ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠠᠭᠤᠤ ᠶᠡᠭᠡ ᠠᠮᠵᠢᠯᠲᠠ
2021-07-23 12:14:10
ᠵᠣᠬᠢᠶᠠᠭ᠍ᠴᠢ᠄
ᠱᠢᠨ ᠵᠦᠸᠧ ᠢᠦᠢ
ᠣᠩᠱᠢᠭ᠍ᠰᠠᠨ ᠣᠳᠠᠭ᠎ᠠ᠄
★★★☆☆

ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠶ᠋ᠢᠨ ᠲᠥᠯᠥᠭᠡ᠂ ᠳᠤᠮᠳᠠᠳᠤ ᠤᠯᠤᠰ᠎ᠤᠨ ᠡᠪ ᠬᠠᠮᠲᠤ ᠨᠠᠮ ᠳᠤᠮᠳᠠᠳᠤ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ᠂ ᠢᠲᠡᠭᠡᠯ ᠲᠡᠭᠦᠯᠳᠡᠷ᠎ᠢᠶᠠᠷ ᠥᠪᠡᠷ᠎ᠢ᠎ᠪᠠᠨ ᠬᠦᠴᠦᠷᠬᠡᠭ᠌ᠵᠢᠭᠦᠯᠵᠦ᠍᠂ ᠲᠥᠪ ᠶᠣᠰᠣ᠎ᠶ᠋ᠢ ᠡᠷᠬᠢᠮᠯᠠᠨ ᠱᠢᠨ᠎ᠡ᠎ᠶ᠋ᠢ ᠡᠭᠦᠳᠴᠦ᠍᠂ ᠠᠭᠤᠤ ᠶᠡᠭᠡ ᠲᠡᠮᠡᠴᠡᠯ᠂ ᠠᠭᠤᠤ ᠶᠡᠭᠡ ᠢᠨᠵᠧᠨᠧᠷᠢᠩ᠂ ᠠᠭᠤᠤ ᠶᠡᠭᠡ ᠦᠢᠯᠡᠰ᠂ ᠠᠭᠤᠤ ᠶᠡᠭᠡ ᠬᠦᠰᠡᠯ ᠵᠡᠭᠦᠳᠦ᠎ᠶ᠋ᠢ ᠶᠡᠷᠦᠩᠬᠡᠢᠯᠡᠨ ᠡᠵᠡᠮᠳᠡᠵᠦ᠍᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠠᠭᠤᠤ ᠶᠡᠭᠡ ᠠᠮᠵᠢᠯᠲᠠ᠎ᠶ᠋ᠢ ᠡᠭᠦᠳᠦᠭ᠌ᠰᠡᠨ ᠶᠤᠮ᠃ ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠰᠢ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ ᠱᠢᠨ᠎ᠡ ᠴᠠᠭ ᠦᠶ᠎ᠡ᠎ᠳᠤ ᠣᠷᠣᠵᠤ᠂ ᠪᠢᠳᠡ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠭᠠᠵᠤ᠂ 《ᠲᠠᠪᠤ᠎ᠶ᠋ᠢ ᠨᠢᠭᠡ ᠴᠤᠭ᠍ᠴᠠᠵᠢᠭᠤᠯᠬᠤ》 ᠶᠡᠷᠦᠩᠬᠡᠶ ᠪᠠᠢᠷᠢᠱᠢᠭᠤᠯᠤᠯᠲᠠ᠎ᠶ᠋ᠢ ᠨᠢᠭᠡᠳᠦᠯᠲᠡᠶ ᠲᠥᠯᠥᠪᠵᠢᠭᠦᠯᠤᠨ ᠠᠬᠢᠭᠤᠯᠵᠤ᠂ 《ᠳᠥᠷᠪᠡᠨ ᠪᠦᠬᠦ᠌ ᠲᠠᠯ᠎ᠠ》 ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠪᠠᠢᠷᠢᠱᠢᠭᠤᠯᠤᠯᠲᠠ᠎ᠶ᠋ᠢ ᠵᠣᠬᠢᠴᠠᠭᠤᠯᠤᠨ ᠠᠬᠢᠭᠤᠯᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠤ᠂ ᠤᠯᠤᠰ᠎ᠤᠨ ᠵᠠᠰᠠᠯᠳᠠ᠎ᠶ᠋ᠢᠨ ᠱᠢᠰᠲ᠋ᠧᠮ ᠪᠠ ᠵᠠᠰᠠᠯᠳᠠ᠎ᠶ᠋ᠢᠨ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢ ᠠᠬᠢᠭᠤᠯᠵᠤ᠂ ᠲᠦᠷᠢᠮ ᠲᠣᠭ᠍ᠲᠠᠭᠠᠯ ᠶᠣᠰᠣᠭᠠᠷ ᠨᠠᠮ᠎ᠢ ᠵᠠᠰᠠᠬᠤ᠎ᠶ᠋ᠢ ᠪᠠᠷᠢᠮᠲᠠᠯᠠᠵᠤ᠂ ᠨᠡᠯᠢᠶᠡᠳ ᠪᠦᠷᠢᠨ ᠲᠡᠭᠦᠯᠳᠡᠷ ᠨᠠᠮ᠎ᠤᠨ ᠳᠣᠲᠣᠭᠠᠳᠤ᠎ᠶ᠋ᠢᠨ ᠬᠠᠤᠯᠢ ᠲᠣᠭ᠍ᠲᠠᠭᠠᠯ᠎ᠤᠨ ᠱᠢᠰᠲ᠋ᠧᠮ᠎ᠢ ᠪᠦᠷᠢᠯᠳᠦᠭᠦᠯᠵᠤ᠂ ᠠᠯᠢ ᠣᠯᠠᠨ ᠬᠦᠨᠳᠦ ᠶᠡᠭᠡ ᠠᠶᠤᠯ ᠲᠦᠭ᠌ᠰᠢᠭᠦᠷᠢ ᠥᠷᠢᠰᠥᠯᠳᠦᠭᠡᠨ᠎ᠢ ᠢᠯᠠᠨ ᠳᠠᠪᠠᠵᠤ᠂ ᠨᠢᠭᠡᠳᠦᠭᠡᠷ ᠵᠠᠭᠤᠨ ᠵᠢᠯ᠎ᠤᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠵᠤ᠂ ᠬᠤᠶᠠᠳᠤᠭᠠᠷ ᠵᠠᠭᠤᠨ ᠵᠢᠯ᠎ᠤᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌ ᠪᠠᠢᠯᠳᠤᠬᠤ ᠪᠤᠳᠤᠯᠭ᠎ᠠ᠎ᠶ᠋ᠢᠨ ᠲᠤᠬᠢᠷᠠᠭᠤᠯᠤᠯᠳᠠ᠎ᠶ᠋ᠢ ᠲᠣᠳᠣᠷᠬᠠᠢᠯᠠᠵᠤ᠂ ᠨᠠᠮ ᠪᠣᠯᠤᠨ ᠤᠯᠤᠰ᠎ᠤᠨ ᠠᠵᠢᠯ ᠦᠢᠯᠡᠰ ᠲᠡᠦᠬᠡᠲᠦ ᠴᠢᠨᠠᠷᠲᠠᠢ ᠠᠮᠵᠢᠯᠲᠠ ᠤᠯᠵᠤ᠂ ᠲᠡᠦᠬᠡᠲᠦ ᠴᠢᠨᠠᠷᠲᠠᠶ ᠬᠤᠪᠢᠰᠤᠯᠲᠠ ᠭᠠᠷᠴᠤ᠌᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠳᠤ ᠨᠠᠩ ᠪᠦᠷᠢᠨ ᠲᠡᠭᠦᠯᠳᠡᠷ ᠳᠦᠷᠢᠮ᠎ᠤᠨ ᠪᠠᠲᠤᠯᠠᠭ᠎ᠠ᠂ ᠨᠠᠩ ᠪᠠᠲᠤ ᠪᠠᠬᠢ ᠪᠣᠳᠠᠰ᠎ᠤᠨ ᠰᠠᠭᠤᠷᠢ᠂ ᠨᠠᠩ ᠰᠠᠨᠠᠭᠠᠴᠢᠯᠠᠭᠠᠳᠤ ᠣᠶᠤᠨ ᠰᠠᠨᠠᠭᠠᠨ᠎ᠤ ᠬᠦᠴᠦᠨ᠎ᠢ ᠬᠠᠩᠭᠠᠪᠠ᠃ ᠳᠤᠮᠳᠠᠳᠤ ᠤᠯᠤᠰ᠎ᠤᠨ ᠡᠪ ᠬᠠᠮᠲᠤ ᠨᠠᠮ ᠪᠤᠯᠤᠨ ᠳᠤᠮᠳᠠᠳᠤ ᠤᠯᠤᠰ᠎ᠤᠨ ᠠᠷᠠᠳ ᠲᠦᠮᠡᠨ ᠡᠷᠡᠯᠬᠡᠭ ᠪᠠᠭᠠᠲᠤᠷᠯᠢᠭ ᠨᠤᠭᠤᠷᠠᠰᠢ ᠦᠭᠡᠢ ᠲᠡᠮᠡᠴᠡᠯ᠎ᠢᠶᠠᠷ᠂ ᠳᠤᠮᠳᠠᠳᠤ᠎ᠶ᠋ᠢᠨ ᠦᠨᠳᠦᠰᠦᠲᠡᠨ ᠪᠣᠰᠴᠤ᠌ ᠵᠣᠭ᠍ᠰᠣᠭ᠍ᠰᠠᠨ ᠪᠠ ᠪᠠᠶᠠᠵᠢᠭ᠍ᠰᠠᠨ᠎ᠠᠴᠠ᠎ᠪᠠᠨ ᠬᠦᠴᠦᠷᠬᠡᠭ᠌ᠵᠢᠭ᠌ᠰᠡᠨ ᠠᠭᠤᠤ ᠶᠡᠭᠡ ᠦᠰᠦᠷᠦᠯᠲᠡ᠎ᠶ᠋ᠢ ᠤᠭ᠍ᠲᠤᠨ ᠠᠪᠴᠦ᠍᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠪᠡᠶᠡᠯᠡᠭ᠌ᠳᠡᠭᠦ᠎ᠨᠢ ᠰᠦᠷᠦᠰᠢ ᠦᠭᠡᠢ ᠲᠡᠦᠭᠡᠨ ᠤᠷᠤᠰᠭᠠᠯ ᠪᠤᠯᠪᠠ ᠭᠡᠵᠤ ᠲᠡᠯᠡᠬᠡᠢ ᠳ᠋ᠠᠬᠢᠨ᠎ᠳᠤ ᠲᠥᠪ ᠴᠢᠩᠭ᠎ᠠ᠎ᠪᠠᠷ ᠲᠤᠩᠬᠠᠭ᠍ᠯᠠᠪᠠ!

