ᠮᠠᠨ᠎ᠤ ᠤᠷᠤᠨ ᠲᠠᠪᠤᠨ ᠵᠢᠯ᠎ᠳᠤ 7200 ᠭᠠᠷᠤᠢ ᠲᠦᠮᠡᠨ ᠮᠦ᠍ ᠡᠯᠡᠰᠦᠷᠬᠡᠭ᠌ᠵᠢᠭ᠌ᠰᠡᠨ ᠭᠠᠵᠠᠷ᠎ᠢ ᠵᠠᠰᠠᠪᠠ
2021-07-25 09:55:39
ᠵᠣᠬᠢᠶᠠᠭ᠍ᠴᠢ᠄
ᠰᠠᠷᠭᠠᠢ
ᠣᠩᠱᠢᠭ᠍ᠰᠠᠨ ᠣᠳᠠᠭ᠎ᠠ᠄
★★★☆☆

ᠥᠩᠭᠡᠷᠡᠭ᠌ᠰᠡᠨ ᠲᠠᠪᠤᠨ ᠵᠢᠯ᠎ᠳᠤ ᠮᠠᠨ᠎ᠤ ᠤᠷᠤᠨ ᠨᠡᠢᠲᠡ 7197.5 ᠲᠦᠮᠡᠨ ᠮᠥ᠍ ᠡᠯᠡᠰᠦᠷᠬᠡᠭ᠌ᠵᠢᠭ᠌ᠰᠡᠨ ᠭᠠᠵᠠᠷ᠎ᠢ ᠵᠠᠰᠠᠵᠤ᠂ ᠪᠥᠬᠦ᠌ ᠤᠯᠤᠰ᠎ᠤᠨ ᠡᠯᠡᠰᠦᠷᠬᠡᠭ᠌ᠵᠢᠭ᠌ᠰᠡᠨ ᠭᠠᠵᠠᠷ᠎ᠤᠨ ᠵᠠᠰᠠᠯᠲᠠ᠎ᠶ᠋ᠢᠨ ᠲᠠᠯᠠᠪᠠᠶ᠎ᠶ᠋ᠢᠨ 40 ᠎ᠶ᠋ᠢ ᠲᠠᠪᠠᠵᠤ᠂ 《ᠡᠯᠡᠰᠦ ᠤᠷᠤᠭ᠍ᠰᠢᠯᠠᠵᠤ ᠬᠥᠮᠦᠨ ᠤᠬᠤᠷᠢᠵᠤ》 ᠪᠠᠢᠭ᠍ᠰᠠᠨ᠎ᠠᠴᠠ᠎ᠪᠠᠨ 《ᠡᠪᠡᠰᠤ ᠮᠤᠳᠤ ᠤᠷᠤᠭ᠍ᠰᠢᠯᠠᠵᠤ ᠡᠯᠡᠰᠦ ᠮᠠᠩᠬ᠎ᠠ ᠤᠬᠤᠷᠢᠭ᠍ᠰᠠᠨ》 ᠬᠤᠪᠢᠷᠠᠯᠲᠠ ᠭᠠᠷᠴᠠᠢ᠃

ᠮᠠᠨ᠎ᠤ ᠤᠷᠤᠨ ᠪᠤᠯ ᠪᠥᠬᠦ᠌ ᠤᠯᠤᠰ᠎ᠤᠨ ᠴᠦᠯᠯᠡᠷᠭᠡᠭ᠌ᠵᠢᠭ᠌ᠰᠡᠨ ᠪᠠ ᠡᠯᠡᠰᠦᠷᠬᠡᠭ᠌ᠵᠢᠭ᠌ᠰᠡᠨ ᠭᠠᠵᠠᠷ ᠨᠤᠳᠤᠭ ᠬᠠᠮᠤᠭ᠎ᠤᠨ ᠲᠥᠪᠯᠡᠷᠡᠭ᠌ᠰᠡᠨ᠂ ᠡᠯᠡᠰᠤᠨ᠎ᠤ ᠬᠥᠨᠥᠭᠡᠯ᠎ᠢᠶᠠᠷ ᠬᠠᠮᠤᠭ᠎ᠤᠨ ᠬᠦᠨᠳᠦ ᠨᠣᠴᠢᠲᠠᠶ ᠮᠤᠵᠢ ᠣᠷᠣᠨ᠎ᠤ ᠨᠢᠭᠡ ᠪᠠᠢᠵᠤ᠂ ᠪᠠᠳᠠᠶ᠎ᠶ᠋ᠢᠨ ᠵᠢᠷᠠᠨ᠎ᠤ ᠡᠯᠡᠰᠤ᠂ ᠲᠩᠷᠢ ᠡᠯᠡᠰᠦ᠂ ᠤᠯᠠᠭᠠᠨᠪᠤᠬ᠎ᠠ᠎ᠶ᠋ᠢᠨ ᠡᠯᠡᠰᠤ᠂ ᠬᠥᠪᠴᠢ᠎ᠶ᠋ᠢᠨ ᠡᠯᠡᠰᠤ ᠵᠡᠷᠬᠡ ᠳᠥᠷᠪᠡᠨ ᠶᠡᠭᠡ ᠡᠯᠡᠰᠦᠨ ᠴᠦᠯ ᠪᠤᠯᠤᠨ ᠮᠤᠤᠠᠤᠰᠤ᠎ᠶ᠋ᠢᠨ ᠡᠯᠡᠰᠦᠷᠬᠡᠭ ᠭᠠᠵᠠᠷ᠂ ᠬᠤᠯᠠᠨ ᠱᠢᠷᠭ᠎ᠠ ᠲᠠᠭ᠎ᠠ᠎ᠶ᠋ᠢᠨ ᠡᠯᠡᠰᠦᠷᠬᠡᠭ ᠭᠠᠵᠠᠷ᠂ ᠬᠤᠷᠴᠢᠨ᠎ᠤ ᠡᠯᠡᠰᠦᠷᠬᠡᠭ ᠭᠠᠵᠠᠷ᠂ ᠬᠥᠯᠥᠨ ᠪᠤᠢᠷ᠎ᠤᠨ ᠡᠯᠡᠰᠦᠷᠬᠡᠭ ᠭᠠᠵᠠᠷ ᠵᠡᠷᠬᠡ ᠳᠥᠷᠪᠡᠨ ᠶᠡᠭᠡ ᠡᠯᠡᠰᠦᠷᠬᠡᠭ ᠭᠠᠵᠠᠷ᠎ᠲᠠᠢ ᠶᠤᠮ᠃ ᠴᠦᠯᠯᠡᠷᠭᠡᠭ᠌ᠵᠢᠭ᠌ᠰᠡᠨ ᠭᠠᠵᠠᠷ᠎ᠤᠨ ᠲᠠᠯᠠᠪᠠᠶ 9.14 ᠳ᠋ᠦᠩᠱᠢᠭᠤᠷ ᠮᠥ᠎ᠳᠤ ᠬᠦᠷᠴᠦ᠍᠂ ᠪᠥᠬᠦ᠌ ᠤᠯᠤᠰ᠎ᠤᠨ ᠴᠦᠯᠯᠡᠷᠭᠡᠭ᠌ᠵᠢᠭ᠌ᠰᠡᠨ ᠭᠠᠵᠠᠷ ᠨᠤᠳᠤᠭ᠎ᠤᠨ ᠲᠠᠯᠠᠪᠠᠶ᠎ᠶ᠋ᠢᠨ 23.3% ᠎ᠶ᠋ᠢ ᠡᠵᠡᠯᠡᠵᠤ᠂ ᠡᠯᠡᠰᠦᠷᠬᠡᠭ᠌ᠵᠢᠭ᠌ᠰᠡᠨ ᠭᠠᠵᠠᠷ᠎ᠤᠨ ᠲᠠᠯᠠᠪᠠᠶ 6.12 ᠳ᠋ᠦᠩᠱᠢᠭᠤᠷ ᠮᠥ᠎ᠳᠤ ᠬᠦᠷᠴᠦ᠍᠂ ᠪᠥᠬᠦ᠌ ᠤᠯᠤᠰ᠎ᠤᠨ ᠡᠯᠡᠰᠦᠷᠬᠡᠭ᠌ᠵᠢᠭ᠌ᠰᠡᠨ ᠭᠠᠵᠠᠷ ᠨᠤᠳᠤᠭ᠎ᠤᠨ ᠲᠠᠯᠠᠪᠠᠶ᠎ᠶ᠋ᠢᠨ 23.7% ᠎ᠶ᠋ᠢ ᠡᠵᠡᠯᠡᠵᠤ ᠪᠠᠢᠨ᠎ᠠ᠃

ᠮᠠᠨ᠎ᠤ ᠤᠷᠤᠨ ᠡᠯᠡᠰᠦᠷᠭᠡᠭ᠌ᠵᠢᠯ᠎ᠢ ᠰᠡᠷᠭᠡᠢᠯᠡᠨ ᠡᠯᠡᠰᠦ᠎ᠶ᠋ᠢ ᠵᠠᠰᠠᠬᠤ᠎ᠶ᠋ᠢ ᠤᠮᠠᠷᠠᠲᠤ᠎ᠶ᠋ᠢᠨ ᠠᠮᠢ ᠠᠬᠤᠶ᠎ᠶ᠋ᠢᠨ ᠠᠮᠤᠷ ᠲᠦᠪᠱᠢᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ ᠴᠢᠬᠤᠯᠠ ᠠᠵᠢᠯ ᠪᠤᠯᠭᠠᠵᠤ᠂ ᠡᠯᠡᠰᠦᠷᠬᠡᠭ᠌ᠵᠢᠯ᠎ᠢ ᠰᠡᠷᠬᠡᠢᠯᠡᠨ ᠡᠯᠡᠰᠦ᠎ᠶ᠋ᠢ ᠵᠠᠰᠠᠬᠤ ᠴᠢᠬᠤᠯᠠ ᠶᠡᠭᠡ ᠢᠨᠵᠧᠨᠧᠷᠢᠩ᠎ᠢᠶᠠᠷ ᠠᠴᠢᠶᠠᠯᠠᠪᠤᠷᠢ ᠪᠤᠯᠭᠠᠨ᠂ ᠪᠠᠢᠭᠠᠯᠢ ᠪᠠ ᠠᠵᠤ ᠠᠬᠤᠶ᠎ᠶ᠋ᠢᠨ ᠵᠢᠮ᠎ᠡ ᠶᠣᠰᠣ᠎ᠶ᠋ᠢ ᠵᠢᠷᠤᠮᠯᠠᠨ᠂ ᠡᠯᠡᠰᠦᠷᠬᠡᠭ᠌ᠵᠢᠯ᠎ᠢ ᠰᠡᠷᠬᠡᠢᠯᠡᠨ ᠡᠯᠡᠰᠦ᠎ᠶ᠋ᠢ ᠵᠠᠰᠠᠬᠤ ᠠᠵᠢᠯ᠎ᠢ ᠱᠢᠨᠵᠢᠯᠡᠬᠦ᠌ ᠤᠬᠠᠭᠠᠨᠴᠢ᠎ᠪᠠᠷ ᠠᠬᠢᠭᠤᠯᠵᠠᠢ᠃ ᠦᠢᠯᠡᠳᠦᠯᠭᠡ᠎ᠶ᠋ᠢᠨ ᠳᠤᠮᠳᠠ ᠤᠷᠢᠳ᠎ᠢᠶᠠᠷ ᠣᠢᠵᠢᠭᠤᠯᠵᠤ ᠳᠠᠷᠠᠭ᠎ᠠ᠎ᠨᠢ ᠨᠥᠬᠦᠪᠥᠷᠢ ᠥᠭ᠌ᠬᠦ᠂ ᠲᠤᠰᠭᠠᠶ ᠠᠩᠬᠢ᠎ᠳᠤ ᠲᠠᠭᠠᠭᠠᠯᠭᠠᠨ ᠤᠢ᠍ᠢᠵᠢᠭᠤᠯᠬᠤ ᠮᠡᠳᠤ᠎ᠶ᠋ᠢᠨ ᠡᠯᠡᠰᠦᠷᠬᠡᠭ᠌ᠵᠢᠭ᠌ᠰᠡᠨ ᠭᠠᠵᠠᠷ᠎ᠢ ᠵᠠᠰᠠᠬᠤ ᠵᠠᠭ᠍ᠪᠤᠷ᠎ᠢ ᠰᠦᠪᠡᠭ᠌ᠴᠢᠯᠡᠬᠦ᠌᠎ᠶ᠋ᠢᠨ ᠬᠠᠮᠳᠤ ᠪᠦᠲᠦᠭᠡᠨ ᠪᠠᠢᠭᠤᠯᠤᠯᠲᠠ᠎ᠶ᠋ᠢᠨ ᠭᠤᠣᠯ ᠴᠣᠭ᠍ᠴᠠ᠂ ᠡᠵᠡᠩᠨᠡᠯᠲᠡ᠎ᠶ᠋ᠢᠨ ᠭᠤᠤᠯ ᠴᠣᠭ᠍ᠴᠠ᠂ ᠠᠱᠢᠭ ᠲᠤᠰᠠ᠎ᠶ᠋ᠢᠨ ᠭᠤᠤᠯ ᠴᠣᠭ᠍ᠴᠠ᠂ ᠬᠠᠷᠢᠭᠤᠴᠠᠯᠭ᠎ᠠ᠎ᠶ᠋ᠢᠨ ᠭᠤᠤᠯ ᠴᠣᠭ᠍ᠴᠠ 《ᠳᠥᠷᠪᠡ᠎ᠶ᠋ᠢ ᠨᠢᠭᠡᠳᠭᠡᠬᠦ᠌》 ᠪᠤᠯᠤᠨ ᠡᠭᠦᠷᠭᠡ᠎ᠶ᠋ᠢ ᠡᠷᠦᠬᠡ᠎ᠳᠤ ᠬᠦᠷᠭᠡᠬᠦ᠂ ᠥᠮᠴᠢᠯᠡᠬᠦ᠌ ᠡᠷᠬᠡ᠎ᠶ᠋ᠢ ᠡᠷᠦᠬᠡ᠎ᠳᠤ ᠬᠦᠷᠭᠡᠬᠦ᠂ ᠬᠠᠷᠢᠭᠤᠴᠠᠯᠭ᠎ᠠ᠎ᠶ᠋ᠢ ᠡᠷᠦᠬᠡ᠎ᠳᠤ ᠬᠦᠷᠭᠡᠬᠦ᠂ ᠨᠦᠬᠦᠪᠤᠷᠢ᠎ᠶ᠋ᠢ ᠡᠷᠦᠬᠡ᠎ᠳᠤ ᠬᠦᠷᠭᠡᠬᠦ᠌ ᠵᠡᠷᠬᠡ ᠬᠠᠮᠢᠶᠠᠷᠤᠯᠲᠠ᠎ᠶ᠋ᠢᠨ ᠵᠠᠭ᠍ᠪᠤᠷ᠎ᠢ ᠲᠡᠬᠦᠯᠳᠡᠷᠵᠢᠬᠦᠯᠵᠤ᠂ ᠨᠡᠢᠭᠡᠮ᠎ᠤᠨ ᠡᠯ᠎ᠡ ᠡᠳᠡᠭᠡᠳ᠎ᠤᠨ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ᠎ᠶ᠋ᠢ ᠵᠠᠰᠠᠬᠤ᠎ᠳᠤ ᠣᠷᠣᠯᠴᠠᠬᠤ ᠢᠳᠡᠪᠬᠢᠵᠢᠯ᠎ᠢ ᠪᠦᠲᠦᠮᠵᠢᠲᠡᠶ ᠲᠠᠢᠴᠢᠯᠡᠵᠠᠢ᠃

ᠣᠩᠨᠢᠭᠤᠳ ᠬᠤᠱᠢᠭᠤ ᠡᠯᠡᠰᠦᠷᠬᠡᠭ᠌ᠵᠢᠯ᠎ᠤᠨ ᠬᠥᠨᠥᠭᠡᠯ᠎ᠢᠶᠠᠷ ᠨᠡᠯᠢᠶᠡᠳ ᠬᠦᠨᠳᠦ ᠨᠤᠴᠢᠳᠠᠢ ᠭᠠᠵᠠᠷ ᠤᠷᠤᠨ᠎ᠢ ᠲᠦᠪᠯᠡᠷᠡᠬᠦᠯᠦᠨ ᠵᠠᠰᠠᠵᠤ᠂ ᠵᠠᠭᠤᠨ ᠲᠦᠮᠡᠨ ᠮᠦ᠍᠎ᠶ᠋ᠢᠨ ᠶᠡᠷᠦᠩᠬᠡᠢᠯᠡᠨ ᠵᠠᠰᠠᠬᠤ ᠰᠠᠭᠤᠷᠢᠨ᠎ᠢ ᠪᠠᠢᠭᠤᠯᠪᠠ; ᠲᠤᠯᠤᠨ ᠨᠤᠤᠷ ᠱᠢᠶᠠᠨ ᠬᠥᠮᠦᠨ᠎ᠤ ᠬᠦᠴᠦ᠍᠂ ᠡᠳ᠋᠎ᠤᠨ ᠬᠦᠴᠦ᠍᠂ ᠪᠣᠳᠠᠰ᠎ᠤᠨ ᠬᠦᠴᠦ᠎ᠪᠠᠨ ᠲᠥᠪᠯᠡᠷᠡᠭᠦᠯᠤᠨ ᠵᠠᠭᠤᠨ ᠲᠦᠮᠡᠨ ᠮᠦ᠍᠎ᠶ᠋ᠢᠨ ᠬᠠᠢᠯᠠᠷ ᠨᠠᠷᠠᠰᠤ᠎ᠶ᠋ᠢᠨ ᠰᠠᠭᠤᠷᠢᠨ ᠪᠠᠢᠭᠤᠯᠪᠠ; ᠠᠯᠠᠱᠠ ᠠᠢᠮᠠᠭ ᠠᠵᠤ ᠦᠢᠯᠡᠰ᠎ᠤᠨ ᠲᠠᠢᠴᠢᠯᠡᠯᠳᠠ᠎ᠪᠠᠷ ᠲᠠᠮᠵᠢᠨ ᠵᠠᠭᠤᠨ ᠲᠦᠮᠡᠨ ᠮᠥ᠎ᠶ᠋ᠢᠨ ᠵᠠᠭ᠎ᠤᠨ ᠰᠠᠭᠤᠷᠢᠨ ᠪᠠᠢᠭᠤᠯᠪᠠ ᠁ 《ᠮᠠᠨ᠎ᠤ ᠤᠷᠤᠨ ᠪᠡᠭᠡᠵᠢᠩ ᠲᠢᠶᠠᠨᠵᠢᠨ᠎ᠤ ᠡᠷᠬᠢᠨ ᠲᠤᠭᠤᠷᠢᠨ᠎ᠤ ᠰᠠᠯᠬᠢ ᠡᠯᠡᠰᠦᠨ᠎ᠤ ᠡᠬᠢ᠎ᠶ᠋ᠢ ᠵᠠᠰᠠᠬᠤ᠂ ᠤᠮᠠᠷᠠᠲᠤ᠎ᠶ᠋ᠢᠨ ᠭᠤᠷᠪᠠᠨ ᠣᠷᠣᠨ᠎ᠤ ᠬᠠᠯᠬᠠᠪᠴᠢ ᠤᠢ᠎ᠶ᠋ᠢᠨ ᠪᠦᠲᠦᠭᠡᠨ ᠪᠠᠢᠭᠤᠯᠤᠯᠲᠠ᠂ ᠲᠠᠷᠢᠶᠠᠯᠠᠬᠤ᠎ᠶ᠋ᠢ ᠵᠣᠭ᠍ᠰᠣᠭᠠᠨ ᠡᠪᠡᠰᠤ ᠮᠤᠳᠤ ᠲᠠᠷᠢᠬᠤ᠂ ᠪᠡᠯᠴᠢᠬᠡᠷᠯᠡᠬᠦᠯᠬᠦ᠌᠎ᠶ᠋ᠢ ᠵᠣᠭ᠍ᠰᠣᠭᠠᠨ ᠪᠡᠯᠴᠢᠭᠡᠷ᠎ᠢ ᠰᠡᠷᠭᠦᠭᠡᠬᠦ᠂ ᠬᠥᠷᠥᠰᠥ᠍ ᠱᠢᠷᠣᠢ᠎ᠶ᠋ᠢᠨ ᠢᠳᠡᠭ᠌ᠳᠡᠯ᠎ᠢ ᠶᠡᠷᠦᠩᠬᠡᠢᠯᠡᠨ ᠵᠠᠰᠠᠬᠤ ᠵᠡᠷᠭᠡ ᠤᠯᠤᠰ᠎ᠤᠨ ᠭᠤᠣᠯᠳᠠᠯᠭ᠎ᠠ᠎ᠲᠠᠢ ᠠᠮᠢ ᠠᠬᠤᠢ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠢᠨᠵᠧᠨᠧᠷᠢᠩ᠎ᠳᠤ ᠲᠦᠱᠢᠭ᠌ᠯᠡᠨ᠂ ᠨᠢᠭᠡ ᠪᠦᠯᠦᠭ ᠠᠳᠠᠯᠢ ᠪᠤᠰᠤ ᠬᠡᠯᠪᠡᠷᠢ᠎ᠶ᠋ᠢᠨ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ᠎ᠶ᠋ᠢ ᠵᠠᠰᠠᠬᠤ ᠵᠢᠱ᠌ᠢᠶ᠎ᠡ ᠦᠵᠡᠭᠦᠯᠬᠦ᠌ ᠰᠠᠭᠤᠷᠢᠨ᠎ᠢ ᠲᠥᠯᠥᠪᠵᠢᠭᠦᠯᠦᠨ ᠪᠦᠲᠦᠭᠡᠨ ᠪᠠᠢᠭᠤᠯᠵᠤ᠂ ᠪᠦᠬᠦ᠌ ᠤᠷᠤᠨ᠎ᠤ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ᠎ᠶ᠋ᠢ ᠵᠠᠰᠠᠬᠤ ᠠᠵᠢᠯ᠎ᠢ ᠪᠦᠳᠦᠮᠵᠢᠳᠠᠢ ᠲᠠᠢᠴᠢᠯᠠᠵᠤ ᠱᠢᠪᠲᠤᠯᠤᠯᠲᠠ᠎ᠶ᠋ᠢᠨ ᠴᠢᠨᠠᠷᠲᠠᠢ ᠠᠬᠢᠴᠠ ᠭᠠᠷᠭᠠᠯ᠎ᠠ》 ᠬᠡᠵᠤ ᠦᠪᠡᠷᠳᠡᠭᠡᠨ ᠵᠠᠰᠠᠬᠤ ᠤᠷᠤᠨ᠎ᠤ ᠤᠢ ᠱᠢᠭᠤᠢ ᠪᠠ ᠨᠤᠳᠤᠭ ᠪᠡᠯᠴᠢᠬᠡᠷ᠎ᠤᠨ ᠲᠤᠪᠴᠢᠶ᠎ᠠ᠎ᠶ᠋ᠢᠨ ᠲᠠᠷᠤᠭ᠎ᠠ ᠬᠤᠤ ᠶᠢᠩ ᠲᠠᠨᠢᠯᠴᠠᠭᠤᠯᠪᠠ᠃

ᠮᠠᠨ᠎ᠤ ᠤᠷᠤᠨ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ᠎ᠶ᠋ᠢ ᠵᠠᠰᠠᠬᠤ ᠡᠷᠴᠢᠮ᠎ᠢᠶᠠᠨ ᠴᠢᠩᠭᠠᠷᠠᠭᠤᠯᠬᠤ᠎ᠶ᠋ᠢᠨ ᠬᠠᠮᠲᠤ ᠨᠤᠲᠤᠭ ᠪᠡᠯᠴᠢᠭᠡᠷ᠎ᠤᠨ ᠠᠮᠢ ᠠᠬᠤᠢ᠎ᠶ᠋ᠢ ᠬᠠᠮᠠᠭᠠᠯᠠᠵᠤ ᠪᠦᠳᠦᠭᠡᠨ ᠪᠠᠢᠭᠤᠯᠬᠤ ᠨᠦᠬᠦᠪᠤᠷᠢ ᠪᠠ ᠱᠠᠩᠨᠠᠯ᠎ᠤᠨ ᠲᠣᠭ᠍ᠲᠠᠴᠠ᠎ᠶ᠋ᠢ ᠲᠤᠭᠤᠱᠢᠳᠠᠢ ᠬᠡᠷᠡᠭ᠌ᠵᠢᠭᠦᠯᠵᠦ᠍᠂ ᠳᠤᠷ᠎ᠠ᠎ᠪᠠᠷ᠎ᠢᠶᠠᠨ ᠮᠣᠳᠣ ᠣᠭ᠍ᠲᠣᠯᠬᠤ᠂ ᠳᠤᠷ᠎ᠠ᠎ᠪᠠᠷ᠎ᠢᠶᠠᠨ ᠲᠡᠭᠦᠵᠦ᠍ ᠮᠠᠯᠲᠠᠬᠤ᠂ ᠪᠡᠯᠴᠢᠬᠡᠷ᠎ᠤᠨ ᠳᠠᠭᠠᠭᠠᠴᠠ᠎ᠠᠴᠠ ᠬᠡᠲᠦᠷᠡᠭᠦᠯᠦᠨ ᠮᠠᠯ ᠮᠠᠯᠵᠢᠬᠤ ᠵᠡᠷᠭᠡ ᠤᠷᠭᠤᠮᠠᠯ᠎ᠤᠨ ᠪᠦᠷᠬᠦᠴᠡ᠎ᠶ᠋ᠢ ᠡᠪᠳᠡᠬᠦ᠌ ᠠᠵᠢᠯᠯᠠᠭ᠎ᠠ᠎ᠶ᠋ᠢ ᠡᠷᠡᠰ ᠬᠤᠷᠢᠬ᠍ᠯᠠᠵᠤ᠂ ᠭᠠᠵᠠᠷ ᠱᠢᠷᠣᠶ᠎ᠶ᠋ᠢᠨ ᠡᠯᠡᠰᠦᠷᠬᠡᠭ᠌ᠵᠢᠬᠦ᠌᠎ᠶ᠋ᠢ ᠰᠡᠷᠭᠡᠢᠯᠡᠨ᠂ ᠡᠯᠡᠰᠦᠷᠬᠡᠭ ᠣᠷᠣᠨ᠎ᠤ ᠠᠮᠢ ᠠᠬᠤᠶ᠎ᠶ᠋ᠢᠨ ᠱᠢᠰᠲ᠋ᠧᠮ᠎ᠢ ᠪᠦᠲᠦᠮᠵᠢᠲᠡᠶ ᠬᠠᠮᠠᠭᠠᠯᠠᠨ ᠰᠡᠷᠬᠦᠭᠡᠪᠡ᠃ ᠣᠳᠣᠬᠠᠨ ᠪᠤᠯᠳᠠᠯ᠎ᠠ᠂ ᠪᠦᠬᠦ᠌ ᠤᠷᠤᠨ᠎ᠤ ᠪᠡᠯᠴᠢᠭᠡᠷᠯᠡᠭᠦᠯᠬᠦ᠌᠎ᠶ᠋ᠢ ᠵᠤᠭ᠍ᠰᠤᠭᠠᠭ᠍ᠰᠠᠨ ᠲᠠᠯᠠᠪᠠᠶ 4 ᠳ᠋ᠦᠩᠱᠢᠭᠤᠷ ᠮᠥ᠎ᠶ᠋ᠢ ᠲᠠᠪᠠᠵᠤ᠂ ᠮᠠᠯ ᠪᠡᠯᠴᠢᠭᠡᠷ᠎ᠤᠨ ᠲᠡᠩᠴᠡᠭᠦᠷᠢ᠎ᠶ᠋ᠢ ᠪᠠᠳᠤᠯᠠᠬ᠍ᠰᠠᠨ ᠲᠠᠯᠠᠪᠠᠶ 6.16 ᠳ᠋ᠦᠩᠱᠢᠭᠤᠷ ᠮᠥ᠎ᠳᠤ ᠬᠦᠷᠪᠡ᠂ ᠡᠯᠡᠰᠦᠷᠬᠡᠭ᠌ᠵᠢᠭ᠌ᠰᠡᠨ ᠭᠠᠵᠠᠷ ᠨᠤᠳᠤᠭ᠎ᠢ ᠪᠢᠲᠡᠭᠦᠮᠵᠢᠯᠡᠨ ᠬᠠᠮᠠᠭᠠᠯᠠᠬᠤ ᠣᠷᠣᠨ᠎ᠢ 18 ᠪᠠᠢᠭᠤᠯᠵᠤ᠂ ᠶᠡᠷᠦᠩᠬᠡᠢ ᠲᠠᠯᠠᠪᠠᠶ᠎ᠨᠢ 275 ᠲᠦᠮᠡᠨ ᠮᠥ᠍ ᠱᠢᠬᠠᠪᠠ᠃

ᠪᠦᠬᠦ᠌ ᠤᠷᠤᠨ᠎ᠤ ᠡᠯ᠎ᠠ ᠭᠠᠵᠠᠷ᠎ᠤᠨ᠎ᠬᠢᠨ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ᠎ᠶ᠋ᠢ ᠵᠠᠰᠠᠬᠤ ᠠᠵᠢᠯ᠎ᠢ ᠣᠷᠣᠨ ᠨᠤᠲᠤᠭ᠎ᠤᠨ ᠠᠵᠤ ᠠᠬᠤᠶ᠎ᠶ᠋ᠢ ᠬᠥᠭ᠌ᠵᠢᠭᠦᠯᠬᠦ᠂ ᠮᠠᠯᠴᠢᠨ ᠲᠠᠷᠢᠶᠠᠴᠢᠨ᠎ᠤ ᠣᠷᠣᠯᠭ᠎ᠠ᠎ᠶ᠋ᠢ ᠨᠡᠮᠡᠭ᠌ᠳᠡᠭᠦᠯᠬᠦ᠌᠎ᠯᠦᠭᠡ ᠨᠢᠭ᠍ᠲᠠ ᠤᠶᠠᠯᠳᠤᠭᠤᠯᠵᠤ᠂ ᠣᠯᠠᠨ ᠲᠥᠷᠥᠯ ᠬᠡᠯᠪᠡᠷᠢ᠎ᠶ᠋ᠢᠨ ᠠᠵᠤ ᠤᠢ᠍ᠢᠯᠡᠰᠵᠢᠭ᠌ᠰᠡᠨ ᠰᠡᠷᠭᠡᠢᠯᠡᠨ ᠵᠠᠰᠠᠬᠤ ᠵᠠᠭ᠍ᠪᠤᠷ᠎ᠢ ᠬᠠᠢᠨ ᠬᠡᠷᠡᠭ᠌ᠵᠢᠬᠦᠯᠵᠤ᠂ ᠡᠯᠡᠰᠦᠨ᠎ᠳᠤ ᠤᠷᠭᠤᠬᠤ ᠤᠷᠭᠤᠮᠠᠯ ᠳᠠᠷᠢᠬᠤ ᠬᠢᠬᠡᠳ ᠨᠡᠭᠡᠭᠡᠨ ᠠᠱᠢᠬ᠍ᠯᠠᠬᠤ᠂ ᠣᠨᠴᠠ ᠲᠥᠷᠥᠯ᠎ᠤᠨ ᠡᠮ᠎ᠳᠤ ᠣᠷᠣᠬᠤ ᠤᠷᠭᠤᠮᠠᠯ ᠳᠠᠷᠢᠬᠤ ᠬᠢᠬᠡᠳ ᠡᠳ᠋ᠱᠢᠭᠦᠯᠦᠨ ᠡᠵᠡᠩᠨᠡᠬᠦ᠂ ᠡᠯᠡᠰᠦ ᠮᠠᠩᠬᠠᠨ᠎ᠤ ᠦᠵᠡᠮᠵᠢ᠎ᠶ᠋ᠢᠨ ᠵᠢᠭᠤᠯᠴᠢᠯᠠᠯ ᠵᠡᠷᠭᠡ ᠠᠵᠤ ᠦᠢᠯᠡᠰ᠎ᠢ ᠭᠤᠤᠯᠳᠠᠯᠭ᠎ᠠ᠎ᠲᠠᠢ ᠬᠥᠭ᠌ᠵᠢᠭᠦᠯᠵᠦ᠍᠂ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ᠎ᠶ᠋ᠢ ᠵᠠᠰᠠᠬᠤ ᠲᠠᠭᠠᠭᠠᠮᠠᠭᠠᠢ ᠬᠦᠴᠦᠨ᠎ᠢ ᠴᠢᠩᠭᠠᠳᠭᠠᠨ 《ᠵᠠᠰᠠᠭ ᠵᠠᠬᠢᠷᠭᠠᠨ᠎ᠠᠴᠠ ᠠᠬᠢᠭᠤᠯᠬᠤ᠂ ᠲᠥᠷᠥ᠎ᠶ᠋ᠢᠨ ᠪᠣᠳᠣᠯᠭ᠎ᠠ᠎ᠪᠠᠷ ᠠᠬᠢᠭᠤᠯᠬᠤ᠂ ᠠᠵᠤ ᠦᠢᠯᠡᠰ᠎ᠢᠶᠠᠷ ᠳᠠᠢᠴᠢᠯᠠᠬᠤ᠂ ᠨᠡᠢᠲᠡᠯᠢᠭ ᠵᠢᠱ᠌ᠢᠶ᠎ᠡ᠎ᠪᠠᠷ ᠳᠠᠢᠴᠢᠯᠠᠬᠤ》 ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ᠎ᠶ᠋ᠢ ᠵᠠᠰᠠᠬᠤ ᠱᠢᠨ᠎ᠡ ᠵᠠᠮ᠎ᠢᠶᠠᠷ ᠵᠠᠮᠨᠠᠵᠤ ᠪᠠᠢᠨ᠎ᠠ᠃

ᠣᠯᠠᠨ ᠵᠢᠯ᠎ᠤᠨ ᠴᠦᠬᠦᠷᠡᠰᠢ ᠦᠬᠡᠢ ᠵᠠᠰᠠᠯᠲᠠ᠎ᠪᠠᠷ ᠳᠡᠮᠵᠢᠨ ᠤᠳᠤ ᠮᠠᠨ᠎ᠤ ᠤᠷᠤᠨ᠎ᠤ ᠣᠶ ᠱᠢᠭᠤᠶ᠎ᠶ᠋ᠢᠨ ᠪᠦᠷᠬᠦᠴᠡ᠎ᠶ᠋ᠢᠨ ᠨᠤᠷᠮ᠎ᠠ 23%᠂ ᠨᠤᠲᠤᠭ ᠪᠡᠯᠴᠢᠭᠡᠷ᠎ᠤᠨ ᠤᠷᠭᠤᠮᠠᠯ᠎ᠤᠨ ᠪᠦᠷᠬᠦᠴᠡ᠎ᠶ᠋ᠢᠨ ᠨᠤᠷᠮ᠎ᠠ 45% ᠎ᠳᠤ ᠬᠦᠷᠴᠦ᠍᠂ ᠴᠦᠯᠯᠡᠷᠭᠡᠭ᠌ᠵᠢᠭ᠌ᠰᠡᠨ ᠪᠠ ᠡᠯᠡᠰᠦᠷᠬᠡᠭ᠌ᠵᠢᠭ᠌ᠰᠡᠨ ᠭᠠᠵᠠᠷ ᠨᠤᠳᠤᠭ᠎ᠤᠨ ᠲᠠᠯᠠᠪᠠᠶ ᠵᠡᠷᠭᠡ᠎ᠪᠠᠷ ᠬᠠᠰᠤᠭ᠍ᠳᠠᠪᠠ᠃ ᠡᠯᠡᠰᠦᠷᠬᠡᠭ᠌ᠵᠢᠭ᠌ᠰᠡᠨ ᠭᠠᠵᠠᠷ᠎ᠢ ᠵᠠᠰᠠᠬᠤ ᠭᠤᠤᠯᠳᠠᠯᠭᠠᠳᠤ ᠣᠷᠣᠨ᠎ᠤ ᠠᠮᠢ ᠠᠬᠤᠶ ᠢᠯᠡᠷᠬᠡᠢ ᠰᠠᠢᠵᠢᠷᠠᠵᠤ᠂ ᠳᠥᠷᠪᠡᠨ ᠶᠡᠭᠡ ᠡᠯᠡᠰᠦᠨ ᠴᠥᠯ ᠬᠠᠷᠢᠴᠠᠩᠭᠤᠶ᠎ᠪᠠᠷ ᠲᠤᠭ᠍ᠳᠠᠭᠤᠨ ᠪᠠᠢᠵᠤ᠂ ᠳᠥᠷᠪᠡᠨ ᠶᠡᠭᠡ ᠡᠯᠡᠰᠦᠷᠬᠡᠭ ᠭᠠᠵᠠᠷ᠎ᠤᠨ ᠣᠶ ᠱᠢᠭᠤᠶ ᠡᠪᠡᠰᠤ ᠤᠷᠭᠤᠮᠠᠯ᠎ᠤᠨ ᠪᠦᠷᠬᠦᠴᠡ ᠴᠦᠮ ᠳᠡᠭᠡᠭ᠌ᠰᠢᠯᠡᠵᠦ᠍᠂ ᠵᠠᠷᠢᠮ ᠭᠠᠵᠠᠷ᠎ᠲᠤ 《ᠡᠯᠡᠰᠦᠨ ᠴᠥᠯ ᠨᠣᠭᠤᠭᠠᠨ ᠪᠦᠷᠢᠳᠦ ᠪᠤᠯᠤᠭ᠍ᠰᠠᠨ》 ᠪᠠᠢᠳᠠᠯ ᠢᠯᠡᠷᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号