ᠤᠢ᠍ᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠲᠣᠭᠤᠷᠢᠨ ᠪᠠᠢᠴᠠᠭᠠᠬᠤ ᠪᠠᠢᠭᠤᠯᠤᠮᠵᠢ ᠣᠨᠣᠯ ᠰᠤᠷᠤᠯᠴᠠᠬᠤ ᠭᠤᠤᠯ ᠳᠤᠭᠤᠢᠯᠠᠩ᠎ᠤᠨ ᠬᠠᠮᠲᠤ᠎ᠶ᠋ᠢᠨ ᠰᠤᠷᠤᠯᠴᠠᠯᠭ᠎ᠠ (ᠦᠷᠭᠡᠳᠭᠡᠭ᠌ᠰᠡᠨ) ᠶ᠋ᠢᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ᠎ᠶ᠋ᠢᠨ ᠫᠢᠩ᠎ᠤᠨ 《7 · 1》 ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠲᠤᠰᠭᠠᠶ ᠰᠡᠳᠦᠪ᠎ᠢᠶᠠᠷ ᠰᠤᠷᠤᠯᠴᠠᠪᠠ᠃
ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠲᠣᠭᠤᠷᠢᠨ ᠪᠠᠢᠴᠠᠭᠠᠬᠤ ᠪᠠᠢᠭᠤᠯᠤᠮᠵᠢ᠎ᠶ᠋ᠢᠨ ᠤᠨᠤᠯ ᠰᠤᠷᠤᠯᠴᠠᠬᠤ ᠭᠤᠣᠯ ᠳᠤᠭᠤᠢᠯᠠᠩ᠎ᠤᠨ ᠪᠦᠷᠢᠯᠳᠦᠬᠦᠨ ᠨᠢᠭᠡᠳ ᠨᠢᠭᠡ᠎ᠪᠠᠷ ᠦᠭᠡ ᠬᠡᠯᠡᠵᠤ᠂ ᠰᠤᠷᠤᠯᠴᠠᠭ᠍ᠰᠠᠨ ᠲᠦᠷᠦᠭ᠌ᠳᠡᠯ᠎ᠢᠶᠠᠨ ᠰᠣᠯᠢᠯᠴᠠᠪᠠ᠃ ᠤᠯᠠᠨ᠎ᠢᠶᠠᠷ᠎ᠢᠶᠠᠨ᠂ ᠶᠡᠷᠦᠩᠬᠡᠢ ᠱᠦᠵᠢ ᠰᠢ᠎ᠶ᠋ᠢᠨ ᠫᠢᠩ᠎ᠤᠨ 《7 · 1》 ᠤ ᠴᠢᠬᠤᠯᠠ ᠶᠠᠷᠢᠶ᠎ᠠ᠎ᠨᠢ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠬ᠍ᠳᠠᠬ᠍ᠰᠠᠨ 100 ᠵᠢᠯ᠎ᠤᠨ ᠤᠢ᠎ᠶ᠋ᠢᠨ ᠴᠢᠬᠤᠯᠠ ᠴᠠᠭ ᠮᠥᠴᠡ ᠪᠣᠯᠤᠨ 《ᠬᠤᠣᠰ ᠵᠠᠭᠤᠨ ᠵᠢᠯ》 ᠤᠨ ᠲᠡᠦᠬᠡ᠎ᠶ᠋ᠢᠨ ᠠᠭᠤᠯᠵᠠᠷ᠎ᠲᠤ ᠰᠠᠭᠤᠷᠢᠯᠠᠵᠤ᠂ ᠭᠡᠷᠡᠯ ᠰᠠᠴᠤᠷᠠᠩᠭᠤᠢ ᠲᠡᠦᠬᠡ᠎ᠶ᠋ᠢ ᠡᠷᠭᠢᠴᠡᠭᠦᠯᠵᠦ᠍᠂ ᠭᠡᠭᠡᠨ ᠰᠠᠷᠠᠭᠤᠯ ᠢᠷᠡᠭᠡᠳᠦᠢ᠎ᠶ᠋ᠢ ᠵᠢᠷᠤᠭ᠍ᠯᠠᠭ᠍ᠰᠠᠨ ᠪᠠᠢᠨ᠎ᠠ᠂ ᠡᠨᠡ ᠪᠣᠯ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠤᠭ ᠰᠠᠨᠠᠭ᠎ᠠ᠎ᠪᠠᠨ ᠦᠯᠦ᠍ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ᠌ ᠤᠯᠤᠰ ᠲᠦᠷᠦ᠎ᠶ᠋ᠢᠨ ᠲᠤᠩᠬᠠᠭ ᠮᠥᠨ᠂ ᠮᠠᠨ᠎ᠤ ᠨᠠᠮ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠲᠡᠦᠬᠡ᠎ᠪᠠᠷ ᠲᠤᠯᠢ ᠪᠣᠯᠭᠠᠵᠤ᠂ ᠢᠷᠡᠭᠡᠳᠦᠢ᠎ᠶ᠋ᠢ ᠨᠡᠭᠡᠭᠡᠬᠦ᠌ ᠠᠵᠢᠯᠯᠠᠭᠠᠨ᠎ᠤ ᠵᠦᠭ᠌ᠯᠡᠭᠦᠷ ᠮᠥᠨ ᠬᠡᠵᠦ᠍ ᠦᠵᠡᠵᠡᠭᠡᠪᠡ᠃ ᠤᠯᠠᠨ᠎ᠢᠶᠠᠷ᠎ᠢᠶᠠᠨ᠂ ᠶᠡᠷᠦᠩᠬᠡᠢ ᠱᠦᠵᠢ ᠰᠢ᠎ᠶ᠋ᠢᠨ ᠫᠢᠩ᠎ᠤᠨ 《7 · 1》 ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠤᠯᠤᠰ ᠲᠦᠷᠦ᠎ᠶ᠋ᠢᠨ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠴᠢᠨᠠᠭ᠍ᠰᠢᠳᠠ ᠪᠠᠲᠤ ᠴᠡᠭᠡᠵᠢᠯᠡᠵᠦ᠍᠂ ᠬᠦᠰᠡᠯᠡᠩ ᠢᠲᠡᠭᠡᠯ ᠪᠢᠱᠢᠷᠡᠯ᠎ᠢᠶᠠᠨ ᠪᠠᠲᠤᠳᠭᠠᠵᠤ᠂ 《ᠤᠯᠤᠰ᠎ᠤᠨ ᠶᠡᠭᠡ ᠶᠠᠪᠤᠲᠠᠯ》 ᠢ ᠪᠠᠲᠤ ᠴᠡᠭᠡᠵᠢᠯᠡᠵᠦ᠍᠂ ᠨᠡᠩ ᠥᠨᠳᠥᠷ ᠤᠯᠤᠰ ᠲᠦᠷᠦ᠎ᠶ᠋ᠢᠨ ᠵᠣᠭ᠍ᠰᠣᠴᠠ ᠪᠠ ᠪᠠᠲᠤ ᠴᠢᠩᠭ᠎ᠠ ᠠᠵᠢᠯ᠎ᠤᠨ ᠰᠤᠷᠲᠠᠯ᠎ᠢᠶᠠᠷ ᠲᠣᠭᠤᠷᠢᠨ ᠪᠠᠢᠴᠠᠭᠠᠬᠤ ᠠᠵᠢᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠤᠨ᠎ᠠ ᠭᠡᠵᠦ᠍ ᠰᠠᠨᠠᠯ ᠨᠢᠭᠡᠲᠡᠢ ᠢᠯᠡᠷᠬᠡᠢᠯᠡᠵᠡᠭᠡᠪᠡ᠃
