ᠲᠡᠦᠬᠡ᠎ᠪᠠᠷ ᠲᠤᠯᠢ ᠪᠣᠯᠭᠠᠵᠤ᠂ ᠢᠷᠡᠭᠡᠳᠦᠢ᠎ᠶ᠋ᠢ ᠨᠡᠭᠡᠭᠡᠬᠦ᠌᠎ᠳᠤ᠂ ᠡᠷᠬᠡᠪᠰᠢ ᠳᠤᠮᠳᠠᠳᠤ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠰᠠᠢᠨ ᠰᠠᠢᠬᠠᠨ ᠠᠮᠢᠳᠤᠷᠠᠯ᠎ᠤᠨ ᠲᠥᠯᠥᠭᠡ ᠲᠠᠰᠤᠷᠠᠯᠲᠠ ᠦᠭᠡᠢ ᠲᠡᠮᠡᠴᠡᠬᠦ᠌ ᠬᠡᠷᠡᠭ᠌ᠲᠡᠢ᠃ ᠲᠥᠷᠥ᠍ ᠵᠠᠰᠠᠭ ᠪᠣᠯ ᠲᠠᠷᠤᠢ ᠠᠷᠠᠳ ᠲᠦᠮᠡᠨ ᠮᠦᠨ᠂ ᠠᠷᠠᠳ ᠲᠦᠮᠡᠨ ᠪᠣᠯ ᠲᠠᠷᠤᠢ ᠲᠥᠷᠥ᠍ ᠵᠠᠰᠠᠭ ᠮᠦᠨ᠂ ᠲᠥᠷᠥ᠍ ᠵᠠᠰᠠᠭ᠎ᠢ ᠪᠠᠢᠭᠤᠯᠬᠤ᠂ ᠲᠥᠷᠥ᠍ ᠵᠠᠰᠠᠭ᠎ᠢ ᠰᠠᠬᠢᠬᠤ᠎ᠨᠢ ᠠᠷᠠᠳ ᠲᠦᠮᠡᠨ᠎ᠤ ᠰᠡᠳᠭᠢᠯ᠎ᠢ ᠰᠠᠬᠢᠵᠦ᠍ ᠪᠠᠢᠭ᠎ᠠ ᠶᠠᠪᠤᠳᠠᠯ ᠪᠣᠯᠤᠨ᠎ᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠭᠤᠷᠢᠨ᠎ᠢ ᠠᠷᠠᠳ ᠲᠦᠮᠡᠨ᠎ᠳᠤ ᠪᠤᠢ᠂ ᠠᠮᠢᠨ ᠰᠤᠳᠠᠰᠤ᠎ᠨᠢ ᠠᠷᠠᠳ ᠲᠦᠮᠡᠨ᠎ᠳᠤ ᠪᠤᠢ᠂ ᠬᠦᠴᠦᠨ ᠴᠢᠳᠠᠯ᠎ᠨᠢ ᠠᠷᠠᠳ ᠲᠦᠮᠡᠨ᠎ᠳᠤ ᠪᠤᠢ᠃ ᠳᠤᠮᠳᠠᠳᠤ ᠤᠯᠤᠰ᠎ᠤᠨ ᠡᠪ ᠬᠠᠮᠲᠤ ᠨᠠᠮ ᠢᠮᠠᠭ᠍ᠲᠠ ᠬᠠᠮᠤᠭ᠎ᠤᠨ ᠥᠷᠭᠡᠨ ᠤᠯᠠᠨ ᠠᠷᠠᠳ ᠲᠦᠮᠡᠨ᠎ᠤ ᠦᠨᠳᠦᠰᠦᠨ ᠠᠱᠢᠭ ᠲᠤᠰᠠ᠎ᠶ᠋ᠢ ᠲᠥᠯᠥᠭᠡᠯᠡᠵᠦ᠍᠂ ᠠᠷᠠᠳ ᠲᠦᠮᠡᠨ᠎ᠲᠠᠢ ᠵᠢᠷᠭᠠᠯ ᠵᠣᠪᠠᠯᠠᠩ᠎ᠢᠶᠠᠨ ᠬᠠᠮᠲᠤᠳᠭᠠᠵᠤ᠂ ᠦᠬᠦᠵᠦ᠍ ᠰᠡᠭᠡᠬᠦ᠌᠎ᠪᠠᠨ ᠬᠠᠮᠲᠤᠳᠭᠠᠵᠤ ᠪᠠᠢᠭ᠎ᠠ ᠶᠤᠮ᠂ ᠶᠠᠮᠠᠷ ᠴᠤ᠌ ᠥᠪᠡᠷ᠎ᠤᠨ ᠣᠨᠴᠠᠭᠠᠢ ᠠᠱᠢᠭ ᠲᠤᠰᠠ ᠭᠡᠵᠦ᠍ ᠪᠠᠢᠬᠤ ᠦᠭᠡᠢ᠂ ᠶᠡᠷᠦ᠎ᠠᠴᠠ ᠶᠠᠮᠠᠷᠪᠠ ᠠᠱᠢᠭ ᠲᠤᠰᠠ᠎ᠶ᠋ᠢᠨ ᠪᠦᠯᠦᠭ᠌ᠯᠡᠯ᠂ ᠶᠠᠮᠠᠷᠪᠠ ᠡᠷᠬᠡ ᠰᠦᠷᠲᠦ ᠪᠦᠯᠬᠦᠮ᠂ ᠶᠠᠮᠠᠷᠪᠠ ᠣᠨᠴᠠ ᠡᠷᠬᠡᠲᠦ ᠳᠠᠪᠬᠤᠷᠭ᠎ᠠ᠎ᠶ᠋ᠢᠨ ᠠᠱᠢᠭ ᠲᠤᠰᠠ᠎ᠶ᠋ᠢ ᠲᠥᠯᠥᠭᠡᠯᠡᠳᠡᠭ ᠦᠭᠡᠢ ᠶᠤᠮ᠃ ᠳᠤᠮᠳᠠᠳᠤ ᠤᠯᠤᠰ᠎ᠤᠨ ᠡᠪ ᠬᠠᠮᠲᠤ ᠨᠠᠮ᠎ᠢ ᠳᠤᠮᠳᠠᠳᠤ ᠤᠯᠤᠰ᠎ᠤᠨ ᠠᠷᠠᠳ ᠲᠦᠮᠡᠨ᠎ᠠᠴᠠ ᠰᠠᠯᠭᠠᠵᠤ᠂ ᠡᠰᠡᠷᠭᠦᠴᠡᠯᠳᠦᠭᠦᠯᠬᠦ᠌ ᠭᠡᠰᠡᠨ ᠶᠠᠮᠠᠷᠪᠠ ᠤᠷᠤᠯᠳᠤᠯᠭ᠎ᠠ ᠪᠣᠯ ᠴᠥᠮ ᠪᠡᠶᠡᠯᠡᠭ᠌ᠳᠡᠰᠢ ᠦᠭᠡᠢ ᠶᠤᠮ! ᠡᠭᠦᠨ᠎ᠢ 9500 ᠭᠠᠷᠤᠢ ᠲᠦᠮᠡᠨ ᠳᠤᠮᠳᠠᠳᠤ ᠤᠯᠤᠰ᠎ᠤᠨ ᠡᠪ ᠬᠠᠮᠲᠤᠴᠤᠳ ᠵᠥᠪᠱᠢᠶᠡᠷᠡᠬᠦ᠌ ᠦᠭᠡᠢ ᠶᠤᠮ! 14 ᠳ᠋ᠦᠩᠱᠢᠭᠤᠷ ᠭᠠᠷᠤᠢ ᠳᠤᠮᠳᠠᠳᠤ ᠤᠯᠤᠰ᠎ᠤᠨ ᠠᠷᠠᠳ ᠲᠦᠮᠡᠨ ᠴᠦ᠍ ᠵᠥᠪᠱᠢᠶᠡᠷᠡᠬᠦ᠌ ᠦᠭᠡᠢ ᠶᠤᠮ!
ᠱᠢᠨ᠎ᠡ ᠠᠶᠠᠨ᠎ᠳᠠᠭᠠᠨ᠂ ᠪᠢᠳᠡ ᠡᠷᠬᠡᠪᠰᠢ ᠠᠷᠠᠳ ᠲᠦᠮᠡᠨ᠎ᠳᠤ ᠴᠢᠩᠭ᠎ᠠ ᠲᠦᠱᠢᠭ᠌ᠯᠡᠨ ᠲᠡᠦᠬᠡ᠎ᠶ᠋ᠢ ᠡᠭᠦᠳᠦᠨ ᠪᠦᠲᠦᠭᠡᠵᠦ᠍᠂ ᠪᠦᠬᠦ᠌ ᠰᠡᠳᠭᠢᠯ ᠪᠦᠬᠦ᠌ ᠵᠣᠷᠢᠭ᠎ᠢᠶᠠᠷ᠎ᠢᠶᠠᠨ ᠠᠷᠠᠳ ᠲᠦᠮᠡᠨ᠎ᠳᠤ ᠦᠢᠯᠡᠴᠢᠯᠡᠬᠦ᠌ ᠦᠨᠳᠦᠰᠦᠨ ᠵᠣᠷᠢᠯᠲᠠ᠎ᠶ᠋ᠢ ᠪᠠᠷᠢᠮᠲᠠᠯᠠᠨ᠂ ᠠᠷᠠᠳ ᠲᠦᠮᠡᠨ᠎ᠤ ᠵᠣᠭ᠍ᠰᠣᠯᠲᠠ᠎ᠳᠤ ᠪᠠᠲᠤ ᠵᠣᠭ᠍ᠰᠣᠵᠤ᠂ ᠨᠠᠮ᠎ᠤᠨ ᠤᠯᠠᠨ ᠲᠦᠮᠡᠨᠴᠢ ᠱᠤᠭᠤᠮ᠎ᠢ ᠲᠤᠭᠤᠱᠢᠯᠠᠭᠤᠯᠤᠨ᠂ ᠠᠷᠠᠳ ᠲᠦᠮᠡᠨ᠎ᠤ ᠡᠭᠦᠳᠦᠨ ᠪᠦᠳᠦᠭᠡᠬᠦ᠌ ᠵᠣᠷᠢᠭ ᠰᠠᠨᠠᠭ᠎ᠠ᠎ᠶ᠋ᠢ ᠬᠦᠨᠳᠦᠳᠭᠡᠵᠦ᠍᠂ ᠠᠷᠠᠳ ᠲᠦᠮᠡᠨ᠎ᠢᠶᠠᠷ ᠭᠤᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠦᠢᠯᠡᠳᠦᠯᠭᠡᠵᠢᠭᠦᠯᠦᠨ᠂ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠬᠥᠭ᠌ᠵᠢᠭᠦᠯᠵᠦ᠍᠂ ᠨᠡᠢᠭᠡᠮ᠎ᠤᠨ ᠲᠥᠪ ᠭᠤᠣᠯᠴᠢ ᠱᠢᠳᠤᠷᠭᠤ ᠶᠣᠰᠣ᠎ᠶ᠋ᠢ ᠬᠠᠮᠠᠭᠠᠯᠠᠨ᠂ ᠬᠥᠭ᠌ᠵᠢᠯᠲᠡ ᠲᠡᠩᠴᠡᠭᠦᠷᠢ ᠦᠭᠡᠢ ᠭᠦᠢᠴᠡᠳ ᠦᠭᠡᠢ ᠪᠠᠢᠬᠤ ᠠᠰᠠᠭᠤᠳᠠᠯ ᠪᠠ ᠠᠷᠠᠳ ᠤᠯᠠᠨ᠎ᠤ ᠪᠠᠴᠢᠮᠳᠠᠵᠤ ᠬᠦᠴᠢᠷᠳᠡᠵᠦ᠍ ᠵᠤᠪᠠᠨᠢᠵᠤ ᠬᠦᠰᠡᠵᠦ᠍ ᠪᠠᠢᠭ᠎ᠠ ᠠᠰᠠᠭᠤᠳᠠᠯ᠎ᠢ ᠬᠦᠴᠦᠯᠡᠨ ᠱᠢᠢᠳᠪᠦᠷᠢᠯᠡᠵᠦ᠍᠂ ᠬᠥᠮᠦᠨ᠎ᠤ ᠪᠦᠬᠦ᠌ ᠲᠠᠯ᠎ᠠ᠎ᠶ᠋ᠢᠨ ᠬᠥᠭ᠌ᠵᠢᠯᠲᠡ᠎ᠶ᠋ᠢ ᠠᠬᠢᠭᠤᠯᠤᠨ᠂ ᠪᠦᠬᠦ᠌ ᠠᠷᠠᠳ ᠲᠦᠮᠡᠨ᠎ᠤ ᠬᠠᠮᠲᠤ᠎ᠶ᠋ᠢᠨ ᠴᠢᠨᠡᠭᠡᠯᠢᠭ᠌ᠵᠢᠯ᠎ᠢ ᠨᠡᠩ ᠢᠯᠡᠷᠬᠡᠢ ᠪᠤᠳᠠᠳᠤ ᠠᠬᠢᠴᠠ᠎ᠲᠠᠢ ᠪᠣᠯᠭᠠᠬᠤ ᠬᠡᠷᠡᠭ᠌ᠲᠡᠢ!
