ᠥᠭᠡᠷᠡᠴᠢᠯᠡᠯᠲᠡ ᠨᠡᠭᠡᠭᠡᠯᠲᠡ ᠪᠠ ᠨᠡᠢᠭᠡᠮ ᠵᠢᠷᠤᠮᠳᠦ ᠣᠳᠣᠬᠢᠴᠢᠯᠠᠯᠲᠠ ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠠᠭᠤᠤ ᠶᠡᠭᠡ ᠠᠮᠵᠢᠯᠲᠠ
2021-07-21 17:42:46
ᠵᠣᠬᠢᠶᠠᠭ᠍ᠴᠢ᠄
ᠢᠤᠢ ᠭᠤᠸᠠᠩ ᠵᠢᠶᠦ᠋ᠨ
ᠣᠩᠱᠢᠭ᠍ᠰᠠᠨ ᠣᠳᠠᠭ᠎ᠠ᠄
★★★☆☆

ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠶ᠋ᠢᠨ ᠲᠥᠯᠥᠭᠡ᠂ ᠳᠤᠮᠳᠠᠳᠤ ᠤᠯᠤᠰ᠎ᠤᠨ ᠡᠪ ᠬᠠᠮᠲᠤ ᠨᠠᠮ ᠳᠤᠮᠳᠠᠳᠤ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ᠂ ᠦᠵᠡᠯ ᠰᠠᠨᠠᠭ᠎ᠠ᠎ᠪᠠᠨ ᠴᠢᠯᠥᠭᠡᠯᠡᠨ᠂ ᠵᠤᠷᠢᠬ᠍ᠳᠠᠢ᠎ᠪᠠᠷ ᠤᠷᠤᠭ᠍ᠰᠢᠯᠠᠨ ᠲᠠᠪᠱᠢᠵᠤ᠂ ᠥᠭᠡᠷᠡᠴᠢᠯᠡᠯᠲᠡ ᠨᠡᠭᠡᠭᠡᠯᠳᠡ ᠪᠠ ᠨᠡᠢᠭᠡᠮ ᠵᠢᠷᠤᠮᠳᠦ ᠣᠳᠣᠬᠢᠴᠢᠯᠠᠯᠳᠠ᠎ᠶ᠋ᠢᠨ ᠪᠦᠳᠤᠭᠡᠨ ᠪᠠᠢᠭᠤᠯᠤᠯᠲᠠ᠎ᠶ᠋ᠢᠨ ᠠᠭᠤᠤ ᠶᠡᠭᠡ ᠠᠮᠵᠢᠯᠲᠠ᠎ᠶ᠋ᠢ ᠡᠭᠦᠳᠦᠭ᠌ᠰᠡᠨ ᠶᠤᠮ᠃ ᠪᠢᠳᠡ ᠱᠢᠨ᠎ᠡ ᠳᠤᠮᠳᠠᠳᠤ ᠤᠯᠤᠰ ᠪᠠᠢᠭᠤᠯᠤᠭ᠍ᠳᠠᠭ᠍ᠰᠠᠨ᠎ᠠᠴᠠ ᠨᠠᠭᠠᠱᠢᠬᠢ ᠨᠠᠮ᠎ᠤᠨ ᠲᠡᠦᠬᠡᠨ ᠳᠡᠭᠡᠷᠡᠬᠢ ᠠᠯᠤᠰ ᠬᠡᠳᠦ᠎ᠶ᠋ᠢᠨ ᠠᠴᠢ ᠬᠤᠯᠪᠣᠭ᠍ᠳᠠᠯ᠎ᠲᠠᠢ ᠠᠭᠤᠤ ᠶᠡᠭᠡ ᠡᠷᠭᠢᠯᠲᠡ᠎ᠶ᠋ᠢ ᠪᠡᠶᠡᠯᠡᠭᠦᠯᠵᠤ᠂ ᠨᠡᠢᠭᠡᠮ ᠵᠢᠷᠤᠮ᠎ᠤᠨ ᠠᠩᠬᠠᠨ᠎ᠤ ᠱᠠᠲᠤᠨ᠎ᠳᠠᠬᠢ ᠨᠠᠮ᠎ᠤᠨ ᠦᠨᠳᠦᠰᠦᠨ ᠱᠤᠭᠤᠮ᠎ᠢ ᠲᠣᠭ᠍ᠲᠠᠭᠠᠵᠤ᠂ ᠥᠭᠡᠷᠡᠴᠢᠯᠡᠯᠲᠡ ᠨᠡᠭᠡᠭᠡᠯᠲᠡ᠎ᠶ᠋ᠢ ᠡᠷᠡᠰ ᠭᠤᠢᠪᠢᠰᠢ ᠦᠭᠡᠢ᠎ᠪᠠᠷ ᠠᠬᠢᠭᠤᠯᠵᠤ᠂ ᠡᠯ᠎ᠡ ᠲᠠᠯ᠎ᠠ᠎ᠶ᠋ᠢᠨ ᠠᠶᠤᠯ ᠲᠦᠭ᠌ᠰᠢᠭᠦᠷᠢ ᠥᠷᠢᠰᠥᠯᠳᠦᠭᠡᠨ᠎ᠢ ᠢᠯᠠᠨ ᠳᠠᠪᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠢ ᠡᠭᠦᠳᠦᠨ ᠪᠠᠢᠭᠤᠯᠵᠤ᠂ ᠪᠠᠷᠢᠮᠲᠠᠯᠠᠵᠦ᠍᠂ ᠬᠠᠮᠠᠭᠠᠯᠠᠵᠤ᠂ ᠬᠥᠭ᠌ᠵᠢᠭᠦᠯᠵᠤ᠂ ᠳᠡᠭᠡᠳᠦ ᠬᠡᠮᠵᠢᠶ᠎ᠡ᠎ᠪᠠᠷ ᠲᠥᠪᠯᠡᠷᠡᠭ᠌ᠰᠡᠨ ᠲᠥᠯᠥᠪᠯᠡᠭᠡᠲᠦ ᠠᠵᠤ ᠠᠬᠤᠶ᠎ᠶ᠋ᠢᠨ ᠪᠠᠢᠭᠤᠯᠤᠮᠵᠢ᠎ᠠᠴᠠ ᠠᠮᠢᠵᠢᠷᠠᠯ᠎ᠤᠨ ᠬᠦᠴᠦᠨ᠎ᠢᠶᠠᠷ ᠪᠢᠯᠬᠠᠮ᠎ᠠ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠶ᠎ᠶ᠋ᠢᠨ ᠪᠠᠢᠭᠤᠯᠤᠮᠵᠢ ᠬᠦ᠍ᠷᠳᠡᠯ᠎ᠠ᠂ ᠲᠦᠭ᠌ᠵᠢᠮᠡᠯ ᠬᠠᠭᠠᠰ ᠲᠦᠭ᠌ᠵᠢᠮᠡᠯ ᠪᠠᠢᠳᠠᠯ᠎ᠠᠴᠠ ᠪᠦᠬᠦ᠌ ᠲᠠᠯ᠎ᠠ᠎ᠪᠠᠷ ᠨᠡᠭᠡᠭᠡᠯᠲᠡ ᠬᠢᠬᠦ᠌ ᠬᠦᠷᠳᠡᠯᠡᠬᠢ ᠲᠡᠦᠬᠡᠲᠦ ᠴᠢᠨᠠᠷᠲᠠᠢ ᠬᠤᠪᠢᠷᠠᠯᠲᠠ᠎ᠶ᠋ᠢ ᠪᠡᠶᠡᠯᠡᠭᠦᠯᠵᠤ᠂ ᠦᠢᠯᠡᠳᠪᠦᠷᠢᠯᠡᠯ᠎ᠤᠨ ᠬᠦᠴᠦᠨ ᠬᠠᠷᠢᠴᠠᠩᠭᠤᠶ᠎ᠪᠠᠷ ᠬᠤᠴᠣᠷᠤᠩᠭᠤᠶ ᠪᠠᠢᠭ᠍ᠰᠠᠨ᠎ᠠᠴᠠ᠎ᠪᠠᠨ ᠠᠵᠤ ᠠᠬᠤᠶ᠎ᠶ᠋ᠢᠨ ᠶᠡᠷᠦᠩᠬᠡᠶ ᠬᠡᠮᠵᠢᠶ᠎ᠡ ᠳᠡᠯᠡᠬᠡᠶ᠎ᠶ᠋ᠢᠨ ᠬᠤᠶᠠᠳᠤᠭᠠᠷ᠎ᠲᠤ ᠤᠷᠤᠭ᠍ᠰᠠᠨ ᠲᠡᠦᠬᠡᠲᠦ ᠴᠢᠨᠠᠷᠲᠠᠶ ᠱᠢᠪᠲᠤᠯᠤᠯᠲᠠ᠎ᠶ᠋ᠢ ᠪᠡᠶᠡᠯᠡᠭᠦᠯᠤᠨ᠂ ᠠᠷᠠᠳ᠎ᠤᠨ ᠠᠮᠢᠳᠤᠷᠠᠯ ᠢᠳᠡᠵᠦ᠍ ᠡᠮᠦᠰᠭᠦ᠎ᠳᠡᠭᠡᠨ ᠵᠥᠪ ᠦᠭᠡᠢ ᠪᠠᠢᠭ᠍ᠰᠠᠨ᠎ᠠᠴᠠ ᠶᠡᠷᠦᠩᠬᠡᠶ᠎ᠳᠡᠭᠡᠨ ᠴᠢᠨᠡᠭᠡᠯᠢᠭ ᠪᠣᠯᠬᠤ᠂ ᠪᠦᠬᠦ᠌ ᠲᠠᠯ᠎ᠠ᠎ᠪᠠᠷ ᠴᠢᠨᠡᠭᠡᠯᠢᠭ᠌ᠵᠢᠬᠦ᠌ ᠲᠡᠦᠬᠡᠲᠦ ᠴᠢᠨᠠᠷᠲᠠᠶ ᠳᠠᠪᠠᠯᠲᠠ᠎ᠶ᠋ᠢ ᠪᠡᠶᠡᠯᠡᠭᠦᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠳᠤ ᠱᠢᠨ᠎ᠡ ᠠᠮᠢᠵᠢᠷᠠᠯ᠎ᠤᠨ ᠬᠦᠴᠦᠨ᠎ᠢᠶᠠᠷ ᠪᠢᠯᠬᠠᠮ᠎ᠠ ᠪᠠᠢᠭᠤᠯᠤᠮᠵᠢ᠎ᠶ᠋ᠢᠨ ᠪᠠᠲᠤᠯᠠᠭ᠎ᠠ ᠪᠠ ᠲᠦᠷᠭᠡᠨ ᠬᠥᠭ᠌ᠵᠢᠬᠦ᠌ ᠪᠣᠳᠠᠰ᠎ᠤᠨ ᠨᠥᠬᠦᠴᠡᠯ᠎ᠢ ᠬᠠᠩᠭᠠᠪᠠ᠃ ᠳᠤᠮᠳᠠᠳᠤ ᠤᠯᠤᠰ᠎ᠤᠨ ᠡᠪ ᠬᠠᠮᠲᠤ ᠨᠠᠮ ᠪᠣᠯᠤᠨ ᠳᠤᠮᠳᠠᠳᠤ ᠤᠯᠤᠰ᠎ᠤᠨ ᠠᠷᠠᠳ ᠲᠦᠮᠡᠨ ᠡᠷᠡᠯᠬᠡᠭ ᠪᠠᠭᠠᠲᠤᠷᠯᠢᠭ ᠨᠤᠭᠤᠷᠠᠰᠢ ᠦᠭᠡᠢ ᠲᠡᠮᠡᠴᠡᠯ᠎ᠢᠶᠠᠷ᠂ ᠥᠭᠡᠷᠡᠴᠢᠯᠡᠯᠲᠡ ᠨᠡᠬᠡᠬᠡᠯᠳᠡ ᠪᠣᠯ ᠤᠳᠤ ᠦᠶ᠎ᠡ᠎ᠶ᠋ᠢᠨ ᠳᠤᠮᠳᠠᠳᠤ ᠤᠯᠤᠰ᠎ᠤᠨ ᠢᠷᠡᠭᠡᠳᠦᠢ ᠪᠠ ᠬᠤᠪᠢ ᠵᠠᠶᠠᠭ᠎ᠠ᠎ᠶ᠋ᠢ ᠲᠣᠭ᠍ᠲᠠᠭᠠᠬᠤ ᠵᠠᠩᠭᠢᠯᠠᠭ᠎ᠠ᠎ᠶ᠋ᠢᠨ ᠠᠷᠭ᠎ᠠ ᠮᠥᠨ᠂ ᠳᠤᠮᠳᠠᠳᠤ ᠤᠯᠤᠰ ᠲᠤᠮᠤ ᠠᠯᠬᠤᠮ᠎ᠢᠶᠠᠷ ᠴᠠᠭ ᠦᠶ᠎ᠡ᠎ᠶ᠋ᠢ ᠬᠥᠭᠡᠭᠡᠵᠦ᠍ ᠭᠦᠢᠴᠡᠵᠡᠢ ᠭᠡᠵᠦ᠍ ᠳᠡᠯᠡᠬᠡᠢ ᠳ᠋ᠠᠬᠢᠨ᠎ᠳᠤ ᠲᠥᠪ ᠴᠢᠩᠭ᠎ᠠ᠎ᠪᠠᠷ ᠲᠤᠩᠬᠠᠭ᠍ᠯᠠᠪᠠ!

