ᠮᠢᠩᠭᠠᠨ ᠵᠢᠯ᠎ᠢ ᠲᠤᠭᠤᠯᠤᠭ᠍ᠰᠠᠨ ᠬᠤᠳᠠ᠎ᠶ᠋ᠢᠨ ᠲᠡᠮᠲᠡᠭ
2021-07-23 16:20:31
ᠵᠣᠬᠢᠶᠠᠭ᠍ᠴᠢ᠄
ᠺᠠᠩ ᠵᠢᠶᠠᠨ ᠭᠦᠸᠧ
ᠣᠩᠱᠢᠭ᠍ᠰᠠᠨ ᠣᠳᠠᠭ᠎ᠠ᠄
★★★☆☆

4051012_lity_1626853068598_m.jpg

ᠬᠥᠬᠡᠬᠤᠲᠠ᠎ᠶ᠋ᠢᠨ ᠴᠭᠠᠨ ᠰᠤᠪᠤᠷᠭ᠎ᠠ᠎ᠶ᠋ᠢᠨ ᠭᠠᠳᠠᠷ ᠦᠵᠡᠮᠵᠢ 

                    ᠵᠠᠶ ᠢᠦᠶ ᠰᠡᠭᠦᠳᠡᠷᠯᠡᠪᠡ

ᠥᠪᠥᠷ ᠮᠣᠩᠭᠤᠯ᠎ᠤᠨ ᠲᠥᠪ ᠬᠥᠬᠡᠬᠤᠲᠠ᠎ᠳᠤ ᠢᠷᠡᠭ᠌ᠰᠡᠨ ᠵᠢᠭᠤᠯᠴᠢᠯᠠᠭ᠍ᠴᠢᠳ 《ᠴᠠᠭᠠᠨ ᠰᠤᠪᠤᠷᠭ᠎ᠠ ᠣᠯᠠᠨ ᠤᠯᠤᠰ᠎ᠤᠨ ᠨᠢᠰᠭᠡᠯ᠎ᠤᠨ ᠪᠠᠭᠤᠳᠠᠯ》 ᠎ᠢ ᠮᠡᠳᠡᠬᠦ᠌ ᠪᠤᠯᠪᠠᠴᠤ᠌ ᠲᠡᠬᠦᠨ᠎ᠤ ᠨᠠᠷ᠎ᠠ᠎ᠶ᠋ᠢᠨ ᠢᠷᠡᠯᠲᠡ᠎ᠶ᠋ᠢ ᠰᠠᠢᠨ ᠮᠡᠳᠡᠬᠦ᠌ ᠦᠭᠡᠶ ᠪᠠᠢᠬ᠎ᠠ᠃ ᠴᠠᠭᠠᠨ ᠰᠤᠪᠤᠷᠭ᠎ᠠ ᠪᠣᠯ ᠯᠢᠶᠣᠤ ᠤᠯᠤᠰ᠎ᠤᠨ ᠦᠶ᠎ᠡ᠎ᠶ᠋ᠢᠨ ᠡᠷᠲᠡᠨ᠎ᠤ ᠰᠤᠪᠤᠷᠭ᠎ᠠ ᠪᠣᠯᠤᠨ᠎ᠠ᠂ ᠨᠢᠰᠭᠡᠯ᠎ᠤᠨ ᠪᠠᠭᠤᠳᠠᠯ᠎ᠠᠴᠠ ᠵᠡᠭᠦᠨ ᠡᠮᠦᠨᠡᠰᠢ 5 ᠺᠢᠯᠣᠮᠧᠲᠷ ᠣᠷᠴᠢᠮ ᠬᠤᠯᠠ ᠪᠠᠢᠷᠢᠯᠠᠵᠤ᠂ ᠮᠢᠩᠭᠠᠨ ᠵᠢᠯ᠎ᠤᠨ ᠤᠯᠠᠷᠢᠯ ᠬᠤᠪᠢᠰᠤᠯᠲᠠ᠎ᠶ᠋ᠢ ᠲᠤᠭᠤᠯᠵᠤ᠂ ᠲᠠᠯ᠎ᠠ ᠨᠤᠲᠤᠭ᠎ᠤᠨ ᠲᠣᠷᠭᠠᠨ ᠵᠠᠮ᠎ᠤᠨ ᠬᠥᠭ᠌ᠵᠢᠯᠲᠡ ᠪᠣᠯᠤᠨ ᠬᠤᠳᠠ᠎ᠶ᠋ᠢᠨ ᠬᠤᠪᠢᠷᠠᠯᠲᠠ᠎ᠶ᠋ᠢ ᠭᠡᠷᠡᠴᠢᠯᠡᠭ᠌ᠰᠡᠭᠡᠷ ᠢᠷᠡᠵᠡᠢ᠃