— ᠰᠢ᠎ᠶ᠋ᠢᠨ ᠫᠢᠩ᠎ᠤᠨ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠣᠶ᠎ᠶ᠋ᠢ ᠪᠡᠯᠭᠡᠯᠡᠬᠦ᠌ ᠶᠡᠭᠡ ᠬᠤᠷᠠᠯ ᠲᠠᠬᠡᠷᠡᠬᠢ ᠶᠠᠷᠢᠶ᠎ᠠ᠎ᠠᠴᠠ
【 ᠲᠤᠰᠭᠠᠶ ᠮᠡᠷᠭᠡᠵᠢᠯᠲᠡᠨ᠎ᠤ ᠲᠠᠢᠯᠤᠮᠵᠢ 】
ᠱᠢᠨ᠎ᠡ ᠠᠶᠠᠨ᠎ᠢᠶᠠᠨ ᠡᠬᠢᠯᠡᠭᠦᠯᠵᠦ᠍ ᠰᠠᠢᠨ ᠰᠠᠢᠬᠠᠨ ᠢᠷᠡᠭᠡᠳᠦᠢ ᠵᠦᠭ ᠤᠷᠤᠭ᠍ᠰᠢᠯᠠᠨᠠᠮ
ᠵᠠᠩ ᠬᠠᠢ ᠶᠠᠨ
ᠰᠠᠢᠨ ᠰᠠᠢᠬᠠᠨ ᠠᠮᠢᠳᠤᠷᠠᠯ ᠪᠣᠯ ᠮᠠᠷᠺᠰ᠎ᠤᠨ ᠦᠵᠡᠯ᠎ᠤᠨ ᠳᠣᠲᠣᠭᠠᠳᠤ ᠦᠷᠳᠡᠭ᠎ᠤᠨ ᠬᠦᠰᠡᠯ ᠱᠠᠭᠠᠷᠳᠠᠯᠭ᠎ᠠ ᠮᠥᠨ᠂ ᠳᠤᠮᠳᠠᠳᠤ ᠤᠯᠤᠰ᠎ᠤᠨ ᠠᠷᠠᠳ ᠲᠦᠮᠡᠨ᠎ᠤ ᠬᠠᠮᠲᠤ ᠶ᠋ᠢᠨ ᠦᠷᠳᠡᠭ ᠤᠨ ᠬᠠᠷᠠᠯᠲᠠ ᠶ᠋ᠢᠨ ᠲᠤᠬᠠᠢ ᠳᠡᠭᠡᠳᠦ ᠬᠡᠮᠵᠢᠶᠡᠨ᠎ᠤ ᠬᠤᠷᠢᠶᠠᠩᠭᠤᠢᠯᠠᠯ ᠪᠤᠯᠤᠨ᠎ᠠ᠃ ᠳᠤᠮᠳᠠᠳᠤ ᠤᠯᠤᠰ᠎ᠤᠨ ᠡᠪ ᠬᠠᠮᠲᠤ ᠨᠠᠮ ᠮᠡᠨᠳᠦᠯᠡᠭ᠌ᠰᠡᠨ ᠡᠳᠦᠷ᠎ᠠᠴᠠ᠎ᠪᠠᠨ ᠡᠬᠢᠯᠡᠨ᠂ ᠳᠤᠮᠳᠠᠳᠤ ᠤᠯᠤᠰ᠎ᠤᠨ ᠠᠷᠠᠳ ᠲᠦᠮᠡᠨ᠎ᠳᠤ ᠵᠣᠯ ᠵᠢᠷᠭᠠᠯ ᠣᠯᠭᠤᠬᠤ᠂ ᠳᠤᠮᠳᠠᠳᠤ᠎ᠶ᠋ᠢᠨ ᠦᠨᠳᠦᠰᠦᠲᠡᠨ᠎ᠤ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠪᠠᠷ ᠥᠪᠡᠷ᠎ᠤᠨ ᠬᠠᠷᠢᠭᠤᠴᠠᠯᠭ᠎ᠠ ᠪᠠ ᠡᠭᠦᠷᠭᠡᠯᠡᠯ᠎ᠢᠶᠠᠨ ᠪᠣᠯᠭᠠᠭ᠍ᠰᠠᠨ᠎ᠨᠢ ᠦᠨᠡᠨ᠎ᠳᠡᠭᠡᠨ ᠰᠠᠢᠨ ᠰᠠᠢᠬᠠᠨ ᠠᠮᠢᠳᠤᠷᠠᠯ ᠭᠡᠬᠦ᠌ ᠡᠨᠡ ᠬᠦ᠌ ᠳᠤᠮᠳᠠᠳᠤ ᠤᠯᠤᠰ᠎ᠤᠨ ᠠᠷᠠᠳ ᠲᠦᠮᠡᠨ᠎ᠤ ᠬᠠᠮᠲᠤ᠎ᠶ᠋ᠢᠨ ᠦᠷᠲᠡᠭ᠎ᠤᠨ ᠬᠦᠰᠡᠯ ᠱᠠᠭᠠᠷᠳᠠᠯᠭ᠎ᠠ᠎ᠶ᠋ᠢ ᠥᠪᠡᠷ᠎ᠤᠨ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ᠎ᠪᠠᠨ ᠪᠣᠯᠭᠠᠭ᠍ᠰᠠᠨ ᠶᠠᠪᠤᠳᠠᠯ ᠪᠣᠯᠤᠨ᠎ᠠ᠃ ᠱᠢᠨ᠎ᠡ ᠴᠠᠭ ᠦᠶ᠎ᠡ᠎ᠶ᠋ᠢᠨ ᠰᠠᠢᠨ ᠰᠠᠢᠬᠠᠨ ᠠᠮᠢᠳᠤᠷᠠᠯ᠎ᠢ ᠪᠣᠳᠠᠰ᠎ᠤᠨ ᠠᠮᠢᠳᠤᠷᠠᠯ ᠪᠠᠶᠠᠨ ᠴᠢᠨᠡᠭᠡᠯᠢᠭ ᠠᠮᠤᠷ ᠠᠮᠤᠭᠤᠯᠠᠩ᠂ ᠤᠯᠤᠰ ᠲᠦᠷᠦ᠎ᠶ᠋ᠢᠨ ᠠᠮᠢᠳᠤᠷᠠᠯ ᠪᠣᠯᠪᠠᠰᠤᠨ ᠡᠮᠬᠢ ᠵᠢᠷᠤᠮ᠎ᠲᠠᠢ᠂ ᠨᠡᠢᠭᠡᠮ᠎ᠤᠨ ᠠᠮᠢᠳᠤᠷᠠᠯ ᠠᠮᠤᠷ ᠲᠣᠭ᠍ᠲᠠᠭᠤᠨ ᠡᠶ᠎ᠡ ᠵᠣᠬᠢᠴᠠᠩᠭᠤᠢ᠂ ᠤᠶᠤᠨ᠎ᠤ ᠠᠮᠢᠳᠤᠷᠠᠯ ᠡᠯᠪᠡᠭ ᠪᠠᠶᠠᠯᠢᠭ᠂ ᠠᠮᠢ ᠠᠬᠤᠢ᠎ᠶ᠋ᠢᠨ ᠪᠣᠯᠪᠠᠰᠤᠨ ᠦᠷᠭᠦᠯᠵᠢᠯᠡᠬᠦ᠌ ᠬᠥᠭ᠌ᠵᠢᠯᠲᠡ᠂ ᠠᠷᠠᠳ ᠲᠦᠮᠡᠨ᠎ᠤ ᠪᠡᠶ᠎ᠡ ᠰᠡᠳᠭᠢᠯ᠎ᠤᠨ ᠡᠷᠡᠭᠦᠯ ᠮᠡᠨᠳᠦ᠎ᠶ᠋ᠢ ᠪᠠᠭ᠍ᠲᠠᠭᠠᠭ᠍ᠰᠠᠨ ᠱᠢᠰᠲ᠋ᠧᠮ᠎ᠳᠤ ᠴᠢᠨᠠᠷᠲᠠᠢ ᠦᠷᠳᠡᠭ᠎ᠤᠨ ᠬᠦᠰᠡᠯ ᠱᠠᠭᠠᠷᠳᠠᠯᠭ᠎ᠠ ᠭᠡᠵᠦ᠍ ᠬᠤᠷᠢᠶᠠᠩᠭᠤᠢᠯᠠᠵᠤ ᠪᠣᠯᠤᠨ᠎ᠠ᠃ ᠰᠠᠢᠨ ᠰᠠᠢᠬᠠᠨ ᠠᠮᠢᠳᠤᠷᠠᠯ᠎ᠨᠢ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠠᠮᠲᠤ᠎ᠶ᠋ᠢᠨ ᠲᠡᠮᠡᠴᠡᠬᠦ᠌ ᠬᠠᠷᠠᠯᠲᠠ ᠪᠣᠯᠤᠭ᠍ᠰᠠᠨ᠎ᠤ ᠬᠤᠪᠢ᠎ᠳᠤ᠂ ᠬᠠᠮᠲᠤ᠎ᠪᠠᠷ ᠴᠢᠨᠡᠭᠡᠯᠢᠭ᠌ᠵᠢᠬᠦ᠌ ᠪᠣᠯ ᠰᠠᠢᠨ ᠰᠠᠢᠬᠠᠨ ᠠᠮᠢᠳᠤᠷᠠᠯ᠎ᠤᠨ ᠠᠵᠤ ᠠᠬᠤᠢ᠎ᠶ᠋ᠢᠨ ᠰᠠᠭᠤᠷᠢ᠂ ᠤᠯᠤᠰ ᠲᠦᠷᠦ᠎ᠶ᠋ᠢᠨ ᠠᠮᠢᠳᠤᠷᠠᠯ᠎ᠤᠨ ᠪᠣᠯᠪᠠᠰᠤᠨ ᠡᠮᠬᠢ ᠵᠢᠷᠤᠮ᠎ᠲᠠᠢ ᠪᠠᠢᠬᠤ ᠪᠣᠯ ᠰᠠᠢᠨ ᠰᠠᠢᠬᠠᠨ ᠠᠮᠢᠳᠤᠷᠠᠯ᠎ᠤᠨ ᠤᠯᠤᠰ ᠲᠦᠷᠦ᠎ᠶ᠋ᠢᠨ ᠪᠠᠲᠤᠯᠠᠭ᠎ᠠ᠂ ᠰᠠᠢᠨ ᠰᠠᠢᠬᠠᠨ ᠤᠶᠤᠨ ᠰᠠᠨᠠᠭᠠᠨ᠎ᠤ ᠭᠡᠷ ᠣᠷᠣᠨ ᠪᠣᠯ ᠦᠨᠳᠦᠰᠦᠲᠡᠨ᠎ᠨᠦᠭᠦᠳ᠎ᠤᠨ ᠰᠠᠢᠨ ᠰᠠᠢᠬᠠᠨ ᠠᠮᠢᠳᠤᠷᠠᠯ᠎ᠢ ᠬᠠᠮᠲᠤ᠎ᠪᠠᠷ ᠴᠣᠭ᠍ᠴᠠᠯᠠᠬᠤ ᠤᠶᠤᠨ ᠰᠠᠨᠠᠭᠠᠨ᠎ᠤ ᠬᠥᠳᠡᠯᠭᠡᠬᠦ᠌ ᠬᠦᠴᠦᠨ᠂ ᠠᠷᠠᠳ ᠤᠯᠠᠨ᠎ᠤ ᠪᠦᠬᠦ᠌ ᠲᠠᠯ᠎ᠠ᠎ᠶ᠋ᠢᠨ ᠬᠥᠭ᠌ᠵᠢᠯᠲᠡ ᠪᠣᠯ ᠰᠠᠢᠨ ᠰᠠᠢᠬᠠᠨ ᠠᠮᠢᠳᠤᠷᠠᠯ᠎ᠤᠨ ᠢᠯᠡ ᠲᠤᠳᠤ ᠢᠯᠡᠷᠡᠯ ᠮᠥᠨ᠃