ᠬᠤᠷᠠᠯ᠎ᠠᠴᠠ᠂ ᠤᠭ ᠵᠣᠬᠢᠶᠠᠯ᠎ᠢ ᠤᠩᠱᠢᠨ᠂ ᠤᠭ ᠶᠣᠰᠣ᠎ᠶ᠋ᠢ ᠣᠢᠯᠠᠭᠠᠬᠤ᠎ᠶ᠋ᠢ ᠪᠠᠷᠢᠮᠲᠠᠯᠠᠵᠤ᠂ ᠵᠣᠷᠢᠭ ᠰᠠᠨᠠᠭᠠᠨ᠎ᠤ ᠮᠥᠨ ᠴᠢᠨᠠᠷ᠎ᠢ ᠨᠡᠪᠲᠡᠷᠡᠳᠡᠯ᠎ᠡ ᠣᠢᠯᠠᠭᠠᠵᠤ᠂ ᠭᠤᠣᠯ ᠴᠢᠬᠤᠯᠠ ᠠᠭᠤᠯᠭ᠎ᠠ ᠶ᠋ᠢ ᠡᠵᠡᠮᠳᠡᠬᠦ᠌ ᠬᠡᠷᠡᠭ᠌ᠲᠡᠢ᠃ ᠰᠤᠷᠤᠯᠴᠠᠬᠤ ᠰᠡᠳᠭᠢᠬᠦ᠌ ᠦᠢᠯᠡᠳᠦᠯᠭᠡᠵᠢᠭᠦᠯᠬᠦ᠌ ᠣᠢᠯᠠᠭᠠᠬᠤ᠎ᠶ᠋ᠢ ᠠᠬᠢᠭᠤᠯᠵᠤ᠂ ᠰᠤᠷᠤᠯᠴᠠᠬᠤ ᠪᠠ ᠬᠡᠷᠡᠭ᠌ᠯᠡᠬᠦ᠌᠎ᠶ᠋ᠢ ᠤᠶᠠᠯᠳᠤᠭᠤᠯᠬᠤ᠎ᠶ᠋ᠢ ᠪᠠᠷᠢᠮᠲᠠᠯᠠᠵᠤ᠂ ᠲᠤᠱᠢᠶᠠᠯ ᠬᠠᠷᠢᠭᠤᠴᠠᠯᠭ᠎ᠠ᠎ᠶ᠋ᠢᠨ ᠪᠠᠢᠷᠢ ᠲᠣᠭ᠍ᠲᠠᠭᠠᠯᠲᠠ᠎ᠶ᠋ᠢ ᠣᠨᠣᠪᠴᠢᠲᠠᠢ ᠡᠵᠡᠮᠳᠡᠵᠦ᠍᠂ ᠰᠠᠨᠠᠭᠠᠴᠢᠯᠠᠭ᠎ᠠ᠎ᠠᠴᠠ᠎ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ ᠬᠡᠷᠡᠭ᠌ᠲᠡᠢ᠃ ᠬᠤᠪᠢᠰᠭᠠᠯ᠎ᠤᠨ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠬᠤᠪᠢᠰᠭᠠᠯ᠎ᠤᠨ ᠤᠳᠤᠮᠱᠢᠯ᠎ᠢ ᠤᠯᠠᠮᠵᠢᠯᠠᠬᠤ᠎ᠶ᠋ᠢ ᠪᠠᠷᠢᠮᠲᠠᠯᠠᠵᠤ᠂ ᠦᠨᠡᠨᠴᠢ ᠱᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ᠂ ᠵᠣᠷᠢᠭ᠍ᠲᠠᠢ ᠪᠥᠭᠡᠳ ᠴᠢᠳᠠᠮᠠᠭᠠᠢ᠎ᠪᠠᠷ ᠲᠡᠮᠡᠴᠡᠬᠦ᠌ ᠲᠣᠭᠤᠷᠢᠨ ᠪᠠᠢᠴᠠᠭᠠᠯᠲᠠ᠎ᠶ᠋ᠢᠨ ᠲᠡᠮᠦᠷ ᠴᠡᠷᠢᠭ᠎ᠢ ᠪᠠᠢᠭᠤᠯᠬᠤ ᠬᠡᠷᠡᠭ᠌ᠲᠡᠢ ᠬᠡᠵᠦ᠍ ᠴᠢᠬᠤᠯᠠᠴᠢᠯᠠᠪᠠ᠃