— ᠰᠢ᠎ᠶ᠋ᠢᠨ ᠫᠢᠩ᠎ᠤᠨ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠣᠶ᠎ᠶ᠋ᠢ ᠪᠡᠯᠭᠡᠯᠡᠬᠦ᠌ ᠶᠡᠭᠡ ᠬᠤᠷᠠᠯ ᠲᠠᠬᠡᠷᠡᠬᠢ ᠶᠠᠷᠢᠶ᠎ᠠ᠎ᠠᠴᠠ

 

ᠥᠭᠡᠷᠡᠴᠢᠯᠡᠯᠲᠡ ᠨᠡᠭᠡᠭᠡᠯᠳᠡ ᠪᠠ ᠨᠡᠢᠭᠡᠮ ᠵᠢᠷᠤᠮᠳᠤ ᠣᠳᠣᠬᠢᠴᠢᠯᠠᠯᠲᠠ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠱᠢᠨ᠎ᠡ ᠴᠠᠭ ᠦᠶ᠎ᠡ᠎ᠳᠤ᠂ ᠮᠠᠨ᠎ᠤ ᠨᠠᠮ ᠦᠵᠡᠯ ᠰᠠᠨᠠᠭ᠎ᠠ᠎ᠪᠠᠨ ᠴᠢᠯᠥᠭᠡᠯᠡᠬᠦ᠂ ᠦᠨᠡᠨ᠎ᠠᠴᠠ ᠵᠥᠪ᠎ᠢ ᠡᠷᠢᠬᠦ᠌᠎ᠶ᠋ᠢ ᠢᠮᠠᠭ᠍ᠲᠠ ᠪᠠᠷᠢᠮᠲᠠᠯᠠᠵᠤ᠂ ᠨᠠᠮ ᠪᠠ ᠤᠯᠤᠰ᠎ᠤᠨ ᠠᠵᠢᠯ᠎ᠤᠨ ᠭᠤᠣᠯᠳᠠᠯᠭ᠎ᠠ᠎ᠶ᠋ᠢ ᠠᠵᠤ ᠠᠬᠤᠢ᠎ᠶ᠋ᠢᠨ ᠪᠦᠳᠦᠭᠡᠨ ᠪᠠᠢᠭᠤᠯᠤᠯᠲᠠ ᠳᠡᠭᠡᠷ᠎ᠡ ᠱᠢᠯᠵᠢᠭᠦᠯᠵᠦ᠍᠂ ᠮᠠᠨ᠎ᠤ ᠤᠯᠤᠰ ᠶᠠᠭ ᠨᠡᠢᠭᠡᠮ ᠵᠢᠷᠤᠮ᠎ᠤᠨ ᠠᠩᠬᠠᠨ᠎ᠤ ᠱᠠᠲᠤᠨ᠎ᠳᠤ ᠣᠷᠣᠱᠢᠵᠤ ᠪᠠᠢᠬᠤ ᠪᠥᠭᠡᠳ ᠤᠷᠳᠤ ᠬᠤᠭᠤᠴᠠᠭ᠎ᠠ᠎ᠪᠠᠷ ᠣᠷᠣᠱᠢᠬᠤ ᠭᠡᠰᠡᠨ ᠴᠢᠬᠤᠯᠠ ᠶᠡᠭᠡ ᠮᠠᠭᠠᠳᠯᠠᠯᠲᠠ ᠵᠡᠷᠭᠡ ᠠᠯᠢ ᠤᠯᠠᠨ ᠴᠢᠬᠤᠯᠠ ᠶᠡᠭᠡ ᠱᠢᠢᠳᠪᠦᠷᠢᠲᠦ ᠪᠤᠳᠤᠯᠭ᠎ᠠ ᠭᠠᠷᠭᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠢ ᠡᠭᠦᠳᠦᠨ ᠬᠥᠭ᠌ᠵᠢᠭᠦᠯᠵᠦ᠍᠂ ᠳᠤᠮᠳᠠᠳᠤ ᠤᠯᠤᠰ᠎ᠤᠨ ᠠᠷᠠᠳ ᠲᠦᠮᠡᠨ ᠪᠠ ᠳᠤᠮᠳᠠᠳᠤ᠎ᠶ᠋ᠢᠨ ᠦᠨᠳᠦᠰᠦᠲᠡᠨ᠎ᠤ ᠢᠷᠡᠭᠡᠳᠦᠢ ᠪᠠ ᠬᠤᠪᠢ ᠵᠠᠶᠠᠭ᠎ᠠ᠎ᠶ᠋ᠢ ᠦᠨᠳᠦᠰᠦᠨ᠎ᠠᠴᠠ᠎ᠨᠢ ᠬᠤᠪᠢᠷᠠᠭᠤᠯᠪᠠ᠃

 

ᠥᠭᠡᠷᠡᠴᠢᠯᠡᠯᠲᠡ ᠨᠡᠭᠡᠭᠡᠯᠲᠡ ᠪᠣᠯ ᠤᠳᠤ ᠦᠶ᠎ᠡ᠎ᠶ᠋ᠢᠨ ᠳᠤᠮᠳᠠᠳᠤ ᠤᠯᠤᠰ᠎ᠤᠨ ᠢᠷᠡᠭᠡᠳᠦᠢ ᠪᠠ ᠬᠤᠪᠢ ᠵᠠᠶᠠᠭ᠎ᠠ᠎ᠶ᠋ᠢ ᠲᠣᠭ᠍ᠲᠠᠭᠠᠬᠤ ᠵᠠᠩᠭᠢᠯᠠᠭ᠎ᠠ᠎ᠶ᠋ᠢᠨ ᠠᠷᠭ᠎ᠠ ᠮᠥᠨ

ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠡᠯᠭᠡᠯᠡᠬᠦ᠌ ᠶᠡᠭᠡ ᠬᠤᠷᠠᠯ ᠳᠡᠭᠡᠷ᠎ᠡ᠂ 《ᠳᠤᠮᠳᠠᠳᠤ ᠤᠯᠤᠰ᠎ᠤᠨ ᠡᠪ ᠬᠠᠮᠲᠤ ᠨᠠᠮ ᠪᠣᠯᠤᠨ ᠳᠤᠮᠳᠠᠳᠤ ᠤᠯᠤᠰ᠎ᠤᠨ ᠠᠷᠠᠳ ᠲᠦᠮᠡᠨ ᠡᠷᠡᠯᠬᠡᠭ ᠪᠠᠭᠠᠲᠤᠷᠯᠢᠭ ᠨᠤᠭᠤᠷᠠᠰᠢ ᠦᠭᠡᠢ ᠲᠡᠮᠡᠴᠡᠯ᠎ᠢᠶᠠᠷ᠂ ᠥᠭᠡᠷᠡᠴᠢᠯᠡᠯᠲᠡ ᠨᠡᠬᠡᠬᠡᠯᠳᠡ ᠪᠣᠯ ᠤᠳᠤ ᠦᠶ᠎ᠡ᠎ᠶ᠋ᠢᠨ ᠳᠤᠮᠳᠠᠳᠤ ᠤᠯᠤᠰ᠎ᠤᠨ ᠢᠷᠡᠭᠡᠳᠦᠢ ᠪᠠ ᠬᠤᠪᠢ ᠵᠠᠶᠠᠭ᠎ᠠ᠎ᠶ᠋ᠢ ᠲᠣᠭ᠍ᠲᠠᠭᠠᠬᠤ ᠵᠠᠩᠭᠢᠯᠠᠭ᠎ᠠ᠎ᠶ᠋ᠢᠨ ᠠᠷᠭ᠎ᠠ ᠮᠥᠨ᠂ ᠳᠤᠮᠳᠠᠳᠤ ᠤᠯᠤᠰ ᠲᠤᠮᠤ ᠠᠯᠬᠤᠮ᠎ᠢᠶᠠᠷ ᠴᠠᠭ ᠦᠶ᠎ᠡ᠎ᠶ᠋ᠢ ᠬᠥᠭᠡᠭᠡᠵᠦ᠍ ᠭᠦᠢᠴᠡᠵᠡᠢ ᠭᠡᠵᠦ᠍ ᠳᠡᠯᠡᠬᠡᠢ ᠳ᠋ᠠᠬᠢᠨ᠎ᠳᠤ ᠲᠥᠪ ᠴᠢᠩᠭ᠎ᠠ᠎ᠪᠠᠷ ᠲᠤᠩᠬᠠᠭ᠍ᠯᠠᠪᠠ!》 ᠬᠡᠰᠡᠨ ᠶᠡᠷᠦᠩᠬᠡᠢ ᠱᠦᠵᠢ ᠰᠢ᠎ᠶ᠋ᠢᠨ ᠫᠢᠩ᠎ᠤᠨ ᠢᠳᠡ ᠬᠦᠴᠦᠲᠡᠢ ᠦᠭᠡ ᠶᠠᠷᠢᠶ᠎ᠠ ᠬᠥᠮᠦᠰ᠎ᠤᠨ ᠰᠡᠳᠭᠢᠯ᠎ᠢ ᠳᠣᠭ᠍ᠳᠣᠯᠤᠭᠤᠯᠤᠨ᠎ᠠ᠃ ᠥᠭᠡᠷᠡᠴᠢᠯᠡᠯᠲᠡ ᠨᠡᠭᠡᠭᠡᠯᠳᠠ ᠪᠣᠯ ᠱᠢᠨ᠎ᠡ ᠲᠡᠦᠬᠡᠨ ᠨᠥᠬᠦᠴᠡᠯ ᠳᠣᠣᠷ᠎ᠠ ᠨᠠᠮ᠎ᠠᠴᠠ ᠠᠷᠠᠳ ᠲᠦᠮᠡᠨ᠎ᠢ ᠤᠳᠤᠷᠢᠳᠤᠨ ᠬᠢᠭ᠌ᠰᠡᠨ ᠱᠢᠨ᠎ᠡ ᠠᠭᠤᠤ ᠶᠡᠭᠡ ᠬᠤᠪᠢᠰᠭᠠᠯ ᠮᠥᠨ᠂ ᠤᠳᠤ ᠦᠶ᠎ᠡ᠎ᠶ᠋ᠢᠨ ᠳᠤᠮᠳᠠᠳᠤ ᠤᠯᠤᠰ᠎ᠤᠨ ᠬᠤᠪᠢ ᠵᠠᠶᠠᠭ᠎ᠠ᠎ᠶ᠋ᠢ ᠲᠣᠭ᠍ᠲᠠᠭᠠᠬᠤ ᠵᠠᠩᠭᠢᠯᠠᠭ᠎ᠠ᠎ᠶ᠋ᠢᠨ ᠠᠷᠭ᠎ᠠ ᠮᠥᠨ᠂ ᠪᠠᠰᠠ ᠴᠤ᠌ 《ᠬᠤᠣᠰ ᠵᠠᠭᠤᠨ ᠵᠢᠯ》 ᠎ᠤᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠳᠤᠮᠳᠠᠳᠤ᠎ᠶ᠋ᠢᠨ ᠵᠡᠭᠦᠳᠦ᠎ᠶ᠋ᠢ ᠲᠡᠷᠭᠡᠯᠱᠢᠭᠦᠯᠬᠦ᠌ ᠵᠠᠩᠭᠢᠯᠠᠭ᠎ᠠ᠎ᠶ᠋ᠢᠨ ᠠᠷᠭ᠎ᠠ ᠮᠥᠨ᠃

ᠨᠠᠮ᠎ᠤᠨ ᠠᠷᠪᠠᠨ ᠨᠢᠭᠡᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠭᠤᠷᠪᠠᠳᠤᠭᠠᠷ ᠪᠦᠭᠦᠳᠡ ᠬᠤᠷᠠᠯ ᠲᠡᠭᠡᠷ᠎ᠡ᠂ ᠮᠠᠨ᠎ᠤ ᠨᠠᠮ ᠪᠦᠬᠦ᠌ ᠨᠠᠮ᠎ᠤᠨ ᠠᠵᠢᠯ᠎ᠤᠨ ᠭᠤᠣᠯᠳᠠᠯᠭ᠎ᠠ᠎ᠶ᠋ᠢ ᠨᠡᠢᠭᠡᠮ ᠵᠢᠷᠤᠮᠳᠤ ᠣᠳᠣᠬᠢᠴᠢᠯᠠᠯᠲᠠ᠎ᠶ᠋ᠢᠨ ᠪᠦᠲᠦᠭᠡᠨ ᠪᠠᠢᠭᠤᠯᠤᠯᠲᠠ ᠳᠡᠭᠡᠷ᠎ᠡ ᠱᠢᠯᠵᠢᠭᠦᠯᠵᠦ᠍᠂ ᠥᠭᠡᠷᠡᠴᠢᠯᠡᠯᠲᠡ ᠨᠡᠭᠡᠭᠡᠯᠲᠡ ᠬᠢᠬᠦ᠌ ᠲᠡᠦᠬᠡᠲᠦ ᠴᠢᠨᠠᠷᠲᠠᠢ ᠱᠢᠢᠳᠪᠦᠷᠢᠲᠦ ᠪᠤᠳᠤᠯᠭ᠎ᠠ᠎ᠶ᠋ᠢ ᠲᠣᠭ᠍ᠲᠠᠭᠠᠪᠠ᠃ ᠲᠤᠰ ᠤᠳᠠᠭᠠᠨ᠎ᠤ ᠪᠦᠬᠦᠳᠠ ᠬᠤᠷᠠᠯ᠎ᠨᠢ ᠱᠢᠨ᠎ᠡ ᠳᠤᠮᠳᠠᠳᠤ ᠤᠯᠤᠰ ᠪᠠᠢᠭᠤᠯᠤᠭ᠍ᠳᠠᠭ᠍ᠰᠠᠨ᠎ᠠᠴᠠ ᠨᠠᠭᠠᠱᠢᠬᠢ ᠨᠠᠮ᠎ᠤᠨ ᠲᠡᠦᠬᠡᠨ ᠳᠡᠭᠡᠷᠡᠬᠢ ᠠᠯᠤᠰ ᠭᠡᠳᠦ᠎ᠶ᠋ᠢᠨ ᠠᠴᠢ ᠬᠤᠯᠪᠣᠭ᠍ᠳᠠᠯ᠎ᠲᠠᠢ ᠠᠭᠤᠤ ᠶᠡᠭᠡ ᠡᠷᠭᠢᠯᠲᠡ᠎ᠶ᠋ᠢ ᠪᠡᠶᠡᠯᠡᠭᠦᠯᠵᠦ᠍᠂ ᠥᠭᠡᠷᠡᠴᠢᠯᠡᠯᠲᠡ ᠨᠡᠭᠡᠭᠡᠯᠳᠠ ᠪᠠ ᠨᠡᠢᠭᠡᠮ ᠵᠢᠷᠤᠮᠳᠤ ᠣᠳᠣᠬᠢᠴᠢᠯᠠᠯᠲᠠ᠎ᠶ᠋ᠢᠨ ᠪᠦᠳᠦᠭᠡᠠ ᠪᠠᠢᠭᠤᠯᠤᠯᠲᠠ᠎ᠶ᠋ᠢᠨ ᠱᠢᠨ᠎ᠡ ᠴᠠᠭ ᠦᠶ᠎ᠡ᠎ᠶ᠋ᠢ ᠨᠡᠭᠡᠭᠡᠭ᠌ᠰᠡᠨ ᠪᠠᠢᠨ᠎ᠠ᠃ ᠥᠭᠡᠷᠡᠴᠢᠯᠡᠯᠲᠡ ᠨᠡᠬᠡᠬᠡᠯᠳᠡ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠢᠭᠡᠨ ᠤᠳᠠᠭ᠎ᠠ᠎ᠶ᠋ᠢᠨ ᠠᠭᠤᠤ ᠶᠡᠭᠡ ᠰᠡᠬᠡᠭᠡᠷᠡᠯᠲᠡ ᠮᠥᠨ᠂ ᠶᠠᠭ ᠡᠨᠡ ᠬᠦ᠌ ᠠᠭᠤᠤ ᠶᠡᠭᠡ ᠰᠡᠬᠡᠭᠡᠷᠡᠯᠲᠡ᠎ᠨᠢ ᠨᠠᠮ᠎ᠤᠨ ᠤᠨᠤᠯ᠎ᠠᠴᠠ ᠦᠢᠯᠡᠳᠦᠯᠭᠡ᠎ᠳᠤ ᠬᠦᠷᠬᠦ᠌ ᠠᠭᠤᠤ ᠶᠡᠭᠡ ᠡᠭᠦᠳᠦᠯᠲᠡ᠎ᠶ᠋ᠢ ᠪᠤᠢᠵᠢᠭᠤᠯᠵᠠᠢ᠃

