ᠲᠥᠪ᠎ᠤᠨ ᠵᠣᠬᠢᠶᠠᠨ ᠪᠠᠢᠭᠤᠯᠬᠤ ᠬᠡᠯᠲᠡᠰ 《ᠦᠶᠡᠷ᠎ᠢ ᠰᠡᠷᠭᠡᠢᠯᠡᠵᠦ᠍ ᠭᠠᠮᠱᠢᠭ᠎ᠠᠴᠠ ᠠᠪᠤᠷᠠᠬᠤ ᠳᠤᠮᠳᠠ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠲᠠᠢᠴᠢᠨ ᠪᠠᠬᠢᠯᠡᠯᠲᠡ᠎ᠶ᠋ᠢᠨ ᠦᠢᠯᠡᠳᠦᠯ ᠪᠣᠯᠤᠨ ᠥᠷᠭᠡᠨ ᠤᠯᠠᠨ ᠨᠠᠮ᠎ᠤᠨ ᠭᠡᠱᠢᠭᠦᠨ᠎ᠤ ᠬᠤᠱᠢᠭᠤᠴᠢ ᠵᠢᠱ᠌ᠢᠶᠡᠴᠢ ᠦᠢᠯᠡᠳᠦᠯ᠎ᠢ ᠭᠦᠢᠴᠡᠳ ᠪᠠᠳᠠᠷᠠᠭᠤᠯᠬᠤ ᠲᠤᠬᠠᠢ ᠮᠡᠳᠡᠭ᠌ᠳᠡᠯ》 ᠎ᠢ ᠳᠠᠷᠤᠮᠠᠯᠯᠠᠨ ᠲᠠᠷᠬᠠᠭᠠᠪᠠ
2021-07-26 11:02:05
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠤᠢ᠍ᠢᠷ᠎ᠠ᠎ᠳᠤ᠂ ᠨᠠᠮ᠎ᠤᠨ ᠲᠥᠪ ᠬᠤᠷᠢᠶᠠᠨ᠎ᠤ ᠵᠣᠬᠢᠶᠠᠨ ᠪᠠᠢᠭᠤᠯᠬᠤ ᠬᠡᠯᠲᠡᠰ 《ᠦᠶᠡᠷ᠎ᠢ ᠰᠡᠷᠭᠡᠢᠯᠡᠵᠦ᠍ ᠭᠠᠮᠱᠢᠭ᠎ᠠᠴᠠ ᠠᠪᠤᠷᠠᠬᠤ ᠳᠤᠮᠳᠠ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠲᠠᠢᠴᠢᠨ ᠪᠠᠬᠢᠯᠡᠯᠲᠡ᠎ᠶ᠋ᠢᠨ ᠦᠢᠯᠡᠳᠦᠯ ᠪᠣᠯᠤᠨ ᠥᠷᠭᠡᠨ ᠤᠯᠠᠨ ᠨᠠᠮ᠎ᠤᠨ ᠭᠡᠱᠢᠭᠦᠨ᠎ᠤ ᠬᠤᠱᠢᠭᠤᠴᠢ ᠵᠢᠱ᠌ᠢᠶᠡᠴᠢ ᠦᠢᠯᠡᠳᠦᠯ᠎ᠢ ᠭᠦᠢᠴᠡᠳ ᠪᠠᠳᠠᠷᠠᠭᠤᠯᠬᠤ ᠲᠤᠬᠠᠢ ᠮᠡᠳᠡᠭ᠌ᠳᠡᠯ》 ᠎ᠢ ᠳᠠᠷᠤᠮᠠᠯᠯᠠᠨ ᠲᠠᠷᠬᠠᠭᠠᠪᠠ᠃ ᠪᠦᠬᠦ᠌ ᠠᠭᠤᠯᠭ᠎ᠠ᠎ᠨᠢ ᠳᠣᠣᠷᠠᠬᠢ ᠮᠡᠲᠦ᠍᠄

ᠣᠳᠣᠬᠠᠨ᠎ᠳᠤ ᠪᠦᠬᠦ᠌ ᠤᠯᠤᠰ᠎ᠢᠶᠠᠷ᠎ᠢᠶᠠᠨ ᠦᠶᠡᠷ᠎ᠢ ᠰᠡᠷᠭᠡᠢᠯᠡᠬᠦ᠌ ᠵᠠᠩᠭᠢᠯᠠᠭ᠎ᠠ᠎ᠶ᠋ᠢᠨ ᠬᠤᠭᠤᠴᠠᠭᠠᠨ᠎ᠳᠤ ᠣᠷᠣᠵᠤ᠂ ᠦᠶᠡᠷ᠎ᠢ ᠰᠡᠷᠭᠡᠢᠯᠡᠬᠦ᠌ ᠪᠠᠢᠳᠠᠯ ᠲᠦᠢᠯ᠎ᠤᠨ ᠬᠦᠨᠳᠦ ᠬᠡᠴᠡᠭᠦᠦ ᠪᠠᠢᠨ᠎ᠠ᠃ ᠣᠢᠷ᠎ᠠ᠎ᠳᠤ᠂ ᠾᠧᠨᠠᠨ ᠵᠡᠷᠭᠡ ᠭᠠᠵᠠᠷ᠎ᠲᠤ ᠦᠷᠭᠦᠯᠵᠢᠯᠡᠨ ᠱᠢᠷᠦᠭᠦᠨ ᠪᠣᠷᠣᠭᠠᠨ ᠣᠷᠣᠵᠤ᠂ ᠵᠧᠩᠵᠸᠦ ᠵᠡᠷᠭᠡ ᠬᠤᠲᠠ᠎ᠳᠤ ᠬᠦᠨᠳᠦ ᠨᠣᠴᠢᠲᠠᠶ ᠤᠰᠤᠳᠤᠯ ᠡᠭᠦᠰᠴᠤ᠌᠂ ᠵᠠᠷᠢᠮ ᠭᠤᠤᠯ ᠮᠥᠷᠡᠨ᠎ᠤ ᠤᠰᠤ ᠰᠡᠷᠡᠮᠵᠢ᠎ᠶ᠋ᠢᠨ ᠱᠤᠭᠤᠮ᠎ᠠᠴᠠ ᠳᠠᠪᠠᠵᠤ᠂ ᠣᠨᠴᠠ ᠵᠠᠷᠢᠮ ᠤᠰᠤᠨ ᠴᠥᠭᠦᠷᠥᠮ᠎ᠤᠨ ᠬᠠᠱᠢᠯᠭ᠎ᠠ ᠨᠤᠷᠠᠵᠤ᠂ ᠬᠦᠨᠳᠤ ᠶᠡᠭᠡ ᠬᠥᠮᠦᠨ ᠬᠠᠷ᠎ᠠ᠎ᠶ᠋ᠢᠨ ᠥᠭᠦᠯ ᠱᠢᠷᠬᠠᠲᠤᠯ ᠪᠠ ᠡᠳ᠋ ᠬᠥᠷᠥᠩᠭᠡ᠎ᠶ᠋ᠢᠨ ᠬᠤᠬᠢᠷᠠᠯ ᠭᠠᠷᠴᠠᠶ᠃ ᠨᠠᠮ᠎ᠤᠨ ᠲᠥᠪ ᠬᠤᠷᠢᠶᠠᠨ᠎ᠤ ᠦᠶᠡᠷ᠎ᠢ ᠰᠡᠷᠭᠡᠢᠯᠡᠵᠦ᠍ ᠭᠠᠮᠱᠢᠭ᠎ᠠᠴᠠ ᠠᠪᠤᠷᠬᠠᠤ ᠠᠵᠢᠯ᠎ᠤᠨ ᠲᠤᠬᠠᠶ ᠱᠢᠢᠳᠪᠤᠷᠢᠲᠦ ᠪᠣᠳᠣᠯᠭ᠎ᠠ ᠪᠠᠢᠷᠢᠯᠠᠭᠤᠯᠤᠯᠲᠠ ᠪᠣᠯᠤᠨ ᠶᠡᠷᠦᠩᠬᠡᠶ ᠱᠦᠵᠢ ᠰᠢ᠎ᠶ᠋ᠢᠨ ᠫᠢᠩ᠎ᠤᠨ ᠴᠢᠬᠤᠯᠠ ᠵᠢᠭᠠᠪᠤᠷᠢ ᠴᠣᠬᠤᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢᠨ ᠲᠥᠯᠥᠭᠡ᠂ ᠣᠲᠣ ᠦᠶᠡᠷ᠎ᠢ ᠰᠡᠷᠭᠡᠢᠯᠡᠵᠦ᠍ ᠭᠠᠮᠱᠢᠭ᠎ᠠᠴᠠ ᠠᠪᠤᠷᠬᠠᠤ ᠳᠤᠮᠳᠠ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠳᠠᠢᠴᠢᠨ ᠪᠠᠬᠢᠯᠡᠯᠲᠡ᠎ᠶ᠋ᠢᠨ ᠦᠢᠯᠡᠳᠣᠯ ᠪᠣᠯᠤᠨ ᠥᠷᠭᠡᠨ ᠣᠯᠠᠨ ᠨᠠᠮ᠎ᠤᠨ ᠭᠡᠱᠢᠭᠦᠨ᠎ᠤ ᠬᠤᠱᠢᠭᠤᠴᠢ ᠵᠢᠱ᠌ᠢᠶᠡᠴᠢ ᠦᠢᠯᠡᠳᠣᠯ᠎ᠢ ᠭᠦᠢᠴᠡᠳ ᠪᠠᠳᠠᠷᠠᠭᠤᠯᠬᠤ ᠲᠤᠬᠠᠢ ᠬᠤᠯᠪᠣᠭ᠍ᠳᠠᠯ ᠪᠥᠬᠦᠶ ᠵᠦᠢᠯᠡᠰ᠎ᠢ ᠳᠤᠤᠷᠠᠬᠢ ᠮᠡᠲᠦ ᠮᠡᠳᠡᠭ᠌ᠳᠡᠶ᠎ᠡ᠃

ᠨᠢᠭᠡ᠂ ᠡᠯ᠎ᠡ ᠱᠠᠲᠤᠨ᠎ᠤ ᠤᠳᠤᠷᠢᠳᠭᠤ ᠺᠠᠳ᠋ᠷᠴᠤᠳ ᠪᠡᠶ᠎ᠡ᠎ᠪᠠᠷ᠎ᠢᠶᠠᠨ ᠬᠡᠪ ᠲᠦᠷᠢᠮ ᠪᠤᠯᠵᠤ᠂ ᠡᠮᠦᠨ᠎ᠡ ᠹᠷᠤᠨᠲ᠎ᠲᠤ ᠬᠦᠷᠴᠤ᠌ ᠵᠢᠯᠣᠭᠤᠳᠴᠤ᠌᠂ ᠦᠶᠡᠷ᠎ᠢ ᠰᠡᠷᠭᠡᠢᠯᠡᠵᠦ᠍ ᠭᠠᠮᠱᠢᠭ᠎ᠠᠴᠠ ᠠᠪᠤᠷᠠᠬᠤ ᠶᠡᠭᠡ ᠳᠠᠢᠯᠠᠯᠳᠤᠭᠠᠨ ᠶᠡᠭᠡ ᠱᠢᠯᠭᠠᠯᠲᠠ ᠳᠤᠮᠳᠠ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠦᠢᠯᠡᠳᠦᠯᠭᠡᠵᠢᠭᠦᠯᠬᠦ᠌ ᠬᠡᠷᠡᠭ᠌ᠲᠡᠢ᠃ ᠦᠶᠡᠷ᠎ᠤᠨ ᠪᠠᠢᠳᠠᠯ ᠪᠣᠯ ᠳᠠᠷᠤᠢ ᠵᠠᠷᠯᠢᠭ᠂ ᠦᠶᠡᠷ᠎ᠲᠠᠢ ᠲᠡᠮᠡᠴᠡᠬᠦ᠌ ᠪᠣᠯ ᠳᠠᠷᠤᠢ ᠬᠠᠷᠢᠭᠤᠴᠠᠯᠭ᠎ᠠ ᠮᠥᠨ᠃ ᠡᠯ᠎ᠡ ᠱᠠᠲᠤᠨ᠎ᠤ ᠤᠳᠤᠷᠢᠳᠭᠤ ᠺᠠᠳ᠋ᠷᠴᠤᠳ ᠡᠭᠦᠷᠭᠡ ᠲᠤᠱᠢᠶᠠᠯ᠎ᠢᠶᠠᠨ ᠬᠢᠴᠢᠶᠡᠩᠭᠦ᠋ᠢᠯᠡᠨ ᠭᠦᠢᠴᠡᠳᠭᠡᠵᠦ᠍᠂ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠨ᠂ ᠬᠦᠴᠦᠲᠡᠢ ᠠᠷᠭ᠎ᠠ  ᠬᠡᠮᠵᠢᠶ᠎ᠡ ᠠᠪᠴᠤ᠌ ᠭᠠᠮᠱᠢᠭ᠎ᠤᠨ ᠪᠠᠢᠳᠠᠯ᠎ᠢ ᠠᠷᠭᠠᠴᠠᠭᠠᠵᠤ᠂ ᠠᠷᠠᠳ ᠤᠯᠠᠨ᠎ᠤ ᠠᠮᠢ ᠨᠠᠰᠤ ᠡᠳ᠋ ᠬᠦᠷᠦᠩᠭᠡ᠎ᠶ᠋ᠢᠨ ᠠᠮᠤᠷ ᠲᠦᠪᠱᠢᠨ᠎ᠢ ᠦᠨᠡᠨ ᠬᠦ᠌ ᠪᠠᠲᠤᠯᠠᠬᠤ ᠬᠡᠷᠡᠭ᠌ᠲᠡᠢ᠃ ᠦᠶᠡᠷ ᠤᠰᠤᠲᠤᠯ᠎ᠤᠨ ᠭᠠᠮᠱᠢᠭ᠎ᠲᠤ ᠤᠴᠠᠷᠠᠭ᠍ᠰᠠᠨ ᠭᠠᠵᠠᠷ ᠣᠷᠣᠨ᠎ᠳᠤ ᠭᠦᠨᠵᠡᠭᠡᠢᠷᠡᠵᠦ᠍᠂ ᠭᠠᠮᠱᠢᠭ᠎ᠤᠨ ᠪᠠᠢᠳᠠᠯ ᠬᠠᠮᠤᠭ᠎ᠤᠨ ᠬᠦᠨᠳᠦ ᠨᠣᠴᠢᠲᠠᠢ᠂ ᠠᠶᠤᠯ᠎ᠠᠴᠠ ᠠᠪᠤᠷᠠᠬᠤ᠎ᠳᠤ ᠬᠠᠮᠤᠭ᠎ᠤᠨ ᠬᠦᠴᠢᠷᠳᠡᠯ᠎ᠲᠠᠢ᠂ ᠤᠯᠠᠨ ᠲᠦᠮᠡᠨ᠎ᠤ ᠬᠠᠮᠤᠭ᠎ᠤᠨ ᠬᠡᠷᠡᠭ᠌ᠴᠡᠭᠡ᠎ᠲᠠᠢ ᠭᠠᠵᠠᠷ᠎ᠲᠤ ᠬᠦᠷᠴᠦ᠍᠂ ᠡᠮᠦᠨ᠎ᠡ ᠹᠷᠣᠨᠲ᠎ᠤᠨ ᠵᠢᠯᠤᠭᠤᠳᠤᠯᠭ᠎ᠠ᠂ ᠲᠤᠬᠠᠢ᠎ᠶ᠋ᠢᠨ ᠲᠠᠯᠠᠪᠠᠢ᠎ᠶ᠋ᠢᠨ ᠵᠢᠯᠤᠭᠤᠳᠤᠯᠭ᠎ᠠ᠎ᠪᠠᠨ ᠴᠢᠩᠭᠠᠳᠭᠠᠵᠤ᠂ ᠦᠶᠡᠷ᠎ᠲᠠᠢ ᠲᠡᠮᠡᠴᠡᠬᠦ᠌᠎ᠳᠤ ᠬᠦᠴᠦᠲᠡᠢ᠂ ᠠᠶᠤᠯ᠎ᠠᠴᠠ ᠠᠪᠤᠷᠠᠬᠤ᠎ᠳᠤ ᠪᠦᠲᠦᠮᠵᠢ᠎ᠲᠠᠢ᠂ ᠭᠠᠮᠱᠢᠭ᠎ᠠᠴᠠ ᠠᠪᠤᠷᠠᠬᠤ᠎ᠳᠤ ᠡᠮᠬᠢ ᠵᠢᠷᠤᠮ᠎ᠲᠠᠢ ᠪᠠᠢᠬᠤ᠎ᠶ᠋ᠢ ᠦᠨᠡᠨ ᠬᠦ᠌ ᠪᠠᠲᠤᠯᠠᠵᠤ᠂ ᠭᠠᠮᠱᠢᠭ᠎ᠤᠨ ᠬᠤᠬᠢᠷᠠᠯ᠎ᠢ ᠬᠠᠮᠤᠭ᠎ᠤᠨ ᠪᠠᠭ᠎ᠠ ᠬᠡᠮᠵᠢᠶᠡᠨ᠎ᠳᠤ ᠬᠦᠷᠲᠡᠯ᠎ᠡ ᠪᠠᠭᠤᠷᠠᠭᠤᠯᠬᠤ ᠬᠡᠷᠡᠭ᠌ᠲᠡᠢ᠃ ᠠᠶᠤᠯ ᠲᠦᠭ᠌ᠰᠢᠭᠦᠷᠢ ᠨᠡᠯᠢᠶᠡᠳ ᠶᠡᠭᠡ ᠭᠠᠵᠠᠷ ᠣᠷᠣᠨ᠎ᠤ ᠪᠣᠷᠣᠭᠠᠨ᠎ᠤ ᠪᠠᠢᠳᠠᠯ᠂ ᠤᠰᠤᠨ᠎ᠤ ᠪᠠᠢᠳᠠᠯ ᠪᠣᠯᠤᠨ ᠴᠠᠭ ᠠᠭᠤᠷ᠎ᠤᠨ ᠬᠤᠪᠢᠷᠠᠯᠲᠠ᠎ᠶ᠋ᠢ ᠨᠢᠭ᠍ᠲᠠ ᠠᠩᠬᠠᠷᠴᠤ᠌᠂ ᠱᠢᠨᠵᠢᠯᠡᠬᠦ᠌ ᠤᠬᠠᠭᠠᠨᠴᠢ᠎ᠪᠠᠷ ᠰᠤᠳᠤᠯᠤᠨ ᠮᠠᠭᠠᠳᠯᠠᠵᠤ᠂ ᠤᠷᠢᠳᠴᠢᠯᠠᠨ ᠲᠥᠯᠥᠪᠵᠢᠭᠦᠯᠵᠦ᠍᠂ ᠲᠥᠰᠦᠯ᠎ᠢ ᠰᠠᠢᠲᠤᠷ ᠬᠢᠵᠦ᠍᠂ ᠤᠷᠢᠳᠴᠢᠯᠠᠨ ᠪᠠᠢᠷᠢᠯᠠᠭᠤᠯᠵᠤ᠂ ᠪᠦᠬᠦ᠌ ᠲᠠᠯ᠎ᠠ᠎ᠶ᠋ᠢᠨ ᠪᠠᠢᠴᠠᠭᠠᠯᠲᠠ ᠬᠢᠵᠦ᠍᠂ ᠬᠡᠮ ᠰᠤᠭᠤᠬ᠎ᠢ ᠴᠠᠭ ᠲᠤᠬᠠᠢ᠎ᠳᠤᠨᠢ ᠠᠷᠢᠯᠭᠠᠵᠤ᠂ ᠭᠠᠮᠱᠢᠭ᠎ᠤᠨ ᠪᠠᠢᠳᠠᠯ ᠢᠯᠡᠷᠡᠮᠡᠭ᠌ᠴᠡ ᠠᠷᠭᠠᠴᠠᠭᠠᠬᠤ ᠠᠵᠢᠯ᠎ᠢ ᠦᠳᠲᠡᠷ ᠲᠦᠷᠭᠡᠨ ᠱᠢᠨᠵᠢᠯᠡᠬᠦ᠌ ᠤᠬᠠᠭᠠᠨᠴᠢ ᠥᠨᠳᠥᠷ ᠪᠦᠲᠦᠮᠵᠢᠲᠡᠢ ᠥᠷᠨᠢᠭᠦᠯᠬᠦ᠌᠎ᠶ᠋ᠢ ᠦᠨᠡᠨ ᠬᠦ᠌ ᠪᠠᠲᠤᠯᠠᠵᠤ᠂ ᠦᠶᠡᠷ᠎ᠤᠨ ᠬᠤᠭᠤᠴᠠᠭ᠎ᠠ᠎ᠶ᠋ᠢ ᠠᠮᠤᠷ ᠲᠦᠪᠱᠢᠨ ᠲᠣᠭ᠍ᠲᠠᠭᠤᠨ᠎ᠢᠶᠠᠷ ᠥᠩᠭᠡᠷᠡᠭᠦᠯᠬᠦ᠌᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ᠃

