ᠱᠢᠨ᠎ᠡ ᠠᠮᠢᠳᠤᠷᠠᠯ ᠱᠢᠨ᠎ᠡ ᠲᠠᠮᠠᠴᠡᠯ᠎ᠤᠨ ᠡᠬᠢᠯᠡᠯᠳᠡ
2021-07-25 10:55:22
ᠵᠣᠬᠢᠶᠠᠭ᠍ᠴᠢ᠄
ᠵᠶ᠋ᠢ ᠵᠧ ᠫᠧᠩ ᠦ᠋ ᠭᠤᠸᠠᠩ ᠢᠦᠢ ᠶᠠᠩ ᠵᠢᠩ ᠶᠠᠩ ᠰᠧ ᠴᠢ ᠾᠧ ᠵᠢᠶᠦ᠋ᠨ ᠸᠠᠩ ᠫᠧᠩ
ᠣᠩᠱᠢᠭ᠍ᠰᠠᠨ ᠣᠳᠠᠭ᠎ᠠ᠄
★★★☆☆

— ᠡᠯ᠎ᠡ ᠭᠠᠵᠠᠷ ᠤᠷᠤᠨ ᠶᠠᠳᠠᠭᠤ᠎ᠠᠴᠠ ᠠᠩᠭᠢᠵᠢᠷᠠᠭᠤᠯᠤᠭ᠍ᠰᠠᠨ ᠠᠮᠵᠢᠯᠳᠠ ᠪᠦᠲᠦᠮᠵᠢ᠎ᠪᠠᠨ ᠪᠠᠳᠤᠳᠭᠠᠵᠤ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠴᠢᠷᠮᠠᠢᠨ ᠠᠬᠢᠭᠤᠯᠵᠤ ᠪᠤᠢ

ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠡᠯᠭᠡᠯᠡᠬᠦ᠌ ᠶᠡᠭᠡ ᠬᠤᠷᠠᠯ ᠳᠡᠭᠡᠷ᠎ᠡ᠂ ᠶᠡᠷᠦᠩᠬᠡᠢ ᠱᠦᠵᠢ ᠰᠢ᠎ᠶ᠋ᠢᠨ ᠫᠢᠩ ᠨᠠᠮ ᠪᠣᠯᠤᠨ ᠠᠷᠠᠳ ᠲᠦᠮᠡᠨ᠎ᠤ ᠡᠮᠤᠨ᠎ᠡ᠎ᠠᠴᠠ᠄ 《ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠲᠠᠰᠤᠷᠠᠯᠳᠠ ᠦᠬᠡᠢ ᠴᠢᠷᠮᠠᠢᠨ ᠲᠡᠮᠡᠴᠡᠬᠦ᠌᠎ᠪᠠᠷ ᠳᠠᠮᠵᠢᠨ᠂ ᠪᠢᠳᠡ ᠨᠢᠭᠡᠳᠦᠭᠡᠷ ᠵᠠᠭᠤᠨ ᠵᠢᠯ᠎ᠤᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠵᠦ᠍᠂ ᠳᠤᠮᠳᠠᠳᠤ᠎ᠶ᠋ᠢᠨ ᠡᠬᠡ ᠭᠠᠵᠠᠷ᠎ᠲᠤ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠵᠦ᠍᠂ ᠳᠦᠢᠯ᠎ᠤᠨ ᠶᠠᠳᠠᠭᠤ ᠬᠦᠴᠢᠷᠳᠡᠯ᠎ᠤᠨ ᠠᠰᠠᠭᠤᠳᠠᠯ᠎ᠢ ᠲᠡᠦᠬᠡᠲᠦ ᠴᠢᠨᠠᠷᠲᠠᠢ᠎ᠪᠠᠷ ᠱᠢᠢᠳᠪᠦᠷᠢᠯᠡᠵᠦ᠍᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠦᠬᠦ᠌ ᠲᠠᠯ᠎ᠠ᠎ᠪᠠᠷ ᠪᠦᠳᠦᠬᠡᠨ ᠪᠠᠢᠭᠤᠯᠬᠤ ᠬᠤᠶᠠᠳᠤᠭᠠᠷ ᠵᠠᠭᠤᠨ ᠵᠢᠯ᠎ᠤᠨ ᠲᠡᠮᠡᠴᠡᠬᠦ᠌ ᠬᠠᠷᠠᠯᠲᠠ ᠲᠡᠢᠰᠢ ᠣᠮᠤᠭ ᠲᠡᠭᠦᠯᠳᠡᠷ ᠤᠷᠤᠭ᠍ᠰᠢᠯᠠᠵᠤ ᠪᠠᠢᠨ᠎ᠠ》 ᠬᠡᠵᠥ᠍ ᠳᠦᠪ ᠴᠢᠩᠭ᠎ᠠ᠎ᠪᠠᠷ ᠳᠤᠩᠬᠠᠬ᠍ᠯᠠᠵᠠᠢ᠃

ᠡᠨᠡ ᠬᠦ᠌ ᠳᠦᠪ ᠴᠢᠩᠭ᠎ᠠ ᠲᠤᠩᠬᠠᠭ᠍ᠯᠠᠯ᠎ᠨᠢ ᠬᠥᠬᠡᠮᠦᠷᠡᠨ᠎ᠤ ᠡᠮᠦᠨ᠎ᠡ ᠤᠮᠠᠷ᠎ᠠ᠎ᠳᠤ ᠴᠤᠤᠷᠢᠶᠠᠲᠤᠯ᠎ᠠ᠃ ᠶᠠᠳᠠᠭᠤ᠎ᠠᠴᠠ ᠠᠩᠭᠢᠵᠢᠷᠠᠭᠤᠯᠬᠤ ᠪᠣᠯ ᠡᠴᠦᠰ᠎ᠤᠨ ᠴᠡᠭ ᠪᠢᠰᠢ᠂ ᠬᠠᠷᠢᠨ ᠱᠢᠨ᠎ᠡ ᠠᠮᠢᠳᠤᠷᠠᠯ᠂ ᠱᠢᠨ᠎ᠡ ᠲᠡᠮᠡᠴᠡᠯ᠎ᠤᠨ ᠡᠬᠢᠯᠡᠯᠳᠡ ᠮᠥᠨ᠂ ᠡᠯ᠎ᠡ ᠭᠠᠵᠠᠷ᠎ᠤᠨ ᠺᠠᠳ᠋ᠷ ᠤᠯᠠᠨ ᠲᠦᠮᠡᠨ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ 《ᠪᠤᠤᠭᠢᠶ᠎ᠠ》 ᠎ᠶ᠋ᠢ ᠴᠢᠩᠭ᠎ᠠ  ᠠᠳᠭᠤᠵᠤ᠂ ᠢᠲᠡᠭᠡᠯ ᠲᠡᠭᠦᠯᠳᠡᠷ᠎ᠢᠶᠠᠷ ᠱᠢᠨ᠎ᠡ ᠠᠶᠠᠨ᠎ᠢᠶᠠᠨ ᠡᠬᠢᠯᠡᠭᠦᠯᠪᠡ᠃

ᠮᠢᠩᠭᠠᠨ ᠣᠨ᠎ᠤ ᠬᠦᠰᠡᠯ ᠵᠡᠭᠦᠳᠦ ᠥᠨᠥᠳᠦᠷ ᠲᠡᠷᠭᠡᠯᠱᠢᠯ᠎ᠡ

《ᠴᠢᠨᠡᠭᠡᠯᠢᠭ》 ᠭᠡᠬᠦ᠌ ᠦᠭᠡᠨ᠎ᠳᠤ ᠳᠤᠮᠳᠠᠳᠤ᠎ᠶ᠋ᠢᠨ ᠦᠨᠳᠦᠰᠦᠲᠡᠨ᠎ᠤ ᠵᠠᠭᠤᠨ ᠮᠢᠩᠭᠠᠨ ᠵᠢᠯ᠎ᠤᠨ ᠲᠤᠷᠱᠢᠬᠢ ᠠᠮᠤᠷ ᠲᠣᠭ᠍ᠲᠠᠭᠤᠨ ᠵᠣᠯ ᠵᠢᠷᠭᠠᠯᠲᠤ ᠠᠮᠢᠳᠤᠷᠠᠯ᠎ᠤᠨ ᠲᠤᠬᠠᠢ ᠬᠤᠪᠢᠷᠠᠰᠢ ᠦᠭᠡᠢ ᠬᠦᠰᠡᠯ ᠡᠷᠡᠮᠡᠯᠵᠡᠯ ᠠᠭᠤᠯᠤᠭ᠍ᠳᠠᠵᠤ ᠪᠤᠢ᠃

ᠡᠤ ᠮᠧᠩ ᠱᠠᠨ ᠠᠭᠤᠯᠠᠨ᠎ᠤ ᠲᠥᠪᠯᠡᠷᠡᠨ ᠵᠠᠯᠭᠠᠯᠳᠤᠭ᠍ᠰᠠᠨ ᠣᠨᠴᠠ ᠬᠦᠴᠢᠷᠳᠡᠯᠲᠡᠶ ᠭᠠᠵᠠᠷ ᠣᠷᠣᠨ᠎ᠳᠤ ᠪᠠᠢᠷᠢᠯᠠᠭ᠎ᠠ ᠶᠦᠨᠨᠠᠨ ᠮᠤᠵᠢ᠎ᠶ᠋ᠢᠨ ᠬᠤᠶ ᠽᠧ ᠱᠢᠶᠠᠨ᠎ᠳᠤ᠂ ᠣᠲᠣ ᠤᠨᠳᠤᠤ ᠭᠠᠵᠠᠷ᠎ᠲᠤ ᠨᠡᠭᠦᠯᠭᠡᠨ ᠶᠠᠳᠠᠭᠤ᠎ᠶ᠋ᠢ ᠲᠡᠳᠬᠦᠵᠦ᠍ ᠲᠥᠪᠬᠢᠨᠡᠭᠦᠯᠬᠦ᠌ ᠱᠢᠨ᠎ᠡ ᠬᠤᠲᠠ ᠰᠦᠨᠳᠡᠷᠯᠡᠨ ᠪᠤᠰᠴᠤ᠌᠂ ᠲᠠᠷᠢᠶᠠᠯᠠᠩ᠎ᠤᠨ ᠪᠦᠲᠦᠭᠡᠭ᠌ᠳᠡᠬᠦᠨ᠎ᠤ ᠵᠠᠬ᠎ᠠ ᠳᠡᠯᠭᠡᠭᠦᠷ᠂ ᠰᠤᠷᠭᠠᠭᠤᠯᠢ᠂ ᠡᠮᠨᠡᠯᠭᠡ᠎ᠶ᠋ᠢᠨ ᠬᠤᠷᠢᠶ᠎ᠠ ᠵᠡᠷᠭᠡ ᠴᠥᠮ ᠪᠠᠢᠭᠤᠯᠤᠬ᠍ᠳᠠᠵᠥ᠍᠂ 8 ᠲᠦᠮᠡ ᠭᠠᠷᠤᠶ ᠬᠥᠮᠦᠨ ᠠᠳᠡ ᠱᠢᠨ᠎ᠡ ᠠᠮᠢᠳᠤᠷᠠᠯ᠎ᠢᠶᠠᠨ ᠡᠬᠢᠯᠡᠭᠦᠯᠦᠯ᠎ᠠ᠃

7 ᠰᠠᠷ᠎ᠠ᠎ᠶ᠋ᠢᠨ 1 ᠎ᠤ ᠡᠳᠦᠷ᠂ ᠬᠤᠢ ᠽᠧ ᠱᠢᠨ᠎ᠡ ᠬᠤᠳᠠ᠎ᠨᠢ ᠪᠠᠶᠠᠷ᠎ᠤᠨ ᠡᠳᠦᠷ ᠮᠡᠲᠦ ᠬᠦᠷ ᠬᠦᠭ᠌ᠵᠢᠶᠡᠨ᠎ᠢᠶᠠᠷ ᠪᠢᠯᠬᠠᠵᠤ᠂ ᠨᠡᠢᠭᠡᠮ ᠲᠣᠭᠤᠷᠢᠭ᠎ᠤᠨ ᠦᠢᠯᠡᠴᠢᠯᠡᠭᠡᠨ᠎ᠤ ᠲᠥᠪ᠂ ᠠᠭᠤᠳᠠᠮ ᠲᠠᠯᠠᠪᠠᠢ᠎ᠠᠴᠠ ᠠᠪᠤᠭᠠᠳ ᠶᠠᠳᠠᠭᠤ᠎ᠶ᠋ᠢ ᠲᠡᠳᠬᠦᠬᠦ᠌ ᠦᠢᠯᠡᠳᠪᠦᠷᠢ᠎ᠶ᠋ᠢᠨ ᠲᠠᠰᠤᠭ ᠬᠦᠷᠲᠡᠯ᠎ᠡ᠂ ᠬᠥᠮᠦᠰ ᠶᠡᠷᠦᠩᠬᠡᠢ ᠱᠦᠵᠢ ᠰᠢ᠎ᠶ᠋ᠢᠨ ᠫᠢᠩ᠎ᠤᠨ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠡᠯᠭᠡᠯᠡᠬᠦ᠌ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ᠎ᠶ᠋ᠢ ᠰᠣᠨᠣᠰᠴᠤ᠌᠂ ᠤᠷᠮᠠᠱᠢᠨ ᠵᠣᠷᠢᠭ᠍ᠵᠢᠵᠥ᠍ ᠪᠠᠢᠪᠠ᠃

《ᠮᠠᠨ᠎ᠤ ᠵᠡᠭᠡᠯᠢ ᠭᠤᠳᠤᠮᠵᠢ᠎ᠳᠤ ᠣᠨᠳᠣᠣ ᠭᠠᠵᠠᠷ ᠨᠡᠭᠦᠯᠭᠡᠵᠦ᠍ ᠶᠠᠳᠠᠭᠤ᠎ᠶ᠋ᠢ ᠲᠡᠳᠬᠦᠬᠦ᠌ 3.1 ᠲᠦᠮᠡ ᠭᠠᠷᠤᠢ ᠬᠥᠮᠦᠨ᠎ᠢ ᠲᠥᠪᠬᠢᠨᠡᠭᠦᠯᠵᠡᠢ᠂ ᠵᠠᠯᠭᠠᠭᠠᠳ ᠪᠢᠳᠡ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠠᠲᠤ ᠪᠤᠢ ᠪᠣᠯᠭᠠᠵᠤ᠂ ᠣᠨᠳᠣᠣ ᠭᠠᠵᠠᠷ ᠨᠡᠭᠦᠯᠭᠡᠵᠦ᠍ ᠶᠠᠳᠠᠭᠤ᠎ᠶ᠋ᠢ ᠲᠡᠳᠬᠦᠬᠦ᠌ 〈ᠰᠡᠭᠦᠯᠴᠢ᠎ᠶ᠋ᠢᠨ ᠬᠠᠭᠠᠰ ᠬᠠᠭᠤᠳᠠᠰᠤ〉 ᠎ᠶ᠋ᠢ ᠪᠦᠬᠦ᠌ ᠲᠠᠯ᠎ᠠ᠎ᠪᠠᠷ ᠰᠠᠢᠲᠤᠷ ᠪᠢᠴᠢᠭ᠌ᠯᠡᠨ᠎ᠡ》 ᠭᠡᠵᠦ᠍ ᠬᠤᠢ ᠽᠧ ᠱᠢᠶᠠᠨ᠎ᠤ ᠢ ᠯᠢ ᠵᠡᠭᠡᠯᠢ ᠭᠤᠳᠤᠮᠵᠢ᠎ᠶ᠋ᠢᠨ ᠬᠡᠷᠡᠭ ᠡᠷᠬᠢᠯᠡᠬᠦ᠌ ᠭᠠᠵᠠᠷ᠎ᠤᠨ ᠡᠷᠬᠢᠯᠡᠭ᠌ᠴᠢ ᠯᠢᠦ ᠲᠢᠩ ᠴᠤᠤ ᠬᠡᠯᠡᠨ᠎ᠡ᠃

