ᠲᠡᠦᠬᠡ᠎ᠪᠠᠷ ᠲᠤᠯᠢ ᠪᠣᠯᠭᠠᠵᠤ᠂ ᠢᠷᠡᠭᠡᠳᠦᠢ᠎ᠪᠠᠨ ᠴᠤᠬ᠍ᠴᠠᠯᠠᠬᠤ᠎ᠳᠤ ᠡᠷᠬᠡᠪᠰᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠠᠲᠤ ᠴᠢᠩᠭ᠎ᠠ ᠤᠳᠤᠷᠢᠳᠤᠯᠭ᠎ᠠ᠎ᠶ᠋ᠢ ᠪᠠᠷᠢᠮᠲᠠᠯᠠᠬᠤ ᠬᠡᠷᠡᠭ᠌ᠲᠡᠢ᠃ ᠳᠤᠮᠳᠠᠳᠤ ᠤᠯᠤᠰ᠎ᠤᠨ ᠤᠴᠢᠷ ᠶᠠᠪᠤᠳᠠᠯ᠎ᠢ ᠰᠠᠢᠲᠤᠷ ᠬᠢᠬᠦ᠌᠎ᠶ᠋ᠢᠨ ᠵᠠᠩᠭᠢᠯᠠᠭ᠎ᠠ᠎ᠨᠢ ᠨᠠᠮ᠎ᠳᠤ ᠪᠤᠢ᠃ ᠳᠤᠮᠳᠠᠳᠤ᠎ᠶ᠋ᠢᠨ ᠦᠨᠳᠦᠰᠦᠲᠡᠨ᠎ᠤ ᠣᠷᠴᠢᠨ ᠦᠶ᠎ᠡ᠎ᠠᠴᠠ ᠨᠠᠭᠠᠱᠢᠬᠢ 180 ᠭᠠᠷᠤᠶ ᠵᠢᠯ᠎ᠤᠨ ᠲᠡᠦᠬᠡ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ᠎ᠠᠴᠠ ᠨᠠᠭᠠᠱᠢᠬᠢ 100 ᠵᠢᠯ᠎ᠤᠨ ᠲᠡᠦᠬᠡ᠂ ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭ᠍ᠳᠠᠭ᠍ᠰᠠᠨ᠎ᠠᠴᠠ ᠨᠠᠭᠠᠱᠢᠬᠢ 70 ᠭᠠᠷᠤᠢ ᠵᠢᠯ᠎ᠤᠨ ᠲᠡᠦᠬᠡ ᠴᠥᠮ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠬᠤ ᠦᠭᠡᠢ ᠪᠣᠯ ᠱᠢᠨ᠎ᠡ ᠳᠤᠮᠳᠠᠳᠤ ᠤᠯᠤᠰ ᠪᠠᠢᠵᠤ ᠴᠢᠳᠠᠬᠤ ᠦᠭᠡᠢ᠂ ᠨᠡᠩ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠪᠠᠢᠵᠤ ᠴᠢᠳᠠᠬᠤ ᠦᠭᠡᠢ ᠬᠡᠳᠡᠭ᠎ᠢ ᠬᠦᠢᠴᠡᠳ ᠬᠡᠷᠡᠴᠢᠯᠡᠪᠡ᠃ ᠲᠡᠦᠬᠡ ᠪᠠ ᠠᠷᠠᠳ ᠲᠦᠮᠡᠨ ᠳᠤᠮᠳᠠᠳᠤ ᠤᠯᠤᠰ᠎ᠤᠨ ᠡᠪ ᠬᠠᠮᠲᠤ ᠨᠠᠮ᠎ᠢ ᠰᠣᠩᠭᠤᠪᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠪᠣᠯ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠬᠠᠮᠤᠭ᠎ᠤᠨ ᠮᠥᠨ ᠴᠢᠨᠠᠷ᠎ᠤᠨ ᠣᠨᠴᠠᠯᠢᠭ ᠮᠥᠨ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮᠲᠤ ᠪᠠᠢᠭᠤᠯᠤᠯ᠎ᠤᠨ ᠬᠠᠮᠤᠭ᠎ᠤᠨ ᠶᠡᠭᠡ ᠳᠠᠪᠠᠭᠤᠯᠢᠭ ᠮᠦᠨ᠂ ᠨᠠᠮ ᠪᠠ ᠤᠯᠤᠰ᠎ᠤᠨ ᠦᠨᠳᠦᠰᠦ᠂ ᠠᠮᠢᠨ ᠰᠤᠳᠠᠰᠤ ᠪᠠᠢᠵᠦ᠍᠂ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠠᠱᠢᠭ ᠲᠤᠰᠠ ᠪᠠ ᠬᠤᠪᠢ ᠵᠠᠶᠠᠭ᠎ᠠ᠎ᠲᠠᠢ ᠬᠤᠯᠪᠣᠭ᠍ᠳᠠᠵᠤ ᠪᠠᠢᠳᠠᠭ᠃
ᠱᠢᠨ᠎ᠡ ᠠᠶᠠᠨ ᠵᠠᠮ᠎ᠳᠤ᠂ ᠪᠢᠳᠡ ᠡᠷᠬᠡᠪᠰᠢ ᠨᠠᠮ᠎ᠤᠨ ᠪᠥᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠨᠠᠮ᠎ᠤᠨ ᠤᠳᠤᠷᠢᠳᠤᠯᠭ᠎ᠠ᠎ᠶ᠋ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠍᠂ 《ᠳᠥᠷᠪᠡᠨ ᠤᠬᠠᠮᠰᠠᠷ》 ᠢᠶᠠᠨ ᠴᠢᠩᠭᠠᠳᠭᠠᠵᠤ᠂ 《ᠳᠥᠷᠪᠡᠨ ᠢᠲᠡᠭᠡᠯ》 ᠢᠶᠠᠨ ᠪᠠᠲᠤᠳᠭᠠᠵᠤ᠂ 《ᠬᠤᠶᠠᠷ᠎ᠢ ᠬᠠᠮᠠᠭᠠᠯᠠᠬᠤ》 ᠶ᠋ᠢ ᠪᠡᠶᠡᠯᠡᠭᠦᠯᠬᠦ᠌ ᠬᠡᠷᠡᠭ᠌ᠲᠡᠶ᠃ 《ᠤᠯᠤᠰ᠎ᠤᠨ ᠶᠡᠭᠡ ᠶᠠᠪᠤᠳᠠᠯ》 ᠢ ᠪᠠᠲᠤ ᠴᠡᠭᠡᠵᠢᠯᠡᠵᠦ᠍᠂ ᠨᠠᠮ᠎ᠤᠨ ᠱᠢᠨᠵᠢᠯᠡᠬᠦ᠌ ᠤᠬᠠᠭᠠᠨᠴᠢ᠎ᠪᠠᠷ ᠲᠦᠷᠦ᠍ ᠪᠠᠷᠢᠬᠤ᠂ ᠠᠷᠠᠳᠴᠢᠯᠠᠯ᠎ᠢᠶᠠᠷ ᠲᠦᠷᠦ᠍ ᠪᠠᠷᠢᠬᠤ᠂ ᠬᠠᠤᠯᠢ ᠶᠣᠰᠣᠭᠠᠷ ᠲᠦᠷᠦ᠍ ᠪᠠᠷᠢᠬᠤ ᠲᠦᠪᠱᠢᠨ᠎ᠢ ᠲᠠᠰᠤᠷᠠᠯᠲᠠ ᠦᠭᠡᠢ ᠳᠡᠭᠡᠭ᠌ᠰᠢᠯᠡᠭᠦᠯᠵᠦ᠍᠂ ᠨᠠᠮ᠎ᠤᠨ ᠪᠦᠬᠦ᠌ ᠲᠠᠯ᠎ᠠ᠎ᠶ᠋ᠢ ᠶᠡᠷᠦᠩᠬᠡᠢᠯᠡᠨ ᠡᠵᠡᠮᠳᠡᠬᠦ᠂ ᠡᠯ᠎ᠡ ᠲᠠᠯ᠎ᠠ᠎ᠶ᠋ᠢ ᠵᠣᠬᠢᠴᠠᠭᠤᠯᠬᠤ ᠤᠳᠤᠷᠢᠳᠭᠤ ᠭᠤᠣᠯᠯᠠᠭ᠍ᠴᠢ᠎ᠶ᠋ᠢᠨ ᠦᠢᠯᠡᠳᠦᠯ᠎ᠢ ᠭᠦᠢᠴᠡᠳ ᠪᠠᠳᠠᠷᠠᠭᠤᠯᠬᠤ ᠬᠡᠷᠡᠭ᠌ᠲᠡᠢ!
— ᠰᠢ᠎ᠶ᠋ᠢᠨ ᠫᠢᠩ᠎ᠤᠨ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠣᠶ᠎ᠶ᠋ᠢ ᠪᠡᠯᠭᠡᠯᠡᠬᠦ᠌ ᠶᠡᠭᠡ ᠬᠤᠷᠠᠯ ᠲᠠᠬᠡᠷᠡᠬᠢ ᠶᠠᠷᠢᠶ᠎ᠠ᠎ᠠᠴᠠ

ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠠᠷᠪᠠ ᠶᠢᠰᠤᠳᠤᠭᠡᠷ ᠤᠳᠠᠭ᠎ᠠ᠎ᠶ᠋ᠢᠨ ᠪᠦᠬᠦ᠌ ᠤᠯᠤᠰ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠲᠠᠯᠠᠪᠠᠢ (ᠱᠢᠨᠬᠤᠸᠠ ᠬᠤᠷᠢᠶ᠎ᠠ᠎ᠶ᠋ᠢᠨ ᠬᠡᠷᠡᠯ ᠵᠢᠷᠤᠭ)
ᠠᠷᠠᠳ ᠤᠯᠠᠨ᠎ᠤ ᠰᠡᠳᠭᠢᠯ᠎ᠤᠨ ᠦᠭᠡ
ᠡᠬᠦᠷᠢᠳᠡ ᠨᠠᠮ᠎ᠢᠶᠠᠨ ᠲᠠᠭᠠᠨ᠎ᠠ
ᠵᠠᠩ ᠺᠦᠶ
ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢᠨ ᠲᠠᠱᠢᠷᠠᠮ᠎ᠢᠶᠠᠷ᠂ ᠨᠠᠮ᠎ᠠᠴᠠ ᠳᠤᠮᠳᠠᠳᠤ ᠤᠯᠤᠰ᠎ᠤᠨ ᠠᠷᠠᠳ ᠲᠦᠮᠡᠨ᠎ᠢ ᠤᠳᠤᠷᠢᠳᠤᠨ 《ᠪᠣᠰᠴᠤ᠌ ᠵᠣᠭ᠍ᠰᠣᠭ᠍ᠰᠠᠨ》 《ᠪᠠᠶᠠᠵᠢᠭ᠍ᠰᠠᠨ》 ᠠᠴᠠ 《ᠬᠦᠴᠦᠷᠬᠡᠭ᠌ᠵᠢᠭ᠌ᠰᠡᠨ》 ᠬᠦᠷᠳᠡᠯ᠎ᠠ ᠬᠡᠳᠦᠨ ᠦᠶ᠎ᠡ᠎ᠶ᠋ᠢᠨ ᠡᠪ ᠬᠠᠮᠲᠤᠴᠤᠳ ᠪᠣᠯᠤᠨ ᠠᠷᠠᠳ ᠤᠯᠠᠨ ᠨᠢᠭᠡᠨ ᠬᠠᠮᠳᠤ᠎ᠶ᠋ᠢᠨ ᠰᠡᠳᠭᠢᠯ᠎ᠤᠨ ᠲᠠᠭᠤᠨ᠎ᠢ ᠢᠯᠡᠷᠡᠬᠦᠯᠪᠡ᠄ ᠲᠠᠷᠤᠢ ᠡᠭᠦᠷᠢᠳᠡ ᠨᠠᠮ᠎ᠢᠶᠠᠨ ᠲᠠᠭᠠᠨ᠎ᠠ᠃
1927 ᠣᠨ᠎ᠳᠤ ᠲᠦᠷᠦᠭ᠌ᠰᠡᠡ ᠠᠬᠠᠮᠠᠳ ᠨᠠᠮ᠎ᠤᠨ ᠭᠡᠱᠢᠭᠦᠨ ᠯᠢᠶᠠᠩ ᠢᠦᠢ ᠱᠢᠤ ᠨᠠᠮ᠎ᠳᠤ ᠤᠷᠤᠭᠠᠳ ᠨᠢᠭᠡᠨᠲᠡ 78 ᠵᠢᠯ ᠪᠤᠯᠵᠠᠢ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠡᠯᠭᠡᠯᠡᠬᠦ᠌ ᠶᠡᠭᠡ ᠬᠤᠷᠠᠯ ᠳᠡᠭᠡᠷᠡᠬᠢ ᠶᠠᠷᠢᠶ᠎ᠠ᠎ᠶ᠋ᠢᠨ ᠲᠤᠬᠠᠢ ᠬᠦᠨ ᠲᠦᠷᠦᠭ᠌ᠳᠡᠯ᠎ᠲᠠᠢ᠄ ᠲᠠᠷᠤᠢ ᠡᠪ ᠬᠠᠮᠳᠤ ᠨᠠᠮ ᠳᠤᠮᠳᠠᠳᠤ ᠤᠯᠤᠰ᠎ᠤᠨ ᠠᠷᠠᠳ ᠲᠦᠮᠡᠨ᠎ᠢ ᠤᠳᠤᠷᠢᠳᠤᠨ ᠶᠠᠫᠣᠨ᠎ᠢ ᠡᠰᠡᠷᠭᠦᠴᠡᠬᠦ᠌ ᠲᠠᠢᠨ᠂ ᠴᠢᠯᠥᠭᠡᠯᠡᠬᠦ᠌ ᠲᠠᠢᠨ᠎ᠤ ᠢᠯᠠᠯᠲᠠ᠎ᠶ᠋ᠢ ᠣᠯᠤᠭ᠍ᠰᠠᠨ ᠲᠡᠤᠭᠡ ᠵᠢᠴᠢ ᠱᠢᠨ᠎ᠡ ᠳᠤᠮᠳᠠᠳᠤ ᠤᠯᠤᠰ᠎ᠢ ᠪᠠᠢᠭᠤᠯᠤᠭ᠍ᠰᠠᠨ ᠲᠡᠷᠡ ᠬᠡᠰᠡᠭ ᠲᠡᠦᠬᠡ᠎ᠶ᠋ᠢ ᠲᠣᠪ ᠲᠣᠳᠣᠷᠬᠠᠢ ᠴᠡᠭᠡᠵᠢᠯᠡᠭ᠌ᠰᠡᠭᠡᠷ ᠪᠠᠢᠨ᠎ᠠ ᠬᠡᠵᠠᠢ᠃
《ᠨᠠᠮ᠎ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠤᠯᠠᠨ ᠲᠦᠮᠡᠨ᠎ᠢ ᠳᠠᠢᠴᠢᠯᠠᠬᠤ᠎ᠳᠤ ᠬᠦᠷᠪᠡᠯ ᠪᠡᠶᠡᠯᠡᠭᠦᠯᠵᠦ᠍ ᠳᠡᠢᠯᠬᠦ᠌ ᠦᠭᠡᠢ ᠡᠭᠦᠷᠭᠡ ᠭᠡᠵᠦ᠍ ᠪᠠᠢᠬᠤ ᠦᠭᠡᠢ》 ᠬᠡᠵᠤ ᠯᠢᠶᠠᠩ ᠢᠦᠢ ᠱᠢᠤ ᠡᠷᠡᠰ ᠪᠠᠲᠤ ᠶᠡᠷᠢᠨ᠎ᠠ᠃
ᠹᠧᠩᠵᠧᠨ ᠬᠤᠳᠠ᠎ᠶ᠋ᠢᠨ ᠬᠤᠩ ᠱᠠ ᠪᠠ ᠪᠠᠯᠭᠠᠰᠤᠨ᠎ᠤ ᠰᠠᠨ ᠢ ᠶᠦᠩ ᠲᠣᠰᠭᠤᠨ᠎ᠤ ᠨᠢᠭᠡᠳᠦᠭᠡᠷ ᠱᠦᠵᠢ ᠪᠥᠭᠡᠳ ᠲᠣᠰᠭᠤᠨ᠎ᠳᠤ ᠰᠠᠭᠤᠭ᠎ᠠ ᠠᠵᠢᠯᠯᠠᠬᠤ ᠲᠤᠭᠤᠢ᠍ᠢᠯᠠᠩ᠎ᠤᠨ ᠳᠠᠷᠤᠭ᠎ᠠ ᠸᠠᠩ ᠵᠢᠶᠠᠨ ᠱᠧ ᠪᠣᠯ ᠲᠦᠭ ᠲᠦᠮᠡᠨ ᠶᠠᠳᠠᠭᠤ᠎ᠶ᠋ᠢ ᠲᠡᠳᠬᠦᠬᠦ᠌ ᠺᠠᠳ᠋ᠷ᠎ᠤᠨ ᠳᠣᠲᠣᠷᠠᠬᠢ ᠨᠢᠭᠡ᠎ᠨᠢ ᠪᠤᠯᠤᠨ᠎ᠠ᠃ ᠲᠡᠷᠡ ᠰᠠᠨ ᠢ ᠶᠦᠩ ᠲᠣᠰᠭᠤᠨ᠎ᠤ ᠤᠯᠠᠨ ᠲᠦᠮᠡᠨ᠎ᠢ ᠳᠠᠭᠠᠭᠤᠯᠤᠨ ᠰᠡᠳᠭᠢᠴᠡ᠎ᠶ᠋ᠢ᠎ᠨᠢ ᠵᠢᠯᠤᠭᠤᠳᠤᠨ ᠬᠥᠭ᠌ᠵᠢᠯᠲᠡ᠎ᠶ᠋ᠢ ᠰᠦᠪᠡᠭ᠌ᠴᠢᠯᠡᠵᠦ᠍᠂ ᠪᠦᠬᠦ᠌ ᠲᠣᠰᠭᠤᠨ᠎ᠤ 210 ᠶᠠᠳᠠᠭᠤ ᠬᠦᠴᠢᠷᠳᠡᠯᠲᠡᠢ ᠬᠥᠮᠦᠨ ᠠᠮᠠ᠎ᠶ᠋ᠢ ᠬᠠᠪᠰᠤᠷᠤᠨ ᠪᠦᠬᠦᠨ᠎ᠢ ᠶᠠᠳᠠᠭᠤ᠎ᠠᠴᠠ ᠠᠩᠭᠢᠵᠢᠷᠠᠭᠤᠯᠪᠠ᠃ ᠨᠢᠭᠡᠨ ᠤᠯᠠᠨ ᠲᠦᠮᠡᠨ᠎ᠢ ᠬᠠᠪᠰᠤᠷᠤᠨ 《ᠪᠠᠶᠠᠵᠢᠭᠤᠯᠤᠬ᠍ᠰᠠᠨ》 ᠡᠪ ᠬᠠᠮᠲᠤ ᠨᠠᠮ᠎ᠤᠨ ᠭᠡᠱᠢᠭᠦᠨ ᠪᠣᠯᠤᠭ᠍ᠰᠠᠨ᠎ᠤ ᠬᠤᠪᠢ᠎ᠳᠤ᠂ ᠸᠠᠩ ᠵᠢᠶᠠᠨ ᠱᠧ ᠲᠣᠰᠭᠤᠨ᠎ᠳᠤ ᠰᠠᠭᠤᠬ᠍ᠰᠠᠨ ᠡᠳᠤᠷ᠎ᠠᠴᠠ᠎ᠪᠠᠨ ᠡᠬᠢᠯᠡᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠴᠣᠭ᠍ᠴᠠᠯᠠᠯᠲᠠ᠎ᠶ᠋ᠢ ᠲᠡᠷᠢᠭᠦᠨ ᠴᠢᠬᠤᠯᠠ ᠡᠭᠦᠷᠭᠡ ᠪᠣᠯᠭᠠᠵᠠᠢ᠃ ᠲᠡᠷᠡ᠎ᠪᠠᠷ᠂ ᠡᠪ ᠬᠠᠮᠲᠤ ᠨᠠᠮ᠎ᠤᠨ ᠭᠡᠱᠢᠭᠦᠨ ᠪᠣᠯ ᠪᠦᠬᠦ᠌ ᠰᠡᠳᠭᠢᠯ ᠪᠦᠬᠦ᠌ ᠵᠣᠷᠢᠭ᠎ᠢᠶᠠᠷ᠎ᠢᠶᠠᠨ ᠠᠷᠠᠳ ᠲᠦᠮᠡᠨ᠎ᠳᠤ ᠦᠢᠯᠠᠴᠢᠯᠠᠵᠤ᠂ ᠪᠠᠲᠤ ᠴᠢᠩᠭ᠎ᠠ ᠨᠠᠮ᠎ᠤᠨ ᠡᠭᠦᠷ ᠪᠣᠯ ᠤᠯᠠᠨ ᠲᠦᠮᠡᠨ᠎ᠤ ᠶᠠᠳᠠᠭᠤ ᠠᠴᠠ ᠠᠩᠭᠢᠵᠢᠷᠠᠨ ᠴᠢᠨᠡᠭᠡᠯᠢᠭ᠌ᠵᠢᠬᠦ᠌᠎ᠶ᠋ᠢᠨ ᠵᠠᠩᠭᠢᠯᠠᠭ᠎ᠠ ᠮᠦᠨ ᠬᠡᠵᠠᠢ᠃
《ᠲᠤᠮᠤ ᠤᠯᠤᠰ᠎ᠤᠨ ᠰᠡᠷᠭᠦᠨ ᠮᠠᠨᠳᠤᠯᠲᠠ ᠯᠠᠪᠲᠠᠢ ᠦᠪᠡᠷ᠎ᠤᠨ ᠬᠡᠰᠡᠨ ᠰᠦᠭ ᠰᠦᠨᠡᠰᠦ᠎ᠲᠠᠢ᠃》 ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠡᠮᠨᠡᠯᠭᠡ᠎ᠶ᠋ᠢᠨ ᠬᠤᠷᠢᠶᠠᠨ᠎ᠤ ᠨᠠᠮ᠎ᠤᠨ ᠬᠤᠷᠢᠶᠠᠨ᠎ᠤ ᠠᠯᠪᠠᠨ ᠬᠡᠷ᠎ᠤᠨ ᠨᠠᠮ᠎ᠤᠨ ᠠᠵᠢᠯᠲᠠᠨ ᠢᠯᠠᠨ᠎ᠠ᠄ 《ᠨᠠᠮ᠎ᠤᠨ ᠲᠡᠦᠬᠡ᠎ᠶ᠋ᠢᠨ ᠥᠯᠢᠭᠡᠷ᠎ᠢ ᠳᠠᠬᠢᠨ ᠡᠷᠭᠢᠴᠡᠭᠦᠯᠵᠦ᠍᠂ ᠲᠡᠦᠬᠡ᠎ᠪᠠᠷ ᠲᠣᠯᠢ ᠪᠣᠯᠭᠠᠬᠤ᠎ᠪᠠᠷ ᠳᠡᠮᠵᠢᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠬᠤ ᠪᠣᠯ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠶ᠋ᠢᠨ ᠦᠨᠳᠦᠰᠦᠨ ᠪᠠᠲᠤᠯᠠᠭ᠎ᠠ ᠮᠥᠨ ᠭᠡᠳᠡᠭ᠎ᠢ ᠪᠢ ᠨᠠᠩ ᠲᠣᠳᠣᠷᠬᠠᠶ ᠣᠢᠯᠠᠭᠠᠪᠠ》 ᠬᠡᠵᠠᠢ᠃ 24 ᠨᠠᠰᠤᠲᠠᠢ ᠲᠡᠷᠡ ᠨᠠᠮ᠎ᠳᠤ ᠣᠷᠣᠭᠠᠳ ᠨᠢᠭᠡᠨᠲᠡ 3 ᠵᠢᠯ ᠪᠣᠯᠵᠠᠢ᠃ ᠢᠯᠠᠨ᠎ᠠ᠄ 《ᠤᠯᠤᠰ᠎ᠢᠶᠠᠨ ᠬᠦᠴᠦᠷᠬᠡᠭ᠌ᠵᠢᠭᠦᠯᠬᠦ᠌᠎ᠳᠤ ᠨᠢᠭᠡ ᠮᠦᠷᠤᠨᠤ ᠬᠦᠴᠤ᠎ᠪᠠᠨ ᠡᠷᠬᠦᠨ᠎ᠠ》 ᠬᠡᠵᠤ ᠡᠷᠡᠰ ᠪᠠᠳᠤ ᠵᠤᠷᠢᠭ᠎ᠢᠶᠠᠨ ᠢᠯᠡᠳᠭᠡᠨ᠎ᠠ᠃
《ᠱᠢᠶᠤᠤ ᠶᠦᠩ ᠡ᠂ ᠠᠪᠤ ᠴᠢᠨᠢ ᠪᠢᠳᠡ ᠬᠤᠶᠠᠷ ᠨᠢᠭᠡᠨᠲᠡ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠸᠠᠺᠼᠢᠨ᠎ᠤ ᠬᠤᠶᠡᠳᠤᠭᠠᠷ ᠤᠳᠠᠭᠠᠨ᠎ᠤ ᠲᠠᠷᠢᠯᠭ᠎ᠠ᠎ᠪᠠᠨ ᠲᠡᠷᠢᠬ᠍ᠰᠠᠨ ᠱᠢᠤ᠂ ᠰᠠᠨᠠᠭ᠎ᠠ ᠠᠮᠤᠷ ᠪᠠᠢᠭᠠᠷᠠᠢ!》 ᠬᠡᠵᠤ ᠤᠯᠠᠭᠠᠨᠴᠠᠪ ᠬᠤᠲᠠ᠎ᠶ᠋ᠢᠨ ᠯᠢᠶᠠᠩᠴᠧᠩ ᠱᠢᠶᠠᠨ᠎ᠤ ᠮᠠᠢ ᠬᠤ᠌ ᠲᠦ ᠪᠠᠯᠭᠠᠰᠤᠨ᠎ᠳᠤ ᠰᠠᠭᠤᠭ᠎ᠠ ᠰᠦᠨ ᠱᠢᠤ ᠯᠠᠨ ᠨᠠᠰᠤᠲᠠᠨ ᠬᠦᠦ᠎ᠳᠡᠭᠡᠨ ᠵᠢᠷᠭᠢᠶ᠎ᠡ᠎ᠪᠠᠷ ᠶᠡᠷᠢᠵᠤ ᠪᠠᠢᠯ᠎ᠠ᠃ ᠥᠨᠥᠳᠦᠷ᠎ᠤᠨ ᠵᠣᠯ ᠵᠢᠷᠭᠠᠯᠲᠤ ᠠᠮᠢᠳᠤᠷᠠᠯ᠎ᠢᠶᠠᠨ ᠶᠠᠷᠢᠬᠤ᠎ᠳᠤ᠂ ᠨᠠᠰᠤᠲᠠᠨ ᠳᠣᠭ᠍ᠳᠣᠯᠤᠭ᠍ᠰᠠᠨ ᠰᠡᠳᠭᠢᠯᠭᠡ᠎ᠪᠠᠨ ᠳᠠᠷᠤᠵᠤ ᠶᠠᠳᠠᠨ᠄ 《ᠨᠠᠮ᠎ᠤᠨ ᠰᠠᠢᠨ ᠲᠦᠷᠦ᠎ᠶ᠋ᠢᠨ ᠪᠤᠳᠤᠯᠭ᠎ᠠ ᠪᠠᠢᠭ᠍ᠰᠠᠨ᠎ᠠᠴᠠ ᠪᠢᠳᠡᠨ᠎ᠤ ᠠᠮᠢᠳᠤᠷᠠᠯ ᠰᠠᠶᠢ ᠶᠠᠪᠤᠬᠤ ᠲᠤᠳᠤᠮ ᠰᠠᠢᠵᠢᠷᠠᠵᠤ ᠪᠠᠢᠨ᠎ᠠ᠃ ᠪᠢᠳᠡ ᠱᠢᠨ᠎ᠡ ᠭᠡᠷ᠎ᠲᠤ ᠨᠡᠭᠦᠨ ᠣᠷᠣᠵᠤ᠂ ᠲᠦᠭᠡᠭᠡᠯ ᠤᠰᠤ ᠬᠡᠷᠡᠭ᠌ᠯᠡᠵᠦ᠍᠂ ᠤᠳᠤ ᠪᠠᠰᠠ ᠦᠨ᠎ᠠ ᠲᠦᠯᠤᠪᠤᠷᠢ ᠦᠬᠡᠢ᠎ᠪᠠᠷ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠸᠠᠺᠼᠢᠨ᠎ᠤ ᠲᠠᠷᠢᠯᠭ᠎ᠠ ᠬᠢᠵᠦ᠍ ᠦᠭ᠌ᠴᠤ ᠪᠤᠢ᠃ ᠡᠪ ᠬᠠᠮᠲᠤ ᠨᠠᠮ ᠬᠡᠵᠢᠶᠡᠳᠡ ᠮᠠᠨ᠎ᠲᠠᠢ ᠬᠠᠮᠲᠤ ᠪᠠᠢᠵᠤ᠂ ᠡᠪ ᠬᠠᠮᠲᠤ ᠨᠠᠮ ᠪᠠᠢᠬᠤ ᠦᠭᠡᠢ ᠪᠣᠯ ᠮᠠᠨ᠎ᠤ ᠥᠨᠥᠳᠦᠷ᠎ᠤᠨ ᠠᠯᠢᠪᠠ ᠪᠦᠬᠦᠨ ᠪᠠᠢᠵᠤ ᠴᠢᠳᠠᠬᠤ ᠦᠭᠡᠢ》 ᠬᠡᠨ᠎ᠠ᠃
《ᠡᠪ ᠬᠠᠮᠲᠤ ᠨᠠᠮ ᠪᠠᠢᠬᠤ ᠦᠭᠡᠢ ᠪᠣᠯ ᠱᠢᠨ᠎ᠡ ᠳᠤᠮᠳᠠᠳᠤ ᠤᠯᠤᠰ ᠪᠠᠢᠵᠤ ᠴᠢᠳᠠᠬᠤ ᠦᠭᠡᠢ ᠁》 ᠰᠦᠨ ᠱᠢᠤ ᠯᠠᠨ ᠵᠠᠯᠠᠭᠤ᠎ᠶ᠋ᠢᠨ ᠦᠶ᠎ᠡ᠎ᠶ᠋ᠢᠨ ᠬᠠᠮᠤᠭ᠎ᠤᠨ ᠲᠠᠭᠤᠯᠠᠬᠤ ᠲᠤᠷᠠᠳᠠᠢ ᠡᠨᠡ ᠳᠠᠭᠤᠤ᠎ᠶ᠋ᠢ ᠳᠠᠭᠤᠯᠠᠪᠠ᠃ ᠲᠡᠷᠡ᠂ ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠤᠨ ᠠᠴᠢ᠎ᠳᠤ ᠲᠠᠯᠠᠷᠬᠠᠵᠤ᠂ ᠨᠠᠮ᠎ᠢᠶᠠᠨ ᠳᠠᠭᠠᠵᠤ ᠶᠠᠪᠤᠬᠤ ᠪᠣᠯ ᠲᠡᠭᠦᠨ᠎ᠤ ᠥᠨᠢ ᠡᠭᠦᠷᠢᠳᠡ ᠬᠤᠪᠢᠷᠠᠰᠢ ᠦᠭᠡᠢ ᠢᠲᠡᠭᠡᠯ ᠪᠢᠱᠢᠷᠡᠯ ᠮᠥᠨ ᠭᠡᠵᠦ᠍ ᠬᠡᠯᠡᠪᠡ᠃
ᠲᠤᠰᠭᠠᠢ ᠮᠡᠷᠭᠡᠵᠢᠯᠲᠡᠨ᠎ᠤ ᠲᠠᠢᠯᠤᠮᠵᠢ
ᠨᠠᠮ᠎ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠱᠢᠨ᠎ᠡ ᠠᠶᠠᠨ᠎ᠳᠠᠭᠠᠨ ᠡᠷᠡᠮᠡᠬᠡᠢᠯᠡᠨ ᠤᠷᠤᠭ᠍ᠰᠢᠯᠠᠶ᠎ᠠ
— ᠥᠪᠥᠷ ᠮᠣᠩᠭᠤᠯ᠎ᠤᠨ ᠪᠠᠭ᠍ᠰᠢ᠎ᠶ᠋ᠢᠨ ᠶᠡᠭᠡ ᠰᠤᠷᠭᠠᠭᠤᠯᠢ᠎ᠶ᠋ᠢᠨ ᠮᠠᠷᠺᠰ᠎ᠤᠨ ᠦᠵᠡᠯ᠎ᠤᠨ ᠳᠡᠭᠡᠳᠦ ᠰᠤᠷᠭᠠᠭᠤᠯᠢ᠎ᠶ᠋ᠢᠨ ᠵᠠᠬᠢᠷᠤᠯ ᠯᠢ ᠴᠦᠨ ᠬᠤᠶ ᠫᠷᠤᠹᠧᠰᠰᠤᠷ᠎ᠢ ᠰᠤᠷᠪᠤᠯᠵᠢᠯᠠᠭ᠍ᠰᠠᠨ᠎ᠨᠢ
ᠬᠤᠤ ᠵᠢᠶᠠ ᠯᠢ
《ᠳᠤᠮᠳᠠᠳᠤ ᠤᠯᠤᠰ᠎ᠤᠨ ᠤᠴᠢᠷ ᠶᠠᠪᠤᠳᠠᠯ᠎ᠢ ᠰᠠᠢᠲᠤᠷ ᠬᠢᠬᠦ᠌᠎ᠶ᠋ᠢᠨ ᠵᠠᠩᠭᠢᠯᠠᠭ᠎ᠠ᠎ᠨᠢ ᠨᠠᠮ᠎ᠳᠤ ᠪᠠᠢᠨ᠎ᠠ》᠃ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠡᠯᠭᠡᠯᠡᠬᠦ᠌ ᠶᠡᠭᠡ ᠬᠤᠷᠠᠯ ᠳᠡᠭᠡᠷ᠎ᠡ᠂ ᠶᠡᠷᠦᠩᠬᠡᠢ ᠱᠦᠵᠢ ᠰᠢ᠎ᠶ᠋ᠢᠨ ᠫᠢᠩ ᠮᠠᠨ᠎ᠤ ᠨᠠᠮ᠎ᠤᠨ ᠵᠠᠭᠤᠨ ᠵᠢᠯ᠎ᠤᠨ ᠲᠡᠮᠡᠴᠡᠯ᠎ᠤᠨ ᠭᠡᠷᠡᠯ ᠰᠠᠴᠤᠷᠠᠩᠭᠤᠢ ᠲᠡᠦᠬᠡᠨ ᠶᠠᠪᠤᠴᠠ᠎ᠶ᠋ᠢ ᠡᠷᠭᠢᠴᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠳᠤᠮᠳᠠᠳᠤ᠎ᠶ᠋ᠢᠨ ᠵᠡᠭᠦᠳᠦ᠎ᠶ᠋ᠢ ᠲᠡᠷᠭᠡᠯᠱᠢᠭᠦᠯᠬᠦ᠌᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ 《ᠲᠡᠦᠬᠡ᠎ᠪᠠᠷ ᠲᠤᠯᠢ ᠪᠣᠯᠭᠠᠵᠤ᠂ ᠢᠷᠡᠭᠡᠳᠦᠢ᠎ᠶ᠋ᠢ ᠴᠤᠬ᠍ᠴᠠᠯᠠᠬᠤ᠎ᠳᠤ ᠡᠷᠬᠡᠪᠰᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠠᠲᠤ ᠴᠢᠩᠭ᠎ᠠ ᠤᠳᠤᠷᠢᠳᠤᠯᠭ᠎ᠠ᠎ᠶ᠋ᠢ ᠪᠠᠷᠢᠮᠲᠠᠯᠠᠬᠤ ᠬᠡᠷᠡᠭ᠌ᠲᠡᠢ》 ᠬᠡᠵᠤ ᠲᠤᠳᠤᠷᠬᠠᠢ ᠲᠤᠷᠠᠳᠴᠠᠢ᠃ ᠡᠭᠦᠨ᠎ᠤ ᠲᠤᠬᠠᠢ ᠰᠤᠷᠪᠤᠯᠵᠢᠯᠠᠭ᠍ᠴᠢ ᠥᠪᠥᠷ ᠮᠣᠩᠭᠤᠯ᠎ᠤᠨ ᠪᠠᠭ᠍ᠰᠢ᠎ᠶ᠋ᠢᠨ ᠶᠡᠭᠡ ᠰᠤᠷᠭᠠᠭᠤᠯᠢ᠎ᠶ᠋ᠢᠨ ᠮᠠᠷᠺᠰ᠎ᠤᠨ ᠦᠵᠡᠯ᠎ᠤᠨ ᠳᠡᠭᠡᠳᠦ ᠰᠤᠷᠭᠠᠭᠤᠯᠢ᠎ᠶ᠋ᠢᠨ ᠵᠠᠬᠢᠷᠤᠯ᠂ ᠫᠷᠤᠹᠧᠰᠰᠤᠷ ᠯᠢ ᠴᠦᠨ ᠬᠤᠢ᠎ᠶ᠋ᠢ ᠰᠤᠷᠪᠤᠯᠵᠢᠯᠠᠪᠠ᠃
ᠯᠢ ᠴᠦᠨ ᠬᠤᠢ᠂ ᠳᠤᠮᠳᠠᠳᠤ ᠤᠯᠤᠰ᠎ᠤᠨ ᠡᠪ ᠬᠠᠮᠲᠤ ᠨᠠᠮ ᠪᠣᠯ ᠤᠯᠤᠰ᠎ᠤᠨ ᠬᠠᠮᠤᠭ᠎ᠤᠨ ᠳᠡᠭᠡᠳᠦ ᠤᠯᠤᠰ ᠲᠦᠷᠦ᠎ᠶ᠋ᠢᠨ ᠤᠳᠤᠷᠢᠳᠭᠤ ᠬᠦᠴᠦᠨ ᠮᠥᠨ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠦᠨᠳᠦᠰᠦᠨ ᠪᠠᠲᠤᠯᠠᠭ᠎ᠠ ᠮᠥᠨ᠃ ᠪᠢᠳᠡ ᠶᠡᠷᠦᠩᠬᠡᠶ ᠱᠦᠵᠢ ᠰᠢ᠎ᠶ᠋ᠢᠨ ᠫᠢᠩ᠎ᠤᠨ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠬᠤ ᠲᠤᠬᠠᠶ ᠴᠢᠬᠤᠯᠠ ᠥᠭᠦᠯᠡᠯᠲᠡ᠎ᠶ᠋ᠢ ᠭᠦᠨᠵᠡᠭᠡᠶ ᠣᠢᠯᠠᠭᠠᠵᠤ᠂ ᠨᠠᠮ᠎ᠤᠨ ᠪᠥᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠴᠢᠨᠠᠭ᠍ᠰᠢᠳᠠ ᠴᠢᠩᠭᠠᠳᠭᠠᠵᠤ᠂ 2400 ᠭᠠᠷᠤᠶ ᠲᠦᠮᠡᠨ ᠺᠠᠳ᠋ᠷ ᠣᠯᠠᠨ ᠲᠦᠮᠡᠨ᠎ᠢ ᠰᠢ᠎ᠶ᠋ᠢᠨ ᠫᠢᠩ ᠨᠥᠬᠦᠷ᠎ᠢᠶᠠᠷ ᠭᠤᠤᠯ ᠪᠣᠯᠭᠠᠭ᠍ᠰᠠᠨ ᠨᠠᠮ᠎ᠤᠨ ᠲᠥᠪ ᠬᠤᠷᠢᠶᠠᠨ᠎ᠤ ᠲᠣᠭᠤᠷᠢᠨ᠎ᠳᠤ ᠨᠢᠭ᠍ᠲᠠᠷᠠᠨ ᠪᠦᠯᠬᠦᠮᠳᠡᠭᠦᠯᠵᠦ᠍᠂ ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠤᠨ ᠠᠴᠢ᠎ᠳᠤ ᠲᠠᠯᠠᠷᠬᠠᠵᠤ᠂ ᠨᠠᠮ᠎ᠢᠶᠠᠨ ᠳᠠᠭᠠᠵᠤ᠂ ᠶᠡᠷᠦᠩᠬᠡᠶ ᠱᠦᠵᠢ᠎ᠶ᠋ᠢᠨ ᠴᠢᠬᠤᠯᠠ ᠵᠢᠭᠠᠪᠤᠷᠢ ᠴᠤᠬᠤᠯᠠᠪᠤᠷᠢ ᠪᠣᠯᠤᠨ ᠨᠠᠮ᠎ᠤᠨ ᠲᠥᠪ ᠬᠤᠷᠢᠶᠠᠨ᠎ᠤ ᠴᠢᠬᠤᠯᠠ ᠶᠡᠭᠡ ᠱᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠥᠪᠥᠷ ᠮᠣᠩᠭᠤᠯ᠎ᠳᠤ ᠲᠡᠷᠡ ᠶᠣᠰᠣᠭᠠᠷ᠎ᠨᠢ ᠪᠣᠳᠠᠲᠠᠶ᠎ᠳᠤ ᠨᠠᠢᠳᠠᠪᠤᠷᠢᠵᠢᠭᠤᠯᠬᠤ᠎ᠶ᠋ᠢ ᠪᠠᠲᠤᠯᠠᠬᠤ ᠬᠡᠷᠡᠭ᠌ᠲᠡᠶ ᠬᠡᠪᠡ᠃
ᠣᠢᠷ᠎ᠠ᠎ᠶ᠋ᠢᠨ ᠵᠢᠯ᠎ᠳᠤ᠂ ᠣᠷᠣᠨ ᠳᠠᠶᠠᠭᠠᠷ᠎ᠢᠶᠠᠨ ᠶᠡᠷᠦᠩᠬᠡᠶ ᠱᠦᠵᠢ᠎ᠶ᠋ᠢᠨ ᠵᠢᠭᠠᠭ᠍ᠰᠠᠨ ᠤᠷᠤᠭ᠍ᠰᠢᠯᠠᠯᠲᠠ᠎ᠶ᠋ᠢᠨ ᠴᠢᠭ᠌ᠯᠡᠯ᠎ᠢᠶᠠᠷ ᠡᠷᠡᠰ ᠭᠤᠢᠪᠢᠰᠢ ᠥᠬᠡᠶ ᠡᠷᠡᠮᠡᠬᠡᠢᠯᠡᠨ ᠤᠷᠤᠭ᠍ᠰᠢᠯᠠᠵᠤ᠂ ᠢᠯᠠᠩᠭᠤᠶ᠎ᠠ ᠶᠡᠷᠦᠩᠬᠡᠶ ᠱᠦᠵᠢ ᠳᠥᠷᠪᠡᠨ ᠵᠢᠯ ᠳᠠᠷᠠᠭᠠᠯᠠᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠥᠪᠥᠷ ᠮᠣᠩᠭᠤᠯ᠎ᠤᠨ ᠲᠥᠯᠥᠭᠡᠯᠡᠭ᠌ᠴᠢᠳ᠎ᠤᠨ ᠪᠦᠯᠬᠦᠮ᠎ᠤᠨ ᠬᠢᠨᠠᠨ ᠵᠥᠪᠯᠡᠬᠦ᠌᠎ᠳᠤ ᠣᠷᠣᠯᠴᠠᠵᠤ᠂ 2019 ᠣᠨ᠎ᠤ 7 ᠰᠠᠷ᠎ᠠ᠎ᠳᠤ ᠮᠠᠨ᠎ᠤ ᠣᠷᠣᠨ᠎ᠳᠤ ᠪᠡᠶ᠎ᠡ᠎ᠪᠠᠷ᠎ᠢᠶᠠᠨ ᠢᠷᠡᠵᠦ᠍ ᠱᠢᠨᠵᠢᠯᠡᠨ ᠪᠠᠢᠴᠠᠭᠠᠵᠤ ᠵᠢᠭᠠᠨ ᠵᠢᠯᠣᠭᠤᠳᠴᠤ᠌᠂ ᠮᠠᠨ᠎ᠤ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠶ᠋ᠢ ᠪᠥᠬᠦ᠌ ᠲᠠᠯ᠎ᠠ᠎ᠪᠠᠷ ᠠᠬᠢᠭᠤᠯᠬᠤ᠎ᠳᠤ ᠴᠢᠭ᠌ᠯᠡᠯ᠎ᠢ ᠵᠢᠭᠠᠵᠤ᠂ ᠥᠪᠥᠷ ᠮᠣᠩᠭᠤᠯ᠎ᠤᠨ ᠱᠢᠨ᠎ᠡ ᠪᠠᠢᠳᠠᠯ᠎ᠢ ᠡᠭᠦᠳᠬᠦ᠌᠎ᠶ᠋ᠢ ᠬᠥᠲᠥᠯᠥᠨ ᠳᠠᠭᠠᠭᠤᠯᠪᠠ᠃
ᠯᠢ ᠴᠦᠨ ᠬᠤᠢ᠂ ᠱᠢᠨ᠎ᠡ ᠠᠶᠠᠨ ᠵᠠᠮ᠎ᠳᠤ᠂ ᠡᠷᠬᠡᠪᠰᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠠᠲᠤ ᠴᠢᠩᠭ᠎ᠠ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠮᠠᠷᠺᠰ᠎ᠤᠨ ᠦᠵᠡᠯ᠎ᠤᠨ ᠲᠤᠬᠠᠢ ᠢᠲᠡᠭᠡᠯ ᠪᠢᠱᠢᠷᠡᠯ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠲᠤᠬᠠᠢ ᠢᠲᠡᠭᠡᠯ ᠪᠢᠱᠢᠷᠡᠯ᠎ᠢ ᠨᠠᠰᠤᠨ ᠲᠤᠷᠱᠢᠳᠠ᠎ᠶ᠋ᠢᠨ ᠬᠥᠭᠡᠭᠡᠴᠡᠯᠳᠦᠯ ᠪᠣᠯᠭᠠᠵᠤ᠂ ᠨᠠᠮ᠎ᠳᠠᠭᠠᠨ ᠦᠨᠡᠨᠴᠢ ᠱᠢᠳᠤᠷᠭᠤ ᠪᠠᠢᠬᠤ ᠮᠣᠷᠠᠯ᠎ᠢ ᠡᠷᠬᠢᠮᠯᠡᠵᠦ᠍᠂ ᠨᠠᠮ᠎ᠢᠶᠠᠨ ᠢᠲᠡᠭᠡᠵᠦ᠍ ᠨᠠᠮ᠎ᠢᠶᠠᠨ ᠬᠠᠢᠷᠠᠯᠠᠵᠤ ᠨᠠᠮ᠎ᠤᠨ ᠲᠥᠯᠥᠭᠡ ᠵᠢᠳᠬᠦᠬᠦ᠌ ᠬᠡᠷᠡᠭ᠌ᠲᠡᠢ᠃ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠲᠠᠷᠢᠬᠢ ᠲᠣᠯᠣᠭᠠᠢ᠎ᠪᠠᠨ ᠵᠡᠪᠰᠡᠭ᠌ᠯᠡᠵᠦ᠍᠂ ᠦᠵᠡᠯ ᠰᠠᠨᠠᠭ᠎ᠠ ᠤᠯᠤᠰ ᠲᠦᠷᠦ᠍ ᠦᠢᠯᠡ ᠠᠵᠢᠯᠯᠠᠭ᠎ᠠ᠎ᠶ᠋ᠢᠨ ᠲᠠᠯ᠎ᠠ᠎ᠪᠠᠷ ᠢᠮᠠᠭ᠍ᠲᠠ ᠰᠢ᠎ᠶ᠋ᠢᠨ ᠫᠢᠩ ᠨᠥᠬᠦᠷ᠎ᠢᠶᠠᠷ ᠭᠤᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ᠎ᠲᠠᠢ ᠳᠡᠭᠡᠳᠦ ᠬᠡᠮᠵᠢᠶ᠎ᠡ᠎ᠪᠠᠷ ᠨᠢᠭᠡᠳᠦᠯᠲᠡᠢ ᠪᠠᠢᠵᠤ᠂ ᠨᠠᠮ᠎ᠤᠨ ᠲᠥᠪ ᠬᠤᠷᠢᠶᠠᠨ᠎ᠤ ᠡᠷᠬᠡ ᠰᠦᠷ ᠪᠣᠯᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠡᠷᠡᠰ ᠬᠠᠮᠠᠭᠠᠯᠠᠵᠤ᠂ ᠤᠶᠤᠨ ᠤᠬᠠᠭᠠᠨ ᠪᠣᠯᠤᠨ ᠬᠦᠴᠦᠨ ᠴᠢᠳᠠᠯ᠎ᠢᠶᠠᠨ ᠨᠠᠮ᠎ᠤᠨ ᠲᠥᠪ ᠬᠤᠷᠢᠶᠠᠨ᠎ᠤ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠳᠡᠭᠡᠷ᠎ᠡ ᠨᠢᠭ᠍ᠲᠠᠷᠠᠭᠤᠯᠬᠤ ᠬᠡᠷᠡᠭ᠌ᠲᠡᠢ ᠬᠡᠵᠠᠢ᠃