ᠳᠤᠮᠳᠠᠳᠤ ᠤᠯᠤᠰ᠎ᠤᠨ ᠠᠷᠠᠳ ᠲᠦᠮᠡᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠠᠭᠠᠭᠤᠯᠭ᠎ᠠ ᠳᠣᠣᠷ᠎ᠠ᠂ ᠰᠡᠷᠭᠦᠭ᠌ᠰᠡᠨ᠂ ᠪᠣᠰᠴᠤ᠌ ᠵᠣᠭ᠍ᠰᠣᠭ᠍ᠰᠠᠨ᠂ ᠪᠠᠶᠠᠵᠢᠭ᠍ᠰᠠᠨ᠎ᠠᠴᠠ᠎ᠪᠠᠨ ᠬᠦᠴᠦᠷᠬᠡᠭ᠌ᠵᠢᠭ᠌ᠰᠡᠨ ᠲᠡᠦᠬᠡ᠎ᠶ᠋ᠢᠨ ᠬᠤᠪᠢᠷᠠᠯᠲᠠ᠎ᠶ᠋ᠢ ᠪᠡᠶᠡᠯᠡᠭᠦᠯᠵᠦ᠍᠂ ᠳᠤᠮᠳᠠᠳᠤ ᠤᠯᠤᠰ᠎ᠤᠨ ᠠᠷᠠᠳ ᠲᠦᠮᠡᠨ ᠤᠷᠢᠳᠤ ᠡᠮᠦᠨ᠎ᠡ ᠪᠠᠢᠭ᠎ᠠ ᠦᠭᠡᠢ ᠪᠦᠲᠦᠭᠡᠯᠴᠢ ᠬᠦᠴᠦᠨ᠎ᠢ ᠪᠠᠳᠠᠷᠠᠭᠤᠯᠵᠤ᠂ ᠭᠠᠵᠠᠷ ᠪᠣᠯᠭᠠᠨ᠎ᠳᠤ ᠠᠮᠢᠵᠢᠷᠠᠯ᠎ᠤᠨ ᠬᠦᠴᠦᠨ᠎ᠢᠶᠠᠷ ᠪᠢᠯᠬᠠᠵᠤ᠂ ᠭᠠᠵᠠᠷ ᠪᠣᠯᠭᠠᠨ᠎ᠳᠤ ᠬᠦᠴᠦᠷᠬᠡᠭ᠌ᠵᠢᠬᠦ᠌᠎ᠪᠠᠷ ᠬᠦᠴᠦᠯᠡᠨ ᠴᠢᠷᠮᠠᠢᠵᠤ᠂ ᠭᠠᠵᠠᠷ ᠪᠣᠯᠭᠠᠨ᠎ᠳᠤ ᠰᠠᠢᠨ ᠰᠠᠢᠬᠠᠨ ᠠᠮᠢᠳᠤᠷᠠᠯ᠎ᠢ ᠪᠦᠳᠦᠭᠡᠨ ᠪᠠᠢᠭᠤᠯᠬᠤ ᠱᠢᠨ᠎ᠡ ᠬᠦᠴᠦᠨ ᠴᠡᠷᠢᠭ᠎ᠲᠠᠢ ᠪᠣᠯᠵᠠᠢ᠃ ᠡᠪ ᠬᠠᠮᠲᠤ ᠨᠠᠮ ᠪᠠᠢᠬᠤ ᠦᠭᠡᠢ ᠪᠣᠯ ᠱᠢᠨ᠎ᠡ ᠳᠤᠮᠳᠠᠳᠤ ᠤᠯᠤᠰ ᠪᠠᠢᠵᠤ ᠴᠢᠳᠠᠬᠤ ᠦᠭᠡᠢ᠂ ᠭᠠᠭ᠍ᠴᠠ ᠬᠦ᠌ ᠡᠪ ᠬᠠᠮᠳᠤ ᠨᠠᠮ᠎ᠤᠨ ᠲᠠᠭᠠᠭᠤᠯᠭ᠎ᠠ ᠳᠣᠣᠷ᠎ᠠ ᠳᠤᠮᠳᠠᠳᠤ ᠤᠯᠤᠰ᠎ᠤᠨ ᠠᠷᠠᠳ ᠲᠦᠮᠡᠨ ᠰᠠᠶᠢ ᠱᠢᠨ᠎ᠡ ᠴᠠᠭ ᠦᠶ᠎ᠡ᠎ᠶ᠋ᠢᠨ ᠰᠠᠢᠨ ᠰᠠᠢᠬᠠᠨ ᠠᠮᠢᠳᠤᠷᠠᠯ᠎ᠢ ᠦᠷᠭᠦᠯᠵᠢᠯᠡᠨ ᠬᠠᠮᠲᠤ᠎ᠪᠠᠷ ᠪᠦᠳᠦᠭᠡᠨ ᠪᠠᠢᠭᠤᠯᠵᠤ᠂ ᠳᠤᠮᠳᠠᠳᠤ᠎ᠶ᠋ᠢᠨ ᠵᠡᠭᠦᠳᠦ᠎ᠶ᠋ᠢ ᠲᠡᠷᠭᠡᠯᠱᠢᠬᠦᠯᠵᠦ᠍ ᠴᠢᠳᠠᠨ᠎ᠠ᠃ ᠬᠤᠪᠢᠰᠭᠠᠯ ᠪᠠ ᠪᠦᠳᠦᠭᠡᠨ ᠪᠠᠢᠭᠤᠯᠤᠯᠲᠠ᠎ᠶ᠋ᠢᠨ ᠶᠠᠪᠤᠴᠠ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ ᠠᠮᠢ ᠪᠡᠶ᠎ᠡ᠎ᠪᠠᠨ ᠦᠷᠡᠭ᠌ᠳᠡᠭᠦᠯᠬᠦ᠌᠎ᠠᠴᠠ ᠠᠶᠤᠬᠤ ᠦᠭᠡᠢ ᠥᠪᠡᠷ᠎ᠤᠨ ᠪᠡᠶ᠎ᠡ᠎ᠳᠡᠭᠡᠨ ᠬᠤᠪᠢᠰᠭᠠᠯ ᠬᠢᠬᠦ᠌ ᠵᠣᠷᠢᠭ ᠰᠠᠨᠠᠭ᠎ᠠ᠎ᠶ᠋ᠢ ᠭᠦᠢᠴᠡᠳ ᠪᠠᠳᠠᠷᠠᠭᠤᠯᠵᠤ᠂ 《ᠨᠠᠨᠳᠢᠨ ᠠᠮᠢ᠎ᠪᠠᠨ ᠴᠦᠯᠡᠨ ᠦᠷᠡᠭ᠌ᠳᠡᠬᠦᠯᠬᠦ᠌ ᠠᠤᠭ᠎ᠠ ᠵᠤᠷᠢᠭ ᠦᠯᠡᠮᠵᠢ᠂ ᠨᠡᠷᠡᠨ ᠰᠠᠷᠠᠨ᠎ᠢ ᠵᠢᠭᠠᠨ ᠵᠠᠬᠢᠷᠴᠤ᠌ ᠱᠢᠨ᠎ᠡ ᠣᠷᠴᠢᠯᠠᠩ ᠪᠣᠯᠭᠠᠬᠤ》 ᠶ᠋ᠢ ᠦᠨᠡᠨ ᠬᠦ᠌ ᠦᠢᠯᠡᠳᠦᠯᠭᠡᠵᠢᠭᠦᠯᠵᠦ᠍᠂ ᠦᠢᠯᠡ ᠠᠵᠢᠯᠯᠠᠭ᠎ᠠ᠎ᠪᠠᠷ᠎ᠢᠶᠠᠨ ᠪᠢᠴᠢᠭ᠌ᠯᠡᠭ᠌ᠰᠡᠨ ᠶᠠᠨ ᠠᠨ᠎ᠤ ᠵᠣᠷᠢᠭ ᠰᠠᠨᠠᠭ᠎ᠠ᠂ ᠳ᠋ᠠᠴᠢᠩ᠎ᠤᠨ ᠵᠣᠷᠢᠭ ᠰᠠᠨᠠᠭ᠎ᠠ᠂ ᠬᠢᠵᠢᠭ᠎ᠲᠠᠢ ᠲᠡᠮᠡᠴᠡᠬᠦ᠌ ᠵᠣᠷᠢᠭ ᠰᠠᠨᠠᠭ᠎ᠠ ᠵᠡᠷᠭᠡ ᠤᠶᠤᠨ ᠰᠠᠨᠠᠭᠠᠨ᠎ᠤ ᠴᠠᠳᠢᠭ᠎ᠨᠢ ᠨᠠᠮ᠎ᠤᠨ ᠭᠡᠱᠢᠭᠦᠨ᠎ᠤ ᠰᠡᠳᠭᠢᠯ᠎ᠳᠤ ᠭᠦᠨ ᠬᠠᠳᠠᠩᠱᠢᠵᠠᠢ᠃
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠤᠰᠤᠳ ᠲᠦᠷᠦ᠎ᠶ᠋ᠢᠨ ᠨᠠᠮ᠎ᠯᠤᠭ᠎ᠠ᠎ᠶ᠋ᠢᠨ ᠦᠨᠳᠦᠰᠦᠨ ᠢᠯᠭᠠᠭ᠎ᠠ ᠪᠣᠯ ᠳᠠᠷᠤᠢ ᠥᠪᠡᠷ᠎ᠤᠨ ᠣᠨᠴᠠᠭᠠᠢ ᠠᠱᠢᠭ ᠲᠤᠰᠠ ᠤᠢ᠍ᠭᠡᠢ᠂ ᠳᠤᠮᠳᠠᠳᠤ᠎ᠶ᠋ᠢᠨ ᠦᠨᠳᠦᠰᠦᠲᠡᠨ᠎ᠤ ᠬᠤᠱᠢᠭᠤᠴᠢ ᠠᠩᠬᠢ ᠮᠥᠨ᠃ ᠳᠤᠮᠳᠠᠳᠤ ᠤᠯᠤᠰ᠎ᠤᠨ ᠡᠪ ᠬᠠᠮᠲᠤ ᠨᠠᠮ ᠪᠦᠬᠦ᠌ ᠤᠯᠤᠰ᠎ᠤᠨ ᠠᠷᠠᠳ ᠲᠦᠮᠡᠨ᠎ᠢ ᠳᠠᠭᠠᠭᠤᠯᠤᠨ ᠰᠠᠢᠨ ᠰᠠᠢᠬᠠᠨ ᠠᠮᠢᠳᠤᠷᠠᠯ᠎ᠢ ᠴᠣᠭ᠍ᠴᠠᠯᠠᠵᠤ ᠴᠢᠳᠠᠭ᠍ᠰᠠᠨ᠎ᠤ ᠦᠨᠳᠦᠰᠦᠨ ᠱᠢᠯᠲᠠᠭᠠᠨ᠎ᠨᠢ ᠨᠠᠮ ᠪᠣᠯᠤᠨ ᠳᠤᠮᠳᠠᠳᠤ ᠤᠯᠤᠰ᠎ᠤᠨ ᠠᠷᠠᠳ ᠲᠦᠮᠡᠨ᠎ᠤ ᠴᠢᠰᠤ ᠮᠢᠬᠠᠨ᠎ᠤ ᠪᠠᠷᠢᠯᠳᠤᠯᠭ᠎ᠠ᠎ᠳᠤ ᠪᠠᠢᠵᠤ᠂ ᠲᠡᠭᠦᠨ᠎ᠤ ᠴᠢᠮᠥᠭᠡᠨ᠎ᠳᠤ ᠱᠢᠩᠭᠡᠭ᠌ᠰᠡᠨ ᠤᠯᠠᠨ ᠲᠦᠮᠡᠨᠴᠢ ᠲᠡᠦᠬᠡ᠎ᠶ᠋ᠢᠨ ᠦᠵᠡᠯᠲᠡ᠎ᠳᠤ ᠪᠤᠢ᠃ ᠳᠤᠮᠳᠠᠳᠤ ᠤᠯᠤᠰ᠎ᠤᠨ ᠡᠪ ᠬᠠᠮᠲᠤ ᠨᠠᠮ ᠠᠷᠠᠳ ᠲᠦᠮᠡᠨ᠎ᠢ ᠭᠦᠢᠴᠡᠳ ᠢᠲᠡᠭᠡᠵᠦ᠍᠂ ᠥᠪᠡᠷ᠎ᠤᠨ ᠣᠨᠣᠯ᠎ᠢᠶᠠᠨ ᠠᠷᠠᠳ ᠣᠯᠠᠨ᠎ᠳᠤ ᠨᠡᠢᠲᠡᠯᠡᠵᠦ᠍᠂ ᠠᠷᠠᠳ ᠣᠯᠠᠨ᠎ᠳᠤ ᠭᠦᠢᠴᠡᠳ ᠣᠢᠯᠠᠭᠠᠭᠤᠯᠵᠤ᠂ ᠮᠡᠳᠡᠷᠡᠭᠦᠯᠵᠦ᠍᠂ ᠣᠷᠣᠯᠴᠠᠭᠤᠯᠵᠤ᠂ ᠠᠷᠠᠳ ᠲᠦᠮᠡᠨ᠎ᠢ ᠳᠠᠭᠠᠭᠤᠯᠤᠨ ᠠᠤᠭ᠎ᠠ ᠦᠢᠯᠡᠰ᠎ᠢ ᠬᠠᠮᠲᠤ᠎ᠪᠠᠷ ᠪᠦᠲᠦᠭᠡᠨ ᠪᠠᠢᠭᠤᠯᠵᠠᠢ᠃ ᠠᠷᠠᠳ ᠲᠦᠮᠡᠨ ᠪᠣᠯ ᠲᠠᠷᠤᠢ ᠲᠦᠷᠦ᠍ ᠵᠠᠰᠠᠭ ᠮᠥᠨ᠂ ᠲᠦᠷᠦ᠍ ᠵᠠᠰᠠᠭ ᠪᠣᠯ ᠲᠠᠷᠤᠢ ᠠᠷᠠᠳ ᠲᠦᠮᠡᠨ ᠮᠥᠨ᠂ ᠠᠷᠠᠳ ᠲᠦᠮᠡᠨ᠎ᠢᠶᠠᠷ ᠭᠤᠣᠯ ᠪᠣᠯᠭᠠᠵᠤ᠂ ᠠᠷᠠᠳ ᠲᠦᠮᠡᠨ᠎ᠳᠤ ᠦᠢᠯᠡᠴᠢᠯᠡᠵᠦ᠍᠂ ᠠᠷᠠᠳ ᠲᠦᠮᠡᠨ᠎ᠢ ᠢᠲᠡᠭᠡᠵᠦ᠍᠂ ᠠᠷᠠᠳ ᠲᠦᠮᠡᠨ᠎ᠳᠤ ᠲᠦᠱᠢᠭ᠌ᠯᠡᠵᠦ᠍᠂ ᠡᠳᠡᠭᠡᠷ᠎ᠨᠢ ᠵᠥᠪᠬᠡᠨ ᠤᠷᠢᠶ᠎ᠠ ᠲᠡᠳᠦᠢ ᠪᠢᠰᠢ᠂ ᠬᠠᠷᠢᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠯᠠᠮ᠎ᠠᠴᠠ ᠤᠯᠠᠮ ᠬᠦᠴᠦᠷᠬᠡᠭ᠌ᠵᠢᠵᠦ᠍᠂ ᠳᠤᠮᠳᠠᠳᠤ ᠤᠯᠤᠰ᠎ᠤᠨ ᠠᠷᠠᠳ ᠲᠦᠮᠡᠨ᠎ᠢ ᠬᠦᠲᠦᠯᠦᠨ ᠳᠠᠭᠠᠭᠤᠯᠵᠤ ᠦᠷᠭᠦᠯᠵᠢᠯᠡᠨ 《ᠰᠠᠢᠨ ᠰᠠᠢᠬᠠᠨ ᠠᠮᠢᠳᠤᠷᠠᠯ》 ᠢ ᠡᠭᠦᠳᠦᠨ ᠪᠦᠲᠦᠭᠡᠬᠦ᠌ ᠬᠦᠴᠦᠨ ᠴᠢᠳᠠᠯ᠎ᠤᠨ ᠡᠬᠢ ᠰᠤᠷᠪᠤᠯᠵᠢ ᠮᠥᠨ᠃

《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠥᠪᠵᠢᠭᠦᠯᠭᠡ᠎ᠨᠢ ᠨᠢᠭᠡᠨᠲᠡ ᠨᠠᠩ ᠰᠠᠢᠨ ᠰᠠᠢᠬᠠᠨ ᠱᠢᠨ᠎ᠡ ᠬᠠᠭᠤᠳᠠᠰᠤ᠎ᠶ᠋ᠢ ᠵᠢᠷᠤᠭ᠍ᠯᠠᠪᠠ᠃ ᠦᠵᠡᠰᠭᠦᠯᠡᠩᠲᠦ ᠰᠠᠢᠬᠠᠨ ᠥᠪᠥᠷ ᠮᠣᠩᠭᠤᠯ ᠪᠣᠯ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠠᠬᠢᠯᠡᠯᠲᠡ ᠪᠣᠯᠬᠤ᠎ᠪᠠᠷ ᠪᠠᠷᠠᠬᠤ ᠥᠬᠡᠶ᠂ ᠪᠠᠰᠠ ᠴᠤ᠌ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠤ ᠬᠠᠯᠬᠠᠪᠴᠢ᠂ ᠨᠠᠩ ᠴᠤ᠌ ᠦᠨᠳᠦᠰᠦᠲᠡᠨ᠎ᠨᠦᠭᠦᠳ ᠪᠦᠯᠬᠦᠮᠳᠡᠨ ᠬᠠᠮᠲᠤ᠎ᠪᠠᠷ ᠪᠠᠢᠭᠤᠯᠵᠤ ᠬᠠᠮᠲᠤ᠎ᠪᠠᠷ ᠴᠡᠴᠡᠭ᠌ᠯᠡᠨ ᠬᠥᠭ᠌ᠵᠢᠭᠦ᠌ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠪᠣᠯᠤᠨ᠎ᠠ᠃ ᠥᠪᠥᠷ ᠮᠣᠩᠭᠤᠯ ᠬᠡᠷᠬᠢᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠢᠯᠤᠭᠤᠳᠤᠯᠭ᠎ᠠ ᠳᠣᠣᠷ᠎ᠠ 《ᠰᠠᠢᠨ ᠰᠠᠢᠬᠠᠨ ᠠᠮᠢᠳᠤᠷᠠᠯ》 ᠤᠨ ᠵᠠᠮ᠎ᠢᠶᠠᠷ ᠦᠷᠭᠦᠯᠵᠢᠯᠡᠨ ᠤᠷᠤᠭ᠍ᠰᠢᠯᠠᠬᠤ ᠪᠣᠯ ᠱᠢᠨ᠎ᠡ ᠴᠠᠭ ᠦᠶ᠎ᠡ᠎ᠶ᠋ᠢᠨ ᠴᠢᠬᠤᠯᠠ ᠰᠡᠳᠦᠪ ᠪᠣᠯᠤᠨ᠎ᠠ᠃ ᠠᠷᠠᠳ ᠲᠦᠮᠡᠨ᠎ᠢᠶᠠᠷ ᠭᠤᠣᠯ ᠪᠣᠯᠭᠠᠬᠤ᠎ᠶ᠋ᠢ ᠪᠠᠷᠢᠮᠲᠠᠯᠠᠵᠤ᠂ ᠬᠦᠰᠡᠯᠡᠩ ᠢᠲᠡᠭᠡᠯ ᠪᠢᠱᠢᠷᠡᠯ᠎ᠢᠶᠠᠨ ᠪᠠᠲᠤᠳᠭᠠᠬᠤ ᠪᠣᠯ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠳᠠᠭᠠᠭᠤᠯᠤᠨ ᠦᠷᠭᠦᠯᠵᠢᠯᠡᠨ ᠰᠠᠢᠨ ᠰᠠᠢᠬᠠᠨ ᠠᠮᠢᠳᠤᠷᠠᠯ᠎ᠤᠨ ᠲᠥᠯᠥᠭᠡ ᠲᠡᠮᠡᠴᠡᠬᠦ᠌ ᠢᠲᠡᠭᠡᠯ ᠪᠢᠱᠢᠷᠡᠯ᠎ᠤᠨ ᠪᠠᠲᠤᠯᠠᠭ᠎ᠠ ᠮᠦᠨ; ᠨᠠᠮ᠎ᠤᠨ ᠵᠣᠬᠢᠶᠠᠨ ᠪᠠᠢᠭᠤᠯᠤᠯᠲᠠ ᠪᠠ ᠬᠥᠲᠥᠯᠥᠨ ᠳᠠᠭᠠᠭᠤᠯᠬᠤ ᠴᠢᠳᠠᠪᠤᠷᠢ᠎ᠶ᠋ᠢ ᠴᠢᠩᠭᠠᠳᠭᠠᠵᠤ᠂ ᠬᠠᠮᠤᠭ᠎ᠤᠨ ᠥᠷᠭᠡᠨ ᠣᠯᠠᠨ ᠠᠷᠠᠳ ᠲᠦᠮᠡᠨ᠎ᠤ ᠭᠤᠤᠯ ᠴᠣᠭ᠍ᠴᠠ᠎ᠶ᠋ᠢᠨ ᠴᠢᠳᠠᠮᠠᠭᠠᠶ ᠴᠢᠨᠠᠷ᠎ᠢ ᠬᠠᠮᠤᠭ᠎ᠤᠨ ᠶᠡᠭᠡ ᠬᠡᠮᠵᠢᠶ᠎ᠡ᠎ᠪᠠᠷ ᠳᠠᠢᠴᠢᠯᠠᠬᠤ ᠪᠣᠯ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠰᠠᠢᠨ ᠰᠠᠢᠬᠠᠨ ᠠᠮᠢᠳᠤᠷᠠᠯ᠎ᠢ ᠬᠠᠮᠲᠤ᠎ᠪᠠᠷ ᠪᠥᠲᠥᠭᠡᠨ ᠪᠠᠢᠭᠤᠯᠬᠤ᠎ᠶ᠋ᠢᠨ ᠵᠣᠬᠢᠶᠠᠨ ᠪᠠᠢᠭᠤᠯᠤᠯᠲᠠ᠎ᠶ᠋ᠢᠨ ᠪᠠᠲᠤᠯᠠᠭ᠎ᠠ ᠮᠥᠨ; ᠪᠣᠳᠠᠰ᠎ᠤᠨ ᠪᠣᠯᠪᠠᠰᠤᠨ᠂ ᠤᠯᠤᠰ ᠲᠦᠷᠦ᠎ᠶ᠋ᠢᠨ ᠪᠣᠯᠪᠠᠰᠤᠨ᠂ ᠤᠶᠤᠨ᠎ᠤ ᠪᠣᠯᠪᠠᠰᠤᠨ᠂ ᠨᠡᠢᠭᠡᠮ᠎ᠤᠨ ᠪᠣᠯᠪᠠᠰᠤᠨ᠂ ᠠᠮᠢ ᠠᠬᠤᠢ᠎ᠶ᠋ᠢᠨ ᠪᠣᠯᠪᠠᠰᠤᠨ᠎ᠤ ᠱᠢᠰᠲ᠋ᠧᠮ᠎ᠲᠠᠢ ᠵᠣᠬᠢᠴᠠᠩᠭᠤᠢ ᠬᠥᠭ᠌ᠵᠢᠯᠲᠡ᠎ᠶ᠋ᠢ ᠴᠢᠬᠤᠯᠠᠴᠢᠯᠠᠬᠤ ᠪᠣᠯ ᠰᠠᠢᠨ ᠰᠠᠢᠬᠠᠨ ᠠᠮᠢᠳᠤᠷᠠᠯ᠎ᠢ ᠪᠡᠶᠡᠯᠡᠭᠦᠯᠬᠦ᠌ ᠠᠷᠭ᠎ᠠ᠎ᠶ᠋ᠢᠨ ᠤᠨᠤᠯ᠎ᠤᠨ ᠪᠠᠲᠤᠯᠠᠭ᠎ᠠ ᠮᠥᠨ᠃
ᠥᠨᠥᠳᠦᠷ᠎ᠤᠨ ᠳᠤᠮᠳᠠᠳᠤ ᠤᠯᠤᠰ᠎ᠲᠤ ᠭᠠᠵᠠᠷ ᠰᠠᠢ ᠦᠭᠡᠢ ᠬᠥᠭ᠌ᠵᠢᠶᠡᠨᠲᠦ ᠡᠭᠦᠳᠦᠯᠲᠡ᠂ ᠭᠠᠵᠠᠷ ᠰᠠᠢ ᠦᠭᠡᠢ ᠠᠭᠤᠤ ᠶᠡᠭᠡ ᠡᠭᠦᠳᠦᠯᠲᠡ ᠪᠠᠢᠵᠤ᠂ ᠭᠠᠵᠠᠷ ᠰᠠᠢ ᠦᠭᠡᠢ ᠦᠨᠡᠨ ᠰᠡᠳᠭᠢᠯ᠎ᠤᠨ ᠵᠣᠯ ᠵᠢᠷᠭᠠᠯᠲᠤ ᠢᠨᠢᠶᠡᠮᠰᠦᠭ᠌ᠯᠡᠯ ᠲᠤᠳᠤᠷᠠᠵᠤ᠂ 《ᠰᠠᠢᠨ ᠰᠠᠢᠬᠠᠨ ᠠᠮᠢᠳᠤᠷᠠᠯ》 ᠨᠢ ᠳᠤᠮᠳᠠᠳᠤ ᠤᠯᠤᠰ᠎ᠤᠨ ᠠᠷᠠᠳ ᠲᠦᠮᠡᠨ᠎ᠤ ᠬᠦᠷᠲᠡᠮᠵᠢ᠎ᠶ᠋ᠢᠨ ᠲᠦᠷᠦᠭ᠌ᠳᠡᠯ᠂ ᠵᠢᠷᠭᠠᠯᠲᠤ ᠲᠦᠷᠦᠭ᠌ᠳᠡᠯ ᠪᠣᠯᠤᠨ ᠠᠮᠤᠷ ᠲᠦᠪᠱᠢᠨ᠎ᠤ ᠲᠦᠷᠦᠭ᠌ᠳᠡᠯ᠎ᠢᠶᠠᠷ ᠢᠯᠡᠷᠡᠵᠦ᠍ ᠪᠠᠢᠨ᠎ᠠ᠃ 21 ᠳ᠋ᠦ᠍ᠭᠡᠷ ᠵᠠᠭᠤᠨ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ ᠳᠤᠮᠳᠠᠳᠤ ᠤᠯᠤᠰ᠎ᠤᠨ ᠠᠷᠠᠳ ᠲᠦᠮᠡᠨ᠎ᠢ ᠦᠷᠭᠦᠯᠵᠢᠯᠡᠨ ᠪᠦᠯᠬᠦᠮᠳᠡᠭᠦᠯᠦᠨ ᠳᠠᠭᠠᠭᠤᠯᠵᠤ ᠰᠠᠢᠨ ᠰᠠᠢᠬᠠᠨ ᠠᠮᠢᠳᠤᠷᠠᠯ᠎ᠤᠨ ᠲᠥᠯᠥᠭᠡ ᠲᠡᠮᠡᠴᠡᠭᠦᠯᠵᠦ᠍᠂ ᠳᠤᠮᠳᠠᠳᠤ ᠤᠯᠤᠰ᠎ᠤᠨ ᠠᠷᠠᠳ ᠲᠦᠮᠡᠨ ᠨᠡᠩ ᠴᠤᠭ ᠪᠠᠳᠠᠷᠠᠩᠭᠤᠢ ᠲᠡᠮᠡᠴᠡᠯ᠎ᠤᠨ ᠵᠣᠷᠢᠭ᠎ᠢᠶᠠᠷ ᠨᠡᠩ ᠰᠠᠢᠨ ᠰᠠᠢᠬᠠᠨ ᠠᠮᠢᠳᠤᠷᠠᠯ᠎ᠤᠨ ᠲᠥᠯᠥᠭᠡ ᠲᠡᠮᠡᠴᠡᠬᠦ᠌ ᠪᠤᠯᠤᠨ᠎ᠠ᠃
(ᠵᠣᠬᠢᠶᠠᠭ᠍ᠴᠢ᠎ᠶ᠋ᠢᠨ ᠨᠢᠭᠡᠴᠢ᠄ ᠥᠪᠥᠷ ᠮᠣᠩᠭᠤᠯ᠎ᠤᠨ ᠶᠡᠭᠡ ᠰᠤᠷᠭᠠᠭᠤᠯᠢ᠎ᠶ᠋ᠢᠨ ᠭᠦᠨ ᠤᠬᠠᠭᠠᠨ᠎ᠤ ᠳᠡᠭᠡᠳᠦ ᠰᠤᠷᠭᠠᠭᠤᠯᠢ)
【 ᠠᠷᠠᠳ ᠤᠯᠠᠨ᠎ᠤ ᠰᠡᠳᠭᠢᠯ᠎ᠤᠨ ᠦᠬᠡ 】
ᠦᠷᠭᠦᠯᠵᠢᠯᠡᠨ ᠲᠡᠮᠡᠴᠡᠬᠦ᠌ ᠬᠦᠴᠦᠷᠬᠡᠭ ᠶᠡᠭᠡ ᠨᠡᠢᠯᠡᠮᠡᠯ ᠬᠦᠴᠦᠨ᠎ᠢ ᠨᠢᠭ᠍ᠲᠠᠷᠠᠭᠤᠯᠤᠨ᠎ᠠ
ᠬᠠᠨ ᠱᠢᠤᠸᠠᠢ ᠷᠦ᠍
ᠲᠤᠭᠠᠴᠢᠬ᠍ᠴᠢ᠄ ᠤᠯᠠᠭᠠᠨᠴᠠᠪ ᠬᠤᠲᠠ᠎ᠶ᠋ᠢᠨ ᠱᠢᠩ ᠾᠧ ᠱᠢᠶᠠᠨ᠎ᠤ ᠶᠡᠭᠡ ᠬᠦᠷᠢᠶ᠎ᠡ ᠱᠢᠶᠠᠩ᠎ᠤᠨ ᠶᠡᠭᠡ ᠬᠦᠷᠢᠶ᠎ᠡ ᠲᠣᠰᠭᠤᠨ᠎ᠤ ᠲᠣᠰᠭᠤᠨ᠎ᠳᠤ ᠰᠠᠭᠤᠭ᠎ᠠ ᠨᠢᠭᠡᠳᠦᠭᠡᠷ ᠱᠦᠵᠢ ᠰᠦᠨ ᠯᠢ ᠵᠢᠶᠦ᠋ᠨ
2017 ᠣᠨ᠎ᠤ 5 ᠰᠠᠷ᠎ᠠ᠎ᠳᠤ᠂ ᠪᠢ ᠠᠩᠬ᠎ᠠ ᠤᠳᠠᠭ᠎ᠠ ᠶᠡᠭᠡ ᠬᠦᠷᠢᠶ᠎ᠡ ᠲᠣᠰᠭᠤᠨ᠎ᠳᠤ ᠢᠷᠡᠪᠡ᠃ ᠲᠡᠷᠡ ᠦᠶ᠎ᠡ᠎ᠳᠤ᠂ ᠲᠤᠰᠭᠤᠨ ᠪᠠᠰᠠ ᠶᠠᠳᠠᠭᠤ ᠬᠦᠴᠢᠷᠳᠡᠯᠲᠡᠢ ᠲᠣᠰᠭᠤᠨ᠎ᠤ ᠮᠠᠯᠠᠭᠠᠢ ᠵᠡᠭᠦᠵᠦ᠍᠂ ᠪᠠᠢᠭᠠᠯᠢ᠎ᠶ᠋ᠢᠨ ᠨᠥᠬᠦᠴᠡᠯ ᠮᠠᠭᠤ᠂ ᠠᠵᠤ ᠠᠬᠤᠢ᠎ᠶ᠋ᠢᠨ ᠬᠥᠭ᠌ᠵᠢᠯᠲᠡ ᠬᠤᠴᠣᠷᠤᠩᠭᠤᠢ᠂ ᠲᠣᠰᠭᠤᠨ᠎ᠤ ᠠᠷᠠᠳ᠎ᠤᠨ ᠣᠷᠣᠯᠭ᠎ᠠ ᠳᠣᠣᠷ᠎ᠠ ᠪᠠᠢᠵᠠᠢ᠃
ᠪᠢ ᠶᠡᠭᠡ ᠬᠦᠷᠢᠶ᠎ᠡ ᠲᠣᠰᠭᠤᠨ᠎ᠤ ᠪᠦᠬᠦ᠌ ᠲᠤᠰᠭᠤᠨ᠎ᠤ ᠶᠠᠳᠠᠭᠤ᠎ᠠᠴᠠ ᠠᠩᠭᠢᠵᠢᠷᠠᠭᠤᠯᠬᠤ ᠲᠥᠯᠥᠪᠯᠡᠭᠡ ᠵᠢᠴᠢ ᠶᠠᠳᠠᠭᠤ ᠬᠦᠴᠢᠷᠳᠡᠯᠲᠡᠶ ᠡᠷᠦᠬᠡ ᠨᠢᠭᠡᠪᠦᠷᠢ᠎ᠶ᠋ᠢ ᠬᠠᠪᠰᠤᠷᠤᠨ ᠲᠡᠳᠬᠦᠬᠦ᠌ ᠪᠣᠳᠠᠲᠠᠶ ᠲᠥᠯᠥᠪᠯᠡᠭᠡ ᠲᠣᠭ᠍ᠲᠠᠭᠠᠵᠤ᠂ ᠬᠠᠪᠰᠤᠷᠤᠨ ᠲᠡᠳᠬᠦᠬᠦ᠌ ᠠᠵᠢᠯ᠎ᠤᠨ ᠡᠬᠡ ᠲᠠᠩᠰᠠ᠎ᠶ᠋ᠢ ᠪᠦᠷᠢᠨᠱᠢᠬᠦᠯᠤᠨ᠂ ᠪᠠᠢᠳᠠᠯ᠎ᠢ ᠣᠢᠯᠠᠭᠠᠵᠤ ᠵᠢᠭ᠍ᠰᠠᠭᠠᠨ ᠪᠠᠢᠴᠠᠭᠠᠬᠤ ᠠᠵᠢᠯ᠎ᠢ ᠨᠠᠷᠢᠨ ᠬᠢᠨᠠᠮᠠᠭᠠᠶ ᠥᠷᠨᠢᠭᠦᠯᠵᠦ᠍᠂ ᠶᠡᠭᠡ ᠬᠦᠷᠢᠶ᠎ᠡ ᠱᠢᠶᠠᠩ ᠬᠠᠮᠤᠭ᠎ᠤᠨ ᠲᠦᠷᠦᠭᠦᠨ᠎ᠳᠤ ᠶᠠᠳᠠᠭᠤ ᠬᠦᠴᠢᠷᠳᠡᠯᠲᠡᠶ ᠡᠷᠦᠬᠡ᠎ᠶ᠋ᠢᠨ ᠲᠠᠩᠰᠠ ᠡᠪᠬᠡᠮᠡᠯ᠂ ᠢᠯᠡ ᠺᠠᠷᠲ᠂ ᠶᠠᠳᠠᠭᠤ᠎ᠶ᠋ᠢ ᠲᠡᠳᠬᠦᠬᠦ᠌ ᠭᠠᠷ ᠠᠪᠤᠯᠭ᠎ᠠ ᠵᠡᠷᠭᠡ᠎ᠶ᠋ᠢ ᠡᠯᠧᠺᠲᠷᠤᠨᠴᠢᠯᠠᠵᠤ᠂ ᠠᠵᠢᠯ᠎ᠤᠨ ᠦᠷ᠎ᠡ ᠪᠦᠲᠦᠮᠵᠢ᠎ᠶ᠋ᠢ ᠶᠡᠭᠡ᠎ᠪᠠᠷ ᠳᠡᠭᠡᠭ᠌ᠰᠢᠯᠡᠭᠦᠯᠪᠡ᠃ 《ᠵᠠᠬᠢᠶᠠᠯᠠᠬᠤ ᠮᠠᠶᠢᠭ》 ᠤᠨ ᠳᠠᠷᠢᠵᠤ ᠲᠡᠵᠢᠭᠡᠬᠦ᠌ ᠠᠵᠤ ᠦᠢᠯᠡᠰ᠎ᠢ ᠨᠠᠢᠳᠠᠪᠤᠷᠢᠵᠢᠭᠤᠯᠵᠤ᠂ 《ᠦᠷᠡᠵᠢᠯ᠎ᠤᠨ ᠬᠤᠨᠢᠨ᠎ᠤ ᠪᠠᠩᠬᠢ》 ᠶ᠋ᠢᠨ ᠲᠦᠷᠦᠯ ᠵᠦᠢᠯ᠎ᠢ ᠠᠬᠢᠭᠤᠯᠵᠤ᠂ 《ᠲᠠᠷᠢᠶᠠᠴᠢᠨ ᠠᠢᠯ᠎ᠳᠠᠬᠢ ᠵᠢᠭᠤᠯᠴᠢᠯᠠᠯ》 ᠤᠨ ᠲᠦᠷᠦᠯ ᠵᠦᠢᠯ᠎ᠢ ᠥᠭᠡᠷᠡᠴᠢᠯᠡᠨ ᠪᠠᠢᠭᠤᠯᠵᠤ᠂ ᠲᠠᠷᠢᠶᠠᠯᠠᠩ᠎ᠤᠨ ᠪᠦᠲᠦᠭᠡᠭ᠌ᠳᠡᠬᠦᠨ᠎ᠤ ᠠᠷᠠᠯᠵᠢᠶ᠎ᠠ᠂ ᠬᠥᠮᠥᠷᠭᠡᠯᠡᠨ ᠬᠠᠳᠠᠭᠠᠯᠠᠬᠤ᠂ ᠰᠡᠯᠪᠢᠨ ᠵᠠᠰᠠᠬᠤ᠂ ᠢᠳᠡᠭᠡᠨ ᠤᠮᠳᠠᠭᠠᠨ᠂ ᠰᠡᠯᠡᠭᠦᠴᠡᠯᠢ ᠨᠢᠭᠡ ᠴᠤᠬ᠍ᠴᠠᠵᠢᠭᠤᠯᠤᠬ᠍ᠰᠠᠨ ᠶᠡᠭᠡ ᠬᠦᠷᠢᠶ᠎ᠡ ᠲᠣᠰᠭᠤᠨ᠎ᠤ ᠱᠢᠨ᠎ᠡ ᠬᠡᠯᠪᠡᠷᠢ᠎ᠶ᠋ᠢᠨ ᠠᠵᠤ ᠦᠢᠯᠡᠰ᠎ᠤᠨ ᠬᠦᠷᠢᠶᠡᠯᠡᠩ ᠲᠣᠭᠤᠷᠢᠭ ᠠᠯᠭᠤᠷ᠎ᠢᠶᠠᠷ ᠬᠦᠮᠦᠰ᠎ᠤᠨ ᠨᠢᠳᠤᠨ ᠡᠮᠦᠨ᠎ᠠ ᠢᠯᠡᠷᠡᠪᠡ᠃
ᠡᠨᠡ ᠵᠢᠯ᠎ᠤᠨ 6 ᠰᠠᠷ᠎ᠠ᠎ᠳᠤ᠂ ᠪᠢ ᠪᠦᠬᠦ᠌ ᠣᠷᠣᠨ᠎ᠤ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠲᠡᠷᠢᠭᠦᠨ᠎ᠤ ᠬᠤᠪᠢ ᠬᠥᠮᠦᠨ᠎ᠢᠶᠠᠷ ᠴᠣᠯᠠᠯᠠᠬ᠍ᠳᠠᠪᠠ᠃ 24 ᠵᠢᠯ᠎ᠤᠨ ᠨᠠᠮ᠎ᠤᠨ ᠭᠡᠱᠢᠭᠦᠨ ᠪᠣᠯᠤᠭ᠍ᠰᠠᠨ᠎ᠤ ᠬᠤᠪᠢ᠎ᠳᠤ᠂ ᠪᠢ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠵᠣᠷᠢᠭ ᠰᠠᠨᠠᠭ᠎ᠠ᠎ᠶ᠋ᠢ ᠬᠦᠴᠦᠷᠬᠡᠭ ᠶᠡᠭᠡ ᠬᠦᠴᠦᠨ ᠴᠢᠳᠠᠯ ᠪᠣᠯᠭᠠᠨ ᠬᠤᠪᠢᠷᠠᠭᠤᠯᠵᠦ᠍ ᠦᠷᠭᠦᠯᠵᠢᠯᠡᠨ ᠲᠡᠮᠡᠴᠡᠨ᠎ᠠ᠃
ᠵᠠᠯᠠᠭᠤ ᠨᠠᠰᠤᠨ᠎ᠤ ᠬᠦᠴᠦᠨ ᠴᠢᠳᠠᠯ᠎ᠢᠶᠠᠨ ᠡᠷᠬᠦᠨ᠎ᠠ
ᠬᠠᠨ ᠱᠢᠤᠸᠠᠢ ᠷᠦ᠍
ᠲᠤᠭᠠᠴᠢᠬ᠍ᠴᠢ᠄ ᠬᠢᠩᠭᠠᠨ ᠠᠢᠮᠠᠭ᠎ᠤᠨ ᠵᠠᠯᠠᠢᠳ ᠬᠤᠱᠢᠭᠤᠨ᠎ᠤ ᠬᠤᠨᠭ᠌ ᠳ᠋ᠧ ᠬᠠᠷ᠎ᠠ ᠲᠠᠬᠢᠶ᠎ᠠ ᠲᠡᠵᠢᠭᠡᠨ ᠦᠷᠡᠵᠢᠭᠦᠯᠬᠦ᠌ ᠨᠡᠪᠴᠢᠭᠦᠯᠬᠦ᠌ ᠲᠤᠰᠭᠠᠶ ᠬᠤᠷᠱᠢᠶ᠎ᠠ᠎ᠶ᠋ᠢᠨ ᠬᠡᠷᠡᠭ ᠡᠷᠬᠢᠯᠡᠭ᠌ᠴᠢᠳ᠎ᠤᠨ ᠳᠠᠷᠤᠭ᠎ᠠ ᠴᠧᠨ ᠵᠢᠶᠠᠨ ᠵᠢᠶᠦ᠋ᠨ
ᠬᠡᠳᠦᠨ ᠵᠢᠯ᠎ᠤᠨ ᠡᠮᠦᠨ᠎ᠡ᠂ ᠤᠯᠤᠰ᠎ᠠᠴᠠ ᠣᠲᠣᠬᠢᠴᠢᠯᠠᠬ᠍ᠰᠠᠨ ᠲᠠᠷᠢᠶᠠᠯᠠᠩ᠎ᠤᠨ ᠬᠥᠭ᠌ᠵᠢᠯᠲᠡ᠎ᠶ᠋ᠢ ᠶᠡᠭᠡ᠎ᠪᠠᠷ ᠳᠡᠮᠵᠢᠵᠦ᠍ ᠪᠠᠢᠬᠤ᠎ᠶ᠋ᠢ ᠦᠵᠡᠭᠡᠳ᠂ ᠬᠥᠳᠡᠭᠡ ᠲᠣᠰᠭᠤᠨ᠎ᠤ ᠰᠤᠯᠠ ᠲᠠᠯᠪᠢᠵᠤ ᠪᠠᠢᠭ᠎ᠠ ᠣᠢᠲᠤ ᠭᠠᠵᠠᠷ ᠵᠢᠮᠢᠰ᠎ᠤᠨ ᠬᠦᠷᠢᠶᠡᠯᠡᠩ᠎ᠢ ᠠᠱᠢᠭ᠍ᠯᠠᠨ ᠠᠮᠢ ᠠᠬᠤᠶ᠎ᠶ᠋ᠢᠨ ᠲᠠᠬᠢᠶ᠎ᠠ ᠲᠡᠵᠢᠭᠡᠬᠦ᠌ ᠪᠣᠳᠣᠯ ᠣᠷᠣᠪᠠ᠃ 2016 ᠣᠨ᠎ᠳᠤ᠂ ᠪᠢ ᠱᠧᠨᠵᠧᠨ᠎ᠤ ᠠᠵᠢᠯ᠎ᠢᠶᠠᠨ ᠬᠠᠶᠠᠵᠤ᠂ ᠨᠤᠲᠤᠭ᠎ᠲᠠᠭᠠᠨ ᠪᠤᠴᠠᠵᠤ ᠦᠢᠯᠡᠰ ᠪᠤᠰᠭᠠᠵᠤ᠂ 6 ᠡᠷᠦᠬᠡ ᠲᠣᠰᠭᠤᠨ᠎ᠤ ᠠᠷᠠᠳ᠎ᠲᠠᠢ ᠬᠠᠮᠳᠤᠷᠠᠨ᠂ 300 ᠮᠦ᠍ ᠬᠦᠢᠯᠡᠰᠦᠨ ᠮᠤᠳᠤᠨ᠎ᠤ ᠣᠢᠲᠤ ᠭᠠᠵᠠᠷ᠎ᠤᠨ ᠡᠵᠡᠩᠨᠡᠯᠳᠡ᠎ᠶ᠋ᠢᠨ ᠡᠷᠬᠡ᠎ᠶ᠋ᠢ ᠭᠦᠢᠯᠭᠡᠭᠡᠵᠦ᠍᠂ ᠬᠤᠩ ᠳ᠋ᠧ ᠬᠠᠷ᠎ᠠ ᠲᠠᠬᠢᠶ᠎ᠠ ᠲᠡᠵᠢᠭᠡᠨ ᠦᠷᠡᠵᠢᠭᠦᠯᠬᠦ᠌ ᠨᠡᠪᠴᠢᠭᠦᠯᠬᠦ᠌ ᠲᠤᠰᠭᠠᠢ ᠬᠤᠷᠱᠢᠶ᠎ᠠ᠎ᠶ᠋ᠢ ᠪᠠᠢᠭᠤᠯᠪᠠ᠃
ᠪᠢᠳᠡ ᠦᠢᠯᠡᠰ ᠪᠤᠰᠭᠠᠬᠤ ᠶᠠᠪᠤᠴᠠ᠎ᠳᠤ ᠲᠠᠰᠤᠷᠠᠯᠲᠠ ᠥᠬᠡᠶ ᠱᠢᠨ᠎ᠡ᠎ᠶ᠋ᠢ ᠡᠭᠦᠳᠴᠦ᠍᠂ ᠣᠲᠣᠬᠠᠨ᠎ᠳᠤ 《ᠬᠢᠲᠠᠳ ᠡᠮ᠎ᠢᠶᠠᠷ ᠲᠠᠬᠢᠶ᠎ᠠ ᠲᠡᠵᠢᠭᠡᠬᠦ᠌》 ᠵᠡᠷᠭᠡ 5 ᠵᠦᠢᠯ᠎ᠤᠨ ᠤᠯᠤᠰ᠎ᠤᠨ ᠲᠠᠰ᠎ᠤᠨ ᠲᠤᠰᠭᠠᠶ ᠠᠱᠢᠭᠲᠠᠢ ᠪᠣᠯᠵᠣ᠂ ᠲᠡᠵᠢᠭᠡᠯ ᠪᠣᠷᠳᠣᠭᠠᠨ᠎ᠤ ᠣᠷᠣᠭᠤᠯᠤᠯᠲᠠ᠎ᠶ᠋ᠢᠨ ᠥᠪᠡᠷ᠎ᠤᠨ ᠥᠷᠲᠡᠭ᠎ᠢ ᠪᠠᠭᠠᠰᠭᠠᠨ᠂ ᠦᠷ᠎ᠡ ᠠᠱᠢᠭ᠎ᠢ᠎ᠨᠢ ᠳᠡᠭᠡᠭ᠌ᠰᠢᠯᠡᠭᠦᠯᠪᠡ᠃ 2019 ᠣᠨ᠎ᠳᠤ᠂ ᠪᠡᠭᠡᠵᠢᠩ ᠥᠪᠥᠷ ᠮᠣᠩᠭᠤᠯ᠎ᠤᠨ ᠶᠠᠳᠠᠭᠤ᠎ᠶ᠋ᠢ ᠲᠡᠳᠬᠦᠬᠦ᠌ ᠬᠠᠮᠳᠤᠷᠠᠯᠴᠠᠭᠠᠨ᠎ᠤ ᠲᠠᠪᠴᠠᠩ᠎ᠢᠶᠠᠷ ᠳᠠᠮᠵᠢᠭᠤᠯᠤᠨ᠂ ᠮᠠᠨ᠎ᠤ ᠬᠤᠷᠱᠢᠶ᠎ᠠ ᠪᠡᠭᠡᠵᠢᠩ ᠬᠤᠲᠠ᠎ᠶ᠋ᠢᠨ ᠹᠧᠩ᠎ᠲᠠᠢ ᠲᠣᠭᠤᠷᠢᠭ᠎ᠤᠨ ᠢᠳᠡᠭᠡᠨ ᠤᠮᠳᠠᠭᠠᠨ ᠬᠤᠨᠤᠭ ᠪᠠᠭᠤᠳᠠᠯ᠎ᠤᠨ ᠠᠵᠢᠯ ᠲᠥᠷᠥᠯ᠎ᠤᠨ ᠨᠡᠢᠭᠡᠮᠯᠢᠭ᠎ᠤᠨ ᠨᠡᠷ᠎ᠡ ᠬᠦᠨᠳᠦᠲᠦ ᠭᠡᠱᠢᠭᠦᠨ ᠨᠢᠭᠡᠴᠢ ᠪᠣᠯᠵᠣ᠂ ᠪᠠᠰᠠ ᠥᠨᠳᠡᠭᠡ ᠵᠢᠭᠦᠷᠲᠡᠨ᠎ᠤ ᠵᠠᠬᠢᠶᠠᠯᠠᠭ᠎ᠠ᠎ᠶ᠋ᠢᠨ ᠬᠠᠭᠤᠳᠠᠰᠤᠨ᠎ᠳᠤ ᠭᠠᠷᠤᠨ ᠥᠰᠥᠭ ᠵᠢᠷᠤᠪᠠ᠃