ᠶᠦᠨᠨᠠᠨ᠎ᠤ ᠬᠤᠢ ᠽᠧ ᠱᠢᠨ᠎ᠡ ᠬᠤᠳᠠ ᠪᠣᠯ ᠳᠤᠮᠳᠠᠳᠤ ᠤᠯᠤᠰ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠣᠯᠤᠭ᠍ᠰᠠᠨ ᠬᠤᠷᠢᠶᠠᠩᠭᠤᠢ ᠵᠢᠷᠤᠬ᠍ᠯᠠᠯ ᠪᠣᠯᠤᠨ᠎ᠠ᠃ ᠱᠢᠨ᠎ᠡ ᠠᠮᠢᠳᠤᠷᠠᠯ᠂ ᠱᠢᠨ᠎ᠡ ᠬᠤᠪᠢᠷᠠᠯᠲᠠ᠎ᠶ᠋ᠢ ᠤᠬ᠍ᠳᠤᠬ᠍ᠰᠠᠨ ᠵᠣᠯ ᠵᠢᠷᠭᠠᠯᠲᠤ ᠢᠨᠢᠶᠡᠮᠰᠦᠭ᠌ᠯᠡᠯ ᠭᠠᠵᠠᠷ ᠪᠤᠯᠭᠠᠨ᠎ᠳᠤ ᠬᠠᠷᠠᠬ᠍ᠳᠠᠨ᠎ᠠ᠃

ᠱᠢᠨᠵᠢᠶᠠᠩ᠎ᠤᠨ ᠠᠺᠰᠤ ᠬᠤᠳᠠ᠎ᠶ᠋ᠢᠨ ᠢᠭᠠᠨᠴᠢ ᠱᠢᠶᠠᠩ᠎ᠤᠨ ᠪᠠᠭ᠍ᠴᠢ ᠲᠣᠰᠭᠤᠨ᠂ ᠬᠤᠳᠠ᠎ᠶ᠋ᠢᠨ ᠲᠣᠭᠤᠷᠢᠭ᠎ᠠᠴᠠ ᠤᠢ᠍ᠢᠷᠠᠬᠠᠨ ᠪᠠᠢᠷᠢᠯᠠᠬ᠍ᠰᠠᠨ ᠳᠠᠪᠠᠭᠤᠯᠢᠭ᠎ᠲᠠᠭᠠᠨ ᠲᠦᠱᠢᠭ᠌ᠯᠡᠨ ᠬᠥᠳᠡᠭᠡ ᠲᠣᠰᠭᠤᠨ᠎ᠤ ᠵᠢᠭᠤᠯᠴᠢᠯᠠᠯ᠎ᠢ ᠬᠥᠭ᠌ᠵᠢᠭᠦᠯᠵᠦ᠍᠂ 2020 ᠣᠨ᠎ᠳᠤ ᠪᠦᠬᠦ᠌ ᠲᠣᠰᠭᠤᠨ᠎ᠤ ᠬᠥᠮᠦᠨ ᠳᠤᠮᠳᠠᠴᠢ᠎ᠶ᠋ᠢᠨ ᠣᠷᠣᠯᠭ᠎ᠠ 2 ᠲᠦᠮᠡᠨ ᠲᠥᠭᠦᠷᠢᠭ᠎ᠢ ᠳᠠᠪᠠᠪᠠ᠃

ᠭᠠᠨᠰᠦ᠎ᠶ᠋ᠢᠨ ᠳ᠋ᠢᠩ ᠰᠢ ᠬᠤᠲᠠ᠎ᠶ᠋ᠢᠨ ᠯᠢᠨ ᠲᠤᠤ ᠱᠢᠶᠠᠨ᠎ᠳᠤ᠂ ᠲᠤᠬᠠᠶ᠎ᠶ᠋ᠢᠨ ᠭᠠᠵᠠᠷ᠎ᠤᠨ᠎ᠬᠢᠨ ᠲᠠᠷᠢᠶᠠᠯᠠᠩ᠎ᠤᠨ ᠬᠡᠷᠡᠭ᠌ᠰᠡᠯ᠎ᠢ ᠱᠢᠭᠤᠳ ᠬᠠᠩᠭᠠᠬᠤ᠂ ᠬᠥᠷᠥᠰᠥ᠎ᠶ᠋ᠢ ᠱᠢᠯᠭᠠᠨ ᠪᠣᠷᠲᠣᠭᠤᠷ ᠣᠷᠣᠭᠤᠯᠬᠤ ᠵᠡᠷᠭᠡ  ᠦᠢᠯᠡᠴᠢᠯᠡᠭᠡ᠎ᠶ᠋ᠢ ᠬᠠᠩᠭᠠᠬᠤ᠎ᠪᠠᠷ ᠲᠡᠮᠵᠢᠭᠤᠯᠤᠨ᠂ ᠲᠠᠷᠢᠶᠠᠴᠢᠨ ᠡᠷᠦᠬᠡ᠎ᠶ᠋ᠢᠨ ᠲᠠᠷᠢᠶᠠᠯᠠᠭ᠎ᠠ᠎ᠶ᠋ᠢᠨ ᠥᠪᠡᠷ᠎ᠤᠨ ᠥᠷᠲᠡᠭ᠎ᠢ ᠶᠡᠭᠡ᠎ᠪᠠᠷ ᠠᠷᠪᠢᠯᠠᠵᠤ᠂ ᠲᠠᠴᠢᠷ ᠨᠢᠮᠭᠡᠨ ᠭᠠᠵᠠᠷ ᠱᠢᠷᠣᠶ᠎ᠠᠴᠠ 《ᠡᠷᠳᠡᠨᠢ》 ᠡᠪᠤᠷᠳᠤᠯᠡᠬᠦ᠌ ᠪᠤᠯᠪᠠ᠃

ᠳᠠᠷᠪᠠᠭᠤᠯ ᠬᠡᠢᠰᠭᠡᠨ ᠱᠢᠨ᠎ᠠ ᠠᠶᠠᠨ᠎ᠳᠠᠭᠠᠨ ᠳᠠᠬᠢᠨ ᠮᠣᠷᠳᠠᠨ᠎ᠠ

ᠶᠠᠳᠠᠭᠤ᠎ᠠᠴᠠ ᠠᠩᠭᠢᠵᠢᠷᠠᠭᠤᠯᠬᠤ ᠪᠣᠯ ᠵᠥᠪᠬᠡᠨ ᠳᠦᠷᠦᠬᠦᠴᠢ᠎ᠶ᠋ᠢᠨ ᠠᠯᠬᠤᠮ᠂ ᠰᠠᠢᠨ ᠰᠠᠢᠬᠠᠨ ᠠᠮᠢᠳᠤᠷᠠᠯ ᠬᠤᠢᠨ᠎ᠠ᠎ᠨᠢ ᠪᠤᠢ᠃