ᠴᠠᠭᠠᠨ ᠰᠤᠪᠤᠷᠭ᠎ᠠ ᠪᠣᠯ ᠯᠢᠶᠣᠤ ᠤᠯᠤᠰ᠎ᠤᠨ ᠦᠶ᠎ᠡ᠎ᠶ᠋ᠢᠨ ᠬᠤᠸᠠ ᠶᠠᠨ ᠽᠦᠩ ᠪᠤᠷᠬᠠᠨ᠎ᠤ ᠰᠦᠮ᠎ᠡ᠎ᠶ᠋ᠢᠨ ᠰᠤᠳᠤᠷ ᠬᠠᠳᠠᠭᠠᠯᠠᠬᠤ ᠰᠤᠪᠤᠷᠭ᠎ᠠ ᠶᠤᠮ᠃ ᠰᠤᠪᠤᠷᠭ᠎ᠠ᠎ᠶ᠋ᠢᠨ ᠭᠠᠳᠠᠷᠭᠤ᠎ᠳᠤ ᠴᠠᠷᠳᠠ ᠱᠢᠷᠣᠶ ᠳᠦᠷᠭᠢᠵᠦ᠍᠂ ᠥᠪᠴᠢ ᠪᠡᠶ᠎ᠡ᠎ᠨᠢ ᠴᠠᠰᠤ ᠴᠠᠭᠠᠨ ᠦᠩᠭᠡ᠎ᠲᠠᠢ ᠪᠣᠯᠬᠤᠷ ᠶᠡᠷᠦ᠎ᠳᠡᠭᠡᠨ ᠴᠠᠭᠠᠨ ᠰᠤᠪᠤᠷᠭ᠎ᠠ ᠭᠡᠳᠡᠭ᠃ ᠰᠤᠪᠤᠷᠭ᠎ᠠ᠎ᠶ᠋ᠢᠨ ᠥᠨᠳᠥᠷ᠎ᠨᠢ 55.6 ᠮᠧᠲᠷ᠂ ᠨᠠᠢ᠍ᠮᠠᠯᠵᠢᠨ ᠳᠣᠯᠣᠭᠠᠨ ᠳᠠᠪᠬᠤᠷ ᠠᠰᠠᠷ ᠲᠠᠭ᠍ᠲᠤ᠎ᠶ᠋ᠢᠨ ᠮᠠᠶᠢᠭ᠎ᠲᠠᠢ ᠲᠣᠭᠤᠰᠭᠠᠨ ᠰᠤᠪᠤᠷᠭ᠎ᠠ ᠪᠠᠢᠵᠤ᠂ ᠰᠠᠭᠤᠷᠢ᠎ᠶ᠋ᠢ᠎ᠨᠢ ᠯᠢᠩᠬᠤᠸ᠎ᠠ᠎ᠶ᠋ᠢᠨ ᠲᠡᠯᠪᠢ᠎ᠶ᠋ᠢᠨ ᠬᠡᠯᠪᠡᠷᠢ᠎ᠲᠠᠢ ᠪᠠᠷᠢᠵᠤ᠂ ᠲᠡᠭ᠌ᠰᠢ ᠰᠠᠭᠤᠳᠠᠯᠲᠤ ᠬᠡᠷᠡᠰᠭᠡ ᠪᠠ ᠨᠢᠷᠤᠭᠤ᠎ᠪᠠᠷ ᠪᠦᠰᠡᠯᠡᠵᠤ᠂ ᠯᠢᠶᠣᠤ ᠤᠯᠤᠰ᠎ᠤᠨ ᠦᠶ᠎ᠡ᠎ᠶ᠋ᠢᠨ ᠪᠤᠷᠬᠠᠨ᠎ᠤ ᠰᠤᠪᠤᠷᠭ᠎ᠠ᠎ᠶ᠋ᠢᠨ ᠨᠡᠢᠲᠡᠯᠢᠭ ᠣᠨᠴᠠᠯᠢᠭ᠎ᠢ ᠪᠦᠷᠢᠳᠦᠬᠦᠯᠵᠡᠢ᠃ ᠯᠢᠶᠣᠤ ᠤᠯᠤᠰ᠎ᠤᠨ ᠦᠶ᠎ᠡ᠎ᠳᠤ ᠪᠤᠷᠬᠠᠨ᠎ᠤ ᠱᠠᠱᠢᠨ᠎ᠤ ᠰᠣᠶᠣᠯ ᠮᠠᠰᠢ ᠬᠥᠭ᠌ᠵᠢᠵᠦ᠍᠂ ᠪᠠᠢᠭᠤᠯᠤᠭ᠍ᠰᠠᠨ ᠪᠤᠷᠬᠠᠨ᠎ᠤ ᠰᠤᠪᠤᠷᠭ᠎ᠠ ᠮᠠᠰᠢ ᠤᠯᠠᠨ᠂ ᠤᠳᠤᠬᠠᠨ᠎ᠳᠤ ᠳᠤᠮᠳᠠᠳᠤ ᠤᠯᠤᠰ᠎ᠤᠨ ᠤᠮᠠᠷᠠᠲᠤ ᠣᠷᠣᠨ᠎ᠳᠤ 100 ᠭᠠᠷᠤᠶ ᠯᠢᠶᠣᠤ ᠤᠯᠤᠰ᠎ᠤᠨ ᠦᠶ᠎ᠡ᠎ᠶ᠋ᠢᠨ ᠪᠤᠷᠬᠠᠨ᠎ᠤ ᠰᠤᠪᠤᠷᠭ᠎ᠠ ᠦᠯᠡᠳᠡᠵᠦ᠍ ᠪᠤᠶ᠃ ᠯᠢᠶᠤᠤ ᠤᠯᠤᠰ᠎ᠤᠨ ᠰᠤᠪᠤᠷᠭ᠎ᠠ᠎ᠨᠤᠭᠤᠳ᠎ᠤᠨ ᠨᠢᠭᠡ ᠬᠡᠰᠡᠭ᠎ᠨᠢ ᠬᠦᠨᠳᠦ ᠨᠣᠴᠢᠲᠠᠶ ᠡᠪᠳᠡᠭ᠌ᠳᠡᠭ᠌ᠰᠡᠡ᠎ᠠᠴᠠ ᠤᠯᠠᠭᠠᠨᠬᠠᠳᠠ ᠬᠤᠲᠠ᠎ᠶ᠋ᠢᠨ ᠡᠤ ᠠᠨ ᠵᠧᠤ᠎ᠶ᠋ᠢᠨ ᠯᠢᠶᠣᠤ ᠤᠯᠤᠰ᠎ᠤᠨ ᠰᠤᠪᠤᠷᠭ᠎ᠠ᠎ᠶ᠋ᠢ ᠬᠠᠮᠠᠭᠠᠯᠠᠬᠤ ᠠᠰᠠᠭᠤᠳᠠᠯ᠎ᠢ ᠤᠯᠤᠰ᠎ᠠᠴᠠ ᠴᠢᠬᠤᠯᠠᠴᠢᠯᠠᠨ ᠡᠬᠢᠯᠡᠵᠠᠢ᠂ ᠭᠡᠬᠦ᠌᠎ᠳᠡᠭᠡᠨ ᠳᠤᠰ ᠰᠤᠪᠤᠷᠭ᠎ᠠ ᠪᠣᠯ ᠣᠲᠣ᠎ᠶ᠋ᠢᠨ ᠦᠯᠡᠳᠡᠵᠦ᠍ ᠪᠠᠢᠭ᠎ᠠ ᠯᠢᠶᠣᠤ ᠤᠯᠤᠰ᠎ᠤᠨ ᠦᠶ᠎ᠡ᠎ᠶ᠋ᠢᠨ ᠪᠤᠷᠬᠠᠨ᠎ᠤ ᠰᠤᠪᠤᠷᠭ᠎ᠠ᠎ᠶ᠋ᠢᠨ ᠳᠣᠲᠣᠷᠠᠬᠢ ᠬᠠᠮᠠᠭᠠᠯᠠᠯᠲᠠ᠎ᠪᠠᠷ ᠨᠡᠯᠢᠶᠡᠳ ᠰᠠᠢᠨ ᠰᠤᠪᠤᠷᠭ᠎ᠠ᠎ᠶ᠋ᠢᠨ ᠨᠢᠭᠡ᠎ᠨᠢ ᠪᠣᠯᠬᠤ ᠶᠤᠮ᠃

ᠡᠨᠡ ᠬᠦ᠌ ᠮᠢᠩᠭᠠᠨ ᠣᠨ᠎ᠤ ᠡᠷᠲᠡᠨ᠎ᠤ ᠰᠤᠪᠤᠷᠭ᠎ᠠ᠎ᠶ᠋ᠢᠨ ᠬᠠᠮᠤᠭ᠎ᠤᠨ ᠮᠠᠭ᠍ᠲᠠᠭᠤᠱᠢᠲᠠᠢ ᠵᠦᠢᠯ ᠭᠡᠪᠡᠯ 7 ᠳᠠᠪᠬᠤᠷ ᠰᠤᠪᠤᠷᠭ᠎ᠠ᠎ᠶ᠋ᠢᠨ ᠳᠣᠲᠣᠷᠠᠬᠢ ᠬᠤᠩᠭᠢᠯ᠎ᠳᠤ ᠲᠠᠷᠬᠠᠵᠤ ᠪᠠᠢᠭ᠎ᠠ ᠬᠡᠳᠦᠨ ᠵᠠᠭᠤᠨ ᠵᠤᠷᠪᠤᠰ ᠦᠶ᠎ᠡ᠎ᠶ᠋ᠢᠨ ᠦᠶ᠎ᠡ᠎ᠶ᠋ᠢᠨ ᠵᠢᠭᠤᠯᠴᠢᠯᠠᠭ᠍ᠰᠠᠳ᠎ᠤᠨ ᠪᠢᠴᠢᠬᠡᠰᠤ ᠲᠡᠮᠳᠡᠭ᠌ᠯᠡᠯ ᠪᠣᠯᠤᠨ᠎ᠠ᠃ ᠡᠳᠡᠭᠡᠷ ᠲᠡᠮᠳᠡᠭ᠌ᠯᠡᠯ᠎ᠨᠢ ᠠᠯᠲᠠᠨ ᠤᠯᠤᠰ᠎ᠤᠨ ᠦᠶ᠎ᠡ᠎ᠠᠴᠠ ᠢᠷᠭᠡᠨ ᠤᠯᠤᠰ᠎ᠤᠨ ᠦᠶ᠎ᠡ ᠬᠦᠷᠲᠡᠯ᠎ᠡ ᠦᠷᠭᠦᠯᠵᠢᠯᠡᠵᠦ᠍᠂ ᠬᠠᠮᠤᠭ᠎ᠤᠨ ᠡᠷᠲᠡᠨ᠎ᠤ ᠲᠡᠮᠳᠡᠭ᠌ᠯᠡᠯ᠎ᠨᠢ 《ᠳ᠋ᠠ ᠳ᠋ᠢᠩ᠎ᠤᠨ ᠬᠤᠶᠠᠳᠤᠭᠠᠷ ᠣᠨ》 ᠭᠡᠰᠡᠨ ᠦᠰᠦᠭ᠎ᠲᠠᠢ᠃ ᠡᠳᠡᠭᠡᠷ ᠪᠢᠴᠢᠭᠡᠰᠦ ᠲᠡᠮᠳᠡᠭ᠌ᠯᠡᠯ᠎ᠤᠳ ᠵᠥᠪᠬᠡᠨ ᠬᠢᠲᠠᠳ᠎ᠢᠶᠠᠷ ᠪᠢᠴᠢᠭ᠌ᠳᠡᠭ᠌ᠰᠡᠨ ᠲᠡᠳᠦᠶ ᠦᠭᠡᠢ᠂ ᠪᠠᠰᠠ ᠬᠢᠳᠠᠨ ᠦᠰᠦᠭ᠂ ᠵᠦᠷᠴᠢᠨ ᠦᠰᠦᠭ᠂ ᠮᠣᠩᠭᠤᠯ ᠦᠰᠦᠭ ᠴᠢᠨᠠᠭ᠍ᠰᠢᠯᠠᠨ ᠡᠷᠲᠡᠨ᠎ᠤ ᠱᠢᠷᠢᠶ᠎ᠠ ᠦᠰᠦᠭ᠂ ᠡᠷᠲᠡᠨ᠎ᠤ ᠫᠧᠷᠰ ᠦᠰᠦᠭ ᠵᠡᠷᠭᠡ ᠪᠠᠢᠵᠤ᠂ ᠹᠧᠩᠵᠸᠤ ᠣᠷᠣᠨ᠎ᠤ ᠣᠯᠠᠨ ᠦᠨᠳᠦᠰᠦᠲᠡᠨ᠎ᠤ ᠰᠣᠶᠣᠯ᠎ᠤᠨ ᠰᠣᠯᠢᠯᠴᠠᠭ᠎ᠠ ᠠᠭᠤᠰᠤᠯᠴᠠᠯ᠎ᠤᠨ ᠭᠡᠷᠡᠴᠢ ᠭᠡᠵᠦ᠍ ᠬᠡᠯᠡᠵᠦ᠍ ᠪᠤᠯᠤᠨ᠎ᠠ᠃ ᠠᠯᠲᠠᠨ ᠤᠯᠤᠰ᠎ᠤᠨ ᠣᠯᠠᠨ ᠪᠢᠴᠢᠭᠡᠰᠦ ᠲᠡᠮᠳᠡᠭ᠌ᠯᠡᠯ᠎ᠳᠤ ᠲᠤᠰ ᠰᠤᠪᠤᠷᠭ᠎ᠠ᠎ᠶ᠋ᠢ 《ᠹᠸᠡᠭ᠌ᠵᠸᠤ ᠰᠤᠪᠤᠷᠭ᠎ᠠ》 ᠭᠡᠵᠦ᠍ ᠳᠤᠷᠠᠳᠴᠤ᠌᠂ ᠲᠤᠬᠠᠶ᠎ᠶ᠋ᠢᠨ ᠦᠶ᠎ᠡ᠎ᠶ᠋ᠢᠨ ᠹᠸᠡᠭ᠌ᠵᠸᠤ ᠰᠤᠪᠤᠷᠭ᠎ᠠ ᠬᠤᠲᠠ᠎ᠶ᠋ᠢᠨ ᠱᠢᠨᠵᠢ ᠲᠡᠮᠳᠡᠭ ᠲᠡᠳᠦᠶ ᠦᠭᠡᠶ᠂ ᠪᠠᠰᠠ ᠬᠤᠲᠠ᠎ᠶ᠋ᠢᠨ ᠳᠣᠲᠣᠷᠠᠬᠢ ᠴᠢᠬᠤᠯᠠ ᠠᠵᠢᠯᠯᠠᠭ᠎ᠠ᠎ᠶ᠋ᠢᠨ ᠭᠠᠵᠠᠷ ᠪᠠᠢᠵᠤ᠂ ᠨᠡᠷᠡᠲᠦ ᠬᠥᠮᠦᠰ᠎ᠤᠨ ᠪᠠᠷᠠᠳᠠᠵᠤ ᠢᠷᠡᠳᠡᠭ ᠡᠷᠳᠡᠨᠢ᠎ᠶ᠋ᠢᠨ ᠰᠤᠪᠤᠷᠭ᠎ᠠ ᠪᠣᠯᠤᠨ᠎ᠠ᠃

ᠶᠤᠸᠠᠨ ᠤᠯᠤᠰ᠎ᠤᠨ ᠡᠬᠢᠨ᠎ᠤ ᠦᠶ᠎ᠡ᠎ᠳᠤ ᠨᠡᠷᠡᠲᠦ ᠲᠦᠱᠢᠮᠡᠯ ᠯᠢᠦ ᠪᠢᠩ ᠵᠥᠩ ᠹᠸᠡᠭ᠌ᠵᠸᠤ᠎ᠪᠠᠷ ᠦᠩᠬᠡᠷᠡᠬᠦ᠌᠎ᠳᠡᠭᠡᠨ 《ᠹᠸᠡᠭ᠌ᠵᠸᠤ᠎ᠪᠠᠷ ᠥᠩᠭᠡᠷᠡᠭ᠌ᠰᠡᠡ ᠬᠤᠶᠠᠷ ᠪᠠᠳᠠᠭ》 ᠬᠡᠮᠡᠬᠦ᠌ ᠱᠢᠯᠦᠭ ᠪᠢᠴᠢᠵᠠᠢ᠃ ᠡᠨᠡ ᠱᠢᠯᠦᠭ᠎ᠲᠤ ᠬᠠᠮᠤᠭ᠎ᠤᠨ ᠲᠦᠷᠦᠭᠦᠨ᠎ᠳᠤ ᠹᠸᠡᠭ᠌ᠵᠸᠤ᠎ᠶ᠋ᠢᠨ ᠱᠢᠨᠵᠢ ᠲᠡᠮᠳᠡᠭ ᠪᠤᠯᠬᠤ 《ᠰᠦᠮ᠎ᠡ᠎ᠶ᠋ᠢᠨ ᠳᠤᠮᠳᠠᠬᠢ ᠰᠤᠪᠤᠷᠭ᠎ᠠ》 ᠎ᠶ᠋ᠢ ᠳᠤᠷᠠᠳᠤᠭ᠍ᠰᠠᠨ ᠪᠠᠢᠨ᠎ᠠ᠃ ᠰᠤᠪᠤᠷᠭ᠎ᠠ᠎ᠶ᠋ᠢᠨ ᠳᠤᠮᠳᠠ ᠬᠡᠰᠡᠭ᠎ᠤᠨ ᠶᠤᠸᠠᠨ ᠤᠯᠤᠰ᠎ᠤᠨ ᠦᠶ᠎ᠡ᠎ᠶ᠋ᠢᠨ ᠪᠢᠴᠢᠭᠡᠰᠦ ᠲᠡᠮᠳᠡᠭ᠌ᠯᠡᠯ᠎ᠨᠢ ᠬᠢᠲᠠᠳ ᠬᠡᠯᠡ᠎ᠪᠠᠷ ᠪᠢᠴᠢᠭ᠌ᠳᠡᠵᠤ᠂ ᠪᠠᠰᠠ ᠵᠠᠷᠢᠮ᠎ᠨᠢ ᠫᠠᠭ᠍ᠪᠠ ᠦᠰᠦᠭ᠎ᠢᠶᠠᠷ ᠬᠢᠲᠠᠳ ᠦᠰᠦᠭ᠎ᠢ ᠠᠪᠢᠶᠠᠴᠢᠯᠠᠨ ᠪᠢᠴᠢᠭ᠌ᠰᠡᠨ ᠪᠤᠶᠤ ᠫᠠᠭ᠍ᠪᠠ ᠦᠰᠦᠭ ᠪᠠ ᠬᠢᠲᠠᠳ ᠦᠰᠦᠭ᠎ᠢ ᠬᠠᠷᠢᠴᠠᠭᠤᠯᠤᠨ ᠪᠢᠴᠢᠭ᠌ᠰᠡᠨ ᠪᠠᠢᠪᠠ᠃ ᠰᠤᠪᠤᠷᠭ᠎ᠠ᠎ᠠᠴᠠ ᠣᠯᠳᠠᠭ᠍ᠰᠠᠨ ᠶᠤᠸᠠᠨ ᠤᠯᠤᠰ᠎ᠤᠨ ᠡᠬᠢᠨ᠎ᠤ ᠦᠶ᠎ᠡ᠎ᠶ᠋ᠢᠨ 《ᠵᠥᠩ ᠲᠦᠩ᠎ᠤᠨ ᠴᠠᠭᠠᠰᠤᠨ ᠵᠣᠭᠤᠰ》 ᠎ᠨᠢ ᠤᠯᠤᠰ᠎ᠤᠨ ᠳᠣᠲᠣᠭᠠᠳᠤ᠎ᠳᠤ ᠡᠳᠦᠭᠡ ᠢᠯᠡᠷᠡᠭᠦᠯᠦᠭ᠌ᠰᠡᠨ ᠬᠠᠮᠤᠭ᠎ᠤᠨ ᠡᠷᠲᠡᠨ᠎ᠤ ᠠᠯᠪᠠᠨ᠎ᠠᠴᠠ ᠵᠢᠩᠬᠢᠨᠢ᠎ᠪᠠᠷ ᠬᠡᠪᠯᠡᠨ ᠲᠠᠷᠬᠠᠭᠠᠭ᠍ᠰᠠᠨ ᠴᠠᠭᠠᠰᠤᠨ ᠵᠣᠭᠤᠰ᠎ᠤᠨ ᠪᠣᠳᠠᠰ ᠪᠣᠯᠤᠨ᠎ᠠ᠃

ᠶᠤᠸᠠᠨ ᠤᠯᠤᠰ᠎ᠤᠨ ᠦᠶ᠎ᠡ᠎ᠳᠤ ᠲᠠᠯ᠎ᠠ ᠨᠤᠲᠤᠭ᠎ᠤᠨ ᠲᠣᠷᠭᠠᠨ ᠵᠠᠮ ᠨᠡᠩ ᠴᠡᠴᠡᠭ᠌ᠯᠡᠨ ᠬᠥᠭ᠌ᠵᠢᠵᠦ᠍᠂ ᠤᠯᠠᠩᠬᠢ ᠠᠷᠠᠯᠵᠢᠶᠠᠴᠢᠳ ᠲᠠᠯ᠎ᠠ ᠨᠤᠲᠤᠭ᠎ᠢ ᠲᠤᠭᠤᠯᠤᠨ ᠧᠦ᠋ᠷᠣᠫᠠ ᠠᠽᠢᠶ᠎ᠠ᠎ᠳᠤ ᠬᠦᠷᠴᠦ᠍ ᠢᠷᠡᠵᠠᠢ᠃ ᠧᠦ᠋ᠷᠣᠫᠠ᠎ᠶ᠋ᠢᠨ ᠵᠢᠭᠤᠯᠴᠢᠨ ᠮᠠᠷᠺᠤ ᠫᠣᠯᠣ ᠡᠨᠡ ᠵᠠᠮ᠎ᠢᠶᠠᠷ ᠳᠤᠮᠳᠠᠳᠤ ᠤᠯᠤᠰ᠎ᠲᠤ ᠢᠷᠡᠵᠦ᠍᠂ ᠹᠧᠩᠵᠸᠦ ᠪᠣᠯᠤᠨ ᠲᠡᠭᠦᠨ᠎ᠤ ᠤᠢ᠍ᠢᠷ᠎ᠠ ᠬᠠᠪᠢ᠎ᠪᠠᠷ ᠪᠠᠭᠤᠳᠠᠯᠯᠠᠨ᠂ ᠹᠧᠩᠵᠸᠦ᠎ᠠᠴᠠ ᠵᠡᠭᠦᠨᠰᠢ ᠶᠤᠸᠠᠨ᠎ᠤ ᠳᠡᠭᠡᠳᠦ ᠨᠡᠢᠰᠯᠡᠯ (ᠣᠳᠣ᠎ᠶ᠋ᠢᠨ ᠥᠪᠥᠷ ᠮᠣᠩᠭᠤᠯ᠎ᠤᠨ ᠱᠢᠯᠢ᠎ᠶ᠋ᠢᠨ ᠭᠤᠣᠯ ᠠᠢᠮᠠᠭ᠎ᠤᠨ ᠱᠢᠯᠤᠭᠤᠨ ᠬᠥᠬᠡ ᠬᠤᠱᠢᠭᠤᠨ᠎ᠤ ᠶᠤᠸᠠᠨ᠎ᠤ ᠳᠡᠭᠡᠳᠦ ᠨᠡᠢᠰᠯᠡᠯ᠎ᠤᠨ ᠪᠠᠭᠤᠷᠢ) ᠎ᠳᠤ ᠬᠦᠷᠴᠡᠶ᠃ 《ᠮᠠᠷᠺᠤ ᠫᠣᠯᠣ᠎ᠶ᠋ᠢᠨ ᠠᠶᠠᠯᠠᠯ᠎ᠤᠨ ᠲᠡᠮᠳᠡᠭ᠌ᠯᠡᠯ》 ᠎ᠳᠤ ᠹᠧᠩᠵᠸᠦ᠎ᠶ᠋ᠢ 《ᠲᠢᠶᠠᠨ ᠳ᠋ᠧ ᠵᠧᠤ》 ᠭᠡᠮᠡᠨ ᠲᠡᠮᠳᠡᠭ᠌ᠯᠡᠵᠤ᠂ ᠡᠨᠡ᠎ᠨᠢ ᠯᠢᠶᠣᠤ ᠤᠯᠤᠰ᠎ᠠᠴᠠ ᠨᠠᠭᠠᠱᠢᠬᠢ ᠲᠤᠬᠠᠶ᠎ᠶ᠋ᠢᠨ ᠭᠠᠵᠠᠷ᠎ᠤᠨ ᠠᠷᠠᠳ ᠢᠷᠭᠡᠳ᠎ᠤᠨ ᠡᠩ᠎ᠤᠨ ᠨᠡᠷᠡᠢᠳᠤᠯ ᠪᠣᠯᠤᠨ᠎ᠠ᠃

ᠯᠢᠶᠣᠤ ᠤᠯᠤᠰ᠂ ᠠᠯᠲᠠᠨ ᠤᠯᠤᠰ᠎ᠤᠨ ᠦᠶ᠎ᠡ᠎ᠳᠤ ᠹᠸᠡᠭ᠌ᠵᠸᠤ ᠣᠷᠣᠨ ᠬᠢᠲᠠᠳ ᠬᠥᠮᠦᠨ᠎ᠢᠶᠠᠷ ᠭᠤᠣᠯᠯᠠᠵᠤ᠂ ᠬᠢᠳᠠᠨ᠂ ᠵᠦᠷᠴᠢᠨ ᠬᠤᠯᠢᠯᠳᠤᠨ ᠰᠠᠭᠤᠷᠢᠱᠢᠵᠤ ᠪᠠᠢᠪᠠ᠃ ᠶᠤᠸᠠᠨ ᠤᠯᠤᠰ᠎ᠤᠨ ᠦᠶ᠎ᠡ᠎ᠳᠤ ᠹᠧᠩᠵᠧᠦ ᠣᠷᠣᠨ᠎ᠤ ᠭᠤᠣᠯ ᠰᠠᠭᠤᠭᠠᠯᠢ ᠠᠷᠠᠳ ᠪᠣᠯ ᠮᠣᠩᠭᠤᠯ ᠦᠨᠳᠦᠰᠦᠲᠡᠨ᠎ᠤ ᠤᠩᠭᠤᠳ ᠠᠢᠮᠠᠭ ᠪᠣᠯᠤᠨ᠎ᠠ᠃ ᠲᠡᠳᠡ ᠡᠷᠬᠡᠬᠦᠨ ᠱᠠᠱᠢᠨ ᠱᠢᠲᠦᠵᠦ᠍ ᠪᠠᠢᠵᠠᠢ᠃ ᠡᠷᠬᠡᠬᠦᠨ ᠱᠠᠱᠢᠨ ᠬᠢᠭᠡᠳ ᠳᠤᠮᠳᠠᠳᠤ ᠤᠯᠤᠰ᠎ᠤᠨ ᠰᠣᠶᠣᠯ ᠮᠠᠰᠢ ᠭᠦᠨ ᠠᠭᠤᠰᠤᠯᠴᠠᠵᠤ᠂ ᠮᠠᠰᠢ ᠣᠯᠠᠨ ᠡᠷᠬᠡᠬᠦᠨ ᠱᠠᠱᠢᠨ᠎ᠢ ᠱᠢᠲᠦᠭ᠌ᠴᠢᠳ ᠪᠠᠰᠠ ᠪᠢᠴᠢᠭ᠎ᠤᠨ ᠰᠤᠷᠭᠠᠯ᠎ᠤᠨ ᠳᠡᠯᠭᠡᠷᠡᠭᠦᠯᠦᠭ᠌ᠴᠢ ᠪᠠᠢᠵᠠᠢ᠃ ᠡᠷᠬᠡᠬᠦᠨ ᠱᠠᠱᠢᠨ ᠱᠢᠷᠢᠶ᠎ᠠ᠎ᠠᠴᠠ ᠡᠭᠦᠰᠦᠯ᠎ᠲᠠᠢ ᠪᠣᠯᠬᠤᠷ ᠡᠷᠬᠡᠬᠦᠨ ᠱᠠᠱᠢᠨ᠎ᠤ ᠰᠦᠰᠦᠭ᠌ᠲᠡᠨ᠎ᠤ ᠣᠩᠭᠤᠨ᠎ᠤ ᠴᠢᠯᠠᠭᠤᠨ ᠳᠡᠭᠡᠷ᠎ᠡ ᠡᠷᠲᠡᠨ᠎ᠤ ᠱᠢᠷᠢᠶ᠎ᠠ ᠪᠢᠴᠢᠭ ᠦᠷᠭᠦᠯᠵᠢ ᠭᠠᠷᠳᠠᠭ᠃ ᠡᠨᠡ᠎ᠨᠢ ᠲᠤᠬᠠᠶ᠎ᠶ᠋ᠢᠨ ᠦᠶ᠎ᠡ᠎ᠶ᠋ᠢᠨ ᠣᠯᠠᠨ ᠡᠱᠢᠲᠦ ᠱᠠᠱᠢᠨ ᠰᠤᠷᠲᠠᠬᠤᠨ᠎ᠤ ᠡᠶ᠎ᠡ ᠵᠣᠬᠢᠴᠠᠯ᠎ᠲᠠᠢ ᠵᠡᠷᠭᠡᠴᠡᠨ ᠣᠷᠣᠱᠢᠵᠤ ᠪᠠᠢᠰᠠᠨ᠎ᠢ ᠬᠠᠷᠠᠭᠤᠯᠵᠤ ᠪᠠᠢᠨ᠎ᠠ᠃