ᠥᠭᠡᠷᠡᠴᠢᠯᠡᠯᠲᠡ ᠨᠡᠭᠡᠭᠡᠯᠳᠡ ᠪᠣᠯ ᠤᠳᠤ ᠦᠶ᠎ᠡ᠎ᠶ᠋ᠢᠨ ᠳᠤᠮᠳᠠᠳᠤ ᠤᠯᠤᠰ᠎ᠤᠨ ᠬᠥᠭ᠌ᠵᠢᠯᠲᠡ ᠲᠠᠪᠱᠢᠯᠳᠠ᠎ᠶ᠋ᠢᠨ ᠠᠮᠢᠵᠢᠷᠠᠯ᠎ᠤᠨ ᠬᠦᠴᠦᠨ᠎ᠤ ᠡᠬᠢ ᠰᠤᠷᠪᠤᠯᠵᠢ ᠮᠥᠨ᠂ ᠨᠠᠮ ᠪᠠ ᠠᠷᠠᠳ ᠲᠦᠮᠡᠨ᠎ᠤ ᠲᠤᠮᠤ ᠠᠯᠬᠤᠮ᠎ᠢᠶᠠᠷ ᠴᠠᠭ ᠦᠶ᠎ᠡ᠎ᠶ᠋ᠢᠨ ᠤᠷᠤᠭ᠍ᠰᠢᠯᠠᠯᠲᠠ᠎ᠶ᠋ᠢᠨ ᠠᠯᠬᠤᠮ᠎ᠢ ᠬᠥᠭᠡᠭᠡᠵᠦ᠍ ᠭᠦᠢᠴᠡᠬᠦ᠌᠎ᠶ᠋ᠢᠨ ᠴᠢᠬᠤᠯᠠ ᠡᠷᠳᠡᠨᠢ ᠮᠥᠨ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠢ ᠪᠠᠷᠢᠮᠲᠠᠯᠠᠨ ᠬᠥᠭ᠌ᠵᠢᠭᠦᠯᠬᠦ᠌᠎ᠶ᠋ᠢᠨ ᠵᠠᠢᠯᠠᠰᠢ ᠦᠭᠡᠢ ᠵᠠᠮᠨᠠᠬᠤ ᠵᠠᠮ ᠮᠥᠨ ᠭᠡᠳᠡᠭ᠎ᠢ ᠲᠡᠦᠬᠡ ᠪᠠ ᠪᠣᠳᠠᠲᠤ ᠠᠬᠤᠢ ᠲᠠᠬᠢᠨ ᠳᠠᠪᠲᠠᠨ ᠭᠡᠷᠡᠴᠢᠯᠡᠭ᠌ᠰᠡᠨ ᠪᠠᠢᠨ᠎ᠠ᠃ ᠮᠠᠨ᠎ᠤ ᠤᠯᠤᠰ᠎ᠤᠨ ᠥᠩᠭᠡᠷᠡᠭ᠌ᠰᠡᠨ 40 ᠭᠠᠷᠤᠢ ᠵᠢᠯ᠎ᠤᠨ ᠲᠦᠷᠭᠡᠨ ᠬᠥᠭ᠌ᠵᠢᠯᠲᠡ᠎ᠨᠢ ᠥᠭᠡᠷᠡᠴᠢᠯᠡᠯᠲᠡ ᠨᠡᠬᠡᠬᠡᠯᠳᠡ᠎ᠳᠤ ᠲᠦᠱᠢᠭ᠌ᠯᠡᠵᠦ᠍᠂ ᠮᠠᠨ᠎ᠤ ᠤᠯᠤᠰ ᠢᠷᠡᠭᠡᠳᠦᠢ᠎ᠳᠤ ᠨᠡᠢᠭᠡᠮ ᠵᠢᠷᠤᠮᠲᠦ ᠣᠳᠣᠬᠢᠴᠢᠯᠠᠭ᠍ᠰᠠᠨ ᠬᠦᠴᠦᠷᠬᠡᠭ ᠤᠯᠤᠰ᠎ᠤᠨ ᠬᠠᠷᠠᠯᠲᠠ᠎ᠶ᠋ᠢ ᠪᠡᠶᠡᠯᠡᠭᠦᠯᠬᠦ᠌᠎ᠳᠤ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠳᠤᠮᠳᠠᠳᠤ᠎ᠶ᠋ᠢᠨ ᠵᠡᠭᠦᠳᠦ᠎ᠶ᠋ᠢ ᠲᠡᠷᠭᠡᠯᠱᠢᠭᠦᠯᠬᠦ᠌᠎ᠳᠤ ᠡᠷᠬᠡᠪᠰᠢ ᠥᠭᠡᠷᠡᠴᠢᠯᠡᠯᠲᠡ ᠨᠡᠬᠡᠬᠡᠯᠳᠡ᠎ᠳᠤ ᠡᠷᠡᠰ ᠭᠤᠢᠪᠢᠰᠢ ᠦᠬᠡᠢ ᠲᠦᠱᠢᠭ᠌ᠯᠡᠬᠦ᠌ ᠬᠡᠷᠡᠭ᠌ᠲᠡᠢ᠃

 

ᠦᠵᠡᠯ ᠰᠠᠨᠠᠭ᠎ᠠ᠎ᠪᠠᠨ ᠴᠢᠯᠥᠭᠡᠯᠡᠵᠦ᠍᠂ ᠡᠷᠡᠰ ᠱᠢᠭᠤᠷᠬᠠᠶ᠎ᠪᠠᠷ ᠤᠷᠤᠭ᠍ᠰᠢᠯᠠᠨ ᠳᠠᠪᠱᠢᠬ᠍ᠰᠠᠨ᠎ᠨᠢ ᠥᠭᠡᠷᠡᠴᠢᠯᠡᠯᠲᠡ ᠨᠡᠭᠡᠭᠡᠯᠲᠡ ᠪᠠ ᠨᠡᠢᠭᠡᠮ ᠵᠢᠷᠤᠮᠳᠤ ᠣᠳᠣᠬᠢᠴᠢᠯᠠᠯᠲᠠ᠎ᠶ᠋ᠢᠨ ᠪᠦᠲᠦᠭᠡᠨ ᠪᠠᠢᠭᠤᠯᠤᠯᠲᠠ᠎ᠳᠤ ᠰᠦᠷ ᠲᠠᠯᠠᠢᠴᠠᠲᠠᠢ ᠬᠦᠲᠡᠯᠭᠡᠭ᠌ᠴᠢ ᠬᠦᠴᠦᠨ ᠬᠠᠩᠭᠠᠪᠠ

 

QQ图片20210721153037.png


ᠥᠭᠡᠷᠡᠴᠢᠯᠡᠯᠲᠡ ᠨᠡᠭᠡᠭᠡᠯᠲᠡ᠎ᠶ᠋ᠢᠨ ᠵᠣᠷᠢᠭ ᠰᠠᠨᠠᠭ᠎ᠠ


QQ图片20210721153044.png


ᠣᠨᠴᠠᠭᠠᠢ ᠣᠷᠣᠨ᠎ᠤ ᠵᠣᠷᠢᠭ ᠰᠠᠨᠠᠭ᠎ᠠ


QQ图片20210721153051.png


ᠡᠮᠡᠭ᠌ᠲᠡᠢ᠎ᠶ᠋ᠢᠨ ᠠᠯᠠᠭᠠᠳᠠᠬᠤ ᠪᠥᠮᠪᠦᠭᠡ᠎ᠶ᠋ᠢᠨ ᠠᠩᠭᠢ᠎ᠶ᠋ᠢᠨ ᠵᠣᠷᠢᠭ ᠰᠠᠨᠠᠭ᠎ᠠ


QQ图片20210721153058.png


ᠦᠶᠡᠷ᠎ᠲᠠᠢ ᠲᠡᠮᠡᠴᠡᠭ᠌ᠰᠡᠨ ᠵᠣᠷᠢᠭ ᠰᠠᠨᠠᠭ᠎ᠠ


QQ图片20210721153113.png


ᠰᠠᠷᠰ᠎ᠲᠠᠢ ᠲᠡᠮᠡᠴᠡᠭ᠌ᠰᠡᠨ ᠵᠣᠷᠢᠭ ᠰᠠᠨᠠᠭ᠎ᠠ


QQ图片20210721153126.png


ᠬᠥᠮᠦᠨ ᠰᠠᠭᠤᠯᠭᠠᠭ᠍ᠰᠠᠨ ᠰᠠᠨᠰᠠᠷ᠎ᠤᠨ ᠠᠶᠠᠯᠠᠯ᠎ᠤᠨ ᠵᠣᠷᠢᠭ ᠰᠠᠨᠠᠭ᠎ᠠ


QQ图片20210721153137.png


ᠭᠠᠵᠠᠷ ᠬᠥᠳᠡᠯᠦᠯᠲᠡ᠎ᠲᠠᠢ ᠲᠡᠮᠡᠴᠡᠵᠦ᠍ ᠭᠠᠮᠱᠢᠭ᠎ᠠᠴᠠ ᠠᠪᠤᠷᠠᠬ᠍ᠰᠠᠨ ᠵᠣᠷᠢᠭ ᠰᠠᠨᠠᠭ᠎ᠠ

 

ᠦᠵᠡᠯ ᠰᠠᠨᠠᠭ᠎ᠠ᠎ᠪᠠᠨ ᠴᠢᠯᠥᠭᠡᠯᠡᠬᠦ᠌ ᠪᠣᠯ ᠮᠠᠷᠺᠰ᠎ᠤᠨ ᠦᠵᠡᠯ᠎ᠢ ᠱᠢᠨᠵᠢᠯᠡᠬᠦ᠌ ᠤᠬᠠᠭᠠᠨᠴᠢ᠎ᠪᠠᠷ ᠬᠡᠷᠡᠭ᠌ᠯᠡᠬᠦ᠂ ᠪᠦᠲᠦᠭᠡᠯᠴᠢ᠎ᠪᠠᠷ ᠬᠡᠷᠡᠭ᠌ᠯᠡᠬᠦ᠌ ᠶᠠᠪᠤᠳᠠᠯ ᠮᠥᠨ᠂ ᠦᠢᠯᠡᠳᠦᠯᠭᠡ ᠳᠤᠮᠳᠠ ᠮᠠᠷᠺᠰ᠎ᠤᠨ ᠦᠵᠡᠯ᠎ᠢ ᠲᠠᠰᠤᠷᠠᠯᠳᠠ ᠦᠭᠡᠢ ᠪᠠᠶᠠᠯᠢᠭ᠍ᠵᠢᠭᠤᠯᠤᠨ ᠬᠥᠭ᠌ᠵᠢᠭᠦᠯᠬᠦ᠌᠎ᠶ᠋ᠢᠨ ᠠᠮᠢᠳᠤᠯᠢᠭ ᠢᠯᠡᠷᠡᠯ ᠮᠥᠨ᠃

ᠨᠠᠮ᠎ᠤᠨ ᠠᠷᠪᠠᠨ ᠨᠢᠭᠡᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠭᠤᠷᠪᠠᠳᠤᠭᠠᠷ ᠪᠥᠬᠦᠳᠡ ᠬᠤᠷᠠᠯ᠎ᠠᠴᠠ ᠤᠯᠤᠰ ᠲᠦᠷᠦ᠎ᠶ᠋ᠢᠨ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠳᠤ ᠦᠵᠡᠯ ᠰᠠᠨᠠᠭᠠᠨ᠎ᠤ ᠵᠢᠷᠤᠮᠯᠠᠯ ᠬᠠᠩᠭᠠᠵᠤ᠂ ᠨᠠᠮ᠎ᠤᠨ ᠲᠥᠪ ᠬᠤᠷᠢᠶ᠎ᠠ ᠨᠠᠮ᠎ᠤᠨ ᠲᠦᠷᠦ᠎ᠶ᠋ᠢᠨ ᠤᠳᠤᠷᠢᠳᠭᠤ ᠲᠦᠷᠢᠮ᠎ᠳᠤ ᠥᠭᠡᠷᠡᠴᠢᠯᠡᠯᠲᠡ ᠬᠢᠵᠦ᠍᠂ ᠠᠷᠠᠳᠴᠢᠯᠠᠯ᠎ᠢ ᠳᠦᠷᠢᠮᠵᠢᠭᠦᠯᠬᠦ᠂ ᠬᠠᠤᠯᠢᠵᠢᠭᠤᠯᠬᠤ᠎ᠪᠠᠷ ᠭᠤᠣᠯ ᠠᠭᠤᠯᠭ᠎ᠠ ᠪᠣᠯᠭᠠᠭ᠍ᠰᠠᠨ ᠤᠯᠤᠰ ᠲᠦᠷᠦ᠎ᠶ᠋ᠢᠨ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢ ᠡᠬᠢᠯᠡᠭᠦᠯᠵᠡᠶ᠃ ᠨᠠᠮ᠎ᠤᠨ ᠠᠷᠪᠠᠨ ᠨᠢᠭᠡᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠭᠤᠷᠪᠠᠳᠤᠭᠠᠷ ᠪᠦᠭᠦᠳᠡ ᠬᠤᠷᠠᠯ᠎ᠨᠢ ᠬᠥᠳᠡᠭᠡ ᠲᠣᠰᠭᠤᠨ᠎ᠤ ᠥᠭᠡᠷᠡᠴᠢᠯᠡᠯᠲᠡ᠎ᠳᠤ ᠴᠢᠬᠤᠯᠠ ᠦᠵᠡᠯ ᠰᠠᠨᠠᠭᠠᠨ᠎ᠤ ᠤᠷᠢᠲᠠᠯ ᠬᠠᠩᠭᠠᠵᠤ᠂ ᠰᠠᠢᠨ ᠰᠠᠢᠬᠠᠨ ᠤᠯᠤᠰ ᠲᠥᠷᠥ᠎ᠶ᠋ᠢᠨ ᠣᠷᠴᠢᠨ ᠲᠣᠭᠤᠷᠢᠨ᠎ᠢ ᠡᠭᠦᠳᠴᠦ᠍᠂ ᠥᠷᠭᠡᠨ ᠣᠯᠠᠨ ᠬᠥᠳᠡᠭᠡ ᠲᠣᠰᠭᠤᠨ᠎ᠤ ᠦᠨᠳᠦᠰᠦᠨ ᠱᠠᠲᠤᠨ᠎ᠤ ᠺᠠᠳ᠋ᠷ ᠪᠣᠯᠤᠨ ᠲᠦᠭ ᠲᠦᠮᠡᠨ ᠲᠠᠷᠢᠶᠠᠴᠢᠳ ᠰᠦᠷ ᠳᠠᠯᠠᠢᠴᠠᠲᠠᠶ ᠬᠥᠳᠡᠭᠡ ᠲᠣᠰᠭᠤᠨ᠎ᠤ ᠥᠭᠡᠷᠡᠴᠢᠯᠡᠯᠲᠡ᠎ᠶ᠋ᠢᠨ ᠶᠡᠭᠡ ᠥᠷᠨᠢᠯᠲᠡ ᠭᠠᠷᠭᠠᠪᠠ᠃ ᠨᠠᠮ ᠪᠠ ᠥᠷᠭᠡᠨ ᠤᠯᠠᠨ ᠠᠷᠠᠳ ᠲᠦᠮᠡᠨ᠎ᠤ ᠡᠭᠦᠳᠦᠨ ᠪᠦᠲᠦᠭᠡᠯᠲᠡ ᠳᠤᠮᠳᠠ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠢ ᠪᠦᠳᠦᠭᠡᠨ ᠪᠠᠢᠭᠤᠯᠬᠤ ᠠᠭᠤᠤ ᠶᠡᠭᠡ ᠦᠢᠯᠡᠳᠦᠯᠭᠡ ᠠᠯᠬᠤᠮ ᠠᠯᠬᠤᠮ᠎ᠢᠶᠠᠷ ᠡᠷᠡᠰ ᠪᠠᠲᠤ ᠤᠷᠤᠭ᠍ᠰᠢᠯᠠᠵᠤ ᠡᠬᠢᠯᠡᠪᠡ᠃ ᠦᠢᠯᠡᠲᠦᠯᠭᠡ ᠲᠠᠬᠢᠨᠲᠠ ᠬᠡᠷᠡᠴᠢᠯᠡᠭ᠌ᠰᠡᠨ᠎ᠨᠢ᠄ ᠭᠠᠭ᠍ᠴᠠ ᠬᠦ᠌ ᠦᠵᠡᠯ ᠰᠠᠨᠠᠭ᠎ᠠ᠎ᠪᠠᠨ ᠴᠢᠯᠦᠭᠡᠯᠡᠪᠡᠯ ᠰᠠᠶᠢ ᠬᠦᠭ᠌ᠵᠢᠯᠲᠡ᠎ᠶ᠋ᠢᠨ ᠲᠠᠯᠲᠠ ᠬᠦᠴᠦᠨ᠎ᠢᠶᠠᠨ ᠬᠦᠢᠴᠡᠳ ᠪᠠᠲᠠᠷᠠᠭᠤᠯᠵᠦ᠍ ᠴᠢᠲᠠᠨ᠎ᠠ; ᠭᠠᠭ᠍ᠴᠠ ᠬᠦ᠌ ᠦᠭᠡᠷᠡᠴᠢᠯᠡᠯᠲᠡ ᠨᠡᠭᠡᠭᠡᠯᠲᠡ ᠬᠢᠪᠡᠯ ᠰᠠᠶᠢ ᠨᠡᠩ ᠶᠡᠭᠡ ᠱᠢᠨ᠎ᠡ ᠬᠦᠭ᠌ᠵᠢᠯᠲᠡ᠎ᠶ᠋ᠢ ᠪᠡᠶᠡᠯᠡᠭᠦᠯᠵᠦ᠍ ᠴᠢᠲᠠᠨ᠎ᠠ᠃

ᠮᠠᠷᠺᠰ᠎ᠤᠨ ᠦᠵᠡᠯ᠎ᠤᠨ ᠭᠤᠣᠯ ᠦᠨᠳᠦᠰᠦᠯᠡᠯ᠎ᠢ ᠳᠤᠮᠳᠠᠳᠤ ᠤᠯᠤᠰ᠎ᠤᠨ ᠪᠣᠳᠠᠲᠤ ᠪᠠᠢᠳᠠᠯ᠎ᠲᠠᠢ ᠤᠶᠠᠯᠳᠤᠭᠤᠯᠬᠤ ᠪᠣᠯ ᠮᠠᠨ᠎ᠤ ᠨᠠᠮ᠎ᠤᠨ ᠠᠷᠠᠳ ᠲᠦᠮᠡᠨ᠎ᠢ ᠳᠠᠭᠠᠭᠤᠯᠤᠨ ᠢᠯᠠᠯᠲᠠ ᠣᠯᠤᠭ᠍ᠰᠠᠨ᠎ᠤ ᠦᠨᠳᠦᠰᠦᠨ ᠱᠢᠯᠲᠠᠭᠠᠨ ᠮᠥᠨ᠃ ᠨᠠᠮ᠎ᠤᠨ ᠠᠷᠪᠠᠨ ᠬᠤᠶᠠᠳᠤᠭᠠᠷ ᠶᠡᠭᠡ ᠬᠤᠷᠠᠯ᠎ᠠᠴᠠ 《ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠢ ᠪᠦᠳᠦᠭᠡᠨ ᠪᠠᠢᠭᠤᠯᠤᠨ᠎ᠠ》 ᠬᠡᠬᠦ᠌ ᠡᠨᠡ ᠬᠦ᠌ ᠴᠢᠬᠤᠯᠠ ᠶᠡᠭᠡ ᠰᠡᠳᠦᠪ᠎ᠢ ᠲᠤᠷᠠᠳᠤᠬ᠍ᠰᠠᠨ᠎ᠨᠢ ᠡᠢᠮᠦᠷᠬᠦᠦ 《ᠤᠶᠠᠯᠳᠤᠯ》 ᠎ᠢ ᠢᠯᠡ ᠲᠣᠳᠣ ᠪᠥᠭᠡᠳ ᠲᠥᠪᠯᠡᠷᠡᠩᠭᠦᠶ᠎ᠪᠠᠷ ᠢᠯᠡᠷᠡᠭᠦᠯᠦᠭ᠌ᠰᠡᠨ ᠶᠤᠮ᠃ ᠨᠠᠮ᠎ᠤᠨ ᠠᠷᠪᠠᠨ ᠭᠤᠷᠪᠠᠳᠤᠭᠠᠷ ᠶᠡᠭᠡ ᠬᠤᠷᠠᠯ᠎ᠠᠴᠠ ᠨᠡᠢᠭᠡᠮ ᠵᠢᠷᠤᠮ᠎ᠤᠨ ᠠᠩᠬᠠᠨ᠎ᠤ ᠱᠠᠲᠤᠨ᠎ᠳᠠᠬᠢ ᠨᠠᠮ᠎ᠤᠨ ᠦᠨᠳᠦᠰᠦᠨ ᠱᠤᠭᠤᠮ᠎ᠢ ᠳᠤᠷᠠᠳᠤᠨ ᠭᠠᠷᠭᠠᠵᠤ᠂ 《ᠭᠤᠷᠪᠠᠨ ᠠᠯᠬᠤᠮ᠎ᠢᠶᠠᠷ ᠶᠠᠪᠤᠬᠤ》 ᠣᠳᠣᠬᠢᠴᠢᠯᠠᠯᠲᠠ᠎ᠶ᠋ᠢᠨ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠎ᠶ᠋ᠢ ᠲᠣᠭ᠍ᠲᠠᠭᠠᠵᠤ᠂ ᠥᠭᠡᠷᠡᠴᠢᠯᠡᠯᠲᠡ ᠨᠡᠭᠡᠭᠡᠯᠳᠡ᠎ᠶ᠋ᠢ ᠪᠠᠷᠢᠮᠲᠠᠯᠠᠬᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠢ ᠪᠠᠷᠢᠮᠲᠠᠯᠠᠨ ᠬᠥᠭ᠌ᠵᠢᠭᠦᠯᠬᠦ᠌᠎ᠳᠤ ᠬᠦᠴᠦᠲᠡᠢ ᠤᠨᠤᠯ᠎ᠤᠨ ᠵᠡᠪᠰᠡᠭ ᠬᠠᠩᠭᠠᠪᠠ᠃ ᠨᠠᠮ᠎ᠤᠨ ᠠᠷᠪᠠᠨ ᠳᠥᠷᠪᠡᠳᠦᠭᠡᠷ ᠶᠡᠭᠡ ᠬᠤᠷᠠᠯ᠎ᠠᠴᠠ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠢ᠎ᠶ᠋ᠢᠨ ᠪᠠᠢᠭᠤᠯᠤᠮᠵᠢ᠎ᠶ᠋ᠢ ᠪᠠᠢᠭᠤᠯᠬᠤ ᠴᠢᠬᠤᠯᠠ ᠶᠡᠭᠡ ᠱᠢᠢᠳᠪᠦᠷᠢᠲᠦ ᠪᠤᠳᠤᠯᠭ᠎ᠠ ᠲᠤᠬ᠍ᠲᠠᠭᠠᠵᠦ᠍᠂ ᠡᠨᠡ ᠪᠣᠯ ᠥᠭᠡᠷᠡᠴᠢᠯᠡᠯᠲᠡ ᠨᠡᠭᠡᠭᠡᠯᠳᠡ ᠬᠢᠭ᠌ᠰᠡᠨ ᠠᠷᠪᠠ ᠭᠠᠷᠤᠢ ᠵᠢᠯ᠎ᠤᠨ ᠱᠢᠷᠭᠠᠭᠤ ᠬᠠᠲᠠᠭᠤᠵᠢᠯᠲᠠᠢ ᠬᠠᠢᠨ ᠰᠦᠪᠡᠭ᠌ᠴᠢᠯᠡᠯᠳᠡ᠎ᠶ᠋ᠢᠨ ᠦᠷ᠎ᠡ ᠳ᠋ᠦᠩ ᠮᠥᠨ᠂ ᠮᠠᠨ᠎ᠤ ᠤᠯᠤᠰ᠎ᠤᠨ ᠥᠭᠡᠷᠡᠴᠢᠯᠡᠯᠲᠡ ᠨᠡᠭᠡᠭᠡᠯᠳᠡ ᠪᠠ ᠠᠵᠤ ᠠᠬᠤᠢ ᠨᠡᠢᠭᠡᠮ᠎ᠤᠨ ᠬᠥᠭ᠌ᠵᠢᠯᠲᠡ᠎ᠳᠤ ᠲᠦᠢᠯ᠎ᠤᠨ ᠴᠢᠬᠤᠯᠠ ᠦᠢᠯᠡᠳᠦᠯ᠎ᠲᠠᠢ ᠶᠤᠮ᠃

ᠮᠠᠨ᠎ᠤ ᠨᠠᠮ ᠦᠨᠡᠨ ᠶᠣᠰᠣᠨ᠎ᠤ ᠪᠠᠷᠢᠮᠵᠢᠶ᠎ᠠ᠎ᠶ᠋ᠢᠨ ᠲᠤᠬᠠᠢ ᠶᠡᠭᠡ ᠶᠠᠷᠢᠯᠴᠠᠭ᠎ᠠ᠎ᠪᠠᠷ ᠳᠠᠮᠵᠢᠭᠤᠯᠤᠨ᠂ ᠦᠵᠡᠯ ᠰᠠᠨᠠᠭ᠎ᠠ᠎ᠪᠠᠨ ᠴᠢᠯᠥᠭᠡᠯᠡᠬᠦ᠂ ᠦᠨᠡᠨ᠎ᠠᠴᠠ ᠵᠥᠪ᠎ᠢ ᠡᠷᠢᠬᠦ᠌ ᠦᠵᠡᠯ ᠰᠠᠨᠠᠭᠠᠨ᠎ᠤ ᠱᠤᠭᠤᠮ᠎ᠢ ᠰᠡᠷᠭᠦᠭᠡᠵᠦ᠍᠂ ᠳᠤᠮᠳᠠᠳᠤ ᠤᠯᠤᠰ᠎ᠤᠨ ᠲᠡᠦᠬᠡ᠎ᠶ᠋ᠢᠨ ᠬᠥᠭ᠌ᠵᠢᠯᠲᠡ ᠲᠠᠪᠱᠢᠯᠳᠠ᠎ᠶ᠋ᠢᠨ ᠦᠵᠡᠯ ᠰᠠᠨᠠᠭᠠᠨ᠎ᠤ ᠡᠭᠦᠳᠡ᠎ᠶ᠋ᠢ ᠨᠡᠭᠡᠭᠡᠪᠡ᠃ ᠱᠢᠨ᠎ᠡ ᠴᠠᠭ ᠦᠶ᠎ᠡ᠂ ᠱᠢᠨ᠎ᠡ ᠠᠶᠠᠨ᠎ᠳᠤ ᠪᠢᠳᠡ ᠡᠷᠬᠡᠪᠰᠢ ᠦᠵᠡᠯ ᠰᠠᠨᠠᠭ᠎ᠠ᠎ᠪᠠᠨ ᠴᠢᠯᠥᠭᠡᠯᠡᠬᠦ᠂ ᠦᠨᠡᠨ᠎ᠠᠴᠠ ᠵᠥᠪ᠎ᠢ ᠡᠷᠢᠬᠦ᠌ ᠦᠵᠡᠯ ᠰᠠᠨᠠᠭᠠᠨ᠎ᠤ ᠱᠤᠭᠤᠮ᠎ᠢ ᠥᠴᠦᠬᠡᠨ ᠴᠦ᠍ ᠰᠠᠯᠵᠤ ᠪᠣᠯᠤᠰᠢ ᠦᠭᠡᠢ ᠴᠢᠬᠤᠯᠠ ᠡᠷᠳᠡᠨᠢ ᠪᠣᠯᠭᠠᠵᠤ᠂ ᠵᠣᠷᠢᠭ᠍ᠲᠠᠢ᠎ᠪᠠᠷ ᠬᠠᠢᠨ ᠰᠦᠪᠡᠭ᠌ᠴᠢᠯᠡᠬᠦ᠌ ᠮᠥᠷᠲᠡᠭᠡᠨ ᠯᠠᠪᠳᠠᠭᠤᠨ ᠪᠠᠲᠤᠲᠠᠢ ᠠᠵᠢᠯᠯᠠᠵᠤ᠂ ᠦᠢᠯᠡᠳᠦᠯᠭᠡ᠎ᠶ᠋ᠢᠨ ᠱᠢᠨ᠎ᠡ ᠡᠭᠦᠳᠦᠯᠲᠡ ᠪᠠ ᠤᠨᠤᠯ᠎ᠤᠨ ᠱᠢᠨ᠎ᠡ ᠡᠭᠦᠳᠦᠯᠲᠡ᠎ᠶ᠋ᠢ ᠲᠠᠰᠤᠷᠠᠯᠳᠠ ᠦᠭᠡᠢ ᠠᠬᠢᠭᠤᠯᠵᠤ᠂ ᠦᠵᠡᠯ ᠰᠠᠨᠠᠭ᠎ᠠ᠎ᠪᠠᠨ ᠴᠢᠯᠥᠭᠡᠯᠡᠬᠦ᠌ ᠱᠢᠨ᠎ᠡ ᠠᠬᠤᠢ ᠪᠠᠢᠳᠠᠯ᠎ᠢᠶᠠᠷ ᠡᠯ᠎ᠡ ᠵᠦᠢᠯ᠎ᠤᠨ ᠦᠢᠯᠡᠰ᠎ᠤᠨ ᠱᠢᠨ᠎ᠡ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠢ᠃

 

ᠲᠤᠮᠲᠠᠲᠤ ᠤᠯᠤᠰ᠎ᠤᠨ ᠤᠨᠴᠠᠯᠢᠬ᠎ᠲᠠᠢ ᠨᠡᠢᠭᠡᠮ ᠵᠢᠷᠦᠮ᠎ᠤᠨ ᠵᠠᠮ᠎ᠢᠶᠠᠷ ᠭᠤᠢᠪᠢᠰᠢ ᠦᠭᠡᠢ ᠵᠠᠮᠨᠠᠬᠤ ᠪᠤᠯ ᠲᠤᠮᠲᠠᠲᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠲᠤᠯᠲᠠ᠎ᠶ᠋ᠢ ᠪᠡᠶᠡᠯᠡᠭᠦᠯᠬᠦ᠌᠎ᠶ᠋ᠢᠨ ᠵᠠᠢᠯᠠᠰᠢ ᠦᠭᠡᠢ ᠵᠠᠮ ᠮᠦᠨ


ᠨᠢᠭᠡ ᠦᠨᠳᠦᠰᠦᠲᠡᠨ ᠴᠠᠭ ᠦᠶ᠎ᠡ᠎ᠶ᠋ᠢᠨ ᠡᠮᠦᠨ᠎ᠡ ᠡᠩᠨᠡᠭᠡᠨ᠎ᠳᠤ ᠶᠠᠪᠤᠬᠤ ᠭᠡᠪᠡᠯ ᠤᠨᠤᠯ᠎ᠤᠨ ᠰᠡᠳᠭᠢᠬᠦᠢ ᠦᠭᠡᠢ ᠪᠠᠢᠵᠤ ᠪᠣᠯᠬᠤ ᠦᠭᠡᠢ᠂ ᠦᠵᠡᠯ ᠰᠠᠨᠠᠭᠠᠨ᠎ᠤ ᠵᠢᠯᠤᠭᠤᠳᠤᠯᠭ᠎ᠠ ᠦᠭᠡᠢ ᠪᠠᠢᠵᠤ ᠪᠣᠯᠬᠤ ᠦᠭᠡᠢ᠃ ᠨᠠᠮ᠎ᠤᠨ ᠠᠷᠪᠠᠨ ᠲᠠᠪᠤᠳᠤᠭᠠᠷ ᠶᠡᠭᠡ ᠬᠤᠷᠠᠯ᠎ᠠᠴᠠ ᠳ᠋ᠧᠩ ᠱᠢᠶᠤᠤ ᠫᠢᠩ᠎ᠤᠨ ᠤᠨᠤᠯ᠎ᠢ ᠮᠠᠷᠺᠰ ᠯᠧᠨᠢᠨ᠎ᠤ ᠦᠵᠡᠯ᠂ ᠮᠠᠤ ᠽᠧ ᠳ᠋ᠦᠩ᠎ᠤᠨ ᠦᠵᠡᠯ ᠰᠠᠨᠠᠭ᠎ᠠ᠎ᠲᠠᠢ ᠬᠠᠮᠲᠦ᠎ᠪᠠᠷ ᠨᠠᠮ᠎ᠤᠨ ᠵᠢᠯᠣᠭᠤᠳᠭᠤ ᠦᠵᠡᠯ ᠰᠠᠨᠠᠭ᠎ᠠ ᠪᠣᠯᠭᠠᠨ ᠨᠠᠮ᠎ᠤᠨ ᠲᠦᠷᠢᠮ᠎ᠳᠤ ᠪᠢᠴᠢᠵᠦ᠍ ᠣᠷᠣᠭᠤᠯᠪᠠ᠃ ᠶᠡᠭᠡ ᠬᠤᠷᠠᠯ᠎ᠠᠴᠠ 《ᠳ᠋ᠧᠩ ᠱᠢᠶᠤᠤ ᠫᠢᠩ᠎ᠤᠨ ᠤᠨᠤᠯ》 ᠭᠡᠬᠦ᠌ ᠤᠬᠠᠭ᠍ᠳᠠᠬᠤᠨ᠎ᠢ ᠠᠩᠬ᠎ᠠ ᠤᠳᠠᠭ᠎ᠠ ᠬᠡᠷᠡᠭ᠌ᠯᠡᠭ᠌ᠰᠡᠨ ᠪᠥᠭᠡᠳ 《ᠡᠷᠢᠨ ᠵᠠᠭᠤᠨ ᠰᠤᠨᠳᠠᠯᠠᠭ᠍ᠰᠠᠨ ᠱᠢᠨ᠎ᠡ ᠠᠶᠠᠨ ᠵᠠᠮ᠎ᠳᠤ ᠳ᠋ᠧᠩ ᠱᠢᠶᠤᠤ ᠫᠢᠩ᠎ᠤᠨ ᠤᠨᠤᠯ᠎ᠤᠨ ᠠᠭᠤᠤ ᠶᠡᠭᠡ ᠲᠤᠭ᠎ᠢ ᠵᠠᠪᠠᠯ ᠥᠨᠳᠥᠷ ᠮᠠᠨᠳᠤᠭᠤᠯᠬᠤ ᠬᠡᠷᠡᠭ᠌ᠲᠡᠢ》 ᠭᠡᠵᠦ᠍ ᠲᠤᠭ ᠲᠡᠮᠳᠡᠭ ᠲᠣᠳᠣᠷᠬᠠᠢ᠎ᠪᠠᠷ ᠵᠢᠭᠠᠵᠤ ᠭᠠᠷᠭᠠᠪᠠ᠃ ᠡᠨᠡ ᠪᠣᠯ ᠨᠠᠮ᠎ᠤᠨ 20 ᠱᠢᠬᠠᠮ ᠵᠢᠯ᠎ᠤᠨ ᠥᠭᠡᠷᠡᠴᠢᠯᠡᠯᠲᠡ ᠨᠡᠭᠡᠭᠡᠯᠳᠡ ᠪᠠ ᠨᠡᠢᠭᠡᠮ ᠵᠢᠷᠤᠮᠳᠤ ᠣᠳᠣᠬᠢᠴᠢᠯᠠᠯᠲᠠ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠠᠮᠵᠢᠯᠲᠠ᠎ᠲᠠᠢ ᠦᠢᠯᠡᠳᠦᠯᠭᠡ᠎ᠪᠠᠷ ᠳᠠᠮᠵᠢᠭᠤᠯᠤᠨ ᠭᠠᠷᠭᠠᠭ᠍ᠰᠠᠨ ᠲᠡᠦᠬᠡᠲᠦ ᠴᠢᠨᠠᠷᠲᠠᠢ ᠱᠢᠢᠳᠪᠦᠷᠢᠲᠦ ᠪᠤᠳᠤᠯᠭ᠎ᠠ ᠮᠥᠨ᠃ ᠡᠷᠢᠨ ᠵᠠᠭᠤᠨ᠎ᠤ ᠠᠭᠤᠯᠵᠠᠷ᠎ᠲᠤ ᠵᠢᠶᠠᠩ ᠽᠧ ᠮᠢᠨ ᠨᠥᠬᠦᠷ 《ᠭᠤᠷᠪᠠ᠎ᠶ᠋ᠢ ᠲᠥᠯᠥᠭᠡᠯᠡᠬᠦ᠌》 ᠴᠢᠬᠤᠯᠠ ᠦᠵᠡᠯ ᠰᠠᠨᠠᠭ᠎ᠠ᠎ᠶ᠋ᠢ ᠳᠤᠷᠠᠳᠤᠨ ᠭᠠᠷᠭᠠᠵᠤ᠂ ᠨᠠᠮ᠎ᠤᠨ ᠠᠷᠪᠠᠨ ᠵᠢᠷᠭᠤᠳᠤᠭᠠᠷ ᠶᠡᠭᠡ ᠬᠤᠷᠠᠯ ᠳᠡᠭᠡᠷ᠎ᠡ ᠮᠠᠷᠺᠰ ᠯᠧᠨᠢᠨ᠎ᠤ ᠦᠵᠡᠯ᠂ ᠮᠠᠤ ᠽᠧ ᠳ᠋ᠦᠩ᠎ᠤᠨ ᠦᠵᠡᠯ ᠰᠠᠨᠠᠭ᠎ᠠ᠂ ᠳ᠋ᠧᠩ ᠱᠢᠶᠤᠤ ᠫᠢᠩ᠎ᠤᠨ ᠤᠨᠤᠯ᠎ᠲᠠᠢ ᠬᠠᠮᠲᠤ᠎ᠪᠠᠷ ᠨᠠᠮ᠎ᠤᠨ ᠡᠷᠬᠡᠪᠰᠢ ᠤᠷᠳᠤ ᠬᠤᠭᠤᠴᠠᠭ᠎ᠠ᠎ᠪᠠᠷ ᠪᠠᠷᠢᠮᠲᠠᠯᠠᠬᠤ ᠵᠢᠯᠣᠭᠤᠳᠭᠤ ᠦᠵᠡᠯ ᠰᠠᠨᠠᠭ᠎ᠠ᠎ᠶ᠋ᠢᠨ ᠬᠤᠪᠢ᠎ᠪᠠᠷ ᠨᠠᠮ᠎ᠤᠨ ᠲᠦᠷᠢᠮ᠎ᠳᠤ ᠪᠢᠴᠢᠵᠦ᠍ ᠣᠷᠣᠭᠤᠯᠪᠠ᠃ ᠨᠠᠮ᠎ᠤᠨ ᠠᠷᠪᠠᠨ ᠳᠣᠯᠣᠳᠤᠭᠠᠷ ᠶᠡᠭᠡ ᠬᠤᠷᠠᠯ᠎ᠠᠴᠠ ᠱᠢᠨᠵᠢᠯᠡᠬᠦ᠌ ᠤᠬᠠᠭᠠᠨᠴᠢ ᠬᠥᠭ᠌ᠵᠢᠯᠲᠡ᠎ᠶ᠋ᠢᠨ ᠦᠵᠡᠯᠲᠡ᠎ᠶ᠋ᠢ ᠨᠠᠮ᠎ᠤᠨ ᠲᠦᠷᠢᠮ᠎ᠳᠤ ᠪᠢᠴᠢᠨ ᠣᠷᠣᠭᠤᠯᠵᠤ᠂ ᠱᠢᠨᠵᠢᠯᠡᠬᠦ᠌ ᠤᠬᠠᠭᠠᠨᠴᠢ ᠬᠥᠭ᠌ᠵᠢᠯᠲᠡ᠎ᠶ᠋ᠢᠨ ᠦᠵᠡᠯᠲᠡ ᠪᠣᠯ ᠮᠠᠷᠺᠰ ᠯᠧᠨᠢᠨ᠎ᠤ ᠦᠵᠡᠯ᠂ ᠮᠠᠤ ᠽᠧ ᠳ᠋ᠦᠩ᠎ᠤᠨ ᠦᠵᠡᠯ ᠰᠠᠨᠠᠭ᠎ᠠ᠂ ᠳ᠋ᠧᠩ ᠱᠢᠶᠤᠤ ᠫᠢᠩ᠎ᠤᠨ ᠤᠨᠤᠯ ᠪᠣᠯᠤᠨ 《ᠭᠤᠷᠪᠠ᠎ᠶ᠋ᠢ ᠲᠥᠯᠥᠭᠡᠯᠡᠬᠦ᠌》 ᠴᠢᠬᠤᠯᠠ ᠦᠵᠡᠯ ᠰᠠᠨᠠᠭ᠎ᠠ᠎ᠲᠠᠢ ᠤᠯᠠᠮᠵᠢᠯᠠᠯ ᠨᠢᠭᠡᠲᠡᠢ ᠮᠥᠷᠲᠡᠭᠡᠨ ᠴᠠᠭ ᠦᠶ᠎ᠡ᠎ᠲᠠᠢ ᠵᠡᠷᠭᠡ᠎ᠪᠠᠷ ᠤᠷᠤᠭ᠍ᠰᠢᠯᠠᠭ᠍ᠰᠠᠨ ᠱᠢᠨᠵᠢᠯᠡᠬᠦ᠌ ᠤᠬᠠᠭᠠᠨᠴᠢ ᠤᠨᠤᠯ ᠮᠥᠨ᠂ ᠮᠠᠨ᠎ᠤ ᠤᠯᠤᠰ᠎ᠤᠨ ᠠᠵᠤ ᠠᠬᠤᠢ ᠨᠡᠢᠭᠡᠮ᠎ᠤᠨ ᠬᠥᠭ᠌ᠵᠢᠯᠲᠡ᠎ᠶ᠋ᠢᠨ ᠴᠢᠬᠤᠯᠠ ᠵᠢᠯᠣᠭᠤᠳᠭᠤ ᠴᠢᠭ᠌ᠯᠡᠯᠲᠡ ᠮᠥᠨ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠢ ᠬᠥᠭ᠌ᠵᠢᠭᠦᠯᠬᠦ᠌᠎ᠳᠤ ᠡᠷᠬᠡᠪᠰᠢ ᠪᠠᠷᠢᠮᠲᠠᠯᠠᠨ ᠲᠤᠭᠤᠱᠢᠯᠠᠭᠤᠯᠬᠤ ᠴᠢᠬᠤᠯᠠ ᠶᠡᠭᠡ ᠪᠠᠢᠯᠳᠤᠬᠤ ᠪᠤᠳᠤᠯᠭ᠎ᠠ᠎ᠶ᠋ᠢᠨ ᠦᠵᠡᠯ ᠰᠠᠨᠠᠭ᠎ᠠ ᠮᠥᠨ ᠭᠡᠵᠦ᠍ ᠲᠣᠳᠣᠷᠬᠠᠢ ᠲᠣᠭ᠍ᠲᠠᠭᠠᠪᠠ᠃ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠤᠨᠤᠯ᠎ᠤᠨ ᠱᠢᠰᠲ᠋ᠧᠮ᠎ᠤᠨ ᠪᠦᠷᠢᠯᠳᠦᠭ᠌ᠰᠡᠨ ᠪᠠ ᠲᠠᠰᠤᠷᠠᠯᠳᠠ ᠦᠭᠡᠢ ᠪᠠᠶᠠᠯᠢᠭ᠍ᠵᠢᠨ ᠬᠥᠭ᠌ᠵᠢᠭ᠌ᠰᠡᠨ᠎ᠨᠢ ᠮᠠᠨ᠎ᠤ ᠤᠯᠤᠰ᠎ᠤᠨ ᠨᠡᠢᠭᠡᠮ ᠵᠢᠷᠤᠮ᠎ᠤᠨ ᠵᠠᠮ᠎ᠢᠶᠠᠷ ᠲᠠᠰᠤᠷᠠᠯᠳᠠ ᠦᠭᠡᠢ ᠱᠢᠨ᠎ᠡ ᠢᠯᠠᠯᠲᠠ ᠤᠯᠬᠤ᠎ᠳᠤ ᠪᠠᠲᠤ ᠴᠢᠩᠭ᠎ᠠ ᠦᠵᠡᠯ ᠰᠠᠨᠠᠭᠠᠨ᠎ᠤ ᠪᠠᠲᠤᠯᠠᠭ᠎ᠠ ᠬᠠᠩᠭᠠᠪᠠ᠃ ᠲᠤᠮᠲᠠᠲᠤ ᠤᠯᠤᠰ᠎ᠤᠨ ᠤᠨᠴᠠᠯᠢᠬ᠎ᠲᠠᠢ ᠨᠡᠢᠭᠡᠮ ᠵᠢᠷᠦᠮ᠎ᠤᠨ ᠵᠠᠮ᠎ᠢᠶᠠᠷ ᠭᠤᠢᠪᠢᠰᠢ ᠦᠭᠡᠢ ᠵᠠᠮᠨᠠᠬᠤ ᠪᠤᠯ ᠲᠤᠮᠲᠠᠲᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠲᠤᠯᠲᠠ᠎ᠶ᠋ᠢ ᠪᠡᠶᠡᠯᠡᠭᠦᠯᠬᠦ᠌᠎ᠶ᠋ᠢᠨ ᠵᠠᠢᠯᠠᠰᠢ ᠦᠭᠡᠢ ᠵᠠᠮ ᠮᠦᠨ᠃