ᠬᠤᠶᠠᠷ᠂ ᠦᠶᠡᠷ᠎ᠢ ᠰᠡᠷᠭᠡᠢᠯᠡᠬᠦ᠌ ᠨᠢᠭᠡᠳᠦᠭᠡᠷ ᠹᠷᠣᠨᠲ᠎ᠤᠨ ᠨᠢᠭᠡᠴᠢ᠎ᠶ᠋ᠢᠨ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠨᠠᠮ᠎ᠤᠨ ᠭᠡᠱᠢᠭᠦᠨ ᠺᠠᠳ᠋ᠷᠴᠤᠳ ᠡᠮᠦᠨ᠎ᠡ᠎ᠨᠢ ᠭᠠᠪᠱᠢᠭᠠᠢᠯᠠᠵᠤ᠂ ᠬᠦᠴᠢᠷ᠎ᠢ ᠰᠦᠷᠦᠨ ᠤᠷᠤᠭ᠍ᠰᠢᠯᠠᠵᠤ᠂ ᠠᠶᠤᠯ ᠭᠠᠮᠱᠢᠭ᠎ᠠᠴᠠ ᠠᠪᠤᠷᠬᠠᠤ ᠭᠤᠤᠯ ᠬᠦᠴᠦᠨ ᠪᠣᠯᠬᠤ ᠬᠡᠷᠡᠭ᠌ᠲᠡᠶ᠃ ᠡᠯ᠎ᠡ ᠱᠠᠲᠤᠨ᠎ᠤ ᠦᠶᠡᠷ᠎ᠢ ᠰᠡᠷᠭᠡᠢᠯᠡᠬᠦ᠌᠎ᠶ᠋ᠢ ᠵᠢᠯᠣᠭᠤᠳᠭᠤ ᠭᠠᠵᠠᠷ᠂ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠂ ᠤᠰᠤᠨ ᠠᠱᠢᠬ᠍ᠯᠠᠯᠳᠠ᠂ ᠳᠣᠲᠣᠭᠠᠳᠤ᠎ᠶ᠋ᠢ ᠬᠠᠮᠠᠭᠠᠯᠠᠬᠤ᠂ ᠵᠠᠮ ᠬᠠᠷᠢᠯᠴᠠᠭ᠎ᠠ ᠲᠡᠭᠡᠭᠡᠪᠦᠷᠢ᠂ ᠴᠠᠬᠢᠯᠭᠠᠨ ᠬᠦᠴᠦ᠍᠂ ᠴᠢᠮᠡᠭᠡ ᠬᠤᠯᠪᠣᠭ᠎ᠠ ᠪᠣᠯᠤᠨ ᠡᠳ᠋ ᠪᠣᠳᠠᠰ᠎ᠤᠨ ᠪᠠᠲᠤᠯᠠᠭ᠎ᠠ ᠵᠡᠷᠭᠡ ᠰᠠᠯᠠᠭ᠎ᠠ ᠮᠥᠴᠢᠷ ᠨᠢᠭᠡᠴᠢ᠎ᠶ᠋ᠢᠨ ᠨᠠᠮ᠎ᠤᠨ ᠵᠣᠬᠢᠶᠠᠨ ᠪᠠᠢᠭᠤᠯᠤᠯᠲᠠ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ᠎ᠪᠠᠨ ᠴᠢᠩᠭᠠᠳᠭᠠᠵᠤ᠂ ᠠᠪᠤᠷᠠᠨ ᠲᠤᠰᠠᠯᠠᠬᠤ ᠪᠠᠲᠤᠯᠠᠭ᠎ᠠ᠎ᠶ᠋ᠢᠨ ᠬᠦᠴᠦᠨ᠎ᠢ ᠱᠢᠨᠵᠢᠯᠡᠬᠦ᠌ ᠤᠬᠠᠭᠠᠨᠴᠢ᠎ᠪᠠᠷ ᠲᠣᠬᠢᠷᠠᠭᠤᠯᠵᠤ᠂ 《ᠨᠠᠮ᠎ᠤᠨ ᠭᠡᠱᠢᠭᠦᠨ᠎ᠤ ᠭᠠᠪᠱᠢᠭᠠᠶ ᠠᠩᠭᠢ》 ᠎ᠶ᠋ᠢ ᠵᠣᠬᠢᠶᠠᠨ ᠪᠠᠢᠭᠤᠯᠬᠤ᠂ 《ᠨᠠᠮ᠎ᠤᠨ ᠭᠡᠱᠢᠭᠦᠨ᠎ᠤ ᠬᠤᠱᠢᠭᠤᠴᠢ ᠠᠵᠢᠯ᠎ᠤᠨ ᠪᠠᠢᠷᠢ》 ᠭᠠᠷᠭᠠᠬᠤ ᠵᠡᠷᠭᠡ ᠬᠡᠯᠪᠡᠷᠢ᠎ᠪᠠᠷ ᠳᠠᠮᠵᠢᠭᠤᠯᠤᠨ᠂ ᠨᠠᠮ᠎ᠤᠨ ᠭᠡᠱᠢᠭᠦᠨ ᠺᠠᠳ᠋ᠷ᠎ᠢ ᠵᠣᠬᠢᠶᠠᠨ ᠪᠠᠢᠭᠤᠯᠤᠨ ᠳᠠᠢᠴᠢᠯᠠᠵᠤ ᠪᠠᠢᠭᠠᠳ ᠨᠢᠭᠡᠳᠦᠭᠡᠷ ᠹᠷᠣᠨᠲ᠎ᠲᠤ ᠭᠠᠪᠱᠢᠭᠠᠢᠯᠠᠵᠤ᠂ ᠡᠮᠦᠨ᠎ᠡ ᠹᠷᠣᠨᠲ᠎ᠲᠤ ᠪᠠᠢᠯᠳᠤᠵᠤ᠂ ᠠᠶᠤᠯ᠎ᠠᠴᠠ ᠠᠪᠤᠷᠬᠠᠤ ᠪᠤᠭᠤᠮᠳᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠡᠷᠡᠰ ᠲᠡᠮᠡᠴᠡᠨ ᠤᠯᠬᠤ᠎ᠶ᠋ᠢᠨ ᠬᠠᠮᠲᠤ ᠳᠠᠭᠠᠯᠳᠤᠬ᠍ᠰᠠᠨ ᠭᠠᠮᠱᠢᠭ᠎ᠢ ᠴᠢᠩᠭ᠎ᠠ ᠰᠡᠷᠭᠡᠢᠯᠡᠵᠦ᠍᠂ ᠬᠥᠮᠦᠨ ᠬᠠᠷ᠎ᠠ ᠥᠭᠦᠵᠦ᠍ ᠱᠢᠷᠬᠠᠲᠤᠬᠤ ᠪᠠ ᠡᠳ᠋ ᠬᠥᠷᠥᠩᠭᠡ ᠬᠤᠬᠢᠷᠠᠬᠤ᠎ᠶ᠋ᠢ ᠬᠠᠮᠤᠭ᠎ᠤᠨ ᠶᠡᠭᠡ ᠬᠡᠮᠵᠢᠶ᠎ᠡ᠎ᠪᠠᠷ ᠪᠠᠭᠠᠰᠭᠠᠬᠤ ᠬᠡᠷᠡᠭ᠌ᠲᠡᠶ᠃ ᠠᠷᠠᠳ᠎ᠤᠨ ᠶᠠᠪᠤᠳᠠᠯ᠂ ᠡᠷᠡᠭᠦᠯ ᠬᠠᠮᠠᠭᠠᠯᠠᠯ ᠬᠢᠵᠢᠭ᠎ᠢ ᠰᠡᠷᠭᠡᠢᠯᠡᠬᠦ᠌ ᠵᠡᠷᠭᠡ ᠰᠠᠯᠠᠭ᠎ᠠ ᠮᠥᠴᠢᠷ᠎ᠤᠨ ᠨᠠᠮ᠎ᠤᠨ ᠵᠣᠬᠢᠶᠠᠨ ᠪᠠᠢᠭᠤᠯᠤᠯᠲᠠ ᠭᠠᠮᠱᠢᠭ᠎ᠲᠠᠢ ᠲᠡᠮᠡᠴᠡᠵᠦ᠍ ᠭᠠᠮᠱᠢᠭ᠎ᠠᠴᠠ ᠠᠪᠤᠷᠠᠬᠤ ᠠᠵᠢᠯ᠎ᠳᠤ ᠢᠳᠡᠪᠬᠢᠲᠡᠢ ᠣᠷᠣᠯᠴᠠᠵᠤ᠂ ᠭᠠᠮᠱᠢᠭ᠍ᠳᠠᠭ᠍ᠰᠠᠨ ᠣᠷᠣᠨ᠎ᠤ ᠦᠢᠯᠡᠳᠪᠦᠷᠢᠯᠡᠯ ᠠᠮᠢᠳᠤᠷᠠᠯ᠎ᠢᠶᠠᠨ ᠰᠡᠷᠭᠦᠭᠡᠬᠦ᠌᠎ᠶ᠋ᠢ ᠬᠠᠪᠰᠤᠷᠤᠨ ᠳᠡᠮᠵᠢᠵᠦ᠍᠂ ᠭᠠᠮᠱᠢᠭ᠍ᠳᠠᠭ᠍ᠰᠠᠨ ᠤᠯᠠᠨ ᠲᠦᠮᠡᠨ᠎ᠢ ᠲᠣᠬᠢᠲᠠᠢ ᠲᠥᠪᠬᠢᠨᠡᠭᠦᠯᠵᠦ᠍᠂ ᠬᠠᠪᠰᠤᠷᠤᠨ ᠲᠡᠳᠬᠦᠵᠦ᠍ ᠠᠪᠤᠷᠠᠨ ᠲᠤᠰᠠᠯᠠᠬᠤ ᠪᠠ ᠡᠷᠡᠭᠦᠯ ᠬᠠᠮᠠᠭᠠᠯᠠᠯ ᠬᠢᠵᠢᠭ᠎ᠢ ᠰᠡᠷᠭᠡᠢᠯᠡᠬᠦ᠌ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠵᠦ᠍᠂ ᠭᠠᠮᠱᠢᠭ᠎ᠠᠴᠠ ᠪᠤᠯᠵᠤ ᠶᠠᠳᠠᠭᠤᠷᠠᠬᠤ ᠪᠠ 《ᠶᠡᠭᠡ ᠭᠠᠮᠱᠢᠭ᠎ᠤᠨ ᠳᠠᠷᠠᠭ᠎ᠠ ᠶᠡᠭᠡ ᠬᠢᠵᠢᠭ ᠳᠡᠯᠭᠡᠷᠡᠬᠦ᠌》 ᠎ᠶ᠋ᠢ ᠰᠡᠷᠭᠡᠢᠯᠡᠬᠦ᠌ ᠬᠡᠷᠡᠭ᠌ᠲᠡᠢ᠃ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠬᠤᠯᠪᠣᠭᠠᠯᠠᠨ ᠬᠥᠳᠡᠯᠦᠯᠴᠡᠬᠦ᠌᠎ᠶ᠋ᠢ ᠴᠢᠩᠭᠠᠳᠭᠠᠵᠤ᠂ ᠡᠯ᠎ᠡ ᠰᠠᠯᠠᠭ᠎ᠠ ᠮᠥᠴᠢᠷ ᠡᠯ᠎ᠡ ᠨᠢᠭᠡᠴᠢ᠎ᠶ᠋ᠢᠨ ᠠᠵᠢᠯ᠎ᠤᠨ ᠬᠠᠮᠵᠢᠯᠴᠠᠭ᠎ᠠ᠎ᠶ᠋ᠢ ᠠᠬᠢᠭᠤᠯᠵᠤ᠂ 《ᠨᠢᠭᠡ ᠬᠥᠯᠭᠡ ᠱᠢᠳᠠᠷ᠎ᠠ》 ᠎ᠶ᠋ᠢ ᠪᠦᠷᠢᠯᠳᠦᠭᠦᠯᠵᠦ᠍᠂ ᠠᠶᠤᠯ ᠭᠠᠮᠱᠢᠭ᠎ᠠᠴᠠ ᠠᠪᠤᠷᠠᠬᠤ ᠬᠦᠴᠦᠷᠬᠡᠭ ᠶᠡᠭᠡ ᠬᠠᠮᠲᠤᠷᠠᠯ ᠬᠦᠴᠦᠨ᠎ᠢ ᠨᠢᠭ᠍ᠲᠠᠷᠠᠭᠤᠯᠬᠤ ᠬᠡᠷᠡᠭ᠌ᠲᠡᠢ᠃

ᠭᠤᠷᠪᠠ᠂ ᠭᠠᠮᠱᠢᠭ᠍ᠳᠠᠭ᠍ᠰᠠᠨ ᠭᠠᠵᠠᠷ ᠣᠷᠣᠨ᠎ᠤ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠨᠠᠮ᠎ᠤᠨ ᠭᠡᠱᠢᠭᠦᠨ ᠺᠠᠳ᠋ᠷᠴᠤᠳ ᠠᠵᠢᠯ᠎ᠤᠨ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠴᠡᠭᠡᠵᠢ ᠲᠦᠷᠢᠨ ᠭᠠᠷᠴᠤ᠌᠂ ᠨᠠᠮ᠎ᠤᠨ ᠲᠤᠭ᠎ᠢ ᠦᠶᠡᠷ᠎ᠢ ᠰᠡᠷᠭᠡᠢᠯᠡᠵᠦ᠍ ᠭᠠᠮᠱᠢᠭ᠎ᠠᠴᠠ ᠠᠪᠤᠷᠠᠬᠤ ᠨᠢᠭᠡᠳᠦᠭᠡᠷ ᠹᠷᠣᠨᠲ᠎ᠲᠤ ᠥᠨᠳᠥᠷ ᠮᠠᠨᠳᠤᠭᠤᠯᠬᠤ ᠬᠡᠷᠡᠭ᠌ᠲᠡᠢ᠃ ᠦᠶᠡᠷ᠎ᠢ ᠰᠡᠷᠭᠡᠢᠯᠡᠵᠦ᠍ ᠭᠠᠮᠱᠢᠭ᠎ᠠᠴᠠ ᠠᠪᠤᠷᠠᠬᠤ᠎ᠶ᠋ᠢ ᠣᠳᠣᠬᠠᠨ᠎ᠤ ᠲᠡᠷᠢᠭᠦᠨ ᠴᠢᠬᠤᠯᠠ ᠡᠭᠦᠷᠭᠡ ᠪᠣᠯᠭᠠᠵᠤ᠂ ᠤᠯᠠᠨ ᠲᠦᠮᠡᠨ᠎ᠢ ᠢᠳᠡᠪᠬᠢᠲᠡᠢ ᠵᠣᠬᠢᠶᠠᠨ ᠪᠠᠢᠭᠤᠯᠵᠤ᠂ ᠤᠯᠠᠨ ᠲᠦᠮᠡᠨ᠎ᠳᠤ ᠤᠬᠠᠭᠤᠯᠭ᠎ᠠ ᠬᠢᠵᠦ᠍᠂ ᠬᠥᠮᠦᠰ᠎ᠤᠨ ᠰᠡᠳᠭᠢᠯ᠎ᠢ ᠨᠢᠭ᠍ᠲᠠᠷᠠᠭᠤᠯᠵᠤ᠂ ᠲᠡᠮᠡᠴᠡᠯ᠎ᠤᠨ ᠵᠣᠷᠢᠭ᠎ᠢ ᠬᠥᠪᠴᠢᠯᠡᠵᠦ᠍᠂ ᠤᠯᠠᠨ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠠᠮᠢ ᠨᠠᠰᠤ᠎ᠶ᠋ᠢ ᠬᠠᠮᠠᠭᠠᠯᠠᠬᠤ ᠪᠠᠲᠤ ᠴᠢᠩᠭ᠎ᠠ ᠳᠠᠢᠴᠢᠨ ᠪᠠᠬᠢᠯᠡᠯᠲᠡ᠎ᠶ᠋ᠢ ᠴᠣᠭ᠍ᠴᠠᠯᠠᠵᠤ᠂ ᠭᠠᠮᠱᠢᠭ᠍ᠳᠠᠭ᠍ᠰᠠᠨ ᠤᠯᠠᠨ ᠲᠦᠮᠡᠨ᠎ᠤ ᠲᠦᠱᠢᠭ ᠲᠤᠯᠭᠠᠭᠤᠷᠢ ᠪᠣᠯᠬᠤ ᠬᠡᠷᠡᠭ᠌ᠲᠡᠢ᠃ ᠳᠠᠭᠠᠭᠠᠴᠢᠯᠠᠨ ᠪᠠᠲᠤᠯᠠᠬᠤ ᠬᠠᠷᠢᠭᠤᠴᠠᠯᠭ᠎ᠠ᠎ᠶ᠋ᠢᠨ ᠲᠦᠷᠢᠮ᠎ᠢ ᠡᠷᠡᠰ ᠨᠠᠢᠳᠠᠪᠤᠷᠢᠵᠢᠭᠤᠯᠵᠤ᠂ ᠨᠠᠮ᠎ᠤᠨ ᠭᠡᠱᠢᠭᠦᠨ ᠤᠯᠠᠨ ᠲᠦᠮᠡᠨ᠎ᠢ ᠵᠣᠬᠢᠶᠠᠨ ᠪᠠᠢᠭᠤᠯᠤᠨ ᠴᠢᠩᠭ᠎ᠠ ᠰᠡᠷᠭᠡᠢᠯᠡᠨ ᠰᠠᠬᠢᠵᠤ᠂ ᠭᠠᠮᠱᠢᠭ᠎ᠤᠨ ᠭᠡᠮ ᠰᠣᠭᠤᠭ᠎ᠢ ᠲᠣᠭᠤᠷᠢᠨ ᠪᠠᠢᠴᠠᠭᠠᠵᠤ ᠠᠶᠤᠯ ᠲᠦᠭ᠌ᠰᠢᠬᠦᠷᠢ᠎ᠶ᠋ᠢ ᠵᠢᠭ᠍ᠰᠠᠭᠠᠨ ᠪᠠᠢᠴᠠᠭᠠᠬᠤ᠎ᠶ᠋ᠢ ᠴᠢᠩᠭᠠᠳᠭᠠᠵᠤ᠂ ᠴᠢᠬᠤᠯᠠ ᠰᠠᠭᠤᠷᠢ ᠲᠥᠬᠦᠭᠡᠷᠦᠮᠵᠢ᠎ᠶ᠋ᠢᠨ ᠠᠮᠤᠷ ᠲᠦᠪᠱᠢᠨ᠎ᠤ ᠬᠠᠮᠠᠭᠠᠯᠠᠯᠲᠠ᠎ᠶ᠋ᠢ ᠴᠢᠩᠭᠠᠳᠭᠠᠵᠤ᠂ ᠡᠭᠡᠯᠵᠢᠯᠡᠨ ᠵᠢᠵᠢᠭᠦᠷᠯᠡᠬᠦ᠂ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠂ ᠬᠠᠱᠢᠯᠭ᠎ᠠ ᠲᠠᠯᠠᠩ ᠤᠰᠤᠨ ᠴᠥᠭᠦᠷᠥᠮ᠎ᠢ ᠲᠣᠭᠤᠷᠢᠨ ᠪᠠᠢᠴᠠᠭᠠᠬᠤ᠂ ᠪᠠᠴᠢᠮ ᠪᠠᠢᠳᠠᠯ᠎ᠢ ᠠᠷᠭᠠᠴᠠᠭᠠᠨ ᠱᠢᠢᠳᠪᠦᠷᠢᠯᠡᠬᠦ᠌ ᠵᠡᠷᠭᠡ ᠠᠵᠢᠯ᠎ᠢ ᠴᠢᠩᠭᠠᠳᠭᠠᠵᠤ᠂ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠬᠤ᠂ ᠲᠣᠭᠤᠷᠢᠨ ᠪᠠᠢᠴᠠᠭᠠᠯᠲᠠ᠎ᠶ᠋ᠢ ᠪᠣᠳᠠᠲᠠᠢᠵᠢᠭᠤᠯᠬᠤ᠂ ᠠᠷᠭ᠎ᠠ ᠬᠡᠮᠵᠢᠶ᠎ᠡ᠎ᠶ᠋ᠢ ᠪᠣᠳᠠᠲᠠᠢᠵᠢᠭᠤᠯᠬᠤ᠎ᠶ᠋ᠢ ᠪᠡᠶᠡᠯᠡᠭᠦᠯᠵᠦ᠍᠂ ᠡᠯ᠎ᠡ ᠲᠦᠷᠦᠯ᠎ᠤᠨ ᠠᠶᠤᠯ ᠲᠦᠭ᠌ᠰᠢᠭᠦᠷᠢ ᠭᠡᠮ ᠰᠣᠭᠤᠭ᠎ᠢ ᠴᠠᠭ ᠲᠤᠬᠠᠢ᠎ᠳᠤᠨᠢ ᠠᠷᠢᠯᠭᠠᠬᠤ ᠬᠡᠷᠡᠭ᠌ᠲᠡᠢ᠃ ᠵᠡᠭᠡᠯᠢ ᠭᠤᠳᠤᠮᠵᠢ (ᠱᠢᠶᠠᠩ ᠪᠠᠯᠭᠠᠰᠤ)᠂ ᠨᠡᠢᠭᠡᠮ ᠲᠣᠭᠤᠷᠢᠭ (ᠲᠣᠰᠭᠤᠨ) ᠎ᠤᠨ ᠨᠠᠮ᠎ᠤᠨ ᠵᠣᠬᠢᠶᠠᠨ ᠪᠠᠢᠭᠤᠯᠤᠯᠲᠠ ᠴᠠᠭ ᠲᠤᠬᠠᠢ᠎ᠳᠤᠨᠢ ᠨᠠᠮ᠎ᠤᠨ ᠭᠡᠱᠢᠭᠦᠨ ᠺᠠᠳ᠋ᠷᠴᠤᠤᠨ᠎ᠢ ᠲᠤᠬᠢᠷᠠᠭᠤᠯᠤᠨ ᠠᠰᠠᠷ ᠪᠠᠢᠱᠢᠩ᠂ ᠲᠤᠰᠭᠤᠨ ᠲᠤᠭᠤᠢ᠍ᠢᠯᠠᠩ᠎ᠳᠤ ᠭᠦᠨᠵᠡᠭᠡᠢᠷᠡᠭᠦᠯᠵᠦ᠍ ᠡᠷᠦᠬᠡ ᠳᠠᠷᠠᠭᠠᠯᠠᠨ ᠭᠠᠮᠱᠢᠭ᠍ᠳᠠᠭ᠍ᠰᠠᠨ ᠪᠠᠢᠳᠠᠯ᠎ᠢ ᠵᠢᠭ᠍ᠰᠠᠭᠠᠨ ᠪᠠᠢᠴᠠᠭᠠᠵᠤ᠂ ᠭᠠᠮᠱᠢᠭ᠍ᠳᠠᠭ᠍ᠰᠠᠨ ᠤᠯᠠᠨ ᠲᠦᠮᠡᠨ᠎ᠢ ᠠᠪᠤᠷᠠᠵᠤ᠂ ᠭᠠᠮᠱᠢᠭ᠍ᠳᠠᠭ᠍ᠰᠠᠨ ᠤᠯᠠᠨ ᠲᠦᠮᠡᠨ᠎ᠤ ᠢᠳᠡᠬᠦ᠌ ᠬᠤᠭᠤᠯᠠ᠎ᠲᠠᠢ᠂ ᠡᠮᠦᠰᠭᠦ ᠬᠤᠪᠴᠠᠰᠤ᠎ᠲᠠᠢ᠂ ᠰᠠᠭᠤᠬᠤ ᠣᠷᠣᠨ ᠰᠠᠭᠤᠴᠠ᠎ᠲᠠᠢ᠂ ᠴᠡᠪᠡᠷ ᠤᠤᠭᠤᠬᠤ ᠤᠰᠤ᠎ᠲᠠᠢ᠂ ᠡᠪᠡᠳᠴᠢᠨ᠎ᠲᠠᠢ ᠪᠣᠯ ᠴᠠᠭ ᠲᠤᠬᠠᠢ᠎ᠳᠤᠨᠢ ᠡᠮᠨᠡᠭᠦᠯᠵᠦ᠍ ᠳᠡᠢᠯᠬᠦ᠌᠎ᠶ᠋ᠢ ᠪᠠᠲᠤᠯᠠᠬᠤ ᠬᠡᠷᠡᠭ᠌ᠲᠡᠢ᠃ ᠭᠠᠮᠱᠢᠭ᠎ᠤᠨ ᠪᠠᠢᠳᠠᠯ ᠣᠨᠴᠠᠭᠠᠢ ᠬᠦᠨᠳᠦ ᠨᠣᠴᠢᠲᠠᠢ ᠪᠠᠢᠭ᠎ᠠ ᠭᠠᠵᠠᠷ ᠣᠷᠣᠨ᠎ᠳᠤ᠂ ᠠᠯᠪᠡᠨ ᠪᠠᠢᠭᠤᠯᠭ᠎ᠠ᠎ᠶ᠋ᠢᠨ ᠨᠠᠮ᠎ᠤᠨ ᠭᠡᠱᠢᠭᠦᠨ ᠺᠠᠳ᠋ᠷᠴᠤᠳ᠎ᠢ ᠵᠣᠬᠢᠶᠠᠨ ᠪᠠᠢᠭᠤᠯᠵᠤ ᠦᠶᠡᠷ᠎ᠢ ᠰᠡᠷᠭᠡᠢᠯᠡᠵᠦ᠍ ᠭᠠᠮᠱᠢᠭ᠎ᠠᠴᠠ ᠠᠪᠤᠷᠠᠬᠤ ᠨᠢᠭᠡᠳᠦᠭᠡᠷ ᠹᠷᠣᠨᠲ᠎ᠲᠤ ᠭᠦᠨᠵᠡᠭᠡᠢᠷᠡᠭᠦᠯᠵᠦ᠍᠂ ᠨᠢᠭᠡᠳᠦᠭᠡᠷ ᠱᠦᠵᠢ᠂ ᠲᠣᠰᠭᠤᠨ᠎ᠳᠤ ᠰᠠᠭᠤᠭ᠎ᠠ ᠠᠵᠢᠯᠯᠠᠬᠤ ᠠᠩᠬᠢ᠎ᠶ᠋ᠢ ᠲᠤᠬᠠᠢ᠎ᠶ᠋ᠢᠨ ᠭᠠᠵᠠᠷ᠎ᠲᠤᠨᠢ ᠦᠶᠡᠷ᠎ᠢ ᠰᠡᠷᠭᠡᠢᠯᠡᠵᠦ᠍ ᠭᠠᠮᠱᠢᠭ᠎ᠠᠴᠠ ᠠᠪᠤᠷᠠᠬᠤ ᠠᠩᠬᠢ ᠪᠤᠯᠭᠠᠨ ᠬᠤᠪᠢᠷᠠᠭᠤᠯᠬᠤ᠎ᠶ᠋ᠢ ᠠᠬᠢᠭᠤᠯᠵᠤ᠂ ᠥᠷᠭᠡᠨ ᠤᠯᠠᠨ ᠲᠦᠮᠡᠨ᠎ᠢ ᠳᠠᠢᠴᠢᠯᠠᠨ ᠭᠠᠮᠱᠢᠭ᠎ᠢ ᠢᠯᠠᠨ ᠳᠠᠪᠠᠵᠤ᠂ ᠬᠦᠴᠢᠷ᠎ᠢ ᠲᠤᠭᠤᠯᠬᠤ ᠬᠡᠷᠡᠭ᠌ᠲᠡᠢ᠃

ᠭᠠᠮᠱᠢᠭ᠍ᠳᠠᠭ᠍ᠰᠠᠨ ᠦᠬᠡᠢ ᠭᠠᠵᠠᠷ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠨᠠᠮ᠎ᠤᠨ ᠭᠡᠱᠢᠭᠦᠨ ᠺᠠᠳ᠋ᠷᠴᠤᠳ ᠨᠠᠮ᠎ᠤᠨ ᠲᠥᠪ ᠬᠤᠷᠢᠶᠠᠨ᠎ᠤ ᠨᠢᠭᠡᠳᠦᠯᠲᠡᠶ ᠪᠠᠢᠷᠢᠯᠠᠭᠤᠯᠤᠯᠲᠠ ᠶᠣᠰᠣᠭᠠᠷ᠂ ᠢᠳᠡᠪᠬᠢᠲᠡᠶ ᠬᠥᠳᠡᠯᠦᠯᠴᠡᠵᠦ᠍᠂ ᠲᠣᠰ ᠲᠣᠰ᠎ᠤᠨ ᠳᠠᠪᠠᠭᠤᠯᠢᠭ᠎ᠢᠶᠠᠨ ᠪᠠᠳᠠᠷᠠᠭᠤᠯᠵᠤ ᠭᠠᠮᠱᠢᠭ᠍ᠳᠠᠭ᠍ᠰᠠᠨ ᠣᠷᠣᠨ᠎ᠤ ᠦᠶᠡᠷ᠎ᠢ ᠰᠡᠷᠭᠡᠢᠯᠡᠵᠦ᠍ ᠭᠠᠮᠱᠢᠭ᠎ᠠᠴᠠ ᠠᠪᠤᠷᠬᠠᠤ᠂  ᠦᠢᠯᠡᠳᠪᠤᠷᠢᠯᠡᠯ ᠠᠮᠢᠳᠤᠷᠠᠯ᠎ᠢᠶᠠᠨ ᠰᠡᠷᠭᠦᠭᠡᠬᠦ᠌᠎ᠶ᠋ᠢ ᠪᠥᠬᠦ᠌ ᠬᠦᠴᠦᠨ᠎ᠢᠶᠠᠷ᠎ᠢᠶᠠᠨ ᠬᠠᠪᠰᠤᠷᠤᠨ ᠳᠡᠮᠵᠢᠵᠦ᠍᠂ ᠨᠡᠢᠭᠡᠮ ᠵᠢᠷᠤᠮ᠎ᠤᠨ ᠲᠣᠮᠣ ᠬᠡᠷ ᠪᠦᠯᠢ᠎ᠶ᠋ᠢᠨ ᠬᠠᠢᠷ᠎ᠠ ᠬᠠᠯᠠᠮᠵᠢ᠎ᠶ᠋ᠢ ᠭᠦᠢᠴᠡᠳ ᠢᠯᠡᠷᠡᠭᠦᠯᠬᠦ᠌ ᠬᠡᠷᠡᠭ᠌ᠲᠡᠶ᠃