ᠪᠤᠷᠤᠭᠠᠨ᠎ᠤ ᠲᠠᠷᠠᠭ᠎ᠠ᠂ ᠬᠠᠷᠠᠮᠥ᠋ᠷᠡᠨ ᠮᠤᠵᠢ᠎ᠶ᠋ᠢᠨ ᠪᠦᠦ ᠴᠢᠩ ᠱᠢᠶᠠᠨ᠎ᠤ ᠪᠦᠦ ᠴᠢᠩ ᠪᠠᠯᠭᠠᠰᠤᠨ᠎ᠤ ᠱᠤᠸᠠᠩ ᠴᠢᠤᠸᠠᠨ ᠲᠣᠰᠭᠤᠨ᠎ᠤ ᠢᠳᠡᠱᠢᠨ ᠮᠦᠬᠦ᠌᠎ᠶ᠋ᠢᠨ ᠰᠠᠭᠤᠷᠢᠨ᠎ᠳᠤ᠂ ᠲᠣᠰᠭᠤᠨ᠎ᠤ ᠠᠷᠠᠳ ᠳᠡᠯᠳᠡᠦ ᠲᠡᠭᠦᠵᠦ᠍ ᠶᠠᠭᠠᠷᠠᠯᠳᠤᠨ᠎ᠠ᠃ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶ᠎ᠠ᠎ᠶ᠋ᠢ ᠰᠣᠨᠣᠰᠤᠭᠠᠳ ᠲᠣᠰᠭᠤᠨ᠎ᠤ ᠠᠷᠠᠳ ᠢᠷᠡᠭᠡᠳᠦᠢ᠎ᠳᠡᠭᠡᠨ ᠢᠲᠡᠭᠡᠯ ᠳᠦᠭᠦᠷᠡᠩ ᠪᠠᠢᠯ᠎ᠠ᠃

《ᠬᠥᠳᠡᠭᠡ ᠠᠵᠤ ᠠᠬᠤᠢ᠎ᠶ᠋ᠢ ᠥᠪᠡᠷᠮᠢᠴᠡ ᠣᠨᠴᠠᠯᠢᠭ᠎ᠲᠠᠢ ᠪᠤᠯᠭᠠᠵᠤ᠂ ᠠᠷᠠᠳ ᠤᠯᠠᠨ᠎ᠤ ᠠᠮᠢᠳᠤᠷᠠᠯ᠎ᠢ ᠨᠡᠩ ᠥᠭᠡᠳᠡ᠎ᠲᠠᠢ ᠪᠣᠯᠭᠠᠨ᠎ᠠ》᠃ ᠲᠤᠬᠠᠢ᠎ᠶ᠋ᠢᠨ ᠭᠠᠵᠠᠷ᠎ᠤᠨ ᠢᠳᠡᠱᠢᠨ ᠮᠦᠬᠦ᠌ ᠲᠠᠷᠢᠬᠤ ᠲᠤᠰᠭᠠᠢ ᠬᠤᠷᠱᠢᠶ᠎ᠠ᠎ᠶ᠋ᠢᠨ ᠬᠡᠷᠡᠭ ᠡᠷᠬᠢᠯᠡᠭ᠌ᠴᠢᠳ᠎ᠤᠨ ᠳᠠᠷᠤᠭ᠎ᠠ ᠵᠢᠤᠢ ᠱᠢᠤ ᠴᠢᠨ᠂ 2018 ᠣᠨ᠎ᠠᠴᠠ ᠨᠠᠭᠠᠰᠢ᠂ ᠪᠢᠯᠢᠭ᠌ᠲᠦ ᠳᠡᠯᠳᠡᠦ᠂ ᠳᠡᠯᠳᠡᠦ ᠲᠠᠷᠢᠵᠤ᠂ ᠤᠯᠠᠭᠠᠨ ᠨᠠᠷᠠᠰᠤᠨ᠎ᠤ ᠴᠢᠰᠤᠨ ᠡᠪᠡᠷ᠎ᠢ ᠬᠥᠭ᠌ᠵᠢᠭᠦᠯᠵᠦ᠍᠂ ᠬᠤᠷᠱᠢᠶ᠎ᠠ᠎ᠨᠢ ᠨᠡᠢᠳᠡ 400 ᠭᠠᠷᠤᠢ ᠶᠠᠳᠠᠭᠤ ᠬᠦᠴᠢᠷᠳᠡᠯᠲᠡᠢ ᠡᠷᠦᠬᠡ᠎ᠶ᠋ᠢ ᠲᠠᠢᠴᠢᠯᠠᠨ ᠶᠠᠳᠠᠭᠤ᠎ᠠᠴᠠ ᠠᠩᠭᠢᠵᠢᠷᠠᠭᠤᠯᠵᠤ᠂ ᠡᠷᠦᠬᠡ ᠪᠦᠷᠢ᠎ᠶ᠋ᠢᠨ ᠣᠷᠣᠯᠭ᠎ᠠ᠎ᠶ᠋ᠢ ᠵᠢᠯ ᠪᠦᠷᠢ 3000 ᠲᠥᠭᠦᠷᠢᠭ᠎ᠠᠴᠠ 8000 ᠲᠥᠭᠦᠷᠢᠭ ᠨᠡᠮᠡᠭ᠌ᠳᠡᠭᠦᠯᠵᠠᠢ᠂ ᠡᠨᠡ ᠵᠢᠯ ᠨᠡᠩ ᠤᠯᠠᠨ ᠶᠠᠳᠠᠭᠤ᠎ᠠᠴᠠ ᠠᠩᠭᠢᠵᠢᠷᠠᠬ᠍ᠰᠠᠨ ᠡᠷᠦᠬᠡ᠎ᠶ᠋ᠢᠨ ᠣᠷᠣᠯᠭ᠎ᠠ᠎ᠶ᠋ᠢ ᠨᠡᠮᠡᠭ᠌ᠳᠡᠬᠦᠯᠬᠦ᠌᠎ᠪᠠᠷ ᠲᠥᠯᠥᠪᠯᠡᠵᠦ᠍ ᠪᠠᠢᠨ᠎ᠠ ᠭᠡᠪᠡ᠃

ᠮᠠᠨ᠎ᠤ ᠤᠯᠤᠰ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠳᠠᠢᠯᠠᠯᠳᠤᠭᠠᠨ ᠨᠢᠭᠡᠨᠲᠡ ᠪᠦᠬᠦ᠌ ᠲᠠᠯ᠎ᠠ᠎ᠶ᠋ᠢᠨ ᠢᠯᠠᠯᠲᠠ᠎ᠶ᠋ᠢ ᠣᠯᠵᠤ᠂ 《ᠬᠥᠳᠡᠭᠡ ᠠᠵᠤ ᠠᠬᠤᠢ ᠬᠥᠳᠡᠭᠡ ᠲᠣᠰᠭᠤᠨ ᠲᠠᠷᠢᠶᠠᠴᠢᠨ》 ᠎ᠤ ᠠᠵᠢᠯ᠎ᠤᠨ ᠭᠤᠣᠯᠳᠠᠯᠭ᠎ᠠ ᠶᠠᠭ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠲᠡᠢᠰᠢ ᠲᠡᠦᠬᠡᠲᠦ ᠴᠢᠨᠠᠷᠲᠠᠢ᠎ᠪᠠᠷ ᠱᠢᠯᠵᠢᠵᠦ᠍᠂ 《ᠠᠷᠪᠠᠨ ᠳᠥᠷᠪᠡᠳᠦᠭᠡᠷ ᠲᠠᠪᠤᠨ ᠵᠢᠯ》 ᠎ᠤᠨ ᠲᠥᠯᠥᠪᠵᠢᠭᠦᠯᠭᠡ᠎ᠶ᠋ᠢᠨ ᠬᠥᠲᠥᠯᠪᠦᠷᠢ᠎ᠳᠤ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠦᠬᠦ᠌ ᠲᠠᠯ᠎ᠠ᠎ᠪᠠᠷ ᠠᠬᠢᠭᠤᠯᠬᠤ᠎ᠶ᠋ᠢ ᠬᠡᠷᠡᠭ᠌ᠵᠢᠬᠦᠯᠬᠦ᠌ ᠠᠷᠭ᠎ᠠ ᠵᠠᠮ ᠪᠠ ᠠᠷᠭ᠎ᠠ  ᠬᠡᠮᠵᠢᠶ᠎ᠡ᠎ᠶ᠋ᠢ ᠳᠤᠳᠤᠷᠬᠠᠢᠯᠠᠪᠠ; ᠨᠠᠮ᠎ᠤᠨ ᠲᠥᠪ ᠬᠤᠷᠢᠶ᠎ᠠ᠂ ᠲᠦᠷᠦ᠎ᠶ᠋ᠢᠨ ᠶᠠᠪᠤᠳᠠᠯ᠎ᠤᠨ ᠬᠤᠷᠢᠶ᠎ᠠ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠤᠭ᠍ᠰᠠᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠭᠡᠬᠦ᠌᠎ᠶ᠋ᠢ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠢ ᠵᠣᠯᠭᠠᠭᠤᠯᠬᠤ᠎ᠶ᠋ᠢ ᠪᠡᠶᠡᠯᠡᠭᠦᠯᠬᠦ᠌ ᠲᠤᠬᠠᠢ ᠰᠠᠨᠠᠯ᠎ᠢ ᠨᠡᠢᠲᠡᠯᠡᠪᠡ ᠁ ᠮᠠᠨ᠎ᠤ ᠤᠯᠤᠰ᠎ᠤᠨ ᠬᠦᠳᠡᠭᠡ ᠳᠤᠰᠭᠤᠨ᠎ᠢ ᠬᠦᠭ᠌ᠵᠢᠬᠦᠯᠦᠨ ᠮᠠᠨᠳᠤᠭᠤᠯᠬᠤ ᠦᠵᠦ᠍ ᠳᠦᠯᠦᠪᠯᠡᠭᠡ ᠶᠠᠪᠤᠬᠤ ᠳᠤᠳᠤᠮ ᠳᠡᠬᠦᠯᠳᠡᠷᠵᠢᠵᠥ᠍ ᠪᠤᠢ᠃

ᠣᠳᠣᠬᠠᠨ᠎ᠳᠤ᠂ ᠡᠯ᠎ᠡ ᠭᠠᠵᠠᠷ᠎ᠤᠨ᠎ᠬᠢᠨ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠬᠡᠪᠴᠢᠶᠡᠵᠢᠯ᠎ᠤᠨ ᠴᠢᠨᠠᠷᠲᠠᠶ ᠳᠠᠬᠢᠨ ᠶᠠᠳᠠᠭᠤᠷᠠᠬᠤ ᠪᠠᠢᠳᠠᠯ ᠡᠭᠦᠰᠭᠦ ᠥᠬᠡᠶ ᠪᠠᠢᠬᠤ ᠬᠤᠷᠢᠭ᠎ᠠ ᠱᠤᠭᠤᠮ᠎ᠢ ᠡᠷᠡᠰ ᠰᠠᠬᠢᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠤᠬ᠍ᠰᠠᠨ ᠦᠷ᠎ᠡ ᠪᠦᠲᠦᠭᠡᠯ᠎ᠢ ᠪᠠᠬᠢᠵᠢᠭᠦᠯᠬᠦ᠌ ᠲᠠᠯ᠎ᠠ᠎ᠪᠠᠷ ᠪᠣᠳᠠᠲᠠᠶ ᠠᠷᠭ᠎ᠠ ᠬᠡᠮᠵᠢᠶ᠎ᠡ ᠠᠪᠴᠤ᠌᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠲᠠᠯ᠎ᠠ᠎ᠪᠠᠷ ᠱᠢᠨ᠎ᠡ ᠪᠠᠢᠳᠠᠯ᠎ᠢ ᠨᠡᠬᠡᠬᠡᠵᠤ ᠪᠤᠢ᠃

2020 ᠣᠨ᠎ᠤ ᠡᠬᠢ᠎ᠪᠠᠷ᠂ ᠰᠧᠴᠤᠸᠠᠨ ᠮᠤᠵᠢ 53 ᠱᠢᠶᠠᠨ (ᠬᠤᠳᠠ᠂ ᠲᠣᠭᠤᠷᠢᠭ) ᠎ᠳᠤ ᠬᠠᠷᠢᠴᠠᠩᠭᠤᠢ ᠶᠠᠳᠠᠭᠤ ᠬᠦᠴᠢᠷᠳᠡᠯ᠎ᠢ ᠱᠢᠢᠳᠪᠦᠷᠢᠯᠡᠬᠦ᠌ ᠤᠷᠳᠤ ᠬᠤᠭᠤᠴᠠᠭᠠᠨ᠎ᠤ ᠪᠦᠲᠦᠮᠵᠢᠲᠤ ᠲᠣᠭ᠍ᠲᠡᠴᠡ᠎ᠶ᠋ᠢ ᠪᠠᠢᠭᠤᠯᠬᠤ ᠲᠤᠷᠱᠢᠯᠲᠠ᠎ᠶ᠋ᠢᠨ ᠴᠡᠭ᠎ᠤᠨ ᠠᠵᠢᠯᠯᠠᠭ᠎ᠠ᠎ᠶ᠋ᠢ ᠥᠷᠨᠢᠭᠦᠯᠪᠡ᠃ ᠡᠨᠡ ᠵᠢᠯ᠎ᠤᠨ 4 ᠰᠠᠷ᠎ᠠ᠎ᠳᠤ᠂ ᠰᠧᠴᠤᠸᠠᠨ ᠬᠥᠳᠡᠭᠡ ᠲᠣᠰᠭᠤᠨ᠎ᠤ ᠣᠷᠣᠯᠭ᠎ᠠ ᠲᠤᠤᠷ᠎ᠠ ᠬᠥᠮᠦᠰ᠂ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ ᠭᠥᠷᠳᠡᠬᠦ᠌᠎ᠳᠤ ᠬᠥᠪᠡᠭᠡᠳᠡᠭ᠌ᠰᠡᠨ ᠡᠷᠦᠬᠡ ᠪᠠ ᠶᠠᠳᠠᠭᠤ᠎ᠠᠴᠠ ᠠᠩᠭᠢᠵᠢᠷᠠᠭ᠍ᠰᠠᠨ ᠡᠷᠦᠬᠡ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠳᠠᠬᠢᠨ ᠶᠠᠳᠠᠭᠤᠷᠠᠬᠤ ᠪᠠ ᠶᠠᠳᠠᠭᠤᠷᠠᠬᠤ ᠪᠤᠯᠤᠮᠵᠢ᠎ᠲᠠᠢ ᠡᠷᠦᠬᠡ᠎ᠶ᠋ᠢᠨ ᠲᠦᠭ᠌ᠰᠢᠭᠦᠷᠢ᠎ᠶ᠋ᠢ ᠠᠷᠢᠯᠭᠠᠬᠤ ᠠᠵᠢᠯᠯᠠᠭ᠎ᠠ᠎ᠶ᠋ᠢ ᠪᠥᠬᠦ᠌ ᠲᠠᠯ᠎ᠠ᠎ᠪᠠᠷ ᠥᠷᠨᠢᠭᠦᠯᠪᠡ᠃