ᠨᠠᠮ᠎ᠤᠨ ᠵᠥᠪ ᠣᠨᠣᠪᠴᠢᠲᠠᠶ ᠱᠢᠢᠳᠪᠦᠷᠢᠲᠦ ᠪᠣᠳᠣᠯᠭ᠎ᠠ ᠪᠠ ᠦᠵᠡᠯ ᠰᠠᠨᠠᠭᠠᠨ᠎ᠤ ᠳᠠᠭᠠᠭᠤᠯᠭ᠎ᠠ ᠳᠤᠤᠷ᠎ᠠ᠂ ᠪᠢᠳᠡ ᠱᠢᠨ᠎ᠡ ᠳᠤᠮᠳᠠᠳᠤ ᠤᠯᠤᠰ ᠪᠠᠢᠭᠤᠯᠤᠭ᠍ᠳᠠᠭ᠍ᠰᠠᠨ᠎ᠠᠴᠠ ᠨᠠᠭᠠᠱᠢᠬᠢ ᠨᠠᠮ᠎ᠤᠨ ᠲᠡᠦᠬᠡᠨ ᠳᠡᠭᠡᠷᠡᠬᠢ ᠠᠯᠤᠰ ᠬᠡᠳᠦ᠎ᠶ᠋ᠢᠨ ᠠᠴᠢ ᠬᠤᠯᠪᠣᠭ᠍ᠳᠠᠯ᠎ᠲᠠᠢ ᠠᠭᠤᠤ ᠶᠡᠭᠡ ᠡᠷᠭᠢᠯᠲᠡ᠎ᠶ᠋ᠢ ᠪᠡᠶᠡᠯᠡᠭᠦᠯᠵᠦ᠍᠂ ᠨᠡᠢᠭᠡᠮ ᠵᠢᠷᠤᠮ᠎ᠤᠨ ᠠᠩᠬᠠᠨ᠎ᠤ ᠱᠠᠲᠤᠨ᠎ᠳᠠᠬᠢ ᠨᠠᠮ᠎ᠤᠨ ᠦᠨᠳᠦᠰᠦᠨ ᠱᠤᠭᠤᠮ᠎ᠢ ᠲᠣᠭ᠍ᠲᠠᠭᠠᠵᠦ᠍᠂ ᠥᠭᠡᠷᠡᠴᠢᠯᠡᠯᠲᠡ ᠨᠡᠭᠡᠭᠡᠯᠲᠡ᠎ᠶ᠋ᠢ ᠡᠷᠡᠰ ᠭᠤᠢᠪᠢᠰᠢ ᠦᠭᠡᠢ᠎ᠪᠠᠷ ᠠᠬᠢᠭᠤᠯᠵᠦ᠍᠂ ᠡᠯ᠎ᠡ ᠲᠠᠯ᠎ᠠ᠎ᠶ᠋ᠢᠨ ᠠᠶᠤᠯ ᠲᠦᠭ᠌ᠰᠢᠭᠦᠷᠢ ᠥᠷᠢᠰᠥᠯᠳᠦᠭᠡᠨ᠎ᠢ ᠢᠯᠠᠨ ᠳᠠᠪᠠᠵᠦ᠍᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠢ ᠡᠭᠦᠲᠦᠨ ᠪᠠᠢᠭᠤᠯᠵᠦ᠍᠂ ᠪᠠᠷᠢᠮᠲᠠᠯᠠᠵᠦ᠍᠂ ᠬᠠᠮᠠᠭᠠᠯᠠᠵᠤ᠂ ᠬᠥᠭ᠌ᠵᠢᠭᠦᠯᠵᠤ᠂ ᠳᠡᠭᠡᠳᠦ ᠬᠡᠮᠵᠢᠶ᠎ᠡ᠎ᠪᠠᠷ ᠲᠥᠪᠯᠡᠷᠡᠭ᠌ᠰᠡᠨ ᠲᠥᠯᠥᠪᠯᠡᠭᠡᠲᠦ ᠠᠵᠤ ᠠᠬᠤᠶ᠎ᠶ᠋ᠢᠨ ᠪᠠᠢᠭᠤᠯᠤᠮᠵᠢ᠎ᠠᠴᠠ ᠠᠮᠢᠵᠢᠷᠠᠯ᠎ᠤᠨ ᠬᠦᠴᠦᠨ᠎ᠢᠶᠠᠷ ᠪᠢᠯᠬᠠᠮ᠎ᠠ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠶ᠎ᠶ᠋ᠢᠨ ᠪᠠᠢᠭᠤᠯᠤᠮᠵᠢ ᠬᠦ᠍ᠷᠳᠡᠯ᠎ᠠ᠂ ᠲᠦᠭ᠌ᠵᠢᠮᠡᠯ ᠬᠠᠭᠠᠰ ᠲᠦᠭ᠌ᠵᠢᠮᠡᠯ ᠪᠠᠢᠳᠠᠯ᠎ᠠᠴᠠ ᠪᠦᠬᠦ᠌ ᠲᠠᠯ᠎ᠠ᠎ᠪᠠᠷ ᠨᠡᠭᠡᠭᠡᠯᠲᠡ ᠬᠢᠬᠦ᠌ ᠬᠦᠷᠳᠡᠯᠡᠬᠢ ᠲᠡᠦᠬᠡᠲᠦ ᠴᠢᠨᠠᠷᠲᠠᠢ ᠬᠤᠪᠢᠷᠠᠯᠲᠠ᠎ᠶ᠋ᠢ ᠪᠡᠶᠡᠯᠡᠭᠦᠯᠵᠤ᠂ ᠦᠢᠯᠡᠳᠪᠦᠷᠢᠯᠡᠯ᠎ᠤᠨ ᠬᠦᠴᠦᠨ ᠬᠠᠷᠢᠴᠠᠩᠭᠤᠶ᠎ᠪᠠᠷ ᠬᠤᠴᠣᠷᠤᠩᠭᠤᠶ ᠪᠠᠢᠭ᠍ᠰᠠᠨ᠎ᠠᠴᠠ᠎ᠪᠠᠨ ᠠᠵᠤ ᠠᠬᠤᠶ᠎ᠶ᠋ᠢᠨ ᠶᠡᠷᠦᠩᠬᠡᠶ ᠬᠡᠮᠵᠢᠶ᠎ᠡ ᠳᠡᠯᠡᠬᠡᠶ᠎ᠶ᠋ᠢᠨ ᠬᠤᠶᠠᠳᠤᠭᠠᠷ᠎ᠲᠤ ᠤᠷᠤᠭ᠍ᠰᠠᠨ ᠲᠡᠦᠬᠡᠲᠦ ᠴᠢᠨᠠᠷᠲᠠᠶ ᠱᠢᠪᠲᠤᠯᠤᠯᠲᠠ᠎ᠶ᠋ᠢ ᠪᠡᠶᠡᠯᠡᠭᠦᠯᠤᠨ᠂ ᠠᠷᠠᠳ᠎ᠤᠨ ᠠᠮᠢᠳᠤᠷᠠᠯ ᠢᠳᠡᠵᠦ᠍ ᠡᠮᠦᠰᠭᠦ᠎ᠳᠡᠭᠡᠨ ᠵᠥᠪ ᠦᠭᠡᠢ ᠪᠠᠢᠭ᠍ᠰᠠᠨ᠎ᠠᠴᠠ ᠶᠡᠷᠦᠩᠬᠡᠶ᠎ᠳᠡᠭᠡᠨ ᠴᠢᠨᠡᠭᠡᠯᠢᠭ ᠪᠣᠯᠵᠤ᠂ ᠪᠦᠬᠦ᠌ ᠲᠠᠯ᠎ᠠ᠎ᠪᠠᠷ ᠴᠢᠨᠡᠭᠡᠯᠢᠭ᠌ᠵᠢᠬᠦ᠌ ᠲᠡᠦᠬᠡᠲᠦ ᠴᠢᠨᠠᠷᠲᠠᠶ ᠳᠠᠪᠠᠯᠲᠠ᠎ᠶ᠋ᠢ ᠪᠡᠶᠡᠯᠡᠭᠦᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠳᠤ ᠱᠢᠨ᠎ᠡ ᠠᠮᠢᠵᠢᠷᠠᠯ᠎ᠤᠨ ᠬᠦᠴᠦᠨ᠎ᠢᠶᠠᠷ ᠪᠢᠯᠬᠠᠮ᠎ᠠ ᠪᠠᠢᠭᠤᠯᠤᠮᠵᠢ᠎ᠶ᠋ᠢᠨ ᠪᠠᠲᠤᠯᠠᠭ᠎ᠠ ᠪᠠ ᠲᠦᠷᠭᠡᠨ ᠬᠥᠭ᠌ᠵᠢᠬᠦ᠌ ᠪᠣᠳᠠᠰ᠎ᠤᠨ ᠨᠥᠬᠦᠴᠡᠯ᠎ᠢ ᠬᠠᠩᠭᠠᠪᠠ᠃

ᠠᠭᠤᠤ ᠶᠡᠭᠡ ᠬᠦᠰᠡᠯ ᠵᠡᠭᠦᠳᠦ ᠪᠤᠯ ᠲᠡᠮᠡᠴᠡᠵᠦ᠍ ᠪᠠᠢᠭᠠᠳ ᠢᠷᠡᠳᠡᠭ ᠶᠤᠮ᠃ ᠪᠢᠳᠡ ᠡᠷᠬᠡᠪᠰᠢ ᠠᠭᠤᠤ ᠶᠡᠭᠡ ᠲᠡᠮᠡᠴᠡᠯ᠂ ᠠᠭᠤᠤ ᠶᠡᠭᠡ ᠢᠨᠵᠧᠨᠧᠷᠢᠩ᠂ ᠠᠭᠤᠤ ᠶᠡᠭᠡ ᠦᠢᠯᠡᠰ᠂ ᠠᠭᠤᠤ ᠶᠡᠭᠡ ᠬᠦᠰᠡᠯ ᠵᠡᠭᠦᠳᠦ᠎ᠶ᠋ᠢ ᠶᠡᠷᠦᠩᠬᠡᠢᠯᠡᠨ ᠡᠵᠡᠮᠳᠡᠵᠦ᠍᠂ ᠤᠷᠤᠰᠭᠠᠯ᠎ᠤᠨ ᠡᠮᠦᠨ᠎ᠡ ᠵᠣᠷᠢᠭ᠎ᠲᠠᠢ ᠵᠣᠭ᠍ᠰᠣᠨ᠂ ᠡᠷᠡᠯᠬᠡᠭ᠌ᠯᠡᠨ ᠲᠡᠮᠡᠴᠡᠵᠦ᠍᠂ ᠡᠷᠡᠰ ᠱᠢᠭᠤᠷᠬᠠᠢ᠎ᠪᠠᠷ ᠤᠷᠤᠭ᠍ᠰᠢᠯᠠᠨ ᠲᠠᠪᠱᠢᠵᠤ᠂ ᠦᠷᠭᠦᠯᠵᠢᠯᠡᠨ ᠲᠡᠮᠡᠴᠡᠵᠦ᠍᠂ ᠡᠭᠦᠷᠢᠳᠡ ᠬᠤᠢᠷᠭᠤᠱᠢᠬᠤ ᠦᠭᠡᠢ ᠤᠶᠤᠨ ᠰᠠᠨᠠᠭᠠᠨ᠎ᠤ ᠳᠦᠷᠰᠦ ᠪᠠᠢᠳᠠᠯ᠂ ᠴᠤᠴᠠᠯᠲᠠ ᠦᠭᠡᠢ ᠤᠷᠤᠭ᠍ᠰᠢᠯᠠᠬᠤ ᠲᠡᠮᠡᠴᠡᠯ᠎ᠤᠨ ᠳᠦᠷᠰᠦ ᠪᠠᠢᠳᠠᠯ᠎ᠢᠶᠠᠷ᠂ ᠥᠭᠡᠷᠡᠴᠢᠯᠡᠯᠲᠡ ᠨᠡᠭᠡᠭᠡᠯᠳᠠ᠎ᠶ᠋ᠢ ᠡᠴᠦᠰ᠎ᠲᠤᠨᠢ ᠲᠤᠯᠲᠠᠯ᠎ᠠ ᠬᠢᠵᠦ᠍᠂ ᠱᠢᠨ᠎ᠡ ᠴᠠᠭ ᠦᠶ᠎ᠡ᠎ᠳᠤ ᠳᠤᠮᠳᠠᠳᠤ᠎ᠶ᠋ᠢᠨ ᠦᠨᠳᠦᠰᠦᠲᠡᠨ᠎ᠤ ᠨᠡᠩ ᠶᠡᠭᠡ ᠱᠢᠨ᠎ᠡ ᠭᠠᠢᠬᠠᠮᠱᠢᠭ᠎ᠢ ᠡᠭᠦᠳᠬᠦ᠌ ᠬᠡᠷᠡᠭ᠌ᠲᠡᠢ᠃

(ᠵᠣᠬᠢᠶᠠᠭ᠍ᠴᠢ᠎ᠶ᠋ᠢᠨ ᠨᠢᠭᠡᠴᠢ᠄ ᠥᠪᠥᠷ ᠮᠣᠩᠭᠤᠯ᠎ᠤᠨ ᠨᠡᠢᠭᠡᠮ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠤᠨ ᠮᠠᠷᠺᠰ᠎ᠤᠨ ᠦᠵᠡᠯ᠎ᠢ ᠰᠤᠳᠤᠯᠬᠤ ᠭᠠᠵᠠᠷ)

 

