ᠤᠢ᠍ᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ ᠨᠠᠮ᠎ᠤᠨ ᠤᠳᠤᠷᠢᠳᠭᠤ ᠳᠤᠭᠤᠢᠯᠠᠩ᠎ᠤᠨ ᠤᠨᠤᠯ ᠰᠤᠷᠤᠯᠴᠠᠬᠤ ᠭᠤᠣᠯ ᠳᠤᠭᠤᠢᠯᠠᠩ᠎ᠤᠨ ᠬᠠᠮᠲᠤ᠎ᠶ᠋ᠢᠨ ᠰᠤᠷᠤᠯᠴᠠᠯᠭ᠎ᠠ ᠵᠢᠴᠢ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠲᠤᠰᠭᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠡᠯᠭᠡᠯᠡᠬᠦ᠌ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠲᠣᠭᠤᠷᠢᠨ᠎ᠳᠤ᠂ ᠠᠵᠢᠯ᠎ᠤᠨ ᠪᠣᠳᠠᠲᠠᠢ᠎ᠲᠠᠢ᠎ᠪᠠᠨ ᠨᠢᠭ᠍ᠲᠠ ᠤᠶᠠᠯᠳᠤᠭᠤᠯᠤᠨ ᠲᠤᠰᠭᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠢᠪᠡ᠃
ᠶᠡᠷᠦᠩᠬᠡᠢ ᠱᠦᠵᠢ ᠰᠢ᠎ᠶ᠋ᠢᠨ ᠫᠢᠩ᠎ᠤᠨ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠡᠯᠭᠡᠯᠡᠬᠦ᠌ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ᠎ᠶ᠋ᠢ ᠬᠠᠮᠲᠤ᠎ᠪᠠᠷ ᠰᠤᠷᠤᠯᠴᠠᠬ᠍ᠰᠠᠨᠤ ᠲᠠᠷᠠᠭ᠎ᠠ᠂ 7 ᠨᠥᠬᠦᠳ ᠭᠤᠣᠯ ᠰᠡᠳᠦᠪ᠎ᠤᠨ ᠲᠣᠭᠤᠷᠢᠨ᠎ᠳᠤ ᠠᠵᠢᠯ᠎ᠤᠨ ᠪᠣᠳᠠᠲᠠᠢ᠎ᠲᠠᠢ᠎ᠪᠠᠨ ᠤᠶᠠᠯᠳᠤᠭᠤᠯᠵᠦ᠍ ᠰᠤᠳᠤᠯᠤᠨ ᠶᠠᠷᠢᠯᠴᠠᠪᠡ᠃ ᠬᠤᠷᠠᠯ᠎ᠠᠴᠠ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠴᠢᠬᠤᠯᠠ ᠶᠡᠭᠡ ᠤᠯᠤᠰ ᠲᠦᠷᠦ᠎ᠶ᠋ᠢᠨ ᠡᠭᠦᠷᠭᠡ ᠪᠣᠯᠭᠠᠵᠤ᠂ ᠨᠠᠷᠢᠨ ᠨᠢᠮᠪᠠᠢ ᠲᠥᠯᠥᠪᠵᠢᠭᠦᠯᠦᠨ ᠪᠠᠢᠷᠢᠯᠠᠭᠤᠯᠵᠤ᠂ ᠰᠤᠷᠤᠯᠴᠠᠵᠥ᠍ ᠰᠤᠳᠤᠯᠤᠨ ᠶᠠᠷᠢᠯᠴᠠᠬᠤ ᠠᠵᠢᠯ᠎ᠢ ᠰᠠᠢᠲᠤᠷ ᠠᠳᠭᠤᠨ᠂ ᠤᠬᠠᠭᠤᠯᠤᠨ ᠲᠠᠢᠯᠪᠤᠷᠢᠯᠠᠬᠤ ᠠᠵᠢᠯ᠎ᠢ ᠵᠣᠬᠢᠶᠠᠨ ᠪᠠᠢᠭᠤᠯᠵᠤ᠂ ᠰᠡᠳᠭᠢᠯ ᠵᠢᠷᠦᠬᠡᠨ᠎ᠳᠡᠭᠡᠨ ᠬᠠᠳᠠᠩᠱᠢᠭᠤᠯᠤᠨ᠂ ᠪᠣᠳᠠᠲᠤ ᠦᠷ᠎ᠡ ᠪᠦᠲᠦᠮᠵᠢ ᠭᠠᠷᠭᠠᠬᠤ᠎ᠪᠠᠷ ᠴᠢᠷᠮᠠᠢᠬᠤ ᠬᠡᠷᠡᠭ᠌ᠲᠡᠢ᠃ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭᠠᠨ᠎ᠤ ᠮᠥᠨ ᠴᠢᠨᠠᠷ᠂ ᠭᠤᠣᠯ ᠴᠢᠬᠤᠯᠠ ᠠᠭᠤᠯᠭ᠎ᠠ᠎ᠶ᠋ᠢ ᠪᠦᠬᠦ᠌ ᠲᠠᠯ᠎ᠠ᠎ᠪᠠᠷ ᠡᠵᠡᠮᠳᠡᠨ ᠭᠦᠨᠵᠡᠭᠡᠢ ᠣᠢᠯᠠᠭᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠲᠠᠢ ᠨᠢᠭᠡᠳᠭᠡᠬᠦ᠌ ᠬᠡᠷᠡᠭ᠌ᠲᠡᠢ᠃ ᠠᠵᠢᠯᠴᠢᠨ᠎ᠤ ᠡᠪᠯᠡᠯ᠎ᠤᠨ ᠥᠷᠭᠡᠨ ᠤᠯᠠᠨ ᠺᠠᠳ᠋ᠷᠴᠤᠳ ᠨᠠᠮ᠎ᠤᠨ ᠲᠥᠪ ᠬᠤᠷᠢᠶᠠᠨ᠎ᠤ ᠤᠷᠢᠶᠠᠯᠠᠭ᠎ᠠ᠎ᠶ᠋ᠢ ᠴᠤᠤᠷᠢᠶᠠᠲᠤᠨ ᠲᠠᠭᠠᠵᠤ᠂ ᠠᠷᠠᠳ ᠤᠯᠠᠨ᠎ᠯᠤᠭ᠎ᠠ᠎ᠶ᠋ᠢᠨ ᠴᠢᠰᠤ ᠮᠢᠬᠠᠨ᠎ᠤ ᠪᠠᠷᠢᠯᠳᠤᠯᠭ᠎ᠠ᠎ᠪᠠᠨ ᠡᠭᠦᠷᠢᠳᠡ ᠪᠠᠲᠤᠯᠠᠵᠤ᠂ ᠪᠦᠬᠦ᠌ ᠰᠡᠳᠭᠢᠯ ᠪᠦᠬᠦ᠌ ᠵᠣᠷᠢᠭ᠎ᠢᠶᠠᠷ᠎ᠢᠶᠠᠨ ᠠᠷᠠᠳ ᠲᠦᠮᠡᠨ᠎ᠳᠤ ᠦᠢᠯᠡᠴᠢᠯᠡᠬᠦ᠌ ᠵᠣᠷᠢᠯᠲᠠ᠎ᠶ᠋ᠢᠨ ᠦᠨᠡᠨᠴᠢ ᠱᠢᠳᠤᠷᠭᠤ ᠦᠢᠯᠡᠳᠦᠯᠭᠡᠵᠢᠭᠦᠯᠦᠭ᠌ᠴᠢ᠂ ᠨᠠᠮ᠎ᠤᠨ ᠤᠯᠠᠨ ᠲᠦᠮᠡᠨᠴᠢ ᠱᠤᠭᠤᠮ᠎ᠤᠨ ᠡᠷᠡᠰ ᠪᠠᠲᠤ ᠬᠡᠷᠡᠭ᠌ᠵᠢᠭᠦᠯᠦᠭ᠌ᠴᠢ᠂ ᠨᠠᠮ᠎ᠤᠨ ᠤᠯᠠᠨ ᠲᠦᠮᠡᠨ᠎ᠤ ᠠᠵᠢᠯ᠎ᠤᠨ ᠴᠠᠭᠠᠷᠠᠬ᠍ᠴᠢ ᠪᠣᠯᠬᠤ᠎ᠪᠠᠷ ᠴᠢᠷᠮᠠᠢᠬᠤ ᠬᠡᠷᠡᠭ᠌ᠲᠡᠢ ᠬᠡᠵᠦ᠍ ᠴᠢᠬᠤᠯᠠᠴᠢᠯᠠᠪᠠ᠃
2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635372
ᠢᠮᠧᠯ᠄tn@mgyxw.net 蒙ICP备10000005号