ᠡᠨᠡ ᠵᠢᠯ᠎ᠤᠨ ᠳᠤᠮᠳᠠᠴᠢ ᠪᠣᠯᠲᠠᠯ᠎ᠠ᠂ ᠮᠠᠨ᠎ᠤ ᠤᠯᠤᠰ᠎ᠤᠨ ᠭᠠᠳᠠᠭᠠᠳᠤ ᠪᠡᠯᠡ᠂ ᠭᠠᠳᠠᠭᠠᠳᠤ ᠠᠷᠠᠯᠵᠢᠶ᠎ᠠ᠂ ᠬᠡᠷᠡᠭ᠌ᠯᠡᠭᠡᠨ᠎ᠤ ᠪᠠᠢᠳᠠᠯ ᠶᠠᠮᠠᠷ ᠵᠡᠷᠭᠡ ᠪᠣᠶ? ᠶᠠᠮᠠᠷᠱᠢᠦ ᠣᠨᠴᠠᠯᠢᠭ᠎ᠲᠠᠢ ᠪᠣᠶ? 22 ᠤᠨ ᠡᠳᠦᠷ ᠶᠠᠪᠤᠭ᠍ᠳᠠᠭ᠍ᠰᠠᠨ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠰᠣᠨᠢᠨ ᠮᠡᠳᠡᠭᠡᠨ᠎ᠤ ᠠᠯᠪᠠᠨ ᠬᠡᠷ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ ᠳᠡᠭᠡᠷ᠎ᠡ᠂ ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠬᠠᠮᠢᠶ᠎ᠠ ᠪᠥᠬᠦᠶ ᠬᠠᠷᠢᠭᠤᠴᠠᠯᠭᠠᠲᠠᠨ ᠨᠢᠭᠡᠳ ᠨᠢᠭᠡ᠎ᠪᠠᠷ ᠬᠠᠷᠢᠭᠤ ᠲᠤᠰᠭᠠᠪᠠ᠃
ᠭᠠᠳᠠᠭᠠᠳᠤ ᠪᠡᠯᠡ᠎ᠶ᠋ᠢᠨ ᠬᠡᠪᠴᠢᠶ᠎ᠡ ᠲᠡᠦᠬᠡ᠎ᠶ᠋ᠢᠨ ᠬᠠᠮᠤᠭ ᠦᠨᠳᠤᠷ ᠳᠦᠪᠱᠢᠨ᠎ᠢ ᠡᠭᠦᠳᠴᠦ᠍ ᠪᠦᠬᠦ᠌ ᠵᠢᠯ᠎ᠤᠨ ᠭᠠᠳᠠᠭᠠᠳᠤ ᠪᠡᠯᠡ᠎ᠶ᠋ᠢ ᠲᠣᠭ᠍ᠲᠠᠪᠤᠷᠢᠵᠢᠭᠤᠯᠬᠤ ᠬᠠᠷᠠᠯᠲᠠ᠎ᠶ᠋ᠢ ᠪᠡᠶᠡᠯᠡᠭᠦᠯᠬᠦ᠌᠎ᠳᠤ ᠪᠠᠳᠤ ᠪᠠᠬᠢ ᠰᠠᠭᠤᠷᠢ ᠲᠠᠯᠪᠢᠪᠠ
《ᠶᠡᠷᠦᠩᠬᠡᠶ᠎ᠳᠤᠨᠢ ᠠᠪᠴᠤ᠌ ᠦᠵᠡᠪᠡᠯ᠂ ᠳᠡᠭᠡᠷ᠎ᠡ ᠬᠠᠭᠠᠰ ᠵᠢᠯ᠎ᠳᠤ ᠬᠤᠳᠠᠯᠳᠤᠭᠠᠨ᠎ᠤ ᠶᠠᠪᠤᠳᠠᠯ᠎ᠤᠨ ᠠᠵᠢᠯᠯᠠᠭᠠᠨ ᠲᠦᠷᠭᠡᠨ ᠪᠥᠭᠡᠳ ᠲᠣᠭ᠍ᠲᠠᠭᠤᠨ᠂ ᠲᠣᠭ᠍ᠲᠠᠭᠤᠨ᠎ᠤ ᠳᠤᠮᠳᠠ ᠰᠠᠢᠵᠢᠷᠠᠯᠲᠠ᠎ᠲᠠᠢ ᠪᠣᠯᠵᠣ᠂ ᠬᠤᠳᠠᠯᠳᠤᠭᠠᠨ᠎ᠤ ᠶᠠᠪᠤᠳᠠᠯ᠎ᠤᠨ ᠴᠢᠨᠠᠷ ᠰᠠᠢᠲᠠᠶ ᠬᠥᠭ᠌ᠵᠢᠯᠲᠡ ᠱᠢᠨ᠎ᠡ ᠦᠷ᠎ᠡ ᠪᠦᠲᠦᠮᠵᠢ ᠣᠯᠵᠤ᠂ ᠤᠯᠤᠰ ᠠᠷᠠᠳ᠎ᠤᠨ ᠠᠵᠤ ᠠᠬᠤᠶ᠎ᠶ᠋ᠢᠨ ᠦᠷᠭᠦᠯᠵᠢᠯᠡᠨ ᠡᠷᠡᠭᠦᠯ᠎ᠢᠶᠠᠷ ᠬᠥᠭ᠌ᠵᠢᠬᠦ᠌᠎ᠳᠤ ᠱᠢᠨ᠎ᠡ ᠬᠤᠪᠢ ᠨᠡᠮᠡᠷᠢ ᠦᠵᠡᠭᠦᠯᠪᠡ》 ᠬᠡᠵᠥ᠍ ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠶᠡᠷᠦᠩᠬᠡᠢᠯᠡᠭ᠌ᠰᠡᠨ ᠵᠤᠷᠭᠠᠨ᠎ᠤ ᠳᠠᠷᠤᠭ᠎ᠠ ᠭᠦᠸᠧ ᠲᠢᠩ ᠲᠢᠩ ᠬᠡᠯᠡᠪᠡ᠃
ᠭᠠᠳᠠᠭᠠᠳᠤ ᠪᠠᠯᠠ᠎ᠶ᠋ᠢᠨ ᠲᠠᠯ᠎ᠠ᠎ᠪᠠᠷ᠂ ᠲᠤᠭ᠎ᠠ ᠪᠠᠷᠢᠮᠲᠠ᠎ᠳᠤ ᠢᠯᠡᠷᠡᠭᠦᠯᠦᠭ᠌ᠰᠡᠨ᠎ᠢᠶᠠᠷ᠂ ᠳᠡᠭᠡᠷ᠎ᠡ ᠬᠠᠭᠠᠰ ᠵᠢᠯ᠎ᠳᠤ ᠪᠥᠬᠦ᠌ ᠤᠯᠤᠰ᠎ᠤᠨ ᠪᠣᠳᠠᠲᠠᠶ ᠬᠡᠷᠡᠭ᠌ᠯᠡᠭ᠌ᠰᠡᠨ ᠭᠠᠳᠠᠭᠠᠳᠤ ᠪᠠᠯᠠ 6078.4 ᠳ᠋ᠦᠩᠱᠢᠭᠤᠷ ᠲᠥᠭᠦᠷᠢᠭ᠎ᠲᠤ ᠬᠦᠷᠴᠦ᠍᠂ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠠᠴᠠ 28.7% ᠪᠠᠷ ᠨᠡᠮᠡᠭ᠌ᠳᠡᠪᠡ; ᠳ᠋ᠣᠯᠯᠠᠷ᠎ᠢᠶᠠᠷ ᠪᠤᠳᠤᠪᠠᠯ 909.6 ᠳ᠋ᠦᠩᠱᠢᠭᠤᠷ ᠲᠥᠭᠦᠷᠢᠭ᠎ᠲᠤ ᠬᠦᠷᠴᠦ᠍᠂ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠠᠴᠠ 33.9% ᠪᠠᠷ ᠨᠡᠮᠡᠭ᠌ᠳᠡᠪᠡ᠃