ᠶᠦᠨᠨᠠᠨ ᠮᠤᠵᠢ ᠤᠯᠤᠰ ᠪᠠ ᠮᠤᠵᠢ᠎ᠶ᠋ᠢᠨ ᠲᠠᠰ᠎ᠤᠨ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠭᠤᠤᠯᠳᠠᠯᠭ᠎ᠠ᠎ᠲᠠᠢ ᠬᠠᠪᠰᠤᠷᠤᠨ ᠲᠡᠳᠬᠦᠬᠦ᠌ ᠱᠢᠶᠠᠨ᠎ᠢ ᠲᠣᠳᠣᠷᠬᠠᠢᠯᠠᠵᠤ᠂ ᠲᠥᠪ᠎ᠤᠨ ᠲᠤᠰᠭᠠᠶ ᠳᠦᠷᠦᠯ᠎ᠤᠨ ᠪᠠᠯᠠ ᠮᠥᠩᠭᠦ᠎ᠶ᠋ᠢ ᠴᠠᠭ ᠲᠤᠬᠠᠶ᠎ᠳᠤᠨᠢ 80.14 ᠳ᠋ᠦᠩᠱᠢᠭᠤᠷ ᠲᠥᠭᠦᠷᠢᠭ ᠪᠠᠭᠤᠯᠭᠠᠵᠤ᠂ ᠮᠤᠵᠢ᠎ᠶ᠋ᠢᠨ ᠲᠠᠰ᠎ᠤᠨ ᠲᠤᠰᠭᠠᠶ ᠳᠦᠷᠦᠯ᠎ᠤᠨ ᠪᠠᠯᠠ ᠮᠥᠩᠭᠦ᠎ᠶ᠋ᠢ 29.94 ᠳ᠋ᠦᠩᠱᠢᠭᠤᠷ ᠲᠥᠭᠦᠷᠢᠭ ᠪᠠᠭᠤᠯᠭᠠᠵᠤ᠂ ᠶᠠᠳᠠᠭᠤ᠎ᠠᠴᠠ ᠠᠩᠭᠢᠵᠢᠷᠠᠭ᠍ᠰᠠᠨ ᠬᠥᠮᠦᠨ ᠠᠮᠠ᠎ᠶ᠋ᠢᠨ ᠪᠠᠭ᠎ᠠ ᠲᠣᠭᠠᠨ᠎ᠤ ᠢᠲᠡᠭᠡᠮᠵᠢᠲᠦ ᠵᠢᠭᠡᠯᠡᠯᠭᠡ᠎ᠶ᠋ᠢ ᠱᠢᠨ᠎ᠡ᠎ᠪᠠᠷ 8 ᠳ᠋ᠦᠩᠱᠢᠭᠤᠷ ᠲᠥᠭᠦᠷᠢᠭ ᠨᠡᠮᠡᠭ᠌ᠳᠡᠭᠦᠯᠪᠡ᠃

ᠬᠥᠳᠡᠭᠡ ᠠᠵᠤ ᠠᠬᠤᠢ ᠬᠦᠴᠦᠷᠬᠡᠭ᠂ ᠬᠥᠳᠡᠭᠡ ᠲᠣᠰᠭᠤᠨ ᠦᠵᠡᠰᠭᠦᠯᠡᠩᠲᠦ ᠰᠠᠢᠬᠠᠨ᠂ ᠲᠠᠷᠢᠶᠠᠴᠢᠨ ᠪᠠᠶᠠᠨ ᠴᠢᠨᠡᠭᠡᠯᠢᠭ ᠳᠤᠮᠳᠠᠳᠤ ᠤᠯᠤᠰ᠎ᠤᠨ ᠬᠥᠳᠡᠭᠡ ᠲᠣᠰᠭᠤᠨ᠎ᠤ ᠱᠢᠨ᠎ᠡ ᠵᠢᠷᠤᠭ ᠠᠯᠭᠤᠷᠬᠠᠨ ᠳᠡᠯᠭᠡᠭ᠌ᠳᠡᠵᠤ ᠪᠠᠢᠨ᠎ᠠ᠃

ᠰᠠᠨᠠᠬ᠍ᠰᠠᠨ᠎ᠳᠠᠭᠠᠨ ᠬᠦᠷᠬᠦ᠌᠎ᠪᠠᠷ ᠱᠢᠨᠳᠠᠷᠠᠰᠢ ᠦᠬᠡᠢ ᠴᠢᠷᠮᠠᠢᠨ᠎ᠠ

ᠶᠡᠷᠦᠩᠬᠡᠶ ᠱᠦᠵᠢ ᠰᠢ᠎ᠶ᠋ᠢᠨ ᠫᠢᠩ᠎ᠤᠨ 《7 · 1》 ᠎ᠤ ᠴᠢᠬᠤᠯᠠ ᠶᠠᠷᠢᠶ᠎ᠠ᠎ᠨᠢ ᠡᠯ᠎ᠡ ᠭᠠᠵᠠᠷ᠎ᠤᠨ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠳᠤ ᠣᠷᠣᠯᠴᠠᠵᠤ ᠪᠠᠢᠭ᠎ᠠ ᠨᠠᠮ᠎ᠤᠨ ᠭᠡᠱᠢᠭᠦᠨ ᠺᠠᠳ᠋ᠷᠴᠤᠳ᠎ᠤᠨ ᠰᠡᠳᠭᠢᠯ᠎ᠢ ᠳᠣᠭ᠍ᠳᠣᠯᠤᠭᠤᠯᠵᠤ᠂ ᠲᠡᠮᠡᠴᠡᠯ᠎ᠤᠨ ᠵᠣᠷᠢᠭ᠎ᠢ ᠬᠥᠪᠴᠢᠯᠡᠨ᠎ᠡ᠃ ᠲᠡᠳᠡ ᠢᠲᠡᠭᠡᠯ ᠵᠣᠷᠢᠭ᠎ᠢᠶᠠᠨ ᠪᠠᠲᠤᠳᠭᠠᠨ ᠨᠠᠮ᠎ᠢᠶᠠᠨ ᠳᠠᠭᠠᠵᠤ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠦᠢᠯᠡᠰ᠎ᠲᠤ ᠠᠯᠢᠪᠠ᠎ᠪᠠᠨ ᠡᠷᠭᠦᠨ᠎ᠡ ᠬᠡᠵᠥ᠍ ᠢᠯᠡᠳᠭᠡᠵᠡᠬᠡᠪᠡ᠃

