ᠎ᠤᠨ ᠪᠠᠢᠭᠤᠯᠤᠯ᠎ᠤᠨ ᠲᠡᠦᠬᠡ ᠦᠨᠳᠦᠰᠦᠨ᠎ᠳᠡᠭᠡᠨ ᠡᠴᠦᠰᠯᠡᠵᠦ᠍᠂ ᠨᠡᠢᠭᠡᠮ ᠵᠢᠷᠤᠮᠳᠤ ᠨᠡᠢᠭᠡᠮ᠎ᠤᠨ ᠪᠠᠢᠭᠤᠯᠤᠯ ᠮᠠᠨ᠎ᠤ ᠤᠯᠤᠰ᠎ᠲᠤ ᠨᠢᠭᠡᠨᠲᠡ ᠦᠨᠳᠦᠰᠦᠨ᠎ᠳᠡᠭᠡᠨ ᠪᠠᠢᠭᠤᠯᠤᠭ᠍ᠳᠠᠪᠠ ᠭᠡᠵᠦ᠍ ᠨᠡᠢᠲᠡᠯᠡᠵᠠᠢ᠃
ᠱᠢᠨ᠎ᠡ ᠳᠤᠮᠳᠠᠳᠤ ᠤᠯᠤᠰ ᠪᠠᠢᠭᠤᠯᠤᠭ᠍ᠳᠠᠭ᠍ᠰᠠᠨ᠎ᠤ ᠲᠠᠷᠠᠭ᠎ᠠ᠂ ᠮᠠᠨ᠎ᠤ ᠨᠠᠮ ᠠᠷᠠᠳ ᠲᠦᠮᠡᠨ᠎ᠢ ᠤᠳᠤᠷᠢᠳᠤᠨ ᠳᠤᠮᠳᠠᠳᠤ ᠤᠯᠤᠰ᠎ᠤᠨ ᠲᠡᠦᠬᠡᠨ ᠳᠡᠭᠡᠷ᠎ᠡ ᠶᠡᠷᠦ᠎ᠠᠴᠠ ᠪᠠᠢᠵᠤ ᠥᠩᠭᠡᠷᠡᠭ᠌ᠰᠡᠨ ᠦᠭᠡᠢ ᠬᠦᠷ ᠬᠦᠭ᠌ᠵᠢᠶᠡᠨ᠎ᠲᠠᠢ ᠨᠡᠢᠭᠡᠮ ᠵᠢᠷᠤᠮ᠎ᠤᠨ ᠪᠦᠳᠦᠭᠡᠨ ᠪᠠᠢᠭᠤᠯᠤᠯᠲᠠ᠎ᠶ᠋ᠢ ᠦᠷᠨᠢᠬᠦᠯᠵᠤ᠂ ᠦᠨᠳᠦᠰᠦᠨ ᠤᠯᠤᠰ ᠲᠦᠷᠦ᠎ᠶ᠋ᠢᠨ ᠪᠠᠢᠭᠤᠯᠤᠯ ᠪᠠ ᠠᠵᠤ ᠠᠬᠤᠢ᠎ᠶ᠋ᠢᠨ ᠪᠠᠢᠭᠤᠯᠤᠯ᠎ᠢ ᠲᠣᠭ᠍ᠲᠠᠭᠠᠵᠠᠢ᠃ ᠳᠡᠮᠡᠢ ᠤᠳᠠᠭ᠍ᠰᠠᠨ ᠦᠭᠡᠢ᠂ ᠮᠠᠨ᠎ᠤ ᠤᠯᠤᠰ᠎ᠤᠨ ᠨᠡᠢᠭᠡᠮ᠎ᠳᠤ ᠲᠩᠷᠢ ᠭᠠᠵᠠᠷ᠎ᠢ ᠳᠣᠩᠰᠣᠯᠭᠠᠮ᠎ᠠ ᠬᠤᠪᠢᠷᠠᠯᠲᠠ ᠭᠠᠷᠴᠤ᠌᠂ ᠪᠡᠶ᠎ᠡ᠎ᠪᠠᠨ ᠳᠠᠭᠠᠭᠠᠭ᠍ᠰᠠᠨ᠂ ᠨᠡᠯᠢᠶᠡᠳ ᠪᠦᠷᠢᠨ ᠪᠦᠲᠦᠨ ᠠᠵᠤ ᠦᠢᠯᠡᠳᠪᠦᠷᠢ᠎ᠶ᠋ᠢᠨ ᠱᠢᠰᠲ᠋ᠧᠮ ᠪᠠ ᠤᠯᠤᠰ ᠠᠷᠠᠳ᠎ᠤᠨ ᠠᠵᠤ ᠠᠬᠤᠢ᠎ᠶ᠋ᠢᠨ ᠱᠢᠰᠲ᠋ᠧᠮ᠎ᠢ ᠪᠠᠢᠭᠤᠯᠵᠤ᠂ ᠱᠢᠨᠵᠢᠯᠡᠬᠦ᠌ ᠤᠬᠠᠭᠠᠨ᠂ ᠰᠤᠷᠭᠠᠨ ᠬᠥᠮᠦᠵᠢᠯ᠂ ᠰᠣᠶᠣᠯ᠂ ᠰᠣᠨᠢᠨ ᠮᠡᠳᠡᠭᠡ᠂ ᠬᠡᠪᠯᠡᠯ᠂ ᠡᠷᠡᠭᠦᠯ ᠬᠠᠮᠠᠭᠠᠯᠠᠯ᠂ ᠪᠡᠶ᠎ᠡ᠎ᠶ᠋ᠢᠨ ᠲᠠᠮᠢᠷ ᠵᠡᠷᠭᠡ ᠦᠢᠯᠡᠰ ᠴᠢᠬᠤᠯᠠ ᠲᠠᠪᠱᠢᠯᠳᠠ᠎ᠲᠠᠢ ᠪᠤᠯᠵᠤ᠂ ᠪᠡᠶ᠎ᠡ᠎ᠪᠠᠨ ᠳᠠᠭᠠᠭᠠᠨ 《ᠬᠤᠶᠠᠷ ᠪᠥᠮᠪᠦᠭᠡ ᠨᠢᠭᠡ ᠤᠳᠤᠨ》 ᠢ ᠰᠤᠳᠤᠯᠤᠨ ᠦᠢᠯᠡᠳᠴᠦ᠍᠂ ᠳᠡᠯᠡᠬᠡᠢ ᠳᠡᠭᠡᠷ᠎ᠡ ᠴᠢᠬᠤᠯᠠ ᠨᠥᠯᠥᠭᠡ᠎ᠲᠠᠢ ᠲᠤᠮᠤ ᠤᠯᠤᠰ ᠪᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠳᠤ ᠦᠨᠳᠦᠰᠦᠨ ᠤᠯᠤᠰ ᠲᠦᠷᠦ᠎ᠶ᠋ᠢᠨ ᠤᠷᠢᠲᠠᠯ ᠪᠠ ᠪᠠᠢᠭᠤᠯᠤᠯ᠎ᠤᠨ ᠰᠠᠭᠤᠷᠢ᠎ᠶ᠋ᠢ ᠲᠠᠯᠪᠢᠭ᠍ᠰᠠᠨ ᠪᠠᠢᠨ᠎ᠠ᠃
ᠨᠡᠢᠭᠡᠮ ᠵᠢᠷᠤᠮᠲᠤ ᠬᠤᠪᠢᠰᠭᠠᠯ ᠪᠠ ᠪᠦᠲᠦᠭᠡᠨ ᠪᠠᠢᠭᠤᠯᠤᠯᠲᠠ᠎ᠶ᠋ᠢᠨ ᠡᠷᠬᠢᠮ ᠨᠠᠨᠳᠢᠨ ᠲᠤᠷᠱᠢᠯᠭ᠎ᠠ᠎ᠶ᠋ᠢ ᠬᠤᠷᠠᠮᠳᠤᠭᠤᠯᠪᠠ
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠳᠤᠮᠳᠠᠳᠤ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠨᠡᠢᠭᠡᠮ ᠵᠢᠷᠤᠮᠲᠤ ᠬᠤᠪᠢᠰᠭᠠᠯ ᠪᠠ ᠨᠡᠢᠭᠡᠮ ᠵᠢᠷᠤᠮ᠎ᠤᠨ ᠪᠦᠳᠦᠭᠡᠨ ᠪᠠᠢᠭᠤᠯᠤᠯᠲᠠ᠎ᠶ᠋ᠢᠨ ᠠᠭᠤᠤ ᠶᠡᠭᠡ ᠠᠮᠵᠢᠯᠲᠠ ᠪᠦᠲᠦᠮᠵᠢ᠎ᠶ᠋ᠢ ᠣᠯᠤᠭ᠍ᠰᠠᠨ ᠥᠩᠭᠡᠷᠡᠯᠲᠡ᠎ᠶ᠋ᠢ ᠡᠷᠭᠢᠴᠡᠭᠦᠯᠪᠡᠯ᠂ ᠥᠩᠭᠡᠷᠡᠭ᠌ᠰᠡᠨ᠎ᠳᠤ ᠪᠢᠳᠡ ᠶᠠᠭᠠᠬᠢᠭᠠᠳ ᠠᠮᠵᠢᠯᠲᠠ ᠣᠯᠵᠤ ᠴᠢᠳᠠᠭ᠍ᠰᠠᠨ᠂ ᠢᠷᠡᠭᠡᠳᠦᠢ᠎ᠳᠤ ᠪᠢᠳᠡ ᠶᠠᠭᠠᠬᠢᠪᠠᠯ ᠰᠠᠶᠢ ᠦᠷᠭᠦᠯᠵᠢᠯᠡᠨ ᠠᠮᠵᠢᠯᠲᠠ ᠣᠯᠵᠤ ᠴᠢᠳᠠᠬᠤ᠎ᠶ᠋ᠢ ᠲᠣᠳᠣᠷᠬᠠᠢ ᠣᠯᠵᠤ ᠬᠠᠷᠠᠬᠤ ᠶᠤᠮ᠃ ᠨᠠᠮ᠎ᠠᠴᠠ ᠠᠷᠠᠳ ᠲᠦᠮᠡᠨ᠎ᠢ ᠤᠳᠤᠷᠢᠳᠤᠨ ᠨᠡᠢᠭᠡᠮ ᠵᠢᠷᠤᠮᠲᠤ ᠬᠤᠪᠢᠰᠭᠠᠯ ᠪᠠ ᠪᠦᠳᠦᠭᠡᠨ ᠪᠠᠢᠭᠤᠯᠤᠯᠲᠠ ᠬᠢᠭ᠌ᠰᠡᠨ ᠴᠠᠭ ᠦᠶ᠎ᠡ᠎ᠳᠤ ᠬᠡᠳᠦ᠋ᠢᠪᠡᠷ ᠬᠦᠨᠳᠦ ᠨᠣᠴᠢᠲᠠᠢ ᠨᠤᠭᠤᠷᠠᠯ ᠪᠦᠳᠦᠷᠢᠯ᠎ᠢ ᠥᠩᠭᠡᠷᠡᠭᠦᠯᠦᠭ᠌ᠰᠡᠨ ᠪᠣᠯᠪᠠᠴᠤ᠌ ᠮᠥᠨ ᠯᠡ ᠥᠪᠡᠷᠮᠢᠴᠡ ᠪᠦᠲᠦᠭᠡᠯᠴᠢ ᠴᠢᠨᠠᠷᠲᠠᠢ ᠤᠨᠤᠯ᠎ᠤᠨ ᠦᠷ᠎ᠡ ᠪᠦᠲᠦᠭᠡᠯ ᠪᠠ ᠯᠤᠲᠤ ᠶᠡᠭᠡ ᠠᠮᠵᠢᠯᠲᠠ ᠪᠦᠲᠦᠮᠵᠢ ᠣᠯᠵᠤ᠂ ᠲᠡᠦᠬᠡᠨ ᠱᠢᠨ᠎ᠡ ᠴᠠᠭ ᠦᠶ᠎ᠡ᠎ᠳᠤ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠢ ᠡᠭᠦᠳᠦᠨ ᠨᠡᠭᠡᠭᠡᠬᠦ᠌᠎ᠳᠤ ᠡᠷᠬᠢᠮ ᠨᠠᠨᠳᠢᠨ ᠲᠤᠷᠱᠢᠯᠭ᠎ᠠ ᠬᠤᠷᠠᠮᠳᠤᠭᠤᠯᠵᠠᠢ᠃
ᠨᠠᠮ᠎ᠤᠨ ᠪᠠᠲᠤ ᠴᠢᠩᠭ᠎ᠠ ᠤᠳᠤᠷᠢᠳᠤᠯᠭ᠎ᠠ ᠪᠣᠯ ᠨᠡᠢᠭᠡᠮ ᠵᠢᠷᠤᠮᠲᠤ ᠬᠤᠪᠢᠰᠭᠠᠯ ᠪᠠ ᠪᠦᠲᠦᠭᠡᠨ ᠪᠠᠢᠭᠤᠯᠤᠯᠲᠠ᠎ᠶ᠋ᠢᠨ ᠠᠭᠤᠤ ᠶᠡᠭᠡ ᠠᠮᠵᠢᠯᠲᠠ ᠪᠦᠲᠦᠮᠵᠢ᠎ᠶ᠋ᠢ ᠡᠭᠦᠳᠬᠦ᠌᠎ᠶ᠋ᠢᠨ ᠦᠨᠳᠦᠰᠦᠨ ᠪᠠᠲᠤᠯᠠᠭ᠎ᠠ ᠮᠥᠨ᠃ ᠮᠠᠨ᠎ᠤ ᠨᠠᠮ ᠪᠣᠯ ᠢᠯᠡ ᠲᠣᠳᠣ ᠤᠯᠤᠰ ᠲᠥᠷᠥ᠎ᠶ᠋ᠢᠨ ᠳᠠᠪᠠᠭᠤᠯᠢᠭ᠂ ᠣᠨᠣᠯ᠎ᠤᠨ ᠳᠠᠪᠠᠭᠤᠯᠢᠭ᠂ ᠵᠣᠬᠢᠶᠠᠨ ᠪᠠᠢᠭᠤᠯᠤᠯᠲᠠ᠎ᠶ᠋ᠢᠨ ᠳᠠᠪᠠᠭᠤᠯᠢᠭ᠂ ᠰᠤᠷᠲᠠᠯ᠎ᠤᠨ ᠳᠠᠪᠠᠭᠤᠯᠢᠭ ᠪᠠ ᠰᠠᠬᠢᠯᠭ᠎ᠠ ᠪᠠᠲᠤ᠎ᠶ᠋ᠢᠨ ᠳᠠᠪᠠᠭᠤᠯᠢᠭ᠎ᠲᠠᠢ ᠦᠭᠡᠢᠭᠦᠦ ᠠᠩᠭᠢ᠎ᠶ᠋ᠢᠨ ᠲᠥᠷᠥ᠎ᠶ᠋ᠢᠨ ᠨᠠᠮ ᠮᠥᠨ᠂ ᠬᠦᠴᠦᠷᠬᠡᠭ ᠶᠡᠭᠡ ᠤᠯᠤᠰ ᠲᠥᠷᠥ᠎ᠶ᠋ᠢᠨ ᠤᠳᠤᠷᠢᠳᠭᠤ ᠬᠦᠴᠦᠨ᠂ ᠦᠵᠡᠯ ᠰᠠᠨᠠᠭᠠᠨ᠎ᠤ ᠬᠥᠲᠥᠯᠥᠨ ᠳᠠᠭᠠᠭᠤᠯᠬᠤ ᠬᠦᠴᠦᠨ᠂ ᠣᠯᠠᠨ ᠲᠦᠮᠡᠨ᠎ᠢ ᠵᠣᠬᠢᠶᠠᠨ ᠪᠠᠢᠭᠤᠯᠬᠤ ᠬᠦᠴᠦᠨ᠂ ᠨᠡᠢᠭᠡᠮ᠎ᠤᠨ ᠤᠷᠢᠶᠠᠯᠠᠬᠤ ᠬᠦᠴᠦᠨ᠎ᠲᠠᠢ ᠮᠠᠷᠺᠰ᠎ᠤᠨ ᠦᠵᠡᠯ᠎ᠤᠨ ᠲᠥᠷᠥ᠎ᠶ᠋ᠢᠨ ᠨᠠᠮ ᠮᠥᠨ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠱᠢᠨ᠎ᠡ ᠳᠤᠮᠳᠠᠳᠤ ᠤᠯᠤᠰ᠎ᠤᠨ ᠨᠡᠢᠭᠡᠮ ᠵᠢᠷᠤᠮᠲᠤ ᠬᠤᠪᠢᠰᠭᠠᠯ ᠪᠠ ᠪᠦᠳᠦᠭᠡᠨ ᠪᠠᠢᠭᠤᠯᠤᠯᠲᠠ ᠠᠭᠤᠤ ᠶᠡᠭᠡ ᠠᠮᠵᠢᠯᠲᠠ ᠤᠯᠵᠤ᠂ ᠨᠠᠮ᠎ᠤᠨ ᠤᠳᠤᠷᠢᠳᠤᠯᠭ᠎ᠠ ᠪᠣᠯ ᠮᠠᠨ᠎ᠤ ᠡᠯ᠎ᠡ ᠲᠦᠷᠦᠯ᠎ᠤᠨ ᠠᠵᠢᠯ ᠦᠢᠯᠡᠰ᠎ᠤᠨ ᠢᠯᠠᠯᠲᠠ ᠤᠯᠬᠤ᠎ᠶ᠋ᠢᠨ ᠦᠨᠳᠦᠰᠦᠨ ᠪᠠᠲᠤᠯᠠᠭ᠎ᠠ ᠮᠥᠨ ᠭᠡᠳᠡᠭ᠎ᠢ ᠭᠦᠢᠴᠡᠳ ᠭᠡᠷᠡᠴᠢᠯᠡᠪᠠ᠃
ᠠᠷᠠᠳ ᠤᠯᠠᠨ ᠪᠣᠯ ᠨᠡᠢᠭᠡᠮ ᠵᠢᠷᠤᠮᠲᠤ ᠬᠤᠪᠢᠰᠭᠠᠯ ᠪᠠ ᠪᠦᠲᠦᠭᠡᠨ ᠪᠠᠢᠭᠤᠯᠤᠯᠲᠠ᠎ᠶ᠋ᠢᠨ ᠠᠭᠤᠤ ᠶᠡᠭᠡ ᠠᠮᠵᠢᠯᠲᠠ ᠪᠦᠲᠦᠮᠵᠢ᠎ᠶ᠋ᠢ ᠡᠭᠦᠳᠦᠨ ᠪᠦᠲᠦᠭᠡᠬᠦ᠌᠎ᠶ᠋ᠢᠨ ᠲᠦᠱᠢᠭ᠌ᠯᠡᠬᠦ᠌ ᠬᠦᠴᠦᠨ ᠮᠥᠨ᠃ ᠨᠡᠢᠭᠡᠮ ᠵᠢᠷᠤᠮᠲᠤ ᠬᠤᠪᠢᠰᠭᠠᠯ ᠪᠠ ᠪᠦᠳᠦᠭᠡᠨ ᠪᠠᠢᠭᠤᠯᠤᠯᠲᠠ ᠠᠭᠤᠤ ᠶᠡᠭᠡ ᠠᠮᠵᠢᠯᠲᠠ ᠣᠯᠤᠭ᠍ᠰᠠᠨ᠎ᠤ ᠵᠠᠩᠭᠢᠯᠠᠭ᠎ᠠ᠎ᠨᠢ ᠮᠠᠨ᠎ᠤ ᠨᠠᠮ ᠤᠯᠠᠨ ᠲᠦᠮᠡᠨ᠎ᠲᠠᠢ ᠨᠢᠭ᠍ᠲᠠ ᠬᠠᠷᠢᠴᠠᠵᠤ᠂ ᠠᠷᠠᠳ ᠲᠦᠮᠡᠨ᠎ᠢ ᠴᠢᠩᠭ᠎ᠠ ᠲᠦᠱᠢᠭ᠌ᠯᠡᠨ᠂ ᠬᠠᠮᠤᠭ᠎ᠤᠨ ᠥᠷᠭᠡᠨ ᠤᠯᠠᠨ ᠠᠷᠠᠳ ᠲᠦᠮᠡᠨ᠎ᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠪᠠ ᠪᠦᠲᠦᠭᠡᠯᠴᠢ ᠴᠢᠨᠠᠷ᠎ᠢ ᠭᠦᠢᠴᠡᠳ ᠪᠠᠳᠠᠷᠠᠭᠤᠯᠤᠭ᠍ᠰᠠᠨ᠎ᠳᠤ ᠪᠠᠢᠨ᠎ᠠ᠃ ᠠᠷᠠᠳ ᠲᠦᠮᠡᠨ ᠪᠣᠯ ᠨᠠᠮ᠎ᠤᠨ ᠬᠦᠴᠦᠨ ᠴᠢᠳᠠᠯ᠎ᠤᠨ ᠡᠬᠢ ᠪᠤᠯᠠᠭ ᠮᠥᠨ᠂ ᠪᠦᠬᠦᠳᠡ ᠨᠠᠢᠷᠠᠮᠳᠠᠬᠤ ᠤᠯᠤᠰ᠎ᠤᠨ ᠪᠠᠲᠤ ᠪᠠᠬᠢ ᠦᠨᠳᠦᠰᠦ ᠰᠠᠭᠤᠷᠢ ᠮᠥᠨ᠂ ᠮᠠᠨ᠎ᠤ ᠨᠠᠮ᠎ᠤᠨ ᠲᠦᠷᠦ᠍ ᠪᠠᠷᠢᠵᠤ ᠤᠯᠤᠰ᠎ᠢᠶᠠᠨ ᠮᠠᠨᠳᠤᠭᠤᠯᠬᠤ᠎ᠶ᠋ᠢᠨ ᠦᠨᠳᠦᠰᠦ ᠮᠥᠨ ᠭᠡᠳᠡᠭ᠎ᠢ ᠲᠡᠦᠬᠡ ᠪᠠ ᠪᠣᠳᠠᠲᠤ ᠠᠬᠤᠢ ᠲᠠᠬᠢᠨ ᠳᠠᠪᠲᠠᠨ ᠬᠠᠷᠠᠭᠤᠯᠤᠭ᠍ᠰᠠᠨ ᠪᠠᠢᠨ᠎ᠠ᠃
ᠤᠯᠤᠰ᠎ᠢᠶᠠᠨ ᠬᠠᠢᠷᠠᠯᠠᠬᠤ ᠨᠢᠭᠡᠳᠦᠮᠡᠯ ᠹᠷᠣᠨᠲ ᠪᠣᠯ ᠨᠡᠢᠭᠡᠮ ᠵᠢᠷᠤᠮᠲᠤ ᠬᠤᠪᠢᠰᠭᠠᠯ ᠪᠠ ᠪᠦᠲᠦᠭᠡᠨ ᠪᠠᠢᠭᠤᠯᠤᠯᠲᠠ᠎ᠶ᠋ᠢᠨ ᠠᠭᠤᠤ ᠶᠡᠭᠡ ᠠᠮᠵᠢᠯᠲᠠ ᠪᠦᠲᠦᠮᠵᠢ᠎ᠶ᠋ᠢ ᠡᠭᠦᠳᠦᠨ ᠪᠦᠲᠦᠭᠡᠬᠦ᠌ ᠴᠢᠬᠤᠯᠠ ᠡᠷᠳᠡᠨᠢ ᠮᠥᠨ᠃ ᠨᠡᠢᠭᠡᠮ ᠵᠢᠷᠤᠮᠲᠤ ᠬᠤᠪᠢᠰᠭᠠᠯ ᠪᠠ ᠪᠦᠲᠦᠭᠡᠨ ᠪᠠᠢᠭᠤᠯᠤᠯᠲᠠ᠎ᠶ᠋ᠢᠨ ᠴᠠᠭ ᠦᠶ᠎ᠡ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ ᠬᠠᠮᠤᠭ᠎ᠤᠨ ᠥᠷᠭᠡᠨ ᠳᠡᠯᠭᠡᠷ ᠨᠢᠭᠡᠳᠦᠮᠡᠯ ᠹᠷᠣᠨᠲ᠎ᠢ ᠲᠠᠰᠤᠷᠠᠯᠲᠠ ᠦᠭᠡᠢ ᠪᠠᠬᠢᠵᠢᠭᠦᠯᠦᠨ ᠬᠥᠭ᠌ᠵᠢᠭᠦᠯᠵᠦ᠍᠂ ᠪᠦᠯᠬᠦᠮᠳᠡᠵᠦ᠍ ᠪᠣᠯᠬᠤ ᠬᠦᠴᠦᠨ ᠪᠦᠬᠦᠨ᠎ᠲᠠᠢ ᠪᠦᠯᠬᠦᠮᠳᠡᠨ᠂ ᠬᠠᠮᠲᠤ᠎ᠪᠠᠷ ᠲᠡᠮᠡᠴᠡᠬᠦ᠌ ᠬᠦᠴᠦᠨ᠎ᠢ ᠬᠠᠮᠤᠭ᠎ᠤᠨ ᠶᠡᠭᠡ ᠬᠡᠮᠵᠢᠶ᠎ᠡ᠎ᠪᠠᠷ ᠨᠢᠭ᠍ᠲᠠᠷᠠᠭᠤᠯᠪᠠ᠃ ᠨᠡᠢᠭᠡᠮ ᠵᠢᠷᠤᠮ᠎ᠤᠨ ᠪᠦᠳᠦᠭᠡᠨ ᠪᠠᠢᠭᠤᠯᠤᠯᠲᠠ᠎ᠶ᠋ᠢᠨ ᠴᠠᠭ ᠦᠶ᠎ᠡ᠎ᠳᠤ᠂ ᠮᠠᠤ ᠽᠧ ᠳ᠋ᠦᠩ 《ᠠᠷᠪᠠᠨ ᠶᠡᠭᠡ ᠬᠠᠷᠢᠴᠠᠭᠠᠨ᠎ᠤ ᠲᠤᠬᠠᠶ ᠦᠬᠦᠯᠡᠬᠦ᠌᠎ᠨᠢ》 ᠬᠡᠬᠦ᠌ ᠢᠯᠡᠳᠭᠡᠯ᠎ᠳᠡᠭᠡᠨ ᠦᠨᠳᠦᠰᠦᠨ ᠴᠢᠭ᠌ᠯᠡᠯᠲᠡ᠎ᠶ᠋ᠢ ᠳᠤᠷᠠᠳᠴᠤ᠌᠂ 《ᠵᠠᠪᠠᠯ ᠨᠠᠮ᠎ᠤᠨ ᠳᠣᠲᠣᠭᠠᠳᠤ ᠭᠠᠳᠠᠭᠠᠳᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠠᠯᠢᠪᠠ ᠢᠳᠡᠪᠬᠢ ᠬᠦᠴᠦᠨ ᠵᠦᠢᠯ᠂ ᠱᠢᠭᠤᠳ ᠪᠠ ᠲᠠᠮ ᠢᠳᠡᠪᠬᠢ ᠬᠦᠴᠦᠨ ᠵᠦᠢᠯ᠎ᠢ ᠪᠦᠬᠦᠨ᠎ᠢ ᠲᠠᠢᠴᠢᠯᠠᠵᠤ᠂ ᠮᠠᠨ᠎ᠤ ᠤᠯᠤᠰ᠎ᠢᠶᠠᠨ ᠬᠦᠴᠦᠷᠬᠡᠭ ᠶᠡᠭᠡ ᠨᠡᠢᠭᠡᠮ ᠵᠢᠷᠤᠮᠲᠦ ᠤᠯᠤᠰ ᠪᠣᠯᠭᠠᠨ ᠪᠦᠳᠦᠭᠡᠨ ᠪᠠᠢᠭᠤᠯᠬᠤ᠎ᠪᠠᠷ ᠴᠢᠷᠮᠠᠢᠬᠤ ᠬᠡᠷᠡᠭ᠌ᠲᠡᠶ》 ᠭᠡᠪᠡ᠃ ᠡᠨᠡ ᠪᠣᠯ ᠨᠡᠢᠭᠡᠮ ᠵᠢᠷᠤᠮ᠎ᠢ ᠬᠡᠷᠬᠢᠨ ᠪᠦᠳᠦᠬᠡᠨ ᠪᠠᠢᠭᠤᠯᠬᠤ ᠲᠤᠬᠠᠶ ᠨᠠᠮ᠎ᠤᠨ ᠦᠨᠳᠦᠰᠦᠨ ᠵᠢᠯᠣᠭᠤᠳᠭᠤ ᠦᠵᠡᠯ ᠰᠠᠨᠠᠭ᠎ᠠ ᠪᠤᠯᠤᠨ᠎ᠠ᠃
ᠥᠪᠡᠷᠮᠢᠴᠡ ᠪᠦᠲᠦᠭᠡᠯᠴᠢ ᠴᠢᠨᠠᠷᠲᠠᠶ ᠣᠨᠣᠯ᠎ᠤᠨ ᠦᠷ᠎ᠡ ᠪᠦᠲᠦᠭᠡᠯ ᠭᠠᠷᠭᠠᠵᠤ ᠯᠤᠲᠤ ᠶᠡᠭᠡ ᠠᠮᠵᠢᠯᠲᠠ ᠪᠦᠲᠦᠮᠵᠢ ᠣᠯᠪᠠ
