ᠣᠢᠷ᠎ᠠ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠠᠯᠪᠠᠨ ᠲᠢᠩᠬᠢᠮ᠂ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ 《ᠠᠯᠪᠠᠨ ᠵᠢᠷᠤᠮ᠎ᠤᠨ ᠰᠤᠷᠭᠠᠨ ᠬᠥᠮᠦᠵᠢᠯ᠎ᠤᠨ ᠱᠠᠲᠤᠨ᠎ᠤ ᠰᠤᠷᠤᠭ᠍ᠴᠢᠳ᠎ᠤᠨ ᠳᠠᠰᠭᠠᠯ ᠳᠠᠭᠠᠭᠠᠯᠭᠠᠪᠤᠷᠢ ᠪᠠ ᠰᠤᠷᠭᠠᠭᠤᠯᠢ᠎ᠶ᠋ᠢᠨ ᠭᠠᠳᠠᠨᠠᠬᠢ ᠪᠣᠯᠪᠠᠰᠤᠷᠠᠯ᠎ᠤᠨ ᠳᠠᠷᠤᠭᠠᠰᠤ᠎ᠶ᠋ᠢ ᠴᠢᠨᠠᠭ᠍ᠰᠢᠳᠠ ᠬᠥᠩᠭᠡᠷᠡᠭᠦᠯᠬᠦ᠌ ᠲᠤᠬᠠᠶ ᠰᠠᠨᠠᠯ》 ᠢ ᠳᠠᠷᠤᠮᠠᠯᠯᠠᠨ ᠲᠠᠷᠬᠠᠭᠠᠭ᠍ᠰᠠᠨ ᠪᠥᠭᠡᠳ ᠮᠡᠳᠡᠭ᠌ᠳᠡᠯ ᠪᠠᠭᠤᠯᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ ᠬᠢᠨᠠᠮᠠᠭᠠᠶ ᠲᠤᠭᠤᠱᠢᠯᠠᠭᠤᠯᠤᠨ ᠨᠠᠢᠳᠠᠪᠤᠷᠢᠵᠢᠭᠤᠯᠬᠤ ᠬᠡᠷᠡᠭ᠌ᠲᠡᠶ ᠭᠡᠵᠦ᠍ ᠱᠠᠭᠠᠷᠳᠠᠪᠠ᠃
《ᠠᠯᠪᠠᠨ ᠵᠢᠷᠤᠮ᠎ᠤᠨ ᠰᠤᠷᠭᠠᠨ ᠬᠥᠮᠦᠵᠢᠯ᠎ᠤᠨ ᠱᠠᠲᠤᠨ᠎ᠤ ᠰᠤᠷᠤᠭ᠍ᠴᠢᠳ᠎ᠤᠨ ᠳᠠᠰᠭᠠᠯ ᠳᠠᠭᠠᠭᠠᠯᠭᠠᠪᠤᠷᠢ᠎ᠶ᠋ᠢᠨ ᠳᠠᠷᠤᠭᠠᠰᠤ ᠪᠠ ᠰᠤᠷᠭᠠᠭᠤᠯᠢ᠎ᠶ᠋ᠢᠨ ᠭᠠᠳᠠᠨᠠᠬᠢ ᠪᠣᠯᠪᠠᠰᠤᠷᠠᠯ᠎ᠤᠨ ᠳᠠᠷᠤᠭᠠᠰᠤ᠎ᠶ᠋ᠢ ᠴᠢᠨᠠᠭ᠍ᠰᠢᠳᠠ ᠬᠥᠩᠭᠡᠷᠡᠭᠦᠯᠬᠦ᠌ ᠲᠤᠬᠠᠶ ᠰᠠᠨᠠᠯ》 ᠤᠨ ᠪᠥᠬᠦ᠌ ᠠᠭᠤᠯᠭ᠎ᠠ᠎ᠨᠢ ᠳᠤᠤᠷᠠᠬᠢ ᠮᠡᠲᠦ᠍᠃
ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠲᠠᠪᠤᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠵᠤ᠂ ᠰᠤᠷᠭᠠᠭᠤᠯᠢ᠎ᠶ᠋ᠢᠨ ᠬᠥᠮᠦᠨ ᠬᠥᠮᠦᠵᠢᠭᠦᠯᠬᠦ᠌ ᠬᠢᠷᠢ ᠲᠦᠪᠱᠢᠨ᠎ᠢ ᠦᠨᠡᠨ ᠬᠦ᠌ ᠳᠡᠭᠡᠭ᠌ᠰᠢᠯᠡᠭᠦᠯᠦᠨ᠂ ᠰᠤᠷᠭᠠᠭᠤᠯᠢ᠎ᠶ᠋ᠢᠨ ᠭᠠᠳᠠᠨᠠᠬᠢ ᠪᠣᠯᠪᠠᠰᠤᠷᠠᠯ (ᠰᠦᠯᠵᠢᠶᠡᠨ ᠳᠡᠭᠡᠷᠡᠬᠢ ᠪᠣᠯᠪᠠᠰᠤᠷᠠᠯ ᠪᠠ ᠰᠦᠯᠵᠢᠶᠡᠨ ᠭᠠᠳᠠᠨᠠᠬᠢ ᠪᠣᠯᠪᠠᠰᠤᠷᠠᠯ᠎ᠢ ᠪᠠᠭ᠍ᠲᠠᠭᠠᠨ᠎ᠠ) ᠢ ᠦᠷᠭᠦᠯᠵᠢᠯᠡᠨ ᠵᠢᠷᠤᠮᠵᠢᠭᠤᠯᠵᠤ᠂ ᠠᠯᠪᠠᠨ ᠵᠢᠷᠤᠮ᠎ᠤᠨ ᠰᠤᠷᠭᠠᠨ ᠬᠥᠮᠦᠵᠢᠯ᠎ᠤᠨ ᠱᠠᠲᠤᠨ᠎ᠤ ᠰᠤᠷᠤᠭ᠍ᠴᠢᠳ᠎ᠤᠨ ᠬᠡᠲᠦ ᠬᠦᠨᠳᠦ ᠳᠠᠰᠭᠠᠯ ᠳᠠᠭᠠᠭᠠᠯᠭᠠᠪᠤᠷᠢ᠎ᠶ᠋ᠢᠨ ᠲᠠᠷᠤᠭᠠᠰᠤ ᠪᠠ ᠰᠤᠷᠭᠠᠭᠤᠯᠢ᠎ᠶ᠋ᠢᠨ ᠭᠠᠳᠠᠨᠠᠬᠢ ᠪᠣᠯᠪᠠᠰᠤᠷᠠᠯ᠎ᠤᠨ ᠳᠠᠷᠤᠭᠠᠰᠤ (ᠲᠤᠤᠷ᠎ᠠ 《ᠬᠤᠶᠠᠷ᠎ᠢ ᠬᠥᠩᠭᠡᠷᠡᠭᠦᠯᠬᠦ᠌》 ᠭᠡᠵᠦ᠍ ᠲᠦᠭᠦᠮᠴᠢᠯᠡᠨ᠎ᠡ) ᠶ᠋ᠢ ᠪᠦᠲᠦᠮᠵᠢᠲᠡᠶ ᠬᠥᠩᠭᠡᠷᠡᠭᠦᠯᠬᠦ᠌᠎ᠶ᠋ᠢᠨ ᠲᠤᠰᠠᠳᠠ᠂ ᠡᠳᠦᠭᠡ ᠳᠤᠤᠷᠠᠬᠢ ᠮᠡᠲᠦ ᠰᠠᠨᠠᠯ᠎ᠢ ᠳᠤᠷᠠᠳᠪᠠ᠃
ᠨᠢᠭᠡ᠂ ᠶᠡᠷᠦᠩᠬᠡᠶ ᠱᠠᠭᠠᠷᠳᠠᠯᠭ᠎ᠠ
1. ᠵᠢᠯᠣᠭᠤᠳᠭᠤ ᠦᠵᠡᠯ ᠰᠠᠨᠠᠭ᠎ᠠ᠃ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠨᠠᠮ᠎ᠤᠨ ᠰᠤᠷᠭᠠᠨ ᠬᠥᠮᠦᠵᠢᠯ᠎ᠤᠨ ᠴᠢᠭ᠌ᠯᠡᠯᠲᠡ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠶᠣᠰᠣ ᠰᠤᠷᠲᠠᠬᠤᠨ᠎ᠢᠶᠠᠷ ᠬᠥᠮᠦᠨ᠎ᠢ ᠬᠥᠮᠦᠵᠢᠭᠦᠯᠬᠦ᠌ ᠦᠨᠳᠦᠰᠦᠨ ᠡᠭᠦᠷᠭᠡ᠎ᠶ᠋ᠢ ᠨᠠᠢᠳᠠᠪᠤᠷᠢᠵᠢᠭᠤᠯᠵᠤ᠂ ᠴᠢᠨᠠᠷ ᠰᠠᠢᠲᠠᠢ ᠰᠤᠷᠭᠠᠨ ᠬᠥᠮᠦᠵᠢᠯ᠎ᠤᠨ ᠱᠢᠰᠲ᠋ᠧᠮ᠎ᠢ ᠪᠠᠢᠭᠤᠯᠬᠤ᠎ᠳᠤ ᠬᠠᠨᠳᠤᠭᠤᠯᠵᠦ᠍᠂ ᠰᠤᠷᠭᠠᠭᠤᠯᠢ᠎ᠶ᠋ᠢᠨ ᠰᠤᠷᠭᠠᠨ ᠬᠥᠮᠦᠵᠢᠯ᠎ᠤᠨ ᠭᠤᠣᠯ ᠵᠢᠭ᠍ᠰᠠᠭᠠᠯ᠎ᠤᠨ ᠭᠠᠵᠠᠷ᠎ᠤᠨ ᠦᠢᠯᠡᠳᠦᠯ᠎ᠢ ᠴᠢᠩᠭᠠᠳᠭᠠᠵᠤ᠂ ᠰᠤᠷᠭᠠᠭᠤᠯᠢ᠎ᠶ᠋ᠢᠨ ᠭᠠᠳᠠᠨᠠᠬᠢ ᠪᠣᠯᠪᠠᠰᠤᠷᠠᠯ᠎ᠤᠨ ᠪᠠᠢᠭᠤᠯᠤᠮᠵᠢ᠎ᠶ᠋ᠢᠨ ᠵᠠᠰᠠᠯᠲᠠ᠎ᠶ᠋ᠢ ᠭᠦᠨᠵᠡᠭᠡᠢᠷᠡᠭᠦᠯᠵᠦ᠍᠂ ᠤᠯᠠᠨ ᠲᠦᠮᠡᠨ᠎ᠤ ᠠᠱᠢᠭ ᠲᠤᠰᠠ᠎ᠶ᠋ᠢ ᠬᠤᠬᠢᠷᠠᠭᠤᠯᠬᠤ ᠠᠵᠢᠯᠯᠠᠭ᠎ᠠ᠎ᠶ᠋ᠢ ᠡᠷᠡᠰ ᠰᠡᠷᠭᠡᠢᠯᠡᠵᠦ᠍᠂ ᠰᠤᠷᠭᠠᠨ ᠬᠥᠮᠦᠵᠢᠯ᠎ᠤᠨ ᠰᠠᠢᠨ ᠰᠠᠢᠬᠠᠨ ᠠᠮᠢ ᠠᠬᠤᠢ᠎ᠶ᠋ᠢ ᠪᠠᠢᠭᠤᠯᠵᠤ᠂ ᠭᠡᠷ᠎ᠤᠨ ᠠᠬᠠᠮᠠᠳ᠎ᠤᠨ ᠵᠣᠪᠠᠨᠢᠬᠤ ᠰᠡᠳᠭᠢᠯᠭᠡ᠎ᠶ᠋ᠢ ᠪᠦᠲᠦᠮᠵᠢᠲᠡᠢ ᠨᠠᠮᠳᠠᠭᠤᠯᠵᠤ᠂ ᠰᠤᠷᠤᠭ᠍ᠴᠢᠳ᠎ᠤᠨ ᠪᠦᠬᠦ᠌ ᠲᠠᠯ᠎ᠠ᠎ᠪᠠᠷ ᠬᠥᠭ᠌ᠵᠢᠬᠦ᠂ ᠡᠷᠡᠭᠦᠯ᠎ᠢᠶᠠᠷ ᠦᠰᠦᠨ ᠪᠤᠢᠵᠢᠬᠤ᠎ᠶ᠋ᠢ ᠠᠬᠢᠭᠤᠯᠬᠤ ᠬᠡᠷᠡᠭ᠌ᠲᠡᠢ᠃
2. ᠠᠵᠢᠯ᠎ᠤᠨ ᠵᠠᠷᠴᠢᠮ᠃ ᠰᠤᠷᠤᠭ᠍ᠴᠢ᠎ᠪᠠᠷ ᠦᠨᠳᠦᠰᠦ ᠪᠣᠯᠭᠠᠬᠤ᠎ᠶ᠋ᠢ ᠪᠠᠷᠢᠮᠲᠠᠯᠠᠨ᠂ ᠠᠩᠬᠠᠷᠤᠯ ᠲᠠᠯᠪᠢᠵᠤ ᠪᠠᠢᠭ᠎ᠠ ᠠᠰᠠᠭᠤᠳᠠᠯ᠎ᠳᠤ ᠬᠠᠷᠢᠭᠤᠯᠲᠠ ᠥᠭ᠌ᠴᠦ᠂ ᠰᠤᠷᠭᠠᠨ ᠬᠥᠮᠦᠵᠢᠯ᠎ᠤᠨ ᠵᠢᠮ᠎ᠡ ᠶᠣᠰᠣ᠎ᠶ᠋ᠢ ᠵᠢᠷᠤᠮᠯᠠᠨ᠂ ᠰᠤᠷᠤᠭ᠍ᠴᠢᠳ᠎ᠤᠨ ᠪᠡᠶ᠎ᠡ ᠰᠡᠳᠭᠢᠴᠡ᠎ᠶ᠋ᠢᠨ ᠡᠷᠡᠭᠦᠯ᠎ᠢᠶᠠᠷ ᠦᠰᠦᠨ ᠪᠤᠢᠵᠢᠬᠤ᠎ᠳᠤ ᠬᠠᠨᠳᠤᠭᠤᠯᠵᠦ᠍᠂ ᠰᠤᠷᠤᠭ᠍ᠴᠢᠳ᠎ᠤᠨ ᠠᠮᠠᠷᠠᠬᠤ ᠡᠷᠬᠡ᠎ᠶ᠋ᠢ ᠪᠠᠲᠤᠯᠠᠨ᠂ ᠰᠤᠷᠭᠠᠭᠤᠯᠢ᠎ᠶ᠋ᠢᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠶᠠᠰᠤ ᠴᠢᠨᠠᠷ᠎ᠢ ᠪᠦᠬᠦᠯᠢ ᠴᠣᠭ᠍ᠴᠠ᠎ᠪᠠᠷ᠎ᠨᠢ ᠳᠡᠭᠡᠭ᠌ᠰᠢᠯᠡᠭᠦᠯᠵᠦ᠍᠂ ᠨᠡᠢᠭᠡᠮ᠎ᠤᠨ ᠠᠩᠬᠠᠷᠤᠯ ᠲᠠᠯᠪᠢᠵᠤ ᠪᠠᠢᠭ᠎ᠠ ᠠᠰᠠᠭᠤᠳᠠᠯ ᠪᠠ ᠬᠦᠰᠡᠯ ᠡᠷᠡᠮᠡᠯᠵᠡᠯ᠎ᠳᠤ ᠢᠳᠡᠪᠬᠢᠲᠡᠢ᠎ᠪᠠᠷ ᠬᠠᠷᠢᠭᠤ ᠥᠭ᠌ᠴᠦ᠂ ᠭᠡᠷ᠎ᠤᠨ ᠠᠬᠠᠮᠠᠳ᠎ᠤᠨ ᠳᠠᠷᠤᠭᠠᠰᠤ᠎ᠶ᠋ᠢ ᠬᠥᠩᠭᠡᠷᠡᠭᠦᠯᠦᠨ᠎ᠡ; ᠬᠠᠤᠯᠢ ᠶᠣᠰᠣᠭᠠᠷ ᠵᠠᠰᠠᠬᠤ᠂ ᠦᠡᠭ᠌ᠭᠡᠨ ᠲᠠᠯ᠎ᠠ ᠪᠠ ᠦᠨᠳᠦᠰᠦ ᠰᠤᠷᠪᠤᠯᠵᠢ᠎ᠶ᠋ᠢ ᠵᠡᠷᠭᠡ᠎ᠪᠠᠷ ᠵᠠᠰᠠᠬᠤ᠎ᠶ᠋ᠢ ᠪᠠᠷᠢᠮᠲᠠᠯᠠᠵᠤ᠂ ᠠᠯᠪᠠᠨ ᠵᠢᠷᠤᠮ᠎ᠤᠨ ᠰᠤᠷᠭᠠᠨ ᠬᠥᠮᠦᠵᠢᠯ᠎ᠤᠨ ᠬᠠᠤᠯᠢ᠂ ᠨᠠᠰᠤᠨ᠎ᠳᠤ ᠦᠯᠦ᠍ ᠬᠦᠷᠦᠭ᠌ᠰᠡᠳ᠎ᠢ ᠬᠠᠮᠠᠭᠠᠯᠠᠬᠤ ᠬᠠᠤᠯᠢ ᠵᠡᠷᠭᠡ ᠬᠠᠤᠯᠢ ᠲᠣᠭ᠍ᠲᠠᠭᠠᠯ᠎ᠢ ᠴᠢᠩᠭ᠎ᠠ ᠬᠡᠷᠡᠭ᠌ᠵᠢᠭᠦᠯᠵᠦ᠍᠂ ᠡᠬᠢ ᠡᠭᠦᠰᠦᠯ᠎ᠠᠴᠠ᠎ᠨᠢ ᠵᠠᠰᠠᠬᠤ᠂ ᠱᠢᠰᠲ᠋ᠧᠮ᠎ᠲᠠᠢ ᠵᠠᠰᠠᠬᠤ᠂ ᠶᠡᠷᠦᠩᠬᠡᠢᠯᠡᠨ ᠵᠠᠰᠠᠬᠤ᠎ᠶ᠋ᠢ ᠴᠢᠩᠭᠠᠳᠭᠠᠨ᠎ᠠ; ᠵᠠᠰᠠᠭ᠎ᠤᠨ ᠣᠷᠳᠣᠨ᠎ᠢᠶᠠᠷ ᠭᠤᠤᠯᠯᠠᠭᠤᠯᠬᠤ᠂ ᠣᠯᠠᠨ ᠲᠠᠯ᠎ᠠ ᠬᠤᠯᠪᠤᠭᠠᠯᠠᠨ ᠠᠵᠢᠯᠯᠠᠬᠤ᠎ᠶ᠋ᠢ ᠪᠠᠷᠢᠮᠲᠠᠯᠠᠨ᠂ ᠵᠠᠰᠠᠭ᠎ᠤᠨ ᠣᠷᠳᠣᠨ᠎ᠤ ᠨᠢᠭᠡᠳᠦᠯᠲᠡᠶ ᠲᠥᠯᠥᠪᠵᠢᠬᠦᠯᠬᠦ᠌᠎ᠶ᠋ᠢ ᠴᠢᠩᠭᠠᠳᠭᠠᠵᠤ᠂ ᠰᠠᠯᠠᠭ᠎ᠠ ᠮᠥᠴᠢᠷ᠎ᠤᠨ ᠡᠭᠦᠷᠭᠡ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠤᠨ᠂ ᠰᠤᠷᠭᠠᠭᠤᠯᠢ᠎ᠶ᠋ᠢᠨ ᠭᠤᠤᠯ ᠴᠣᠭ᠍ᠴᠠ᠎ᠶ᠋ᠢᠨ ᠦᠢᠯᠡᠳᠣᠯ᠎ᠢ ᠪᠠᠳᠠᠷᠠᠭᠤᠯᠵᠤ᠂ ᠪᠠᠲᠤᠯᠠᠭ᠎ᠠ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠪᠦᠷᠢᠨᠱᠢᠬᠦᠯᠦᠨ᠂ ᠬᠡᠷ ᠪᠦᠯᠢ ᠰᠤᠷᠭᠠᠭᠤᠯᠢ ᠨᠡᠢᠭᠡᠮ᠎ᠤᠨ ᠬᠠᠮᠵᠢᠯᠴᠠᠬᠤ ᠬᠠᠷᠢᠭᠤᠴᠠᠯᠭ᠎ᠠ᠎ᠶ᠋ᠢ ᠲᠣᠳᠣᠷᠬᠠᠢᠯᠠᠨ᠎ᠠ; ᠨᠢᠭᠡᠳᠦᠯᠲᠡᠶ ᠳᠦᠯᠦᠪᠵᠢᠬᠦᠯᠦᠨ ᠠᠬᠢᠭᠤᠯᠬᠤ᠂ ᠯᠠᠪᠳᠠᠭᠤᠨ᠎ᠢᠶᠠᠷ ᠬᠡᠷᠡᠭ᠌ᠵᠢᠭᠦᠯᠬᠦ᠌᠎ᠶ᠋ᠢ ᠪᠠᠷᠢᠮᠲᠠᠯᠠᠨ᠂ ᠰᠤᠷᠤᠭ᠍ᠴᠢᠳ᠎ᠤᠨ ᠬᠡᠲᠦ ᠬᠦᠨᠳᠦ ᠰᠤᠷᠤᠯᠭ᠎ᠠ᠎ᠶ᠋ᠢᠨ ᠳᠠᠷᠤᠭᠠᠰᠤ᠎ᠶ᠋ᠢ ᠬᠥᠩᠭᠡᠷᠡᠭᠦᠯᠬᠦ᠌ ᠲᠤᠬᠠᠶ ᠤᠯᠤᠰ᠎ᠤᠨ ᠬᠤᠯᠪᠣᠭ᠍ᠳᠠᠯ ᠪᠥᠬᠦᠶ ᠲᠣᠭ᠍ᠲᠠᠭᠠᠯ᠎ᠢ ᠪᠥᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠭᠤᠤᠯᠳᠠᠯᠭ᠎ᠠ᠎ᠲᠠᠢ ᠲᠦᠪᠡᠭ᠌ᠲᠡᠶ ᠠᠰᠠᠭᠤᠳᠠᠯ᠎ᠳᠤ ᠤᠷᠢᠳᠠᠪᠠᠷ ᠲᠤᠷᠱᠢᠯᠲᠠ ᠬᠢᠵᠦ᠍᠂ ᠨᠡᠢᠲᠡᠯᠢᠭ ᠲᠤᠷᠱᠢᠯᠭ᠎ᠠ᠎ᠶ᠋ᠢ ᠢᠳᠡᠪᠬᠢᠲᠡᠶ᠎ᠪᠠᠷ ᠳᠡᠯᠭᠡᠷᠡᠭᠦᠯᠦᠨ᠂ 《ᠬᠤᠶᠠᠷ᠎ᠢ ᠬᠦᠩᠭᠡᠷᠡᠭᠦᠯᠬᠦ᠌》 ᠠᠵᠢᠯ᠎ᠤᠨ ᠲᠣᠭ᠍ᠲᠠᠭᠤᠨ ᠪᠥᠭᠡᠳ ᠡᠮᠬᠢ ᠵᠢᠷᠤᠮ᠎ᠲᠠᠢ ᠶᠠᠪᠤᠭ᠍ᠳᠠᠬᠤ᠎ᠶ᠋ᠢ ᠦᠨᠡᠨ ᠬᠦ᠌ ᠪᠠᠲᠤᠯᠠᠨ᠎ᠠ᠃
3. ᠠᠵᠢᠯ᠎ᠤᠨ ᠬᠠᠷᠠᠯᠲᠠ᠃ ᠰᠤᠷᠭᠠᠭᠤᠯᠢ᠎ᠶ᠋ᠢᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠶᠠᠰᠤ ᠴᠢᠨᠠᠷ ᠪᠠ ᠦᠢᠯᠡᠴᠢᠯᠡᠭᠡᠨ᠎ᠤ ᠬᠢᠷᠢ ᠲᠦᠪᠱᠢᠨ᠎ᠢ ᠴᠢᠨᠠᠭ᠍ᠰᠢᠳᠠ ᠳᠡᠭᠡᠭ᠌ᠰᠢᠯᠡᠭᠦᠯᠵᠦ᠍᠂ ᠳᠠᠰᠭᠠᠯ ᠲᠠᠭᠠᠭᠠᠯᠭᠠᠪᠦᠷᠢ᠎ᠶ᠋ᠢᠨ ᠲᠤᠬᠢᠷᠠᠭᠤᠯᠤᠯᠲᠠ᠎ᠶ᠋ᠢ ᠨᠠᠩ ᠱᠢᠨᠵᠢᠯᠡᠬᠦ᠌ ᠤᠬᠠᠭᠠᠨᠴᠢ ᠪᠥᠭᠡᠳ ᠵᠦᠶ ᠵᠣᠬᠢᠰᠲᠠᠶ ᠪᠣᠯᠭᠠᠵᠤ᠂ ᠰᠤᠷᠭᠠᠭᠤᠯᠢ᠎ᠶ᠋ᠢᠨ ᠬᠢᠴᠢᠶᠡᠯ᠎ᠤᠨ ᠳᠠᠷᠠᠭᠠᠬᠢ ᠦᠢᠯᠡᠴᠢᠯᠡᠭᠡᠨᠢ ᠰᠤᠷᠤᠭ᠍ᠴᠢᠳ᠎ᠤᠨ ᠬᠡᠷᠡᠭ᠌ᠴᠡᠭᠡ ᠱᠠᠭᠠᠷᠳᠠᠯᠭ᠎ᠠ᠎ᠶ᠋ᠢ ᠦᠨᠳᠦᠰᠦᠨ᠎ᠳᠡᠭᠡᠨ ᠬᠠᠩᠭᠠᠵᠤ᠂ ᠰᠤᠷᠤᠭ᠍ᠴᠢᠳ᠎ᠢ ᠰᠤᠷᠭᠠᠭᠤᠯᠢ᠎ᠶ᠋ᠢᠨ ᠬᠦᠷᠢᠶᠡᠨ᠎ᠳᠤ ᠨᠡᠩ ᠰᠠᠢᠳᠤᠷ ᠰᠤᠷᠤᠯᠴᠠᠭᠤᠯᠵᠤ᠂ ᠰᠤᠷᠭᠠᠭᠤᠯᠢ᠎ᠶ᠋ᠢᠨ ᠭᠠᠳᠠᠨᠠᠬᠢ ᠪᠣᠯᠪᠠᠰᠤᠷᠠᠯ᠎ᠤᠨ ᠪᠠᠢᠭᠤᠯᠤᠮᠵᠢ᠎ᠶ᠋ᠢᠨ ᠪᠣᠯᠪᠠᠰᠤᠷᠠᠯ᠎ᠤᠨ ᠦᠢᠯᠡ ᠠᠵᠢᠯᠯᠠᠭ᠎ᠠ᠎ᠶ᠋ᠢ ᠪᠥᠬᠦ᠌ ᠲᠠᠯ᠎ᠠ᠎ᠪᠠᠷ ᠵᠢᠷᠤᠮᠵᠢᠭᠤᠯᠤᠨ᠎ᠠ᠃ ᠰᠤᠷᠤᠭ᠍ᠴᠢᠳ᠎ᠤᠨ ᠬᠡᠲᠦ ᠬᠦᠨᠳᠦ ᠳᠠᠰᠭᠠᠯ ᠳᠠᠭᠠᠭᠠᠯᠭᠠᠪᠤᠷᠢ᠎ᠶ᠋ᠢᠨ ᠳᠠᠷᠤᠭᠠᠰᠤ ᠪᠠ ᠰᠤᠷᠭᠠᠭᠤᠯᠢ᠎ᠶ᠋ᠢᠨ ᠭᠠᠳᠠᠨᠠᠬᠢ ᠪᠣᠯᠪᠠᠰᠤᠷᠠᠯ᠎ᠤᠨ ᠳᠠᠷᠤᠭᠠᠰᠤ᠂ ᠬᠡᠷ ᠪᠦᠯᠢ᠎ᠶ᠋ᠢᠨ ᠰᠤᠷᠭᠠᠨ ᠬᠥᠮᠦᠵᠢᠯ᠎ᠤᠨ ᠵᠠᠷᠤᠯᠭ᠎ᠠ ᠪᠠ ᠬᠡᠷ᠎ᠤᠨ ᠠᠬᠠᠮᠠᠳ᠎ᠤᠨ ᠬᠠᠷᠠᠭᠠᠯᠵᠠᠭ᠍ᠰᠠᠨ ᠣᠶᠤᠨ ᠳᠠᠮᠢᠷ᠎ᠤᠨ ᠳᠠᠷᠤᠭᠠᠰᠤ᠎ᠶ᠋ᠢ 1 ᠵᠢᠯ᠎ᠤᠨ ᠳᠣᠲᠣᠷ᠎ᠠ ᠪᠦᠲᠦᠮᠵᠢᠲᠡᠶ ᠬᠥᠩᠭᠡᠷᠡᠭᠦᠯᠵᠦ᠍᠂ 3 ᠵᠢᠯ᠎ᠤᠨ ᠳᠣᠲᠣᠷ᠎ᠠ ᠢᠯᠡᠳᠲᠡ ᠦᠷ᠎ᠡ ᠪᠦᠲᠦᠮᠵᠢ ᠣᠯᠵᠤ᠂ ᠠᠷᠠᠳ ᠣᠯᠠᠨ᠎ᠤ ᠰᠤᠷᠭᠠᠨ ᠬᠥᠮᠦᠵᠢᠯ᠎ᠤᠨ ᠬᠠᠨᠤᠮᠵᠢ᠎ᠶ᠋ᠢᠨ ᠬᠡᠮᠵᠢᠶ᠎ᠡ᠎ᠶ᠋ᠢ ᠢᠯᠡᠳᠲᠡ ᠳᠡᠭᠡᠭ᠌ᠰᠢᠯᠡᠭᠦᠯᠦᠨ᠎ᠡ᠃
ᠬᠤᠶᠠᠷ᠂ ᠳᠠᠰᠭᠠᠯ ᠳᠠᠭᠠᠭᠠᠯᠭᠠᠪᠤᠷᠢ᠎ᠶ᠋ᠢᠨ ᠶᠡᠷᠦᠩᠬᠡᠶ ᠬᠡᠮᠵᠢᠶ᠎ᠡ ᠪᠠ ᠴᠠᠭ᠎ᠤᠨ ᠣᠷᠳᠣ᠎ᠶ᠋ᠢ ᠪᠥᠬᠦ᠌ ᠲᠠᠯ᠎ᠠ᠎ᠪᠠᠷ ᠪᠠᠭᠠᠰᠭᠠᠵᠤ᠂ ᠰᠤᠷᠤᠭ᠍ᠴᠢᠳ᠎ᠤᠨ ᠬᠡᠲᠦ ᠬᠦᠨᠳᠦ ᠳᠠᠰᠭᠠᠯ ᠳᠠᠭᠠᠭᠠᠯᠭᠠᠪᠤᠷᠢ᠎ᠶ᠋ᠢᠨ ᠳᠠᠷᠤᠭᠠᠰᠤ᠎ᠶ᠋ᠢ ᠬᠥᠩᠭᠡᠷᠡᠭᠦᠯᠬᠦ᠌ ᠬᠡᠷᠡᠭ᠌ᠳᠡᠢ
4 . ᠳᠠᠰᠭᠠᠯ ᠳᠠᠭᠠᠭᠠᠯᠭᠠᠪᠤᠷᠢ᠎ᠶ᠋ᠢᠨ ᠬᠠᠮᠢᠶᠠᠷᠤᠯᠲᠠ᠎ᠶ᠋ᠢᠨ ᠲᠣᠭ᠍ᠲᠠᠴᠠ᠎ᠶ᠋ᠢ ᠪᠦᠷᠢᠨᠱᠢᠬᠦᠯᠬᠦ᠌ ᠬᠡᠷᠡᠭ᠌ᠲᠡᠢ᠃ ᠰᠤᠷᠭᠠᠭᠤᠯᠢ᠎ᠨᠤᠭᠤᠳ ᠳᠠᠰᠭᠠᠯ ᠳᠠᠭᠠᠭᠠᠯᠭᠠᠪᠤᠷᠢ᠎ᠶ᠋ᠢᠨ ᠬᠠᠮᠢᠶᠠᠷᠤᠯᠲᠠ᠎ᠶ᠋ᠢᠨ ᠠᠷᠭ᠎ᠠ᠎ᠪᠠᠨ ᠲᠡᠭᠦᠯᠳᠡᠷᠵᠢᠭᠦᠯᠵᠦ᠍᠂ ᠱᠢᠨᠵᠢᠯᠡᠭᠡᠨ᠎ᠤ ᠳᠤᠭᠤᠢᠯᠠᠩ᠂ ᠣᠨ᠎ᠤ ᠳᠤᠭᠤᠢᠯᠠᠩ᠎ᠤᠨ ᠳᠠᠰᠭᠠᠯ ᠳᠠᠭᠠᠭᠠᠯᠭᠠᠪᠤᠷᠢ᠎ᠶ᠋ᠢ ᠨᠢᠭᠡᠳᠦᠯᠲᠡᠶ ᠲᠥᠯᠥᠪᠵᠢᠬᠦᠯᠬᠦ᠌᠎ᠶ᠋ᠢ ᠴᠢᠩᠭᠠᠳᠭᠠᠨ᠂ ᠳᠠᠰᠭᠠᠯ ᠳᠠᠭᠠᠭᠠᠯᠭᠠᠪᠤᠷᠢ᠎ᠶ᠋ᠢᠨ ᠪᠦᠲᠦᠴᠡ᠎ᠶ᠋ᠢ ᠵᠦᠶ ᠵᠣᠬᠢᠰᠲᠠᠶ ᠲᠣᠬᠢᠷᠠᠭᠤᠯᠤᠨ ᠡᠵᠡᠮᠳᠡᠵᠦ᠍᠂ ᠬᠦᠴᠢᠷ᠎ᠤᠨ ᠬᠡᠮᠵᠢᠶ᠎ᠡ᠎ᠶ᠋ᠢ ᠤᠯᠤᠰ᠎ᠤᠨ ᠬᠢᠴᠢᠶᠡᠯ᠎ᠤᠨ ᠪᠠᠷᠢᠮᠵᠢᠶ᠎ᠠ᠎ᠠᠴᠠ ᠬᠡᠲᠦᠷᠡᠭᠦᠯᠬᠦ᠌ ᠥᠬᠡᠶ ᠪᠠᠢᠬᠤ᠎ᠶ᠋ᠢ ᠪᠠᠲᠤᠯᠠᠨ᠎ᠠ᠃ ᠳᠠᠰᠭᠠᠯ ᠳᠠᠭᠠᠭᠠᠯᠭᠠᠪᠤᠷᠢ᠎ᠶ᠋ᠢ ᠰᠤᠷᠭᠠᠭᠤᠯᠢ᠎ᠶ᠋ᠢᠨ ᠳᠣᠲᠣᠭᠠᠳᠤ᠎ᠳᠤ ᠢᠯᠡ ᠨᠡᠢᠲᠡᠯᠡᠬᠦ᠌ ᠳᠦᠷᠢᠮ᠎ᠢ ᠪᠠᠢᠭᠤᠯᠵᠤ᠂ ᠶᠠᠰᠤ ᠴᠢᠨᠠᠷ᠎ᠲᠤ ᠬᠢᠨᠠᠯᠲᠠ ᠲᠠᠯᠪᠢᠬᠤ᠎ᠶ᠋ᠢ ᠴᠢᠩᠭᠠᠳᠭᠠᠨ᠎ᠠ᠃ ᠭᠡᠷ᠎ᠤᠨ ᠠᠬᠠᠮᠠᠳ᠎ᠲᠤ ᠳᠠᠰᠭᠠᠯ ᠦᠯᠡᠳᠡᠭᠡᠬᠦ᠌ ᠪᠤᠶᠤ ᠬᠡᠯᠪᠡᠷᠢ᠎ᠶ᠋ᠢ᠎ᠨᠢ ᠥᠭᠡᠷᠡᠲᠦᠭᠦᠯᠦᠨ ᠦᠯᠡᠳᠡᠭᠡᠬᠦ᠌᠎ᠶ᠋ᠢ ᠴᠢᠩᠭ᠎ᠠ ᠴᠠᠭᠠᠵᠠᠯᠠᠵᠤ᠂ ᠭᠡᠷ᠎ᠤᠨ ᠠᠬᠠᠮᠠᠳ᠎ᠢᠶᠠᠷ ᠳᠠᠰᠭᠠᠯ ᠪᠠᠢᠴᠠᠭᠠᠯᠭᠠᠬᠤ᠂ ᠬᠢᠨᠡᠨ ᠵᠠᠰᠠᠭᠤᠯᠬᠤ᠎ᠪᠠᠷ ᠱᠠᠭᠠᠷᠳᠠᠬᠤ᠎ᠶ᠋ᠢ ᠴᠢᠩᠭ᠎ᠠ ᠴᠠᠭᠠᠵᠠᠯᠠᠨ᠎ᠠ᠃
5. ᠳᠠᠰᠭᠠᠯ ᠳᠠᠭᠠᠭᠠᠯᠭᠠᠪᠤᠷᠢ᠎ᠶ᠋ᠢᠨ ᠶᠡᠷᠦᠩᠬᠡᠶ ᠬᠡᠮᠵᠢᠶ᠎ᠡ᠎ᠶ᠋ᠢ ᠲᠥᠷᠥᠯ ᠬᠤᠪᠢᠶᠠᠨ ᠲᠣᠳᠣᠷᠬᠠᠢᠯᠠᠬᠤ ᠬᠡᠷᠡᠭ᠌ᠲᠡᠢ᠃ ᠰᠤᠷᠭᠠᠭᠤᠯᠢ᠎ᠨᠤᠭᠤᠳ ᠪᠠᠭ᠎ᠠ ᠰᠤᠷᠭᠠᠭᠤᠯᠢ᠎ᠶ᠋ᠢᠨ ᠨᠢᠭᠡᠳᠦᠭᠡᠷ᠂ ᠬᠤᠶᠠᠳᠤᠭᠠᠷ ᠣᠨ᠎ᠳᠤ ᠭᠡᠷ ᠪᠦᠯᠢ᠎ᠶ᠋ᠢᠨ ᠪᠢᠴᠢᠭ᠎ᠤᠨ ᠬᠡᠯᠪᠡᠷᠢ᠎ᠶ᠋ᠢᠨ ᠳᠠᠰᠭᠠᠯ ᠦᠯᠡᠳᠡᠭᠡᠬᠦ᠌ ᠦᠭᠡᠶ ᠪᠠᠢᠬᠤ᠎ᠶ᠋ᠢ ᠪᠠᠲᠤᠯᠠᠵᠤ᠂ ᠰᠤᠷᠭᠠᠭᠤᠯᠢ᠎ᠶ᠋ᠢᠨ ᠳᠣᠲᠣᠷ᠎ᠠ ᠪᠠᠳᠤᠳᠭᠠᠯ ᠪᠤᠯᠪᠠᠰᠤᠷᠠᠯ᠎ᠢ ᠵᠣᠬᠢᠰᠲᠠᠶ ᠲᠣᠬᠢᠷᠠᠭᠤᠯᠵᠤ ᠪᠣᠯᠤᠨ᠎ᠠ; ᠪᠠᠭ᠎ᠠ ᠰᠤᠷᠭᠠᠭᠤᠯᠢ᠎ᠶ᠋ᠢᠨ ᠭᠤᠷᠪᠠ᠎ᠠᠴᠠ ᠵᠢᠷᠭᠤᠳᠤᠭᠠᠷ ᠣᠨ᠎ᠤ ᠪᠢᠴᠢᠭ᠎ᠤᠨ ᠬᠡᠯᠪᠡᠷᠢ᠎ᠶ᠋ᠢᠨ ᠳᠠᠰᠭᠠᠯ ᠬᠢᠬᠦ᠌ ᠳᠤᠮᠳᠠᠴᠢ ᠴᠠᠭ᠎ᠢ 60 ᠮᠢᠨᠦ᠋ᠲ᠎ᠠᠴᠠ ᠬᠡᠲᠦᠷᠡᠭᠦᠯᠵᠦ᠍ ᠪᠣᠯᠬᠤ ᠦᠭᠡᠶ᠂ ᠠᠩᠬ᠎ᠠ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠪᠢᠴᠢᠭ᠎ᠤᠨ ᠬᠡᠯᠪᠡᠷᠢ᠎ᠶ᠋ᠢᠨ ᠳᠠᠰᠭᠠᠯ ᠬᠢᠬᠦ᠌ ᠳᠤᠮᠳᠠᠴᠢ ᠴᠠᠭ᠎ᠢ 90 ᠮᠢᠨᠦ᠋ᠲ᠎ᠠᠴᠠ ᠬᠡᠲᠦᠷᠡᠭᠦᠯᠵᠦ᠍ ᠪᠣᠯᠬᠤ ᠦᠭᠡᠶ᠃
6. ᠳᠠᠰᠭᠠᠯ ᠳᠠᠭᠠᠭᠠᠯᠭᠠᠪᠤᠷᠢ᠎ᠶ᠋ᠢ ᠲᠦᠯᠦᠪᠯᠡᠬᠦ᠌ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠬᠡᠷᠡᠭ᠌ᠳᠠᠢ᠃ ᠳᠠᠰᠭᠠᠯ᠎ᠤᠨ ᠣᠨᠣᠱᠢᠯᠠᠬᠤ᠂ ᠪᠠᠳᠤᠳᠭᠠᠬᠤ᠂ ᠰᠤᠷᠤᠯᠭ᠎ᠠ᠎ᠶ᠋ᠢᠨ ᠪᠠᠢᠳᠠᠯ᠎ᠢ ᠵᠠᠳᠠᠯᠬᠤ ᠵᠡᠷᠭᠡ ᠴᠢᠳᠠᠮᠵᠢ᠎ᠶ᠋ᠢ ᠪᠠᠳᠠᠷᠠᠭᠤᠯᠵᠤ᠂ ᠳᠠᠰᠭᠠᠯ᠎ᠢ ᠲᠥᠯᠥᠪᠯᠡᠬᠦ᠌᠎ᠶ᠋ᠢ ᠵᠢᠭᠠᠨ ᠰᠤᠳᠤᠯᠬᠤ ᠱᠢᠰᠲ᠋ᠧᠮ᠎ᠳᠤ ᠣᠷᠣᠭᠤᠯᠵᠤ᠂ ᠨᠠᠰᠤᠨ᠎ᠤ ᠣᠨᠴᠠᠯᠢᠭ ᠪᠠ ᠰᠤᠷᠤᠯᠴᠠᠬᠤ ᠵᠢᠮ᠎ᠡ ᠶᠣᠰᠣᠨ᠎ᠳᠤ ᠨᠡᠢᠴᠡᠭ᠌ᠰᠡᠨ᠂ ᠬᠡᠪ ᠴᠢᠨᠠᠷ᠎ᠤᠨ ᠰᠤᠷᠭᠠᠨ ᠬᠥᠮᠦᠵᠢᠯ᠎ᠤᠨ ᠤᠳᠤᠷᠢᠳᠤᠮᠵᠢ᠎ᠶ᠋ᠢ ᠢᠯᠡᠷᠡᠭᠦᠯᠦᠭ᠌ᠰᠡᠨ ᠰᠠᠭᠤᠷᠢ ᠴᠢᠨᠠᠷᠲᠠᠶ ᠳᠠᠰᠭᠠᠯ᠎ᠢ ᠱᠢᠰᠲ᠋ᠧᠮ᠎ᠲᠠᠢ ᠲᠦᠯᠦᠪᠯᠡᠬᠦ᠌ ᠬᠡᠷᠡᠭ᠌ᠳᠠᠢ᠃ ᠳᠠᠪᠬᠤᠷᠭ᠎ᠠ ᠬᠤᠪᠢᠶᠠᠭ᠍ᠰᠠᠨ᠂ ᠬᠠᠷᠢᠮᠠᠬᠠᠶ ᠴᠢᠨᠠᠷᠲᠠᠢ ᠪᠠ ᠥᠪᠡᠷᠮᠢᠴᠡ ᠴᠢᠨᠠᠷᠲᠠᠢ ᠳᠠᠰᠭᠠᠯ ᠦᠯᠡᠳᠡᠭᠡᠬᠦ᠌᠎ᠶ᠋ᠢ ᠵᠣᠷᠢᠭ᠍ᠵᠢᠭᠤᠯᠵᠤ᠂ ᠮᠧᠬᠠᠨᠢᠭ᠍ᠴᠢᠯᠠᠭ᠍ᠰᠠᠨ᠂ ᠦᠢᠯᠡᠳᠦᠯ ᠥᠬᠡᠶ ᠳᠠᠰᠭᠠᠯ᠎ᠢ ᠡᠷᠡᠰ ᠲᠡᠪᠴᠢᠵᠦ᠍᠂ ᠳᠠᠬᠢᠨ ᠳᠠᠪᠲᠠᠬᠤ ᠴᠢᠨᠠᠷᠲᠠᠢ᠂ ᠱᠢᠢᠳᠭᠡᠬᠦ᠌ ᠴᠢᠨᠠᠷᠲᠠᠢ ᠳᠠᠰᠭᠠᠯ᠎ᠢ ᠳᠡᠪᠴᠢᠬᠦ᠌ ᠬᠡᠷᠡᠭ᠌ᠲᠡᠶ᠃
7. ᠳᠠᠰᠭᠠᠯ ᠳᠠᠭᠠᠭᠠᠯᠭᠠᠪᠤᠷᠢ᠎ᠶ᠋ᠢ ᠪᠡᠶᠡᠯᠡᠭᠦᠯᠬᠦ᠌᠎ᠶ᠋ᠢ ᠵᠢᠯᠣᠭᠤᠳᠭᠤ᠎ᠪᠠᠨ ᠴᠢᠩᠭᠠᠳᠭᠠᠬᠤ ᠬᠡᠷᠡᠭ᠌ᠲᠡᠶ᠃ ᠪᠠᠭ᠍ᠰᠢ᠎ᠠᠴᠠ ᠪᠠᠭ᠎ᠠ ᠰᠤᠷᠭᠠᠭᠤᠯᠢ᠎ᠶ᠋ᠢᠨ ᠰᠤᠷᠤᠭ᠍ᠴᠢᠳ᠎ᠢ ᠵᠢᠯᠣᠭᠤᠳᠤᠨ ᠰᠤᠷᠭᠠᠭᠤᠯᠢ᠎ᠳᠠᠭᠠᠨ ᠪᠢᠴᠢᠭ᠎ᠤᠨ ᠬᠡᠯᠪᠡᠷᠢ᠎ᠶ᠋ᠢᠨ ᠳᠠᠰᠭᠠᠯ᠎ᠢ ᠦᠨᠳᠦᠰᠦᠨ᠎ᠳᠡᠭᠡᠨ ᠪᠡᠶᠡᠯᠡᠭᠦᠯᠵᠦ᠍᠂ ᠠᠩᠬ᠎ᠠ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠰᠤᠷᠤᠭ᠍ᠴᠢᠳ ᠰᠤᠷᠭᠠᠭᠤᠯᠢ᠎ᠳᠠᠭᠠᠨ ᠣᠯᠠᠩᠬᠢ ᠪᠢᠴᠢᠭ᠎ᠤᠨ ᠬᠡᠯᠪᠡᠷᠢ᠎ᠶ᠋ᠢᠨ ᠳᠠᠰᠭᠠᠯ᠎ᠢ ᠪᠡᠶᠡᠯᠡᠭᠦᠯᠬᠦ᠌ ᠬᠡᠷᠡᠭ᠌ᠲᠡᠢ᠃ ᠪᠠᠭ᠍ᠰᠢ ᠨᠠᠷ ᠳᠠᠰᠭᠠᠯ᠎ᠢ ᠨᠠᠷᠢᠨ ᠬᠢᠨᠠᠮᠠᠭᠠᠢ ᠵᠠᠰᠠᠨ ᠵᠠᠯᠠᠷᠠᠭᠤᠯᠵᠤ᠂ ᠬᠠᠷᠢᠭᠤ ᠲᠤᠰᠭᠠᠯ᠎ᠢ ᠴᠠᠭ ᠲᠤᠬᠠᠢᠳᠤᠨᠢ ᠰᠠᠢᠲᠤᠷ ᠬᠢᠵᠦ᠍᠂ ᠨᠢᠭᠤᠷᠳᠠᠨ ᠲᠠᠢᠯᠪᠤᠷᠢᠯᠠᠬᠤ᠎ᠶ᠋ᠢ ᠴᠢᠩᠭᠠᠳᠭᠠᠵᠤ᠂ ᠰᠤᠷᠤᠯᠭ᠎ᠠ᠎ᠶ᠋ᠢᠨ ᠪᠠᠢᠳᠠᠯ᠎ᠢ ᠨᠠᠷᠢᠨ ᠬᠢᠨᠠᠮᠠᠭᠠᠢ ᠵᠠᠳᠠᠯᠵᠤ᠂ ᠮᠠᠳᠠᠭ᠎ᠲᠠᠢ ᠠᠰᠠᠭᠤᠳᠠᠯ᠎ᠳᠤ ᠬᠠᠷᠢᠭᠤᠯᠲᠠ ᠥᠭ᠌ᠴᠦ ᠰᠠᠢᠲᠤᠷ ᠵᠢᠯᠣᠭᠤᠳᠭᠤ ᠬᠡᠷᠡᠭ᠌ᠲᠡᠢ᠃ ᠰᠤᠷᠤᠭ᠍ᠴᠢᠳ᠎ᠢᠶᠠᠷ ᠳᠠᠰᠭᠠᠯ᠎ᠢ᠎ᠨᠢ ᠦᠪᠡᠰᠦᠪᠡᠨ ᠬᠢᠨᠠᠨ ᠵᠠᠰᠠᠭᠤᠯᠬᠤ᠎ᠶ᠋ᠢ ᠱᠠᠭᠠᠷᠳᠠᠵᠤ ᠪᠣᠯᠬᠤ ᠦᠭᠡᠶ᠃
8. ᠬᠢᠴᠢᠶᠡᠯ᠎ᠤᠨ ᠭᠠᠳᠠᠨᠠᠬᠢ ᠴᠠᠭ᠎ᠢ ᠱᠢᠨᠵᠢᠯᠡᠬᠦ᠌ ᠤᠬᠠᠭᠠᠨᠴᠢ᠎ᠪᠠᠷ ᠠᠱᠢᠠᠠᠯᠠᠬᠤ ᠬᠡᠷᠡᠭ᠌ᠳᠠᠢ᠃ ᠰᠤᠷᠭᠠᠭᠤᠯᠢ ᠪᠠ ᠭᠡᠷ᠎ᠤᠨ ᠠᠬᠠᠮᠠᠳ ᠰᠤᠷᠤᠭ᠍ᠴᠢᠳ᠎ᠢ ᠵᠢᠯᠣᠭᠤᠳᠤᠨ ᠰᠤᠷᠭᠠᠭᠤᠯᠢ ᠲᠠᠷᠬᠠᠭᠠᠳ ᠭᠡᠷ᠎ᠲᠡᠭᠡᠨ ᠬᠠᠷᠢᠭ᠍ᠰᠠᠨ᠎ᠤ ᠳᠠᠷᠠᠭ᠎ᠠ ᠦᠯᠡᠳᠡᠭ᠌ᠰᠡᠨ ᠪᠢᠴᠢᠭ᠎ᠤᠨ ᠬᠡᠯᠪᠡᠷᠢ᠎ᠶ᠋ᠢᠨ ᠳᠠᠰᠭᠠᠯ᠎ᠢ᠎ᠨᠢ ᠪᠡᠶᠡᠯᠡᠭᠦᠯᠵᠦ᠍᠂ ᠴᠢᠬᠤᠯᠠᠲᠠᠢ ᠬᠢᠴᠢᠶᠡᠯ᠎ᠢ ᠰᠤᠷᠤᠯᠴᠠᠭᠤᠯᠵᠦ᠍᠂ ᠬᠢᠵᠦ᠍ ᠳᠡᠢᠯᠬᠦ᠌ ᠭᠡᠷ᠎ᠤᠨ ᠠᠵᠢᠯ ᠬᠥᠳᠡᠯᠮᠦᠷᠢ᠎ᠳᠤ ᠣᠷᠣᠯᠴᠠᠭᠤᠯᠤᠨ᠂ ᠲᠣᠬᠢᠷᠠᠮᠵᠢᠲᠠᠶ ᠪᠡᠶ᠎ᠡ᠎ᠶ᠋ᠢᠨ ᠲᠠᠮᠢᠷ᠎ᠤᠨ ᠪᠣᠯᠪᠠᠰᠤᠷᠠᠯ ᠬᠢᠯᠭᠡᠵᠤ᠂ ᠤᠩᠱᠢᠯᠭ᠎ᠠ ᠪᠠ ᠤᠳᠭ᠎ᠠ ᠤᠷᠠᠯᠢᠭ᠎ᠤᠨ ᠠᠵᠢᠯᠯᠠᠭ᠎ᠠ ᠥᠷᠨᠢᠭᠦᠯᠬᠦ᠌ ᠬᠡᠷᠡᠭ᠌ᠲᠡᠶ᠃ ᠣᠨᠴᠠ ᠵᠠᠷᠢᠮ ᠰᠤᠷᠤᠭ᠍ᠴᠢ ᠪᠢᠴᠢᠭ᠎ᠤᠨ ᠬᠡᠯᠪᠡᠷᠢ᠎ᠶ᠋ᠢᠨ ᠳᠠᠰᠭᠠᠯ᠎ᠢᠶᠠᠨ ᠴᠢᠷᠮᠠᠢᠭᠠᠳ ᠪᠠᠰᠠ ᠪᠡᠶᠡᠯᠡᠭᠦᠯᠵᠦ᠍ ᠳᠡᠢᠯᠬᠦ᠌ ᠦᠭᠡᠶ ᠪᠤᠯ ᠴᠠᠭᠲᠤᠨᠢ ᠤᠨᠲᠠᠭᠤᠯᠬᠤ ᠬᠡᠷᠡᠭ᠌ᠲᠡᠶ᠃ ᠰᠤᠷᠤᠭ᠍ᠴᠢᠳ᠎ᠢ ᠬᠥᠲᠥᠯᠥᠨ ᠵᠢᠯᠣᠭᠤᠳᠴᠤ᠌ ᠪᠠᠢᠭᠠᠳ ᠡᠯᠧᠺᠲᠷᠣᠨ ᠦᠢᠯᠡᠳᠬᠦᠨ᠎ᠢ ᠵᠦᠶ ᠵᠣᠬᠢᠰᠲᠠᠶ ᠬᠡᠷᠡᠭ᠌ᠯᠡᠭᠦᠯᠵᠦ᠍᠂ ᠬᠡᠷᠡᠭ᠌ᠯᠡᠬᠦ᠌ ᠴᠠᠭ᠎ᠢ᠎ᠨᠢ ᠬᠢᠵᠠᠭᠠᠷᠯᠠᠨ᠂ ᠬᠠᠷᠠᠭ᠎ᠠ᠎ᠶ᠋ᠢᠨ ᠡᠷᠡᠭᠦᠯ ᠮᠡᠨᠳᠦ᠎ᠶ᠋ᠢ ᠬᠠᠮᠠᠭᠠᠯᠠᠵᠤ᠂ ᠲᠤᠤᠷ ᠰᠦᠯᠵᠢᠶᠡᠨ᠎ᠳᠤ ᠱᠢᠨᠤᠬᠤ᠎ᠶ᠋ᠢ ᠰᠡᠷᠭᠡᠢᠯᠡᠨ ᠬᠤᠷᠢᠠᠠᠯᠠᠬᠤ ᠬᠡᠷᠡᠭ᠌ᠲᠡᠶ᠃ ᠭᠡᠷ᠎ᠤᠨ ᠠᠬᠠᠮᠠᠳ ᠬᠡᠦᠬᠡᠳ᠎ᠲᠠᠢ᠎ᠪᠠᠨ ᠢᠳᠡᠪᠬᠢᠲᠡᠢ ᠤᠯᠤᠯᠴᠠᠵᠦ᠍᠂ ᠬᠡᠦᠬᠡᠳ᠎ᠤᠨ᠎ᠢᠶᠠᠨ ᠤᠷᠮ᠎ᠠ ᠰᠡᠳᠭᠢᠯᠭᠡ᠎ᠶ᠋ᠢ ᠠᠩᠬᠠᠷᠤᠨ ᠬᠠᠯᠠᠮᠵᠢᠯᠠᠵᠤ᠂ ᠲᠡᠳᠡᠨ᠎ᠢ ᠬᠠᠪᠰᠤᠷᠤᠨ ᠰᠠᠢᠨ ᠰᠠᠢᠬᠠᠨ ᠰᠤᠷᠤᠯᠭ᠎ᠠ ᠠᠮᠢᠳᠤᠷᠠᠯ᠎ᠤᠨ ᠳᠠᠳᠭᠠᠯ᠎ᠲᠠᠢ ᠪᠣᠯᠭᠠᠬᠤ ᠬᠡᠷᠡᠭ᠌ᠲᠡᠢ᠃ ᠪᠠᠢᠷᠢ᠎ᠶ᠋ᠢᠨ ᠲᠦᠷᠢᠮ᠎ᠳᠤ ᠰᠤᠷᠭᠠᠭᠤᠯᠢ ᠬᠢᠴᠢᠶᠡᠯ᠎ᠤᠨ ᠭᠠᠳᠠᠨᠠᠬᠢ ᠰᠤᠷᠤᠯᠴᠠᠯᠭ᠎ᠠ ᠠᠮᠢᠳᠤᠷᠠᠯ᠎ᠢ ᠨᠢᠭᠡᠳᠦᠯᠲᠡᠶ ᠲᠥᠯᠥᠪᠯᠡᠨ ᠰᠠᠢᠲᠤᠷ ᠲᠣᠬᠢᠷᠠᠭᠤᠯᠬᠤ ᠬᠡᠷᠡᠭ᠌ᠲᠡᠶ᠃
ᠭᠤᠷᠪᠠ᠂ ᠰᠤᠷᠭᠠᠭᠤᠯᠢ᠎ᠶ᠋ᠢᠨ ᠬᠢᠴᠢᠶᠡᠯ᠎ᠤᠨ ᠳᠠᠷᠠᠭᠠᠬᠢ ᠦᠢᠯᠡᠴᠢᠯᠡᠭᠡᠨ᠎ᠤ ᠬᠢᠷᠢ ᠲᠦᠪᠱᠢᠨ᠎ᠢ ᠳᠡᠭᠡᠭ᠌ᠰᠢᠯᠡᠭᠦᠯᠵᠦ᠍᠂ ᠰᠤᠷᠤᠭ᠍ᠴᠢᠳ᠎ᠤᠨ ᠣᠯᠠᠨ ᠶᠠᠩᠵᠤᠲᠤ ᠬᠡᠷᠡᠭ᠌ᠴᠡᠭᠡ ᠱᠠᠭᠠᠷᠳᠠᠯᠭ᠎ᠠ᠎ᠶ᠋ᠢ ᠬᠠᠩᠭᠠᠬᠤ ᠬᠡᠷᠡᠭ᠌ᠲᠡᠶ
9. ᠬᠢᠴᠢᠶᠡᠯ᠎ᠤᠨ ᠳᠠᠷᠠᠭᠠᠬᠢ ᠦᠢᠯᠡᠴᠢᠯᠡᠭᠡᠨ᠎ᠤ ᠴᠠᠭ᠎ᠢ ᠪᠠᠲᠤᠯᠠᠬᠤ ᠬᠡᠷᠡᠭ᠌ᠲᠡᠶ᠃ ᠰᠤᠷᠭᠠᠭᠤᠯᠢ᠎ᠨᠤᠭᠤᠳ ᠡᠬᠢ ᠪᠠᠶᠠᠯᠢᠭ᠎ᠤᠨ ᠳᠠᠪᠠᠭᠤᠯᠢᠭ᠎ᠢᠶᠠᠨ ᠭᠦᠢᠴᠡᠳ ᠠᠱᠢᠠᠠᠯᠠᠨ᠂ ᠬᠢᠴᠢᠶᠡᠯ᠎ᠤᠨ ᠳᠠᠷᠠᠭᠠᠬᠢ ᠬᠥᠮᠦᠨ ᠬᠥᠮᠦᠵᠢᠭᠦᠯᠬᠦ᠌ ᠡᠯ᠎ᠡ ᠵᠦᠢᠯ᠎ᠤᠨ ᠠᠵᠢᠯᠯᠠᠭ᠎ᠠ᠎ᠶ᠋ᠢ ᠪᠦᠲᠦᠮᠵᠢᠲᠡᠶ ᠬᠡᠷᠡᠭ᠌ᠵᠢᠭᠦᠯᠵᠦ᠍᠂ ᠰᠤᠷᠭᠠᠭᠤᠯᠢ᠎ᠳᠠᠭᠠᠨ ᠰᠤᠷᠤᠭ᠍ᠴᠢᠳ᠎ᠤᠨ ᠣᠯᠠᠨ ᠶᠠᠩᠵᠤᠳᠤ ᠰᠤᠷᠤᠯᠴᠠᠬᠤ ᠬᠡᠷᠡᠭ᠌ᠴᠡᠭᠡ᠎ᠶ᠋ᠢ ᠬᠠᠩᠭᠠᠬᠤ ᠬᠡᠷᠡᠭ᠌ᠲᠡᠶ᠃ ᠰᠤᠷᠤᠭ᠍ᠴᠢᠳ᠎ᠢ ᠬᠦᠳᠦᠯᠦᠨ ᠵᠢᠯᠤᠭᠤᠳᠴᠤ᠌ ᠰᠠᠢᠨ ᠳᠤᠷ᠎ᠠ᠎ᠠᠴᠠ᠎ᠪᠠᠨ ᠬᠢᠴᠢᠶᠡᠯ᠎ᠤᠨ ᠳᠠᠷᠠᠭᠠᠬᠢ ᠦᠢᠯᠡᠴᠢᠯᠡᠭᠡ᠎ᠳᠤ ᠣᠷᠣᠯᠴᠠᠭᠤᠯᠬᠤ ᠬᠡᠷᠡᠭ᠌ᠳᠠᠢ᠃ ᠬᠢᠴᠢᠶᠡᠯ᠎ᠤᠨ ᠳᠠᠷᠠᠭᠠᠬᠢ ᠦᠢᠯᠡᠴᠢᠯᠡᠭᠡ ᠳᠠᠭᠤᠰᠭᠤ ᠴᠠᠭ᠎ᠢ ᠵᠠᠷᠴᠢᠮ ᠳᠡᠭᠡᠷ᠎ᠡ᠎ᠪᠠᠨ ᠲᠤᠬᠠᠶ᠎ᠶ᠋ᠢᠨ ᠭᠠᠵᠠᠷ᠎ᠤᠨ ᠬᠡᠪ᠎ᠤᠨ ᠠᠵᠢᠯ᠎ᠠᠴᠠ ᠪᠠᠭᠤᠬᠤ ᠴᠠᠭ᠎ᠠᠴᠠ ᠡᠷᠲᠡ ᠪᠠᠢᠯᠭᠠᠵᠤ ᠪᠤᠯᠬᠤ ᠦᠭᠡᠢ; ᠣᠨᠴᠠᠭᠠᠢ ᠬᠡᠷᠡᠭ᠌ᠴᠡᠭᠡ᠎ᠲᠠᠢ ᠰᠤᠷᠤᠭ᠍ᠴᠢ ᠪᠠᠢᠪᠠᠯ ᠰᠤᠷᠭᠠᠭᠤᠯᠢ᠎ᠨᠢ ᠨᠠᠢᠳᠠᠨ ᠬᠠᠮᠢᠶᠠᠷᠬᠤ ᠦᠢᠯᠡᠴᠢᠯᠡᠭᠡ᠎ᠶ᠋ᠢᠨ ᠴᠠᠭ᠎ᠢ ᠤᠷᠳᠤᠳᠭᠠᠬᠤ ᠬᠡᠷᠡᠭ᠌ᠳᠠᠢ; ᠠᠩᠬ᠎ᠠ ᠵᠡᠷᠭᠡ᠎ᠶ᠋ᠢᠨ ᠳᠤᠮᠳᠠᠳᠤ ᠰᠤᠷᠭᠠᠭᠤᠯᠢ᠎ᠳᠤ ᠠᠵᠢᠯᠯᠠᠬᠤ ᠡᠳᠦᠷ᠎ᠤᠨ ᠣᠷᠣᠢ ᠳᠠᠪᠲᠠᠯᠭ᠎ᠠ᠎ᠶ᠋ᠢᠨ ᠠᠩᠭᠢ ᠭᠠᠷᠭᠠᠵᠤ ᠪᠣᠯᠤᠨ᠎ᠠ᠃ ᠰᠤᠷᠭᠠᠭᠤᠯᠢ᠎ᠨᠤᠭᠤᠳ ᠪᠠᠭ᠍ᠰᠢ ᠨᠠᠷ᠎ᠢᠶᠠᠨ ᠨᠢᠭᠡᠳᠦᠯᠲᠡᠶ ᠲᠥᠯᠥᠪᠵᠢᠬᠦᠯᠦᠨ ᠲᠣᠬᠢᠷᠠᠭᠤᠯᠵᠤ ᠪᠠᠢᠭᠠᠳ 《ᠬᠠᠷᠢᠮᠠᠬᠠᠶ ᠴᠢᠨᠠᠷᠲᠠᠶ ᠠᠵᠢᠯᠯᠠᠵᠤ ᠠᠮᠠᠷᠠᠬᠤ ᠳᠦᠷᠢᠮ》 ᠢ ᠬᠡᠷᠡᠭ᠌ᠵᠢᠭᠦᠯᠵᠦ᠍ ᠪᠣᠯᠤᠨ᠎ᠠ᠃