— ᠰᠢ᠎ᠶ᠋ᠢᠨ ᠫᠢᠩ᠎ᠤᠨ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠣᠶ᠎ᠶ᠋ᠢ ᠪᠡᠯᠭᠡᠯᠡᠬᠦ᠌ ᠶᠡᠭᠡ ᠬᠤᠷᠠᠯ ᠲᠠᠬᠡᠷᠡᠬᠢ ᠶᠠᠷᠢᠶ᠎ᠠ᠎ᠠᠴᠠ

 

ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠰᠢ᠂ ᠮᠠᠨ᠎ᠤ ᠤᠯᠤᠰ᠎ᠤᠨ ᠥᠭᠡᠷᠡᠴᠢᠯᠡᠯᠲᠡ ᠨᠡᠭᠡᠭᠡᠯᠳᠡ ᠪᠠ ᠨᠡᠢᠭᠡᠮ ᠵᠢᠷᠤᠮ᠎ᠤᠨ ᠣᠳᠣᠬᠢᠴᠢᠯᠠᠯᠳᠠ᠎ᠶ᠋ᠢᠨ ᠪᠦᠳᠦᠭᠡᠨ ᠪᠠᠢᠭᠤᠯᠤᠯᠲᠠ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠭ᠍ᠰᠠᠨ᠂ ᠲᠡᠦᠬᠡᠨ ᠬᠠᠭᠤᠳᠠᠰᠤᠨ᠎ᠳᠤ ᠲᠡᠮᠳᠡᠭ᠌ᠯᠡᠭ᠌ᠳᠡᠭ᠌ᠰᠡᠨ ᠲᠡᠦᠬᠡᠲᠦ ᠴᠢᠨᠠᠷᠲᠠᠢ ᠠᠮᠵᠢᠯᠲᠠ ᠣᠯᠵᠤ᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠬᠦᠯᠬᠦ᠌ ᠨᠢᠭᠡᠳᠦᠭᠡᠷ ᠵᠠᠭᠤᠨ ᠵᠢᠯ᠎ᠤᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠠᠶᠠᠨ᠎ᠳᠠᠬᠢ ᠪᠠᠰᠠ ᠨᠢᠭᠡᠨ ᠬᠦᠨᠳᠦ ᠴᠢᠬᠤᠯᠠ ᠬᠦᠱᠢᠶ᠎ᠠ ᠲᠤᠷᠠᠰᠭᠠᠯ ᠪᠣᠯᠤᠭ᠍ᠰᠠᠨ ᠪᠠᠢᠨ᠎ᠠ᠃ ᠡᠨᠡ ᠬᠦ᠌ ᠬᠤᠭᠤᠴᠠᠭᠠᠨ᠎ᠳᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ ᠱᠢᠨ᠎ᠡ ᠴᠠᠭ ᠦᠶ᠎ᠡ᠎ᠳᠤ ᠣᠷᠣᠵᠤ᠂ ᠬᠥᠭ᠌ᠵᠢᠯᠲᠡ᠎ᠶ᠋ᠢᠨ ᠲᠡᠩᠴᠡᠭᠦᠷᠢ ᠥᠬᠡᠶ ᠭᠦᠢᠴᠡᠳ ᠥᠬᠡᠶ ᠪᠠᠢᠬᠤ ᠠᠰᠠᠭᠤᠳᠠᠯ᠎ᠢ ᠰᠠᠢᠲᠤᠷ ᠱᠢᠢᠳᠪᠤᠷᠢᠯᠡᠵᠦ᠍᠂ ᠠᠷᠠᠳ ᠲᠦᠮᠡᠨ᠎ᠤ ᠡᠳᠦᠷ ᠢᠷᠡᠬᠦᠶ᠎ᠡ ᠨᠡᠮᠡᠭ᠌ᠳᠡᠵᠦ᠍ ᠪᠠᠢᠭ᠎ᠠ ᠰᠠᠢᠨ ᠰᠠᠢᠬᠠᠨ ᠠᠮᠢᠳᠤᠷᠠᠯ᠎ᠤᠨ ᠬᠡᠷᠡᠭ᠌ᠴᠡᠭᠡ᠎ᠶ᠋ᠢ ᠨᠠᠩ ᠰᠠᠢᠲᠤᠷ ᠬᠠᠨᠭ᠌ᠭᠠᠬᠤ᠎ᠨᠢ ᠮᠠᠨ᠎ᠤ ᠨᠠᠮ᠎ᠤᠨ ᠱᠢᠨ᠎ᠡ ᠴᠠᠭ ᠦᠶ᠎ᠡ᠎ᠶ᠋ᠢᠨ ᠲᠡᠦᠬᠡᠲᠦ ᠡᠭᠦᠷᠭᠡ ᠬᠠᠷᠢᠭᠤᠴᠠᠯᠭ᠎ᠠ ᠪᠣᠯᠵᠠᠶ᠃

ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠡᠷᠡᠰ ᠭᠤᠢᠪᠢᠰᠢ ᠥᠬᠡᠶ ᠲᠤᠭᠤᠱᠢᠯᠠᠭᠤᠯᠵᠤ᠂ 《ᠲᠠᠪᠤ᠎ᠶ᠋ᠢ ᠨᠢᠭᠡ ᠴᠤᠭ᠍ᠴᠠᠵᠢᠭᠤᠯᠬᠤ》 ᠶᠡᠷᠦᠩᠬᠡᠶ ᠪᠠᠢᠷᠢᠱᠢᠭᠤᠯᠤᠯᠲᠠ᠎ᠶ᠋ᠢ ᠨᠢᠭᠡᠳᠦᠯᠲᠡᠶ ᠲᠥᠯᠥᠪᠵᠢᠬᠦᠯᠦᠨ ᠠᠬᠢᠭᠤᠯᠪᠠ

ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠰᠢ᠂ ᠰᠢ᠎ᠶ᠋ᠢᠨ ᠫᠢᠩ ᠨᠥᠬᠦᠷ᠎ᠢᠶᠠᠷ ᠭᠤᠤᠯ ᠪᠤᠯᠭᠠᠭ᠍ᠰᠠᠨ ᠨᠠᠮ᠎ᠤᠨ ᠲᠥᠪ ᠬᠤᠷᠢᠶ᠎ᠠ ᠨᠡᠢᠭᠡᠮ ᠵᠢᠷᠤᠮ᠎ᠤᠨ ᠠᠩᠬᠠᠨ᠎ᠤ ᠱᠠᠲᠤᠨ᠎ᠳᠠᠬᠢ ᠤᠯᠤᠰ᠎ᠤᠨ ᠦᠨᠳᠦᠰᠦᠨ ᠪᠠᠢᠳᠠᠯ ᠪᠠ ᠬᠥᠭ᠌ᠵᠢᠯᠲᠡ᠎ᠶ᠋ᠢᠨ ᠪᠣᠳᠠᠲᠤ ᠪᠠᠢᠳᠠᠯ᠎ᠳᠤ ᠰᠠᠭᠤᠷᠢᠯᠠᠵᠤ᠂ ᠨᠡᠢᠭᠡᠮ ᠵᠢᠷᠤᠮ᠎ᠤᠨ ᠣᠳᠣᠬᠢᠴᠢᠯᠠᠯᠲᠠ ᠪᠠ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠪᠠᠷ ᠶᠡᠷᠦᠩᠬᠡᠶ ᠡᠭᠦᠷᠭᠡ ᠪᠣᠯᠭᠠᠨ᠂ ᠱᠢᠨ᠎ᠡ ᠪᠠᠢᠳᠠᠯ ᠱᠢᠨ᠎ᠡ ᠡᠭᠦᠷᠭᠡ᠎ᠶ᠋ᠢ ᠭᠦᠨᠵᠡᠭᠡᠶ ᠵᠠᠳᠠᠯᠤᠭ᠍ᠰᠠᠨ ᠰᠠᠭᠤᠷᠢᠨ ᠳᠡᠭᠡᠷ᠎ᠡ ᠬᠢᠨᠠᠮᠠᠭᠠᠶ ᠲᠥᠯᠥᠪᠵᠢᠭᠦᠯᠦᠨ᠂ ᠨᠢᠬ᠍ᠳᠠ ᠪᠠᠢᠷᠢᠯᠠᠭᠤᠯᠵᠤ᠂ ᠱᠢᠨ᠎ᠠ᠎ᠶ᠋ᠢ ᠡᠬᠦᠳᠬᠦ᠂ ᠵᠤᠬᠢᠴᠠᠩᠭᠤᠢ᠂ ᠪᠤᠬᠢᠷᠳᠤᠯ ᠦᠭᠡᠢ᠂ ᠨᠡᠭᠡᠭᠡᠯᠳᠡᠳᠦ᠂ ᠬᠠᠮᠲᠤ᠎ᠪᠠᠷ ᠡᠳ᠋ᠯᠡᠬᠦ᠌ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠭᠤᠢᠪᠢᠰᠢ ᠦᠭᠡᠢ ᠲᠤᠭᠤᠱᠢᠯᠠᠭᠤᠯᠤᠨ᠂ ᠠᠵᠤ ᠠᠬᠤᠶ᠎ᠶ᠋ᠢᠨ ᠪᠦᠳᠦᠭᠡᠨ ᠪᠠᠢᠭᠤᠯᠤᠯᠲᠠ᠂ ᠤᠯᠤᠰ ᠲᠦᠷᠦ᠎ᠶ᠋ᠢᠨ ᠪᠠᠢᠭᠤᠯᠤᠯᠲᠠ᠂ ᠰᠣᠶᠣᠯ᠎ᠤᠨ ᠪᠠᠢᠭᠤᠯᠤᠯᠲᠠ᠂ ᠨᠡᠢᠭᠡᠮ᠎ᠤᠨ ᠪᠠᠢᠭᠤᠯᠤᠯᠲᠠ᠂ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ 《ᠲᠠᠪᠤ᠎ᠶ᠋ᠢ ᠨᠢᠭᠡ ᠴᠤᠭ᠍ᠴᠠᠵᠢᠭᠤᠯᠬᠤ》 ᠶᠡᠷᠦᠩᠬᠡᠢ ᠪᠠᠢᠷᠢᠱᠢᠭᠤᠯᠤᠯᠲᠠ᠎ᠶ᠋ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠢᠯᠡᠰ᠎ᠤᠨ ᠪᠦᠬᠦ᠌ ᠲᠠᠯ᠎ᠠ᠎ᠪᠠᠷ ᠬᠥᠭ᠌ᠵᠢᠬᠦ᠂ ᠪᠦᠬᠦ᠌ ᠲᠠᠯ᠎ᠠ᠎ᠪᠠᠷ ᠲᠠᠪᠱᠢᠬᠤ᠎ᠶ᠋ᠢ ᠠᠭᠢᠭᠤᠯᠤᠨ᠂ ᠮᠠᠨ᠎ᠤ ᠤᠯᠤᠰ᠎ᠤᠨ ᠥᠭᠡᠷᠡᠴᠢᠯᠡᠯᠲᠡ ᠨᠡᠭᠡᠭᠡᠯᠲᠡ ᠪᠠ ᠨᠡᠢᠭᠡᠮ ᠵᠢᠷᠤᠮ᠎ᠤᠨ ᠣᠳᠣᠬᠢᠴᠢᠯᠠᠯᠳᠠ᠎ᠶ᠋ᠢᠨ ᠪᠦᠲᠦᠭᠡᠨ ᠪᠠᠢᠭᠤᠯᠤᠯᠲᠠ ᠲᠡᠦᠭᠡᠳᠦ ᠴᠢᠨᠠᠷᠳᠠᠢ ᠠᠮᠵᠢᠯᠳᠠ ᠤᠯᠬᠤ ᠲᠡᠦᠬᠡᠲᠦ ᠴᠢᠨᠠᠷᠲᠠᠶ ᠬᠤᠪᠢᠰᠤᠯᠲᠠ ᠭᠠᠷᠬᠤ᠎ᠶ᠋ᠢ ᠠᠬᠢᠭᠤᠯᠵᠠᠢ᠃