ᠡᠯ᠎ᠡ ᠱᠠᠲᠤᠨ᠎ᠤ ᠨᠠᠮ᠎ᠤᠨ ᠬᠤᠷᠢᠶᠠᠨ᠎ᠤ ᠵᠣᠬᠢᠶᠠᠨ ᠪᠠᠢᠭᠤᠯᠬᠤ ᠰᠠᠯᠠᠭ᠎ᠠ ᠮᠥᠴᠢᠷ ᠲᠤᠱᠢᠶᠠᠯ ᠬᠠᠷᠢᠭᠤᠴᠠᠯᠭ᠎ᠠ᠎ᠳᠠᠭᠠᠨ ᠰᠠᠭᠤᠷᠢᠯᠠᠨ᠂ ᠰᠠᠨᠠᠭᠠᠴᠢᠯᠠᠭ᠎ᠠ᠎ᠠᠴᠠ᠎ᠪᠠᠨ ᠵᠢᠳᠬᠦᠯ ᠴᠢᠷᠮᠠᠢᠯᠭ᠎ᠠ ᠭᠠᠷᠭᠠᠬᠤ ᠭᠡᠷᠡᠭ᠌ᠳᠠᠢ᠃ ᠦᠶᠡᠷ᠎ᠢ ᠰᠡᠷᠭᠡᠢᠯᠡᠵᠦ᠍ ᠭᠠᠮᠱᠢᠭ᠎ᠠᠴᠠ ᠠᠪᠤᠷᠠᠬᠤ ᠨᠢᠭᠡᠳᠦᠭᠡᠷ ᠹᠷᠣᠨᠲ᠎ᠲᠤ ᠺᠠᠳ᠋ᠷ᠎ᠢ ᠱᠢᠯᠭᠠᠨ ᠪᠠᠢᠴᠠᠭᠠᠵᠤ᠂ ᠦᠶᠡᠷ᠎ᠢ ᠰᠡᠷᠭᠡᠢᠯᠡᠵᠦ᠍ ᠭᠠᠮᠱᠢᠭ᠎ᠠᠴᠠ ᠠᠪᠤᠷᠠᠬᠤ ᠳᠤᠮᠳᠠᠬᠢ ᠢᠯᠡᠷᠡᠯ᠎ᠢᠶᠠᠷ ᠺᠠᠳ᠋ᠷ᠎ᠢ ᠦᠨᠡᠯᠡᠬᠦ᠌ ᠴᠢᠬᠤᠯᠠ ᠦᠨᠳᠦᠰᠦᠯᠡᠯ ᠪᠣᠯᠭᠠᠬᠤ᠎ᠶ᠋ᠢ ᠠᠩᠬᠠᠷᠬᠤ ᠬᠡᠷᠡᠭ᠌ᠲᠡᠢ᠃ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢ ᠵᠢᠯᠣᠭᠤᠳᠤᠨ ᠨᠠᠮ᠎ᠳᠤ ᠣᠷᠣᠬᠤ ᠢᠳᠡᠪᠬᠢᠲᠡᠨ᠎ᠢ ᠢᠯᠡᠷᠡᠭᠦᠯᠦᠨ ᠱᠢᠯᠭᠠᠵᠤ᠂ ᠢᠯᠡᠷᠡᠯ᠎ᠨᠢ ᠲᠤᠪᠤᠢᠮ᠎ᠠ᠂ ᠨᠥᠬᠦᠴᠡᠯ᠎ᠳᠤ ᠨᠡᠢᠴᠡᠭ᠌ᠰᠡᠨ ᠪᠠᠢᠪᠠᠯ ᠴᠠᠭ ᠲᠤᠬᠠᠢ᠎ᠳᠤᠨᠢ ᠨᠠᠮ᠎ᠳᠤ ᠡᠯᠰᠡᠬᠦ᠌ ᠬᠡᠷᠡᠭ᠌ᠲᠡᠢ᠃ ᠦᠶᠡᠷ᠎ᠢ ᠰᠡᠷᠭᠡᠢᠯᠡᠵᠦ᠍ ᠭᠠᠮᠱᠢᠭ᠎ᠠᠴᠠ ᠠᠪᠤᠷᠬᠠᠤ ᠳᠤᠮᠳᠠ ᠴᠣᠯᠭᠤᠷᠠᠨ ᠭᠠᠷᠤᠭ᠍ᠰᠠᠨ ᠲᠡᠷᠢᠭᠦᠨ᠎ᠤ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠱᠢᠯᠢᠳᠡᠭ ᠡᠪ ᠬᠠᠮᠲᠤ ᠨᠠᠮ᠎ᠤᠨ ᠭᠡᠱᠢᠭᠦᠨ᠎ᠤ ᠨᠡᠢᠲᠡᠯᠢᠭ ᠵᠢᠱ᠌ᠢᠶ᠎ᠡ᠎ᠶ᠋ᠢ ᠢᠯᠡᠷᠡᠭᠦᠯᠬᠦ᠌ ᠪᠠ ᠳ᠋ᠦᠩᠨᠡᠬᠦ᠌᠎ᠶ᠋ᠢ ᠴᠢᠬᠤᠯᠠᠴᠢᠯᠠᠵᠤ᠂ ᠲᠡᠳᠡᠨ᠎ᠤ ᠰᠡᠳᠭᠢᠯ ᠬᠥᠳᠡᠯᠭᠡᠮ᠎ᠡ  ᠦᠢᠯᠡ ᠠᠵᠢᠯᠯᠠᠭ᠎ᠠ᠎ᠶ᠋ᠢ ᠥᠷᠭᠡᠨ᠎ᠢᠶᠠᠷ ᠤᠬᠠᠭᠤᠯᠤᠨ᠂ ᠬᠦᠴᠢᠷ ᠪᠡᠷᠬᠡᠱᠢᠶᠡᠯ᠎ᠠᠴᠠ ᠠᠶᠤᠬᠤ ᠥᠬᠡᠶ᠂ ᠵᠣᠷᠢᠭ᠍ᠲᠠᠶ᠎ᠪᠠᠷ ᠢᠯᠠᠯᠲᠠ ᠤᠯᠬᠤ᠂ ᠡᠷᠡᠮᠡᠭᠡᠢᠯᠡᠨ ᠤᠷᠤᠭ᠍ᠰᠢᠯᠠᠵᠤ ᠲᠡᠷᠢᠭᠦᠨ᠎ᠢ ᠲᠡᠮᠡᠴᠡᠬᠦ᠌ ᠥᠳᠭᠡᠨ ᠵᠤᠵᠠᠭᠠᠨ ᠠᠭᠤᠷ ᠠᠮᠢᠰᠭᠤᠯ᠎ᠢ ᠪᠣᠶ ᠪᠣᠯᠭᠠᠬᠤ ᠭᠡᠷᠡᠭ᠌ᠳᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号