10. ᠬᠢᠴᠢᠶᠡᠯ᠎ᠤᠨ ᠳᠠᠷᠠᠭᠠᠬᠢ ᠦᠢᠯᠡᠴᠢᠯᠡᠭᠡᠨ᠎ᠤ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠬᠡᠷᠡᠭ᠌ᠳᠠᠢ᠃ ᠰᠤᠷᠭᠠᠭᠤᠯᠢ᠎ᠨᠤᠭᠤᠳ ᠬᠢᠴᠢᠶᠡᠯ᠎ᠤᠨ ᠳᠠᠷᠠᠭᠠᠬᠢ ᠦᠢᠯᠡᠴᠢᠯᠡᠭᠡᠨ᠎ᠤ ᠬᠡᠷᠡᠭ᠌ᠵᠢᠭᠦᠯᠬᠦ᠌ ᠲᠥᠰᠦᠯ ᠲᠣᠭ᠍ᠲᠠᠭᠠᠵᠤ᠂ ᠬᠢᠴᠢᠶᠡᠯ᠎ᠤᠨ ᠳᠠᠷᠠᠭᠠᠬᠢ ᠦᠢᠯᠡᠴᠢᠯᠡᠭᠡᠨ᠎ᠤ ᠲᠠᠲᠠᠬᠤ ᠬᠦᠴᠦᠨ᠎ᠢ ᠨᠡᠮᠡᠭ᠌ᠳᠡᠭᠦᠯᠬᠦ᠌ ᠬᠡᠷᠡᠭ᠌ᠲᠡᠶ᠃ ᠬᠢᠴᠢᠶᠡᠯ᠎ᠤᠨ ᠳᠠᠷᠠᠭᠠᠬᠢ ᠦᠢᠯᠡᠴᠢᠯᠡᠬᠦ᠌ ᠴᠠᠭ᠎ᠢ ᠭᠦᠢᠴᠡᠳ ᠰᠠᠢᠲᠤᠷ ᠬᠡᠷᠡᠭ᠌ᠯᠡᠵᠦ᠍᠂ ᠰᠤᠷᠤᠭ᠍ᠴᠢᠳ᠎ᠢ ᠵᠢᠭᠠᠨ ᠵᠢᠯᠣᠭᠤᠳᠴᠤ᠌ ᠪᠠᠢᠭᠠᠳ ᠳᠠᠰᠭᠠᠯ᠎ᠢ᠎ᠨᠢ ᠬᠢᠨᠠᠮᠠᠭᠠᠶ ᠪᠡᠶᠡᠯᠡᠭᠦᠯᠵᠦ᠍᠂ ᠰᠤᠷᠤᠯᠭ᠎ᠠ᠎ᠨᠢ ᠬᠦᠴᠢᠷᠳᠡᠯᠲᠡᠶ ᠰᠤᠷᠤᠭ᠍ᠴᠢᠳ᠎ᠢ ᠵᠢᠭᠠᠨ ᠵᠢᠯᠣᠭᠤᠳᠭᠤ ᠪᠠ ᠮᠠᠲᠠᠭ᠎ᠲᠠᠢ ᠠᠰᠠᠭᠤᠳᠠᠯ᠎ᠢ᠎ᠨᠢ ᠳᠡᠢᠯᠵᠦ᠍᠂ ᠰᠤᠷᠤᠯᠭ᠎ᠠ᠎ᠠᠴᠠ ᠭᠠᠳᠠᠨ᠎ᠠ ᠰᠤᠯᠠ ᠴᠠᠭ᠎ᠲᠠᠢ ᠪᠠᠢᠭ᠎ᠠ ᠰᠤᠷᠤᠭ᠍ᠴᠢᠳ᠎ᠤᠨ ᠰᠤᠷᠤᠯᠴᠠᠬᠤ ᠣᠷᠣᠨ ᠵᠠᠶ᠎ᠶ᠋ᠢ᠎ᠨᠢ ᠥᠷᠭᠡᠳᠭᠡᠨ᠂ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠂ ᠰᠣᠶᠣᠯ ᠪᠠ ᠪᠡᠶ᠎ᠠ᠎ᠶ᠋ᠢᠨ ᠲᠠᠮᠢᠷ᠂ ᠤᠷᠠᠯᠢᠭ᠂ ᠬᠥᠳᠡᠯᠮᠦᠷᠢ᠂ ᠤᠩᠱᠢᠯᠭ᠎ᠠ᠂ ᠳᠤᠷ᠎ᠠ ᠰᠣᠨᠢᠷᠬᠠᠯ᠎ᠤᠨ ᠳᠤᠭᠤᠢᠯᠠᠩ ᠵᠢᠴᠢ ᠪᠦᠯᠬᠦᠮ᠎ᠤᠨ ᠠᠵᠢᠯᠯᠠᠭ᠎ᠠ ᠵᠡᠷᠭᠡ ᠪᠠᠶᠠᠯᠢᠭ ᠰᠠᠢᠬᠠᠨ ᠠᠵᠢᠯᠯᠠᠭ᠎ᠠ᠎ᠶ᠋ᠢ ᠥᠷᠨᠢᠭᠦᠯᠬᠦ᠌ ᠬᠡᠷᠡᠭ᠌ᠳᠠᠢ᠃ ᠬᠢᠴᠢᠶᠡᠯ᠎ᠤᠨ ᠳᠠᠷᠠᠭᠠᠬᠢ ᠦᠢᠯᠡᠴᠢᠯᠡᠭᠡᠨ᠎ᠤ ᠴᠠᠭ᠎ᠢ ᠠᠱᠢᠠᠠᠯᠠᠨ ᠱᠢᠨ᠎ᠡ ᠬᠢᠴᠢᠶᠡᠯ ᠵᠢᠭᠠᠵᠤ ᠪᠣᠯᠬᠤ ᠦᠭᠡᠢ᠃
11. ᠬᠢᠴᠢᠶᠡᠯ᠎ᠤᠨ ᠳᠠᠷᠠᠭᠠᠬᠢ ᠦᠢᠯᠡᠴᠢᠯᠡᠭᠡᠨ᠎ᠤ ᠠᠷᠭ᠎ᠠ ᠵᠠᠮ᠎ᠢ ᠥᠷᠭᠡᠳᠭᠡᠬᠦ᠌ ᠬᠡᠷᠡᠭ᠌ᠳᠠᠢ᠃ ᠬᠢᠴᠢᠶᠡᠯ᠎ᠤᠨ ᠳᠠᠷᠠᠭᠠᠬᠢ ᠦᠢᠯᠡᠴᠢᠯᠡᠭᠡ᠎ᠶ᠋ᠢ ᠡᠩ᠎ᠤᠨ ᠪᠠᠢᠳᠠᠯ᠎ᠳᠤ ᠲᠣᠰ ᠰᠤᠷᠭᠠᠭᠤᠯᠢ᠎ᠶ᠋ᠢᠨ ᠪᠠᠭ᠍ᠰᠢ ᠡᠭᠦᠷᠭᠡᠯᠡᠵᠤ᠂ ᠪᠠᠰᠠ ᠠᠵᠢᠯ᠎ᠠᠴᠠ᠎ᠪᠠᠨ ᠠᠮᠠᠷᠠᠭ᠍ᠰᠠᠨ ᠪᠠᠭ᠍ᠰᠢ᠂ ᠬᠢᠷᠢ ᠬᠡᠮ᠎ᠲᠠᠢ ᠨᠡᠢᠭᠡᠮ᠎ᠤᠨ ᠲᠤᠰᠭᠠᠶ ᠮᠡᠷᠭᠡᠵᠢᠯ᠎ᠤᠨ ᠠᠵᠢᠯᠲᠠᠨ ᠪᠤᠶᠤ ᠰᠠᠢᠨ ᠲᠤᠷᠠᠴᠤᠳ᠎ᠢ ᠤᠷᠢᠵᠤ ᠡᠭᠦᠷᠭᠡᠯᠡᠭᠦᠯᠵᠤ ᠪᠣᠯᠤᠨ᠎ᠠ᠃ ᠰᠤᠷᠭᠠᠨ ᠬᠥᠮᠦᠵᠢᠯ᠎ᠤᠨ ᠰᠠᠯᠠᠭ᠎ᠠ ᠮᠥᠴᠢᠷ᠎ᠠᠴᠠ ᠣᠷᠣᠨ ᠪᠦᠰᠡ᠎ᠶ᠋ᠢᠨ ᠳᠣᠲᠣᠷᠠᠬᠢ ᠱᠢᠯᠢᠳᠡᠭ ᠪᠠᠭ᠍ᠰᠢ᠎ᠶ᠋ᠢ ᠵᠣᠬᠢᠶᠠᠨ ᠪᠠᠢᠭᠤᠯᠵᠤ ᠪᠠᠭ᠍ᠰᠢ᠎ᠶ᠋ᠢᠨ ᠬᠦᠴᠦᠨ ᠪᠠᠭᠤᠷᠠᠶ ᠰᠤᠷᠭᠠᠭᠤᠯᠢ᠎ᠳᠤ ᠣᠴᠢᠭᠤᠯᠤᠨ ᠬᠢᠴᠢᠶᠡᠯ᠎ᠤᠨ ᠳᠠᠷᠠᠭᠠᠬᠢ ᠦᠢᠯᠡᠴᠢᠯᠡᠭᠡ᠎ᠶ᠋ᠢ ᠥᠷᠨᠢᠭᠦᠯᠵᠦ᠍ ᠪᠣᠯᠤᠨ᠎ᠠ᠃ ᠪᠠᠭ᠍ᠰᠢ ᠨᠠᠷ ᠰᠤᠷᠭᠠᠭᠤᠯᠢ᠎ᠶ᠋ᠢᠨ ᠭᠠᠳᠠᠨ᠎ᠠ ᠰᠦᠢᠳᠭᠡᠯ ᠬᠤᠷᠢᠶᠠᠵᠤ ᠬᠢᠴᠢᠶᠡᠯ ᠨᠥᠬᠦᠬᠦ᠌ ᠦᠢᠯᠡ ᠠᠵᠢᠯᠯᠠᠭ᠎ᠠ᠎ᠶ᠋ᠢ ᠬᠠᠤᠯᠢ ᠲᠣᠭ᠍ᠲᠠᠭᠠᠯ ᠶᠣᠰᠣᠭᠠᠷ ᠴᠢᠩᠭ᠎ᠠ ᠪᠠᠢᠴᠠᠭᠠᠨ ᠱᠢᠢᠳᠪᠤᠷᠢᠯᠡᠵᠦ᠍᠂ ᠴᠢᠨᠠᠭ᠍ᠰᠢᠯᠠᠪᠠᠯ ᠪᠠᠭ᠍ᠰᠢ᠎ᠶ᠋ᠢᠨ ᠬᠢᠷᠢ ᠬᠡᠮ᠎ᠢ ᠬᠦᠴᠦᠨ ᠥᠬᠡᠶ ᠪᠣᠯᠭᠠᠨ᠎ᠠ᠃ ᠨᠡᠢᠭᠡᠮ᠎ᠤᠨ ᠡᠬᠢ ᠪᠠᠶᠠᠯᠢᠭ᠎ᠢ ᠭᠦᠢᠴᠡᠳ ᠠᠱᠢᠠᠠᠯᠠᠨ᠂ ᠪᠠᠭᠠᠴᠤᠳ᠎ᠤᠨ ᠣᠷᠳᠣᠨ᠂ ᠵᠠᠯᠠᠭᠤᠴᠤᠳ ᠪᠠᠭᠠᠴᠤᠳ᠎ᠤᠨ ᠬᠥᠳᠡᠯᠭᠡᠭᠡᠨ᠎ᠤ ᠲᠥᠪ ᠵᠡᠷᠭᠡ ᠰᠤᠷᠭᠠᠭᠤᠯᠢ᠎ᠶ᠋ᠢᠨ ᠭᠠᠳᠠᠨᠠᠬᠢ ᠬᠥᠳᠡᠯᠭᠡᠭᠡᠨ᠎ᠤ ᠲᠠᠯᠠᠪᠤᠷ᠎ᠤᠨ ᠬᠢᠴᠢᠶᠡᠯ᠎ᠤᠨ ᠳᠠᠷᠠᠭᠠᠬᠢ ᠦᠢᠯᠡᠴᠢᠯᠡᠭᠡ᠎ᠳᠠᠬᠢ ᠦᠢᠯᠡᠳᠣᠯ᠎ᠢ ᠰᠠᠢᠲᠤᠷ ᠪᠠᠳᠠᠷᠠᠭᠤᠯᠬᠤ ᠬᠡᠷᠡᠭ᠌ᠲᠡᠶ᠃