ᠠᠵᠤ ᠠᠬᠤᠢ᠎ᠶ᠋ᠢᠨ ᠪᠦᠳᠦᠭᠡᠨ ᠪᠠᠢᠭᠤᠯᠤᠯᠲᠠ᠂ ᠤᠯᠤᠰ ᠲᠦᠷᠦ᠎ᠶ᠋ᠢᠨ ᠪᠠᠢᠭᠤᠯᠤᠯᠲᠠ᠂ ᠰᠣᠶᠣᠯ᠎ᠤᠨ ᠪᠠᠢᠭᠤᠯᠤᠯᠲᠠ᠂ ᠨᠡᠢᠭᠡᠮ᠎ᠤᠨ ᠪᠠᠢᠭᠤᠯᠤᠯᠲᠠ᠂ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ 《ᠲᠠᠪᠤ᠎ᠶ᠋ᠢ ᠨᠢᠭᠡ ᠴᠤᠭ᠍ᠴᠠᠵᠢᠭᠤᠯᠬᠤ》 ᠶᠡᠷᠦᠩᠬᠡᠢ ᠪᠠᠢᠷᠢᠱᠢᠭᠤᠯᠤᠯᠲᠠ ᠪᠣᠯ ᠮᠠᠨ᠎ᠤ ᠨᠠᠮ᠎ᠤᠨ ᠨᠡᠢᠭᠡᠮ ᠵᠢᠷᠤᠮ᠎ᠤᠨ ᠪᠦᠲᠦᠭᠡᠨ ᠪᠠᠢᠭᠤᠯᠤᠯᠲᠠ᠎ᠶ᠋ᠢᠨ ᠵᠢᠮ᠎ᠡ ᠶᠣᠰᠣ᠎ᠶ᠋ᠢ ᠦᠢᠯᠡᠳᠦᠯᠭᠡ ᠪᠠ ᠲᠠᠨᠢᠯᠲᠠ᠎ᠶ᠋ᠢᠨ ᠲᠠᠯ᠎ᠠ᠎ᠪᠠᠷ ᠲᠠᠰᠤᠷᠠᠯᠲᠠ ᠦᠭᠡᠢ ᠭᠦᠨᠵᠡᠭᠡᠢᠷᠡᠭᠦᠯᠦᠭ᠌ᠰᠡᠨ ᠴᠢᠬᠤᠯᠠ ᠦᠷ᠎ᠡ ᠪᠦᠲᠦᠭᠡᠯ ᠮᠥᠨ᠂ ᠲᠡᠷᠡ᠎ᠨᠢ ᠮᠠᠨ᠎ᠤ ᠤᠯᠤᠰ᠎ᠤᠨ ᠨᠡᠢᠭᠡᠮ ᠵᠢᠷᠤᠮ᠎ᠤᠨ ᠪᠦᠲᠦᠭᠡᠨ ᠪᠠᠢᠭᠤᠯᠤᠯᠲᠠ᠎ᠶ᠋ᠢᠨ ᠬᠥᠭ᠌ᠵᠢᠯᠲᠡ᠎ᠶ᠋ᠢᠨ ᠪᠠᠢᠷᠢᠱᠢᠭᠤᠯᠤᠯᠲᠠ᠎ᠶ᠋ᠢ ᠨᠡᠩ ᠲᠡᠭᠦᠯᠳᠡᠷᠵᠢᠭᠦᠯᠵᠦ᠍᠂ ᠬᠥᠭ᠌ᠵᠢᠯᠲᠡ᠎ᠶ᠋ᠢᠨ ᠬᠠᠷᠠᠯᠲᠠ᠎ᠶ᠋ᠢ ᠨᠡᠩ ᠲᠣᠳᠣᠷᠬᠠᠢ ᠪᠣᠯᠭᠠᠵᠤ᠂ ᠬᠥᠭ᠌ᠵᠢᠯᠲᠡ᠎ᠶ᠋ᠢᠨ ᠠᠭᠤᠯᠤᠭ᠍ᠳᠠᠬᠤᠨ᠎ᠢ ᠨᠡᠩ ᠪᠠᠶᠠᠯᠢᠭ᠍ᠵᠢᠭᠤᠯᠵᠤ᠂ ᠬᠥᠭ᠌ᠵᠢᠯᠲᠡ᠎ᠶ᠋ᠢᠨ ᠵᠠᠮ᠎ᠢ ᠨᠡᠩ ᠰᠠᠷᠠᠭᠤᠯ ᠳᠠᠷᠳᠠᠩ ᠪᠣᠯᠭᠠᠵᠤ᠂ ᠮᠠᠨ᠎ᠤ ᠨᠠᠮ᠎ᠤᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠲᠤᠬᠠᠢ ᠲᠠᠨᠢᠯᠲᠠ ᠱᠢᠨ᠎ᠡ ᠲᠦᠪᠱᠢᠨ᠎ᠳᠤ ᠬᠦᠷᠦᠭ᠌ᠰᠡᠨ᠎ᠢ ᠬᠠᠷᠠᠭᠤᠯᠵᠤ ᠪᠠᠢᠨ᠎ᠠ᠃ ᠶᠡᠷᠦᠩᠬᠡᠢ ᠱᠦᠵᠢ ᠰᠢ᠎ᠶ᠋ᠢᠨ ᠫᠢᠩ᠎ᠤᠨ 《ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ》 ᠭᠡᠬᠦ᠌ ᠱᠢᠨᠵᠢᠯᠡᠬᠦ᠌ ᠤᠬᠠᠭᠠᠨᠴᠢ ᠨᠤᠲᠠᠯᠠᠯᠲᠠ᠎ᠶ᠋ᠢᠨ ᠵᠢᠯᠤᠭᠤᠳᠤᠯᠭ᠎ᠠ ᠳᠣᠣᠷ᠎ᠠ᠂ ᠮᠠᠨ᠎ᠤ ᠨᠠᠮ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠳᠤᠮᠳᠠᠳᠤ᠎ᠶ᠋ᠢᠨ ᠦᠨᠳᠦᠰᠦᠲᠡᠨ᠎ᠤ ᠥᠨᠢᠳᠡ᠎ᠶ᠋ᠢᠨ ᠦᠷᠭᠦᠯᠵᠢᠯᠡᠬᠦ᠌ ᠬᠥᠭ᠌ᠵᠢᠯᠲᠡ᠎ᠳᠤ ᠬᠤᠯᠪᠣᠭ᠍ᠳᠠᠬᠤ ᠦᠨᠳᠦᠰᠦᠨ ᠶᠡᠭᠡ ᠪᠤᠳᠤᠯᠭ᠎ᠠ ᠪᠣᠯᠭᠠᠵᠤ᠂ ᠠᠮᠢ ᠠᠬᠤᠢ ᠣᠷᠴᠢᠨ ᠲᠣᠭᠤᠷᠢᠨ᠎ᠢ ᠬᠠᠮᠠᠭᠠᠯᠠᠬᠤ ᠪᠠ ᠠᠵᠤ ᠠᠬᠤᠢ᠎ᠶ᠋ᠢ ᠬᠥᠭ᠌ᠵᠢᠭᠦᠯᠬᠦ᠌᠎ᠶ᠋ᠢ ᠣᠷᠭᠠᠨᠢᠭ᠎ᠢᠶᠠᠷ ᠨᠢᠭᠡᠳᠭᠡᠵᠦ᠍᠂ ᠬᠥᠮᠦᠨ ᠪᠠᠢᠭᠠᠯᠢ ᠡᠶ᠎ᠡ ᠵᠣᠬᠢᠴᠠᠩᠭᠤᠢ᠎ᠪᠠᠷ ᠬᠥᠭ᠌ᠵᠢᠬᠦ᠌ ᠵᠠᠮ᠎ᠢ ᠬᠠᠢᠨ ᠰᠦᠪᠡᠭ᠌ᠴᠢᠯᠡᠵᠦ᠍ ᠭᠠᠷᠭᠠᠪᠠ᠃


《ᠳᠥᠷᠪᠡᠨ ᠪᠥᠬᠦ᠌ ᠲᠠᠯ᠎ᠠ》 ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠪᠠᠢᠷᠢᠱᠢᠭᠤᠯᠤᠯᠲᠠ᠎ᠶ᠋ᠢ ᠵᠤᠬᠢᠴᠠᠩᠭᠤᠢ ᠠᠬᠢᠭᠤᠯᠵᠤ᠂ ᠴᠢᠨᠡᠭᠡᠯᠢᠭ ᠨᠡᠢᠭᠡᠮ᠎ᠢ ᠪᠥᠬᠦ᠌ ᠲᠠᠯ᠎ᠠ᠎ᠪᠠᠷ ᠪᠡᠶᠡᠯᠡᠬᠦᠯᠬᠦ᠌ ᠠᠭᠤᠤ ᠶᠡᠭᠡ ᠬᠦᠰᠡᠯ ᠵᠡᠭᠦᠳᠦ᠎ᠶ᠋ᠢ ᠪᠡᠶᠡᠯᠡᠭᠦᠯᠪᠠ


ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠰᠢ᠂ ᠲᠦᠪᠡᠭ ᠪᠤᠳᠤᠯᠢᠶᠠᠨᠲᠠᠶ ᠳᠡᠯᠡᠬᠡᠶ᠎ᠶ᠋ᠢᠨ ᠣᠷᠴᠢᠨ ᠨᠥᠬᠦᠴᠡᠯ ᠪᠠ ᠤᠯᠤᠰ᠎ᠤᠨ ᠳᠣᠲᠣᠭᠠᠳᠤ᠎ᠶ᠋ᠢᠨ ᠥᠭᠡᠷᠡᠴᠢᠯᠡᠯᠲᠡ ᠬᠢᠬᠦ᠌ ᠬᠥᠭ᠌ᠵᠢᠭᠦᠯᠬᠦ᠌ ᠲᠣᠭ᠍ᠲᠠᠭᠤᠨ ᠪᠠᠢᠯᠭᠠᠬᠤ᠎ᠶ᠋ᠢᠨ ᠬᠠᠲᠠᠭᠤ ᠪᠡᠷᠬᠡ ᠪᠥᠭᠡᠳ ᠨᠦᠰᠡᠷ ᠬᠦᠨᠳᠦ ᠡᠭᠦᠷᠭᠡ᠎ᠶ᠋ᠢᠨ ᠡᠮᠦᠨ᠎ᠡ᠂ ᠰᠢ᠎ᠶ᠋ᠢᠨ ᠫᠢᠩ ᠨᠥᠬᠦᠷ᠎ᠢᠶᠠᠷ ᠭᠤᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ᠂ ᠪᠦᠬᠦ᠌ ᠲᠠᠯ᠎ᠠ᠎ᠶ᠋ᠢ ᠡᠵᠡᠮᠳᠡᠬᠦ᠂ ᠠᠷᠭ᠎ᠠ ᠤᠬᠠᠭᠠᠨ ᠭᠠᠷᠭᠠᠬᠤ᠂ ᠡᠷᠡᠮᠡᠬᠡᠢᠯᠡᠨ ᠤᠷᠤᠭ᠍ᠰᠢᠯᠠᠬᠤ᠂ ᠵᠡᠮ ᠨᠡᠭᠡᠭᠡᠨ ᠱᠢᠨ᠎ᠡ᠎ᠶ᠋ᠢ ᠡᠭᠦᠳᠬᠦ᠂ 《ᠬᠤᠣᠰ ᠵᠠᠭᠤᠨ ᠵᠢᠯ》 ᠎ᠤᠨ ᠲᠡᠮᠡᠴᠡᠯ᠎ᠤᠨ ᠬᠠᠷᠠᠯᠲᠠ ᠪᠠ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠳᠤᠮᠳᠠᠳᠤ᠎ᠶ᠋ᠢᠨ ᠵᠡᠭᠦᠳᠦ᠎ᠶ᠋ᠢ ᠲᠡᠷᠭᠡᠯᠱᠢᠭᠦᠯᠭᠦ᠎ᠶ᠋ᠢᠨ ᠲᠤᠭᠤᠷᠢᠨ᠎ᠳᠤ᠂ 《ᠳᠥᠷᠪᠡᠨ ᠪᠦᠬᠦ᠌ ᠲᠠᠯ᠎ᠠ》 ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠪᠠᠢᠷᠢᠱᠢᠭᠤᠯᠤᠯᠲᠠ᠎ᠶ᠋ᠢ ᠳᠤᠷᠠᠳᠤᠨ ᠭᠠᠷᠭᠠᠵᠤ᠂ ᠮᠠᠨ᠎ᠤ ᠨᠠᠮ᠎ᠤᠨ ᠱᠢᠨ᠎ᠡ ᠴᠠᠭ ᠦᠶ᠎ᠡ᠎ᠶ᠋ᠢᠨ ᠨᠥᠬᠦᠴᠡᠯ ᠳᠣᠣᠷᠠᠬᠢ ᠲᠦᠷᠦ᠎ᠶ᠋ᠢ ᠵᠠᠰᠠᠵᠤ ᠵᠠᠰᠠᠭ᠎ᠢ ᠡᠷᠬᠢᠯᠡᠬᠦ᠌ ᠱᠢᠨ᠎ᠡ ᠣᠢᠯᠠᠭᠠᠭ᠍ᠳᠠᠬᠤᠨ ᠱᠢᠨ᠎ᠡ ᠦᠵᠡᠯ ᠰᠠᠨᠠᠭ᠎ᠠ ᠱᠢᠨ᠎ᠡ ᠪᠠᠢᠯᠳᠤᠬᠤ ᠪᠤᠳᠤᠯᠭ᠎ᠠ᠎ᠶ᠋ᠢ ᠲᠣᠭ᠍ᠲᠠᠭᠠᠨ᠂ ᠤᠷᠢᠳ ᠬᠤᠵᠢᠳ ᠠᠷᠪᠠᠨ ᠨᠠᠢ᠍ᠮᠠᠳᠤᠭᠠᠷ ᠬᠤᠭᠤᠴᠠᠭᠠᠨ᠎ᠤ ᠲᠦᠪ ᠬᠤᠷᠢᠶᠠᠨ᠎ᠤ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠥᠬᠦᠳᠡ ᠬᠤᠷᠠᠯ᠎ᠢ ᠬᠤᠷᠠᠯᠳᠤᠭᠤᠯᠵᠤ᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ ᠪᠡᠷ᠎ ᠪᠡᠶᠡᠯᠡᠬᠦᠯᠬᠦ᠂ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠂ ᠪᠦᠬᠦ᠌ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠳᠤ ᠦᠵᠦ᠍ ᠲᠥᠯᠥᠪᠯᠡᠭᠡ ᠪᠣᠯᠤᠨ ᠠᠯᠢ ᠤᠯᠠᠨ ᠴᠢᠬᠤᠯᠠ ᠶᠡᠭᠡ ᠱᠢᠢᠳᠪᠦᠷᠢᠲᠦ ᠪᠤᠳᠤᠯᠭ᠎ᠠ ᠪᠠᠢᠷᠢᠱᠢᠭᠤᠯᠤᠯᠲᠠ ᠬᠢᠵᠤ᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌  ᠱᠢᠢᠳᠪᠦᠷᠢᠲᠦ  ᠳᠠᠢᠯᠠᠯᠳᠤᠭᠠᠨ ᠬᠢᠵᠦ᠍  ᠱᠢᠢᠳᠪᠦᠷᠢᠲᠦ  ᠢᠯᠠᠯᠲᠠ ᠤᠯᠬᠤ᠎ᠶ᠋ᠢ ᠠᠬᠢᠭᠤᠯᠵᠤ᠂ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠠᠵᠢᠯ ᠱᠢᠪᠲᠤᠯᠤᠯᠲᠠ᠎ᠶ᠋ᠢᠨ ᠴᠢᠨᠠᠷᠲᠠᠢ ᠠᠬᠢᠴᠠ᠎ᠲᠠᠢ ᠪᠣᠯᠵᠤ᠂ ᠪᠦᠬᠦ᠌ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ᠎ᠶ᠋ᠢ ᠢᠳᠡᠪᠬᠢᠲᠡᠢ ᠠᠬᠢᠭᠤᠯᠦᠨ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ᠎ᠢ ᠭᠦᠨᠵᠡᠭᠡᠢᠷᠡᠭᠦᠯᠦᠨ ᠬᠦᠭ᠌ᠵᠢᠭᠦᠯᠵᠤ᠂ ᠠᠵᠤ ᠠᠬᠤᠶ᠎ᠶ᠋ᠢᠨ ᠪᠦᠳᠦᠬᠡᠨ ᠪᠠᠢᠭᠤᠯᠤᠯᠲᠠ᠂ ᠤᠯᠤᠰ ᠲᠦᠷᠦ᠎ᠶ᠋ᠢᠨ ᠪᠠᠢᠭᠤᠯᠤᠯᠲᠠ᠂ ᠰᠣᠶᠣᠯ᠎ᠤᠨ ᠪᠠᠢᠭᠤᠯᠤᠯᠲᠠ᠂ ᠨᠡᠢᠭᠡᠮ᠎ᠤᠨ ᠪᠠᠢᠭᠤᠯᠤᠯᠲᠠ᠂ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ ᠪᠠ ᠨᠠᠮ᠎ᠤᠨ ᠪᠠᠢᠭᠤᠯᠤᠯᠲᠠ ᠴᠥᠮ ᠳᠡᠯᠡᠬᠡᠶ ᠳ᠋ᠠᠬᠢᠨ᠎ᠤ ᠠᠩᠬᠠᠷᠤᠯ᠎ᠢ ᠲᠠᠲᠠᠭ᠍ᠰᠠᠨ ᠱᠢᠨ᠎ᠡ ᠠᠮᠵᠢᠯᠲᠠ ᠪᠦᠲᠦᠮᠵᠢ ᠤᠯᠵᠤ᠂ ᠲᠥᠷᠥ᠎ᠶ᠋ᠢ ᠵᠠᠰᠠᠵᠤ ᠵᠠᠰᠠᠭ᠎ᠢ ᠡᠷᠭᠢᠯᠡᠬᠦ᠌ ᠱᠢᠨ᠎ᠡ ᠠᠬᠤᠶ ᠪᠠᠢᠳᠠᠯ᠎ᠢ ᠨᠡᠭᠡᠭᠡᠵᠤ᠂ ᠨᠠᠮ ᠪᠠ ᠤᠯᠤᠰ᠎ᠤᠨ ᠠᠵᠢᠯ ᠦᠢᠯᠡᠰ᠎ᠤᠨ ᠬᠥᠭ᠌ᠵᠢᠯᠲᠡ᠎ᠶ᠋ᠢᠨ ᠱᠢᠨ᠎ᠡ ᠪᠠᠢᠳᠠᠯ᠎ᠢ ᠨᠡᠭᠡᠭᠡᠪᠡ᠃

ᠶᠡᠷᠦᠩᠬᠡᠶ ᠱᠦᠵᠢ ᠰᠢ᠎ᠶ᠋ᠢᠨ ᠫᠢᠩ᠎ᠤᠨ 《7 · 1》 ᠎ᠤ ᠴᠢᠬᠤᠯᠠ ᠶᠠᠷᠢᠶ᠎ᠠ᠎ᠳᠤ᠂ ᠪᠥᠬᠦ᠌ ᠨᠠᠮ ᠪᠥᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠦᠷᠭᠦᠯᠵᠢᠯᠡᠨ ᠲᠡᠮᠡᠴᠡᠬᠦ᠌᠎ᠪᠠᠷ ᠳᠡᠮᠵᠢᠨ᠂ ᠪᠢᠳᠡ ᠨᠢᠭᠡᠳᠦᠭᠡᠷ ᠵᠠᠭᠤᠨ ᠵᠢᠯ᠎ᠤᠨ ᠲᠡᠮᠡᠴᠡᠬᠦ᠌ ᠬᠠᠷᠠᠯᠲᠠ᠎ᠪᠠᠨ ᠪᠡᠶᠡᠯᠡᠭᠦᠯᠵᠦ᠍᠂ ᠳᠤᠮᠳᠠᠳᠤ᠎ᠶ᠋ᠢᠨ ᠡᠬᠡ ᠭᠠᠵᠠᠷ᠎ᠲᠤ ᠴᠢᠨᠡᠭᠡᠯᠢᠭ ᠨᠡᠢᠭᠡᠮ᠎ᠢ ᠪᠥᠬᠦ᠌ ᠲᠠᠯ᠎ᠠ᠎ᠪᠠᠷ ᠪᠡᠶᠡᠯᠡᠭᠦᠯᠪᠡ ᠭᠡᠵᠦ᠍ ᠲᠥᠪ ᠴᠢᠩᠭ᠎ᠠ᠎ᠪᠠᠷ ᠲᠤᠩᠬᠠᠭ᠍ᠯᠠᠪᠠ᠃


ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ᠍᠂ ᠤᠯᠤᠰ᠎ᠤᠨ ᠵᠠᠰᠠᠯᠲᠠ᠎ᠶ᠋ᠢᠨ ᠱᠢᠰᠲ᠋ᠧᠮ ᠪᠣᠯᠤᠨ ᠵᠠᠰᠠᠯᠲᠠ᠎ᠶ᠋ᠢᠨ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢ ᠠᠬᠢᠭᠤᠯᠪᠠ


2019 ᠣᠨ᠎ᠤ 10 ᠰᠠᠷ᠎ᠠ ᠎ᠳᠤ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠥᠬᠦᠳᠡ ᠬᠤᠷᠠᠯ᠎ᠠᠴᠠ 《ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠬᠦ᠌ ᠪᠠ ᠤᠯᠤᠰ᠎ᠤᠨ ᠵᠠᠰᠠᠯᠳᠠ᠎ᠶ᠋ᠢᠨ  ᠱᠢᠰᠲ᠋ᠧᠮ  ᠪᠠ ᠵᠠᠰᠠᠯᠳᠠ᠎ᠶ᠋ᠢᠨ ᠴᠢᠳᠠᠪᠤᠷᠢ᠎ᠶ᠋ᠢᠨ ᠤᠳᠤᠭᠢᠴᠢᠯᠠᠯᠳᠠ᠎ᠶ᠋ᠢ ᠠᠬᠢᠭᠤᠯᠬᠤ ᠵᠡᠷᠭᠡ ᠶᠡᠭᠡ ᠴᠢᠬᠤᠯᠠ ᠶᠡᠭᠡ ᠠᠰᠠᠭᠤᠳᠠᠯ᠎ᠤᠳ᠎ᠤᠨ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠲᠣᠭ᠍ᠲᠠᠭᠠᠯ》 ᠎ᠢ ᠬᠢᠨᠠᠨ ᠵᠦᠪᠯᠡᠵᠤ ᠪᠠᠳᠤᠯᠠᠭᠠᠳ᠂ ᠨᠠᠮ᠎ᠤᠨ ᠲᠦᠪ ᠬᠤᠷᠢᠶᠠᠨ᠎ᠤ ᠨᠢᠭᠡᠳᠦᠯᠳᠡᠢ ᠤᠳᠤᠷᠢᠳᠤᠯᠭ᠎ᠠ ᠲᠤᠤᠷ᠎ᠠ ᠨᠠᠮ᠎ᠤᠨ ᠤᠳᠤᠷᠢᠳᠭᠤ ᠪᠠᠢᠭᠤᠯᠤᠯ᠂ ᠠᠷᠠᠳ ᠲᠦᠮᠡᠨ ᠡᠷᠬᠡ ᠮᠡᠳᠡᠵᠦ᠍ ᠡᠵᠡᠨ ᠰᠠᠭᠤᠬᠤ ᠳᠦᠷᠢᠮ᠎ᠤᠨ ᠱᠢᠰᠲ᠋ᠧᠮ᠂ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠬᠠᠤᠯᠢ᠎ᠪᠠᠷ ᠵᠠᠰᠠᠬᠤ ᠱᠢᠰᠲ᠋ᠧᠮ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠵᠠᠰᠠᠭ ᠵᠠᠬᠢᠷᠭᠠᠨ᠎ᠤ ᠪᠠᠢᠭᠤᠯᠤᠯ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠨᠳᠦᠰᠦᠨ ᠠᠵᠤ ᠠᠬᠤᠶ᠎ᠶ᠋ᠢᠨ ᠲᠦᠷᠢᠮ᠂ ᠨᠡᠢᠭᠡᠮ ᠵᠢᠷᠤᠮ᠎ᠤᠨ ᠲᠡᠷᠢᠭᠦᠨ᠎ᠤ ᠰᠣᠶᠣᠯ᠎ᠢ ᠴᠡᠴᠡᠭ᠌ᠯᠡᠭᠦᠯᠦᠨ ᠬᠥᠭ᠌ᠵᠢᠭᠦᠯᠬᠦ᠌ ᠲᠦᠷᠢᠮ᠂ ᠬᠤᠲᠠ ᠬᠥᠳᠡᠭᠡ᠎ᠶ᠋ᠢᠨ ᠠᠷᠠᠳ᠎ᠤᠨ ᠠᠮᠢᠳᠤᠷᠠᠯ᠎ᠢ ᠨᠢᠭᠡᠳᠦᠯᠲᠡᠶ ᠲᠥᠯᠥᠪᠵᠢᠬᠦᠯᠬᠦ᠌ ᠪᠠᠲᠤᠯᠠᠭ᠎ᠠ᠎ᠶ᠋ᠢᠨ ᠳᠦᠷᠢᠮ᠂ ᠬᠠᠮᠲᠤ᠎ᠪᠠᠷ ᠪᠠᠢᠭᠤᠯᠬᠤ ᠬᠠᠮᠲᠤ᠎ᠪᠠᠷ ᠵᠠᠰᠠᠬᠤ ᠬᠠᠮᠲᠤ᠎ᠪᠠᠷ ᠡᠳ᠋ᠯᠡᠬᠦ᠌ ᠨᠡᠢᠭᠡᠮ᠎ᠤᠨ ᠵᠠᠰᠠᠯᠲᠠ᠎ᠶ᠋ᠢᠨ ᠳᠦᠷᠢᠮ᠂ ᠠᠮᠢ ᠠᠬᠤᠢ᠎ᠶ᠋ᠢᠨ ᠪᠣᠯᠪᠠᠰᠤᠨ᠎ᠤ ᠳᠦᠷᠢᠮ᠎ᠤᠨ ᠱᠢᠰᠲ᠋ᠧᠮ᠂ ᠨᠠᠮ᠎ᠠᠴᠠ ᠠᠷᠠᠳ᠎ᠤᠨ ᠴᠡᠷᠢᠭ ᠠᠩᠭᠢ᠎ᠳᠤ ᠶᠠᠪᠤᠭᠤᠯᠬᠤ ᠬᠠᠷᠢᠴᠠᠯᠠᠰᠢ ᠦᠭᠡᠢ ᠤᠳᠤᠷᠢᠳᠤᠯᠭ᠎ᠠ᠎ᠶ᠋ᠢᠨ ᠳᠦᠷᠢᠮ᠂ 《ᠨᠢᠭᠡ ᠤᠯᠤᠰ᠎ᠲᠤ ᠬᠤᠶᠠᠷ ᠪᠠᠢᠭᠤᠯᠤᠯ᠎ᠢ ᠬᠡᠷᠡᠭ᠌ᠵᠢᠭᠦᠯᠬᠦ᠌》 ᠪᠠᠢᠭᠤᠯᠤᠯ᠎ᠤᠨ ᠱᠢᠰᠲ᠋ᠧᠮ᠂ ᠪᠡᠶ᠎ᠡ᠎ᠪᠠᠨ ᠳᠠᠭᠠᠭᠠᠵᠤ ᠡᠵᠡᠨ ᠮᠡᠳᠡᠬᠦ᠌ ᠨᠠᠢᠷᠠᠮᠳᠠᠯ᠎ᠤᠨ ᠭᠠᠳᠠᠭᠠᠳᠤ ᠬᠠᠷᠢᠯᠴᠠᠭᠠᠨ᠎ᠤ ᠲᠦᠷᠦ᠎ᠶ᠋ᠢᠨ ᠪᠤᠳᠤᠯᠭ᠎ᠠ᠂ ᠨᠠᠮ ᠪᠠ ᠤᠯᠤᠰ᠎ᠤᠨ ᠬᠢᠨᠠᠯᠲᠠ ᠲᠠᠯᠪᠢᠬᠤ ᠱᠢᠰᠲ᠋ᠧᠮ᠎ᠢ ᠪᠠᠷᠢᠮᠳᠠᠯᠠᠨ ᠲᠡᠭᠦᠯᠳᠡᠷᠵᠢᠭᠦᠯᠦᠨ᠎ᠡ ᠬᠡᠵᠦ᠍ ᠳᠤᠷᠠᠳᠪᠠ᠃ ᠦᠨᠳᠦᠰᠦᠨ ᠪᠠᠢᠭᠤᠯᠤᠯ᠂ ᠰᠠᠭᠤᠷᠢ ᠳᠦᠷᠢᠮ ᠪᠠ ᠴᠢᠬᠤᠯᠠ ᠳᠦᠷᠢᠮ᠎ᠢ ᠪᠦᠲᠦᠮᠵᠢᠲᠡᠶ ᠵᠣᠯᠭᠠᠭᠤᠯᠵᠦ᠍᠂ ᠬᠠᠮᠵᠢᠯᠴᠠᠨ ᠬᠦᠴᠦᠯᠡᠵᠦ᠍ ᠣᠷᠭᠠᠨᠢᠭ ᠪᠦᠬᠦᠯᠢ ᠴᠣᠭ᠍ᠴᠠ᠎ᠶ᠋ᠢ ᠪᠦᠷᠢᠯᠳᠦᠭᠦᠯᠬᠦ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠪᠠᠢᠭᠤᠯᠤᠯ᠎ᠤᠨ ᠨᠡᠩ ᠲᠡᠭᠦᠯᠳᠡᠷᠵᠢᠬᠦ᠌᠎ᠶ᠋ᠢ ᠠᠬᠢᠭᠤᠯᠵᠦ᠍᠂ ᠤᠯᠤᠰ᠎ᠤᠨ ᠵᠠᠰᠠᠯᠲᠠ᠎ᠶ᠋ᠢᠨ ᠱᠢᠰᠲ᠋ᠧᠮ ᠪᠣᠯᠤᠨ ᠵᠠᠰᠠᠯᠲᠠ᠎ᠶ᠋ᠢᠨ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢᠨ ᠲᠦᠪᠱᠢᠨ ᠢᠯᠡᠳᠲᠡ ᠳᠡᠭᠡᠭ᠌ᠰᠢᠯᠡᠵᠦ᠍᠂ ᠤᠯᠤᠰ ᠲᠥᠷᠥ᠎ᠶ᠋ᠢ ᠲᠣᠭ᠍ᠲᠠᠭᠤᠨ ᠪᠠᠢᠯᠭᠠᠬᠤ᠂ ᠠᠵᠤ ᠠᠬᠤᠶ᠎ᠶ᠋ᠢᠨ ᠬᠥᠭ᠌ᠵᠢᠯᠲᠡ᠂ ᠰᠣᠶᠣᠯ᠎ᠤᠨ ᠴᠡᠴᠡᠭ᠌ᠯᠡᠯᠲᠡ ᠂ ᠦᠨᠳᠦᠰᠦᠲᠡᠨ᠎ᠤ ᠪᠦᠯᠬᠦᠮᠳᠡᠯ᠂ ᠠᠷᠠᠳ ᠲᠦᠮᠡᠨ᠎ᠤ ᠵᠣᠯ ᠵᠢᠷᠭᠠᠯ᠂ ᠨᠡᠢᠭᠡᠮ᠎ᠤᠨ ᠠᠮᠤᠷ ᠲᠦᠪᠱᠢᠨ᠂ ᠤᠯᠤᠰ ᠣᠷᠣᠨ᠎ᠤ ᠨᠢᠭᠡᠳᠦᠯ᠎ᠳᠤ ᠬᠦᠴᠦᠲᠡᠶ ᠪᠠᠲᠤᠯᠠᠭ᠎ᠠ ᠬᠠᠩᠭᠠᠪᠠ᠃