ᠯᠢ ᠴᠦᠨ ᠬᠤᠢ᠂ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠴᠢᠨᠠᠭ᠍ᠰᠢᠳᠠ ᠪᠠᠷᠢᠮᠲᠠᠯᠠᠬᠤ᠎ᠳᠤ᠂ ᠡᠷᠬᠡᠪᠰᠢ ᠨᠠᠮ᠎ᠤᠨ ᠤᠳᠤᠷᠢᠳᠤᠯᠭ᠎ᠠ᠎ᠶ᠋ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠎ᠠ᠃ ᠨᠠᠮ᠎ᠤᠨ ᠪᠠᠢᠭᠤᠯᠤᠯᠲᠠ᠎ᠶ᠋ᠢᠨ ᠱᠢᠨ᠎ᠡ ᠠᠭᠤᠤ ᠶᠡᠭᠡ ᠢᠨᠵᠧᠨᠧᠷᠢᠩ ᠢ ᠥᠴᠦᠬᠡᠨ ᠴᠦ᠍ ᠭᠤᠢᠪᠢᠰᠢ ᠦᠭᠡᠢ ᠠᠬᠢᠭᠤᠯᠵᠤ᠂ ᠠᠭᠤᠤ ᠶᠡᠭᠡ ᠨᠠᠮ ᠪᠠᠢᠭᠤᠯᠬᠤ ᠵᠣᠷᠢᠭ ᠰᠠᠨᠠᠭ᠎ᠠ᠎ᠶ᠋ᠢ ᠵᠠᠯᠭᠠᠮᠵᠢᠯᠠᠨ ᠪᠠᠳᠠᠷᠠᠭᠤᠯᠵᠤ᠂ ᠪᠦᠬᠦ᠌ ᠲᠠᠯ᠎ᠠ᠎ᠶ᠋ᠢ ᠶᠡᠷᠦᠩᠬᠡᠢᠯᠡᠨ ᠡᠵᠡᠮᠳᠡᠬᠦ᠂ ᠡᠯ᠎ᠡ ᠲᠠᠯ᠎ᠠ᠎ᠶ᠋ᠢ ᠵᠣᠬᠢᠴᠠᠭᠤᠯᠬᠤ ᠨᠠᠮ᠎ᠤᠨ ᠤᠳᠤᠷᠢᠳᠭᠤ ᠳᠦᠷᠢᠮ᠎ᠤᠨ ᠱᠢᠰᠲ᠋ᠧᠮ᠎ᠢ ᠲᠡᠭᠦᠯᠳᠡᠷᠵᠢᠭᠦᠯᠦᠨ᠂ ᠨᠠᠮ᠎ᠤᠨ ᠤᠳᠤᠷᠢᠳᠭᠤ ᠠᠷᠭ᠎ᠠ ᠮᠠᠶᠢᠭ ᠪᠠ ᠲᠦᠷᠦ᠍ ᠪᠠᠷᠢᠬᠤ ᠠᠷᠭ᠎ᠠ ᠮᠠᠶᠢᠭ᠎ᠢ ᠲᠡᠭᠦᠯᠳᠡᠷᠵᠢᠭᠦᠯᠵᠦ᠍᠂ ᠨᠠᠮ᠎ᠤᠨ ᠲᠦᠷᠦ᠍ ᠪᠠᠷᠢᠬᠤ ᠴᠢᠳᠠᠪᠤᠷᠢ ᠪᠠ ᠤᠳᠤᠷᠢᠳᠭᠤ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠦᠨ᠂ ᠨᠠᠮ᠎ᠤᠨ ᠴᠢᠭ᠌ᠯᠡᠯ᠎ᠢ ᠡᠵᠡᠮᠳᠡᠬᠦ᠂ ᠶᠡᠭᠡ ᠲᠠᠯ᠎ᠠ᠎ᠶ᠋ᠢ ᠪᠣᠳᠣᠯᠬᠢᠯᠠᠬᠤ᠂ ᠲᠦᠷᠦ᠎ᠶ᠋ᠢᠨ ᠪᠤᠳᠤᠯᠭ᠎ᠠ ᠲᠣᠭ᠍ᠲᠠᠭᠠᠬᠤ᠂ ᠥᠭᠡᠷᠡᠴᠢᠯᠡᠯᠲᠡ᠎ᠶ᠋ᠢ ᠠᠬᠢᠭᠤᠯᠬᠤ ᠴᠢᠳᠠᠪᠤᠷᠢ ᠪᠠ ᠬᠦᠴᠦᠨ᠎ᠢ ᠲᠠᠰᠤᠷᠠᠯᠲᠠ ᠦᠭᠡᠢ ᠳᠡᠭᠡᠭ᠌ᠰᠢᠯᠡᠭᠦᠯᠦᠨ᠎ᠡ ᠬᠡᠪᠡ᠃
ᠱᠢᠨ᠎ᠡ ᠭᠠᠷᠤᠭ᠎ᠠ᠎ᠳᠤ ᠰᠠᠭᠤᠷᠢᠯᠠᠵᠤ᠂ ᠱᠢᠨ᠎ᠡ ᠠᠶᠠᠨ᠎ᠳᠠᠭᠠᠨ ᠮᠣᠷᠳᠠᠶ᠎ᠠ᠃ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ ᠰᠢ᠎ᠶ᠋ᠢᠨ ᠫᠢᠩ ᠨᠥᠬᠦᠷ᠎ᠢᠶᠠᠷ ᠭᠤᠣᠯ ᠪᠣᠯᠭᠠᠭ᠍ᠰᠠᠨ ᠨᠠᠮ᠎ᠤᠨ ᠲᠥᠪ ᠬᠤᠷᠢᠶᠠᠨ᠎ᠤ ᠲᠣᠭᠤᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠢᠯᠠᠯᠲᠠ᠎ᠶ᠋ᠢᠨ ᠡᠷᠴᠢᠨ ᠳᠡᠭᠡᠷ᠎ᠡ᠎ᠪᠠᠨ ᠤᠷᠤᠭ᠍ᠰᠢᠯᠠᠵᠤ᠂ ᠰᠠᠯᠬᠢ ᠪᠣᠷᠣᠭᠠᠨ᠎ᠢ ᠬᠠᠢᠬᠤᠷᠤᠯ ᠦᠬᠡᠢ ᠡᠷᠡᠮᠡᠭᠡᠢᠯᠡᠨ ᠤᠷᠤᠭ᠍ᠰᠢᠯᠠᠵᠦ᠍᠂ ᠦᠵᠡᠰᠭᠦᠯᠡᠩᠲᠦ ᠰᠠᠢᠬᠠᠨ ᠥᠪᠥᠷ ᠮᠣᠩᠭᠤᠯ᠎ᠢᠶᠠᠨ ᠪᠦᠲᠦᠭᠡᠨ ᠪᠠᠢᠭᠤᠯᠵᠤ᠂ ᠠᠭᠤᠤ ᠶᠡᠭᠡ ᠳᠤᠮᠳᠠᠳᠤ᠎ᠶ᠋ᠢᠨ ᠵᠡᠭᠦᠳᠦ᠎ᠪᠠᠨ ᠬᠠᠮᠲᠤ᠎ᠪᠠᠷ ᠲᠡᠷᠭᠡᠯᠱᠢᠭᠦᠯᠬᠦ᠌᠎ᠶ᠋ᠢᠨ ᠲᠥᠯᠥᠭᠡ ᠴᠥᠬᠦᠷᠡᠰᠢ ᠦᠭᠡᠢ ᠲᠡᠮᠡᠴᠡᠨ᠎ᠡ᠃
ᠰᠤᠨᠢᠨ ᠮᠡᠳᠡᠭᠡᠨ᠎ᠤ ᠬᠤᠯᠪᠤᠭᠠᠰᠤ
ᠤᠭ ᠰᠠᠨᠠᠭ᠎ᠠ᠎ᠪᠠᠨ ᠪᠠᠲᠤ ᠦᠢᠯᠡᠳᠦᠯᠭᠡᠵᠢᠭᠦᠯᠵᠦ᠍ ᠭᠡᠷᠡᠯ ᠰᠠᠴᠤᠷᠠᠩᠭᠤᠢ ᠬᠠᠭᠤᠳᠠᠰᠤ᠎ᠶ᠋ᠢ ᠪᠢᠴᠢᠭ᠌ᠯᠡᠨ᠎ᠡ
ᠵᠠᠩ ᠺᠦᠶ
ᠥᠪᠥᠷ ᠮᠣᠩᠭᠤᠯ᠎ᠤᠨ ᠮᠦᠽᠧᠶ᠎ᠶ᠋ᠢᠨ ᠲᠠᠯ᠎ᠠ ᠨᠤᠲᠤᠭ᠎ᠤᠨ ᠬᠥᠱᠢᠶ᠎ᠠ ᠦᠵᠡᠭᠦᠯᠭᠡ᠎ᠶ᠋ᠢᠨ ᠲᠢᠩᠬᠢᠮ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠦᠢᠶᠤᠸᠠᠨ᠎ᠤ ᠠᠵᠢᠯ᠎ᠤᠨ ᠬᠤᠷᠢᠶ᠎ᠠ᠎ᠶ᠋ᠢᠨ ᠠᠯᠪᠠᠨ ᠠᠵᠢᠯ᠎ᠳᠤ ᠬᠡᠷᠡᠭ᠌ᠯᠡᠬᠦ᠌ ᠲᠡᠮᠦᠷ ᠲᠠᠮᠠᠭ᠎ᠠ᠎ᠶ᠋ᠢᠨ ᠬᠠᠢᠷᠴᠠᠭ ᠪᠤᠢ᠂ ᠡᠨᠡ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠥᠪᠥᠷ ᠮᠣᠩᠭᠤᠯ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠤᠳᠤᠷᠢᠳᠤᠨ᠂ ᠡᠷᠬᠡ ᠠᠱᠢᠭ ᠪᠠ ᠡᠷᠬᠡ ᠴᠢᠯᠥᠭᠡᠨ᠎ᠤ ᠲᠥᠯᠥᠭᠡ᠂ ᠠᠮᠢ ᠨᠠᠰᠤ ᠪᠠ ᠨᠡᠷ᠎ᠡ ᠬᠦᠨᠳᠦ᠎ᠶ᠋ᠢᠨ ᠲᠥᠯᠥᠭᠡ ᠪᠠᠢᠯᠳᠤᠬ᠍ᠰᠠᠨᠤ ᠭᠡᠷᠡᠴᠢ ᠪᠣᠯᠤᠨ᠎ᠠ᠃
ᠲᠠᠤᠭᠡ᠎ᠶ᠋ᠢᠨ ᠤᠯᠠ ᠮᠦᠷ᠎ᠨᠢ ᠥᠪᠥᠷ ᠮᠣᠩᠭᠤᠯ᠎ᠤᠨ ᠶᠠᠪᠤᠵᠤ ᠥᠩᠭᠡᠷᠡᠭ᠌ᠰᠡᠨ ᠬᠤᠪᠢᠰᠭᠠᠯ᠂ ᠪᠦᠳᠦᠭᠡᠨ ᠪᠠᠢᠭᠤᠯᠤᠯᠲᠠ ᠪᠣᠯᠤᠨ ᠥᠭᠡᠷᠡᠴᠢᠯᠡᠯᠲᠡ᠎ᠶ᠋ᠢᠨ ᠥᠩᠭᠡᠷᠡᠯᠲᠡ ᠪᠣᠯ ᠢᠮᠠᠭ᠍ᠲᠠ ᠨᠠᠮ᠎ᠤᠨ ᠤᠳᠤᠷᠢᠳᠤᠯᠭ᠎ᠠ ᠳᠣᠣᠷ᠎ᠠ ᠶᠠᠪᠤᠭ᠍ᠳᠠᠭ᠍ᠰᠠᠨ ᠶᠤᠮ ᠬᠡᠳᠡᠭ᠎ᠢ ᠲᠤᠳᠤᠷᠬᠠᠢ ᠢᠯᠡᠷᠭᠡᠢᠯᠡᠵᠦ᠍ ᠪᠤᠢ᠃