ᠳᠤᠮᠤ ᠬᠡᠷᠡᠭ ᠶᠠᠪᠤᠳᠠᠯ


●1978 ᠣᠨ᠎ᠤ 12 ᠰᠠᠷ᠎ᠠ᠎ᠶ᠋ᠢᠨ 18 — 22 ᠎ᠤᠨ ᠡᠳᠦᠷ ᠪᠣᠯᠲᠠᠯ᠎ᠠ᠂ ᠨᠠᠮ᠎ᠤᠨ ᠠᠷᠪᠠᠨ ᠨᠢᠭᠡᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠭᠤᠷᠪᠠᠳᠤᠭᠠᠷ ᠪᠦᠭᠦᠳᠡ ᠬᠤᠷᠠᠯ ᠪᠡᠭᠡᠵᠢᠩ᠎ᠳᠤ ᠬᠤᠷᠠᠯᠳᠤᠪᠠ᠃ ᠪᠦᠭᠦᠳᠡ ᠬᠤᠷᠠᠯ᠎ᠠᠴᠠ ᠦᠢᠯᠡᠳᠦᠯᠭᠡ ᠪᠣᠯ ᠦᠨᠡᠨ ᠶᠣᠰᠣ᠎ᠶ᠋ᠢ ᠱᠢᠯᠭᠠᠬᠤ ᠴᠤᠷ᠎ᠤᠨ ᠭᠠᠭ᠍ᠴᠠ ᠪᠠᠷᠢᠮᠵᠢᠶ᠎ᠠ ᠮᠥᠨ ᠭᠡᠬᠦ᠌ ᠠᠰᠠᠭᠤᠳᠠᠯ᠎ᠤᠨ ᠲᠤᠬᠠᠢ ᠶᠠᠷᠢᠯᠴᠠᠭ᠎ᠠ᠎ᠶ᠋ᠢ ᠳᠡᠭᠡᠳᠦ ᠬᠡᠮᠵᠢᠶ᠎ᠡ᠎ᠪᠠᠷ ᠦᠨᠡᠯᠡᠵᠦ᠍᠂ ᠨᠠᠮ ᠪᠠ ᠤᠯᠤᠰ᠎ᠤᠨ ᠠᠵᠢᠯ᠎ᠤᠨ ᠭᠤᠣᠯᠳᠠᠯᠭ᠎ᠠ᠎ᠶ᠋ᠢ ᠠᠵᠤ ᠠᠬᠤᠢ᠎ᠶ᠋ᠢᠨ ᠪᠦᠲᠦᠭᠡᠨ ᠪᠠᠢᠭᠤᠯᠤᠯᠲᠠ ᠳᠡᠭᠡᠷ᠎ᠡ ᠱᠢᠯᠵᠢᠭᠦᠯᠵᠦ᠍᠂ ᠥᠭᠡᠷᠡᠴᠢᠯᠡᠯᠲᠡ ᠨᠡᠭᠡᠭᠡᠯᠲᠡ ᠪᠠ ᠨᠡᠢᠭᠡᠮ ᠵᠢᠷᠤᠮᠳᠦ ᠣᠳᠣᠬᠢᠴᠢᠯᠠᠯᠲᠠ᠎ᠶ᠋ᠢᠨ ᠠᠭᠤᠤ ᠶᠡᠭᠡ ᠠᠶᠠᠨ ᠵᠠᠮ᠎ᠢ ᠡᠬᠢᠯᠡᠭᠦᠯᠪᠡ᠃

●1981 ᠣᠨ᠎ᠤ 6 ᠰᠠᠷ᠎ᠠ᠎ᠶ᠋ᠢᠨ 27 — 29 ᠎ᠤ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠪᠠᠨ ᠨᠢᠭᠡᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠵᠢᠷᠭᠤᠳᠤᠭᠠᠷ ᠪᠥᠬᠦᠳᠡ ᠬᠤᠷᠠᠯ ᠬᠤᠷᠠᠯᠳᠤᠪᠠ᠃ ᠪᠦᠬᠦᠳᠠ ᠬᠤᠷᠠᠯ᠎ᠠᠴᠠ 《ᠤᠯᠤᠰ ᠪᠠᠢᠭᠤᠯᠤᠭ᠍ᠳᠠᠭ᠍ᠰᠠᠨ᠎ᠠᠴᠠ ᠨᠠᠭᠠᠱᠢᠬᠢ ᠨᠠᠮ᠎ᠤᠨ ᠲᠡᠦᠬᠡᠨ ᠠᠰᠠᠭᠤᠳᠠᠯ᠎ᠤᠳ᠎ᠤᠨ ᠲᠤᠬᠠᠢ ᠱᠢᠢᠳᠪᠦᠷᠢ》 ᠎ᠶ᠋ᠢ ᠪᠠᠲᠤᠯᠠᠵᠤ᠂ ᠱᠢᠨ᠎ᠡ ᠳᠤᠮᠳᠠᠳᠤ ᠤᠯᠤᠰ ᠪᠠᠢᠭᠤᠯᠤᠭ᠍ᠳᠠᠭ᠍ᠰᠠᠨ᠎ᠠᠴᠠ ᠨᠠᠭᠠᠱᠢᠬᠢ 32 ᠵᠢᠯ᠎ᠤᠨ ᠲᠤᠷᠱᠢᠬᠢ ᠨᠠᠮ᠎ᠤᠨ ᠴᠢᠬᠤᠯᠠ ᠶᠡᠭᠡ ᠲᠡᠦᠬᠡᠨ ᠬᠡᠷᠡᠭ ᠶᠠᠪᠤᠳᠠᠯ ᠢᠯᠠᠩᠭᠤᠶ᠎ᠠ 《ᠰᠣᠶᠣᠯ᠎ᠤᠨ ᠶᠡᠭᠡ ᠬᠤᠪᠢᠰᠭᠠᠯ》 ᠎ᠢ ᠵᠥᠪ᠎ᠢᠶᠠᠷ ᠳ᠋ᠦᠩᠨᠡᠵᠦ᠍᠂ ᠮᠠᠤ ᠽᠧ ᠳ᠋ᠦᠩ᠎ᠤᠨ ᠲᠡᠦᠬᠡᠨ ᠪᠠᠢᠷᠢ ᠰᠠᠭᠤᠷᠢ᠎ᠶ᠋ᠢ ᠦᠨᠡᠨ᠎ᠢ ᠪᠠᠷᠢᠮᠲᠠᠯᠠᠨ ᠦᠨᠡᠯᠡᠵᠦ᠍᠂ ᠮᠠᠤ ᠽᠧ ᠳ᠋ᠦᠩ᠎ᠤᠨ ᠦᠵᠡᠯ ᠰᠠᠨᠠᠭᠠᠨ᠎ᠤ ᠨᠠᠮ᠎ᠤᠨ ᠵᠢᠯᠣᠭᠤᠳᠭᠤ ᠦᠵᠡᠯ ᠰᠠᠨᠠᠭ᠎ᠠ ᠪᠣᠯᠬᠤ ᠠᠭᠤᠤ ᠶᠡᠭᠡ ᠠᠴᠢ ᠬᠤᠯᠪᠣᠭ᠍ᠳᠠᠯ᠎ᠢ ᠱᠢᠨᠵᠢᠯᠡᠬᠦ᠌ ᠤᠬᠠᠭᠠᠨᠴᠢ᠎ᠪᠠᠷ ᠥᠭᠦᠯᠡᠪᠡ᠃

●1982 ᠣᠨ᠎ᠤ 1 ᠰᠠᠷ᠎ᠠ᠎ᠶ᠋ᠢᠨ 1 ᠎ᠤ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ 《ᠪᠦᠬᠦ᠌ ᠤᠯᠤᠰ᠎ᠤᠨ ᠬᠥᠳᠡᠭᠡ ᠲᠣᠰᠭᠤᠨ᠎ᠤ ᠠᠵᠢᠯ᠎ᠤᠨ ᠬᠤᠷᠠᠯ᠎ᠤᠨ ᠲᠣᠪᠴᠢ ᠲᠡᠮᠳᠡᠭ᠌ᠯᠡᠯ》 ᠎ᠢ ᠴᠤᠬᠤᠯᠠᠪᠤᠷᠢᠯᠠᠨ ᠳᠠᠮᠵᠢᠭᠤᠯᠵᠤ᠂ ᠬᠤᠷᠢᠶᠠᠯᠲᠠ᠎ᠶ᠋ᠢ ᠡᠷᠦᠬᠡ᠎ᠳᠤ ᠳᠠᠭᠠᠭᠠᠴᠢᠯᠠᠭᠤᠯᠬᠤ ᠵᠡᠷᠭᠡ ᠡᠯ᠎ᠡ ᠵᠦᠢᠯ᠎ᠤᠨ ᠦᠢᠯᠡᠳᠪᠦᠷᠢᠯᠡᠯ᠎ᠤᠨ ᠬᠠᠷᠢᠭᠤᠴᠠᠯᠭ᠎ᠠ᠎ᠶ᠋ᠢᠨ ᠲᠦᠷᠢᠮ ᠪᠣᠯ ᠴᠥᠮ ᠨᠡᠢᠭᠡᠮ ᠵᠢᠷᠤᠮ᠎ᠤᠨ ᠬᠠᠮᠲᠤ᠎ᠶ᠋ᠢᠨ ᠠᠵᠤ ᠠᠬᠤᠶ᠎ᠶ᠋ᠢᠨ ᠦᠢᠯᠡᠳᠪᠦᠷᠢᠯᠡᠯ᠎ᠤᠨ ᠬᠠᠷᠢᠭᠤᠴᠠᠯᠭ᠎ᠠ᠎ᠶ᠋ᠢᠨ ᠲᠦᠷᠢᠮ ᠮᠥᠨ ᠭᠡᠵᠦ᠍ ᠨᠤᠲᠠᠯᠠᠪᠠ᠃ ᠡᠭᠦᠨ᠎ᠠᠴᠠ ᠰᠡᠭᠦᠯᠡᠷ᠂ ᠬᠤᠷᠢᠶᠠᠯᠲᠠ᠎ᠲᠠᠢ᠎ᠨᠢ ᠬᠤᠯᠪᠣᠭ᠍ᠳᠠᠭᠤᠯᠤᠨ ᠡᠷᠦᠬᠡ᠎ᠳᠤ ᠳᠠᠭᠠᠭᠠᠴᠢᠯᠠᠭᠤᠯᠬᠤ᠎ᠪᠠᠷ ᠭᠤᠣᠯ ᠪᠣᠯᠭᠠᠭ᠍ᠰᠠᠨ ᠬᠠᠷᠢᠭᠤᠴᠠᠯᠭ᠎ᠠ᠎ᠶ᠋ᠢᠨ ᠳᠦᠷᠢᠮ ᠲᠠᠰᠤᠷᠠᠯᠲᠠ ᠦᠭᠡᠢ ᠲᠡᠭᠦᠯᠳᠡᠷᠵᠢᠵᠦ᠍᠂ ᠬᠥᠳᠡᠭᠡ ᠲᠣᠰᠭᠤᠨ᠎ᠤ ᠥᠭᠡᠷᠡᠴᠢᠯᠡᠯᠲᠡ ᠲᠠᠰᠤᠷᠠᠯᠲᠠ ᠦᠭᠡᠢ ᠱᠢᠪᠲᠤᠯᠤᠯᠲᠠ᠎ᠲᠠᠢ ᠪᠣᠯᠪᠠ᠃

●1992 ᠣᠨ᠎ᠤ 10 ᠰᠠᠷ᠎ᠠ᠎ᠶ᠋ᠢᠨ 12 — 18 ᠎ᠤ ᠡᠳᠦᠷ᠂ ᠨᠠᠮ᠎ᠤᠨ ᠠᠷᠪᠠᠨ ᠳᠥᠷᠪᠡᠳᠦᠭᠡᠷ ᠶᠡᠭᠡ ᠬᠤᠷᠠᠯ᠎ᠠᠴᠠ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠶ᠎ᠶ᠋ᠢᠨ ᠪᠠᠢᠭᠤᠯᠤᠮᠵᠢ᠎ᠶ᠋ᠢ ᠪᠠᠢᠭᠤᠯᠬᠤ ᠥᠭᠡᠷᠡᠴᠢᠯᠡᠯᠲᠡ᠎ᠶ᠋ᠢᠨ ᠬᠠᠷᠠᠯᠲᠠ᠎ᠶ᠋ᠢ ᠲᠣᠳᠣᠷᠬᠠᠢᠯᠠᠵᠤ᠂ ᠳ᠋ᠧᠩ ᠱᠢᠶᠤᠤ ᠫᠢᠩ ᠨᠥᠬᠦᠷ᠎ᠤᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠢ ᠪᠦᠳᠦᠭᠡᠨ ᠪᠠᠢᠭᠤᠯᠬᠤ ᠤᠨᠤᠯ᠎ᠢᠶᠠᠷ ᠪᠦᠬᠦ᠌ ᠨᠠᠮ᠎ᠢ ᠵᠡᠪᠰᠡᠭ᠌ᠯᠡᠬᠦ᠌᠎ᠶ᠋ᠢ ᠳᠤᠷᠠᠳᠴᠤ᠌᠂ ᠳ᠋ᠧᠩ ᠱᠢᠶᠤᠤ ᠫᠢᠩ ᠨᠥᠬᠦᠷ᠎ᠤᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠢ ᠪᠦᠳᠦᠭᠡᠨ ᠪᠠᠢᠭᠤᠯᠬᠤ ᠤᠨᠤᠯ ᠪᠠ ᠨᠠᠮ᠎ᠤᠨ ᠨᠡᠢᠭᠡᠮ ᠵᠢᠷᠤᠮ᠎ᠤᠨ ᠠᠩᠬᠠᠨ᠎ᠤ ᠱᠠᠲᠤᠨ᠎ᠳᠠᠬᠢ ᠦᠨᠳᠦᠰᠦᠨ ᠱᠤᠭᠤᠮ᠎ᠢ ᠨᠠᠮ᠎ᠤᠨ ᠲᠦᠷᠢᠮ᠎ᠳᠤ ᠪᠢᠴᠢᠵᠦ᠍ ᠣᠷᠣᠭᠤᠯᠪᠠ᠃

●1997 ᠣᠨ᠎ᠤ 6 ᠰᠠᠷ᠎ᠠ᠎ᠶ᠋ᠢᠨ 30 ᠎ᠤ ᠰᠥᠨᠢ ᠳᠦᠯᠢ — 7 ᠰᠠᠷ᠎ᠠ᠎ᠶ᠋ᠢᠨ 1 ᠎ᠤ ᠥᠷᠯᠥᠭᠡ᠂ ᠳᠤᠮᠳᠠᠳᠤ ᠠᠩᠭ᠌ᠯᠢ ᠬᠤᠶᠠᠷ ᠤᠯᠤᠰ᠎ᠤᠨ ᠵᠠᠰᠠᠭ᠎ᠤᠨ ᠣᠷᠳᠣᠨ᠎ᠤ ᠱᠢᠶᠠᠩᠭᠠᠩ᠎ᠤᠨ ᠵᠠᠰᠠᠭ᠎ᠤᠨ ᠡᠷᠬᠡ᠎ᠶ᠋ᠢ ᠲᠤᠱᠢᠶᠠᠬᠤ ᠪᠠ ᠭᠥᠯᠢᠶᠡᠨ ᠠᠪᠬᠤ ᠶᠣᠰᠣᠯᠠᠯ ᠱᠢᠶᠠᠩᠭᠠᠩ᠎ᠳᠤ ᠶᠠᠪᠤᠭ᠍ᠳᠠᠵᠤ᠂ ᠳᠤᠮᠳᠠᠳᠤ ᠤᠯᠤᠰ᠎ᠤᠨ ᠵᠠᠰᠠᠭ᠎ᠤᠨ ᠣᠷᠳᠣᠨ ᠱᠢᠶᠠᠩᠭᠠᠩ᠎ᠳᠤ ᠡᠷᠬᠡ ᠮᠡᠳᠡᠯ᠎ᠢᠶᠠᠨ ᠰᠡᠷᠭᠦᠭᠡᠨ ᠬᠡᠷᠡᠭ᠌ᠵᠢᠭᠦᠯᠦᠭ᠌ᠰᠡᠨ᠎ᠢ ᠲᠤᠩᠬᠠᠭ᠍ᠯᠠᠪᠠ᠃ ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠱᠢᠶᠠᠩᠭᠠᠩ ᠣᠨᠴᠠᠭᠠᠶ ᠵᠠᠰᠠᠭ ᠵᠠᠬᠢᠷᠭᠠᠨ᠎ᠤ ᠣᠷᠣᠨ ᠪᠠᠢᠭᠤᠯᠤᠭ᠍ᠳᠠᠪᠠ᠃