ᠮᠢᠩ ᠤᠯᠤᠰ᠎ᠤᠨ ᠦᠶ᠎ᠡ᠎ᠳᠤ ᠠᠯᠲᠠᠨ ᠬᠠᠭᠠᠨ ᠬᠦᠢᠬᠤᠸᠠ ᠬᠤᠳᠠ᠎ᠶ᠋ᠢ ᠪᠠᠢᠭᠤᠯᠵᠤ᠂ ᠬᠤᠳᠠ᠎ᠶ᠋ᠢᠨ ᠰᠠᠭᠤᠴᠠ᠎ᠶ᠋ᠢ ᠪᠠᠷᠠᠭᠤᠨᠰᠢ ᠬᠡᠳᠦᠨ ᠠᠷᠪᠠᠨ ᠺᠢᠯᠣᠮᠧᠲᠷ ᠨᠡᠭᠦᠯᠭᠡᠭ᠌ᠰᠡᠨ᠎ᠠᠴᠠ ᠹᠸᠡᠭ᠌ᠵᠸᠤ ᠬᠤᠳᠠ ᠲᠤᠷᠦ᠋ᠢᠳᠠᠨ ᠠᠭᠠᠵᠢᠮ᠎ᠢᠶᠠᠷ ᠬᠠᠶᠠᠭ᠍ᠳᠠᠵᠠᠶ᠃ ᠴᠢᠩ ᠤᠯᠤᠰ᠎ᠤᠨ ᠦᠶ᠎ᠡ᠎ᠳᠤ ᠪᠠᠰᠠ ᠭᠦᠢᠬᠤᠸᠠ ᠬᠤᠳᠠ᠎ᠶ᠋ᠢᠨ ᠬᠠᠵᠠᠭᠤ᠎ᠳᠤ ᠰᠦᠢᠶᠤᠸᠠᠨ ᠬᠤᠳᠠ᠎ᠶ᠋ᠢ ᠱᠢᠨ᠎ᠡ᠎ᠪᠠᠷ ᠪᠠᠢᠭᠤᠯᠤᠭ᠍ᠰᠠᠨ᠎ᠨᠢ ᠥᠨᠥᠳᠦᠷ᠎ᠤᠨ ᠬᠥᠬᠡᠬᠤᠲᠠ᠎ᠶ᠋ᠢᠨ ᠬᠤᠳᠠ᠎ᠶ᠋ᠢᠨ ᠰᠠᠭᠤᠷᠢ ᠪᠣᠯᠤᠭ᠍ᠰᠠᠨ ᠪᠠᠢᠨ᠎ᠠ᠃ ᠭᠦᠢᠬᠤᠸᠠ ᠬᠤᠳᠠ᠎ᠶ᠋ᠢ ᠮᠣᠩᠭᠤᠯ᠎ᠢᠶᠠᠷ 《ᠬᠥᠬᠡ ᠬᠤᠳᠠ》 ᠭᠡᠳᠡᠭ᠂ ᠥᠭᠡᠷ᠎ᠡ᠎ᠪᠠᠷ ᠬᠡᠯᠡᠪᠡᠯ ᠬᠥᠬᠡᠬᠤᠲᠠ ᠭᠡᠳᠡᠭ᠂ 《ᠬᠥᠬᠡ ᠦᠩᠬᠡ᠎ᠲᠠᠢ ᠬᠤᠳᠠ》 ᠭᠡᠰᠡᠨ ᠤᠳᠭ᠎ᠠ᠎ᠲᠠᠢ᠃

ᠬᠤᠲᠠ᠎ᠶ᠋ᠢᠨ ᠬᠥᠭ᠌ᠵᠢᠯᠲᠡ ᠪᠠ ᠲᠠᠰᠤᠷᠠᠯᠲᠠ ᠦᠭᠡᠶ ᠥᠷᠭᠡᠳᠬᠦ᠌᠎ᠶ᠋ᠢ ᠳᠠᠭᠠᠯᠳᠤᠨ᠂ ᠬᠠᠶᠠᠭ᠍ᠳᠠᠵᠤ ᠤᠷᠬᠢᠬ᠍ᠳᠠᠬ᠍ᠰᠠᠠ ᠹᠸᠡᠭ᠌ᠵᠸᠤ᠎ᠶ᠋ᠢᠨ ᠴᠠᠭᠠᠨ ᠰᠤᠪᠤᠷᠭ᠎ᠠ ᠳᠠᠬᠢᠨᠲᠠ ᠬᠤᠲᠠ᠎ᠶ᠋ᠢᠨ ᠲᠡᠮᠳᠡᠭ ᠪᠣᠯᠤᠭ᠍ᠰᠠᠨ ᠪᠠᠢᠨ᠎ᠠ᠃ ᠬᠥᠬᠡᠬᠤᠲᠠ᠎ᠶ᠋ᠢᠨ ᠣᠯᠠᠨ ᠤᠯᠤᠰ᠎ᠤᠨ ᠨᠢᠰᠭᠡᠯ᠎ᠤᠨ ᠪᠠᠭᠤᠳᠠᠯ᠎ᠢ ᠴᠠᠭᠠᠨ ᠰᠤᠪᠤᠷᠭ᠎ᠠ᠎ᠶ᠋ᠢᠨ ᠬᠠᠪᠢ᠎ᠳᠤ ᠪᠠᠢᠭᠤᠯᠵᠤ᠂ ᠴᠠᠭᠠᠨ ᠰᠤᠪᠤᠷᠭ᠎ᠠ᠎ᠪᠠᠷ ᠨᠡᠷᠡᠢᠳᠪᠡ᠃ ᠳᠤᠰ ᠰᠤᠪᠤᠷᠭ᠎ᠠ ᠪᠠ ᠹᠧᠩᠵᠧᠤ᠎ᠶ᠋ᠢᠨ ᠬᠠᠭᠤᠴᠢᠨ ᠬᠤᠲᠠ᠎ᠶ᠋ᠢᠨ ᠪᠠᠭᠤᠷᠢ᠎ᠶ᠋ᠢ ᠴᠥᠮ ᠤᠯᠤᠰ᠎ᠤᠨ ᠭᠤᠤᠯᠳᠠᠯᠭ᠎ᠠ᠎ᠲᠠᠢ ᠲᠡᠤᠬᠡ᠎ᠶ᠋ᠢᠨ ᠳᠤᠷᠠᠰᠭᠠᠯᠲᠤ  ᠵᠦᠢᠯ᠎ᠤᠨ ᠬᠠᠮᠠᠭᠠᠯᠠᠯᠲᠠ᠎ᠶ᠋ᠢᠨ ᠨᠢᠭᠡᠴᠢ᠎ᠳᠤ ᠣᠷᠣᠭᠤᠯᠪᠠ᠃ ᠡᠷᠲᠡᠨ᠎ᠤ ᠰᠤᠪᠤᠷᠭ᠎ᠠ᠎ᠶ᠋ᠢ ᠬᠠᠮᠠᠭᠠᠯᠠᠬᠤ᠎ᠶ᠋ᠢᠨ ᠲᠥᠯᠥᠭᠡ ᠵᠢᠭᠤᠯᠴᠢᠯᠠᠭ᠍ᠴᠢᠳ ᠰᠤᠪᠤᠷᠭ᠎ᠠ᠎ᠶ᠋ᠢ ᠪᠠᠷᠠᠳᠠᠵᠤ ᠲᠡᠢᠯᠬᠦ᠌᠎ᠪᠠᠨ ᠪᠤᠯᠢᠵᠤ᠂ ᠰᠤᠪᠤᠷᠭ᠎ᠠ᠎ᠶ᠋ᠢᠨ ᠬᠠᠵᠠᠭᠤ᠎ᠳᠤ ᠦᠵᠡᠭᠦᠯᠭᠡ᠎ᠶ᠋ᠢᠨ ᠲᠢᠩᠬᠢᠮ ᠭᠠᠷᠭᠠᠠ᠂ ᠲᠡᠦᠬᠡ᠎ᠶ᠋ᠢᠨ ᠭᠡᠷᠡᠯ ᠵᠢᠷᠤᠭ᠎ᠤᠳ᠎ᠢ ᠳᠡᠯᠭᠡᠨ ᠦᠵᠡᠭᠦᠯᠵᠤ ᠪᠠᠢᠨ᠎ᠠ᠃ ᠲᠡᠦᠬᠡ᠎ᠶ᠋ᠢᠨ ᠳᠤᠷᠠᠰᠭᠠᠯᠲᠤ ᠵᠦᠢᠯᠡᠰ᠎ᠤᠨ ᠰᠠᠯᠠᠭ᠎ᠠ ᠮᠥᠴᠢᠷ ᠦᠵᠡᠭᠦᠯᠭᠡ᠎ᠶ᠋ᠢᠨ ᠲᠢᠩᠬᠢᠮ᠎ᠢ ᠲᠡᠭᠦᠯᠳᠡᠷᠵᠢᠭᠦᠯᠵᠦ᠍᠂ ᠣᠳᠣᠬᠢᠴᠢᠯᠠᠭ᠍ᠰᠠᠨ ᠠᠷᠭ᠎ᠠ᠎ᠪᠠᠷ ᠰᠤᠪᠤᠷᠭ᠎ᠠ᠎ᠶ᠋ᠢᠨ ᠳᠣᠲᠣᠷᠠᠬᠢ ᠲᠡᠦᠬᠡ᠎ᠶ᠋ᠢᠨ ᠳᠤᠷᠠᠰᠭᠠᠯᠲᠤ ᠵᠦᠢᠯᠡᠰ᠂ ᠪᠢᠴᠢᠭᠡᠰᠦ ᠲᠡᠮᠳᠡᠭ᠌ᠯᠡᠯ᠂ ᠬᠥᠱᠢᠶᠡᠨ᠎ᠤ ᠰᠡᠢᠯᠦᠮᠡᠯ ᠵᠡᠷᠭᠡ᠎ᠶ᠋ᠢ ᠵᠢᠭᠤᠯᠴᠢᠯᠠᠭ᠍ᠴᠢᠳ᠎ᠲᠤ ᠲᠡᠯᠬᠡᠨ ᠦᠵᠡᠭᠦᠯᠬᠦ᠌᠎ᠪᠠᠷ ᠴᠢᠷᠮᠠᠢᠵᠤ ᠪᠤᠢ᠃

(ᠵᠣᠬᠢᠶᠠᠭ᠍ᠴᠢ ᠪᠤᠯ ᠥᠪᠥᠷ ᠮᠣᠩᠭᠤᠯ᠎ᠤᠨ ᠨᠡᠢᠭᠡᠮ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠤᠨ ᠰᠤᠳᠤᠯᠤᠭ᠍ᠴᠢ᠂ ᠲᠣᠰ ᠵᠣᠬᠢᠶᠠᠯ ᠤᠤᠯ᠎ᠨᠢ 《ᠠᠷᠠᠳ᠎ᠤᠨ ᠡᠳᠦᠷ᠎ᠤᠨ ᠰᠣᠨᠢᠨ᠎ᠤ ᠭᠠᠳᠠᠭᠠᠳᠤ᠎ᠳᠤ ᠵᠣᠷᠢᠭᠤᠯᠤᠭ᠍ᠰᠠᠨ ᠬᠡᠪᠯᠡᠯ》 ᠎ᠳᠤ 2020 ᠣᠨ᠎ᠤ 12 ᠰᠠᠷ᠎ᠠ᠎ᠶ᠋ᠢᠨ 15 ᠎ᠤ ᠡᠳᠦᠷ ᠨᠡᠢᠲᠡᠯᠡᠭ᠌ᠳᠡᠪᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号