ᠶᠠᠫᠣᠨ᠎ᠢ ᠡᠰᠡᠷᠭᠦᠴᠡᠬᠦ᠌ ᠲᠠᠢᠨ᠎ᠤ ᠦᠶ᠎ᠠ᠎ᠳᠤ᠂ ᠨᠢᠭᠡ ᠪᠦᠯᠦᠭ ᠮᠣᠩᠭᠤᠯ ᠵᠠᠯᠠᠭᠤᠴᠤᠳ ᠶᠠᠨ ᠠᠨ᠎ᠢ ᠵᠤᠷᠢᠪᠠ᠃ ᠶᠠᠫᠣᠨ᠎ᠢ ᠡᠰᠡᠷᠭᠦᠴᠡᠬᠦ᠌ ᠲᠠᠢᠨ ᠢᠯᠠᠯᠲᠠ ᠣᠯᠤᠭ᠍ᠰᠠᠨ᠎ᠤ ᠲᠠᠷᠠᠭ᠎ᠠ᠂ ᠤᠯᠠᠭᠠᠨᠬᠦᠦ ᠵᠡᠷᠭᠡ ᠨᠥᠬᠦᠳ ᠶᠠᠨ ᠠᠨ᠎ᠠᠴᠠ ᠥᠪᠥᠷ ᠮᠣᠩᠭᠤᠯ᠎ᠳᠤ ᠪᠤᠴᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠬᠥᠳᠡᠯᠭᠡᠭᠡᠨ᠎ᠢ ᠤᠳᠤᠷᠢᠳᠭᠤ ᠠᠭᠤᠤ ᠶᠡᠭᠡ ᠲᠤᠭ᠎ᠢ ᠮᠠᠨᠳᠤᠭᠤᠯᠵᠦ᠍᠂ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ ᠨᠠᠮ᠎ᠢᠶᠠᠨ ᠰᠠᠯᠤᠯ ᠦᠭᠡᠢ ᠲᠠᠭᠠᠵᠤ᠂ ᠲᠠᠰᠤᠷᠠᠯᠳᠠ ᠦᠭᠡᠢ ᠢᠯᠠᠯᠲᠠ᠎ᠠᠴᠠ ᠱᠢᠨ᠎ᠡ ᠢᠯᠠᠯᠲᠠ ᠲᠡᠢᠰᠢ ᠤᠷᠤᠭ᠍ᠰᠢᠯᠠᠵᠠᠢ᠃
ᠥᠪᠡᠷᠲᠡᠭᠡᠨ ᠵᠠᠰᠠᠬᠤ ᠣᠷᠣᠨ ᠪᠠᠢᠭᠤᠯᠤᠭ᠍ᠳᠠᠭ᠍ᠰᠠᠨ᠎ᠤ ᠳᠠᠷᠠᠭ᠎ᠠ᠂ ᠨᠠᠮ᠎ᠤᠨ ᠲᠥᠪ ᠬᠤᠷᠢᠶᠠᠨ᠎ᠤ ᠤᠳᠤᠷᠢᠳᠤᠯᠭ᠎ᠠ ᠳᠣᠣᠷ᠎ᠠ ᠥᠪᠥᠷ ᠮᠣᠩᠭᠤᠯ ᠮᠠᠯᠵᠢᠬᠤ ᠣᠷᠣᠨ᠎ᠤ ᠠᠷᠠᠳᠴᠢᠯᠠᠭ᠍ᠰᠠᠨ ᠥᠭᠡᠷᠡᠴᠢᠯᠡᠯᠲᠡ ᠪᠣᠯᠤᠨ ᠬᠥᠳᠡᠭᠡ ᠲᠣᠰᠭᠤᠨ᠎ᠤ ᠭᠠᠵᠠᠷ ᠱᠢᠷᠣᠶ᠎ᠶ᠋ᠢᠨ ᠥᠭᠡᠷᠡᠴᠢᠯᠡᠯᠲᠡ᠎ᠶ᠋ᠢ ᠯᠠᠪᠳᠠᠭᠤᠨ ᠪᠥᠭᠡᠳ ᠡᠮᠬᠢ ᠵᠢᠷᠤᠮ᠎ᠲᠠᠢ᠎ᠪᠠᠷ ᠥᠷᠨᠢᠭᠦᠯᠵᠦ᠍᠂ ᠨᠡᠢᠭᠡᠮ ᠵᠢᠷᠤᠮ᠎ᠤᠨ ᠥᠭᠡᠷᠡᠴᠢᠯᠡᠯᠲᠡ᠎ᠶ᠋ᠢ ᠢᠳᠡᠪᠬᠢᠲᠡᠶ᠎ᠪᠠᠷ ᠶᠠᠪᠤᠬ᠍ᠳᠠᠭᠤᠯᠤᠨ᠂ ᠪᠦᠬᠦ᠌ ᠣᠷᠣᠨ᠎ᠤ ᠡᠯ᠎ᠡ ᠵᠦᠢᠯ᠎ᠤᠨ ᠪᠦᠲᠦᠭᠡᠨ ᠪᠠᠢᠭᠤᠯᠤᠯᠲᠠ᠎ᠶ᠋ᠢᠨ ᠦᠢᠯᠡᠰ ᠬᠥᠮᠦᠰ᠎ᠤᠨ ᠠᠩᠬᠠᠷᠤᠯ᠎ᠢ ᠲᠠᠲᠠᠭ᠍ᠰᠠᠨ ᠠᠮᠵᠢᠯᠲᠠ ᠣᠯᠪᠠ᠃
ᠥᠭᠡᠷᠡᠴᠢᠯᠡᠯᠲᠡ ᠨᠡᠭᠡᠭᠡᠯᠲᠡ ᠬᠢᠭ᠌ᠰᠡᠨ᠎ᠠᠴᠠ ᠨᠠᠭᠠᠰᠢ᠂ ᠨᠠᠮ᠎ᠤᠨ ᠲᠥᠪ ᠬᠤᠷᠢᠶᠠᠨ᠎ᠤ ᠵᠥᠪ ᠱᠤᠭᠤᠮ᠎ᠤᠨ ᠵᠢᠯᠣᠭᠤᠳᠤᠯᠭ᠎ᠠ ᠳᠣᠣᠷ᠎ᠠ᠂ ᠥᠪᠥᠷ ᠮᠣᠩᠭᠤᠯ ᠠᠯᠬᠤᠮ ᠠᠯᠬᠤᠮ᠎ᠢᠶᠠᠷ ᠴᠢᠨᠠᠷᠯᠢᠭ ᠪᠥᠭᠡᠳ ᠲᠦᠷᠭᠡᠨ ᠬᠥᠭ᠌ᠵᠢᠯᠲᠡ᠎ᠶ᠋ᠢᠨ ᠵᠠᠮ᠎ᠳᠤ ᠣᠷᠣᠵᠤ᠂ ᠠᠵᠤ ᠠᠬᠤᠶ ᠨᠡᠢᠭᠡᠮ ᠪᠣᠯᠤᠨ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠠᠮᠢᠳᠤᠷᠠᠯ᠎ᠳᠤ ᠴᠥᠮ ᠲᠩᠷᠢ ᠭᠠᠵᠠᠷ᠎ᠢ ᠳᠣᠩᠰᠣᠯᠭᠠᠮ᠎ᠠ ᠬᠤᠪᠢᠷᠠᠯᠲᠠ ᠭᠠᠷᠪᠠ᠃
ᠨᠠᠮ᠎ᠤᠨ ᠠᠷᠪᠠᠨ ᠨᠠᠶᠮᠠᠳᠤᠭᠠᠷ ᠶᠡᠭᠡ ᠬᠤᠷᠠᠯ᠎ᠠᠴᠠ ᠨᠠᠭᠠᠰᠢ᠂ ᠪᠥᠬᠦ᠌ ᠣᠷᠣᠨ᠎ᠤ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ ᠰᠢ᠎ᠶ᠋ᠢᠨ ᠫᠢᠩ ᠨᠥᠬᠦᠷ᠎ᠢᠶᠠᠷ ᠭᠤᠤᠯ ᠪᠣᠯᠭᠠᠭ᠍ᠰᠠᠨ ᠨᠠᠮ᠎ᠤᠨ ᠲᠥᠪ ᠬᠤᠷᠢᠶᠠᠨ᠎ᠤ ᠲᠣᠭᠤᠷᠢᠨ᠎ᠳᠤ ᠨᠢᠭ᠍ᠲᠠᠷᠠᠨ ᠪᠦᠯᠬᠦᠮᠳᠡᠵᠦ᠍᠂ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠠᠴᠢ ᠡᠨᠡᠷᠢᠯ᠎ᠳᠤ ᠲᠠᠯᠠᠷᠬᠠᠨ᠂ ᠡᠷᠡᠮᠡᠬᠡᠢᠯᠡᠨ ᠤᠷᠤᠭ᠍ᠰᠢᠯᠠᠵᠤ᠂ ᠡᠯ᠎ᠡ ᠵᠦᠢᠯ᠎ᠤᠨ ᠠᠵᠢᠯ ᠦᠢᠯᠡᠰ᠎ᠢ ᠲᠠᠰᠤᠷᠠᠯᠲᠠ ᠥᠬᠡᠶ ᠠᠬᠢᠭᠤᠯᠤᠨ᠂ ᠡᠬᠡ ᠤᠯᠤᠰ᠎ᠤᠨ ᠤᠮᠠᠷᠠᠲᠤ ᠬᠢᠯᠢ᠎ᠳᠤ ᠠᠵᠤ ᠠᠬᠤᠶ ᠬᠥᠭ᠌ᠵᠢᠭ᠌ᠰᠡᠨ᠂ ᠦᠨᠳᠦᠰᠦᠲᠡᠨ ᠪᠦᠯᠬᠦᠮᠳᠡᠭ᠌ᠰᠡᠨ᠂ ᠰᠣᠶᠣᠯ ᠴᠡᠴᠡᠭ᠌ᠯᠡᠨ ᠬᠥᠭ᠌ᠵᠢᠭ᠌ᠰᠡᠨ᠂ ᠬᠢᠯᠢ ᠬᠢᠵᠠᠭᠠᠷ ᠠᠮᠤᠷ ᠲᠣᠭ᠍ᠲᠠᠭᠤᠨ᠂ ᠠᠮᠢ ᠠᠬᠤᠶ ᠪᠣᠯᠪᠠᠰᠤᠨ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ ᠵᠣᠯ ᠵᠢᠷᠭᠠᠯ᠎ᠲᠠᠢ ᠠᠮᠢᠳᠤᠷᠠᠵᠤ ᠪᠠᠢᠭ᠎ᠠ ᠦᠵᠡᠰᠭᠦᠯᠡᠩᠲᠦ ᠰᠠᠢᠬᠠᠨ ᠦᠵᠡᠮᠵᠢ᠎ᠶ᠋ᠢ ᠪᠦᠷᠢᠯᠳᠦᠬᠦᠯᠪᠡ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ᠂ ᠦᠢᠯᠡᠳᠪᠦᠷᠢᠯᠡᠯ᠎ᠤᠨ ᠬᠦᠴᠦᠨ᠎ᠢ ᠴᠢᠯᠥᠭᠡᠯᠡᠨ ᠬᠥᠭ᠌ᠵᠢᠭᠦᠯᠵᠦ᠍᠂ ᠠᠵᠤ ᠠᠬᠤᠶ᠎ᠶ᠋ᠢᠨ ᠪᠦᠲᠦᠭᠡᠨ ᠪᠠᠢᠭᠤᠯᠤᠯᠲᠠ᠎ᠶ᠋ᠢ ᠲᠠᠰᠤᠷᠠᠯᠲᠠ ᠤᠢ᠍ᠭᠡᠢ ᠱᠢᠨ᠎ᠡ ᠳᠡᠭ᠌ᠲᠡᠷ᠎ᠲᠤ ᠭᠠᠷᠭᠠᠪᠠ᠃ 2020 ᠣᠨ᠎ᠳᠤ ᠪᠥᠬᠦ᠌ ᠣᠷᠣᠨ᠎ᠤ ᠠᠵᠤ ᠠᠬᠤᠶ᠎ᠶ᠋ᠢᠨ ᠶᠡᠷᠦᠩᠬᠡᠶ ᠬᠡᠮᠵᠢᠶ᠎ᠡ 1.736 ᠲᠦᠮᠡᠨ ᠳ᠋ᠦᠩᠱᠢᠭᠤᠷ ᠲᠥᠭᠦᠷᠢᠭ᠎ᠲᠤ ᠬᠦᠷᠴᠦ᠍᠂ ᠬᠥᠮᠦᠨ ᠳᠤᠮᠳᠠᠴᠢ᠎ᠶ᠋ᠢᠨ ᠦᠢᠯᠡᠳᠪᠦᠷᠢᠯᠡᠯ᠎ᠤᠨ ᠶᠡᠷᠦᠩᠬᠡᠶ ᠥᠷᠲᠡᠭ 1 ᠲᠦᠮᠡᠨ ᠳ᠋ᠣᠯᠯᠠᠷ᠎ᠢ ᠳᠠᠪᠠᠵᠤ᠂ ᠪᠥᠬᠦ᠌ ᠰᠠᠭᠤᠭᠠᠯᠢ ᠠᠷᠠᠳ᠎ᠤᠨ ᠬᠥᠮᠦᠨ ᠳᠤᠮᠳᠠᠴᠢ᠎ᠶ᠋ᠢᠨ ᠡᠵᠡᠮᠳᠡᠵᠦ᠍ ᠪᠣᠯᠬᠤ ᠣᠷᠣᠯᠭ᠎ᠠ 31497 ᠲᠥᠭᠦᠷᠢᠭ᠎ᠲᠤ ᠬᠦᠷᠴᠦ᠍᠂ ᠪᠠᠢᠩᠭᠤ ᠰᠠᠭᠤᠭ᠎ᠠ ᠬᠥᠮᠦᠨ ᠠᠮᠠ᠎ᠶ᠋ᠢᠨ ᠬᠤᠲᠠ ᠪᠠᠯᠭᠠᠰᠤᠵᠢᠯᠲᠠ᠎ᠶ᠋ᠢᠨ ᠨᠣᠷᠮ᠎ᠠ 64.1% ᠳᠤ ᠬᠦᠷᠴᠡᠶ᠃