ᠡᠨᠡ ᠵᠢᠯ᠎ᠤᠨ 6 ᠰᠠᠷ᠎ᠠ᠎ᠳᠤ᠂ ᠰᠧᠴᠤᠸᠠᠨ ᠮᠤᠵᠢ᠎ᠶ᠋ᠢᠨ ᠬᠥᠳᠡᠭᠡ ᠲᠣᠰᠭᠤᠨ᠎ᠳᠤ ᠰᠣᠩᠭᠤᠨ ᠲᠣᠮᠢᠯᠠᠭ᠍ᠰᠠᠨ 2099 ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠣᠨᠴᠠ ᠲᠣᠮᠢᠯᠠᠭ᠍ᠳᠠᠭ᠍ᠴᠢ᠎ᠶ᠋ᠢᠨ ᠨᠢᠭᠡ᠂ ᠲᠣᠰᠭᠤᠨ᠎ᠳᠤ ᠰᠠᠭᠤᠵᠤ ᠶᠠᠳᠠᠭᠤ᠎ᠶ᠋ᠢ ᠲᠡᠳᠬᠦᠬᠦ᠌ ᠠᠵᠢᠯ᠎ᠢ ᠬᠢᠵᠦ᠍ ᠥᠩᠭᠡᠷᠡᠭ᠌ᠰᠡᠨ ᠪᠠᠷᠠᠭᠤᠨ ᠡᠮᠦᠨᠡᠲᠦ᠎ᠶ᠋ᠢᠨ ᠠᠨᠠᠭᠠᠬᠤ ᠤᠬᠠᠭᠠᠨ᠎ᠤ ᠶᠡᠭᠡ ᠰᠤᠷᠭᠠᠭᠤᠯᠢ᠎ᠶ᠋ᠢᠨ ᠳᠡᠳ᠋ ᠫᠷᠤᠹᠧᠰᠰᠤᠷ ᠱᠢᠶᠠ ᠵᠶ᠋ᠢ ᠢ ᠳᠠᠬᠢᠨᠲᠠ ᠭᠤᠶᠤᠴᠢᠯᠠᠵᠤ᠂ ᠳ᠋ᠠ ᠯᠢᠶᠠᠩ ᠱᠠᠨ᠎ᠤ ᠵᠤᠤ ᠵᠢᠤᠸᠠᠢ ᠱᠢᠶᠠᠨ᠎ᠳᠤ ᠪᠤᠴᠠᠪᠠ᠃ ᠥᠩᠭᠡᠷᠡᠭ᠌ᠰᠡᠨ 3 ᠵᠢᠯ᠎ᠳᠤ᠂ ᠲᠡᠷᠡ ᠠᠳᠡᠬᠢ ᠲᠣᠰᠭᠤᠨ᠎ᠤ ᠠᠷᠠᠳ᠎ᠢ ᠳᠠᠭᠠᠭᠤᠯᠤᠨ 250 ᠭᠠᠷᠤᠢ ᠮᠦ᠍᠎ᠶ᠋ᠢᠨ ᠥᠨᠳᠥᠷ ᠭᠠᠵᠠᠷ᠎ᠲᠠᠬᠢ ᠬᠤᠨᠴᠢᠨ ᠲᠠᠷᠢᠬᠤ ᠰᠠᠭᠤᠷᠢᠨ᠎ᠢ ᠪᠠᠢᠭᠤᠯᠵᠤ᠂ 600 ᠱᠢᠬᠠᠮ ᠶᠠᠳᠠᠭᠤ ᠬᠦᠴᠢᠷᠳᠡᠯᠲᠡᠢ ᠬᠥᠮᠦᠨ ᠠᠮᠠ᠎ᠶ᠋ᠢ ᠶᠠᠳᠠᠭᠤ᠎ᠠᠴᠠ ᠠᠩᠭᠢᠵᠢᠷᠠᠭᠤᠯᠪᠠ᠃

《ᠬᠤᠢᠱᠢᠳᠠ᠂ ᠪᠢᠳᠡ ᠶᠡᠷᠦᠩᠬᠡᠢ ᠱᠦᠵᠢ᠎ᠶ᠋ᠢᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠲᠠᠢᠨ᠎ᠤ ᠲᠠᠯᠠᠪᠤᠷ᠎ᠲᠤ ᠦᠷᠭᠦᠯᠵᠢᠯᠡᠨ ᠥᠪᠡᠷ᠎ᠤᠨ ᠲᠤᠰᠭᠠᠢ ᠮᠡᠷᠭᠡᠵᠢᠯ᠎ᠤᠨ ᠮᠡᠳᠡᠯᠭᠡ᠎ᠪᠠᠷ᠎ᠢᠶᠠᠨ ᠬᠥᠳᠡᠭᠡ ᠲᠣᠰᠭᠤᠨ᠎ᠳᠤ ᠦᠢᠯᠡᠴᠢᠯᠡᠵᠦ᠍᠂ ᠤᠯᠠᠨ ᠲᠦᠮᠡᠨ᠎ᠤ ᠴᠢᠨᠡᠭᠡᠯᠢᠭ᠌ᠵᠢᠯ᠎ᠤᠨ ᠵᠠᠮ᠎ᠢ ᠨᠡᠩ ᠯᠠᠪᠳᠠᠭᠤᠨ ᠪᠠᠲᠤᠲᠠᠢ ᠪᠣᠯᠭᠠᠨ᠎ᠠ》 ᠭᠡᠵᠦ᠍ ᠱᠢᠶᠠ ᠵᠢᠶ ᠢ ᠬᠡᠯᠡᠪᠠ᠃

ᠬᠦᠰᠡᠯ ᠵᠡᠬᠦᠳᠤ᠎ᠪᠠᠨ ᠳᠡᠷᠬᠡᠯᠱᠢᠬᠦᠯᠬᠦ᠌᠎ᠳᠤ ᠪᠤᠳᠠᠳᠠᠢ ᠠᠵᠢᠯᠯᠠᠬᠤ᠎ᠶ᠋ᠢ ᠱᠠᠭᠠᠷᠳᠠᠨ᠎ᠠ᠃ ᠡᠯ᠎ᠡ ᠭᠠᠵᠠᠷ᠎ᠤᠨ᠎ᠬᠢᠨ ᠲᠣᠰᠭᠤᠨ᠎ᠳᠤ ᠰᠠᠭᠤᠭ᠎ᠠ ᠨᠢᠭᠡᠳᠦᠭᠡᠷ ᠱᠦᠵᠢ ᠪᠣᠯᠤᠨ ᠠᠵᠢᠯᠯᠠᠬᠤ ᠠᠩᠭᠢ᠂ ᠵᠡᠭᠦᠨ ᠪᠠᠷᠠᠭᠤᠨ ᠬᠡᠰᠡᠭ᠎ᠤᠨ ᠭᠠᠵᠠᠷ ᠣᠷᠣᠨ ᠬᠠᠮᠵᠢᠯᠴᠠᠬᠤ᠂ ᠠᠵᠢᠯ ᠲᠥᠷᠥᠯ᠎ᠢᠶᠠᠷ᠎ᠢᠶᠠᠨ ᠬᠠᠮᠵᠢᠯᠴᠠᠬᠤ᠂ ᠨᠡᠢᠭᠡᠮ᠎ᠠᠴᠠ ᠬᠠᠪᠰᠤᠷᠤᠨ ᠲᠡᠳᠬᠦᠬᠦ᠌ ᠵᠡᠷᠭᠡ ᠲᠦᠷᠢᠮ᠎ᠢ ᠪᠦᠷᠢᠨᠱᠢᠭᠦᠯᠦᠨ ᠲᠡᠭᠦᠯᠳᠡᠷᠵᠢᠭᠦᠯᠦᠨ᠂ ᠰᠠᠨᠠᠬ᠍ᠰᠠᠨ᠎ᠳᠠᠭᠠᠨ ᠬᠦᠷᠬᠦ᠌᠎ᠪᠠᠷ ᠱᠢᠨᠳᠠᠷᠠᠰᠢ ᠦᠬᠡᠢ ᠴᠢᠷᠮᠡᠢᠬᠤ ᠰᠦᠰᠦ ᠵᠤᠷᠢᠭ᠎ᠢᠶᠠᠷ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠬᠤᠶᠠᠷ ᠶᠡᠭᠡ ᠳᠠᠢᠯᠠᠯᠳᠤᠭᠠᠨ᠎ᠢ  ᠰᠠᠢᠲᠤᠷ ᠬᠢᠵᠦ᠍ ᠢᠯᠠᠯᠲᠠ᠎ᠶ᠋ᠢ ᠤᠯᠬᠤ᠎ᠪᠠᠷ ᠬᠦᠴᠦᠯᠡᠵᠤ ᠪᠠᠢᠨ᠎ᠠ᠃

