7 ᠰᠠᠷ᠎ᠠ᠎ᠶ᠋ᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ ᠰᠣᠨᠢᠨ ᠮᠡᠳᠡᠭᠡ ᠨᠡᠢᠲᠡᠯᠡᠬᠦ᠌ ᠬᠤᠷᠠᠯ ᠬᠢᠵᠤ᠂ ᠡᠨᠡ ᠵᠢᠯ᠎ᠤᠨ ᠲᠠᠬᠡᠷ᠎ᠠ ᠬᠠᠭᠠᠰ ᠵᠢᠯ᠎ᠳᠤ ᠮᠠᠨ᠎ᠤ ᠤᠷᠤᠨ᠎ᠤ ᠭᠠᠳᠠᠭᠠᠳᠤ ᠠᠷᠠᠯᠵᠢᠶᠠᠨ᠎ᠤ ᠭᠠᠳᠠᠭᠠᠳᠤ ᠭᠠᠷᠭᠠᠯᠳᠠ ᠪᠠ ᠭᠠᠳᠠᠭᠠᠳᠤ ᠤᠷᠤᠭᠤᠯᠤᠯᠳᠠ᠎ᠶ᠋ᠢᠨ ᠬᠡᠮᠵᠢᠶ᠎ᠠ ᠵᠡᠷᠬᠡ᠎ᠪᠠᠷ ᠨᠡᠮᠡᠭ᠌ᠳᠡᠵᠤ᠂ ᠪᠦᠬᠦ᠌ ᠤᠷᠤᠨ᠎ᠤ ᠭᠠᠳᠠᠭᠠᠳᠤ ᠠᠷᠠᠯᠵᠢᠶᠡᠨ᠎ᠤ ᠶᠡᠷᠤᠩᠬᠡᠢ ᠬᠡᠮᠵᠢᠶ᠎ᠠ 576.1 ᠳ᠋ᠦᠩᠱᠢᠭᠤᠷ ᠲᠥᠭᠦᠷᠢᠭ᠎ᠲᠤ ᠬᠦᠷᠴᠦ᠍᠂ ᠨᠢᠳᠤᠨᠤᠨ᠎ᠤ ᠠᠳᠠᠯᠢ ᠬᠤᠭᠤᠴᠠᠭ᠎ᠠ᠎ᠶ᠋ᠢᠨ᠎ᠬᠢ᠎ᠠᠴᠠ 16.1% ᠪᠠᠷ ᠮᠡᠳᠡᠭ᠌ᠳᠡᠮ᠎ᠠ ᠨᠡᠮᠡᠭ᠌ᠳᠡᠭ᠌ᠰᠡᠨ ᠪᠠᠶᠠᠷᠳᠤ ᠴᠢᠮᠡᠭᠡ᠎ᠶ᠋ᠢ ᠤᠯᠠᠨ᠎ᠳᠤ ᠨᠡᠢᠳᠡᠯᠡᠭ᠌ᠰᠡᠨ ᠪᠠᠢᠨ᠎ᠠ᠃
《ᠮᠠᠨ᠎ᠤ ᠤᠷᠤᠨ᠎ᠤ ᠲᠡᠬᠡᠷ᠎ᠠ ᠬᠠᠭᠠᠰ ᠵᠢᠯ᠎ᠤᠨ ᠭᠠᠳᠠᠭᠠᠳᠤ ᠠᠷᠠᠯᠵᠢᠶᠡᠨ᠎ᠤ ᠶᠡᠷᠤᠩᠬᠡᠢ ᠬᠡᠮᠵᠢᠶ᠎ᠠ ᠮᠡᠳᠡᠭ᠌ᠳᠡᠮ᠎ᠠ ᠨᠡᠮᠡᠭ᠌ᠳᠡᠵᠤ᠂ ᠭᠠᠳᠠᠭᠠᠳᠤ ᠠᠷᠠᠯᠵᠢᠶᠠᠨ᠎ᠤ ᠶᠠᠰᠤ ᠴᠢᠨᠠᠷ ᠳᠡᠭᠡᠭ᠌ᠰᠢᠯᠡᠭ᠌ᠰᠡᠨ᠎ᠨᠢ ᠪᠦᠬᠦ᠌ ᠤᠷᠤᠨ᠎ᠤ ᠠᠵᠤ ᠠᠬᠤᠶ ᠦᠷᠭᠦᠯᠵᠢᠯᠡᠨ ᠲᠣᠭ᠍ᠲᠠᠭᠤᠨ᠎ᠢᠶᠠᠷ ᠰᠡᠷᠭᠦᠭ᠌ᠰᠡᠨ᠂ ᠬᠡᠷᠡᠭ᠌ᠯᠡᠬᠡᠨ᠎ᠤ ᠵᠠᠬ᠎ᠠ ᠲᠠᠯᠬᠡᠬᠦᠷ ᠦᠷᠬᠦᠯᠵᠢᠯᠡᠨ ᠰᠡᠷᠬᠦᠭ᠌ᠰᠡᠨ᠂ ᠬᠤᠳᠠᠯᠳᠤᠭ᠎ᠠ ᠡᠷᠬᠢᠯᠡᠬᠦ᠌ ᠤᠷᠴᠢᠨ ᠨᠦᠬᠦᠴᠡᠯ ᠴᠢᠨᠠᠭ᠍ᠰᠢᠳᠠ ᠱᠢᠯᠢᠳᠡᠭ᠌ᠵᠢᠭ᠌ᠰᠡᠨᠯᠦᠭᠡ ᠰᠠᠯᠵᠤ ᠴᠢᠳᠠᠬᠤ ᠥᠬᠡᠶ ᠶᠤᠮ》 ᠬᠡᠵᠤ ᠬᠦᠬᠡᠬᠤᠳᠠ ᠪᠤᠭᠤᠮᠳᠠ᠎ᠶ᠋ᠢᠨ ᠲᠡᠳ᠋ ᠲᠠᠷᠤᠭ᠎ᠠ ᠸᠠᠩ ᠬᠤᠸᠠ ᠨᠢᠬᠡᠳ ᠨᠢᠬᠡ᠎ᠪᠠᠷ ᠵᠠᠳᠠᠯᠤᠨ ᠶᠠᠷᠢᠯ᠎ᠠ᠃
ᠠᠵᠤ ᠦᠢᠯᠡᠳᠪᠦᠷᠢ᠎ᠶ᠋ᠢᠨ ᠦᠢᠯᠡᠳᠪᠦᠷᠢᠯᠡᠯ ᠲᠤᠭ᠍ᠳᠠᠭᠤᠨ ᠨᠡᠮᠡᠭ᠌ᠳᠡᠯ᠎ᠢ ᠪᠠᠲᠤᠯᠠᠭ᠍ᠰᠠᠨ᠎ᠨᠢ ᠮᠠᠨ᠎ᠤ ᠣᠷᠣᠨ᠎ᠤ ᠭᠠᠳᠠᠭᠠᠳᠤ ᠠᠷᠠᠯᠵᠢᠶᠡᠨ᠎ᠤ ᠭᠠᠳᠠᠭᠠᠳᠤ ᠭᠠᠷᠭᠠᠯᠳᠠ ᠪᠠ ᠭᠠᠳᠠᠭᠠᠳᠤ ᠣᠷᠣᠭᠤᠯᠤᠯᠲᠠ᠎ᠳᠤ ᠲᠤᠯᠭᠠᠭᠤᠷᠢᠯᠠᠬᠤ ᠦᠢᠯᠡᠳᠦᠯ ᠦᠵᠡᠭᠦᠯᠪᠡ᠃ ᠳᠡᠭᠡᠷ᠎ᠡ ᠬᠠᠭᠠᠰ ᠵᠢᠯ᠎ᠳᠤ ᠮᠠᠨ᠎ᠤ ᠣᠷᠣᠨ᠎ᠤ ᠤᠷᠤᠨ ᠨᠤᠳᠤᠭ᠎ᠤᠨ ᠦᠢᠯᠡᠳᠪᠦᠷᠢᠯᠡᠯ᠎ᠤᠨ ᠶᠡᠷᠦᠩᠬᠡᠶ ᠥᠷᠲᠡᠭ 9103.6 ᠳ᠋ᠦᠩᠱᠢᠭᠤᠷ ᠲᠥᠭᠦᠷᠢᠭ᠎ᠲᠤ ᠬᠦᠷᠴᠦ᠍᠂ ᠨᠢᠳᠤᠨᠤᠨ᠎ᠤ ᠠᠳᠠᠯᠢ ᠬᠤᠭᠤᠴᠠᠭ᠎ᠠ᠎ᠶ᠋ᠢᠨ᠎ᠬᠢ᠎ᠠᠴᠠ 10.4% ᠪᠠᠷ ᠨᠡᠮᠡᠭ᠌ᠳᠡᠵᠦ᠍᠂ ᠶᠡᠷᠦᠩᠬᠡᠶ᠎ᠳᠡᠭᠡᠨ ᠦᠷᠭᠦᠯᠵᠢᠯᠡᠨ ᠥᠷᠭᠡᠳᠬᠦ᠌ ᠪᠠᠢᠳᠠᠯ᠎ᠢᠶᠠᠨ ᠪᠠᠳᠤᠯᠠᠵᠠᠢ᠃ ᠡᠬᠦᠨ᠎ᠳᠤ ᠠᠵᠤ ᠦᠢᠯᠡᠳᠪᠤᠷᠢ᠎ᠶ᠋ᠢᠨ ᠦᠢᠯᠡᠳᠪᠤᠷᠢᠯᠡᠯ ᠲᠤᠭ᠍ᠳᠠᠭᠤᠨ᠎ᠢᠶᠠᠷ ᠨᠡᠮᠡᠭ᠌ᠳᠡᠵᠤ᠂ ᠲᠠᠬᠡᠷ᠎ᠠ ᠬᠠᠭᠠᠰ ᠵᠢᠯ᠎ᠳᠤ ᠪᠦᠬᠦ᠌ ᠤᠷᠤᠨ᠎ᠤ ᠬᠡᠪᠴᠢᠶᠡᠵᠢᠯ᠎ᠠᠴᠠ ᠲᠠᠬᠡᠭ᠌ᠰᠢᠬᠢ ᠠᠵᠤ ᠦᠢᠯᠡᠳᠪᠤᠷᠢ᠎ᠶ᠋ᠢᠨ ᠨᠡᠮᠡᠭ᠌ᠳᠡᠯ ᠦᠷᠳᠡᠭ ᠨᠢᠳᠤᠨᠤᠨ᠎ᠤ ᠠᠳᠠᠯᠢ ᠬᠤᠭᠤᠴᠠᠭ᠎ᠠ᠎ᠶ᠋ᠢᠨ᠎ᠬᠢ᠎ᠠᠴᠠ 9.7% ᠪᠠᠷ ᠨᠡᠮᠡᠭ᠌ᠳᠡᠨ᠂ ᠠᠵᠤ ᠦᠢᠯᠡᠳᠪᠤᠷᠢ᠎ᠶ᠋ᠢᠨ ᠠᠵᠤ ᠠᠬᠤᠢ᠍ᠢᠯᠠᠯ᠎ᠤᠨ ᠦᠷ᠎ᠠ ᠠᠱᠢᠭ ᠮᠡᠳᠡᠭ᠌ᠳᠡᠮ᠎ᠠ ᠰᠠᠢᠵᠢᠷᠠᠭ᠍ᠰᠠᠨ᠎ᠠᠴᠠ ᠡᠨᠧᠷᠬᠢ᠎ᠶ᠋ᠢᠨ ᠡᠬᠢ ᠪᠠᠶᠠᠯᠢᠭ ᠮᠡᠳᠤ᠎ᠶ᠋ᠢᠨ ᠪᠦᠳᠦᠬᠡᠭ᠌ᠳᠡᠬᠦᠨ᠎ᠤ ᠭᠠᠳᠠᠭᠠᠳᠤ ᠤᠷᠤᠭᠤᠯᠤᠯᠳᠠ᠎ᠶ᠋ᠢᠨ ᠲᠦᠷᠬᠡᠨ ᠨᠡᠮᠡᠭ᠌ᠳᠡᠯ᠎ᠢ ᠲᠠᠢᠴᠢᠯᠠᠭ᠍ᠰᠠᠨ ᠪᠠᠢᠨ᠎ᠠ᠃
ᠬᠡᠷᠡᠭ᠌ᠯᠡᠭᠡᠨ᠎ᠤ ᠵᠠᠬ᠎ᠠ ᠳᠡᠯᠭᠡᠭᠦᠷ ᠦᠷᠭᠦᠯᠵᠢᠯᠡᠨ ᠰᠡᠷᠭᠦᠵᠦ᠍᠂ ᠬᠡᠷᠡᠭ᠌ᠯᠡᠭᠡᠨ᠎ᠤ ᠵᠦᠢᠯᠡᠰ᠎ᠤᠨ ᠭᠠᠳᠠᠭᠠᠳᠤ ᠤᠷᠤᠭᠤᠯᠤᠯᠳᠠ᠎ᠶ᠋ᠢᠨ ᠨᠡᠮᠡᠭ᠌ᠳᠡᠯ᠎ᠢ ᠪᠦᠳᠦᠮᠵᠢᠳᠠᠢ ᠲᠠᠢᠴᠢᠯᠠᠪᠠ᠃ ᠳᠡᠭᠡᠷ᠎ᠡ ᠬᠠᠭᠠᠰ ᠵᠢᠯ᠎ᠳᠤ᠂ ᠪᠥᠬᠦ᠌ ᠣᠷᠣᠨ᠎ᠤ ᠨᠡᠢᠭᠡᠮ᠎ᠤᠨ ᠬᠡᠷᠡᠭ᠌ᠯᠡᠭᠡᠨ᠎ᠤ ᠵᠦᠢᠯ᠎ᠢ ᠵᠢᠵᠢᠭ᠌ᠯᠡᠨ ᠪᠤᠷᠤᠯᠠᠭᠤᠯᠤᠭ᠍ᠰᠠᠨ ᠶᠡᠷᠦᠩᠬᠡᠶ ᠬᠡᠮᠵᠢᠶ᠎ᠠ 2290 ᠳ᠋ᠦᠩᠱᠢᠭᠤᠷ ᠲᠥᠭᠦᠷᠢᠭ ᠪᠠᠢᠵᠤ᠂ ᠨᠢᠳᠤᠨᠤᠨ᠎ᠤ ᠠᠳᠠᠯᠢ ᠬᠤᠭᠤᠴᠠᠭ᠎ᠠ᠎ᠶ᠋ᠢᠨ᠎ᠬᠢ᠎ᠠᠴᠠ 14% ᠪᠠᠷ ᠨᠡᠮᠡᠭ᠌ᠳᠡᠵᠠᠢ᠃ ᠬᠤᠲᠠ ᠬᠥᠳᠡᠭᠡ᠎ᠶ᠋ᠢᠨ ᠬᠡᠷᠡᠭ᠌ᠯᠡᠭᠡ ᠨᠡᠮᠡᠭ᠌ᠳᠡᠵᠤ ᠬᠡᠷᠡᠭ᠌ᠯᠡᠬᠡᠨ᠎ᠤ ᠵᠠᠬ᠎ᠠ ᠲᠠᠯᠬᠡᠬᠦᠷ᠎ᠤᠨ ᠦᠷᠭᠦᠯᠵᠢᠯᠡᠨ ᠰᠡᠷᠭᠦᠬᠦ᠌ ᠰᠠᠢᠨ ᠰᠠᠢᠬᠠᠨ ᠪᠠᠢᠳᠠᠯ᠎ᠢ ᠪᠠᠳᠤᠯᠠᠭ᠍ᠰᠠᠨ᠎ᠠᠴᠠ ᠲᠠᠬᠡᠷ᠎ᠠ ᠬᠠᠭᠠᠰ ᠵᠢᠯ᠎ᠳᠤ ᠪᠦᠬᠦ᠌ ᠤᠷᠤᠨ᠎ᠤ ᠭᠠᠳᠠᠭᠠᠳᠤ᠎ᠠᠴᠠ ᠤᠷᠤᠭᠤᠯᠤᠭ᠍ᠰᠠᠨ ᠬᠡᠷᠡᠭ᠌ᠯᠡᠬᠡᠨ᠎ᠤ ᠵᠦᠢᠯᠡᠰ᠎ᠤᠨ ᠶᠡᠷᠦᠩᠬᠡᠢ ᠬᠡᠮᠵᠢᠶ᠎ᠠ 19.1 ᠳ᠋ᠦᠩᠱᠢᠭᠤᠷ ᠲᠦᠬᠦᠷᠢᠭ᠎ᠲᠤ ᠬᠦᠷᠦᠭ᠌ᠰᠡᠨ ᠪᠠᠢᠨ᠎ᠠ᠃
ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠢ ᠴᠢᠨᠠᠭ᠍ᠰᠢᠳᠠ ᠱᠢᠯᠢᠳᠡᠭ᠌ᠵᠢᠭᠦᠯᠵᠦ᠍᠂ ᠭᠠᠳᠠᠭᠠᠳᠤ ᠪᠠᠯᠠ᠎ᠶ᠋ᠢ ᠲᠠᠲᠠᠬᠤ ᠲᠥᠷᠥ᠎ᠶ᠋ᠢᠨ ᠪᠣᠳᠣᠯᠭ᠎ᠠ᠎ᠶ᠋ᠢᠨ ᠦᠷ᠎ᠠ ᠪᠦᠳᠦᠮᠵᠢ ᠢᠯᠡᠷᠬᠡᠢ ᠪᠤᠯᠪᠠ᠃ ᠦᠪᠡᠷᠳᠡᠭᠡᠨ ᠵᠠᠰᠠᠬᠤ ᠤᠷᠤᠨ᠎ᠠᠴᠠ 《ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠤᠨ ᠬᠤᠳᠠᠯᠳᠤᠭᠠᠨ᠎ᠤ ᠬᠦᠷᠢᠶ᠎ᠠ ᠴᠠᠷᠠᠭᠠᠨ᠎ᠳᠠᠬᠢ ᠬᠤᠳᠠᠯᠳᠤᠭ᠎ᠠ ᠡᠷᠬᠢᠯᠡᠬᠦ᠌ ᠤᠷᠴᠢᠨ ᠨᠦᠬᠦᠴᠡᠯ᠎ᠢ ᠱᠢᠯᠢᠳᠡᠭ᠌ᠵᠢᠬᠦᠯᠬᠦ᠌ ᠲᠤᠬᠠᠢ ᠰᠠᠨᠠᠯ᠎ᠤᠳ》 ᠢ ᠲᠤᠭ᠍ᠳᠠᠭᠠᠨ᠂ ᠭᠠᠳᠠᠭᠠᠳᠤ᠎ᠶ᠋ᠢᠨ ᠠᠷᠠᠯᠵᠢᠶᠡᠴᠢᠨ᠎ᠤ ᠪᠡᠯᠡ ᠤᠷᠤᠭᠤᠯᠬᠤ ᠬᠠᠤᠯᠢ ᠵᠢᠴᠢ ᠲᠡᠬᠦᠨ᠎ᠤ ᠬᠡᠷᠡᠭ᠌ᠵᠢᠬᠦᠯᠬᠦ᠌ ᠨᠠᠷᠢᠨ ᠲᠦᠷᠢᠮ᠎ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠭᠠᠳᠠᠭᠠᠳᠤ᠎ᠶ᠋ᠢᠨ ᠠᠷᠠᠯᠵᠢᠶᠡᠴᠢᠨ᠎ᠤ ᠪᠡᠯᠡ ᠤᠷᠤᠭᠤᠯᠤᠯᠳᠠ᠎ᠶ᠋ᠢ ᠵᠦᠪᠱᠢᠶᠡᠷᠡᠬᠦ᠌ ᠨᠠᠵᠠᠭᠠᠢ ᠲᠠᠯ᠎ᠠ᠎ᠶ᠋ᠢᠨ ᠨᠠᠷᠢᠨ ᠲᠠᠩᠰᠠ᠎ᠶ᠋ᠢ ᠲᠠᠰᠤᠷᠠᠯᠳᠠ ᠦᠬᠡᠢ ᠪᠠᠭᠠᠰᠭᠠᠨ᠂ ᠭᠠᠳᠠᠭᠠᠳᠤ᠎ᠶ᠋ᠢᠨ ᠠᠷᠠᠯᠵᠢᠶᠡᠴᠢᠨ᠎ᠤ ᠪᠠᠯᠡ ᠤᠷᠤᠭᠤᠯᠬᠤ ᠠᠵᠤ ᠦᠢᠯᠡᠰ᠎ᠤᠨ ᠭᠠᠷᠴᠠᠭ᠎ᠢ ᠦᠷᠬᠦᠯᠵᠢᠯᠡᠨ ᠨᠡᠮᠡᠭ᠌ᠳᠡᠬᠦᠯᠬᠦ᠌᠎ᠶ᠋ᠢᠨ ᠬᠠᠮᠳᠤ ᠬᠢᠨᠠᠨ ᠵᠦᠪᠱᠢᠶᠡᠷᠡᠯ᠎ᠤᠨ ᠭᠤᠭ᠍ᠴᠤᠭ᠎ᠠ᠎ᠶ᠋ᠢ ᠴᠤᠮᠬᠠᠳᠭᠠᠪᠠ᠃ ᠲᠡᠬᠡᠷ᠎ᠠ ᠬᠠᠭᠠᠰ ᠵᠢᠯ᠎ᠳᠤ ᠪᠦᠬᠦ᠌ ᠤᠷᠤᠨ᠎ᠤ ᠭᠠᠳᠠᠭᠠᠳᠤ᠎ᠶ᠋ᠢᠨ ᠠᠷᠠᠯᠵᠢᠶᠡᠴᠢᠨ᠎ᠤ ᠪᠡᠯᠡ ᠤᠷᠤᠭᠤᠯᠤᠭ᠍ᠰᠠᠨ ᠠᠵᠤ ᠠᠬᠤᠢ᠍ᠢᠯᠠᠯ᠎ᠤᠨ ᠭᠠᠳᠠᠭᠠᠳᠤ ᠠᠷᠠᠯᠵᠢᠶᠡᠨ᠎ᠤ ᠬᠡᠮᠵᠢᠶ᠎ᠠ ᠨᠢᠳᠤᠨᠤᠨ᠎ᠤ ᠠᠳᠠᠯᠢ ᠬᠤᠭᠤᠴᠠᠭ᠎ᠠ᠎ᠶ᠋ᠢᠨ᠎ᠬᠢ᠎ᠠᠴᠠ 7.6% ᠪᠠᠷ ᠨᠡᠮᠡᠭ᠌ᠳᠡᠭ᠌ᠰᠡᠨ ᠠᠵᠢ᠃