ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠲᠢᠩᠬᠢᠮ ᠶᠡᠷᠦᠩᠬᠡᠶ ᠱᠦᠵᠢ ᠰᠢ᠎ᠶ᠋ᠢᠨ ᠫᠢᠩ᠎ᠤᠨ 《7 · 1》 ᠎ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠲᠤᠰᠭᠠᠶ ᠰᠡᠳᠦᠪᠲᠦ ᠬᠠᠪᠰᠤᠷᠤᠨ ᠵᠢᠯᠣᠭᠤᠳᠭᠤ ᠲᠠᠢᠯᠤᠮᠵᠢ ᠬᠢᠵᠠᠢ
2021-07-22 10:06:18
ᠵᠣᠬᠢᠶᠠᠭ᠍ᠴᠢ᠄
ᠱᠢᠨᠡᠪᠢᠯᠢᠭ
ᠣᠩᠱᠢᠭ᠍ᠰᠠᠨ ᠣᠳᠠᠭ᠎ᠠ᠄
★★★☆☆

ᠤᠢ᠍ᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠲᠢᠩᠬᠢᠮ ᠲᠤᠮᠤ ᠬᠢᠴᠢᠶᠡᠯ᠎ᠤᠨ ᠲᠠᠩᠬᠢᠮ᠎ᠤᠨ ᠠᠵᠢᠯᠯᠠᠭ᠎ᠠ ᠦᠷᠨᠢᠬᠦᠯᠵᠦ᠍᠂ ᠶᠡᠷᠦᠩᠬᠡᠶ ᠱᠦᠵᠢ ᠰᠢ᠎ᠶ᠋ᠢᠨ ᠫᠢᠩ᠎ᠤᠨ 《7 · 1》 ᠎ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ᠎ᠤᠨ ᠪᠦᠷᠢᠯᠳᠦᠬᠦᠨ᠂ ᠥᠪᠥᠷ ᠮᠣᠩᠭᠤᠯ᠎ᠤᠨ ᠨᠠᠮ᠎ᠤᠨ ᠲᠡᠦᠬᠡ᠎ᠶ᠋ᠢᠨ ᠨᠡᠢᠭᠡᠮᠯᠢᠭ᠎ᠤᠨ ᠪᠠᠢᠩᠭᠤ᠎ᠶ᠋ᠢᠨ ᠬᠡᠷᠡᠭ ᠡᠷᠬᠢᠯᠡᠭ᠌ᠴᠢ᠂ ᠥᠪᠥᠷ ᠮᠣᠩᠭᠤᠯ᠎ᠤᠨ ᠨᠠᠮ᠎ᠤᠨ ᠰᠤᠷᠭᠠᠭᠤᠯᠢ᠎ᠶ᠋ᠢᠨ ᠨᠠᠮ᠎ᠤᠨ ᠲᠡᠦᠬᠡ ᠨᠠᠮ᠎ᠤᠨ ᠪᠠᠢᠭᠤᠯᠤᠯᠲᠠ᠎ᠶ᠋ᠢᠨ ᠵᠢᠭᠠᠨ ᠰᠤᠳᠤᠯᠬᠤ ᠬᠡᠯᠲᠡᠰ᠎ᠤᠨ ᠫᠷᠤᠹᠧᠰᠰᠤᠷ ᠢᠦᠶ ᠯᠢᠶᠠᠨ ᠷᠦᠢ᠎ᠶ᠋ᠢ ᠤᠷᠢᠵᠤ᠂ 《ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠠᠵᠢᠯᠯᠠᠭᠠᠨ᠎ᠤ ᠬᠥᠲᠥᠯᠪᠦᠷᠢ》 ᠬᠡᠬᠦ᠌ ᠰᠡᠳᠦᠪ᠎ᠢᠶᠠᠷ ᠲᠤᠰᠭᠠᠢ ᠰᠡᠳᠦᠪᠳᠦ ᠬᠠᠪᠰᠤᠷᠤᠨ ᠵᠢᠯᠤᠭᠤᠳᠭᠤ ᠳᠠᠢᠯᠤᠮᠵᠢ ᠬᠢᠯᠬᠡᠪᠡ᠃