ᠨᠠᠮ᠎ᠤᠨ ᠤᠳᠤᠷᠢᠳᠤᠯᠭ᠎ᠠ᠎ᠶ᠋ᠢ ᠢᠮᠠᠭ᠍ᠲᠠ ᠪᠠᠷᠢᠮᠲᠠᠯᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠵᠠᠮ᠎ᠢ ᠪᠠᠷᠢᠮᠲᠠᠯᠠᠵᠤ᠂ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠦᠵᠡᠯ ᠰᠠᠨᠠᠭᠠᠨ᠎ᠤ ᠰᠠᠭᠤᠷᠢ᠎ᠶ᠋ᠢ ᠪᠠᠲᠤ ᠴᠣᠭ᠍ᠴᠠᠯᠠᠬᠤ᠎ᠶ᠋ᠢ ᠪᠠᠷᠢᠮᠲᠠᠯᠠᠵᠤ᠂ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ᠎ᠤ ᠠᠭᠤᠤ ᠶᠡᠭᠡ ᠡᠬᠡ ᠤᠯᠤᠰ᠂ ᠳᠤᠮᠳᠠᠳᠤ᠎ᠶ᠋ᠢᠨ ᠦᠨᠳᠦᠰᠦᠲᠡᠨ᠂ ᠳᠤᠮᠳᠠᠳᠤ᠎ᠶ᠋ᠢᠨ ᠰᠣᠶᠣᠯ᠂ ᠳᠤᠮᠳᠠᠳᠤ ᠤᠯᠤᠰ᠎ᠤᠨ ᠡᠪ ᠬᠠᠮᠲᠤ ᠨᠠᠮ ᠪᠣᠯᠤᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠲᠤᠬᠠᠶ ᠬᠠᠮᠲᠤ᠎ᠶ᠋ᠢᠨ ᠲᠠᠨᠢᠯᠲᠠ᠎ᠶ᠋ᠢ ᠲᠠᠰᠤᠷᠠᠯᠲᠠ ᠥᠬᠡᠶ ᠨᠡᠮᠡᠭ᠌ᠳᠡᠬᠦᠯᠵᠦ᠍᠂ 《ᠭᠤᠷᠪᠠᠨ ᠰᠠᠯᠵᠤ ᠪᠣᠯᠤᠰᠢ ᠥᠬᠡᠶ》 ᠦᠵᠡᠯ ᠰᠠᠨᠠᠭ᠎ᠠ ᠬᠥᠮᠦᠰ᠎ᠤᠨ ᠰᠡᠳᠭᠢᠯ᠎ᠳᠤ ᠬᠠᠳᠠᠩᠱᠢᠵᠤ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ ᠨᠢᠭ᠍ᠲᠠᠷᠠᠨ ᠪᠦᠯᠬᠦᠮᠳᠡᠵᠦ᠍᠂ ᠡᠬᠡ ᠤᠯᠤᠰ᠎ᠤᠨ ᠬᠢᠯᠢ ᠬᠢᠵᠠᠭᠠᠷ᠎ᠢ ᠬᠠᠮᠲᠤ᠎ᠪᠠᠷ ᠰᠠᠬᠢᠨ ᠬᠠᠮᠠᠭᠠᠯᠠᠵᠤ᠂ ᠰᠠᠢᠨ ᠰᠠᠢᠬᠠᠨ ᠠᠮᠢᠳᠤᠷᠠᠯ᠎ᠢ ᠬᠠᠮᠲᠤ᠎ᠪᠠᠷ ᠴᠣᠭ᠍ᠴᠠᠯᠠᠪᠠ᠃
ᠪᠣᠬᠢᠷᠲᠤᠯ ᠥᠬᠡᠶ ᠬᠥᠭ᠌ᠵᠢᠯᠲᠡ᠎ᠶ᠋ᠢᠨ ᠤᠢ᠍ᠢᠯᠠᠭᠠᠭ᠍ᠳᠠᠬᠤᠨ᠎ᠢ ᠪᠠᠲᠤ ᠪᠠᠬᠢ ᠪᠣᠶ ᠪᠣᠯᠭᠠᠵᠤ᠂ ᠠᠮᠢ ᠠᠬᠤᠶ᠎ᠶ᠋ᠢᠨ ᠬᠤᠷᠢᠭ᠎ᠠ ᠱᠤᠭᠤᠮ᠎ᠢ ᠡᠷᠡᠰ ᠰᠠᠬᠢᠵᠤ᠂ ᠠᠮᠢ ᠠᠬᠤᠶ᠎ᠶ᠋ᠢᠨ ᠣᠷᠴᠢᠨ ᠲᠣᠭᠤᠷᠢᠨ᠎ᠤ ᠬᠠᠮᠠᠭᠠᠯᠠᠯᠲᠠ ᠪᠥᠲᠥᠭᠡᠨ ᠪᠠᠢᠭᠤᠯᠤᠯᠲᠠ ᠢᠯᠡᠳᠲᠡ ᠦᠷ᠎ᠡ ᠪᠦᠲᠦᠮᠵᠢ ᠣᠯᠵᠤ᠂ ᠣᠶ ᠱᠢᠭᠤᠶ᠎ᠶ᠋ᠢᠨ ᠪᠥᠲᠥᠭᠡᠨ ᠪᠠᠢᠭᠤᠯᠤᠯᠲᠠ᠂ ᠨᠤᠲᠤᠭ ᠪᠡᠯᠴᠢᠭᠡᠷ᠎ᠤᠨ ᠪᠥᠲᠥᠭᠡᠨ ᠪᠠᠢᠭᠤᠯᠤᠯᠲᠠ ᠪᠣᠯᠤᠨ ᠡᠯᠡᠰᠦᠷᠬᠡᠭ᠌ᠵᠢᠭ᠌ᠰᠡᠨ ᠭᠠᠵᠠᠷ ᠱᠢᠷᠣᠶ᠎ᠶ᠋ᠢᠨ ᠵᠠᠰᠠᠯᠲᠠ᠎ᠶ᠋ᠢᠨ ᠲᠠᠯᠠᠪᠠᠶ ᠪᠥᠬᠦ᠌ ᠤᠯᠤᠰ᠎ᠲᠤ ᠲᠡᠷᠢᠭᠦᠯᠡᠵᠦ᠍᠂ ᠣᠶ ᠱᠢᠭᠤᠶ᠎ᠶ᠋ᠢᠨ ᠪᠦᠷᠬᠦᠴᠡ ᠶ᠋ᠢᠨ ᠨᠣᠷᠮ᠎ᠠ ᠪᠣᠯᠤᠨ ᠨᠤᠲᠤᠭ ᠪᠡᠯᠴᠢᠭᠡᠷ᠎ᠤᠨ ᠤᠷᠭᠤᠮᠠᠯ᠎ᠤᠨ ᠬᠤᠴᠢᠯᠭ᠎ᠠ᠎ᠶ᠋ᠢᠨ ᠬᠡᠮᠵᠢᠶ᠎ᠡ 《ᠬᠤᠤᠰ ᠳᠡᠭᠡᠭ᠌ᠰᠢᠯᠡᠯᠲᠡ》 ᠶ᠋ᠢ ᠪᠡᠶᠡᠯᠡᠭᠦᠯᠵᠦ᠍᠂ ᠴᠦᠯᠯᠡᠷᠭᠡᠭ᠌ᠵᠢᠭ᠌ᠰᠡᠨ ᠪᠠ ᠡᠯᠡᠰᠦᠷᠬᠡᠭ᠌ᠵᠢᠭ᠌ᠰᠡᠨ ᠭᠠᠵᠠᠷ ᠱᠢᠷᠣᠶ᠎ᠶ᠋ᠢᠨ ᠲᠠᠯᠠᠪᠠᠶ 《ᠬᠤᠤᠰ ᠪᠠᠭᠤᠷᠠᠯᠲᠠ》 ᠶ᠋ᠢ ᠪᠡᠶᠡᠯᠡᠭᠦᠯᠵᠦ᠍᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠤ ᠬᠠᠯᠬᠠᠪᠴᠢ᠎ᠶ᠋ᠢ ᠤᠯᠠᠮ ᠪᠠᠬᠢᠵᠢᠬᠦᠯᠵᠡᠢ᠃
ᠠᠮᠤ ᠪᠤᠳᠠᠭ᠎ᠠ ᠪᠠ ᠮᠠᠯ ᠠᠵᠤ ᠠᠬᠤᠶ᠎ᠶ᠋ᠢᠨ ᠦᠢᠯᠡᠳᠪᠦᠷᠢᠯᠡᠯ ᠲᠣᠭ᠍ᠲᠠᠭᠤᠨ ᠪᠠᠢᠵᠤ᠂ ᠣᠨᠴᠠᠯᠢᠭ᠍ᠲᠤ ᠳᠠᠪᠠᠭᠤᠯᠢᠭ ᠠᠵᠤ ᠦᠢᠯᠡᠰ᠎ᠤᠨ ᠬᠥᠭ᠌ᠵᠢᠯᠲᠡ᠎ᠶ᠋ᠢᠨ ᠶᠠᠰᠤ ᠴᠢᠨᠠᠷ ᠲᠣᠭ᠍ᠲᠠᠭᠤᠨ᠎ᠢᠶᠠᠷ ᠳᠡᠭᠡᠭ᠌ᠰᠢᠯᠡᠪᠡ; ᠠᠵᠤ ᠦᠢᠯᠡᠰ᠎ᠤᠨ ᠪᠦᠲᠦᠴᠡ᠎ᠶ᠋ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠮᠢᠩᠭᠠᠨ ᠳ᠋ᠦᠩᠱᠢᠭᠤᠷ᠎ᠤᠨ ᠲᠠᠰ᠎ᠤᠨ 2᠂ ᠵᠠᠭᠤᠨ ᠳ᠋ᠦᠩᠱᠢᠭᠤᠷ᠎ᠤᠨ ᠲᠠᠰ᠎ᠤᠨ 9 ᠲᠠᠷᠢᠶᠠᠯᠠᠩ ᠮᠠᠯ ᠠᠵᠤ ᠠᠬᠤᠶ᠎ᠶ᠋ᠢᠨ ᠭᠤᠤᠯᠯᠠᠬᠤ ᠠᠵᠤ ᠦᠢᠯᠡᠰ᠎ᠢ ᠪᠣᠶ ᠪᠣᠯᠭᠠᠪᠠ; ᠲᠣᠭᠠᠴᠢᠯᠠᠭ᠍ᠰᠠᠨ ᠠᠵᠤ ᠠᠬᠤᠢ᠂ ᠬᠤᠷᠠᠯ ᠦᠵᠡᠰᠭᠦᠯᠡᠩ᠎ᠤᠨ ᠠᠵᠤ ᠠᠬᠤᠢ᠂ ᠠᠷᠠᠯᠵᠢᠶ᠎ᠠ ᠬᠤᠳᠠᠯᠳᠤᠭ᠎ᠠ ᠪᠠᠷᠠᠭᠠᠨ᠎ᠤ ᠭᠦᠢᠯᠭᠡᠭᠡ᠂ ᠤᠳᠤ ᠦᠶ᠎ᠡ᠎ᠶ᠋ᠢᠨ ᠮᠥᠩᠭᠦᠨ ᠭᠦᠢᠯᠭᠡᠭᠡᠨ ᠵᠡᠷᠭᠡ᠎ᠶ᠋ᠢ ᠲᠦᠷᠭᠡᠳᠭᠡᠨ ᠬᠥᠭ᠌ᠵᠢᠭᠦᠯᠪᠡ; ᠬᠤᠳᠠ ᠬᠥᠳᠡᠭᠡ᠎ᠶ᠋ᠢ ᠬᠠᠮᠤᠷᠤᠭ᠍ᠰᠠᠨ ᠨᠡᠢᠭᠡᠮ᠎ᠤᠨ ᠪᠠᠲᠤᠯᠠᠭ᠎ᠠ᠎ᠶ᠋ᠢᠨ ᠱᠢᠰᠲ᠋ᠧᠮ᠎ᠢ ᠦᠨᠳᠦᠰᠦᠨ᠎ᠳᠡᠭᠡᠨ ᠪᠠᠢᠭᠤᠯᠵᠤ᠂ ᠤᠯᠠᠨ ᠨᠡᠢᠲᠡ᠎ᠶ᠋ᠢᠨ ᠦᠢᠯᠡᠴᠢᠯᠡᠭᠡᠨ᠎ᠤ ᠱᠢᠰᠲ᠋ᠧᠮ᠎ᠢ ᠲᠠᠰᠤᠷᠠᠯᠳᠠ ᠦᠭᠡᠢ ᠲᠡᠭᠦᠯᠳᠡᠷᠵᠢᠭᠦᠯᠪᠠ;; ᠥᠭᠡᠷᠡᠴᠢᠯᠡᠯᠲᠡ ᠨᠡᠭᠡᠭᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠦᠨ᠂ ᠬᠠᠤᠯᠢ᠎ᠪᠠᠷ ᠣᠷᠣᠨ᠎ᠢᠶᠠᠨ ᠵᠠᠰᠠᠬᠤ᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠨᠡᠢᠭᠡᠮ᠎ᠢ ᠡᠶ᠎ᠡ ᠵᠣᠬᠢᠴᠠᠯ᠎ᠲᠠᠢ ᠪᠥᠭᠡᠳ ᠲᠣᠭ᠍ᠲᠠᠭᠤᠨ ᠪᠠᠢᠯᠭᠠᠪᠠ᠃