●1997 ᠣᠨ᠎ᠤ 9 ᠰᠠᠷ᠎ᠠ᠎ᠳᠤ᠂ ᠨᠠᠮ᠎ᠤᠨ ᠠᠷᠪᠠᠨ ᠲᠠᠪᠤᠳᠤᠭᠠᠷ ᠶᠡᠭᠡ ᠬᠤᠷᠠᠯ᠎ᠠᠴᠠ ᠳ᠋ᠧᠩ ᠱᠢᠶᠤᠤ ᠫᠢᠩ᠎ᠤᠨ ᠤᠨᠤᠯ᠎ᠢ ᠮᠠᠷᠺᠰ ᠯᠧᠨᠢᠨ᠎ᠤ ᠦᠵᠡᠯ᠂ ᠮᠠᠤ ᠽᠧ ᠳ᠋ᠦᠩ᠎ᠤᠨ ᠦᠵᠡᠯ ᠰᠠᠨᠠᠭ᠎ᠠ᠎ᠲᠠᠢ ᠬᠠᠮᠲᠤ᠎ᠪᠠᠷ ᠨᠠᠮ᠎ᠤᠨ ᠵᠢᠯᠣᠭᠤᠳᠭᠤ ᠦᠵᠡᠯ ᠰᠠᠨᠠᠭ᠎ᠠ ᠪᠣᠯᠭᠠᠨ ᠲᠣᠭ᠍ᠲᠠᠭᠠᠭ᠍ᠰᠠᠨ᠎ᠤ ᠬᠠᠮᠲᠤ ᠨᠠᠮ᠎ᠤᠨ ᠲᠦᠷᠢᠮ᠎ᠳᠤ ᠪᠢᠴᠢᠵᠦ᠍ ᠣᠷᠣᠭᠤᠯᠪᠠ᠃

●1999 ᠣᠨ᠎ᠤ 12 ᠰᠠᠷ᠎ᠠ᠎ᠶ᠋ᠢᠨ 19 ᠎ᠤ ᠰᠥᠨᠢ ᠳᠦᠯᠢ — 20 ᠎ᠤ ᠥᠷᠯᠥᠭᠡ᠂ ᠳᠤᠮᠳᠠᠳᠤ ᠫᠣᠷᠲ᠋ᠦ᠋ᠭᠠᠯ ᠬᠤᠶᠠᠷ ᠤᠯᠤᠰ᠎ᠤᠨ ᠵᠠᠰᠠᠭ᠎ᠤᠨ ᠣᠷᠳᠣᠨ᠎ᠤ ᠣᠣᠮᠧᠨ᠎ᠤ ᠵᠠᠰᠠᠭ᠎ᠤᠨ ᠡᠷᠬᠡ᠎ᠶ᠋ᠢ ᠲᠤᠱᠢᠶᠠᠬᠤ ᠪᠠ ᠭᠥᠯᠢᠶᠡᠨ ᠠᠪᠬᠤ ᠶᠣᠰᠣᠯᠠᠯ ᠣᠣᠮᠧᠨ᠎ᠳᠤ ᠶᠠᠪᠤᠭ᠍ᠳᠠᠵᠤ᠂ ᠳᠤᠮᠳᠠᠳᠤ ᠤᠯᠤᠰ᠎ᠤᠨ ᠵᠠᠰᠠᠭ᠎ᠤᠨ ᠣᠷᠳᠣᠨ ᠣᠣᠮᠧᠨ᠎ᠳᠤ ᠡᠷᠬᠡ ᠮᠡᠳᠡᠯ᠎ᠢᠶᠠᠨ ᠰᠡᠷᠭᠦᠭᠡᠨ ᠬᠡᠷᠡᠭ᠌ᠵᠢᠭᠦᠯᠦᠭ᠌ᠰᠡᠨ᠎ᠢ ᠲᠤᠩᠬᠠᠭ᠍ᠯᠠᠪᠠ᠃ ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠣᠣᠮᠧᠨ ᠣᠨᠴᠠᠭᠠᠢ ᠵᠠᠰᠠᠭ ᠵᠠᠬᠢᠷᠭᠠᠨ᠎ᠤ ᠣᠷᠣᠨ ᠪᠠᠢᠭᠤᠯᠤᠭ᠍ᠳᠠᠪᠠ᠃

●2001 ᠣᠨ᠎ᠤ 11 ᠰᠠᠷ᠎ᠠ᠎ᠶ᠋ᠢᠨ 10 ᠎ᠤ ᠡᠳᠦᠷ᠂ ᠺᠠᠲ᠋ᠠᠷ᠎ᠤᠨ ᠨᠡᠢᠰᠯᠡᠯ ᠳ᠋ᠤᠬ᠎ᠠ᠎ᠳᠤ ᠬᠤᠷᠠᠯᠳᠤᠭ᠍ᠰᠠᠨ ᠳᠡᠯᠡᠬᠡᠢ᠎ᠶ᠋ᠢᠨ ᠠᠷᠠᠯᠵᠢᠶᠠᠨ᠎ᠤ ᠵᠣᠬᠢᠶᠠᠨ ᠪᠠᠢᠭᠤᠯᠤᠯᠲᠠ᠎ᠶ᠋ᠢᠨ ᠳᠥᠷᠪᠡᠳᠦᠭᠡᠷ ᠬᠤᠭᠤᠴᠠᠭᠠᠨ᠎ᠤ ᠰᠠᠢᠳ᠎ᠤᠨ ᠳᠡᠰ᠎ᠤᠨ ᠬᠤᠷᠠᠯᠳᠤᠭᠠᠨ᠎ᠨᠢ ᠪᠦᠭᠦᠳᠡᠭᠡᠷ᠎ᠢᠶᠠᠨ ᠵᠥᠪᠳᠡᠯᠴᠡᠨ ᠰᠠᠨᠠᠯ ᠨᠢᠭᠡᠳᠬᠦ᠌ ᠬᠡᠯᠪᠡᠷᠢ᠎ᠪᠠᠷ ᠳᠤᠮᠳᠠᠳᠤ ᠤᠯᠤᠰ᠎ᠤᠨ ᠳᠡᠯᠡᠬᠡᠢ᠎ᠶ᠋ᠢᠨ ᠠᠷᠠᠯᠵᠢᠶᠠᠨ᠎ᠤ ᠵᠣᠬᠢᠶᠠᠨ ᠪᠠᠢᠭᠤᠯᠤᠯᠲᠠ᠎ᠳᠤ ᠣᠷᠣᠬᠤ ᠲᠣᠭ᠍ᠲᠠᠭᠠᠯ᠎ᠢ ᠬᠢᠨᠠᠨ ᠶᠠᠷᠢᠯᠴᠠᠵᠤ ᠪᠠᠲᠤᠯᠠᠪᠠ᠃ 12 ᠰᠠᠷ᠎ᠠ᠎ᠶ᠋ᠢᠨ 11 ᠎ᠤ ᠡᠳᠦᠷ᠂ ᠮᠠᠨ᠎ᠤ ᠤᠯᠤᠰ ᠵᠢᠩᠬᠢᠨᠢ᠎ᠪᠠᠷ ᠳᠡᠯᠡᠬᠡᠢ᠎ᠶ᠋ᠢᠨ ᠠᠷᠠᠯᠵᠢᠶᠠᠨ᠎ᠤ ᠵᠣᠬᠢᠶᠠᠨ ᠪᠠᠢᠭᠤᠯᠤᠯᠲᠠ᠎ᠶ᠋ᠢᠨ ᠪᠦᠷᠢᠯᠳᠦᠬᠦᠨ ᠪᠤᠯᠵᠤ᠂ ᠳᠤᠮᠳᠠᠳᠤ ᠤᠯᠤᠰ᠎ᠤᠨ ᠭᠠᠳᠠᠭᠠᠳᠤ ᠨᠡᠬᠡᠬᠡᠯᠳᠡ ᠱᠢᠨ᠎ᠡ ᠱᠠᠲᠤᠨ᠎ᠳᠤ ᠣᠷᠣᠪᠠ᠃

●2002 ᠣᠨ᠎ᠤ 11 ᠰᠠᠷ᠎ᠠ᠎ᠶ᠋ᠢᠨ 8 — 14 ᠎ᠤ ᠡᠳᠦᠷ᠂ ᠨᠠᠮ᠎ᠤᠨ ᠠᠷᠪᠠᠨ ᠵᠢᠷᠭᠤᠳᠤᠭᠠᠷ ᠶᠡᠭᠡ ᠬᠤᠷᠠᠯ᠎ᠠᠴᠠ 《ᠭᠤᠷᠪᠠ᠎ᠶ᠋ᠢ ᠲᠥᠯᠥᠭᠡᠯᠡᠬᠦ᠌》 ᠴᠢᠬᠤᠯᠠ ᠦᠵᠡᠯ ᠰᠠᠨᠠᠭ᠎ᠠ᠎ᠶ᠋ᠢ ᠮᠠᠷᠺᠰ ᠯᠧᠨᠢᠨ᠎ᠤ ᠦᠵᠡᠯ᠂ ᠮᠠᠤ ᠽᠧ ᠳ᠋ᠦᠩ᠎ᠤᠨ ᠦᠵᠡᠯ ᠰᠠᠨᠠᠭ᠎ᠠ᠂ ᠳ᠋ᠧᠩ ᠱᠢᠶᠤᠤ ᠫᠢᠩ᠎ᠤᠨ ᠤᠨᠤᠯ᠎ᠲᠠᠢ ᠬᠠᠮᠲᠤ᠎ᠪᠠᠷ ᠨᠠᠮ᠎ᠤᠨ ᠵᠢᠯᠣᠭᠤᠳᠭᠤ ᠦᠵᠡᠯ ᠰᠠᠨᠠᠭ᠎ᠠ ᠪᠣᠯᠭᠠᠨ ᠲᠣᠭ᠍ᠲᠠᠭᠠᠭ᠍ᠰᠠᠨ᠎ᠤ ᠬᠠᠮᠲᠤ ᠨᠠᠮ᠎ᠤᠨ ᠲᠦᠷᠢᠮ᠎ᠳᠤ ᠪᠢᠴᠢᠵᠦ᠍ ᠣᠷᠣᠭᠤᠯᠪᠠ᠃

●2003 ᠣᠨ᠎ᠤ 10 ᠰᠠᠷ᠎ᠠ᠎ᠶ᠋ᠢᠨ 15 — 16 ᠎ᠤ ᠡᠳᠦᠷ᠂ ᠬᠤᠪᠢᠯᠭᠠᠨ ᠤᠩᠭᠤᠴᠠ ᠲᠠᠪᠤᠳᠤᠭᠠᠷ ᠬᠦᠮᠦᠨ ᠰᠠᠭᠤᠯᠭᠠᠬ᠍ᠰᠠᠨ ᠨᠢᠰᠭᠦ ᠤᠩᠭᠤᠴᠠ ᠠᠮᠵᠢᠯᠲᠠ᠎ᠲᠠᠢ᠎ᠪᠠᠷ ᠰᠠᠨᠰᠠᠷ᠎ᠲᠤ ᠬᠦᠷᠦᠭ᠌ᠰᠡᠨ ᠪᠦᠭᠡᠳ ᠠᠮᠤᠷ ᠲᠦᠪᠱᠢᠨ ᠪᠤᠴᠠᠵᠦ᠍᠂ ᠠᠩᠬᠠᠲᠠᠬ᠍ᠴᠢ ᠬᠥᠮᠦᠨ ᠰᠠᠭᠤᠯᠭᠠᠬ᠍ᠰᠠᠨ ᠰᠠᠨᠰᠠᠷ᠎ᠤᠨ ᠨᠢᠰᠦᠯᠲᠡ ᠲᠡᠬᠦᠰ ᠠᠮᠵᠢᠯᠲᠠ ᠤᠯᠵᠦ᠍᠂ ᠲᠤᠮᠲᠠᠲᠤ ᠤᠯᠤᠰ ᠬᠦᠮᠦᠨ ᠰᠠᠭᠤᠯᠭᠠᠬ᠍ᠰᠠᠨ ᠰᠠᠨᠰᠠᠷ᠎ᠤᠨ ᠮᠡᠷᠭᠡᠵᠢᠯ᠎ᠢ ᠪᠡᠶ᠎ᠡ᠎ᠪᠠᠨ ᠲᠠᠭᠠᠭᠠᠵᠦ᠍ ᠡᠵᠡᠮᠱᠢᠭ᠌ᠰᠡᠨ ᠲᠡᠯᠡᠭᠡᠢ ᠲᠡᠭᠡᠷᠡᠬᠢ ᠭᠤᠷᠪᠠᠲᠠᠬᠢ ᠤᠯᠤᠰ ᠪᠤᠯᠵᠠᠢ᠃

●2007 ᠣᠨ᠎ᠤ 10 ᠰᠠᠷ᠎ᠠ᠎ᠶ᠋ᠢᠨ 15 — 21 ᠎ᠤ ᠡᠳᠦᠷ᠂ ᠨᠠᠮ᠎ᠤᠨ ᠠᠷᠪᠠᠨ ᠳᠣᠯᠣᠳᠤᠭᠠᠷ ᠶᠡᠭᠡ ᠬᠤᠷᠠᠯ᠎ᠠᠴᠠ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠦᠷᠢᠮ (ᠵᠠᠰᠠᠪᠤᠷᠢ ᠣᠷᠣᠭᠤᠯᠬᠤ ᠲᠥᠰᠦᠯ)》 ᠎ᠢ ᠪᠠᠲᠤᠯᠠᠵᠤ᠂ ᠱᠢᠨᠵᠢᠯᠡᠬᠦ᠌ ᠤᠬᠠᠭᠠᠨᠴᠢ ᠬᠥᠭ᠌ᠵᠢᠯᠲᠡ᠎ᠶ᠋ᠢᠨ ᠦᠵᠡᠯᠲᠡ᠎ᠶ᠋ᠢ ᠨᠠᠮ᠎ᠤᠨ ᠲᠦᠷᠢᠮ᠎ᠳᠤ ᠪᠢᠴᠢᠵᠦ᠍ ᠣᠷᠣᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号