ᠮᠠᠷᠺᠰ᠎ᠤᠨ ᠦᠵᠡᠯ ᠪᠣᠯ ᠨᠡᠢᠭᠡᠮ ᠵᠢᠷᠤᠮᠲᠤ ᠬᠤᠪᠢᠰᠭᠠᠯ ᠪᠠ ᠪᠦᠲᠦᠭᠡᠨ ᠪᠠᠢᠭᠤᠯᠤᠯᠲᠠ᠎ᠶ᠋ᠢᠨ ᠠᠭᠤᠤ ᠶᠡᠭᠡ ᠠᠮᠵᠢᠯᠲᠠ ᠪᠦᠲᠦᠮᠵᠢ᠎ᠶ᠋ᠢ ᠡᠭᠦᠳᠬᠦ᠌᠎ᠶ᠋ᠢᠨ ᠱᠢᠨᠵᠢᠯᠡᠬᠦ᠌ ᠤᠬᠠᠭᠠᠨᠴᠢ ᠵᠦᠭ᠌ᠯᠡᠭᠦᠷ ᠮᠥᠨ᠃ ᠵᠠᠭᠤᠨ ᠵᠢᠯ᠎ᠤᠨ ᠨᠠᠮ᠎ᠤᠨ ᠲᠡᠦᠬᠡ ᠪᠣᠯ ᠳᠠᠷᠤᠢ ᠳᠤᠮᠳᠠᠳᠤ ᠤᠯᠤᠰ᠎ᠤᠨ ᠡᠪ ᠬᠠᠮᠲᠤᠴᠤᠳ ᠳᠤᠮᠳᠠᠳᠤ ᠤᠯᠤᠰ᠎ᠤᠨ ᠪᠣᠳᠠᠲᠤ ᠪᠠᠢᠳᠠᠯ ᠪᠠ ᠴᠠᠭ ᠦᠶ᠎ᠡ᠎ᠶ᠋ᠢᠨ ᠣᠨᠴᠠᠯᠢᠭ᠎ᠲᠠᠢ ᠤᠶᠠᠯᠳᠤᠭᠤᠯᠤᠨ᠂ ᠮᠠᠷᠺᠰ᠎ᠤᠨ ᠦᠵᠡᠯ᠎ᠤᠨ ᠶᠢᠷᠲᠢᠨᠴᠦ᠎ᠶ᠋ᠢᠨ ᠦᠵᠡᠯᠲᠡ ᠪᠠ ᠠᠷᠭ᠎ᠠ᠎ᠶ᠋ᠢᠨ ᠤᠨᠤᠯ᠎ᠢ ᠠᠱᠢᠬ᠍ᠯᠠᠨ᠂ ᠠᠷᠠᠳ ᠲᠦᠮᠡᠨ᠎ᠢ ᠤᠳᠤᠷᠢᠳᠤᠨ ᠢᠯᠠᠯᠲᠠ ᠵᠦᠭ ᠲᠠᠰᠤᠷᠠᠯᠳᠠ ᠦᠭᠡᠢ ᠤᠷᠤᠭ᠍ᠰᠢᠯᠠᠭ᠍ᠰᠠᠨ ᠲᠡᠦᠬᠡ ᠮᠥᠨ᠃ ᠱᠢᠨ᠎ᠡ ᠳᠤᠮᠳᠠᠳᠤ ᠤᠯᠤᠰ ᠪᠠᠢᠭᠤᠯᠤᠭ᠍ᠳᠠᠭ᠍ᠰᠠᠨ᠎ᠤ ᠲᠠᠷᠠᠭ᠎ᠠ᠂ ᠨᠠᠮ᠎ᠠᠴᠠ ᠮᠠᠷᠺᠰ᠎ᠤᠨ ᠦᠵᠡᠯ᠎ᠢ ᠳᠤᠮᠳᠠᠳᠤ ᠤᠯᠤᠰ᠎ᠤᠨ ᠪᠣᠳᠠᠲᠤ ᠪᠠᠢᠳᠠᠯ᠎ᠲᠠᠢ ᠤᠶᠠᠯᠳᠤᠭᠤᠯᠵᠤ ᠪᠠᠢᠭᠠᠳ ᠠᠭᠤᠤ ᠶᠡᠭᠡ ᠰᠦᠪᠡᠭ᠌ᠴᠢᠯᠡᠯᠳᠡ ᠪᠠ ᠡᠭᠦᠳᠦᠯᠲᠡ ᠬᠢᠭ᠌ᠰᠡᠨ ᠪᠠᠢᠨ᠎ᠠ᠃ ᠮᠠᠷᠺᠰ᠎ᠤᠨ ᠦᠵᠡᠯ᠎ᠤᠨ ᠬᠤᠪᠢ ᠵᠠᠶᠠᠭ᠎ᠠ ᠠᠯᠢ ᠡᠷᠲᠡ ᠨᠢᠬᠡᠨᠳᠡ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠤᠪᠢ ᠵᠠᠶᠠᠭ᠎ᠠ᠂ ᠳᠤᠮᠳᠠᠳᠤ ᠤᠯᠤᠰ᠎ᠤᠨ ᠠᠷᠠᠳ ᠲᠦᠮᠡᠨ᠎ᠤ ᠬᠤᠪᠢ ᠵᠠᠶᠠᠭ᠎ᠠ᠂ ᠳᠤᠮᠳᠠᠳᠤ᠎ᠶ᠋ᠢᠨ ᠦᠨᠳᠦᠰᠦᠲᠡᠨ᠎ᠤ ᠬᠤᠪᠢ ᠵᠠᠶᠠᠭ᠎ᠠ᠎ᠲᠠᠢ ᠨᠢᠭ᠍ᠲᠠ ᠪᠠᠷᠢᠯᠳᠤᠯᠭ᠎ᠠ᠎ᠲᠠᠢ ᠪᠤᠯᠵᠠᠢ᠃
ᠨᠡᠢᠭᠡᠮ ᠵᠢᠷᠤᠮᠲᠦ ᠬᠤᠪᠢᠰᠭᠠᠯ ᠪᠠ ᠪᠦᠳᠦᠭᠡᠨ ᠪᠠᠢᠭᠤᠯᠤᠯᠲᠠ᠎ᠶ᠋ᠢᠨ ᠴᠠᠭ ᠦᠶ᠎ᠡ᠎ᠳᠤ᠂ ᠨᠠᠮ᠎ᠠᠴᠠ ᠦᠢᠯᠡᠳᠦᠯᠭᠡ᠎ᠶ᠋ᠢᠨ ᠳᠤᠮᠳᠠ ᠮᠠᠷᠺᠰ᠎ᠤᠨ ᠦᠵᠡᠯ᠎ᠤᠨ ᠦᠨᠳᠦᠰᠦᠨ ᠤᠭ ᠶᠣᠰᠣ᠎ᠶ᠋ᠢ ᠳᠤᠮᠳᠠᠳᠤ ᠤᠯᠤᠰ᠎ᠤᠨ ᠨᠡᠢᠭᠡᠮ ᠵᠢᠷᠤᠮ᠎ᠤᠨ ᠪᠦᠳᠦᠭᠡᠨ ᠪᠠᠢᠭᠤᠯᠤᠯᠲᠠ᠎ᠲᠠᠢ ᠤᠶᠠᠯᠳᠤᠭᠤᠯᠬᠤ ᠪᠣᠳᠠᠲᠠᠶ ᠠᠷᠭ᠎ᠠ ᠵᠠᠮ᠎ᠢ ᠲᠠᠰᠤᠷᠠᠯᠳᠠ ᠦᠭᠡᠢ ᠬᠠᠢᠨ ᠰᠦᠪᠡᠭ᠌ᠴᠢᠯᠡᠵᠦ᠍᠂ ᠳᠤᠮᠳᠠᠳᠤ ᠤᠯᠤᠰ᠎ᠤᠨ ᠪᠠᠢᠳᠠᠯ᠎ᠳᠤ ᠨᠡᠢᠴᠡᠭ᠌ᠰᠡᠨ ᠨᠡᠢᠭᠡᠮ ᠵᠢᠷᠤᠮ᠎ᠤᠨ ᠪᠦᠳᠦᠭᠡᠨ ᠪᠠᠢᠭᠤᠯᠤᠯᠲᠠ᠎ᠶ᠋ᠢᠨ ᠵᠠᠮ᠎ᠢ ᠴᠢᠷᠮᠠᠢᠨ ᠰᠦᠪᠡᠭ᠌ᠴᠢᠯᠡᠪᠡ; 《ᠲᠠᠷᠢᠶᠠᠯᠠᠩ᠂ ᠬᠦᠩᠭᠡᠨ ᠠᠵᠤ ᠦᠢᠯᠡᠳᠪᠦᠷᠢ᠂ ᠬᠦᠨᠳᠦ ᠠᠵᠤ ᠦᠢᠯᠡᠳᠪᠦᠷᠢ》 ᠶ᠋ᠢᠨ ᠲᠡᠰ ᠳᠠᠷᠠᠭᠠᠯᠠᠯ᠎ᠢᠶᠠᠷ ᠨᠡᠢᠭᠡᠮ ᠵᠢᠷᠤᠮ᠎ᠤᠨ ᠪᠦᠳᠦᠭᠡᠨ ᠪᠠᠢᠭᠤᠯᠤᠯᠲᠠ ᠬᠢᠵᠦ᠍᠂ ᠤᠯᠤᠰ ᠠᠷᠠᠳ᠎ᠤᠨ ᠠᠵᠤ ᠠᠬᠤᠶ᠎ᠶ᠋ᠢ ᠲᠥᠯᠥᠪᠯᠡᠭᠡ᠎ᠲᠠᠢ ᠬᠠᠷᠢᠴᠠᠯᠲᠠᠢᠪᠠᠷ ᠬᠥᠭ᠌ᠵᠢᠭᠦᠯᠬᠦ᠌ ᠬᠡᠷᠡᠭ᠌ᠲᠡᠶ ᠭᠡᠵᠦ᠍ ᠳᠤᠷᠠᠳᠪᠠ; ᠦᠨᠡᠨ᠎ᠠᠴᠠ ᠵᠥᠪ᠎ᠢ ᠡᠷᠢᠬᠦ᠂ ᠪᠠᠢᠴᠠᠭᠠᠨ ᠰᠤᠳᠤᠯᠤᠯᠲᠠ ᠬᠢᠬᠦ᠌ ᠰᠤᠷᠲᠠᠯ᠎ᠢ ᠪᠠᠷᠢᠮᠲᠠᠯᠠᠵᠤ᠂ ᠳᠤᠮᠳᠠᠳᠤ ᠤᠯᠤᠰ᠎ᠤᠨ ᠤᠯᠤᠰ᠎ᠤᠨ ᠪᠠᠢᠳᠠᠯ᠎ᠳᠤ ᠲᠤᠬᠢᠷᠠᠬᠤ ᠨᠡᠢᠭᠡᠮ ᠵᠢᠷᠤᠮ᠎ᠤᠨ ᠪᠦᠳᠦᠭᠡᠨ ᠪᠠᠢᠭᠤᠯᠤᠯᠲᠠ᠎ᠶ᠋ᠢᠨ ᠵᠠᠮ᠎ᠢ ᠰᠦᠪᠡᠭ᠌ᠴᠢᠯᠡᠬᠦ᠌ ᠬᠡᠷᠡᠭ᠌ᠲᠡᠶ ᠭᠡᠵᠦ᠍ ᠳᠤᠷᠠᠳᠴᠠᠢ ᠁ ᠡᠳᠡᠭᠡᠷ ᠦᠪᠡᠷᠮᠢᠴᠡ ᠪᠦᠲᠦᠭᠡᠯᠴᠢ ᠴᠢᠨᠠᠷᠲᠠᠶ ᠤᠨᠤᠯ᠎ᠤᠨ ᠦᠷ᠎ᠡ ᠪᠦᠲᠦᠭᠡᠯ ᠪᠣᠯᠤᠨ ᠯᠤᠲᠤ ᠶᠡᠭᠡ ᠠᠮᠵᠢᠯᠲᠠ ᠪᠦᠲᠦᠮᠵᠢ ᠪᠣᠯ ᠮᠠᠷᠺᠰ᠎ᠤᠨ ᠦᠵᠡᠯ᠎ᠤᠨ ᠳᠤᠮᠳᠠᠳᠤ ᠤᠯᠤᠰ᠎ᠤᠨ ᠨᠡᠢᠭᠡᠮ ᠵᠢᠷᠤᠮᠲᠤ ᠬᠤᠪᠢᠰᠭᠠᠯ ᠪᠠ ᠪᠦᠳᠦᠭᠡᠨ ᠪᠠᠢᠭᠤᠯᠤᠯᠲᠠ᠎ᠶ᠋ᠢᠨ ᠴᠠᠭ ᠦᠶ᠎ᠡ᠎ᠳᠠᠬᠢ ᠬᠡᠷᠡᠭ᠌ᠵᠢᠬᠦᠯᠦᠯᠳᠡ ᠬᠢᠬᠡᠳ ᠬᠥᠭ᠌ᠵᠢᠭᠦᠯᠦᠯᠲᠡ ᠮᠥᠨ᠂ ᠦᠢᠯᠡᠳᠦᠯᠭᠡ᠎ᠪᠠᠷ ᠭᠡᠷᠡᠴᠢᠯᠡᠭ᠌ᠳᠡᠭ᠌ᠰᠡᠨ ᠳᠤᠮᠳᠠᠳᠤ ᠤᠯᠤᠰ᠎ᠤᠨ ᠬᠤᠪᠢᠰᠭᠠᠯ ᠪᠠ ᠪᠦᠳᠦᠭᠡᠨ ᠪᠠᠢᠭᠤᠯᠤᠯᠲᠠ᠎ᠶ᠋ᠢᠨ ᠲᠤᠬᠠᠶ ᠵᠥᠪ ᠤᠨᠤᠯ᠎ᠤᠨ ᠵᠠᠷᠴᠢᠮ ᠪᠣᠯᠤᠨ ᠲᠤᠷᠱᠢᠯᠭ᠎ᠠ᠎ᠶ᠋ᠢᠨ ᠳ᠋ᠦᠩᠨᠡᠯᠲᠡ ᠮᠥᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠡᠪ ᠬᠠᠮᠲᠤ ᠶᠣᠰᠣᠨ᠎ᠤ ᠠᠯᠤᠰ ᠬᠡᠳᠤ᠎ᠶ᠋ᠢᠨ ᠬᠦᠰᠡᠯᠡᠩ᠎ᠢ ᠪᠡᠶᠡᠯᠡᠭᠦᠯᠬᠦ᠌᠎ᠶ᠋ᠢᠨ ᠲᠥᠯᠥᠭᠡ ᠢᠮᠠᠭ᠍ᠲᠠ ᠦᠨᠡᠨ ᠶᠣᠰᠣ᠎ᠶ᠋ᠢ ᠪᠠᠷᠢᠮᠲᠠᠯᠠᠭ᠍ᠰᠠᠨ ᠢᠯᠡᠷᠡᠯ ᠪᠣᠯᠤᠨ ᠬᠠᠮᠲᠤ᠎ᠶ᠋ᠢᠨ ᠤᠶᠤᠨ ᠤᠬᠠᠭᠠᠨ᠎ᠤ ᠤᠬᠢ ᠪᠦᠲᠦᠭᠡᠯ ᠮᠥᠨ᠃
ᠶᠡᠷᠦᠩᠬᠡᠢ ᠱᠦᠵᠢ ᠰᠢ᠎ᠶ᠋ᠢᠨ ᠫᠢᠩ᠂ ᠮᠠᠨ᠎ᠤ ᠨᠠᠮ᠎ᠤᠨ ᠠᠷᠠᠳ ᠲᠦᠮᠡᠨ᠎ᠢ ᠤᠳᠤᠷᠢᠳᠴᠦ᠍ ᠬᠢᠭ᠌ᠰᠡᠨ ᠨᠡᠢᠭᠡᠮ ᠵᠢᠷᠤᠮ᠎ᠤᠨ ᠪᠦᠳᠦᠬᠡᠨ ᠪᠠᠢᠭᠤᠯᠤᠯᠲᠠ᠎ᠨᠢ ᠥᠭᠡᠷᠡᠴᠢᠯᠡᠯᠲᠡ ᠨᠡᠬᠡᠬᠡᠯᠳᠡ ᠬᠢᠬᠦ᠌᠎ᠶ᠋ᠢᠨ ᠡᠮᠦᠨᠡᠬᠢ ᠪᠠ ᠥᠭᠡᠷᠡᠴᠢᠯᠡᠯᠲᠡ ᠨᠡᠬᠡᠬᠡᠯᠳᠡ ᠬᠢᠭ᠌ᠰᠡᠨ᠎ᠤ ᠳᠠᠷᠠᠭᠠᠬᠢ ᠬᠤᠶᠠᠷ ᠲᠡᠦᠬᠡᠨ ᠴᠠᠭ ᠬᠤᠭᠤᠴᠠᠭ᠎ᠠ᠎ᠶ᠋ᠢ ᠪᠠᠭ᠍ᠳᠠᠭᠠᠵᠤ ᠪᠤᠢ᠂ ᠡᠨᠡ ᠪᠣᠯ ᠬᠠᠷᠢᠯᠴᠠᠨ ᠬᠤᠯᠪᠣᠭ᠎ᠠ᠎ᠲᠠᠢ ᠪᠥᠭᠡᠳ ᠴᠢᠬᠤᠯᠠ ᠶᠡᠭᠡ ᠢᠯᠭᠠᠭ᠎ᠠ᠎ᠲᠠᠢ ᠬᠤᠶᠠᠷ ᠴᠠᠭ ᠬᠤᠭᠤᠴᠠᠭ᠎ᠠ ᠪᠤᠯᠪᠠᠴᠦ᠍ ᠮᠥᠨ ᠴᠢᠨᠠᠷ ᠳᠡᠭᠡᠷ᠎ᠡ᠎ᠪᠠᠨ ᠪᠦᠷ ᠮᠠᠨ᠎ᠤ ᠨᠠᠮ ᠠᠷᠠᠳ ᠲᠦᠮᠡᠨ᠎ᠢ ᠤᠳᠤᠷᠢᠳᠤᠨ ᠨᠡᠢᠭᠡᠮ ᠵᠢᠷᠤᠮ᠎ᠤᠨ ᠪᠦᠳᠦᠬᠡᠨ ᠪᠠᠢᠭᠤᠯᠤᠯᠲᠠ ᠬᠢᠭ᠌ᠰᠡᠨ ᠦᠢᠯᠡᠳᠦᠯᠭᠡ᠎ᠶ᠋ᠢᠨ ᠰᠦᠪᠡᠭ᠌ᠴᠢᠯᠡᠯᠳᠡ ᠪᠤᠯᠬᠤ ᠶᠤᠮ᠃ ᠥᠭᠡᠷᠡᠴᠢᠯᠡᠯᠲᠡ ᠨᠡᠭᠡᠭᠡᠯᠳᠡ ᠬᠢᠬᠦ᠌᠎ᠶ᠋ᠢᠨ ᠡᠮᠦᠨᠡᠬᠢ ᠨᠡᠢᠭᠡᠮ ᠵᠢᠷᠤᠮ᠎ᠤᠨ ᠦᠢᠯᠡᠳᠦᠯᠭᠡ᠎ᠶ᠋ᠢᠨ ᠰᠦᠪᠡᠭ᠌ᠴᠢᠯᠡᠯᠳᠡ᠎ᠨᠢ ᠥᠭᠡᠷᠡᠴᠢᠯᠡᠯᠲᠡ ᠨᠡᠭᠡᠭᠡᠯᠳᠡ ᠬᠢᠭ᠌ᠰᠡᠨ᠎ᠤ ᠳᠠᠷᠠᠭᠠᠬᠢ ᠨᠡᠢᠭᠡᠮ ᠵᠢᠷᠤᠮ᠎ᠤᠨ ᠦᠢᠯᠡᠳᠦᠯᠭᠡ᠎ᠶ᠋ᠢᠨ ᠰᠦᠪᠡᠭ᠌ᠴᠢᠯᠡᠯᠳᠡ᠎ᠳᠤ ᠨᠥᠬᠦᠴᠡᠯ ᠬᠤᠷᠠᠮᠳᠤᠭᠤᠯᠤᠨ ᠥᠭ᠌ᠴᠦ᠂ ᠥᠭᠡᠷᠡᠴᠢᠯᠡᠯᠲᠡ ᠨᠡᠭᠡᠭᠡᠯᠳᠡ ᠬᠢᠭ᠌ᠰᠡᠨ᠎ᠤ ᠳᠠᠷᠠᠭᠠᠬᠢ ᠨᠡᠢᠭᠡᠮ ᠵᠢᠷᠤᠮ᠎ᠤᠨ ᠦᠢᠯᠡᠳᠦᠯᠭᠡ᠎ᠶ᠋ᠢᠨ ᠰᠦᠪᠡᠭ᠌ᠴᠢᠯᠡᠯᠳᠡ ᠪᠣᠯ ᠡᠮᠦᠨᠡᠬᠢ ᠨᠢᠭᠡ ᠬᠤᠭᠤᠴᠠᠭᠠᠨ᠎ᠤ ᠪᠠᠷᠢᠮᠲᠠᠯᠠᠯ᠂ ᠥᠭᠡᠷᠡᠴᠢᠯᠡᠯᠲᠡ ᠪᠠ ᠬᠥᠭ᠌ᠵᠢᠭᠦᠯᠦᠯᠲᠡ ᠮᠥᠨ᠃ ᠡᠢᠮᠦ᠎ᠠᠴᠠ ᠥᠭᠡᠷᠡᠴᠢᠯᠡᠯᠲᠡ ᠨᠡᠭᠡᠭᠡᠯᠲᠡ ᠬᠢᠬᠦ᠌᠎ᠶ᠋ᠢᠨ ᠡᠮᠦᠨᠡᠬᠢ ᠲᠡᠦᠬᠡᠨ ᠴᠠᠭ ᠦᠶ᠎ᠡ᠎ᠶ᠋ᠢᠨ ᠬᠠᠢᠨ ᠰᠦᠪᠡᠭ᠌ᠴᠢᠯᠡᠯᠲᠡ᠎ᠶ᠋ᠢᠨ ᠦᠷ᠎ᠡ ᠪᠦᠲᠦᠭᠡᠯ ᠪᠤᠯᠤᠨ ᠯᠤᠲᠤ ᠶᠡᠭᠡ ᠠᠮᠵᠢᠯᠲᠠ ᠪᠦᠲᠦᠮᠵᠢ᠎ᠶ᠋ᠢ ᠡᠷᠬᠡᠪᠰᠢ ᠭᠦᠢᠴᠡᠳ ᠨᠤᠲᠠᠯᠠᠬᠤ ᠬᠡᠷᠡᠭ᠌ᠲᠡᠢ ᠭᠡᠵᠦ᠍ ᠭᠦᠨᠵᠡᠭᠡᠢ ᠵᠢᠭᠠᠵᠤ ᠭᠠᠷᠭᠠᠪᠠ᠃
ᠰᠦᠷ ᠳᠠᠯᠠᠢᠴᠠᠲᠠᠢ ᠨᠡᠢᠭᠡᠮ ᠵᠢᠷᠤᠮᠲᠤ ᠬᠤᠪᠢᠰᠭᠠᠯ ᠪᠠ ᠪᠦᠲᠦᠭᠡᠨ ᠪᠠᠢᠭᠤᠯᠤᠯᠲᠠ᠎ᠶ᠋ᠢᠨ ᠴᠠᠭ ᠦᠶ᠎ᠡ᠎ᠳᠤ᠂ ᠨᠠᠮ᠎ᠠᠴᠠ ᠳᠤᠮᠳᠠᠳᠤ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ᠂ ᠥᠪᠡᠷ᠎ᠤᠨ ᠬᠦᠴᠦ᠎ᠪᠠᠷ᠎ᠢᠶᠠᠨ ᠳᠡᠭ᠌ᠵᠢᠷᠡᠨ᠂ ᠬᠦᠴᠦᠷᠬᠡᠭ᠌ᠵᠢᠬᠦ᠌᠎ᠪᠠᠷ ᠬᠦᠴᠦᠯᠡᠨ ᠴᠢᠷᠮᠠᠢᠵᠤ᠂ ᠨᠡᠢᠭᠡᠮ ᠵᠢᠷᠤᠮᠲᠤ ᠬᠤᠪᠢᠰᠭᠠᠯ ᠪᠠ ᠪᠦᠲᠦᠭᠡᠨ ᠪᠠᠢᠭᠤᠯᠤᠯᠲᠠ᠎ᠶ᠋ᠢᠨ ᠠᠭᠤᠤ ᠶᠡᠭᠡ ᠠᠮᠵᠢᠯᠲᠠ ᠪᠦᠲᠦᠮᠵᠢ᠎ᠶ᠋ᠢ ᠡᠭᠦᠳᠦᠨ ᠪᠦᠲᠦᠭᠡᠵᠡᠢ᠃ ᠳᠤᠮᠳᠠᠳᠤ ᠤᠯᠤᠰ᠎ᠤᠨ ᠠᠷᠠᠳ ᠲᠦᠮᠡᠨ ᠬᠠᠭᠤᠴᠢᠨ ᠶᠢᠷᠲᠢᠨᠴᠦ᠎ᠶ᠋ᠢ ᠡᠪᠳᠡᠬᠦ᠌᠎ᠳᠡᠭᠡᠨ ᠴᠢᠳᠠᠮᠠᠭᠠᠢ ᠪᠠᠢᠬᠤ᠎ᠪᠠᠷ ᠪᠠᠷᠠᠬᠤ ᠦᠭᠡᠢ ᠪᠠᠰᠠ ᠱᠢᠨ᠎ᠡ ᠶᠢᠷᠲᠢᠨᠴᠦ᠎ᠶ᠋ᠢ ᠪᠠᠢᠭᠤᠯᠬᠤ᠎ᠳᠠᠭᠠᠨ ᠴᠤ᠌ ᠴᠢᠳᠠᠮᠠᠭᠠᠢ ᠪᠠᠢᠳᠠᠭ᠂ ᠭᠠᠭ᠍ᠴᠠ ᠬᠦ᠌ ᠨᠡᠢᠭᠡᠮ ᠵᠢᠷᠤᠮ ᠰᠠᠶᠢ ᠳᠤᠮᠳᠠᠳᠤ ᠤᠯᠤᠰ᠎ᠢ ᠠᠪᠤᠷᠠᠵᠤ ᠴᠢᠳᠠᠨ᠎ᠠ᠂ ᠭᠠᠭ᠍ᠴᠠ ᠬᠦ᠌ ᠨᠡᠢᠭᠡᠮ ᠵᠢᠷᠤᠮ ᠰᠠᠶᠢ ᠳᠤᠮᠳᠠᠳᠤ ᠤᠯᠤᠰ᠎ᠢ ᠬᠥᠭ᠌ᠵᠢᠭᠦᠯᠵᠦ᠍ ᠴᠢᠳᠠᠨ᠎ᠠ ᠭᠡᠳᠡᠭ᠎ᠢ ᠳᠤᠮᠳᠠᠳᠤ ᠤᠯᠤᠰ᠎ᠤᠨ ᠡᠪ ᠬᠠᠮᠲᠤ ᠨᠠᠮ ᠪᠣᠯᠤᠨ ᠳᠤᠮᠳᠠᠳᠤ ᠤᠯᠤᠰ᠎ᠤᠨ ᠠᠷᠠᠳ ᠲᠦᠮᠡᠨ ᠡᠷᠡᠯᠬᠡᠭ ᠪᠠᠭᠠᠲᠤᠷᠯᠢᠭ ᠨᠤᠭᠤᠷᠠᠰᠢ ᠦᠭᠡᠢ ᠲᠡᠮᠡᠴᠡᠯ᠎ᠢᠶᠠᠷ᠎ᠢᠶᠠᠨ ᠳᠡᠯᠡᠬᠡᠢ ᠳ᠋ᠠᠬᠢᠨ᠎ᠳᠤ ᠲᠦᠪ ᠴᠢᠩᠭ᠎ᠠ᠎ᠪᠠᠷ ᠲᠤᠩᠬᠠᠬ᠍ᠯᠠᠪᠠ᠃
(ᠵᠣᠬᠢᠶᠠᠭ᠍ᠴᠢ᠎ᠶ᠋ᠢᠨ ᠪᠠᠢᠭᠤᠯᠭ᠎ᠠ᠄ ᠥᠪᠥᠷ ᠮᠣᠩᠭᠤᠯ᠎ᠤᠨ ᠨᠡᠢᠭᠡᠮ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠤᠨ ᠮᠠᠷᠺᠰ᠎ᠤᠨ ᠦᠵᠡᠯ᠎ᠢ ᠰᠤᠳᠤᠯᠬᠤ ᠭᠠᠵᠠᠷ)
ᠳᠤᠮᠤ ᠬᠡᠷᠡᠭ ᠶᠠᠪᠤᠳᠠᠯ
●1950 ᠣᠨ᠎ᠤ 6 ᠰᠠᠷ᠎ᠠ᠎ᠶ᠋ᠢᠨ 30 ᠤ ᠡᠳᠦᠷ᠂ 《ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠭᠠᠵᠠᠷ ᠱᠢᠷᠣᠶ᠎ᠶ᠋ᠢᠨ ᠥᠭᠡᠷᠡᠴᠢᠯᠡᠯᠲᠡ᠎ᠶ᠋ᠢᠨ ᠬᠠᠤᠯᠢ》 ᠶ᠋ᠢ ᠨᠡᠢᠲᠡᠯᠡᠨ ᠬᠡᠷᠡᠭ᠌ᠵᠢᠭᠦᠯᠪᠡ᠃ 1952 ᠣᠨ᠎ᠤ ᠰᠡᠭᠦᠯᠴᠢ ᠪᠣᠯᠬᠤ᠎ᠳᠤ᠂ ᠭᠠᠵᠠᠷ ᠱᠢᠷᠣᠶ᠎ᠶ᠋ᠢᠨ ᠥᠭᠡᠷᠡᠴᠢᠯᠡᠯᠲᠡ ᠳᠤᠮᠳᠠᠳᠤ ᠤᠯᠤᠰ᠎ᠤᠨ ᠡᠬᠡ ᠬᠠᠭᠤᠷᠠᠶ᠎ᠳᠤ ᠦᠨᠳᠦᠰᠦᠨ᠎ᠳᠡᠭᠡᠨ ᠪᠡᠶᠡᠯᠡᠭ᠌ᠳᠡᠵᠦ᠍᠂ ᠹᠸᠤᠳᠠᠯ᠎ᠤᠨ ᠭᠠᠵᠠᠷ ᠱᠢᠷᠣᠶ᠎ᠶ᠋ᠢᠨ ᠥᠮᠴᠢᠯᠡᠯ ᠲᠦᠢᠯᠪᠤᠷᠢᠲᠠᠶ ᠰᠦᠢᠷᠡᠪᠡ᠃