ᠬᠦᠬᠡᠷᠡᠨ ᠡᠩᠨᠡᠷᠡᠬᠦ᠌ ᠭᠡᠷ ᠪᠠᠢᠱᠢᠩ᠎ᠨᠢ ᠴᠡᠪᠡᠷ ᠲᠡᠭ᠌ᠰᠢ ᠱᠦᠢᠨᠢ ᠵᠠᠮ᠎ᠢᠶᠠᠷ ᠬᠤᠯᠪᠤᠯᠳᠤᠵᠤ ᠪᠠᠢᠳᠠᠭ᠃ ᠡᠨᠡ ᠪᠣᠯ ᠣᠨᠳᠣᠣ ᠭᠠᠵᠠᠷ ᠨᠡᠭᠦᠯᠭᠡᠨ ᠶᠠᠳᠠᠭᠤ᠎ᠶ᠋ᠢ ᠲᠡᠳᠬᠦᠭ᠌ᠰᠡᠨ᠎ᠤ ᠳᠠᠷᠠᠭᠠᠬᠢ ᠬᠢᠩᠭᠠᠨ ᠠᠢᠮᠠᠭ᠎ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠱᠢᠭᠤᠨ᠎ᠤ ᠪᠠᠶᠠᠨᠮᠠᠩᠬ᠎ᠠ ᠰᠤᠮᠤ᠎ᠶ᠋ᠢᠨ ᠬᠠᠲᠠᠪᠴᠢ ᠭᠠᠴᠠᠭᠠᠨ᠎ᠤ ᠡᠪᠡᠰᠦᠲᠦ ᠠᠢᠯ ᠪᠣᠯᠤᠨ᠎ᠠ᠃
《ᠭᠠᠴᠠᠭᠠᠨ᠎ᠤ ᠣᠷᠴᠢᠨ ᠲᠣᠭᠤᠷᠢᠨ ᠰᠠᠢᠵᠢᠷᠠᠭ᠍ᠰᠠᠨ᠎ᠢᠶᠠᠷ ᠪᠠᠷᠠᠬᠤ ᠦᠭᠡᠢ᠂ ᠮᠠᠨ᠎ᠤ ᠭᠡᠷ᠎ᠤᠨ ᠠᠮᠢᠳᠤᠷᠠᠯ ᠴᠤ᠌ ᠡᠳᠦᠷ᠎ᠠᠴᠠ ᠡᠳᠦᠷ ᠰᠠᠢᠵᠢᠷᠠᠵᠤ ᠪᠠᠢᠨ᠎ᠠ》 ᠬᠡᠵᠤ ᠶᠠᠳᠠᠭᠤ᠎ᠠᠴᠠ ᠠᠩᠭᠢᠵᠢᠷᠠᠭ᠍ᠰᠠᠨ ᠡᠷᠦᠬᠡ ᠡᠷᠳᠡᠨᠢᠰᠠᠩ ᠵᠣᠯ ᠵᠢᠷᠭᠠᠯ᠎ᠲᠠᠢ ᠶᠠᠷᠢᠨ᠎ᠠ᠃ ᠤᠳᠤ ᠲᠡᠷᠡ ᠬᠦᠰᠡᠨ ᠮᠥᠷᠥᠭᠡᠳᠦᠭ᠌ᠰᠡᠭᠡᠷ ᠢᠷᠡᠭ᠌ᠰᠡᠨ ᠱᠢᠨ᠎ᠡ ᠭᠡᠷ᠎ᠲᠡᠭᠡᠨ ᠣᠷᠣᠵᠤ᠂ ᠶᠠᠳᠠᠭᠤ᠎ᠶ᠋ᠢ ᠲᠡᠳᠬᠦᠬᠦ᠌ ᠪᠡᠯᠡ ᠮᠥᠩᠭᠦ᠎ᠪᠠᠷ ᠦᠬᠡᠷ ᠲᠡᠵᠢᠭᠡᠵᠦ᠍᠂ ᠪᠠᠰᠠ ᠤᠢ ᠱᠢᠭᠤᠢ᠎ᠶ᠋ᠢᠨ ᠬᠠᠮᠠᠭᠠᠯᠠᠭ᠍ᠴᠢ ᠪᠣᠯᠤᠭ᠍ᠰᠠᠨ ᠪᠠᠢᠨ᠎ᠠ᠃
ᠡᠷᠳᠡᠨᠢᠰᠠᠩ ᠱᠢᠭ᠋ ᠶᠠᠳᠠᠭᠤ᠎ᠠᠴᠠ ᠠᠩᠭᠢᠵᠢᠷᠠᠭ᠍ᠰᠠᠨ ᠬᠥᠮᠦᠰ ᠥᠪᠥᠷ ᠮᠣᠩᠭᠤᠯ᠎ᠳᠤ 157 ᠲᠦᠮᠡ ᠪᠤᠢ᠃ 57 ᠶᠠᠳᠠᠭᠤ ᠬᠦᠴᠢᠷᠳᠡᠯᠲᠡᠢ ᠬᠤᠱᠢᠭᠤ ᠱᠢᠶᠠᠨ᠂ 3681 ᠶᠠᠳᠠᠭᠤ ᠬᠦᠴᠢᠷᠳᠡᠯᠲᠡᠢ ᠭᠠᠴᠠᠭ᠎ᠠ ᠲᠣᠰᠭᠤᠨ᠎ᠢ ᠪᠦᠬᠦᠨ᠎ᠢ ᠶᠠᠳᠠᠭᠤ᠎ᠠᠴᠠ ᠠᠩᠭᠢᠵᠢᠷᠠᠭᠤᠯᠵᠤ᠂ ᠥᠪᠥᠷ ᠮᠣᠩᠭᠤᠯ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠠᠵᠢᠯ ᠲᠡᠦᠬᠡᠲᠦ ᠴᠢᠨᠠᠷᠲᠠᠢ ᠠᠮᠵᠢᠯᠲᠠ ᠣᠯᠵᠤ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ ᠱᠢᠨ᠎ᠡ ᠠᠶᠠᠨ᠎ᠳᠤ ᠠᠯᠬᠤᠨ ᠣᠷᠣᠪᠠ᠃
ᠨᠠᠮ᠎ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠨᠢᠭᠡᠳᠦᠭᠡᠷ ᠵᠠᠭᠤᠨ ᠵᠢᠯ᠎ᠤᠨ ᠲᠡᠮᠡᠴᠡᠬᠦ᠌ ᠬᠠᠷᠠᠯᠲᠠ ᠲᠡᠭᠦᠰ ᠠᠮᠵᠢᠯᠲᠠ᠎ᠲᠠᠢ ᠥᠨᠳᠥᠷᠯᠡᠵᠦ᠍᠂ ᠳᠤᠮᠳᠠᠳᠤ ᠤᠯᠤᠰ᠎ᠤᠨ ᠠᠷᠠᠳ ᠲᠦᠮᠡᠨ᠎ᠤ ᠮᠢᠩᠭᠠᠨ ᠵᠢᠯ᠎ᠤᠨ ᠬᠦᠰᠡᠯ ᠵᠡᠭᠦᠳᠦ ᠥᠪᠥᠷ ᠮᠣᠩᠭᠤᠯ᠎ᠳᠤ ᠨᠢᠭᠡᠨᠲᠡ 2400 ᠭᠠᠷᠤᠢ ᠲᠦᠮᠡᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠨᠢᠳᠤᠨ᠎ᠳᠤ ᠦᠵᠡᠭ᠌ᠳᠡᠵᠦ᠍ ᠭᠠᠷ᠎ᠲᠤ ᠪᠠᠷᠢᠭ᠍ᠳᠠᠮ᠎ᠠ ᠵᠣᠯ ᠵᠢᠷᠭᠠᠯᠲᠤ ᠠᠮᠢᠳᠤᠷᠠᠯ ᠪᠣᠯᠵᠠᠢ᠃
ᠲᠡᠦᠬᠡ᠎ᠶ᠋ᠢᠨ ᠱᠢᠨ᠎ᠡ ᠭᠠᠷᠤᠭ᠎ᠠ ᠳᠡᠭᠡᠷ᠎ᠡ᠂ ᠬᠤᠶᠠᠳᠤᠭᠠᠷ ᠵᠠᠭᠤᠨ ᠵᠢᠯ᠎ᠤᠨ ᠲᠡᠮᠡᠴᠡᠬᠦ᠌ ᠬᠠᠷᠠᠯᠲᠠ ᠲᠡᠢᠰᠢ ᠤᠷᠤᠭ᠍ᠰᠢᠯᠠᠬᠤ ᠪᠦᠷᠢᠶ᠎ᠡ᠎ᠶ᠋ᠢ ᠬᠠᠩᠭᠢᠨᠠᠭᠤᠯᠪᠠ᠃ ᠢᠷᠡᠭᠡᠳᠦᠢ᠎ᠳᠤ᠂ ᠥᠪᠥᠷ ᠮᠣᠩᠭᠤᠯ᠎ᠤᠨ ᠦᠨᠳᠦᠰᠦᠲᠡᠨ᠎ᠨᠦᠭᠦᠳ᠎ᠤᠨ ᠺᠠᠳ᠋ᠷ ᠤᠯᠠᠨ ᠲᠦᠮᠡᠨ᠎ᠤ ᠤᠬ ᠰᠠᠨᠠᠭ᠎ᠠ ᠪᠠᠲᠤ ᠪᠠᠬᠢ ᠶᠤᠮ᠄ ᠨᠠᠮ᠎ᠤᠨ ᠦᠨᠳᠦᠰᠦᠨ ᠤᠨᠤᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠤᠳᠤᠯᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠤᠨ ᠠᠵᠢᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ 《ᠲᠠᠪᠤ᠎ᠶ᠋ᠢ ᠨᠢᠭᠡ ᠴᠤᠬ᠍ᠴᠠᠵᠢᠭᠤᠯᠬᠤ》 ᠶᠡᠷᠦᠩᠬᠡᠢ ᠪᠠᠢᠷᠢᠱᠢᠭᠤᠯᠤᠯᠲᠠ᠎ᠶ᠋ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ 《ᠲᠦᠷᠪᠡᠨ ᠪᠦᠬᠦ᠌ ᠲᠠᠯ᠎ᠠ》 ᠶ᠋ᠢᠨ ᠪᠠᠢᠯᠳᠤᠬᠤ ᠪᠤᠳᠤᠯᠭ᠎ᠠ᠎ᠶ᠋ᠢᠨ ᠪᠠᠢᠷᠢᠱᠢᠭᠤᠯᠤᠯᠲᠠ᠎ᠶ᠋ᠢ ᠵᠣᠬᠢᠴᠠᠭᠤᠯᠤᠨ ᠠᠬᠢᠭᠤᠯᠵᠦ᠍᠂ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠯᠠᠪᠳᠠᠢ ᠡᠷᠡᠰ ᠭᠤᠢᠪᠢᠰᠢ ᠦᠭᠡᠢ ᠪᠠᠷᠢᠮᠲᠠᠯᠠᠨ᠎ᠠ᠃
ᠱᠢᠨ᠎ᠡ ᠴᠠᠭ ᠦᠶ᠎ᠡ ᠱᠢᠨ᠎ᠡ ᠠᠶᠠᠨ᠎ᠳᠤ᠂ ᠤᠮᠠᠷᠠᠲᠤ ᠬᠢᠯᠢ᠎ᠶ᠋ᠢᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠨᠠᠮ᠎ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠥᠪᠥᠷ ᠮᠣᠩᠭᠤᠯ᠎ᠤᠨ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌᠎ᠨᠢ ᠯᠠᠪᠲᠠᠢ᠃