ᠴᠠᠭ ᠦᠶ᠎ᠡ ᠬᠦᠮᠦᠨ᠎ᠢ ᠤᠷᠮᠠᠱᠢᠭᠤᠯᠵᠤ᠂ ᠡᠭᠦᠷᠭᠡ ᠬᠠᠷᠢᠭᠤᠴᠠᠯᠭ᠎ᠠ ᠡᠷᠴᠢ ᠬᠦᠴᠦᠨ ᠤᠯᠭᠤᠨ᠎ᠡ᠃ ᠱᠢᠨ᠎ᠡ ᠠᠶᠠᠨ ᠵᠠᠮ᠎ᠳᠤ᠂ ᠪᠢᠳᠡ ᠡᠪ ᠬᠠᠮᠲᠤ ᠶᠣᠰᠣᠨ᠎ᠤ ᠠᠯᠤᠰ᠎ᠤᠨ ᠬᠦᠰᠡᠯᠡᠩ ᠪᠣᠯᠤᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠬᠠᠮᠲᠤ᠎ᠶ᠋ᠢᠨ ᠬᠦᠰᠡᠯᠡᠩ᠎ᠢ ᠢᠮᠠᠭ᠍ᠲᠠ ᠪᠠᠲᠤ ᠰᠠᠬᠢᠵᠤ᠂ ᠠᠭᠤᠤ ᠶᠡᠭᠡ ᠨᠠᠮ ᠪᠠᠢᠭᠤᠯᠤᠭ᠍ᠰᠠᠨ ᠵᠣᠷᠢᠭ ᠰᠠᠨᠠᠭ᠎ᠠ᠎ᠶ᠋ᠢ ᠵᠠᠯᠭᠠᠮᠵᠢᠯᠠᠨ ᠪᠠᠳᠠᠷᠠᠭᠤᠯᠵᠤ᠂ ᠤᠭ ᠰᠠᠨᠠᠭ᠎ᠠ᠎ᠪᠠᠨ ᠦᠯᠦ᠍ ᠮᠠᠷᠳᠠᠨ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠤ᠂ ᠬᠠᠳᠠ ᠴᠢᠯᠠᠭᠤ ᠮᠡᠲᠦ ᠪᠠᠲᠤ ᠢᠲᠡᠭᠡᠯ᠂ ᠥᠷᠯᠥᠭᠡ ᠦᠳᠡᠰᠢ᠎ᠶ᠋ᠢ ᠲᠡᠮᠡᠴᠡᠬᠦ᠌ ᠡᠷᠴᠢ ᠵᠣᠷᠢᠭ᠂ ᠱᠢᠨᠲᠠᠷᠠᠰᠢ ᠦᠭᠡᠢ ᠬᠠᠳᠠᠨ ᠵᠣᠷᠢᠭ᠎ᠢᠶᠠᠷ᠂ ᠤᠷᠢᠳ ᠡᠮᠦᠨ᠎ᠡ ᠪᠠᠢᠭ᠎ᠠ ᠦᠭᠡᠢ ᠠᠭᠤᠤ ᠶᠡᠭᠡ ᠦᠢᠯᠡᠰ᠎ᠢ ᠯᠠᠪᠳᠠᠭᠤᠨ ᠪᠠᠲᠤᠲᠠᠢ ᠠᠬᠢᠭᠤᠯᠵᠤ᠂ ᠬᠤᠶᠠᠳᠤᠭᠠᠷ ᠵᠠᠭᠤᠨ ᠵᠢᠯ᠎ᠤᠨ ᠲᠡᠮᠡᠴᠡᠬᠦ᠌ ᠬᠠᠷᠠᠯᠲᠠ ᠲᠡᠢᠰᠢ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠳᠤᠮᠳᠠᠳᠤ᠎ᠶ᠋ᠢᠨ ᠵᠡᠭᠦᠳᠦ᠎ᠪᠠᠨ ᠲᠡᠷᠬᠡᠯᠱᠢᠬᠦᠯᠬᠦ᠌᠎ᠶ᠋ᠢᠨ ᠲᠦᠯᠦᠬᠡ ᠡᠷᠡᠯᠬᠡᠭ᠌ᠯᠡᠨ ᠤᠷᠤᠭ᠍ᠰᠢᠯᠠᠶ᠎ᠡ!

(ᠵᠣᠬᠢᠶᠠᠭ᠍ᠴᠢ᠎ᠶ᠋ᠢᠨ ᠨᠢᠭᠡᠴᠢ᠄ ᠥᠪᠥᠷ ᠮᠣᠩᠭᠤᠯ᠎ᠤᠨ ᠨᠡᠢᠭᠡᠮ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠤᠨ ᠮᠠᠷᠺᠰ᠎ᠤᠨ ᠦᠵᠡᠯ᠎ᠢ ᠰᠤᠳᠤᠯᠬᠤ ᠭᠠᠵᠠᠷ)

 

ᠠᠭᠤᠤ ᠶᠡᠭᠡ ᠵᠤᠷᠢᠭ ᠰᠠᠨᠠᠭ᠎ᠠ


QQ图片20210723091720.png


ᠰᠠᠢᠬᠠᠨᠳᠠᠪᠠᠭ᠎ᠠ᠎ᠶ᠋ᠢᠨ ᠵᠣᠷᠢᠭ ᠰᠠᠨᠠᠭ᠎ᠠ


QQ图片20210723091726.png


ᠬᠦᠳᠡᠯᠮᠤᠷᠢ᠎ᠶ᠋ᠢᠨ ᠵᠢᠱ᠌ᠢᠶᠡᠴᠢ᠎ᠶ᠋ᠢᠨ ᠵᠣᠷᠢᠭ ᠰᠠᠨᠠᠭ᠎ᠠ


QQ图片20210723091732.png


ᠤᠷᠠᠨ ᠲᠠᠷᠬᠠᠨ᠎ᠤ ᠵᠣᠷᠢᠭ ᠰᠠᠨᠠᠭ᠎ᠠ


QQ图片20210723091741.png


ᠰᠠᠷᠠᠨ ᠪᠦᠮᠪᠦᠷᠴᠡᠭ᠎ᠢ ᠬᠠᠢᠨ ᠱᠢᠨᠵᠢᠯᠡᠬᠦ᠌ ᠵᠣᠷᠢᠭ ᠰᠠᠨᠠᠭ᠎ᠠ


QQ图片20210723091749.png


ᠠᠭᠤᠤ ᠶᠡᠭᠡ ᠬᠢᠵᠢᠭ᠎ᠲᠠᠢ ᠲᠡᠮᠡᠴᠡᠬᠦ᠌ ᠵᠣᠷᠢᠭ ᠰᠠᠨᠠᠭ᠎ᠠ


QQ图片20210723091757.png


ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠱᠢᠪᠳᠤᠯᠬᠤ ᠵᠣᠷᠢᠭ ᠰᠠᠨᠠᠭ᠎ᠠ

 