●1953 ᠣᠨ᠎ᠤ 7 ᠰᠠᠷ᠎ᠠ᠎ᠶ᠋ᠢᠨ 27 ᠤ ᠡᠳᠦᠷ᠂ 《ᠰᠣᠯᠣᠩᠭᠤᠰ᠎ᠤᠨ ᠴᠡᠷᠢᠭ᠎ᠤᠨ ᠶᠠᠪᠤᠳᠠᠯ᠎ᠤᠨ ᠲᠠᠢᠨ ᠵᠣᠭ᠍ᠰᠣᠬᠤ ᠲᠤᠬᠠᠢ ᠬᠡᠯᠡᠯᠴᠡᠭᠡᠷ》 ᠲᠤ ᠭᠠᠷᠤᠨ ᠦᠰᠦᠭ ᠵᠢᠷᠤᠪᠠ᠃ 1958 ᠣᠨ᠎ᠤ 10 ᠰᠠᠷ᠎ᠠ ᠪᠣᠯᠬᠤ᠎ᠳᠤ᠂ ᠳᠤᠮᠳᠠᠳᠤ ᠤᠯᠤᠰ᠎ᠤᠨ ᠠᠷᠠᠳ᠎ᠤᠨ ᠰᠠᠢᠨ ᠳᠤᠷ᠎ᠠ᠎ᠶ᠋ᠢᠨ ᠴᠡᠷᠢᠭ ᠭᠤᠷᠪᠠᠨ ᠪᠦᠯᠦᠭ ᠬᠤᠪᠢᠶᠠᠨ ᠪᠦᠬᠦᠨ᠎ᠢᠶᠠᠷ᠎ᠢᠶᠠᠨ ᠰᠣᠯᠣᠩᠭᠤᠰ᠎ᠠᠴᠠ ᠤᠬᠤᠷᠢᠨ ᠭᠠᠷᠴᠤ᠌ ᠤᠯᠤᠰ᠎ᠲᠠᠭᠠᠨ ᠪᠤᠴᠠᠵᠤ ᠢᠷᠡᠪᠡ᠃ ᠠᠮᠧᠷᠢᠺᠠ᠎ᠶ᠋ᠢ ᠡᠰᠡᠷᠭᠦᠴᠡᠵᠦ᠍ ᠰᠣᠯᠣᠩᠭᠤᠰ᠎ᠢ ᠲᠤᠰᠠᠯᠠᠬᠤ ᠲᠠᠢᠨ᠎ᠤ ᠠᠭᠤᠤ ᠶᠡᠭᠡ ᠢᠯᠠᠯᠲᠠ ᠪᠣᠯ ᠳᠤᠮᠳᠠᠳᠤ ᠤᠯᠤᠰ᠎ᠤᠨ ᠠᠷᠠᠳ ᠲᠦᠮᠡᠨ ᠪᠣᠰᠴᠤ᠌ ᠵᠣᠭ᠍ᠰᠣᠭ᠍ᠰᠠᠨᠤ ᠲᠠᠷᠠᠭ᠎ᠠ ᠳᠡᠯᠡᠬᠡᠢ᠎ᠶ᠋ᠢᠨ ᠳᠣᠷᠣᠨᠠᠳᠠᠬᠢᠨ᠎ᠳᠤ ᠰᠡᠬᠦ᠋ᠢᠨ ᠰᠦᠨᠳᠡᠷᠯᠡᠭ᠌ᠰᠡᠨ ᠲᠤᠩᠬᠠᠭ ᠪᠢᠴᠢᠭ ᠮᠥᠨ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠲᠡᠢᠰᠢ ᠤᠷᠤᠭ᠍ᠰᠢᠯᠠᠭ᠍ᠰᠠᠨ ᠴᠢᠬᠤᠯᠠ ᠬᠥᠰᠢ᠊ ᠡᠶ᠎ᠡ ᠲᠡᠮᠳᠡᠭ ᠮᠥᠨ᠃
●1954 ᠣᠨ᠎ᠤ 9 ᠰᠠᠷ᠎ᠠ᠎ᠶ᠋ᠢᠨ 15 ᠠᠴᠠ 28 ᠤ ᠡᠳᠦᠷ ᠪᠤᠯᠲᠠᠯ᠎ᠠ᠂ ᠠᠩᠬᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠩᠬᠠᠳᠤᠭᠠᠷ ᠬᠤᠷᠠᠯ ᠬᠤᠷᠠᠯᠳᠤᠪᠠ᠃ ᠬᠤᠷᠠᠯ᠎ᠠᠴᠠ 《ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠨ ᠬᠠᠤᠯᠢ》 ᠶ᠋ᠢ ᠪᠠᠲᠤᠯᠠᠵᠠᠢ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠬᠤᠷᠠᠯᠳᠤᠭ᠍ᠰᠠᠨ᠎ᠨᠢ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ᠎ᠤᠨ ᠪᠦᠬᠦ᠌ ᠤᠯᠤᠰ᠎ᠤᠨ ᠬᠡᠪᠴᠢᠶᠡᠨ᠎ᠳᠤ ᠪᠠᠢᠭᠤᠯᠤᠭ᠍ᠳᠠᠭ᠍ᠰᠠᠨ᠎ᠢ ᠬᠠᠷᠠᠭᠤᠯᠪᠠ᠃
●1956 ᠣᠨ᠎ᠤ 4 ᠰᠠᠷ᠎ᠠ᠎ᠶ᠋ᠢᠨ 25 ᠤ ᠡᠳᠦᠷ᠂ ᠮᠠᠤ ᠽᠧ ᠳ᠋ᠦᠩ ᠲᠥᠪ ᠬᠤᠷᠢᠶᠠᠨ᠎ᠤ ᠤᠯᠤᠰ ᠲᠦᠷᠦ᠎ᠶ᠋ᠢᠨ ᠲᠣᠪᠴᠢᠶᠠᠨ᠎ᠤ ᠥᠷᠭᠡᠳᠭᠡᠭ᠌ᠰᠡᠨ ᠬᠤᠷᠠᠯ ᠳᠡᠭᠡᠷ᠎ᠡ 《ᠠᠷᠪᠠᠨ ᠶᠡᠭᠡ ᠬᠠᠷᠢᠴᠠᠭᠠᠨ᠎ᠤ ᠲᠤᠬᠠᠢ ᠦᠭᠦᠯᠡᠬᠦ᠌᠎ᠨᠢ》 ᠭᠡᠬᠦ᠌ ᠢᠯᠡᠳᠭᠡᠯ ᠬᠢᠪᠡ᠃ ᠢᠯᠡᠳᠭᠡᠯ᠎ᠳᠡᠭᠡᠨ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠢᠳᠡᠪᠬᠢ ᠬᠦᠴᠦᠨ ᠵᠦᠢᠯ ᠪᠦᠬᠦᠨ᠎ᠢ ᠲᠠᠢᠴᠢᠯᠠᠵᠤ᠂ ᠬᠦᠴᠦᠷᠬᠡᠭ ᠶᠡᠭᠡ ᠨᠡᠢᠭᠡᠮ ᠵᠢᠷᠤᠮᠲᠤ ᠤᠯᠤᠰ᠎ᠢ ᠪᠦᠳᠦᠭᠡᠨ ᠪᠠᠢᠭᠤᠯᠬᠤ᠎ᠶ᠋ᠢᠨ ᠲᠥᠯᠥᠭᠡ ᠲᠡᠮᠡᠴᠡᠬᠦ᠌ ᠬᠡᠷᠡᠭ᠌ᠲᠡᠶ ᠭᠡᠵᠦ᠍ ᠴᠢᠬᠤᠯᠠᠴᠢᠯᠠᠭ᠍ᠰᠠᠨ ᠪᠥᠭᠡᠳ ᠮᠠᠨ᠎ᠤ ᠤᠯᠤᠰ᠎ᠤᠨ ᠨᠡᠢᠭᠡᠮ ᠵᠢᠷᠤᠮ᠎ᠤᠨ ᠪᠦᠳᠦᠭᠡᠨ ᠪᠠᠢᠭᠤᠯᠤᠯᠲᠠ᠎ᠶ᠋ᠢᠨ ᠲᠤᠷᠱᠢᠯᠭ᠎ᠠ᠎ᠶ᠋ᠢ ᠠᠩᠬ᠎ᠠ ᠠᠯᠬᠤᠮ ᠳ᠋ᠦᠩᠨᠡᠵᠦ᠍᠂ ᠳᠤᠮᠳᠠᠳᠤ ᠤᠯᠤᠰ᠎ᠤᠨ ᠪᠠᠢᠳᠠᠯ᠎ᠳᠤ ᠵᠣᠬᠢᠴᠠᠭ᠍ᠰᠠᠨ ᠨᠡᠢᠭᠡᠮ ᠵᠢᠷᠤᠮ᠎ᠢ ᠪᠦᠳᠦᠭᠡᠨ ᠪᠠᠢᠭᠤᠯᠬᠤ ᠵᠠᠮ᠎ᠢ ᠬᠠᠢᠨ ᠰᠦᠪᠡᠭ᠌ᠴᠢᠯᠡᠬᠦ᠌ ᠡᠭᠦᠷᠭᠡ᠎ᠶ᠋ᠢ ᠳᠤᠷᠠᠳᠴᠠᠶ᠃
●1956 ᠣᠨ᠎ᠤ 9 ᠰᠠᠷ᠎ᠠ᠎ᠶ᠋ᠢᠨ 15 ᠠᠴᠠ 27 ᠤ ᠡᠳᠦᠷ ᠪᠤᠯᠲᠠᠯ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠠᠢ᠍ᠮᠠᠳᠤᠭᠠᠷ ᠤᠳᠠᠭ᠎ᠠ᠎ᠶ᠋ᠢᠨ ᠪᠦᠬᠦ᠌ ᠤᠯᠤᠰ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ ᠬᠤᠷᠠᠯᠳᠤᠪᠠ᠃ ᠶᠡᠭᠡ ᠬᠤᠷᠠᠯ᠎ᠠᠴᠠ᠂ ᠨᠠᠮ ᠪᠠ ᠠᠷᠠᠳ ᠲᠦᠮᠡᠨ᠎ᠤ ᠣᠳᠣᠬᠠᠨ᠎ᠤ ᠭᠤᠣᠯ ᠡᠭᠦᠷᠭᠡ ᠪᠣᠯ ᠳᠠᠷᠤᠢ ᠮᠠᠨ᠎ᠤ ᠤᠯᠤᠰ᠎ᠢ ᠠᠯᠢ ᠲᠦᠷᠭᠡᠨ᠎ᠢᠶᠠᠷ ᠬᠤᠴᠣᠷᠤᠩᠭᠤᠢ ᠲᠠᠷᠢᠶᠠᠯᠠᠩ᠎ᠤᠨ ᠤᠯᠤᠰ᠎ᠠᠴᠠ ᠲᠡᠷᠢᠭᠦᠨ᠎ᠤ ᠠᠵᠤ ᠦᠢᠯᠡᠳᠪᠦᠷᠢ᠎ᠶ᠋ᠢᠨ ᠤᠯᠤᠰ ᠪᠣᠯᠭᠠᠨ ᠬᠦᠭ᠌ᠵᠢᠬᠦᠯᠬᠦ᠌ ᠶᠠᠪᠤᠳᠠᠯ ᠪᠣᠯᠤᠨ᠎ᠠ ᠭᠡᠵᠦ᠍ ᠵᠢᠭᠠᠵᠤ ᠭᠠᠷᠭᠠᠪᠠ᠃
●1964 ᠣᠨ᠎ᠤ 10 ᠰᠠᠷ᠎ᠠ᠎ᠶ᠋ᠢᠨ 16 ᠤ ᠡᠳᠦᠷ᠂ ᠳᠤᠮᠳᠠᠳᠤ ᠤᠯᠤᠰ ᠠᠩᠬᠠᠳᠠᠭ᠍ᠴᠢ ᠠᠲ᠋ᠣᠮ᠎ᠤᠨ ᠪᠥᠮᠪᠦᠭᠡ᠎ᠪᠠᠨ ᠠᠮᠵᠢᠯᠲᠠ᠎ᠲᠠᠢ ᠳᠡᠯᠪᠡᠷᠡᠬᠦᠯᠪᠡ᠃ 1966 ᠣᠨ᠎ᠤ 10 ᠰᠠᠷ᠎ᠠ᠎ᠶ᠋ᠢᠨ 27 ᠤ ᠡᠳᠦᠷ᠂ ᠳᠤᠮᠳᠠᠳᠤ ᠤᠯᠤᠰ ᠴᠥᠮ᠎ᠡ᠎ᠶ᠋ᠢᠨ ᠲᠡᠯᠢᠩ ᠤᠭ᠍ᠰᠠᠷᠠᠭ᠍ᠰᠠᠨ ᠡᠬᠡ ᠬᠠᠭᠤᠷᠠᠢ ᠳᠡᠭᠡᠷᠡᠬᠢ ᠠᠩᠬᠠᠳᠠᠭ᠍ᠴᠢ ᠵᠠᠯᠠᠭᠤᠷᠲᠤ ᠰᠤᠮᠤ᠎ᠪᠠᠨ ᠠᠮᠵᠢᠯᠲᠠ᠎ᠲᠠᠢ ᠳᠡᠯᠪᠡᠷᠡᠭᠦᠯᠪᠡ᠃ 1967 ᠣᠨ᠎ᠤ 6 ᠰᠠᠷ᠎ᠠ᠎ᠶ᠋ᠢᠨ 17 ᠤ ᠡᠳᠦᠷ᠂ ᠳᠤᠮᠳᠠᠳᠤ ᠤᠯᠤᠰ᠎ᠤᠨ ᠠᠩᠬᠠᠳᠠᠭ᠍ᠴᠢ ᠤᠰᠤᠲᠥ᠋ᠷᠥᠭ᠌ᠴᠢ ᠪᠥᠮᠪᠦᠭᠡ᠎ᠶ᠋ᠢ ᠠᠭᠠᠷ᠎ᠲᠤ ᠳᠡᠯᠪᠡᠷᠡᠭᠦᠯᠬᠦ᠌ ᠲᠤᠷᠱᠢᠯᠲᠠ ᠠᠮᠵᠢᠯᠲᠠ ᠤᠯᠪᠠ᠃ 1970 ᠣᠨ᠎ᠤ 4 ᠰᠠᠷ᠎ᠠ᠎ᠶ᠋ᠢᠨ 24 ᠤ ᠡᠳᠦᠷ᠂ ᠳᠤᠮᠳᠠᠳᠤ ᠤᠯᠤᠰ᠎ᠤᠨ ᠠᠩᠬᠠᠳᠠᠭ᠍ᠴᠢ ᠳᠡᠯᠡᠬᠡᠶ᠎ᠶ᠋ᠢᠨ ᠪᠥᠮᠪᠥᠷᠴᠡᠭ᠎ᠤᠨ ᠬᠢᠮᠡᠯ ᠳᠠᠭᠠᠭᠤᠯᠢ ᠣᠳᠣ᠎ᠶ᠋ᠢ ᠠᠮᠵᠢᠯᠲᠠ᠎ᠲᠠᠢ ᠬᠠᠷᠪᠤᠨ ᠭᠠᠷᠭᠠᠪᠠ᠃
●1971 ᠣᠨ᠎ᠤ 10 ᠰᠠᠷ᠎ᠠ᠎ᠶ᠋ᠢᠨ 25 ᠤ ᠡᠳᠦᠷ᠂ ᠬᠤᠷᠢᠨ ᠵᠢᠷᠭᠤᠳᠤᠭᠠᠷ ᠬᠤᠭᠤᠴᠠᠭᠠᠨ᠎ᠤ ᠣᠯᠠᠨ ᠤᠯᠤᠰ᠎ᠤᠨ ᠬᠤᠯᠪᠣᠭᠠᠲᠤ ᠪᠠᠢᠭᠤᠯᠭ᠎ᠠ᠎ᠶ᠋ᠢᠨ ᠶᠡᠭᠡ ᠬᠤᠷᠠᠯ᠎ᠠᠴᠠ ᠲᠡᠢᠯᠦᠩᠭᠦᠢ ᠣᠯᠠᠨ ᠲᠣᠭᠠᠨ᠎ᠤ ᠪᠢᠯᠧᠲ᠎ᠢᠶᠠᠷ 2758 ᠲᠣᠭᠠᠲᠤ ᠱᠢᠢᠳᠪᠦᠷᠢ᠎ᠶ᠋ᠢ ᠪᠠᠲᠤᠯᠠᠵᠤ᠂ ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠣᠯᠠᠨ ᠤᠯᠤᠰ᠎ᠤᠨ ᠬᠤᠯᠪᠣᠭᠠᠲᠤ ᠪᠠᠢᠭᠤᠯᠭ᠎ᠠ᠎ᠳᠠᠬᠢ ᠠᠯᠢᠪᠠ ᠬᠠᠤᠯᠢ ᠶᠣᠰᠣᠨ᠎ᠤ ᠡᠷᠬᠡ ᠠᠱᠢᠭ᠎ᠢ ᠰᠡᠷᠭᠦᠭᠡᠪᠡ᠃