ᠨᠠᠮ᠎ᠤᠨ ᠭᠡᠱᠢᠭᠦᠨ᠂ ᠰᠠᠢᠨ ᠲᠤᠷᠠᠴᠤᠤᠯ᠂ ᠨᠤᠲᠤᠭ᠎ᠲᠠᠭᠠᠨ ᠪᠤᠴᠠᠵᠤ ᠦᠢᠯᠡᠰ ᠪᠤᠰᠭᠠᠬ᠍ᠴᠢ ᠪᠣᠯᠤᠭ᠍ᠰᠠᠨ᠎ᠤ ᠬᠤᠪᠢ᠎ᠳᠤ᠂ ᠪᠢ ᠦᠷᠭᠦᠯᠵᠢᠯᠡᠨ ᠡᠷᠡᠮᠡᠬᠡᠢᠯᠡᠨ ᠤᠷᠤᠭ᠍ᠰᠢᠯᠠᠬᠤ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠣᠷᠭᠢᠯᠤᠮ᠎ᠠ ᠬᠠᠯᠠᠭᠤᠨ ᠰᠡᠳᠭᠢᠯᠭᠡ᠂ ᠴᠥᠬᠦᠷᠡᠰᠢ ᠦᠭᠡᠢ ᠬᠥᠭᠡᠭᠡᠴᠡᠯᠳᠦᠯ᠎ᠢᠶᠠᠷ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠳᠤ ᠵᠠᠯᠠᠭᠤ ᠨᠠᠰᠤᠨ᠎ᠤ ᠬᠦᠴᠦᠨ ᠴᠢᠳᠠᠯ᠎ᠢᠶᠠᠨ ᠡᠷᠭᠦᠨ᠎ᠡ᠃
ᠴᠠᠭ ᠲᠦᠷᠦ᠎ᠶ᠋ᠢᠨ ᠰᠠᠢᠨ᠎ᠢ ᠦᠵᠡᠵᠦ᠍ ᠪᠠᠢᠨ᠎ᠠ
ᠬᠠᠨ ᠱᠢᠤᠸᠠᠢ ᠷᠦ᠍
ᠲᠤᠭᠠᠴᠢᠬ᠍ᠴᠢ᠄ ᠦᠬᠠᠶ ᠬᠤᠲᠠ᠎ᠶ᠋ᠢᠨ ᠬᠠᠢᠷᠤᠪ᠎ᠤᠨ ᠲᠣᠬᠤᠶ ᠲᠣᠭᠤᠷᠢᠭ᠎ᠤᠨ ᠠᠵᠢᠯ᠎ᠠᠴᠠ᠎ᠪᠠᠨ ᠠᠮᠠᠷᠠᠭ᠍ᠰᠠᠨ ᠠᠵᠢᠯᠲᠠᠨ ᠴᠢᠶᠣᠤ ᠰᠤ᠌ ᠶᠦᠨ
ᠪᠢ ᠨᠠᠶᠠᠨ ᠨᠠᠰᠤ᠎ᠶ᠋ᠢ ᠵᠤᠭᠤᠬ᠍ᠯᠠᠵᠠᠢ᠂ ᠴᠠᠭ ᠲᠦᠷᠦ᠎ᠶ᠋ᠢᠨ ᠰᠠᠢᠨ᠎ᠢ ᠦᠵᠡᠵᠦ᠍ ᠪᠠᠢᠨ᠎ᠠ᠃ ᠥᠷᠯᠥᠭᠡ ᠪᠦᠷᠢ᠂ ᠪᠢ 86 ᠨᠠᠰᠤᠲᠠᠢ ᠡᠪᠤᠭᠡᠨᠲᠠᠢᠪᠠᠨ ᠣᠢᠷᠠᠯᠴᠠᠭ᠎ᠠ ᠪᠠᠢᠭ᠎ᠠ ᠴᠡᠴᠡᠷᠯᠢᠭ᠎ᠲᠤ ᠬᠦᠷᠴᠤ᠌ ᠰᠡᠯᠡᠭᠦᠴᠡᠨ ᠠᠯᠬᠤᠨ᠎ᠠ᠃ ᠵᠠᠷᠢᠮ᠎ᠳᠠᠭᠠᠨ ᠪᠢ ᠰᠠᠭᠤᠭᠠᠯᠢ ᠠᠷᠠᠳ᠎ᠤᠨ ᠲᠣᠭᠤᠷᠢᠭ᠎ᠤᠨ ᠨᠠᠰᠤᠳᠠᠨ ᠨᠠᠢᠵᠠ ᠨᠠᠷ᠎ᠲᠠᠢ᠎ᠪᠠᠨ ᠪᠤᠯᠵᠤᠨ ᠬᠠᠮᠲᠤ᠎ᠪᠠᠷ ᠦᠬᠠᠢ ᠨᠠᠭᠤᠷ᠎ᠤᠨ ᠤᠰᠤᠨ᠎ᠤ ᠱᠢᠪᠠᠭᠤᠳ ᠬᠤᠷᠠᠨ ᠴᠤᠭ᠍ᠯᠠᠷᠠᠵᠤ᠂ ᠨᠣᠮᠢᠨ ᠲᠠᠪᠠᠯᠭᠠᠨ ᠳᠣᠯᠭᠢᠶᠠᠯᠠᠵᠤ ᠪᠠᠢᠬᠤ᠎ᠶ᠋ᠢ ᠲᠤᠭᠤᠷᠢᠨ ᠦᠵᠡᠨ᠎ᠠ᠃
1972 ᠣᠨ᠎ᠳᠤ ᠨᠠᠮ᠎ᠳᠤ ᠣᠷᠣᠵᠤ᠂ ᠤᠳᠤ ᠪᠤᠯᠳᠠᠯ᠎ᠠ ᠨᠢᠭᠡᠨᠲᠡ 49 ᠵᠢᠯ ᠪᠣᠯᠵᠠᠢ᠃ ᠡᠨᠡ ᠤᠯᠠᠨ ᠵᠢᠯ᠎ᠳᠤ᠂ ᠪᠢ ᠨᠠᠮ᠎ᠤᠨ ᠬᠠᠢᠷ᠎ᠠ ᠬᠠᠯᠠᠮᠵᠢ᠎ᠶ᠋ᠢ ᠬᠦᠡ ᠬᠦᠷᠳᠡᠭ᠌ᠰᠡᠨ ᠪᠠᠢᠨ᠎ᠠ᠃ ᠠᠵᠢᠯ᠎ᠠᠴᠠ᠎ᠪᠠᠨ ᠠᠮᠠᠷᠠᠭ᠍ᠰᠠᠨ ᠴᠠᠯᠢᠩ ᠵᠢᠯ᠎ᠠᠴᠠ ᠵᠢᠯ᠎ᠳᠤ ᠨᠡᠮᠡᠭ᠌ᠳᠡᠵᠦ᠍ ᠪᠠᠢᠬᠤ᠎ᠪᠠᠷ ᠦᠯᠦ᠍ ᠪᠠᠷᠠᠨ ᠥᠨᠳᠥᠷ ᠨᠠᠰᠤᠨ᠎ᠤ ᠨᠥᠬᠦᠪᠥᠷᠢ ᠭᠥᠷᠳᠡᠵᠦ᠍᠂ ᠰᠠᠷ᠎ᠠ ᠪᠦᠷᠢ 100 ᠲᠥᠭᠦᠷᠢᠭ ᠣᠯᠳᠠᠭ᠃ ᠭᠠᠳᠠᠭ᠍ᠰᠢ ᠭᠠᠷᠴᠤ᠌ ᠨᠡᠢᠲᠡ᠎ᠶ᠋ᠢᠨ ᠮᠠᠱᠢᠨ ᠲᠡᠷᠭᠡᠨ᠎ᠳᠤ ᠰᠠᠭᠤᠬᠤ᠎ᠳᠤ ᠪᠦᠷ ᠰᠦᠢᠳᠭᠡᠯ ᠬᠤᠷᠢᠶᠠᠬᠤ ᠦᠭᠡᠢ᠂ ᠡᠪᠡᠳᠴᠤ᠌ ᠬᠠᠯᠠᠭᠤᠷᠠᠵᠦ᠍ ᠡᠮᠨᠡᠯᠭᠡ᠎ᠳᠤ ᠣᠴᠢᠵᠤ ᠡᠪᠡᠳᠴᠢᠨ ᠦᠵᠡᠭᠦᠯᠬᠦ᠌᠎ᠳᠤ ᠪᠠᠰᠠ ᠡᠮᠨᠡᠯᠭᠡ᠎ᠶ᠋ᠢᠨ ᠳᠠᠭᠠᠳᠭᠠᠯ᠎ᠢᠶᠠᠷ ᠳᠠᠩᠰᠠ᠎ᠪᠠᠨ ᠲᠠᠢᠯᠵᠤ ᠪᠣᠯᠤᠨ᠎ᠠ᠃
ᠪᠢ ᠡᠪᠦᠭᠡᠨ᠎ᠲᠠᠢ᠎ᠪᠠᠨ ᠭᠠᠯᠲᠤ ᠲᠡᠷᠭᠡᠨ᠎ᠳᠤ ᠰᠠᠭᠤᠵᠤ ᠭᠠᠳᠠᠨ᠎ᠠ ᠭᠠᠵᠠᠷ ᠪᠠᠢᠭ᠎ᠠ ᠬᠡᠤᠬᠡᠳ᠎ᠢᠶᠠᠨ ᠦᠵᠡᠬᠦ᠌᠎ᠪᠠᠷ ᠶᠠᠪᠤᠨ᠎ᠠ᠂ ᠣᠮᠪᠣᠯᠣ ᠪᠠᠰᠠ ᠨᠢᠰᠭᠡᠯ᠎ᠳᠤ ᠰᠠᠭᠤᠵᠤ ᠨᠠᠳᠠ᠎ᠶ᠋ᠢ ᠦᠵᠡᠬᠦ᠌᠎ᠪᠠᠷ ᠢᠷᠡᠨ᠎ᠡ᠂ ᠶᠠᠪᠤᠵᠤ ᠰᠠᠭᠤᠬᠤ᠎ᠳᠤ ᠦᠨᠡᠭᠡᠷ ᠳᠥᠭᠦᠮ ᠲᠦᠳᠡ ᠪᠤᠯᠵᠠᠢ᠃ ᠪᠢ ᠪᠠᠰᠠ ᠵᠢᠷᠬᠢᠶ᠎ᠠ ᠬᠡᠷᠡᠭ᠌ᠯᠡᠬᠦ᠌᠎ᠶ᠋ᠢ ᠰᠤᠷᠴᠤ᠌᠂ ᠵᠢᠯ ᠴᠠᠭᠠᠨ ᠰᠠᠷ᠎ᠠ ᠪᠣᠯᠤᠨ ᠪᠠᠶᠠᠷ ᠳᠤᠷᠠᠰᠭᠠᠯ᠎ᠤᠨ ᠡᠳᠦᠷ᠎ᠲᠤ ᠬᠡᠤᠬᠡᠳ᠎ᠲᠡᠭᠡᠨ ᠤᠯᠠᠭᠠᠨ ᠪᠠᠭ᠍ᠯᠠᠭ᠎ᠠ ᠶᠠᠪᠤᠭᠤᠯᠵᠤ᠂ ᠲᠥᠷᠥᠯ ᠰᠠᠳᠤᠨ᠎ᠢᠶᠠᠨ ᠲᠤᠷᠠᠰᠤᠨ ᠰᠠᠨᠠᠪᠠᠯ ᠸᠢᠳᠢᠣ᠋᠎ᠪᠠᠷ ᠶᠠᠷᠢᠯᠴᠠᠨ᠎ᠠ᠃
