《ᠭᠤᠷᠪᠠᠨ ᠡᠷᠬᠡ》 ᠎ᠶ᠋ᠢ ᠰᠠᠯᠭᠠᠬᠤ᠎ᠶ᠋ᠢᠨ ᠭᠤᠷᠪᠠᠨ ᠵᠤᠷᠢᠯᠳᠠ
2021-07-26 10:32:55
ᠵᠣᠬᠢᠶᠠᠭ᠍ᠴᠢ᠄
ᠤᠷᠠᠨ᠎ᠠ
ᠣᠩᠱᠢᠭ᠍ᠰᠠᠨ ᠣᠳᠠᠭ᠎ᠠ᠄
★★★☆☆

ᠨᠠᠢᠷᠠᠭᠤᠯᠤᠭ᠍ᠴᠢ᠎ᠶ᠋ᠢᠨ ᠦᠭᠡ᠄ ᠤᠯᠤᠰ ᠪᠠ ᠥᠪᠡᠷᠲᠡᠭᠡᠨ ᠵᠠᠰᠠᠬᠤ ᠣᠷᠣᠨ᠎ᠠᠴᠠ ᠮᠠᠯᠴᠢᠨ ᠲᠠᠷᠢᠶᠠᠴᠢᠨ᠎ᠳᠤ ᠠᠱᠢᠭ ᠬᠦᠷᠲᠡᠭᠡᠬᠦ᠌ ᠮᠠᠰᠢ ᠣᠯᠠᠨ ᠲᠥᠷᠥ᠎ᠶ᠋ᠢᠨ ᠪᠣᠳᠣᠯᠭ᠎ᠠ᠎ᠶ᠋ᠢ ᠵᠠᠯᠭᠠᠭ᠎ᠠ᠎ᠪᠠᠷ ᠨᠡᠢᠲᠡᠯᠡᠪᠡ᠃ ᠪᠢᠳᠡ ᠦᠪᠡᠷᠳᠡᠭᠡᠨ ᠵᠠᠰᠠᠬᠤ ᠤᠷᠤᠨ᠎ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠭᠤᠨ ᠮᠠᠯᠵᠢᠬᠤ ᠤᠷᠤᠨ᠎ᠤ ᠲᠢᠩᠬᠢᠮ᠎ᠤᠨ ᠲᠡᠮᠵᠢᠯᠬᠡ ᠲᠤᠤᠷ᠎ᠠ᠂ 2021 ᠣᠨ᠎ᠤ ᠤᠯᠤᠰ᠎ᠤᠨ ᠮᠠᠯᠴᠢᠨ ᠲᠠᠷᠢᠶᠠᠴᠢᠨ᠎ᠳᠤ ᠠᠱᠢᠭ ᠬᠦᠷᠲᠡᠭᠡᠬᠦ᠌ ᠲᠥᠷᠥ᠎ᠶ᠋ᠢᠨ ᠪᠣᠳᠣᠯᠭ᠎ᠠ᠎ᠪᠠᠷ ᠦᠨᠳᠦᠰᠦᠯᠡᠯ ᠪᠤᠯᠭᠠᠨ᠂ ᠮᠠᠨ᠎ᠤ ᠣᠷᠣᠨ᠎ᠤ ᠪᠣᠳᠠᠲᠤ ᠪᠠᠢᠳᠠᠯ᠎ᠲᠠᠢ ᠤᠶᠠᠯᠳᠤᠭᠤᠯᠵᠤ ᠪᠠᠢᠭᠠᠳ ᠬᠠᠮᠢᠶ᠎ᠠ ᠪᠦᠬᠦᠢ ᠲᠤᠰᠭᠠᠢ ᠮᠡᠷᠬᠡᠵᠢᠯᠳᠡᠨ᠎ᠢ ᠰᠤᠷᠪᠤᠯᠵᠢᠯᠠᠭ᠍ᠰᠠᠨ ᠪᠠᠢᠨ᠎ᠠ᠃ ᠡᠨᠡ ᠡᠳᠦᠷ᠎ᠠᠴᠠ ᠡᠬᠢᠯᠡᠨ 《ᠱᠢᠨ᠎ᠡ ᠬᠦᠳᠡᠭᠡ》 ᠲᠤᠰᠭᠠᠶ ᠬᠡᠪᠯᠡᠯ᠎ᠳᠡᠭᠡᠨ ᠲᠥᠷᠥ᠎ᠶ᠋ᠢᠨ ᠪᠣᠳᠣᠯᠭ᠎ᠠ᠎ᠶ᠋ᠢᠨ ᠲᠠᠢᠯᠤᠮᠵᠢ᠎ᠶ᠋ᠢᠨ ᠲᠤᠬᠠᠢ ᠱᠢᠷᠢᠰ ᠰᠤᠷᠪᠤᠯᠵᠢᠯᠠᠭ᠎ᠠ᠎ᠪᠠᠨ ᠨᠡᠢᠲᠡᠯᠡᠵᠦ᠍᠂ ᠮᠠᠯᠴᠢᠨ ᠲᠠᠷᠢᠶᠠᠴᠢᠨ᠎ᠳᠤ ᠠᠱᠢᠭ ᠬᠦᠷᠳᠡᠭᠡᠬᠦ᠌ ᠲᠥᠷᠥ᠎ᠶ᠋ᠢᠨ ᠪᠣᠳᠣᠯᠭ᠎ᠠ᠎ᠶ᠋ᠢ ᠤᠬᠠᠭᠤᠯᠤᠨ ᠲᠠᠢᠯᠪᠤᠷᠢᠯᠠᠬᠤ ᠡᠷᠴᠢᠮ᠎ᠢᠶᠠᠨ ᠴᠢᠩᠭᠠᠷᠠᠭᠤᠯᠤᠨ᠂ ᠮᠠᠯᠴᠢᠨ ᠲᠠᠷᠢᠶᠠᠴᠢᠨ ᠪᠦᠬᠦᠨ᠎ᠤ ᠬᠠᠮᠢᠶ᠎ᠠ ᠪᠦᠬᠦᠢ ᠲᠦᠷᠦ᠎ᠶ᠋ᠢᠨ ᠪᠤᠳᠤᠯᠭ᠎ᠠ᠎ᠶ᠋ᠢ ᠨᠡᠩ ᠰᠠᠢᠳᠤᠷ ᠤᠢ᠍ᠢᠯᠠᠭᠠᠵᠤ᠂ ᠬᠠᠮᠢᠶ᠎ᠠ ᠪᠦᠬᠦᠢ ᠲᠥᠷᠥ᠎ᠶ᠋ᠢᠨ ᠪᠣᠳᠣᠯᠭ᠎ᠠ᠎ᠶ᠋ᠢᠨ ᠠᠱᠢᠭ ᠲᠤᠰᠠ᠎ᠶ᠋ᠢ ᠨᠡᠩ ᠰᠠᠢᠳᠤᠷ ᠡᠳ᠋ᠯᠡᠵᠤ ᠶᠠᠪᠤᠬᠤ᠎ᠶ᠋ᠢ ᠬᠦᠰᠡᠯ᠎ᠠ᠃ ᠠᠩᠬᠠᠷᠤᠯ᠎ᠢᠶᠠᠨ ᠬᠠᠨᠳᠤᠭᠤᠯᠤᠮᠤ!


— ᠮᠠᠯᠴᠢᠨ ᠲᠠᠷᠢᠶᠠᠴᠢᠨ᠎ᠳᠤ ᠠᠱᠢᠭ ᠬᠦᠷᠳᠡᠭᠡᠬᠦ᠌ ᠲᠥᠷᠥ᠎ᠶ᠋ᠢᠨ ᠪᠣᠳᠣᠯᠭ᠎ᠠ ᠎ᠶ᠋ᠢᠨ ᠲᠤᠬᠠᠢ ᠱᠢᠷᠢᠰ ᠰᠤᠷᠪᠤᠯᠵᠢᠯᠠᠭ᠎ᠠ  (ᠨᠢᠭᠡ)


ᠬᠦᠳᠡᠭᠡ ᠲᠤᠰᠭᠤᠨ᠎ᠤ ᠭᠠᠵᠠᠷ ᠱᠢᠷᠤᠢ᠎ᠶ᠋ᠢᠨ 《ᠭᠤᠷᠪᠠᠨ ᠡᠷᠬᠡ》 ᠎ᠶ᠋ᠢ ᠰᠠᠯᠭᠠᠬᠤ ᠪᠤᠯ ᠮᠠᠨ᠎ᠤ ᠤᠯᠤᠰ᠎ᠤᠨ ᠬᠡᠷ ᠪᠦᠯᠢ᠎ᠶ᠋ᠢᠨ ᠲᠠᠭᠠᠭᠠᠴᠢᠯᠠᠯᠳᠠ᠎ᠶ᠋ᠢᠨ ᠲᠦᠷᠢᠮ᠎ᠤᠨ ᠲᠠᠷᠠᠭᠠᠬᠢ ᠪᠠᠰᠠ ᠨᠢᠬᠡᠨ ᠤᠳᠠᠭ᠎ᠠ᠎ᠶ᠋ᠢᠨ ᠴᠢᠬᠤᠯᠠ ᠶᠡᠭᠡ ᠤᠨᠤᠯ᠎ᠤᠨ ᠱᠢᠪᠳᠤᠯᠤᠯᠳᠠ ᠪᠠ ᠲᠦᠷᠢᠮ᠎ᠤᠨ ᠱᠢᠨ᠎ᠠ ᠡᠬᠦᠳᠦᠯᠳᠡ ᠪᠤᠯᠤᠨ᠎ᠠ᠃ 《ᠭᠤᠷᠪᠠᠨ ᠡᠷᠬᠡ》 ᠎ᠶ᠋ᠢ ᠰᠠᠯᠭᠠᠬᠤ ᠭᠡᠳᠡᠭ᠎ᠨᠢ ᠬᠥᠳᠡᠭᠡ ᠲᠣᠰᠭᠤᠨ ᠮᠠᠯᠵᠢᠬᠤ ᠤᠷᠤᠨ᠎ᠤ ᠭᠠᠵᠠᠷ ᠱᠢᠷᠣᠶ᠎ᠶ᠋ᠢᠨ ᠬᠠᠮᠲᠤ᠎ᠶ᠋ᠢᠨ ᠥᠮᠴᠢᠯᠡᠯ᠎ᠤᠨ ᠡᠷᠬᠡ᠂ ᠮᠠᠯᠵᠢᠬᠤ ᠲᠠᠷᠢᠶᠠᠯᠠᠬᠤ ᠡᠷᠦᠬᠡ᠎ᠶ᠋ᠢᠨ ᠳᠠᠭᠠᠭᠠᠴᠢᠯᠠᠯᠲᠠ᠎ᠶ᠋ᠢᠨ ᠡᠷᠬᠡ᠂ ᠭᠠᠵᠠᠷ ᠱᠢᠷᠣᠶ᠎ᠶ᠋ᠢᠨ ᠡᠵᠡᠩᠨᠡᠯᠲᠡ᠎ᠶ᠋ᠢᠨ ᠡᠷᠬᠡ ᠵᠡᠷᠭᠡ 《ᠭᠤᠷᠪᠠᠨ ᠡᠷᠬᠡ》 ᠎ᠶ᠋ᠢ ᠰᠠᠯᠭᠠᠬᠤ᠎ᠶ᠋ᠢ ᠵᠢᠭᠠᠵᠤ ᠪᠠᠢᠨ᠎ᠠ᠂ 《ᠭᠤᠷᠪᠠᠨ ᠡᠷᠬᠡ》 ᠎ᠶ᠋ᠢ ᠰᠠᠯᠭᠠᠬᠤ᠎ᠨᠢ ᠭᠤᠷᠪᠠᠨ ᠵᠤᠷᠢᠯᠳᠠ᠎ᠲᠠᠢ ᠶᠤᠮ᠃

ᠬᠠᠮᠳᠤ᠎ᠶ᠋ᠢᠨ ᠦᠮᠴᠢᠯᠡᠯ᠎ᠤᠨ ᠡᠷᠬᠡ᠎ᠶ᠋ᠢ ᠨᠠᠢᠳᠠᠪᠤᠷᠢᠵᠢᠭᠤᠯᠤᠨ᠎ᠠ᠃ ᠮᠠᠯᠴᠢᠨ ᠲᠠᠷᠢᠶᠠᠴᠢᠨ᠎ᠤ ᠬᠠᠮᠲᠤ ᠨᠡᠢᠳᠡ ᠪᠣᠯ ᠭᠠᠵᠠᠷ ᠱᠢᠷᠣᠶ᠎ᠶ᠋ᠢᠨ ᠬᠠᠮᠲᠤ᠎ᠶ᠋ᠢᠨ ᠥᠮᠴᠢᠯᠡᠯ᠎ᠤᠨ ᠡᠷᠬᠡ᠎ᠶ᠋ᠢᠨ ᠭᠤᠤᠯ ᠴᠣᠭ᠍ᠴᠠ ᠮᠥᠨ᠂ ᠮᠠᠯᠴᠢᠨ ᠲᠠᠷᠢᠶᠠᠴᠢᠨ᠎ᠤ ᠬᠠᠮᠲᠤ ᠨᠡᠢᠳᠡ᠎ᠨᠢ ᠬᠠᠮᠲᠤ᠎ᠶ᠋ᠢᠨ ᠭᠠᠵᠠᠷ ᠱᠢᠷᠣᠢ᠎ᠶ᠋ᠢ ᠬᠠᠤᠯᠢ ᠶᠣᠰᠣᠭᠠᠷ ᠳᠠᠭᠠᠭᠠᠴᠢᠯᠠᠭᠤᠯᠬᠤ ᠡᠷᠬᠡ᠎ᠲᠠᠢ᠂ ᠶᠠᠮᠠᠷᠪᠠ ᠵᠣᠬᠢᠶᠠᠨ ᠪᠠᠢᠭᠤᠯᠤᠯᠲᠠ ᠪᠠ ᠬᠤᠪᠢ ᠬᠥᠮᠦᠨ ᠬᠠᠤᠯᠢ ᠪᠤᠰᠤ᠎ᠪᠠᠷ ᠭᠠᠷ ᠲᠦᠷᠦᠵᠦ᠍ ᠪᠣᠯᠬᠤ ᠦᠭᠡᠢ; ᠪᠠᠢᠭᠠᠯᠢ᠎ᠶ᠋ᠢᠨ ᠭᠠᠶ ᠭᠠᠮᠱᠢᠭ᠎ᠠᠴᠠ ᠪᠤᠯᠵᠤ ᠬᠦᠨᠳᠦ ᠨᠣᠴᠢᠲᠠᠶ ᠡᠪᠳᠡᠭ᠌ᠳᠡᠭ᠌ᠰᠡᠨ ᠵᠡᠷᠭᠡ ᠣᠨᠴᠠᠭᠠᠶ ᠪᠠᠢᠳᠠᠯ᠎ᠳᠤ ᠳᠠᠭᠠᠭᠠᠴᠢᠯᠠᠯᠲᠠ᠎ᠶ᠋ᠢᠨ ᠭᠠᠵᠠᠷ᠎ᠲᠤ ᠬᠠᠤᠯᠢ ᠶᠣᠰᠣᠭᠠᠷ ᠲᠣᠬᠢᠷᠠᠭᠤᠯᠤᠯᠲᠠ ᠬᠢᠬᠦ᠌ ᠡᠷᠬᠡ᠎ᠲᠠᠢ; ᠳᠠᠭᠠᠭᠠᠴᠢᠯᠠᠭ᠍ᠰᠠᠨ ᠮᠠᠯᠵᠢᠬᠤ ᠲᠠᠷᠢᠶᠠᠯᠠᠬᠤ ᠡᠷᠦᠬᠡ ᠪᠠ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢᠨ ᠳᠠᠭᠠᠭᠠᠴᠢᠯᠠᠭ᠍ᠰᠠᠨ ᠭᠠᠵᠠᠷ᠎ᠤᠨ ᠠᠱᠢᠬ᠍ᠯᠠᠯᠳᠠ᠎ᠳᠤ ᠬᠢᠨᠠᠯᠲᠠ ᠲᠠᠯᠪᠢᠬᠤ ᠡᠷᠬᠡ᠎ᠲᠠᠢ ᠪᠥᠭᠡᠳ ᠭᠠᠵᠠᠷ ᠱᠢᠷᠣᠶ᠎ᠶ᠋ᠢ ᠣᠷᠳᠣ ᠬᠤᠭᠤᠴᠠᠭ᠎ᠠ᠎ᠪᠠᠷ ᠠᠲᠠᠷᠱᠢᠭᠤᠯᠬᠤ᠂ ᠡᠪᠳᠡᠵᠦ᠍ ᠰᠦᠢᠳᠭᠡᠬᠦ᠂ ᠭᠠᠵᠠᠷ ᠱᠢᠷᠣᠶ᠎ᠶ᠋ᠢᠨ ᠬᠡᠷᠡᠭ᠌ᠴᠡᠭᠡ᠎ᠶ᠋ᠢ ᠬᠠᠤᠯᠢ ᠪᠤᠰᠤ᠎ᠪᠠᠷ ᠬᠤᠪᠢᠷᠠᠭᠤᠯᠬᠤ ᠵᠡᠷᠭᠡ ᠦᠢᠯᠡ ᠠᠵᠢᠯᠯᠠᠭ᠎ᠠ᠎ᠶ᠋ᠢ ᠰᠡᠷᠭᠡᠢᠯᠡᠬᠦ᠌ ᠪᠠ ᠵᠠᠯᠠᠷᠠᠭᠤᠯᠬᠤ ᠡᠷᠬᠡ᠎ᠲᠠᠢ᠃ ᠳᠠᠭᠠᠭᠠᠴᠢᠯᠠᠭ᠍ᠰᠠᠨ ᠮᠠᠯᠵᠢᠬᠤ ᠲᠠᠷᠢᠶᠠᠯᠠᠬᠤ ᠡᠷᠦᠬᠡ ᠭᠠᠵᠠᠷ ᠱᠢᠷᠣᠢ᠎ᠶ᠋ᠢᠨ ᠳᠠᠭᠠᠭᠠᠴᠢᠯᠠᠯᠲᠠ᠎ᠶ᠋ᠢᠨ ᠡᠷᠬᠡ᠎ᠪᠠᠨ ᠱᠢᠯᠵᠢᠭᠦᠯᠦᠨ ᠥᠭ᠌ᠬᠦ᠎ᠳᠡᠭᠡᠨ ᠲᠤᠰ ᠬᠠᠮᠲᠤ᠎ᠶ᠋ᠢᠨ ᠠᠵᠤ ᠠᠬᠤᠢ᠎ᠶ᠋ᠢᠨ ᠵᠣᠬᠢᠶᠠᠨ ᠪᠠᠢᠭᠤᠯᠤᠯᠲᠠ᠎ᠶ᠋ᠢᠨ ᠳᠣᠲᠣᠷ᠎ᠠ ᠶᠠᠪᠤᠭ᠍ᠳᠠᠭᠤᠯᠬᠤ᠎ᠶ᠋ᠢᠨ ᠬᠠᠮᠲᠤ ᠮᠠᠯᠴᠢᠨ ᠲᠠᠷᠢᠶᠠᠴᠢᠨ᠎ᠤ ᠬᠠᠮᠲᠤ ᠨᠡᠢᠳᠡ᠎ᠶ᠋ᠢᠨ ᠵᠥᠪᠱᠢᠶᠡᠷᠡᠯ᠎ᠢ ᠣᠯᠬᠤ ᠬᠡᠷᠡᠭ᠌ᠲᠡᠢ; ᠭᠠᠵᠠᠷ ᠱᠢᠷᠣᠢ᠎ᠶ᠋ᠢᠨ ᠡᠵᠡᠩᠨᠡᠯᠲᠡ᠎ᠶ᠋ᠢᠨ ᠡᠷᠬᠡ᠎ᠶ᠋ᠢ ᠭᠦᠢᠯᠭᠡᠭᠡᠬᠦ᠌᠎ᠳᠤ ᠡᠷᠬᠡᠪᠰᠢ ᠮᠠᠯᠴᠢᠨ ᠲᠠᠷᠢᠶᠠᠴᠢᠨ᠎ᠤ ᠬᠠᠮᠲᠤ ᠨᠡᠢᠳᠡ᠎ᠳᠤ ᠪᠢᠴᠢᠭ᠎ᠢᠶᠠᠷ ᠳᠠᠩᠰᠠᠯᠠᠭᠤᠯᠬᠤ ᠬᠡᠷᠡᠭ᠌ᠲᠡᠢ᠃ ᠬᠠᠮᠲᠤ᠎ᠶ᠋ᠢᠨ ᠭᠠᠵᠠᠷ ᠱᠢᠷᠣᠢ ᠲᠠᠲᠠᠪᠤᠷᠢᠯᠠᠭ᠍ᠳᠠᠭ᠍ᠰᠠᠨ ᠪᠠᠢᠪᠠᠯ᠂ ᠮᠠᠯᠴᠢᠨ ᠲᠠᠷᠢᠶᠠᠴᠢᠨ᠎ᠤ ᠬᠠᠮᠲᠤ ᠨᠡᠢᠳᠡ᠎ᠨᠢ ᠭᠠᠵᠠᠷ ᠱᠢᠷᠣᠢ᠎ᠶ᠋ᠢᠨ ᠲᠠᠲᠠᠪᠤᠷᠢᠯᠠᠯᠲᠠ᠎ᠶ᠋ᠢᠨ ᠲᠥᠯᠥᠪᠦᠷᠢ ᠣᠯᠭᠤᠵᠤ ᠲᠥᠪᠬᠢᠨᠡᠭᠦᠯᠬᠦ᠌ ᠲᠥᠰᠦᠯ ᠵᠡᠷᠭᠡ᠎ᠳᠤ ᠰᠠᠨᠠᠯ ᠳᠤᠷᠠᠳᠭᠤ ᠡᠷᠬᠡ᠎ᠲᠠᠢ ᠪᠥᠭᠡᠳ ᠬᠠᠤᠯᠢ ᠶᠣᠰᠣᠭᠠᠷ ᠲᠥᠯᠥᠪᠦᠷᠢ ᠬᠦᠷᠳᠡᠨ᠎ᠠ᠃

ᠬᠡᠷ ᠪᠦᠯᠢ᠎ᠶ᠋ᠢᠨ ᠲᠠᠭᠠᠭᠠᠴᠢᠯᠠᠯᠳᠠ᠎ᠶ᠋ᠢᠨ ᠡᠷᠬᠡ᠎ᠶ᠋ᠢ ᠲᠤᠭ᠍ᠳᠠᠪᠤᠷᠢᠵᠢᠭᠤᠯᠤᠨ᠎ᠠ᠃ ᠮᠠᠯᠵᠢᠬᠤ ᠲᠠᠷᠢᠶᠠᠯᠠᠬᠤ ᠡᠷᠦᠬᠡ ᠭᠠᠵᠠᠷ ᠱᠢᠷᠣᠶ᠎ᠶ᠋ᠢᠨ ᠳᠠᠭᠠᠭᠠᠴᠢᠯᠠᠯᠲᠠ᠎ᠶ᠋ᠢᠨ ᠡᠷᠬᠡ᠎ᠶ᠋ᠢ ᠡᠳ᠋ᠯᠡᠬᠦ᠌ ᠪᠣᠯ ᠮᠠᠯᠵᠢᠬᠤ ᠲᠠᠷᠢᠶᠠᠯᠠᠬᠤ ᠤᠷᠤᠨ᠎ᠤ ᠦᠨᠳᠦᠰᠦᠨ ᠡᠵᠡᠩᠨᠡᠯᠲᠡ᠎ᠶ᠋ᠢᠨ ᠲᠦᠷᠢᠮ᠎ᠤᠨ ᠰᠠᠭᠤᠷᠢ ᠪᠤᠯᠬᠤ ᠶᠤᠮ᠂ ᠣᠲᠣ᠎ᠶ᠋ᠢᠨ ᠪᠠᠢᠭ᠎ᠠ ᠭᠠᠵᠠᠷ ᠱᠢᠷᠣᠶ᠎ᠶ᠋ᠢᠨ ᠳᠠᠭᠠᠭᠠᠴᠢᠯᠠᠯᠲᠠ᠎ᠶ᠋ᠢᠨ ᠬᠠᠷᠢᠴᠠᠭ᠎ᠠ᠎ᠶ᠋ᠢ ᠲᠣᠭ᠍ᠲᠠᠪᠤᠷᠢᠵᠢᠭᠤᠯᠬᠤ᠎ᠶ᠋ᠢᠨ ᠬᠠᠮᠲᠤ ᠣᠷᠳᠣ ᠬᠤᠭᠤᠴᠠᠭ᠎ᠠ᠎ᠪᠠᠷ ᠬᠤᠪᠢᠷᠠᠭᠤᠯᠬᠤ ᠥᠬᠡᠶ ᠪᠠᠢᠬᠤ᠎ᠶ᠋ᠢ ᠪᠠᠲᠤᠯᠠᠵᠤ᠂ ᠮᠠᠯᠵᠢᠬᠤ ᠲᠠᠷᠢᠶᠠᠯᠠᠬᠤ ᠡᠷᠦᠬᠡ᠎ᠶ᠋ᠢᠨ ᠳᠠᠭᠠᠭᠠᠴᠢᠯᠠᠯᠲᠠ᠎ᠶ᠋ᠢᠨ ᠡᠷᠬᠡ᠎ᠶ᠋ᠢ ᠴᠢᠩᠭ᠎ᠠ ᠬᠠᠮᠠᠭᠠᠯᠠᠵᠤ᠂ ᠭᠠᠵᠠᠷ ᠱᠢᠷᠣᠶ᠎ᠶ᠋ᠢᠨ ᠳᠠᠭᠠᠭᠠᠴᠢᠯᠠᠯᠲᠠ᠎ᠶ᠋ᠢᠨ ᠡᠷᠬᠡᠲᠦ ᠬᠥᠮᠦᠨ᠎ᠳᠤ ᠳᠠᠭᠠᠭᠠᠴᠢᠯᠠᠭ᠍ᠰᠠᠨ ᠭᠠᠵᠠᠷ ᠱᠢᠷᠣᠶ᠎ᠪᠠᠨ ᠬᠠᠤᠯᠢ ᠶᠣᠰᠣᠭᠠᠷ ᠡᠵᠡᠮᠱᠢᠬᠦ᠂ ᠠᠱᠢᠬ᠍ᠯᠠᠬᠤ ᠪᠠ ᠠᠱᠢᠭ ᠤᠯᠬᠤ ᠡᠷᠬᠡ ᠣᠯᠭᠤᠵᠤ᠂ ᠮᠠᠯᠵᠢᠬᠤ ᠲᠠᠷᠢᠶᠠᠯᠠᠬᠤ ᠤᠷᠤᠨ᠎ᠤ ᠬᠠᠮᠲᠤ᠎ᠶ᠋ᠢᠨ ᠭᠠᠵᠠᠷ ᠱᠢᠷᠣᠶ᠎ᠶ᠋ᠢ ᠲᠤᠰ ᠬᠠᠮᠲᠤ᠎ᠶ᠋ᠢᠨ ᠠᠵᠤ ᠠᠬᠤᠶ᠎ᠶ᠋ᠢᠨ ᠵᠣᠬᠢᠶᠠᠨ ᠪᠠᠢᠭᠤᠯᠤᠯᠲᠠ᠎ᠶ᠋ᠢᠨ ᠪᠦᠷᠢᠯᠳᠦᠬᠦᠨ ᠪᠣᠯᠬᠤ ᠮᠠᠯᠵᠢᠬᠤ ᠲᠠᠷᠢᠶᠠᠯᠠᠬᠤ ᠡᠷᠦᠬᠡ᠎ᠳᠤ ᠳᠠᠭᠠᠭᠠᠴᠢᠯᠠᠭᠤᠯᠵᠤ᠂ ᠡᠵᠡᠩᠨᠡᠯᠲᠡ᠎ᠶ᠋ᠢᠨ ᠡᠷᠬᠡ᠎ᠶ᠋ᠢ ᠬᠡᠷᠬᠢᠨ ᠭᠦᠢᠯᠭᠡᠭᠡᠭ᠌ᠰᠡᠨ ᠴᠤ᠌ ᠬᠠᠮᠲᠤ᠎ᠶ᠋ᠢᠨ ᠭᠠᠵᠠᠷ ᠱᠢᠷᠣᠶ᠎ᠶ᠋ᠢᠨ ᠳᠠᠭᠠᠭᠠᠴᠢᠯᠠᠯᠲᠠ᠎ᠶ᠋ᠢᠨ ᠡᠷᠬᠡ᠎ᠨᠢ ᠴᠥᠮ ᠮᠠᠯᠵᠢᠬᠤ ᠲᠠᠷᠢᠶᠠᠯᠠᠬᠤ ᠡᠷᠦᠬᠡ᠎ᠳᠤ ᠬᠠᠷᠢᠶᠠᠯᠠᠭ᠍ᠳᠠᠨ᠎ᠠ᠃ ᠶᠠᠮᠠᠷᠪᠠ ᠵᠣᠬᠢᠶᠠᠨ ᠪᠠᠢᠭᠤᠯᠤᠯᠲᠠ ᠪᠠ ᠬᠤᠪᠢ ᠬᠥᠮᠦᠨ ᠴᠥᠮ ᠮᠠᠯᠵᠢᠬᠤ ᠲᠠᠷᠢᠶᠠᠯᠠᠬᠤ ᠡᠷᠣᠬᠡ᠎ᠶ᠋ᠢᠨ ᠭᠠᠵᠠᠷ ᠱᠢᠷᠣᠢ ᠳᠠᠭᠠᠭᠠᠴᠢᠯᠠᠬᠤ ᠪᠠᠢᠷᠢ ᠰᠠᠭᠤᠷᠢ᠎ᠶ᠋ᠢ ᠣᠷᠣᠯᠠᠵᠤ ᠪᠣᠯᠬᠤ ᠥᠭᠡᠢ᠂ ᠮᠠᠯᠵᠢᠬᠤ ᠲᠠᠷᠢᠶᠠᠯᠠᠬᠤ ᠡᠷᠣᠬᠡ᠎ᠶ᠋ᠢᠨ ᠭᠠᠵᠠᠷ ᠱᠢᠷᠣᠢ ᠳᠠᠭᠠᠭᠠᠴᠢᠯᠠᠬᠤ ᠡᠷᠬᠡ᠎ᠶ᠋ᠢ ᠬᠠᠤᠯᠢ ᠪᠤᠰᠤ᠎ᠪᠠᠷ ᠬᠠᠰᠤᠬᠤ ᠪᠠ ᠬᠢᠵᠠᠭᠠᠷᠯᠠᠵᠤ ᠪᠣᠯᠬᠤ ᠥᠭᠡᠢ᠃

ᠭᠠᠵᠠᠷ ᠱᠢᠷᠤᠢ᠎ᠶ᠋ᠢᠨ ᠡᠵᠡᠩᠨᠡᠯᠳᠡ᠎ᠶ᠋ᠢᠨ ᠡᠷᠬᠡ᠎ᠶ᠋ᠢ ᠠᠮᠢᠳᠤᠯᠢᠭ᠍ᠵᠢᠭᠤᠯᠤᠨ᠎ᠠ᠃ ᠡᠵᠡᠩᠨᠡᠯᠲᠡ᠎ᠶ᠋ᠢᠨ ᠪᠡᠶᠡᠴᠢ ᠴᠣᠭ᠍ᠴᠠ᠎ᠨᠤᠭᠤᠳ ᠡᠵᠡᠩᠨᠡᠯᠲᠡ᠎ᠶ᠋ᠢᠨ ᠡᠷᠬᠡ᠎ᠶ᠋ᠢ ᠭᠦᠢᠯᠭᠡᠭᠡᠭ᠌ᠰᠡᠨ ᠭᠠᠵᠠᠷ ᠱᠢᠷᠣᠶ᠎ᠶ᠋ᠢ ᠠᠱᠢᠬ᠍ᠯᠠᠨ ᠡᠵᠡᠨ ᠮᠡᠳᠡᠵᠦ᠍ ᠪᠠᠢᠭᠠᠳ ᠲᠠᠷᠢᠶᠠᠯᠠᠩ᠎ᠤᠨ ᠦᠢᠯᠡᠳᠪᠦᠷᠢᠯᠡᠯ ᠡᠵᠡᠩᠨᠡᠯᠲᠡ ᠬᠢᠬᠦ᠌᠎ᠶ᠋ᠢᠨ ᠬᠠᠮᠲᠤ ᠬᠠᠷᠠᠭᠠᠯᠵᠠᠭ᠍ᠰᠠᠨ ᠠᠱᠢᠭ ᠣᠷᠣᠯᠭ᠎ᠠ ᠤᠯᠬᠤ ᠡᠷᠬᠡ᠎ᠲᠠᠢ᠂ ᠳᠠᠭᠠᠭᠠᠴᠢᠯᠠᠭ᠍ᠰᠠᠨ ᠮᠠᠯᠵᠢᠬᠤ ᠲᠠᠷᠢᠶᠠᠯᠠᠬᠤ ᠡᠷᠦᠬᠡ᠎ᠪᠠᠷ ᠵᠥᠪᠱᠢᠶᠡᠷᠡᠭᠦᠯᠦᠭᠡᠳ᠂ ᠬᠠᠤᠯᠢ ᠲᠣᠭ᠍ᠲᠠᠭᠠᠯ ᠶᠣᠰᠣᠭᠠᠷ ᠬᠥᠷᠥᠰᠥ᠍ ᠱᠢᠷᠣᠶ᠎ᠶ᠋ᠢ ᠰᠠᠢᠵᠢᠷᠠᠭᠤᠯᠤᠨ ᠭᠠᠵᠠᠷ᠎ᠤᠨ ᠱᠢᠮ᠎ᠡ᠎ᠶ᠋ᠢ ᠳᠡᠭᠡᠭ᠌ᠰᠢᠯᠡᠭᠦᠯᠵᠦ᠍᠂ ᠲᠠᠷᠢᠶᠠᠯᠠᠩ ᠦᠢᠯᠡᠳᠪᠦᠷᠢᠯᠡᠯ᠂ ᠳᠠᠭᠠᠯᠲᠠ ᠦᠢᠯᠡᠳᠪᠦᠷᠢᠯᠡᠯ᠂ ᠢᠵᠢ ᠪᠥᠷᠢᠳᠦᠭᠦᠯᠬᠦ᠌ ᠲᠥᠬᠦᠭᠡᠷᠦᠮᠵᠢ᠎ᠶ᠋ᠢ ᠪᠥᠲᠥᠭᠡᠨ ᠪᠠᠢᠭᠤᠯᠬᠤ᠎ᠶ᠋ᠢᠨ ᠬᠠᠮᠲᠤ ᠭᠦᠢᠯᠭᠡᠭᠡᠬᠦ᠌ ᠭᠡᠷ᠎ᠡ᠎ᠳᠤ ᠪᠣᠯᠵᠣᠨ ᠲᠣᠭ᠍ᠲᠠᠭ᠍ᠰᠠᠨ ᠶᠣᠰᠣᠭᠠᠷ ᠵᠦᠶ ᠵᠣᠬᠢᠰᠲᠠᠶ ᠨᠥᠬᠦᠪᠥᠷᠢ ᠬᠦᠷᠳᠡᠨ᠎ᠠ; ᠡᠵᠡᠩᠨᠡᠯᠲᠡ᠎ᠶ᠋ᠢᠨ ᠡᠷᠬᠡ᠎ᠶ᠋ᠢ ᠭᠦᠢᠯᠭᠡᠭᠡᠬᠦ᠌ ᠭᠡᠷ᠎ᠡ᠎ᠶ᠋ᠢᠨ ᠬᠤᠭᠤᠴᠠᠭ᠎ᠠ ᠲᠤᠯᠤᠭ᠍ᠰᠠᠨ᠎ᠤ ᠲᠠᠷᠠᠭ᠎ᠠ ᠠᠳᠠᠯᠢ ᠨᠥᠬᠦᠴᠡᠯ ᠳᠤᠤᠷ᠎ᠠ ᠳᠠᠭᠠᠭᠠᠴᠢᠯᠠᠯᠲᠠ᠎ᠶ᠋ᠢᠨ ᠭᠠᠵᠠᠷ ᠱᠢᠷᠣᠢ᠎ᠶ᠋ᠢ ᠤᠷᠢᠳ᠎ᠢᠶᠠᠷ ᠦᠷᠭᠦᠯᠵᠢᠯᠡᠨ ᠲᠦᠷᠢᠶᠡᠰᠦᠯᠡᠬᠦ᠌ ᠡᠷᠬᠡ ᠎ᠲᠠᠢ᠃ ᠡᠵᠡᠩᠨᠡᠯᠲᠡ᠎ᠶ᠋ᠢᠨ ᠡᠷᠬᠡ᠎ᠶ᠋ᠢ ᠭᠦᠢᠯᠭᠡᠭᠡᠭ᠌ᠰᠡᠨ ᠭᠠᠵᠠᠷ ᠱᠢᠷᠣᠢ ᠲᠠᠲᠠᠪᠤᠷᠢᠯᠠᠭ᠍ᠳᠠᠭ᠍ᠰᠠᠨ ᠪᠠᠢᠪᠠᠯ᠂ ᠭᠠᠵᠠᠷ ᠳᠡᠭᠡᠷᠡᠬᠢ ᠲᠠᠭᠠᠯᠳᠠ ᠪᠣᠳᠠᠰ ᠵᠢᠴᠢ ᠲᠠᠷᠢᠶᠠᠨ ᠴᠢᠬᠢ᠎ᠶ᠋ᠢᠨ ᠲᠥᠯᠥᠪᠦᠷᠢ᠎ᠶ᠋ᠢᠨ ᠰᠦᠢᠳᠭᠡᠯ ᠵᠡᠷᠬᠡ᠎ᠶ᠋ᠢ ᠭᠦᠢᠯᠭᠡᠭᠡᠬᠦ᠌ ᠭᠡᠷ᠎ᠡ᠎ᠳᠤ ᠪᠣᠯᠵᠣᠨ ᠲᠣᠭ᠍ᠲᠠᠭ᠍ᠰᠠᠨ ᠶᠣᠰᠣᠭᠠᠷ ᠲᠡᠭᠦᠨ᠎ᠤ ᠬᠠᠷᠢᠶᠠᠯᠠᠯ᠎ᠢ᠎ᠨᠢ ᠲᠣᠭ᠍ᠲᠠᠭᠠᠬᠤ ᠬᠡᠷᠡᠭ᠌ᠲᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号