《ᠠᠷᠠᠳ᠎ᠤᠨ ᠵᠣᠭᠤᠰ᠎ᠢᠶᠠᠷ ᠪᠤᠳᠤᠭ᠍ᠰᠠᠨ ᠴᠤ᠌ ᠲᠡᠷᠡ᠂ ᠳ᠋ᠣᠯᠯᠠᠷ᠎ᠢᠶᠠᠷ ᠪᠤᠳᠤᠭ᠍ᠰᠠᠨ ᠴᠤ᠌ ᠲᠡᠷᠡ᠂ ᠳᠡᠬᠡᠷ᠎ᠡ ᠬᠠᠭᠠᠰ ᠵᠢᠯ᠎ᠳᠤ ᠪᠣᠳᠠᠲᠠᠶ ᠬᠡᠷᠡᠭ᠌ᠯᠡᠭ᠌ᠰᠡᠨ ᠭᠠᠳᠠᠭᠠᠳᠤ ᠪᠠᠯᠠ᠎ᠶ᠋ᠢᠨ ᠨᠡᠮᠡᠭ᠌ᠳᠡᠯ᠎ᠤᠨ ᠬᠤᠷᠳᠤᠴᠠ᠎ᠨᠢ ᠴᠥᠮ ᠣᠢᠷ᠎ᠠ᠎ᠶ᠋ᠢᠨ 10 ᠵᠢᠯ᠎ᠠᠴᠠ ᠨᠠᠭᠠᠱᠢᠬᠢ ᠠᠳᠠᠯᠢ ᠬᠤᠭᠤᠴᠠᠭᠠᠨ᠎ᠤ᠎ᠬᠢ ᠬᠠᠮᠤᠭ᠎ᠤᠨ ᠥᠨᠳᠥᠷ ᠪᠠᠢᠵᠤ᠂ ᠬᠡᠪᠴᠢᠶ᠎ᠡ᠎ᠨᠢ ᠲᠡᠦᠬᠡ᠎ᠶ᠋ᠢᠨ ᠠᠳᠠᠯᠢ ᠬᠤᠭᠤᠴᠠᠭᠠᠨ᠎ᠤ᠎ᠬᠢ ᠬᠠᠮᠤᠭ᠎ᠤᠨ ᠥᠨᠳᠥᠷ᠎ᠢ ᠡᠬᠦᠳᠴᠡᠢ》 ᠭᠡᠵᠥ᠍ ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠭᠠᠳᠠᠭᠠᠳᠤ ᠤᠯᠤᠰ᠎ᠤᠨ ᠪᠡᠯᠡ ᠣᠷᠣᠭᠤᠯᠤᠯᠲᠠ᠎ᠶ᠋ᠢᠨ ᠬᠠᠮᠢᠶᠠᠷᠤᠯᠲᠠ᠎ᠶ᠋ᠢᠨ ᠵᠤᠷᠭᠠᠨ᠎ᠤ ᠳᠠᠷᠤᠭ᠎ᠠ ᠽᠦᠩ ᠴᠠᠩ ᠴᠢᠩ ᠬᠡᠯᠡᠪᠡ᠃
ᠲᠡᠭᠡᠷ᠎ᠡ ᠬᠠᠭᠠᠰ ᠵᠢᠯ᠎ᠳᠤ᠂ ᠳᠡᠭᠡᠳᠦ ᠱᠢᠨ᠎ᠡ ᠮᠡᠷᠭᠡᠵᠢᠯ᠎ᠤᠨ ᠠᠵᠤ ᠦᠢᠯᠡᠰ᠎ᠤᠨ ᠪᠣᠳᠠᠲᠠᠶ ᠬᠡᠷᠡᠭ᠌ᠯᠡᠭ᠌ᠰᠡᠨ ᠭᠠᠳᠠᠭᠠᠳᠤ ᠪᠠᠯᠠ 1924 ᠳ᠋ᠦᠩᠱᠢᠭᠤᠷ ᠲᠥᠭᠦᠷᠢᠭ᠎ᠲᠤ ᠬᠦᠷᠴᠦ᠍᠂ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠠᠴᠠ 39.4% ᠪᠠᠷ ᠨᠡᠮᠡᠭ᠌ᠳᠡᠪᠡ; ᠪᠥᠬᠦ᠌ ᠤᠯᠤᠰ᠎ᠤᠨ ᠱᠢᠨ᠎ᠡ᠎ᠪᠠᠷ ᠪᠠᠢᠭᠤᠯᠤᠭ᠍ᠰᠠᠨ ᠭᠠᠳᠠᠭᠠᠳᠤ ᠪᠠᠯᠠ᠎ᠶ᠋ᠢᠨ ᠠᠵᠤ ᠠᠬᠤᠢᠯᠠᠯ 2.3 ᠲᠦᠮᠡ᠎ᠶ᠋ᠢ ᠳᠠᠪᠠᠵᠤ᠂ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠠᠴᠠ 47.9% ᠪᠠᠷ ᠨᠡᠮᠡᠭ᠌ᠳᠡᠪᠡ; 21 ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠪᠣᠳᠠᠲᠠᠢ ᠬᠡᠷᠡᠭ᠌ᠯᠡᠭ᠌ᠰᠡᠨ ᠭᠠᠳᠠᠭᠠᠳᠤ ᠪᠡᠯᠡ 1008.8 ᠳ᠋ᠦᠩᠱᠢᠭᠤᠷ ᠲᠥᠭᠦᠷᠢᠭ᠎ᠲᠤ ᠬᠦᠷᠴᠦ᠍᠂ ᠪᠦᠬᠦ᠌ ᠤᠯᠤᠰ᠎ᠤᠨ ᠮᠢᠩᠭᠠᠨᠤ ᠳᠦᠷᠪᠡ᠎ᠳᠤ ᠬᠦᠷᠬᠦ᠌ ᠦᠭᠡᠢ ᠤᠯᠤᠰ᠎ᠤᠨ ᠨᠤᠲᠤᠭ ᠳᠡᠪᠢᠰᠭᠡᠷ᠎ᠤᠨ ᠲᠠᠯᠠᠪᠠᠢ᠎ᠪᠠᠷ ᠪᠦᠬᠦ᠌ ᠤᠯᠤᠰ᠎ᠤᠨ 17% ᠱᠢᠬᠠᠮ᠎ᠤᠨ ᠭᠠᠳᠠᠭᠠᠳᠤ ᠪᠡᠯᠡ᠎ᠶ᠋ᠢ ᠤᠷᠤᠭᠤᠯᠤᠨ ᠠᠪᠴᠢᠷᠠᠪᠠ ᠁ ᠨᠢᠭᠡ ᠪᠦᠯᠦᠭ ᠲᠤᠭ᠎ᠠ ᠪᠠᠷᠢᠮᠳᠠ ᠮᠠᠨ᠎ᠤ ᠤᠯᠤᠰ᠎ᠤᠨ ᠭᠠᠳᠠᠭᠠᠳᠤ ᠪᠡᠯᠡ᠎ᠶ᠋ᠢ ᠤᠷᠤᠭᠤᠯᠤᠨ ᠠᠪᠴᠢᠷᠠᠬᠤ ᠪᠦᠳᠦᠴᠠ ᠨᠡᠩ ᠱᠢᠯᠢᠳᠡᠭ᠂ ᠬᠦᠳᠡᠯᠭᠡᠬᠦ᠌ ᠬᠦᠴᠤᠨ ᠨᠡᠩ ᠬᠦᠢᠴᠡᠳ ᠭᠡᠳᠡᠭ᠎ᠢ ᠬᠦᠢᠴᠡᠳ ᠢᠯᠡᠷᠡᠬᠦᠯᠪᠠ᠃
《ᠳᠡᠭᠡᠷ᠎ᠡ ᠬᠠᠭᠠᠰ ᠵᠢᠯ᠎ᠳᠤ ᠮᠠᠨ᠎ᠤ ᠤᠯᠤᠰ ᠭᠠᠳᠠᠭᠠᠳᠤ ᠪᠠᠯᠠ᠎ᠶ᠋ᠢ ᠣᠷᠣᠭᠤᠯᠤᠨ ᠠᠪᠴᠢᠷᠠᠬᠤ ᠲᠠᠯ᠎ᠠ᠎ᠪᠠᠷ ᠲᠦᠷᠭᠡᠨ ᠨᠡᠮᠡᠭ᠌ᠳᠡᠵᠦ᠍᠂ ᠵᠢᠱ᠌ᠢᠯᠲᠡ᠎ᠠᠴᠠ ᠢᠯᠡᠳᠲᠡ ᠰᠠᠢᠨ ᠪᠣᠯᠵᠣ᠂ ᠪᠥᠬᠦ᠌ ᠵᠢᠯ᠎ᠤᠨ ᠭᠠᠳᠠᠭᠠᠳᠤ ᠪᠠᠯᠠ᠎ᠶ᠋ᠢ ᠲᠣᠭ᠍ᠲᠠᠪᠤᠷᠢᠵᠢᠭᠤᠯᠬᠤ ᠬᠠᠷᠠᠯᠲᠠ᠎ᠶ᠋ᠢ ᠪᠡᠶᠡᠯᠡᠭᠦᠯᠬᠦ᠌᠎ᠳᠤ ᠪᠠᠲᠤ ᠪᠠᠬᠢ ᠰᠠᠭᠤᠷᠢ ᠲᠠᠯᠪᠢᠵᠠᠢ》 ᠭᠡᠵᠦ᠍ ᠽᠦᠩ ᠴᠠᠩ ᠴᠢᠩ ᠢᠯᠡᠳᠭᠡᠪᠡ᠃
ᠭᠠᠳᠠᠭᠠᠳᠤ ᠠᠷᠠᠯᠵᠢᠶ᠎ᠠ ᠲᠦᠷᠭᠡᠨ ᠨᠡᠮᠡᠭ᠌ᠳᠡᠭ᠌ᠰᠡᠨ ᠪᠣᠯᠪᠠᠴᠤ᠌ ᠥᠷᠢᠰᠥᠯᠳᠦᠭᠡᠨ ᠮᠥᠨ ᠯᠡ ᠣᠷᠣᠱᠢᠭ᠍ᠰᠠᠭᠠᠷ ᠲᠤᠯᠠ ᠠᠷᠠᠯᠵᠢᠶᠠᠨ᠎ᠤ ᠲᠦᠷᠦ᠎ᠶ᠋ᠢᠨ ᠪᠤᠳᠤᠯᠭ᠎ᠠ᠎ᠶ᠋ᠢ ᠴᠢᠨᠠᠭ᠍ᠰᠢᠳᠠ ᠲᠡᠭᠦᠯᠳᠡᠷᠵᠢᠬᠦᠯᠥᠨᠠ
ᠪᠠᠷᠠᠭᠠᠨ᠎ᠤ ᠣᠷᠣᠭᠤᠯᠤᠯᠲᠠ ᠭᠠᠷᠭᠠᠯᠲᠠ᠎ᠶ᠋ᠢᠨ ᠶᠡᠷᠦᠩᠬᠡᠢ ᠬᠡᠮᠵᠢᠶ᠎ᠡ 18 ᠲᠦᠮᠡᠨ ᠳ᠋ᠦᠩᠱᠢᠭᠤᠷ ᠲᠥᠭᠦᠷᠢᠭ᠎ᠢ ᠳᠠᠪᠠᠵᠤ᠂ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠠᠴᠠ 27.1% ᠪᠠᠷ ᠨᠡᠮᠡᠭ᠌ᠳᠡᠪᠡ — ᠳᠡᠭᠡᠷ᠎ᠡ ᠬᠠᠭᠠᠰ ᠵᠢᠯ᠎ᠳᠤ᠂ ᠮᠠᠨ᠎ᠤ ᠤᠯᠤᠰ᠎ᠤᠨ ᠭᠠᠳᠠᠭᠠᠳᠤ ᠠᠷᠠᠯᠵᠢᠶᠠᠨ᠎ᠤ ᠬᠥᠭ᠌ᠵᠢᠯᠲᠡ ᠬᠢᠯᠠᠯᠵᠠᠮᠡ 《ᠬᠢᠷᠢ ᠪᠦᠲᠦᠮᠵᠢ᠎ᠶ᠋ᠢᠨ ᠬᠠᠭᠤᠳᠠᠰᠤ》 ᠶ᠋ᠢ ᠲᠤᠱᠢᠶᠠᠵᠠᠢ᠃
ᠭᠦᠸᠧ ᠲᠢᠩ ᠲᠢᠩ᠂ ᠡᠨᠡ ᠵᠢᠯ᠎ᠠᠴᠠ ᠨᠠᠭᠠᠰᠢ᠂ ᠮᠠᠨ᠎ᠤ ᠤᠯᠤᠰ᠎ᠤᠨ ᠭᠠᠳᠠᠭᠠᠳᠤ ᠠᠷᠠᠯᠵᠢᠶᠠᠨ᠎ᠤ ᠵᠠᠬ᠎ᠠ ᠳᠡᠯᠭᠡᠭᠦᠷ᠎ᠤᠨ ᠭᠤᠣᠯ ᠴᠣᠭ᠍ᠴᠠ᠎ᠶ᠋ᠢᠨ ᠠᠮᠢᠵᠢᠷᠠᠯ᠎ᠤᠨ ᠬᠦᠴᠦᠨ ᠢᠯᠡᠳᠲᠡ ᠴᠢᠩᠭᠠᠷᠠᠵᠤ᠂ ᠱᠢᠨ᠎ᠡ ᠡᠵᠡᠩᠨᠡᠯᠲᠡ᠎ᠶ᠋ᠢᠨ ᠬᠡᠯᠪᠡᠷᠢ ᠱᠢᠨ᠎ᠡ ᠵᠠᠭ᠍ᠪᠤᠷ᠎ᠢ ᠲᠦᠷᠭᠡᠨ ᠪᠤᠢᠵᠢᠭᠤᠯᠵᠤ᠂ ᠭᠤᠣᠯ ᠪᠣᠯᠬᠤ ᠠᠷᠠᠯᠵᠢᠶᠠᠨ᠎ᠤ ᠬᠠᠨᠢᠲᠠᠨ ᠨᠡᠯᠢᠶᠡᠳ ᠲᠦᠷᠭᠡᠨ ᠨᠡᠮᠡᠭ᠌ᠳᠡᠵᠦ᠍᠂ ᠲᠠᠸᠠᠷ᠎ᠤᠨ ᠪᠦᠲᠦᠴᠡ ᠨᠡᠩ ᠱᠢᠯᠢᠳᠡᠭ᠌ᠵᠢᠵᠦ᠍᠂ ᠦᠢᠯᠡᠴᠢᠯᠡᠭᠡᠨ᠎ᠤ ᠠᠷᠠᠯᠵᠢᠶ᠎ᠡ ᠱᠢᠨ᠎ᠡ᠎ᠶ᠋ᠢ ᠡᠭᠦᠳᠦᠨ ᠬᠥᠭ᠌ᠵᠢᠪᠡ᠃
ᠬᠤᠢᠱᠢᠳᠠ᠎ᠶ᠋ᠢᠨ ᠭᠠᠳᠠᠭᠠᠳᠤ ᠠᠷᠠᠯᠵᠢᠶᠠᠨ᠎ᠤ ᠬᠠᠨᠳᠤᠰᠢ᠎ᠶ᠋ᠢ ᠪᠠᠷᠠᠯᠠᠬᠤᠶ᠎ᠠ᠂ ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠭᠠᠳᠠᠭᠠᠳᠤ ᠠᠷᠠᠯᠵᠢᠶᠠᠨ᠎ᠤ ᠵᠤᠷᠭᠠᠨ᠎ᠤ ᠳᠠᠷᠤᠭ᠎ᠠ ᠯᠢ ᠱᠢᠩ ᠴᠢᠶᠠᠨ᠂ ᠣᠢᠷ᠎ᠠ᠎ᠶ᠋ᠢᠨ ᠬᠤᠭᠤᠴᠠᠭᠠᠨ᠎ᠤ ᠬᠢᠨᠠᠨ ᠬᠡᠮᠵᠢᠭ᠌ᠰᠡᠨ ᠪᠠᠢᠳᠠᠯ᠎ᠠᠴᠠ ᠦᠵᠡᠪᠡᠯ᠂ ᠪᠠᠷᠤᠭ 40% ᠶ᠋ᠢᠨ ᠭᠠᠳᠠᠭᠠᠳᠤ ᠠᠷᠠᠯᠵᠢᠶᠠᠨ᠎ᠤ ᠠᠵᠤ ᠠᠬᠤᠢᠯᠠᠯ᠎ᠤᠨ ᠱᠢᠨ᠎ᠡ᠎ᠪᠠᠷ ᠲᠣᠭ᠍ᠲᠠᠭ᠍ᠰᠠᠨ ᠭᠠᠳᠠᠭᠠᠳᠤ ᠭᠠᠷᠭᠠᠯᠲᠠ᠎ᠶ᠋ᠢᠨ ᠵᠠᠬᠢᠶᠠᠯᠠᠭ᠎ᠠ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠠᠴᠠ ᠨᠡᠮᠡᠭ᠌ᠳᠡᠵᠦ᠍᠂ ᠵᠢᠱ᠌ᠢᠯᠲᠡ᠎ᠪᠠᠷ ᠭᠠᠳᠠᠭᠠᠳᠤ ᠬᠡᠷᠡᠭ᠌ᠴᠡᠭᠡ ᠰᠠᠢᠵᠢᠷᠠᠵᠤ᠂ ᠤᠯᠤᠰ᠎ᠤᠨ ᠳᠣᠲᠣᠭᠠᠳᠤ᠎ᠶ᠋ᠢᠨ ᠠᠵᠤ ᠠᠬᠤᠶ ᠲᠣᠭ᠍ᠲᠠᠭᠤᠨ᠎ᠤ ᠳᠤᠮᠳᠠ ᠰᠠᠢᠵᠢᠷᠠᠬᠤ ᠬᠠᠨᠳᠤᠰᠢ᠎ᠲᠠᠢ ᠪᠣᠯᠵᠣ ᠮᠠᠨ᠎ᠤ ᠤᠯᠤᠰ᠎ᠤᠨ ᠭᠠᠳᠠᠭᠠᠳᠤ ᠠᠷᠠᠯᠵᠢᠶᠠᠨ᠎ᠤ ᠬᠥᠭ᠌ᠵᠢᠯᠲᠡ᠎ᠶ᠋ᠢ ᠦᠷᠭᠦᠯᠵᠢᠯᠡᠨ ᠲᠤᠯᠭᠠᠭᠤᠷᠢᠯᠠᠬᠤ ᠪᠣᠯᠤᠨ᠎ᠠ ᠭᠡᠵᠤ ᠢᠯᠡᠳᠭᠡᠪᠡ᠃
《ᠭᠡᠪᠡᠴᠦ᠍᠂ ᠨᠢᠳᠤᠨᠤᠨ᠎ᠤ ᠠᠳᠠᠯᠢ ᠬᠤᠭᠤᠴᠠᠭᠠᠨ᠎ᠤ ᠰᠠᠭᠤᠷᠢ ᠲᠤᠭ᠎ᠠ ᠠᠯᠬᠤᠮ ᠠᠯᠬᠤᠮ᠎ᠢᠶᠠᠷ ᠳᠡᠭᠡᠭ᠌ᠰᠢᠯᠡᠬᠦ᠌᠎ᠶ᠋ᠢ ᠳᠠᠭᠠᠯᠳᠤᠨ᠂ ᠳᠤᠤᠷ᠎ᠠ ᠬᠠᠭᠠᠰ ᠵᠢᠯ᠎ᠳᠤ ᠭᠠᠳᠠᠭᠠᠳᠤ ᠠᠷᠠᠯᠵᠢᠶᠠᠨ᠎ᠤ ᠨᠡᠮᠡᠭ᠌ᠳᠡᠯ᠎ᠤᠨ ᠬᠤᠷᠳᠤᠴᠠ ᠵᠣᠬᠢᠬᠤ ᠬᠡᠮᠵᠢᠶ᠎ᠡ᠎ᠪᠠᠷ ᠪᠠᠭᠤᠷᠠᠵᠤ᠂ ᠭᠠᠳᠠᠭᠠᠳᠤ ᠠᠷᠠᠯᠵᠢᠶᠠᠨ᠎ᠤ ᠬᠥᠭ᠌ᠵᠢᠯᠲᠡ᠎ᠳᠤ ᠮᠥᠨ ᠬᠦ᠌ ᠮᠠᠰᠢ ᠣᠯᠠᠨ ᠲᠣᠭ᠍ᠲᠠᠪᠤᠷᠢ ᠥᠬᠡᠶ᠂ ᠲᠣᠭ᠍ᠲᠠᠭᠤᠨ ᠪᠤᠰᠤ ᠬᠦᠴᠦᠨ ᠵᠦᠢᠯ ᠲᠤᠯᠭᠠᠷᠠᠵᠤ ᠪᠠᠢᠨ᠎ᠠ》᠃ ᠲᠡᠷᠡ᠂ ᠲᠦᠭᠦᠬᠡᠶ ᠮᠠᠲ᠋ᠧᠷᠢᠶᠠᠯ᠎ᠤᠨ ᠦᠨ᠎ᠡ ᠬᠠᠩᠰᠢ ᠥᠨᠳᠥᠷ᠂ ᠲᠡᠯᠡᠶ᠎ᠶ᠋ᠢᠨ ᠲᠡᠭᠡᠭᠡᠪᠦᠷᠢ᠎ᠶ᠋ᠢᠨ ᠪᠠᠷᠠᠭᠠᠨ᠎ᠤ ᠭᠦᠢᠯᠭᠡᠭᠡ ᠰᠠᠭᠠᠳ᠎ᠲᠠᠢ ᠪᠠᠢᠬᠤ ᠵᠡᠷᠭᠡ ᠠᠰᠠᠭᠤᠳᠠᠯ᠎ᠨᠢ ᠭᠠᠳᠠᠭᠠᠳᠤ ᠠᠷᠠᠯᠵᠢᠶᠠᠨ᠎ᠤ ᠠᠵᠤ ᠠᠬᠤᠢᠯᠠᠯ᠎ᠤᠨ ᠠᠱᠢᠭ ᠬᠤᠨᠵᠢᠪᠣᠷᠢ᠎ᠶ᠋ᠢᠨ ᠣᠷᠣᠨ ᠵᠠᠶ᠎ᠶ᠋ᠢ ᠤᠯᠠᠮ ᠨᠢᠭᠡ ᠠᠯᠬᠤᠮ ᠪᠠᠭᠠᠰᠭᠠᠵᠤ ᠪᠠᠢᠬᠤ ᠪᠥᠭᠡᠳ ᠠᠵᠤ ᠠᠬᠤᠢᠯᠠᠯ᠎ᠤᠨ ᠵᠠᠬᠢᠶᠠᠯᠠᠭ᠎ᠠ᠎ᠶ᠋ᠢ ᠭᠥᠯᠢᠶᠡᠨ ᠠᠪᠬᠤ ᠬᠦᠰᠡᠯ ᠰᠠᠨᠠᠭ᠎ᠠ᠎ᠶ᠋ᠢ ᠴᠤ᠌ ᠨᠥᠯᠥᠭᠡᠯᠡᠵᠦ᠍ ᠪᠠᠢᠨ᠎ᠠ ᠬᠡᠵᠤ ᠢᠯᠡᠳᠭᠡᠪᠡ᠃
《ᠣᠳᠣᠬᠠᠨ᠎ᠳᠤ᠂ ᠪᠢᠳᠡ ᠶᠠᠭ ᠭᠠᠳᠠᠭᠠᠳᠤ ᠠᠷᠠᠯᠵᠢᠶᠠᠨ᠎ᠤ ᠪᠠᠢᠳᠠᠯ᠎ᠤᠨ ᠬᠤᠪᠢᠷᠠᠯᠲᠠ᠎ᠶ᠋ᠢ ᠨᠢᠭ᠍ᠲᠠ ᠮᠥᠷᠳᠡᠵᠦ᠍ ᠪᠠᠢᠨ᠎ᠠ᠂ ᠳᠤᠤᠷ᠎ᠠ ᠬᠠᠭᠠᠰ ᠵᠢᠯ᠎ᠳᠤ ᠭᠤᠤᠯᠳᠠᠭᠤ ᠠᠵᠤ ᠠᠬᠤᠢᠯᠠᠯ᠎ᠳᠤ ᠲᠤᠯᠭᠠᠷᠠᠵᠤ ᠪᠠᠢᠭ᠎ᠠ ᠲᠣᠪᠤᠢᠮ᠎ᠠ ᠬᠦᠴᠢᠷᠳᠡᠯ ᠪᠠ ᠠᠰᠠᠭᠤᠳᠠᠯ᠎ᠲᠠᠢ ᠤᠶᠠᠯᠳᠤᠭᠤᠯᠤᠨ᠂ ᠬᠤᠯᠪᠣᠭ᠍ᠳᠠᠯ ᠪᠥᠬᠦᠶ ᠰᠠᠯᠠᠭ᠎ᠠ ᠮᠥᠴᠢᠷ ᠪᠠ ᠣᠷᠣᠨ ᠨᠤᠲᠤᠭ᠎ᠲᠠᠢ ᠬᠠᠮᠲᠤᠷᠠᠨ ᠨᠠᠩ ᠬᠠᠨᠳᠤᠯᠭᠠᠲᠤ ᠴᠢᠨᠠᠷᠲᠠᠶ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠰᠤᠳᠤᠯᠤᠨ ᠲᠤᠭ᠍ᠳᠠᠭᠠᠨ᠎ᠠ》᠃ ᠯᠢ ᠱᠢᠩ ᠴᠢᠶᠠᠨ᠂ ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ᠎ᠬᠢᠨ ᠠᠷᠠᠯᠵᠢᠶᠠᠨ᠎ᠤ ᠲᠥᠷᠥ᠎ᠶ᠋ᠢᠨ ᠪᠣᠳᠣᠯᠭ᠎ᠠ᠎ᠶ᠋ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠍᠂ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠢ ᠱᠢᠯᠢᠳᠡᠭ᠌ᠵᠢᠭᠦᠯᠦᠨ᠂ ᠠᠵᠤ ᠠᠬᠤᠢᠯᠠᠯ᠎ᠤᠨ ᠥᠪᠡᠷ᠎ᠤᠨ ᠥᠷᠲᠡᠭ᠎ᠢ ᠪᠠᠭᠤᠷᠠᠭᠤᠯᠵᠤ᠂ ᠡᠯ᠎ᠡ ᠲᠥᠷᠥᠯ᠎ᠤᠨ ᠵᠠᠬ᠎ᠠ ᠳᠡᠯᠭᠡᠭᠦᠷ᠎ᠤᠨ ᠪᠡᠶᠡᠴᠢ ᠴᠣᠭ᠍ᠴᠠ ᠢᠯᠠᠩᠭᠤᠶ᠎ᠠ ᠳᠤᠮᠳᠠ ᠪᠠᠭ᠎ᠠ ᠵᠢᠵᠢᠭ ᠭᠠᠳᠠᠭᠠᠳᠤ ᠠᠷᠠᠯᠵᠢᠶᠠᠨ᠎ᠤ ᠠᠵᠤ ᠠᠬᠤᠢᠯᠠᠯ᠎ᠤᠨ ᠲᠣᠭ᠍ᠲᠠᠭᠤᠨ᠎ᠢᠶᠠᠷ ᠦᠢᠯᠡᠳᠪᠦᠷᠢᠯᠡᠬᠦ᠂ ᠡᠷᠡᠭᠦᠯ᠎ᠢᠶᠠᠷ ᠬᠥᠭ᠌ᠵᠢᠬᠦ᠌᠎ᠶ᠋ᠢ ᠳᠡᠮᠵᠢᠨ᠎ᠡ ᠭᠡᠵᠤ ᠬᠡᠯᠡᠪᠡ᠃
ᠬᠡᠷᠡᠭ᠌ᠯᠡᠭᠡ ᠰᠠᠢᠵᠢᠷᠠᠵᠤ ᠬᠡᠷᠡᠭ᠌ᠯᠡᠭᠡ᠎ᠶ᠋ᠢ ᠠᠬᠢᠭᠤᠯᠬᠤ ᠨᠡᠩ ᠤᠯᠠᠨ ᠱᠢᠨ᠎ᠡ ᠠᠷᠭ᠎ᠠ ᠬᠡᠮᠵᠢᠶ᠎ᠡ᠎ᠲᠠᠢ ᠪᠤᠯᠤᠨ᠎ᠠ
ᠨᠡᠢᠭᠡᠮ᠎ᠤᠨ ᠬᠡᠷᠡᠭ᠌ᠯᠡᠭᠡᠨ᠎ᠤ ᠵᠦᠢᠯ᠎ᠢ ᠵᠢᠵᠢᠭ᠌ᠯᠡᠨ ᠪᠣᠷᠣᠯᠠᠭᠤᠯᠤᠭ᠍ᠰᠠᠨ ᠶᠡᠷᠦᠩᠬᠡᠢ ᠬᠡᠮᠵᠢᠶ᠎ᠡ ᠳᠡᠭᠡᠷ᠎ᠡ ᠵᠢᠯ᠎ᠤᠨ ᠠᠳᠠᠯᠢ ᠬᠤᠭᠤᠴᠠᠭᠠᠨ᠎ᠤ᠎ᠬᠢ᠎ᠠᠴᠠ 23% ᠪᠠᠷ ᠨᠡᠮᠡᠭ᠌ᠳᠡᠵᠦ᠍᠂ ᠡᠴᠦᠰ᠎ᠤᠨ ᠬᠡᠷᠡᠭ᠌ᠯᠡᠭᠡᠨ᠎ᠤ ᠵᠠᠷᠤᠯᠭ᠎ᠠ᠎ᠶ᠋ᠢᠨ ᠠᠵᠤ ᠠᠬᠤᠢ᠎ᠶ᠋ᠢᠨ ᠨᠡᠮᠡᠭ᠌ᠳᠡᠯ᠎ᠳᠤ ᠦᠵᠡᠭᠦᠯᠦᠭ᠌ᠰᠡᠨ ᠬᠤᠪᠢ ᠨᠡᠮᠡᠷᠢ᠎ᠶ᠋ᠢᠨ ᠨᠤᠷᠮ᠎ᠠ 61.7% ᠳᠤ ᠬᠦᠷᠴᠤ᠌ — ᠳᠡᠭᠡᠷ᠎ᠡ ᠬᠠᠭᠠᠰ ᠵᠢᠯ᠎ᠳᠤ᠂ ᠬᠡᠷᠡᠭ᠌ᠯᠡᠭᠡ᠎ᠶ᠋ᠢᠨ ᠮᠠᠨ᠎ᠤ ᠤᠯᠤᠰ᠎ᠤᠨ ᠠᠵᠤ ᠠᠬᠤᠢ᠎ᠶ᠋ᠢᠨ ᠬᠥᠭ᠌ᠵᠢᠯᠲᠡ ᠳᠤᠮᠳᠠᠬᠢ 《ᠲᠣᠭ᠍ᠲᠠᠪᠤᠷᠢᠵᠢᠭᠤᠯᠤᠭ᠍ᠴᠢ》 ᠶ᠋ᠢᠨ ᠦᠢᠯᠡᠳᠦᠯ ᠲᠤᠪᠤᠢᠮ᠎ᠠ ᠪᠤᠯᠪᠠ᠃
ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠵᠠᠬ᠎ᠠ ᠳᠡᠯᠭᠡᠭᠦᠷ᠎ᠤᠨ ᠠᠵᠢᠯᠯᠠᠭᠠᠨ ᠪᠠ ᠬᠡᠷᠡᠭ᠌ᠯᠡᠭᠡ᠎ᠶ᠋ᠢ ᠠᠬᠢᠭᠤᠯᠬᠤ ᠵᠤᠷᠭᠠᠨ᠎ᠤ ᠳᠠᠷᠤᠭ᠎ᠠ ᠵᠦ᠍ ᠱᠢᠶᠤᠤ ᠯᠢᠶᠠᠩ᠂ ᠡᠨᠡ ᠵᠢᠯ᠎ᠠᠴᠠ ᠨᠠᠭᠠᠰᠢ᠂ ᠨᠠᠷᠢᠨ ᠪᠤᠳᠤᠯᠢᠶᠠᠨᠲᠠᠶ ᠪᠥᠭᠡᠳ ᠬᠤᠪᠢᠷᠠᠯᠲᠠ ᠶᠡᠬᠡᠲᠡᠶ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠣᠷᠴᠢᠨ ᠨᠥᠬᠦᠴᠡᠯ᠎ᠤᠨ ᠡᠮᠦᠨ᠎ᠡ᠂ ᠡᠯ᠎ᠡ ᠱᠠᠲᠤᠨ᠎ᠤ ᠬᠤᠳᠠᠯᠳᠤᠭᠠᠨ᠎ᠤ ᠶᠠᠪᠤᠳᠠᠯ᠎ᠤᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ᠎ᠤᠨ᠎ᠬᠢᠨ ᠠᠵᠢᠯ᠎ᠤᠨ ᠵᠣᠬᠢᠶᠠᠨ ᠪᠠᠢᠭᠤᠯᠵᠤ ᠵᠣᠬᠢᠴᠠᠭᠤᠯᠬᠤ ᠪᠠ ᠨᠢᠭᠡᠳᠦᠯᠲᠡᠶ ᠲᠥᠯᠥᠪᠯᠡᠬᠦ᠌᠎ᠪᠠᠨ ᠴᠢᠩᠭᠠᠳᠭᠠᠵᠤ᠂ ᠣᠯᠠᠨ ᠠᠷᠭ᠎ᠠ ᠬᠡᠮᠵᠢᠶ᠎ᠡ᠎ᠶ᠋ᠢ ᠵᠡᠷᠭᠡ᠎ᠪᠡᠷ ᠬᠡᠷᠡᠭ᠌ᠯᠡᠨ ᠬᠡᠷᠡᠭ᠌ᠯᠡᠭᠡ᠎ᠶ᠋ᠢ ᠲᠣᠭ᠍ᠲᠠᠪᠤᠷᠢᠵᠢᠭᠤᠯᠤᠨ ᠥᠷᠭᠡᠳᠭᠡᠪᠡ ᠬᠡᠵᠤ ᠢᠯᠡᠳᠭᠡᠵᠡᠢ᠃
《ᠬᠡᠷᠡᠭ᠌ᠯᠡᠭᠡᠨ᠎ᠤ ᠵᠠᠬ᠎ᠠ ᠳᠡᠯᠭᠡᠭᠦᠷ ᠶᠡᠷᠦᠩᠬᠡᠶ᠎ᠳᠡᠭᠡᠨ ᠲᠣᠭ᠍ᠲᠠᠭᠤᠨ᠎ᠢᠶᠠᠷ ᠰᠡᠷᠭᠦᠵᠦ᠍᠂ ᠦᠷᠭᠦᠯᠵᠢᠯᠡᠨ ᠰᠠᠢᠵᠢᠷᠠᠬᠤ ᠬᠥᠭ᠌ᠵᠢᠯᠲᠡ᠎ᠶ᠋ᠢᠨ ᠪᠠᠢᠳᠠᠯ ᠢᠯᠡᠷᠡᠪᠡ》᠃ ᠵᠦ᠍ ᠱᠢᠶᠤᠤ ᠯᠢᠶᠠᠩ᠂ ᠳᠡᠭᠡᠷ᠎ᠡ ᠬᠠᠭᠠᠰ ᠵᠢᠯ᠎ᠳᠤ᠂ ᠮᠠᠨ᠎ᠤ ᠤᠯᠤᠰ᠎ᠤᠨ ᠳᠤᠮᠳᠠ ᠳᠡᠭᠡᠳᠦ ᠲᠡᠰ᠎ᠤᠨ ᠬᠡᠷᠡᠭ᠌ᠯᠡᠭᠡ ᠦᠷᠭᠦᠯᠵᠢᠯᠡᠨ ᠲᠦᠷᠭᠡᠨ ᠬᠥᠭ᠌ᠵᠢᠵᠦ᠍᠂ ᠮᠠᠱᠢᠨ ᠲᠡᠷᠭᠡ ᠵᠡᠷᠭᠡ ᠶᠡᠭᠡ ᠬᠡᠮᠵᠢᠶᠡᠨ᠎ᠤ ᠬᠡᠷᠡᠭ᠌ᠯᠡᠭᠡ ᠨᠡᠯᠢᠶᠡᠳ ᠲᠦᠷᠭᠡᠨ ᠨᠡᠮᠡᠭ᠌ᠳᠡᠵᠦ᠍᠂ ᠰᠣᠶᠣᠯ ᠵᠢᠭᠤᠯᠴᠢᠯᠠᠯ᠎ᠤᠨ ᠬᠡᠷᠡᠭ᠌ᠯᠡᠭᠡ ᠲᠦᠷᠭᠡᠨ ᠰᠡᠷᠭᠦᠵᠦ᠍᠂ ᠪᠣᠬᠢᠷᠲᠤᠯ ᠦᠭᠡᠢ ᠡᠷᠡᠭᠦᠯ ᠮᠡᠨᠳᠦ ᠤᠶᠤᠨᠲᠤ ᠬᠡᠷᠡᠭ᠌ᠯᠡᠭᠡ ᠬᠥᠮᠦᠰ᠎ᠤᠨ ᠠᠩᠬᠠᠷᠤᠯ᠎ᠢ ᠶᠡᠬᠡᠳᠡ ᠲᠠᠲᠠᠪᠠ ᠬᠡᠵᠤ ᠢᠯᠡᠳᠭᠡᠪᠡ᠃
ᠳᠣᠣᠷ᠎ᠠ ᠬᠠᠭᠠᠰ ᠵᠢᠯ᠎ᠢ ᠪᠠᠷᠠᠯᠠᠬᠤᠶ᠎ᠠ᠂ ᠬᠡᠷᠡᠭ᠌ᠯᠡᠭᠡ᠎ᠶ᠋ᠢ ᠠᠬᠢᠭᠤᠯᠬᠤ ᠲᠠᠯ᠎ᠠ᠎ᠪᠠᠷ ᠪᠠᠰᠠ ᠶᠠᠮᠠᠷ ᠶᠠᠮᠠᠷ ᠱᠢᠨ᠎ᠡ ᠠᠷᠭ᠎ᠠ ᠬᠡᠮᠵᠢᠶ᠎ᠡ ᠠᠪᠬᠤ ᠪᠤᠶ? ᠵᠦ᠍ ᠱᠢᠶᠤᠤ ᠯᠢᠶᠠᠩ ᠲᠤᠤᠷᠠᠬᠢ ᠵᠢᠷᠭᠤᠭᠠᠨ ᠶᠡᠭᠡ ᠲᠠᠯ᠎ᠠ᠎ᠠᠴᠠ ᠭᠤᠤᠯᠳᠠᠯᠭ᠎ᠠ᠎ᠲᠠᠢ ᠬᠦᠴᠦᠯᠡᠨ᠎ᠡ ᠭᠡᠵᠦ᠍ ᠢᠯᠡᠷᠬᠡᠢᠯᠡᠪᠡ᠄