ᠶᠦᠨᠨᠠᠨ ᠮᠤᠵᠢ 290 ᠮᠤᠵᠢ᠎ᠶ᠋ᠢᠨ ᠲᠡᠰ᠎ᠤᠨ ᠨᠢᠭᠡᠴᠢ ᠱᠢᠶᠠᠩ᠎ᠢ ᠳᠠᠭᠠᠭᠠᠴᠢᠯᠠᠨ ᠲᠣᠰᠭᠤᠨ᠎ᠳᠤ ᠰᠠᠭᠤᠬᠤ᠎ᠶ᠋ᠢ ᠦᠷᠬᠦᠯᠵᠢᠯᠡᠨ ᠬᠡᠷᠡᠭ᠌ᠵᠢᠬᠦᠯᠵᠤ᠂  ᠵᠢᠱ᠌ᠢᠶ᠎ᠡ ᠦᠵᠡᠭᠦᠯᠦᠨ ᠬᠦᠳᠦᠯᠥᠨ ᠳᠠᠭᠠᠭᠤᠯᠬᠤ᠎ᠶ᠋ᠢ ᠠᠳᠭᠤᠵᠦ᠍᠂ 2.5 ᠲᠦᠮᠡᠨ ᠠᠵᠢᠯᠯᠠᠬᠤ ᠠᠩᠬᠢ᠎ᠶ᠋ᠢᠨ ᠭᠡᠱᠢᠭᠦᠨ᠎ᠢ ᠲᠣᠰᠭᠤᠨ᠎ᠳᠤ ᠲᠣᠮᠢᠯᠠᠪᠠ; ᠬᠠᠷᠠᠮᠥ᠋ᠷᠡᠨ ᠮᠤᠵᠢ ᠬᠠᠪᠰᠤᠷᠤᠨ ᠲᠡᠳᠬᠦᠬᠦ᠌ ᠭᠤᠤᠯ ᠲᠥᠷᠥ᠎ᠶ᠋ᠢᠨ ᠪᠣᠳᠣᠯᠭ᠎ᠠ᠎ᠶ᠋ᠢ ᠶᠡᠷᠦᠩᠬᠡᠶ᠎ᠳᠤᠨᠢ ᠲᠣᠭ᠍ᠲᠠᠭᠤᠨ ᠪᠠᠢᠬᠤ᠎ᠶ᠋ᠢ ᠪᠠᠳᠤᠯᠠᠵᠤ᠂ ᠲᠣᠰᠭᠤᠨ᠎ᠳᠤ ᠰᠠᠭᠤᠭ᠎ᠠ ᠨᠢᠭᠡᠳᠦᠭᠡᠷ ᠱᠦᠵᠢ ᠪᠠ ᠠᠵᠢᠯᠯᠠᠬᠤ ᠠᠩᠭᠢ ᠵᠡᠷᠭᠡ ᠲᠦᠷᠢᠮ᠎ᠢ ᠪᠠᠷᠢᠮᠲᠠᠯᠠᠨ ᠲᠡᠭᠦᠯᠳᠡᠷᠵᠢᠭᠦᠯᠪᠡ᠃

《ᠱᠢᠨ᠎ᠡ ᠠᠶᠠᠨ᠎ᠳᠤ᠂ ᠪᠢ ᠦᠷᠭᠦᠯᠵᠢᠯᠡᠨ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠳᠤ ᠰᠠᠭᠤᠷᠢᠯᠠᠵᠤ᠂ ᠤᠨᠴᠠᠯᠢᠬ᠍ᠳᠤ ᠠᠵᠤ ᠦᠢᠯᠡᠰ᠎ᠢ ᠬᠥᠭ᠌ᠵᠢᠭᠦᠯᠵᠦ᠍᠂ ᠠᠷᠠᠳ ᠤᠯᠠᠨ᠎ᠤ ᠪᠠᠴᠢᠮᠳᠠᠵᠥ᠍᠂ ᠳᠦᠪᠡᠭ᠌ᠳᠡᠵᠥ᠍᠂ ᠵᠣᠪᠠᠨᠢᠵᠥ᠍᠂ ᠬᠦᠰᠡᠵᠥ᠍ ᠪᠠᠢᠭ᠎ᠠ ᠠᠰᠠᠭᠤᠳᠠᠯ᠎ᠢ ᠰᠠᠢᠲᠤᠷ ᠱᠢᠢᠳᠪᠦᠷᠢᠯᠡᠵᠦ᠍᠂ ᠨᠡᠩ ᠰᠠᠢᠨ ᠰᠠᠢᠬᠠᠨ ᠱᠢᠨ᠎ᠡ ᠠᠮᠢᠳᠤᠷᠠᠯ᠎ᠢ ᠴᠣᠭ᠍ᠴᠠᠯᠠᠬᠤ᠎ᠶ᠋ᠢᠨ ᠲᠥᠯᠥᠭᠡ ᠴᠢᠷᠮᠠᠢᠨ᠎ᠠ》 ᠬᠡᠵᠥ᠍ ᠪᠦᠬᠦ᠌ ᠤᠯᠤᠰ᠎ᠤᠨ ᠱᠢᠯᠢᠳᠡᠭ ᠡᠪ ᠬᠠᠮᠲᠤ ᠨᠠᠮ᠎ᠤᠨ ᠭᠡᠱᠢᠭᠦᠨ᠂ ᠬᠠᠷᠠᠮᠥ᠋ᠷᠡᠨ ᠮᠤᠵᠢ᠎ᠶ᠋ᠢᠨ ᠰᠦᠢ ᠯᠢᠩ ᠱᠢᠶᠠᠨ᠎ᠤ ᠺᠤᠤ ᠱᠠᠨ ᠱᠢᠶᠠᠩ᠎ᠤᠨ ᠺᠤᠤ ᠱᠠᠨ ᠲᠣᠰᠭᠤᠨ᠎ᠤ ᠤᠤᠯ᠎ᠤᠨ ᠨᠢᠭᠡᠳᠦᠭᠡᠷ ᠱᠦᠵᠢ ᠴᠧᠨ ᠬᠤᠸᠠ ᠶᠠᠷᠢᠵᠤ ᠪᠠᠢᠯ᠎ᠠ᠃

ᠤᠷᠲᠤ ᠤᠳᠠᠭᠠᠨ ᠠᠶᠠᠨ᠎ᠤ ᠵᠠᠮ᠎ᠳᠤ ᠡᠷᠡᠮᠡᠬᠡᠢᠯᠡᠨ ᠲᠡᠮᠡᠴᠡᠬᠦ᠌ ᠯᠡ ᠬᠡᠷᠡᠭ᠌ᠳᠡᠢ᠃ ᠡᠯ᠎ᠡ ᠭᠠᠵᠠᠷ᠎ᠤᠨ ᠺᠠᠳ᠋ᠷ ᠣᠯᠠᠨ ᠲᠦᠮᠡᠨ ᠶᠠᠬ ᠬᠤᠶᠠᠳᠤᠭᠠᠷ ᠵᠠᠭᠤᠨ ᠵᠢᠯ᠎ᠤᠨ ᠲᠡᠮᠡᠴᠡᠬᠦ᠌ ᠬᠠᠷᠠᠯᠲᠠ ᠲᠠᠢᠰᠢ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠳᠤᠮᠳᠠᠳᠤ᠎ᠶ᠋ᠢᠨ ᠵᠡᠭᠦᠳᠦ᠎ᠶ᠋ᠢ ᠲᠡᠷᠬᠡᠯᠱᠢᠬᠦᠯᠬᠦ᠌᠎ᠶ᠋ᠢᠨ ᠲᠦᠯᠦᠬᠡ ᠵᠤᠷᠢᠬ ᠪᠤᠰᠤᠭ᠎ᠠ ᠵᠢᠪᠬᠤᠭ᠎ᠠ ᠳᠡᠬᠦᠯᠳᠡᠷ ᠡᠷᠡᠯᠬᠡᠭ᠌ᠯᠡᠨ ᠤᠷᠤᠭ᠍ᠰᠢᠯᠠᠵᠤ ᠪᠠᠢᠨ᠎ᠠ! 

 (ᠱᠢᠨᠬᠤᠸᠠ ᠬᠤᠷᠢᠶᠠᠨ᠎ᠤ ᠪᠡᠬᠡᠵᠢᠩ᠎ᠤᠨ 7 ᠰᠠᠷ᠎ᠠ᠎ᠶ᠋ᠢᠨ 5 ᠎ᠤ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号