ᠲᠤᠰᠭᠠᠢ ᠰᠡᠳᠦᠪᠲᠦ ᠳᠠᠢᠯᠤᠮᠵᠢ᠎ᠳᠤ᠂ ᠢᠦᠢ ᠯᠢᠶᠠᠨ ᠷᠦᠢ ᠫᠷᠤᠹᠧᠰᠰᠤᠷ ᠶᠡᠷᠦᠩᠬᠡᠢ ᠱᠦᠵᠢ ᠰᠢ᠎ᠶ᠋ᠢᠨ ᠫᠢᠩ᠎ᠤᠨ 《7 · 1》 ᠎ᠤ ᠴᠢᠬᠤᠯᠠ ᠶᠠᠷᠢᠶᠠᠨ᠎ᠤ ᠲᠣᠭᠤᠷᠢᠨ᠎ᠳᠤ᠂ 《ᠴᠢᠨᠡᠭᠡᠯᠢᠭ ᠨᠡᠢᠭᠡᠮ᠎ᠳᠤ ᠰᠠᠭᠤᠷᠢᠯᠠᠬᠤ》᠂ 《ᠨᠠᠮ ᠪᠠᠢᠭᠤᠯᠬᠤ ᠵᠣᠷᠢᠭ ᠰᠠᠨᠠᠭ᠎ᠠ᠎ᠶ᠋ᠢ ᠪᠠᠳᠠᠷᠠᠭᠤᠯᠬᠤ》᠂ 《ᠲᠡᠦᠬᠡ᠎ᠪᠠᠷ ᠲᠤᠯᠢ ᠪᠣᠯᠭᠠᠬᠤ᠎ᠶ᠋ᠢ ᠪᠠᠷᠢᠮᠲᠠᠯᠠᠬᠤ》᠂ 《ᠭᠡᠷᠡᠯ ᠰᠠᠴᠤᠷᠠᠩᠭᠤᠢ ᠢᠷᠡᠭᠡᠳᠦᠢ᠎ᠶ᠋ᠢ ᠨᠡᠭᠡᠭᠡᠨ ᠡᠭᠦᠳᠬᠦ᠌》 ᠵᠡᠷᠭᠡ ᠬᠠᠷᠠᠭᠠᠰᠤ᠎ᠠᠴᠠ ᠪᠦᠬᠦ᠌ ᠴᠠᠬ᠍ᠳᠠᠭ᠎ᠠ ᠲᠤᠰᠠᠯᠠᠬ᠍ᠴᠢ ᠴᠠᠬ᠍ᠳᠠᠭ᠎ᠠ ᠨᠠᠷ᠎ᠲᠤ ᠬᠦᠨ ᠬᠦᠨᠵᠡᠭᠡᠢ ᠤᠯᠤᠰ ᠲᠦᠷᠦ᠎ᠶ᠋ᠢᠨ ᠬᠢᠴᠢᠶᠡᠯ ᠳᠠᠢᠯᠤᠮᠵᠢ ᠬᠢᠪᠡ᠃ ᠲᠠᠢᠯᠤᠮᠵᠢ᠎ᠶ᠋ᠢ ᠰᠣᠨᠣᠰᠤᠭ᠍ᠰᠠᠨ ᠴᠠᠭ᠍ᠳᠠᠭ᠎ᠠ ᠲᠤᠰᠠᠯᠠᠬ᠍ᠴᠢ ᠴᠠᠭ᠍ᠳᠠᠭ᠎ᠠ ᠨᠠᠷ᠂ ᠢᠦᠢ ᠯᠢᠶᠠᠨ ᠷᠦᠢ ᠫᠷᠤᠹᠧᠰᠰᠤᠷ᠎ᠤᠨ ᠲᠠᠢᠯᠤᠮᠵᠢ᠎ᠨᠢ ᠮᠠᠨ᠎ᠳᠤ ᠶᠡᠷᠦᠩᠬᠡᠢ ᠱᠦᠵᠢ ᠰᠢ᠎ᠶ᠋ᠢᠨ ᠫᠢᠩ᠎ᠤᠨ 《7 · 1》 ᠎ᠤ ᠴᠢᠬᠤᠯᠠ ᠶᠠᠷᠢᠶᠠᠨ᠎ᠤ ᠵᠣᠷᠢᠭ ᠰᠠᠨᠠᠭᠠᠨ᠎ᠤ ᠠᠭᠤᠯᠤᠭ᠍ᠳᠠᠬᠤᠨ᠎ᠢ ᠨᠡᠩ ᠭᠦᠨᠵᠡᠭᠡᠢ ᠤᠢ᠍ᠢᠯᠠᠭᠠᠭᠤᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠯᠤᠰ ᠪᠣᠯᠤᠨ ᠦᠨᠳᠦᠰᠦᠲᠡᠨ᠎ᠳᠤ ᠦᠵᠡᠭᠦᠯᠦᠭ᠌ᠰᠡᠨ ᠠᠭᠤᠤ ᠶᠡᠭᠡ ᠬᠤᠪᠢ ᠨᠡᠮᠡᠷᠢ᠎ᠶ᠋ᠢ ᠭᠦᠨᠵᠡᠭᠡᠢ ᠲᠠᠨᠢᠭᠤᠯᠵᠠᠢ ᠭᠡᠵᠦ᠍ ᠢᠯᠡᠳᠭᠡᠵᠡᠭᠡᠪᠡ᠃

ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠲᠢᠩᠬᠢᠮ᠎ᠤᠨ ᠨᠠᠮ᠎ᠤᠨ ᠬᠤᠷᠢᠶ᠎ᠠ᠎ᠠᠴᠠ᠂ ᠪᠦᠬᠦ᠌ ᠣᠷᠣᠨ᠎ᠤ ᠡᠯ᠎ᠡ ᠱᠠᠲᠤᠨ᠎ᠤ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ ᠲᠤᠰ ᠤᠳᠠᠭ᠎ᠠ᠎ᠶ᠋ᠢᠨ ᠲᠤᠰᠭᠠᠢ ᠰᠡᠳᠦᠪᠲᠦ ᠬᠠᠪᠰᠤᠷᠤᠨ ᠵᠢᠯᠤᠭᠤᠳᠤᠯᠭ᠎ᠠ᠎ᠪᠠᠷ ᠠᠵᠠ ᠲᠣᠬᠢᠶᠠᠯ ᠪᠣᠯᠭᠠᠵᠤ᠂ ᠤᠯᠤᠰ ᠲᠦᠷᠦ᠎ᠶ᠋ᠢᠨ ᠵᠣᠭ᠍ᠰᠣᠴᠠ᠎ᠪᠠᠨ ᠦᠨᠡᠨ ᠬᠦ᠌ ᠳᠡᠭᠡᠭ᠌ᠰᠢᠯᠡᠭᠦᠯᠵᠦ᠍᠂ ᠶᠡᠷᠦᠩᠬᠡᠢ ᠱᠦᠵᠢ ᠰᠢ᠎ᠶ᠋ᠢᠨ ᠫᠢᠡᠭ᠎ᠤᠨ 《7 · 1》 ᠎ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ᠎ᠶ᠋ᠢ ᠣᠳᠣᠬᠠᠨ᠎ᠤ ᠪᠠ ᠬᠤᠢᠱᠢᠳᠠ᠎ᠶ᠋ᠢᠨ ᠨᠢᠭᠡ ᠬᠤᠭᠤᠴᠠᠭᠠᠨ᠎ᠤ ᠴᠢᠬᠤᠯᠠ ᠤᠯᠤᠰ ᠲᠦᠷᠦ᠎ᠶ᠋ᠢᠨ ᠡᠭᠦᠷᠭᠡ ᠪᠣᠯᠭᠠᠵᠤ᠂ ᠨᠠᠷᠢᠨ ᠨᠢᠮᠪᠠᠢ ᠲᠤᠬᠢᠷᠠᠭᠤᠯᠤᠨ ᠪᠠᠢᠷᠢᠯᠠᠭᠤᠯᠵᠤ᠂ ᠶᠠᠷᠢᠶᠠᠨ᠎ᠤ ᠵᠣᠷᠢᠭ ᠰᠠᠨᠠᠭ᠎ᠠ᠎ᠶ᠋ᠢ ᠠᠭᠤᠰᠤᠯᠴᠠᠭᠤᠯᠤᠨ ᠨᠡᠪᠲᠡᠷᠡᠭᠦᠯᠵᠤ᠂ ᠤᠬᠠᠭᠤᠯᠵᠤ ᠬᠥᠲᠥᠯᠥᠨ ᠵᠢᠯᠣᠭᠤᠳᠭᠤ᠎ᠶ᠋ᠢ ᠴᠢᠩᠭᠠᠳᠭᠠᠵᠤ᠂ ᠰᠤᠷᠤᠯᠴᠠᠯᠭ᠎ᠠ᠎ᠶ᠋ᠢᠨ ᠦᠷ᠎ᠡ ᠪᠦᠲᠦᠮᠵᠢ᠎ᠶ᠋ᠢ ᠲᠡᠭᠡᠭ᠌ᠰᠢᠯᠡᠬᠦᠯᠬᠦ᠌ ᠬᠡᠷᠡᠭ᠌ᠳᠡᠢ ᠬᠡᠵᠦ᠍ ᠱᠠᠭᠠᠷᠳᠠᠬ᠍ᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号