— ᠬᠡᠷᠡᠭ᠌ᠯᠡᠭᠡ᠎ᠶ᠋ᠢ ᠠᠬᠢᠭᠤᠯᠬᠤ ᠲᠦᠷᠦ᠎ᠶ᠋ᠢᠨ ᠪᠤᠳᠤᠯᠭ᠎ᠠ ᠠᠷᠭ᠎ᠠ ᠬᠡᠮᠵᠢᠶ᠎ᠡ᠎ᠶ᠋ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠨᠢᠭᠡᠨᠲᠡ ᠨᠡᠢᠲᠡᠯᠡᠨ ᠬᠡᠷᠡᠭ᠌ᠵᠢᠭᠦᠯᠦᠭ᠌ᠰᠡᠨ ᠮᠠᠱᠢᠨ ᠲᠡᠷᠭᠡᠨ᠎ᠤ ᠬᠡᠷᠡᠭ᠌ᠯᠡᠭᠡ᠎ᠶ᠋ᠢ ᠲᠣᠭ᠍ᠲᠠᠪᠤᠷᠢᠵᠢᠭᠤᠯᠤᠨ ᠥᠷᠭᠡᠳᠭᠡᠬᠦ᠂ ᠶᠡᠭᠡ ᠬᠡᠮᠵᠢᠶᠡᠨ᠎ᠤ ᠬᠡᠷᠡᠭ᠌ᠯᠡᠭᠡ᠎ᠶ᠋ᠢ ᠬᠥᠭ᠌ᠵᠢᠭᠡᠬᠦ᠌ ᠵᠡᠷᠭᠡ ᠲᠦᠷᠦ᠎ᠶ᠋ᠢᠨ ᠪᠤᠳᠤᠯᠭ᠎ᠠ ᠠᠷᠭ᠎ᠠ ᠬᠡᠮᠵᠢᠶ᠎ᠡ᠎ᠶ᠋ᠢ ᠰᠠᠢᠲᠤᠷ ᠨᠠᠢᠳᠠᠪᠤᠷᠢᠵᠢᠭᠤᠯᠬᠤ᠎ᠶ᠋ᠢᠨ ᠵᠡᠷᠭᠡ᠎ᠪᠡᠷ ᠪᠠᠢᠴᠠᠭᠠᠨ ᠰᠤᠳᠤᠯᠤᠯᠲᠠ᠎ᠶ᠋ᠢ ᠭᠦᠨᠵᠡᠭᠡᠶ ᠥᠷᠨᠢᠭᠦᠯᠵᠦ᠍᠂ ᠳᠣᠲᠣᠭᠠᠳᠤ ᠬᠡᠷᠡᠭ᠌ᠴᠡᠭᠡ᠎ᠶ᠋ᠢ ᠥᠷᠭᠡᠳᠭᠡᠬᠦ᠂ ᠬᠡᠷᠡᠭ᠌ᠯᠡᠭᠡ᠎ᠶ᠋ᠢ ᠠᠬᠢᠭᠤᠯᠬᠤ ᠨᠢᠭᠡ ᠪᠦᠯᠦᠭ ᠱᠢᠨ᠎ᠡ ᠲᠦᠷᠦ᠎ᠶ᠋ᠢᠨ ᠪᠤᠳᠤᠯᠭ᠎ᠠ᠎ᠶ᠋ᠢ ᠨᠥᠭᠡᠴᠡᠯᠡᠨ᠎ᠡ᠃
— ᠬᠤᠲᠠ᠎ᠶ᠋ᠢᠨ ᠬᠡᠷᠡᠭ᠌ᠯᠡᠭᠡᠨ᠎ᠤ ᠦᠢᠯᠡᠴᠢᠯᠡᠭᠡᠨ᠎ᠤ ᠴᠢᠳᠠᠮᠵᠢ᠎ᠶ᠋ᠢ ᠳᠡᠭᠡᠭ᠌ᠰᠢᠯᠡᠭᠦᠯᠦᠨ᠎ᠡ᠃ ᠤᠯᠠᠨ ᠤᠯᠤᠰ᠎ᠤᠨ ᠬᠡᠷᠡᠭ᠌ᠯᠡᠭᠡᠨ᠎ᠤ ᠲᠥᠪ ᠬᠤᠳᠠ᠎ᠶ᠋ᠢ ᠪᠤᠢᠵᠢᠭᠤᠯᠬᠤ ᠪᠦᠳᠦᠭᠡᠨ ᠪᠠᠢᠭᠤᠯᠤᠯᠲᠠ᠎ᠶ᠋ᠢ ᠲᠦᠷᠭᠡᠪᠴᠢᠯᠡᠨ ᠠᠬᠢᠭᠤᠯᠵᠤ᠂ ᠬᠤᠳᠠ᠎ᠶ᠋ᠢᠨ ᠬᠤᠳᠠᠯᠳᠤᠭᠠᠨ᠎ᠤ ᠦᠢᠯᠡᠰ᠎ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠬᠦᠴᠦᠯᠡᠨ ᠬᠡᠷᠡᠭ᠌ᠵᠢᠭᠦᠯᠦᠨ᠎ᠡ᠃
— ᠬᠥᠳᠡᠭᠡ ᠲᠣᠰᠭᠤᠨ᠎ᠤ ᠵᠠᠬ᠎ᠠ ᠳᠡᠯᠭᠡᠭᠦᠷ᠎ᠢ ᠨᠡᠭᠡᠭᠡᠬᠦ᠌ ᠡᠷᠴᠢᠮ᠎ᠢ ᠴᠢᠩᠭᠠᠷᠠᠭᠤᠯᠤᠨ᠎ᠠ᠃ ᠱᠢᠶᠠᠨ᠎ᠤ ᠬᠡᠪᠴᠢᠶᠡᠨ᠎ᠤ ᠬᠤᠳᠠᠯᠳᠤᠭᠠᠨ᠎ᠤ ᠱᠢᠰᠲ᠋ᠧᠮ᠎ᠢ ᠲᠦᠷᠭᠡᠨ ᠲᠡᠭᠦᠯᠳᠡᠷᠵᠢᠭᠦᠯᠵᠦ᠍᠂ ᠬᠥᠳᠡᠭᠡ ᠲᠣᠰᠭᠤᠨ᠎ᠤ ᠡᠯᠧᠺᠲᠷᠣᠨ ᠬᠤᠳᠠᠯᠳᠤᠭ᠎ᠠ᠎ᠶ᠋ᠢᠨ ᠦᠷᠭᠦᠯᠵᠢᠯᠡᠨ ᠡᠷᠡᠭᠦᠯ᠎ᠢᠶᠠᠷ ᠬᠥᠭ᠌ᠵᠢᠬᠦ᠌᠎ᠶ᠋ᠢ ᠠᠬᠢᠭᠤᠯᠵᠤ᠂ ᠲᠠᠷᠢᠶᠠᠯᠠᠩ᠎ᠤᠨ ᠪᠦᠲᠦᠭᠡᠭ᠌ᠳᠡᠬᠦᠨ᠎ᠤ ᠭᠦᠢᠯᠭᠡᠭᠡᠨ᠎ᠤ ᠭᠤᠣᠯᠯᠠᠬᠤ ᠲᠣᠣᠷ᠎ᠢ ᠲᠡᠭᠦᠯᠳᠡᠷᠵᠢᠭᠦᠯᠦᠨ᠎ᠡ᠃
— ᠤᠯᠠᠮᠵᠢᠯᠠᠯᠲᠤ ᠬᠡᠷᠡᠭ᠌ᠯᠡᠭᠡᠨ᠎ᠤ ᠨᠡᠮᠡᠭ᠌ᠳᠡᠯ᠎ᠤᠨ ᠣᠷᠣᠨ ᠵᠠᠶ᠎ᠶ᠋ᠢ ᠥᠷᠭᠡᠳᠭᠡᠨ᠎ᠡ᠃ ᠮᠠᠱᠢᠨ ᠲᠡᠷᠭᠡ᠂ ᠭᠡᠷ᠎ᠤᠨ ᠴᠠᠬᠢᠯᠭᠠᠨ ᠬᠡᠷᠡᠭ᠌ᠰᠡᠯ᠂ ᠭᠡᠷ᠎ᠤᠨ ᠡᠳ᠋ᠯᠡᠯ ᠵᠡᠷᠭᠡ ᠶᠡᠭᠡ ᠬᠡᠮᠵᠢᠶᠡᠨ᠎ᠤ ᠬᠡᠷᠡᠭ᠌ᠯᠡᠭᠡ᠎ᠶ᠋ᠢ ᠲᠣᠭ᠍ᠲᠠᠪᠤᠷᠢᠵᠢᠭᠤᠯᠵᠤ᠂ ᠢᠳᠡᠭᠡᠨ ᠤᠮᠳᠠᠭᠠᠨ᠎ᠤ ᠵᠠᠬ᠎ᠠ ᠳᠡᠯᠭᠡᠭᠦᠷ᠎ᠤᠨ ᠨᠡᠩ ᠲᠦᠷᠭᠡᠨ ᠨᠡᠩ ᠰᠠᠢᠨ ᠰᠡᠷᠭᠦᠬᠦ᠌᠎ᠶ᠋ᠢ ᠠᠬᠢᠭᠤᠯᠤᠨ᠎ᠠ᠃