ᠲᠦᠷᠦᠭᠦᠬᠡᠨ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠡᠯᠭᠡᠯᠡᠬᠦ᠌ ᠶᠡᠭᠡ ᠬᠤᠷᠠᠯ᠎ᠢ ᠦᠵᠡᠭᠡᠳ ᠪᠢ ᠡᠪᠤᠭᠡᠨᠲᠠᠢᠪᠠᠨ ᠬᠤᠶᠠᠭᠤᠯᠠ ᠰᠡᠳᠭᠢᠯ ᠳᠣᠭ᠍ᠳᠣᠯᠤᠨ ᠤᠨᠲᠠᠵᠤ ᠤᠷᠤᠬ᠍ᠰᠠᠨ ᠦᠭᠡᠢ᠃ ᠮᠠᠨ᠎ᠤ ᠡᠨᠡ ᠦᠶ᠎ᠡ᠎ᠶ᠋ᠢᠨ ᠬᠥᠮᠦᠰ ᠪᠡᠷᠬᠡ ᠬᠠᠲᠠᠭᠤᠵᠢᠯᠲᠠᠢ ᠡᠳᠦᠷ᠎ᠤᠳ᠎ᠢ ᠥᠩᠭᠡᠷᠡᠭᠡᠵᠦ᠍᠂ ᠤᠳᠦ ᠴᠠᠭ ᠲᠦᠷᠦ᠎ᠶ᠋ᠢᠨ ᠰᠠᠢᠨ᠎ᠢ ᠦᠵᠡᠵᠦ᠍ ᠦᠨᠡᠬᠡᠷ ᠵᠣᠯ ᠵᠢᠷᠭᠠᠯ᠎ᠲᠠᠢ ᠪᠥᠭᠡᠳ ᠰᠡᠳᠭᠢᠯ ᠬᠠᠨᠤᠮᠵᠢᠳᠠᠢ ᠪᠠᠢᠨ᠎ᠠ᠃
ᠵᠡᠭᠦᠳᠦᠨ᠎ᠳᠤ ᠤᠷᠤᠮ᠎ᠠ ᠦᠭᠡᠢ ᠰᠠᠢᠬᠠᠨ ᠠᠮᠢᠳᠤᠷᠠᠯ᠎ᠢ ᠡᠳ᠋ᠯᠡᠨ᠎ᠠ
ᠬᠠᠨ ᠱᠢᠤᠸᠠᠢ ᠷᠦ᠍
ᠲᠤᠭᠠᠴᠢᠬ᠍ᠴᠢ᠄ ᠬᠥᠬᠡᠬᠤᠲᠠ᠎ᠶ᠋ᠢᠨ ᠦᠴᠦᠸᠠᠨ ᠱᠢᠶᠠᠨ᠎ᠤ ᠬᠤᠭᠤᠯᠠᠢ ᠠᠭᠤᠯᠠ ᠱᠢᠶᠠᠩ᠎ᠤᠨ ᠶᠡᠭᠡ ᠲᠠᠱᠢᠭᠤᠳᠠᠢ ᠲᠣᠰᠭᠤᠨ᠎ᠤ ᠶᠠᠳᠠᠭᠤ᠎ᠠᠴᠠ ᠠᠩᠭᠢᠵᠢᠷᠠᠭ᠍ᠰᠠᠨ ᠡᠷᠦᠬᠡ ᠵᠠᠩ ᠹᠦ᠋ ᠶᠢᠩ
ᠡᠮᠦᠨ᠎ᠡ ᠬᠡᠳᠦᠨ ᠵᠢᠯ᠂ ᠮᠠᠨ᠎ᠤ ᠭᠡᠷ᠎ᠤᠨ ᠠᠮᠢᠳᠤᠷᠠᠯ ᠮᠠᠰᠢ ᠬᠦᠴᠢᠷᠳᠡᠯᠲᠡᠶ ᠪᠠᠢᠵᠠᠶ᠃ ᠪᠥᠬᠦ᠌ ᠬᠡᠷ᠎ᠤᠨ ᠣᠷᠣᠯᠭ᠎ᠠ ᠵᠥᠪᠬᠡᠨ 11 ᠮᠥ᠍ ᠬᠠᠭᠤᠷᠠᠶ ᠲᠠᠷᠢᠶ᠎ᠠ᠎ᠳᠤ ᠲᠦᠱᠢᠭ᠌ᠯᠡᠵᠦ᠍᠂ ᠪᠦᠰᠡᠬᠦᠢ ᠭᠡᠷ᠎ᠲᠡᠭᠡᠨ 3 ᠬᠡᠤᠬᠡᠳ᠎ᠢ ᠬᠠᠷᠠᠭᠠᠯᠵᠠᠵᠤ ᠪᠤᠰᠤᠳ ᠤᠷᠤᠯᠭ᠎ᠠ ᠦᠭᠡᠢ᠃ ᠪᠢ ᠲᠠᠷᠢᠶ᠎ᠠ᠎ᠪᠠᠨ ᠲᠠᠷᠢᠬᠤ᠎ᠶ᠋ᠢᠨ ᠵᠡᠷᠭᠡ᠎ᠪᠠᠷ ᠬᠦᠯᠦᠰᠦᠨ ᠠᠵᠢᠯ ᠬᠢᠵᠦ᠍ ᠲᠦᠡᠭ᠌ᠭᠡᠵᠢ ᠢᠳᠡᠬᠦ᠌ ᠤᠤᠭᠤᠬᠤ᠎ᠳᠠᠭᠠᠨ ᠵᠦᠪ ᠪᠠᠢᠵᠠᠢ᠃ ᠮᠠᠨ᠎ᠤ ᠬᠡᠷ᠎ᠢ ᠲᠠᠩᠰᠠᠯᠠᠵᠤ ᠺᠠᠷᠳ᠋ᠯᠠᠬ᠍ᠰᠠᠨ ᠶᠠᠳᠠᠭᠤ ᠬᠦᠴᠢᠷᠳᠡᠯᠲᠡᠶ ᠡᠷᠦᠬᠡ᠎ᠪᠠᠷ ᠲᠤᠬ᠍ᠳᠠᠭᠠᠬ᠍ᠰᠠᠨᠤ ᠳᠠᠷᠠᠭ᠎ᠠ᠂ ᠶᠠᠳᠠᠭᠤ᠎ᠶ᠋ᠢ ᠲᠡᠳᠬᠦᠬᠦ᠌ ᠲᠥᠷᠥ᠎ᠶ᠋ᠢᠨ ᠪᠣᠳᠣᠯᠭ᠎ᠠ ᠪᠢᠳᠡᠨ᠎ᠳᠤ ᠱᠢᠨ᠎ᠡ ᠬᠤᠪᠢᠷᠠᠯᠳᠠ᠎ᠶ᠋ᠢ ᠠᠪᠴᠢᠷᠠᠵᠦ᠍ ᠦᠭ᠌ᠪᠡ᠃
ᠨᠠᠳᠠ᠎ᠳᠤ ᠲᠣᠰᠭᠤᠨ᠎ᠤ ᠨᠡᠢᠲᠡ᠎ᠶ᠋ᠢᠨ ᠠᠰᠠᠷᠠᠮᠵᠢ᠎ᠶ᠋ᠢᠨ ᠠᠵᠢᠯ᠎ᠤᠨ ᠪᠠᠢᠷᠢ ᠲᠣᠬᠢᠷᠠᠭᠤᠯᠵᠦ᠍᠂ ᠰᠠᠷ᠎ᠠ ᠪᠦᠷᠢ 300 ᠲᠥᠭᠦᠷᠢᠭ᠎ᠤᠨ ᠴᠠᠯᠢᠩ ᠣᠯᠭᠤᠵᠠᠶ᠃ ᠬᠡᠦᠬᠡᠳ ᠰᠤᠷᠭᠠᠨ ᠬᠥᠮᠦᠵᠢᠯ᠎ᠢᠶᠠᠷ ᠶᠠᠳᠠᠭᠤ᠎ᠶ᠋ᠢ ᠲᠡᠳᠬᠦᠬᠦ᠌ ᠲᠥᠷᠥ᠎ᠶ᠋ᠢᠨ ᠪᠣᠳᠣᠯᠭ᠎ᠠ᠎ᠶ᠋ᠢ ᠬᠦᠷᠲᠡᠵᠦ᠍᠂ ᠰᠤᠷᠭᠠᠭᠤᠯᠢ᠎ᠳᠤ ᠰᠠᠭᠤᠬᠤ᠎ᠳᠤ ᠵᠣᠪᠠᠭ᠍ᠤ ᠦᠭᠡᠢ ᠪᠤᠯᠪᠠ᠃ ᠬᠠᠪᠰᠤᠷᠤᠨ ᠲᠡᠳᠬᠦᠬᠦ᠌ ᠺᠠᠳ᠋ᠷ᠎ᠤᠨ ᠬᠠᠪᠰᠤᠷᠤᠯᠭ᠎ᠠ ᠳᠣᠣᠷ᠎ᠠ᠂ ᠪᠢ ᠲᠣᠰᠭᠤᠨ᠎ᠠᠴᠠ ᠤᠢ᠍ᠢᠷ᠎ᠠ ᠮᠦᠬᠦ᠌᠎ᠶ᠋ᠢᠨ ᠦᠢᠯᠡᠳᠪᠦᠷᠢ᠎ᠳᠤ ᠬᠦᠷᠴᠦ᠍ ᠬᠥᠯᠥᠰᠥᠨ ᠠᠵᠢᠯ ᠬᠢᠭᠡᠳ ᠪᠠᠰᠠ ᠨᠢᠭᠡ ᠬᠤᠪᠢ ᠣᠷᠣᠯᠭ᠎ᠠ ᠣᠯᠵᠤ ᠪᠠᠢᠨ᠎ᠠ᠃ ᠠᠮᠢᠳᠤᠷᠠᠯ ᠤᠯᠠᠮ᠎ᠠᠴᠠ ᠤᠯᠠᠮ ᠦᠭᠡᠳᠡᠯᠡᠵᠦ᠍᠂ ᠮᠢᠨᠦ᠍ ᠤᠷᠮ᠎ᠠ ᠵᠣᠷᠢᠭ ᠨᠠᠩ ᠬᠦᠪᠴᠢᠯᠡᠭ᠌ᠳᠡᠵᠦ᠍᠂ 50 ᠮᠦ᠍ ᠲᠠᠷᠢᠶᠠᠨ ᠭᠠᠵᠠᠷ᠎ᠤᠨ ᠡᠵᠡᠩᠨᠡᠯᠳᠡ᠎ᠶ᠋ᠢᠨ ᠡᠷᠬᠡ᠎ᠶ᠋ᠢ ᠭᠦᠢᠯᠭᠡᠭᠡᠵᠦ᠍᠂ ᠬᠠᠭᠤᠷᠠᠶ ᠲᠠᠷᠢᠶ᠎ᠠ᠎ᠶ᠋ᠢ ᠤᠰᠤᠨ ᠲᠠᠷᠢᠶ᠎ᠠ ᠪᠤᠯᠭᠠᠨ ᠥᠭᠡᠷᠡᠴᠢᠯᠡᠭ᠌ᠰᠡᠨ᠎ᠤ ᠳᠠᠷᠠᠭ᠎ᠠ᠂ ᠮᠦ᠍ ᠪᠦᠷᠢ᠎ᠶ᠋ᠢᠨ ᠤᠨᠠᠯᠲᠠ ᠪᠠᠭ᠎ᠠ ᠪᠤᠰᠤ ᠨᠡᠮᠡᠭ᠌ᠳᠡᠪᠡ᠃
2015 ᠣᠨ᠎ᠳᠤ᠂ ᠮᠠᠨ᠎ᠤ ᠭᠡᠷ ᠶᠠᠳᠠᠭᠤ᠎ᠠᠴᠠ ᠠᠩᠭᠢᠵᠢᠷᠠᠪᠠ! ᠶᠠᠳᠠᠭᠤ᠎ᠠᠴᠠ ᠠᠩᠭᠢᠵᠢᠷᠠᠭᠤᠯᠤᠭ᠍ᠰᠠᠨ ᠦᠷ᠎ᠡ ᠪᠦᠲᠦᠭᠡᠯ᠎ᠢ ᠪᠠᠬᠢᠵᠢᠭᠦᠯᠬᠦ᠌᠎ᠶ᠋ᠢᠨ ᠲᠥᠯᠥᠭᠡ᠂ ᠮᠠᠨ᠎ᠤ ᠭᠡᠷ ᠶᠠᠳᠠᠭᠤ᠎ᠶ᠋ᠢ ᠲᠡᠳᠬᠦᠬᠦ᠌ ᠲᠥᠷᠥ᠎ᠶ᠋ᠢᠨ ᠪᠣᠳᠣᠯᠭ᠎ᠠ᠎ᠶ᠋ᠢ ᠦᠷᠭᠦᠯᠵᠢᠯᠡᠨ ᠬᠦᠷᠳᠡᠵᠦ᠍ ᠪᠣᠯᠤᠨ᠎ᠠ᠃ ᠦᠨᠡᠭᠡᠷ ᠵᠡᠭᠦᠳᠦᠨ᠎ᠳᠤ ᠤᠷᠤᠮ᠎ᠠ ᠦᠭᠡᠢ ᠰᠠᠢᠬᠠᠨ ᠠᠮᠢᠳᠤᠷᠠᠯ᠎ᠢ ᠡᠳ᠋ᠯᠡᠵᠦ᠍ ᠪᠠᠢᠨ᠎ᠠ᠃







(ᠬᠡᠷᠡᠯ ᠵᠢᠷᠤᠭ᠎ᠤᠳ᠎ᠢ ᠮᠦᠡᠭ᠌ᠭᠡᠴᠢᠯᠠᠭᠤ ᠰᠡᠬᠦᠳᠡᠷᠯᠡᠪᠡ)