ᠳᠤᠮᠤ ᠬᠡᠷᠡᠭ ᠶᠠᠪᠤᠳᠠᠯ

●2012 ᠣᠨ᠎ᠤ 11 ᠰᠠᠷ᠎ᠠ᠎ᠶ᠋ᠢᠨ 8 — 14 ᠎ᠤ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠪᠠᠨ ᠨᠠᠢ᠍ᠮᠠᠳᠤᠭᠠᠷ ᠤᠳᠠᠭᠠᠨ᠎ᠤ ᠪᠦᠬᠦ᠌ ᠤᠯᠤᠰ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ ᠬᠤᠷᠠᠯᠳᠤᠪᠠ᠃ ᠶᠡᠭᠡ ᠬᠤᠷᠠᠯ᠎ᠠᠴᠠ ᠪᠠᠲᠤᠯᠠᠭ᠍ᠰᠠᠨ 《ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠵᠠᠮ᠎ᠢᠶᠠᠷ ᠡᠷᠡᠰ ᠭᠤᠢᠪᠢᠰᠢ ᠦᠭᠡᠢ ᠤᠷᠤᠭ᠍ᠰᠢᠯᠠᠵᠤ᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌᠎ᠶ᠋ᠢᠨ ᠲᠥᠯᠥᠭᠡ ᠲᠡᠮᠡᠴᠡᠵᠡᠭᠡᠶ᠎ᠡ》 ᠭᠡᠬᠦ᠌ ᠢᠯᠡᠳᠭᠡᠯ᠎ᠨᠢ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌ ᠪᠠ ᠥᠭᠡᠷᠡᠴᠢᠯᠡᠯᠲᠡ ᠨᠡᠭᠡᠭᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠬᠠᠷᠠᠯᠲᠠ᠎ᠶ᠋ᠢ ᠲᠣᠭ᠍ᠲᠠᠭᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠵᠠᠮ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠤᠨᠤᠯ᠎ᠤᠨ ᠱᠢᠰᠲ᠋ᠧᠮ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠪᠠᠢᠭᠤᠯᠤᠯ᠎ᠤᠨ ᠱᠢᠨᠵᠢᠯᠡᠬᠦ᠌ ᠤᠬᠠᠭᠠᠨᠴᠢ ᠠᠭᠤᠯᠤᠭ᠍ᠳᠠᠬᠤᠨ ᠵᠢᠴᠢ ᠲᠡᠳᠡᠭᠡᠷ᠎ᠤᠨ ᠬᠤᠭᠤᠷᠣᠨᠳᠣᠬᠢ ᠬᠠᠷᠢᠯᠴᠠᠭ᠎ᠠ᠎ᠶ᠋ᠢ ᠲᠣᠳᠣᠷᠬᠠᠢᠯᠠᠪᠠ᠃

●2012 ᠣᠨ᠎ᠤ 11 ᠰᠠᠷ᠎ᠠ᠎ᠶ᠋ᠢᠨ 29 ᠎ᠤ ᠡᠳᠦᠷ᠂ ᠰᠢ᠎ᠶ᠋ᠢᠨ ᠫᠢᠩ ᠤᠯᠤᠰ᠎ᠤᠨ ᠮᠦᠽᠧᠢ᠎ᠳᠤ 《ᠰᠡᠷᠭᠦᠨ ᠮᠠᠨᠳᠤᠯᠲᠠ᠎ᠶ᠋ᠢᠨ ᠵᠠᠮ》 ᠭᠡᠬᠦ᠌ ᠦᠵᠡᠭᠦᠯᠭᠡ᠎ᠶ᠋ᠢ ᠲᠣᠭᠤᠷᠢᠨ ᠦᠵᠡᠬᠦ᠌᠎ᠳᠡᠭᠡᠨ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠪᠣᠯ ᠳᠤᠮᠳᠠᠳᠤ᠎ᠶ᠋ᠢᠨ ᠦᠨᠳᠦᠰᠦᠲᠡᠨ᠎ᠤ ᠤᠢ᠍ᠢᠷ᠎ᠠ ᠦᠶ᠎ᠡ᠎ᠠᠴᠠ ᠨᠠᠭᠠᠱᠢᠬᠢ ᠬᠠᠮᠤᠭ᠎ᠤᠨ ᠠᠭᠤᠤ ᠶᠡᠭᠡ ᠬᠦᠰᠡᠯ ᠵᠡᠭᠦᠳᠦ ᠮᠥᠨ ᠭᠡᠵᠡᠢ᠃

●2014 ᠣᠨ᠎ᠤ 10 ᠰᠠᠷ᠎ᠠ᠎ᠶ᠋ᠢᠨ 20 — 23 ᠎ᠤ ᠡᠳᠦᠷ ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠪᠠᠨ ᠨᠠᠢ᠍ᠮᠠᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠦᠭᠦᠳᠡ ᠬᠤᠷᠠᠯ ᠬᠤᠷᠠᠯᠳᠤᠪᠠ᠃ ᠪᠦᠭᠦᠳᠡ ᠬᠤᠷᠠᠯ᠎ᠠᠴᠠ 《ᠬᠠᠤᠯᠢ᠎ᠪᠠᠷ ᠤᠯᠤᠰ᠎ᠢᠶᠠᠨ ᠵᠠᠰᠠᠬᠤ᠎ᠶ᠋ᠢ ᠪᠦᠬᠦ᠌ ᠲᠠᠯ᠎ᠠ᠎ᠪᠠᠷ ᠲᠦᠯᠬᠢᠨ ᠠᠬᠢᠭᠤᠯᠬᠤ ᠴᠢᠬᠤᠯᠠ ᠶᠡᠭᠡ ᠠᠰᠠᠭᠤᠳᠠᠯ᠎ᠤᠳ᠎ᠤᠨ ᠲᠤᠬᠠᠢ ᠲᠣᠭ᠍ᠲᠠᠭᠠᠯ 》 ᠎ᠢ ᠪᠠᠲᠤᠯᠠᠵᠤ᠂ ᠬᠠᠤᠯᠢ᠎ᠪᠠᠷ ᠤᠯᠤᠰ᠎ᠢᠶᠠᠨ ᠵᠠᠰᠠᠬᠤ᠎ᠶ᠋ᠢ ᠪᠦᠬᠦ᠌ ᠲᠠᠯ᠎ᠠ᠎ᠪᠠᠷ ᠲᠦᠯᠬᠢᠨ ᠠᠬᠢᠭᠤᠯᠬᠤ᠎ᠶ᠋ᠢᠨ ᠶᠡᠷᠦᠩᠬᠡᠢ ᠬᠠᠷᠠᠯᠲᠠ ᠪᠣᠯ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠬᠠᠤᠯᠢᠵᠢᠯ᠎ᠤᠨ ᠱᠢᠰᠲ᠋ᠧᠮ᠎ᠢ ᠪᠠᠢᠭᠤᠯᠵᠤ᠂ ᠨᠡᠢᠭᠡᠮ ᠵᠢᠷᠤᠮ᠎ᠤᠨ ᠬᠠᠤᠯᠢᠵᠢᠯ᠎ᠤᠨ ᠤᠯᠤᠰ᠎ᠢ ᠪᠦᠲᠦᠭᠡᠨ ᠪᠠᠢᠭᠤᠯᠬᠤ ᠶᠠᠪᠤᠳᠠᠯ ᠪᠣᠯᠤᠨ᠎ᠠ ᠭᠡᠵᠦ᠍ ᠵᠢᠭᠠᠵᠤ ᠭᠠᠷᠭᠠᠪᠠ᠃

●2015 ᠣᠨ᠎ᠤ 10 ᠰᠠᠷ᠎ᠠ᠎ᠶ᠋ᠢᠨ 26 — 29 ᠎ᠤ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠪᠠᠨ ᠨᠠᠢ᠍ᠮᠠᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠲᠠᠪᠤᠳᠤᠭᠠᠷ ᠪᠦᠭᠦᠳᠡ ᠬᠤᠷᠠᠯ ᠬᠤᠷᠠᠯᠳᠤᠪᠠ᠃ ᠪᠦᠬᠦᠳᠡ ᠬᠤᠷᠠᠯ᠎ᠠᠴᠠ 《ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠤᠨ ᠬᠥᠭ᠌ᠵᠢᠯᠲᠡ᠎ᠶ᠋ᠢᠨ ᠠᠷᠪᠠᠨ ᠭᠤᠷᠪᠠᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢ ᠲᠣᠭ᠍ᠲᠠᠭᠠᠬᠤ ᠲᠤᠬᠠᠢ ᠰᠠᠨᠠᠭᠤᠯᠭ᠎ᠠ》 ᠎ᠶ᠋ᠢ ᠪᠠᠲᠤᠯᠠᠪᠠ᠃ ᠪᠦᠭᠦᠳᠡ ᠬᠤᠷᠠᠯ᠎ᠠᠴᠠ ᠠᠷᠠᠳ ᠲᠦᠮᠡᠨ᠎ᠢᠶᠠᠷ ᠭᠤᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠳᠤᠷᠠᠳᠴᠤ᠌᠂ ᠡᠷᠬᠡᠪᠰᠢ ᠱᠢᠨ᠎ᠡ᠎ᠶ᠋ᠢ ᠡᠭᠦᠳᠬᠦ᠂ ᠵᠣᠬᠢᠴᠠᠩᠭᠤᠢ᠂ ᠪᠣᠬᠢᠷᠲᠤᠯ ᠦᠭᠡᠢ᠂ ᠨᠡᠭᠡᠭᠡᠯᠲᠡᠲᠦ᠍᠂ ᠬᠠᠮᠲᠤ᠎ᠪᠠᠷ ᠡᠳ᠋ᠯᠡᠬᠦ᠌ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠠᠲᠤ ᠪᠤᠢ ᠪᠣᠯᠭᠠᠬᠤ᠎ᠶ᠋ᠢᠨ ᠬᠠᠮᠲᠤ ᠦᠨᠡᠨ ᠬᠦ᠌ ᠲᠤᠭᠤᠱᠢᠯᠠᠭᠤᠯᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃

●2017 ᠣᠨ᠎ᠤ 10 ᠰᠠᠷ᠎ᠠ᠎ᠶ᠋ᠢᠨ 18 — 24 ᠎ᠤ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠪᠠ ᠶᠢᠰᠦᠳᠦᠭᠡᠷ ᠤᠳᠠᠭ᠎ᠠ᠎ᠶ᠋ᠢᠨ ᠪᠦᠬᠦ᠌ ᠤᠯᠤᠰ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ ᠬᠤᠷᠠᠯᠳᠤᠪᠠ᠃ ᠶᠡᠭᠡ ᠬᠤᠷᠠᠯ᠎ᠠᠴᠠ ᠪᠠᠲᠤᠯᠠᠭ᠍ᠰᠠᠨ 《ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌ ᠱᠢᠢᠳᠪᠦᠷᠢᠲᠦ ᠢᠯᠠᠯᠲᠠ᠎ᠶ᠋ᠢ ᠤᠯᠬᠤ᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠠᠭᠤᠤ ᠶᠡᠭᠡ ᠢᠯᠠᠯᠲᠠ᠎ᠶ᠋ᠢ ᠲᠡᠮᠡᠴᠡᠨ ᠣᠯᠰᠤᠭᠠᠢ》 ᠬᠡᠬᠦ᠌ ᠢᠯᠡᠳᠭᠡᠯ᠎ᠳᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ ᠱᠢᠨ᠎ᠡ ᠴᠠᠭ ᠦᠶ᠎ᠡ᠎ᠳᠤ ᠣᠷᠣᠵᠤ᠂ ᠮᠠᠨ᠎ᠤ ᠤᠯᠤᠰ᠎ᠤᠨ ᠨᠡᠢᠭᠡᠮ᠎ᠤᠨ ᠭᠤᠣᠯ ᠵᠥᠷᠢᠴᠡᠯ ᠨᠢᠭᠡᠨᠲᠡ ᠠᠷᠠᠳ ᠲᠦᠮᠡᠨ᠎ᠤ ᠡᠳᠦᠷ ᠢᠷᠡᠬᠦᠶ᠎ᠡ ᠨᠡᠮᠡᠭ᠌ᠳᠡᠵᠦ᠍ ᠪᠠᠢᠭ᠎ᠠ ᠰᠠᠢᠨ ᠰᠠᠢᠬᠠᠨ ᠠᠮᠢᠳᠤᠷᠠᠯ᠎ᠤᠨ ᠬᠡᠷᠡᠭ᠌ᠴᠡᠭᠡ ᠪᠣᠯᠤᠨ ᠲᠡᠩᠴᠡᠭᠦᠷᠢ ᠥᠭᠡᠢ ᠭᠦᠢᠴᠡᠳ ᠥᠭᠡᠢ ᠬᠥᠭ᠌ᠵᠢᠯᠲᠡ᠎ᠶ᠋ᠢᠨ ᠬᠤᠭᠤᠷᠣᠨᠳᠣᠬᠢ ᠵᠥᠷᠢᠴᠡᠯ ᠪᠤᠯᠤᠭ᠍ᠰᠠᠨ ᠵᠡᠷᠭᠡ ᠴᠢᠬᠤᠯᠠ ᠶᠡᠭᠡ ᠤᠯᠤᠰ ᠲᠥᠷᠥ᠎ᠶ᠋ᠢᠨ ᠨᠤᠲᠠᠯᠠᠯᠲᠠ᠎ᠶ᠋ᠢ ᠲᠤᠷᠠᠳᠴᠠᠢ᠃

●2018 ᠣᠨ᠎ᠤ 1 ᠰᠠᠷ᠎ᠠ᠎ᠶ᠋ᠢᠨ 2 ᠎ᠤᠨ ᠡᠳᠦᠷ᠂ ᠨᠠᠮ᠎ᠤᠨ ᠲᠥᠪ ᠬᠤᠷᠢᠶ᠎ᠠ᠂ ᠲᠦᠷᠦ᠎ᠶ᠋ᠢᠨ ᠶᠠᠪᠤᠳᠠᠯ᠎ᠤᠨ ᠬᠤᠷᠢᠶ᠎ᠠ 《ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠤᠳᠤᠯᠭ᠎ᠠ᠎ᠶ᠋ᠢ ᠬᠡᠷᠡᠭ᠌ᠵᠢᠭᠦᠯᠬᠦ᠌ ᠲᠤᠬᠠᠢ ᠰᠠᠨᠠᠯ》 ᠎ᠢ ᠳᠠᠷᠤᠮᠠᠯᠯᠠᠨ ᠲᠠᠷᠬᠠᠭᠠᠪᠠ᠃ 6 ᠰᠠᠷ᠎ᠠ᠎ᠶ᠋ᠢᠨ 26 ᠎ᠤ ᠡᠳᠦᠷ᠂ ᠨᠠᠮ᠎ᠤᠨ ᠲᠥᠪ ᠬᠤᠷᠢᠶ᠎ᠠ᠂ ᠲᠦᠷᠦ᠎ᠶ᠋ᠢᠨ ᠶᠠᠪᠤᠳᠠᠯ᠎ᠤᠨ ᠬᠤᠷᠢᠶ᠎ᠠ 《ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠤᠳᠤᠯᠭ᠎ᠠ᠎ᠶ᠋ᠢᠨ ᠲᠥᠯᠥᠪᠵᠢᠭᠦᠯᠭᠡ (2018 — 2022 ᠤᠨ)》 ᠎ᠶ᠋ᠢ ᠳᠠᠷᠤᠮᠠᠯᠯᠠᠨ ᠲᠠᠷᠬᠠᠭᠠᠪᠠ᠃

●2019 ᠣᠨ᠎ᠤ 10 ᠰᠠᠷ᠎ᠠ᠎ᠶ᠋ᠢᠨ 28 — 31 ᠎ᠤ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠥᠬᠦᠳᠡ ᠬᠤᠷᠠᠯ ᠬᠤᠷᠠᠯᠳᠤᠪᠠ᠃ ᠪᠦᠬᠦᠳᠡ ᠬᠤᠷᠠᠯ᠎ᠠᠴᠠ 《ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠬᠦ᠂ ᠤᠯᠤᠰ᠎ᠤᠨ ᠵᠠᠰᠠᠯᠲᠠ᠎ᠶ᠋ᠢᠨ ᠱᠢᠰᠲ᠋ᠧᠮ ᠪᠣᠯᠤᠨ ᠵᠠᠰᠠᠯᠲᠠ᠎ᠶ᠋ᠢᠨ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢ ᠠᠬᠢᠭᠤᠯᠬᠤ ᠴᠢᠬᠤᠯᠠ ᠶᠡᠭᠡ ᠠᠰᠠᠭᠤᠳᠠᠯ᠎ᠤᠳ᠎ᠤᠨ ᠲᠤᠬᠠᠢ ᠲᠣᠭ᠍ᠲᠠᠭᠠᠯ》 ᠎ᠢ ᠪᠠᠲᠤᠯᠠᠪᠠ᠃

●2020 ᠣᠨ᠎ᠤ 1 ᠰᠠᠷ᠎ᠠ᠎ᠶ᠋ᠢᠨ 7 ᠎ᠤ ᠡᠳᠦᠷ᠂ ᠰᠢ᠎ᠶ᠋ᠢᠨ ᠫᠢᠩ ᠨᠠᠮ᠎ᠤᠨ ᠲᠥᠪ ᠬᠤᠷᠢᠶᠠᠨ᠎ᠤ ᠤᠯᠤᠰ ᠲᠥᠷᠥ᠎ᠶ᠋ᠢᠨ ᠲᠣᠪᠴᠢᠶᠠᠨ᠎ᠤ ᠪᠠᠢᠩᠭᠤ᠎ᠶ᠋ᠢᠨ ᠬᠤᠷᠢᠶᠠᠨ᠎ᠤ ᠬᠤᠷᠠᠯ᠎ᠢ ᠡᠷᠭᠢᠯᠡᠨ ᠬᠤᠷᠠᠯᠳᠤᠭᠤᠯᠬᠤ᠎ᠳᠠᠭᠠᠨ᠂ 2019 ᠣᠨ᠎ᠤ 12 ᠰᠠᠷ᠎ᠠ᠎ᠶ᠋ᠢᠨ 27 ᠎ᠤ ᠡᠳᠦᠷ᠎ᠠᠴᠠ ᠨᠠᠭᠠᠱᠢᠬᠢ ᠬᠤᠪᠧᠶ᠎ᠶ᠋ᠢᠨ ᠦᠬᠠᠨ᠎ᠤ ᠬᠢᠨᠠᠨ ᠬᠡᠮᠵᠢᠵᠦ᠍ ᠢᠯᠡᠷᠡᠭᠦᠯᠦᠭ᠌ᠰᠡᠨ ᠱᠢᠯᠲᠠᠭᠠᠨ᠎ᠨᠢ ᠲᠣᠳᠣᠷᠬᠠᠶ ᠥᠬᠡᠶ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠳᠤ ᠱᠠᠭᠠᠷᠳᠠᠯᠭ᠎ᠠ ᠳᠤᠷᠠᠳᠪᠠ᠃

●2020 ᠣᠨ᠎ᠤ 10 ᠰᠠᠷ᠎ᠠ᠎ᠶ᠋ᠢᠨ 26 — 29 ᠎ᠤ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠲᠠᠪᠤᠳᠤᠭᠠᠷ ᠪᠥᠬᠦᠳᠡ ᠬᠤᠷᠠᠯ ᠬᠤᠷᠠᠯᠳᠤᠪᠠ᠃ ᠪᠥᠬᠦᠳᠡ ᠬᠤᠷᠠᠯ᠎ᠠᠴᠠ 《ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠤᠨ ᠬᠥᠭ᠌ᠵᠢᠯᠲᠡ᠎ᠶ᠋ᠢᠨ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠪᠠ 2035 ᠣᠨ᠎ᠤ ᠠᠯᠤᠰ᠎ᠤᠨ ᠬᠠᠷᠠᠯᠲᠠ᠎ᠶ᠋ᠢ ᠲᠣᠭ᠍ᠲᠠᠭᠠᠬᠤ ᠲᠤᠬᠠᠶ ᠰᠠᠨᠠᠭᠤᠯᠭ᠎ᠠ》 ᠎ᠶ᠋ᠢ ᠪᠠᠲᠤᠯᠠᠪᠠ᠃

●2021 ᠣᠨ᠎ᠤ 2 ᠰᠠᠷ᠎ᠠ᠎ᠶ᠋ᠢᠨ 25 ᠎ᠤ ᠡᠳᠦᠷ᠂ ᠪᠥᠬᠦ᠌ ᠤᠯᠤᠰ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠠᠵᠢᠯ᠎ᠢ ᠳ᠋ᠦᠩᠨᠡᠵᠦ᠍ ᠬᠥᠬᠢᠭᠦᠯᠦᠨ ᠰᠠᠢᠱᠢᠶᠠᠬᠤ ᠶᠡᠭᠡ ᠬᠤᠷᠠᠯ ᠬᠤᠷᠠᠯᠳᠤᠪᠠ᠃ ᠰᠢ᠎ᠶ᠋ᠢᠨ ᠫᠢᠩ᠂ ᠮᠠᠨ᠎ᠤ ᠤᠯᠤᠰ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠳᠠᠢᠯᠠᠯᠳᠤᠭᠠᠨ ᠪᠦᠬᠦ᠌ ᠲᠠᠯ᠎ᠠ᠎ᠪᠠᠷ ᠢᠯᠠᠯᠲᠠ ᠤᠯᠪᠡ ᠭᠡᠵᠦ᠍ ᠨᠡᠢᠲᠡᠯᠡᠪᠡ ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号