— ᠱᠢᠨ᠎ᠡ ᠬᠡᠯᠪᠡᠷᠢ᠎ᠶ᠋ᠢᠨ ᠬᠡᠷᠡᠭ᠌ᠯᠡᠭᠡ᠎ᠶ᠋ᠢᠨ ᠲᠦᠷᠭᠡᠨ ᠬᠥᠭ᠌ᠵᠢᠬᠦ᠌᠎ᠶ᠋ᠢ ᠠᠬᠢᠭᠤᠯᠤᠨ᠎ᠠ᠃ ᠤᠯᠠᠮᠵᠢᠯᠠᠯᠲᠤ ᠬᠤᠳᠠᠯᠳᠤᠭᠠᠨ᠎ᠤ ᠠᠵᠤ ᠠᠬᠤᠢᠯᠠᠯ᠎ᠤᠨ ᠲᠣᠭᠠᠴᠢᠯᠠᠬᠤ᠂ ᠤᠶᠤᠨᠴᠢᠯᠠᠬᠤ ᠥᠭᠡᠷᠡᠴᠢᠯᠡᠯᠲᠡ᠎ᠪᠠᠨ ᠲᠦᠷᠭᠡᠳᠭᠡᠬᠦ᠌᠎ᠶ᠋ᠢ ᠳᠡᠮᠵᠢᠨ ᠵᠣᠷᠢᠭ᠍ᠵᠢᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ᠎ᠶ᠋ᠢᠨ ᠨᠠᠩ ᠥᠷᠭᠡᠨ ᠳᠡᠯᠭᠡᠷ᠂ ᠨᠠᠩ ᠭᠦᠨᠵᠡᠭᠡᠶ ᠠᠭᠤᠰᠤᠯᠴᠠᠯ᠎ᠢ ᠠᠬᠢᠭᠤᠯᠤᠨ᠎ᠠ᠃
— ᠭᠦᠨ ᠵᠤᠵᠠᠭᠠᠨ ᠬᠡᠷᠡᠭ᠌ᠯᠡᠭᠡᠨ᠎ᠤ ᠠᠭᠤᠷ ᠠᠮᠢᠰᠭᠤᠯ᠎ᠢ ᠪᠤᠢ ᠪᠣᠯᠭᠠᠨ᠎ᠠ᠃ ᠡᠯ᠎ᠡ ᠭᠠᠵᠠᠷ᠎ᠤᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠰᠠᠢᠲᠤᠷ ᠬᠢᠭ᠌ᠰᠡᠨ ᠰᠠᠭᠤᠷᠢᠨ ᠳᠡᠭᠡᠷ᠎ᠡ᠂ ᠲᠤᠬᠠᠶ᠎ᠶ᠋ᠢᠨ ᠭᠠᠵᠠᠷ ᠣᠷᠣᠨ᠎ᠤ ᠪᠠᠢᠳᠠᠯ᠎ᠳᠤᠨᠢ ᠳᠣᠭᠢᠷᠠᠭᠤᠯᠤᠨ ᠡᠯ᠎ᠡ ᠲᠥᠷᠥᠯ᠎ᠤᠨ ᠬᠡᠷᠡᠭ᠌ᠯᠡᠭᠡ᠎ᠶ᠋ᠢ ᠠᠬᠢᠭᠤᠯᠬᠤ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠥᠷᠨᠢᠭᠦᠯᠬᠦ᠌᠎ᠶ᠋ᠢ ᠵᠢᠭᠠᠨ ᠵᠢᠯᠣᠭᠤᠳᠤᠨ᠎ᠠ᠃
《ᠣᠳᠣᠬᠠᠨ᠎ᠳᠤ ᠬᠡᠷᠡᠭ᠌ᠯᠡᠭᠡᠨ᠎ᠤ ᠵᠠᠬ᠎ᠠ ᠳᠡᠯᠭᠡᠭᠦᠷ᠎ᠲᠤ ᠰᠡᠷᠭᠦᠯᠲᠡ ᠲᠡᠩᠴᠡᠭᠦᠷᠢ ᠦᠭᠡᠶ᠂ ᠰᠠᠭᠤᠷᠢ ᠪᠠᠲᠤ ᠪᠢᠰᠢ ᠵᠡᠷᠭᠡ ᠠᠰᠠᠭᠤᠳᠠᠯ ᠣᠷᠣᠱᠢᠵᠤ ᠪᠠᠢᠨ᠎ᠠ᠃ ᠮᠠᠨ᠎ᠤ ᠤᠯᠤᠰ᠎ᠤᠨ ᠠᠵᠤ ᠠᠬᠤᠢ᠎ᠶ᠋ᠢᠨ ᠦᠷᠭᠦᠯᠵᠢᠯᠡᠨ ᠲᠣᠭ᠍ᠲᠠᠭᠤᠨ᠎ᠢᠶᠠᠷ ᠰᠡᠷᠭᠦᠬᠦ᠌᠎ᠶ᠋ᠢ ᠳᠠᠭᠠᠯᠳᠤᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ ᠨᠡᠩ ᠤᠨᠢᠨ ᠲᠡᠭᠡᠷ᠎ᠠ᠎ᠨᠢ ᠪᠥᠭᠡᠳ ᠪᠦᠲᠦᠮᠵᠢᠲᠡᠶ ᠪᠣᠯᠵᠤ᠂ ᠡᠯ᠎ᠡ ᠵᠦᠢᠯ᠎ᠤᠨ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠪᠣᠳᠠᠲᠠᠶ ᠨᠠᠢᠳᠠᠪᠤᠷᠢᠵᠢᠭᠤᠯᠤᠨ ᠦᠷ᠎ᠡ ᠪᠦᠲᠦᠮᠵᠢ ᠣᠯᠵᠤ᠂ ᠰᠠᠭᠤᠭᠠᠯᠢ ᠠᠷᠠᠳ᠎ᠤᠨ ᠬᠡᠷᠡᠭ᠌ᠯᠡᠭᠡᠨ᠎ᠤ ᠢᠲᠡᠭᠡᠯ ᠠᠯᠭᠤᠷ᠎ᠢᠶᠠᠷ ᠴᠢᠩᠭᠠᠷᠠᠵᠤ᠂ ᠬᠡᠷᠡᠭ᠌ᠯᠡᠭᠡᠨ᠎ᠤ ᠵᠠᠬ᠎ᠠ ᠳᠡᠯᠭᠡᠭᠦᠷ ᠶᠡᠷᠦᠩᠬᠡᠶ᠎ᠳᠡᠭᠡᠨ ᠦᠷᠭᠦᠯᠵᠢᠯᠡᠨ ᠰᠠᠢᠵᠢᠷᠠᠬᠤ ᠲᠡᠢᠰᠢ ᠬᠥᠭ᠌ᠵᠢᠬᠦ᠌᠎ᠶ᠋ᠢ ᠪᠢᠳᠡ ᠵᠢᠱ᠌ᠢᠵᠦ᠍ ᠪᠠᠢᠨ᠎ᠠ》 ᠭᠡᠵᠦ᠍ ᠵᠦ᠍ ᠱᠢᠶᠤᠤ ᠯᠢᠶᠠᠩ ᠬᠡᠯᠡᠪᠡ᠃
(ᠱᠢᠨᠬᠤᠸᠠ ᠬᠤᠷᠢᠶᠠᠨ᠎ᠤ ᠪᠡᠭᠡᠵᠢᠩ᠎ᠤᠨ 7 ᠰᠠᠷ᠎ᠠ᠎ᠶ᠋ᠢᠨ 22 ᠤᠨ ᠴᠠᠬᠢᠯᠭᠠᠨ ᠮᠡᠳᠡᠭᠡ)