12. ᠰᠦᠯᠵᠢᠶᠡᠨ ᠳᠡᠭᠡᠷᠡᠬᠢ ᠰᠦᠢᠳᠭᠡᠯ ᠬᠤᠷᠢᠶᠠᠬᠤ ᠥᠬᠡᠢ ᠰᠤᠷᠤᠯᠴᠠᠯᠭ᠎ᠠ᠎ᠶ᠋ᠢᠨ ᠦᠢᠯᠡᠴᠢᠯᠡᠭᠡ᠎ᠶ᠋ᠢ ᠴᠢᠩᠭᠠᠳᠭᠠᠨ ᠱᠢᠯᠢᠳᠡᠭ᠌ᠵᠢᠭᠦᠯᠬᠦ᠌ ᠬᠡᠷᠡᠭ᠌ᠳᠠᠢ᠃ ᠰᠤᠷᠭᠠᠨ ᠬᠥᠮᠦᠵᠢᠯ᠎ᠤᠨ ᠰᠠᠯᠠᠭ᠎ᠠ ᠮᠥᠴᠢᠷ ᠰᠦᠯᠵᠢᠶᠡᠨ ᠳᠡᠭᠡᠷᠡᠬᠢ ᠰᠤᠷᠭᠠᠨ ᠬᠥᠮᠦᠵᠢᠯ᠎ᠤᠨ ᠵᠢᠭᠠᠨ ᠰᠤᠷᠭᠠᠯᠲᠠ᠎ᠶ᠋ᠢᠨ ᠡᠯᠪᠡᠭ ᠪᠠᠶᠠᠯᠢᠭ ᠴᠢᠨᠠᠷ ᠰᠠᠢᠲᠠᠶ ᠡᠬᠢ ᠪᠠᠶᠠᠯᠢᠭ᠎ᠢ ᠴᠤᠭ᠍ᠯᠠᠭᠤᠯᠤᠨ ᠨᠡᠭᠡᠭᠡᠵᠤ᠂ ᠤᠯᠤᠰ ᠪᠠ ᠡᠯ᠎ᠡ ᠭᠠᠵᠠᠷ᠎ᠤᠨ ᠰᠤᠷᠭᠠᠨ ᠬᠥᠮᠦᠵᠢᠯ᠎ᠤᠨ ᠵᠢᠭᠠᠨ ᠰᠤᠷᠭᠠᠯᠲᠠ᠎ᠶ᠋ᠢᠨ ᠡᠬᠢ ᠪᠠᠶᠠᠯᠢᠭ᠎ᠤᠨ ᠲᠠᠪᠴᠠᠩ ᠵᠢᠴᠢ ᠴᠢᠨᠠᠷ ᠰᠠᠢᠲᠠᠶ ᠰᠤᠷᠭᠠᠭᠤᠯᠢ᠎ᠶ᠋ᠢᠨ ᠰᠦᠯᠵᠢᠶᠡᠨ᠎ᠤ ᠲᠠᠪᠴᠠᠩ᠎ᠢ ᠠᠱᠢᠠᠠᠯᠠᠨ᠂ ᠰᠤᠷᠤᠭ᠍ᠴᠢᠳ᠎ᠲᠤ ᠴᠢᠨᠠᠷ ᠰᠠᠢᠲᠠᠶ ᠲᠤᠰᠭᠠᠶ ᠰᠡᠳᠦᠪᠲᠦ ᠰᠤᠷᠭᠠᠨ ᠬᠥᠮᠦᠵᠢᠯ᠎ᠤᠨ ᠡᠬᠢ ᠪᠠᠶᠠᠯᠢᠭ ᠪᠠ ᠡᠯ᠎ᠡ ᠤᠨ ᠡᠯ᠎ᠡ ᠬᠢᠴᠢᠶᠡᠯ ᠲᠥᠷᠥᠯ᠎ᠢ ᠬᠠᠮᠤᠷᠤᠭ᠍ᠰᠠᠨ ᠰᠤᠷᠤᠯᠴᠠᠬᠤ ᠡᠬᠢ ᠪᠠᠶᠠᠯᠢᠭ᠎ᠢ ᠰᠦᠢᠳᠭᠡᠯ ᠬᠤᠷᠢᠶᠠᠬᠤ ᠥᠬᠡᠶ᠎ᠪᠠᠷ ᠬᠠᠩᠭᠠᠵᠤ᠂ ᠰᠤᠷᠭᠠᠨ ᠬᠥᠮᠦᠵᠢᠯ᠎ᠤᠨ ᠡᠬᠢ ᠪᠠᠶᠠᠯᠢᠭ᠎ᠤᠨ ᠲᠡᠩᠴᠡᠭᠦᠷᠢᠲᠡᠶ ᠬᠥᠭ᠌ᠵᠢᠬᠦ᠌᠎ᠶ᠋ᠢ ᠠᠬᠢᠭᠤᠯᠤᠨ᠂ ᠰᠤᠷᠭᠠᠨ ᠬᠥᠮᠦᠵᠢᠯ᠎ᠤᠨ ᠡᠷᠬᠡ ᠲᠡᠭ᠌ᠰᠢ ᠪᠠᠢᠬᠤ᠎ᠶ᠋ᠢ ᠠᠬᠢᠭᠤᠯᠬᠤ ᠬᠡᠷᠡᠭ᠌ᠳᠠᠢ᠃ ᠡᠯ᠎ᠡ ᠭᠠᠵᠠᠷ᠎ᠤᠨ᠎ᠬᠢᠨ ᠢᠳᠡᠪᠬᠢᠲᠡᠶ᠎ᠪᠠᠷ ᠨᠥᠬᠦᠴᠡᠯ ᠡᠭᠦᠳᠴᠦ᠍᠂ ᠱᠢᠯᠢᠳᠡᠭ ᠪᠠᠭ᠍ᠰᠢ᠎ᠶ᠋ᠢ ᠵᠣᠬᠢᠶᠠᠨ ᠪᠠᠢᠭᠤᠯᠵᠤ ᠪᠠᠢᠭᠠᠳ ᠰᠦᠯᠵᠢᠶᠡᠨ ᠳᠡᠭᠡᠷ᠎ᠡ ᠰᠦᠢᠳᠭᠡᠯ ᠬᠤᠷᠢᠶᠠᠬᠤ ᠥᠬᠡᠶ᠎ᠪᠠᠷ ᠰᠠᠨᠠᠯ᠎ᠢᠶᠠᠨ ᠰᠤᠯᠢᠯᠴᠠᠵᠤ ᠮᠠᠳᠠᠭ᠎ᠲᠠᠢ ᠵᠦᠢᠯ᠎ᠢ ᠲᠠᠢᠯᠪᠤᠷᠢᠯᠠᠬᠤ ᠠᠵᠢᠯ ᠦᠷᠨᠢᠭᠦᠯᠬᠦ᠌ ᠬᠡᠷᠡᠭ᠌ᠳᠠᠢ᠃ ᠡᠯ᠎ᠡ ᠭᠠᠵᠠᠷ ᠡᠯ᠎ᠡ ᠰᠤᠷᠭᠠᠭᠤᠯᠢ ᠤᠬᠠᠭᠤᠯᠤᠨ ᠳᠡᠯᠭᠡᠷᠡᠭᠦᠯᠵᠦ᠍ ᠬᠡᠷᠡᠭ᠌ᠯᠡᠬᠦ᠌ ᠡᠷᠴᠢᠮ᠎ᠢᠶᠠᠨ ᠴᠢᠩᠭᠠᠷᠠᠭᠤᠯᠵᠤ᠂ ᠰᠤᠷᠤᠭ᠍ᠴᠢᠳ᠎ᠢ ᠬᠥᠲᠥᠯᠥᠨ ᠵᠢᠯᠣᠭᠤᠳᠴᠤ᠌ ᠪᠠᠢᠭᠠᠳ ᠰᠦᠯᠵᠢᠶᠡᠨ ᠳᠡᠭᠡᠷᠡᠬᠢ ᠴᠢᠨᠠᠷ ᠰᠠᠢᠲᠠᠶ ᠰᠤᠷᠭᠠᠨ ᠬᠥᠮᠦᠵᠢᠯ᠎ᠤᠨ ᠡᠬᠢ ᠪᠠᠶᠠᠯᠢᠭ᠎ᠢ ᠰᠦᠢᠳᠭᠡᠯ ᠬᠤᠷᠢᠶᠠᠬᠤ ᠥᠬᠡᠶ᠎ᠪᠠᠷ ᠰᠠᠢᠲᠤᠷ ᠬᠡᠷᠡᠭ᠌ᠯᠡᠭᠦᠯᠬᠦ᠌ ᠬᠡᠷᠡᠭ᠌ᠲᠡᠶ᠃
ᠳᠥᠷᠪᠡ᠂ ᠴᠢᠩᠭ᠎ᠠ ᠵᠠᠰᠠᠬᠤ᠎ᠶ᠋ᠢ ᠪᠠᠷᠢᠮᠲᠠᠯᠠᠨ᠂ ᠰᠤᠷᠭᠠᠭᠤᠯᠢ᠎ᠶ᠋ᠢᠨ ᠭᠠᠳᠠᠨᠠᠬᠢ ᠪᠣᠯᠪᠠᠰᠤᠷᠠᠯ᠎ᠤᠨ ᠦᠢᠯᠡ ᠠᠵᠢᠯᠯᠠᠭ᠎ᠠ᠎ᠶ᠋ᠢ ᠪᠥᠬᠦ᠌ ᠲᠠᠯ᠎ᠠ᠎ᠪᠠᠷ ᠵᠢᠷᠤᠮᠵᠢᠭᠤᠯᠬᠤ ᠬᠡᠷᠡᠭ᠌ᠲᠡᠶ
13. ᠪᠠᠢᠭᠤᠯᠤᠮᠵᠢ᠎ᠶ᠋ᠢ ᠴᠢᠩᠭ᠎ᠠ ᠬᠢᠨᠠᠨ ᠵᠥᠪᠱᠢᠶᠡᠷᠡᠬᠦ᠌᠎ᠶ᠋ᠢ ᠪᠠᠷᠢᠮᠲᠠᠯᠠᠬᠤ ᠬᠡᠷᠡᠭ᠌ᠲᠡᠶ᠃ ᠡᠯ᠎ᠡ ᠭᠠᠵᠠᠷ᠎ᠤᠨ᠎ᠬᠢᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠤᠨ ᠱᠠᠲᠤ ᠦᠶ᠎ᠡ᠎ᠶ᠋ᠢᠨ ᠰᠤᠷᠤᠭ᠍ᠴᠢᠳ᠎ᠲᠤ ᠬᠠᠨᠳᠤᠭᠤᠯᠤᠭ᠍ᠰᠠᠨ ᠬᠢᠴᠢᠶᠡᠯ ᠲᠥᠷᠥᠯ᠎ᠤᠨ ᠰᠤᠷᠭᠠᠭᠤᠯᠢ᠎ᠶ᠋ᠢᠨ ᠭᠠᠳᠠᠨᠠᠬᠢ ᠪᠣᠯᠪᠠᠰᠤᠷᠠᠯ᠎ᠤᠨ ᠪᠠᠢᠭᠤᠯᠤᠮᠵᠢ᠎ᠶ᠋ᠢ ᠳᠠᠭᠢᠵᠤ ᠱᠢᠨ᠎ᠠ᠎ᠪᠠᠷ ᠬᠢᠨᠠᠨ ᠵᠥᠪᠱᠢᠶᠡᠷᠡᠵᠤ ᠪᠤᠯᠬᠤ ᠦᠭᠡᠢ᠂ ᠣᠲᠣ᠎ᠶ᠋ᠢᠨ ᠪᠠᠢᠭ᠎ᠠ ᠬᠢᠴᠢᠶᠡᠯ ᠲᠥᠷᠥᠯ᠎ᠤᠨ ᠪᠣᠯᠪᠠᠰᠤᠷᠠᠯ᠎ᠤᠨ ᠪᠠᠢᠭᠤᠯᠤᠮᠵᠢ᠎ᠶ᠋ᠢ ᠠᠱᠢᠭ ᠣᠯᠵᠠᠪᠤᠷᠢ᠎ᠶ᠋ᠢᠨ ᠪᠤᠰᠤ ᠴᠢᠨᠠᠷᠲᠠᠶ ᠪᠠᠢᠭᠤᠯᠤᠮᠵᠢ᠎ᠪᠠᠷ ᠨᠢᠭᠡᠳᠦᠯᠲᠡᠶ ᠳᠡᠩᠰᠡᠯᠡᠨ᠎ᠡ᠃ ᠤᠤᠯ᠎ᠤᠨ ᠪᠦᠷᠢᠳᠭᠡᠨ ᠳᠠᠩᠰᠠᠯᠠᠭᠤᠯᠤᠭ᠍ᠰᠠᠨ ᠰᠦᠯᠵᠢᠶᠡᠨ ᠳᠡᠭᠡᠷᠡᠬᠢ ᠬᠢᠴᠢᠶᠡᠯ ᠲᠥᠷᠥᠯ᠎ᠤᠨ ᠪᠣᠯᠪᠠᠰᠤᠷᠠᠯ᠎ᠤᠨ ᠪᠠᠢᠭᠤᠯᠤᠮᠵᠢ᠎ᠶ᠋ᠢ ᠬᠢᠨᠠᠨ ᠵᠥᠪᠱᠢᠶᠡᠷᠡᠬᠦ᠌ ᠲᠦᠷᠢᠮ ᠪᠣᠯᠭᠠᠨ ᠥᠭᠡᠷᠡᠴᠢᠯᠡᠨ᠎ᠡ᠃ ᠡᠯ᠎ᠡ ᠮᠤᠵᠢ (ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠤᠲᠠ) ᠨᠢᠭᠡᠨᠲᠡ ᠪᠦᠷᠢᠳᠭᠡᠨ ᠳᠠᠩᠰᠠᠯᠠᠭᠤᠯᠤᠭ᠍ᠰᠠᠨ ᠰᠦᠯᠵᠢᠶᠡᠨ ᠳᠡᠭᠡᠷᠡᠬᠢ ᠬᠢᠴᠢᠶᠡᠯ ᠲᠥᠷᠥᠯ᠎ᠤᠨ ᠪᠣᠯᠪᠠᠰᠤᠷᠠᠯ᠎ᠤᠨ ᠪᠠᠢᠭᠤᠯᠤᠮᠵᠢ᠎ᠶ᠋ᠢ ᠪᠥᠬᠦ᠌ ᠲᠠᠯ᠎ᠠ᠎ᠪᠠᠷ ᠵᠢᠭ᠍ᠰᠠᠭᠠᠨ ᠪᠠᠢᠴᠠᠭᠠᠬᠤ᠎ᠶ᠋ᠢᠨ ᠬᠠᠮᠲᠤ ᠪᠠᠷᠢᠮᠵᠢᠶ᠎ᠠ ᠶᠣᠰᠣᠭᠠᠷ ᠬᠢᠨᠠᠨ ᠵᠥᠪᠱᠢᠶᠡᠷᠡᠬᠦ᠌ ᠭᠠᠷᠳᠠᠮ᠎ᠢ ᠳᠠᠭᠢᠵᠤ ᠭᠦᠢᠴᠡᠳᠭᠡᠬᠦ᠌ ᠬᠡᠷᠡᠭ᠌ᠲᠡᠶ᠃ ᠬᠢᠨᠠᠨ ᠵᠦᠪᠱᠢᠶᠡᠷᠡᠬᠦ᠌᠎ᠳᠤ ᠬᠢᠷᠢ ᠲᠡᠩᠴᠡᠭ᠌ᠰᠡᠨ ᠥᠬᠡᠶ ᠪᠠᠢᠪᠠᠯ᠂ ᠤᠤᠯ᠎ᠤᠨ ᠳᠡᠩᠰᠡᠯᠡᠨ ᠲᠡᠮᠳᠡᠭ᠌ᠯᠡᠭ᠌ᠰᠡᠨ ᠪᠠ ᠢᠨᠲ᠋ᠧᠷ ᠰᠦᠯᠵᠢᠶ᠎ᠡ᠎ᠶ᠋ᠢᠨ ᠮᠡᠳᠡᠭᠡ ᠵᠠᠩᠭᠢ᠎ᠶ᠋ᠢᠨ ᠦᠢᠯᠡᠴᠢᠯᠡᠭᠡ ᠬᠠᠩᠭᠠᠵᠤ ᠪᠤᠯᠬᠤ ᠡᠵᠡᠩᠨᠡᠯᠲᠡ᠎ᠶ᠋ᠢᠨ ᠵᠥᠪᠱᠢᠶᠡᠷᠡᠯ᠎ᠤᠨ ᠦᠨᠡᠮᠯᠡᠯ (ICP) ᠢ᠎ᠨᠢ ᠬᠦᠴᠦᠨ ᠥᠬᠡᠶ ᠪᠣᠯᠭᠠᠨ᠎ᠠ᠃ ᠬᠢᠴᠢᠶᠡᠯ ᠲᠥᠷᠥᠯ᠎ᠤᠨ ᠪᠤᠰᠤ ᠪᠣᠯᠪᠠᠰᠤᠷᠠᠯ᠎ᠤᠨ ᠪᠠᠢᠭᠤᠯᠤᠮᠵᠢ᠎ᠳᠤ ᠡᠯ᠎ᠡ ᠭᠠᠵᠠᠷ ᠣᠷᠣᠨ ᠪᠡᠶ᠎ᠡ᠎ᠶ᠋ᠢᠨ ᠲᠠᠮᠢᠷ᠂ ᠰᠣᠶᠣᠯ ᠤᠷᠠᠯᠢᠭ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠵᠡᠷᠭᠡ ᠲᠥᠷᠥᠯ ᠬᠤᠪᠢᠶᠠᠵᠤ᠂ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠢ ᠲᠣᠳᠣᠷᠬᠠᠢᠯᠠᠵᠤ᠂ ᠲᠥᠷᠥᠯ ᠬᠤᠪᠢᠶᠠᠨ ᠪᠠᠷᠢᠮᠵᠢᠶ᠎ᠠ ᠲᠣᠭ᠍ᠲᠠᠭᠠᠵᠤ᠂ ᠴᠢᠩᠭ᠎ᠠ ᠬᠢᠨᠠᠨ ᠵᠥᠪᠱᠢᠶᠡᠷᠡᠬᠦ᠌ ᠬᠡᠷᠡᠭ᠌ᠲᠡᠶ᠃ ᠬᠢᠷᠢ ᠭᠡᠮ᠎ᠨᠢ ᠬᠦᠷᠦᠯᠴᠡᠬᠦ᠌ ᠦᠭᠡᠢ᠂ ᠬᠢᠨᠠᠨ ᠵᠥᠪᠱᠢᠶᠡᠷᠡᠭᠦᠯᠦᠭ᠌ᠰᠡᠨ ᠥᠬᠡᠶ᠎ᠪᠠᠷ ᠪᠣᠯᠪᠠᠰᠤᠷᠠᠯ ᠥᠷᠨᠢᠭᠦᠯᠵᠤ ᠪᠠᠢᠭ᠎ᠠ ᠰᠤᠷᠭᠠᠭᠤᠯᠢ᠎ᠶ᠋ᠢᠨ ᠭᠠᠳᠠᠨᠠᠬᠢ ᠪᠣᠯᠪᠠᠰᠤᠷᠠᠯ᠎ᠤᠨ ᠪᠠᠢᠭᠤᠯᠤᠮᠵᠢ᠎ᠶ᠋ᠢ ᠬᠠᠤᠯᠢ ᠲᠣᠭ᠍ᠲᠠᠭᠠᠯ ᠶᠣᠰᠣᠭᠠᠷ ᠴᠢᠩᠭ᠎ᠠ ᠪᠠᠢᠴᠠᠭᠠᠨ ᠱᠢᠢᠳᠪᠤᠷᠢᠯᠡᠬᠦ᠌ ᠬᠡᠷᠡᠭ᠌ᠳᠠᠢ᠃ ᠬᠢᠴᠢᠶᠡᠯ ᠲᠥᠷᠥᠯ᠎ᠤᠨ ᠪᠣᠯᠪᠠᠰᠤᠷᠠᠯ᠎ᠤᠨ ᠪᠠᠢᠭᠤᠯᠤᠮᠵᠢ ᠴᠥᠮ ᠰᠲ᠋ᠤᠺ᠎ᠢᠶᠠᠨ ᠵᠠᠬ᠎ᠠ ᠳᠡᠯᠭᠡᠭᠦᠷ᠎ᠲᠤ ᠭᠠᠷᠭᠠᠵᠤ ᠪᠠᠯᠠ ᠨᠡᠢᠯᠡᠭᠦᠯᠵᠦ᠍ ᠪᠣᠯᠬᠤ ᠥᠬᠡᠶ᠂ ᠡᠳ᠋ ᠬᠥᠷᠥᠩᠭᠡᠵᠢᠭᠦᠯᠦᠨ ᠠᠵᠢᠯᠯᠠᠭᠤᠯᠬᠤ᠎ᠶ᠋ᠢ ᠴᠢᠩᠭ᠎ᠠ ᠴᠠᠭᠠᠵᠠᠯᠠᠬᠤ ᠬᠡᠷᠡᠭ᠌ᠲᠡᠶ; ᠰᠲ᠋ᠤᠺ᠎ᠢᠶᠠᠨ ᠵᠠᠬ᠎ᠠ ᠳᠡᠯᠭᠡᠭᠦᠷ᠎ᠲᠤ ᠭᠠᠷᠭᠠᠭ᠍ᠰᠠᠨ ᠺᠣᠮᠫᠠᠨᠢ ᠰᠲ᠋ᠤᠺ᠎ᠤᠨ ᠵᠠᠬ᠎ᠠ ᠲᠡᠯᠭᠡᠭᠦᠷ᠎ᠤᠨ ᠪᠡᠯᠡ ᠨᠡᠢᠯᠡᠭᠦᠯᠬᠦ᠌᠎ᠪᠠᠷ ᠳᠠᠮᠵᠢᠨ ᠬᠢᠴᠢᠶᠡᠯ ᠲᠥᠷᠥᠯ᠎ᠤᠨ ᠪᠣᠯᠪᠠᠰᠤᠷᠠᠯ᠎ᠤᠨ ᠪᠠᠢᠭᠤᠯᠤᠮᠵᠢ᠎ᠳᠤ ᠪᠡᠯᠡ ᠤᠷᠤᠭᠤᠯᠵᠤ ᠪᠤᠯᠬᠤ ᠦᠭᠡᠢ᠂ ᠰᠲ᠋ᠤᠺ ᠲᠠᠷᠬᠠᠭᠠᠬᠤ ᠪᠤᠶᠤ ᠪᠡᠯᠡᠨ ᠵᠣᠭᠤᠰ ᠥᠭ᠌ᠬᠦ ᠵᠡᠷᠭᠡ ᠠᠷᠭ᠎ᠠ ᠮᠠᠶᠢᠭ᠎ᠢᠶᠠᠷ ᠳᠠᠮᠵᠢᠨ ᠬᠢᠴᠢᠶᠡᠯ ᠲᠥᠷᠥᠯ᠎ᠤᠨ ᠪᠣᠯᠪᠠᠰᠤᠷᠠᠯ᠎ᠤᠨ ᠪᠠᠢᠭᠤᠯᠤᠮᠵᠢ᠎ᠶ᠋ᠢᠨ ᠡᠳ᠋ ᠬᠥᠷᠥᠩᠭᠡ᠎ᠶ᠋ᠢ ᠬᠤᠳᠠᠯᠳᠤᠨ ᠠᠪᠴᠤ᠌ ᠪᠣᠯᠬᠤ ᠦᠭᠡᠶ; ᠭᠠᠳᠠᠭᠠᠳᠤ ᠪᠠᠯᠠ᠎ᠨᠢ ᠨᠡᠢᠯᠡᠭᠦᠯᠦᠨ ᠬᠤᠳᠠᠯᠳᠤᠨ ᠠᠪᠬᠤ᠂ ᠨᠠᠢᠳᠠᠯᠭ᠎ᠠ᠎ᠪᠠᠷ ᠡᠵᠡᠩᠨᠡᠬᠦ᠂ ᠬᠤᠯᠪᠣᠭᠠᠯᠠᠬᠤ᠂ ᠬᠤᠪᠢᠷᠠᠵᠤ ᠪᠣᠯᠬᠤ ᠠᠱᠢᠭ ᠲᠤᠰᠠ᠎ᠶ᠋ᠢᠨ ᠪᠣᠳᠠᠲᠤ ᠴᠣᠭ᠍ᠴᠠ᠎ᠶ᠋ᠢ ᠠᠱᠢᠠᠠᠯᠠᠬᠤ ᠵᠡᠷᠭᠡ ᠠᠷᠭ᠎ᠠ ᠮᠠᠶᠢᠭ᠎ᠢᠶᠠᠷ ᠳᠠᠮᠵᠢᠨ ᠬᠢᠴᠢᠶᠡᠯ ᠲᠥᠷᠥᠯ᠎ᠤᠨ ᠪᠣᠯᠪᠠᠰᠤᠷᠠᠯ᠎ᠤᠨ ᠪᠠᠢᠭᠤᠯᠤᠮᠵᠢ᠎ᠶ᠋ᠢᠨ ᠰᠲ᠋ᠤᠺ᠎ᠢ ᠡᠵᠡᠮᠳᠡᠬᠦ᠌ ᠪᠤᠶᠤ ᠬᠤᠪᠢᠴᠠᠭ᠎ᠠ ᠣᠷᠣᠵᠤ ᠪᠣᠯᠬᠤ ᠥᠬᠡᠶ᠃ ᠲᠣᠭ᠍ᠲᠠᠭᠠᠯ᠎ᠠᠴᠠ ᠵᠥᠷᠢᠴᠡᠭ᠌ᠰᠡᠨᠢ ᠴᠡᠭ᠌ᠴᠡᠯᠡᠨ ᠵᠠᠰᠠᠬᠤ ᠬᠡᠷᠡᠭ᠌ᠲᠡᠶ᠃
14. ᠪᠣᠯᠪᠠᠰᠤᠷᠠᠯ᠎ᠤᠨ ᠦᠢᠯᠡᠴᠢᠯᠡᠭᠡᠨ᠎ᠤ ᠦᠢᠯᠡ ᠠᠵᠢᠯᠯᠠᠭ᠎ᠠ᠎ᠶ᠋ᠢ ᠵᠢᠷᠤᠮᠵᠢᠭᠤᠯᠬᠤ ᠬᠡᠷᠡᠭ᠌ᠲᠡᠶ᠃ ᠪᠣᠯᠪᠠᠰᠤᠷᠠᠯ᠎ᠤᠨ ᠠᠭᠤᠯᠭ᠎ᠠ᠎ᠶ᠋ᠢ ᠳᠠᠩᠰᠠᠯᠠᠬᠤ ᠪᠠ ᠬᠢᠨᠠᠯᠲᠠ ᠲᠠᠯᠪᠢᠬᠤ ᠳᠦᠷᠢᠮ᠎ᠢ ᠪᠠᠢᠭᠤᠯᠵᠤ᠂ ᠰᠤᠷᠭᠠᠭᠤᠯᠢ᠎ᠶ᠋ᠢᠨ ᠭᠠᠳᠠᠨᠠᠬᠢ ᠪᠣᠯᠪᠠᠰᠤᠷᠠᠯ᠎ᠤᠨ ᠪᠠᠢᠭᠤᠯᠤᠮᠵᠢ᠎ᠶ᠋ᠢᠨ ᠪᠣᠯᠪᠠᠰᠤᠷᠠᠯ᠎ᠤᠨ ᠮᠠᠲ᠋ᠧᠷᠢᠶᠠᠯ᠎ᠤᠨ ᠬᠠᠮᠢᠶᠠᠷᠤᠯᠲᠠ᠎ᠶ᠋ᠢᠨ ᠠᠷᠭ᠎ᠠ᠎ᠶ᠋ᠢ ᠲᠣᠭ᠍ᠲᠠᠭᠠᠨ ᠭᠡᠷᠡᠭ᠌ᠵᠢᠬᠦᠯᠬᠦ᠌ ᠬᠡᠷᠡᠭ᠌ᠲᠡᠶ᠃ ᠪᠠᠷᠢᠮᠵᠢᠶ᠎ᠠ᠎ᠠᠴᠠ ᠬᠡᠳᠦᠷᠡᠭ᠌ᠰᠡᠨ ᠤᠷᠢᠳᠴᠢᠯᠠᠭ᠍ᠰᠠᠨ ᠪᠣᠯᠪᠠᠰᠤᠷᠠᠯ᠎ᠢ ᠴᠢᠩᠭ᠎ᠠ ᠴᠠᠭᠠᠵᠠᠯᠠᠵᠤ᠂ ᠬᠢᠴᠢᠶᠡᠯ ᠲᠥᠷᠥᠯ᠎ᠤᠨ ᠪᠤᠰᠤ ᠪᠣᠯᠪᠠᠰᠤᠷᠠᠯ᠎ᠤᠨ ᠪᠠᠢᠭᠤᠯᠤᠮᠵᠢ ᠬᠢᠴᠢᠶᠡᠯ ᠲᠥᠷᠥᠯ᠎ᠤᠨ ᠪᠣᠯᠪᠠᠰᠤᠷᠠᠯ ᠡᠷᠬᠢᠯᠡᠬᠦ᠌᠎ᠶ᠋ᠢ ᠴᠢᠩᠭ᠎ᠠ ᠴᠠᠭᠠᠵᠠᠯᠠᠵᠤ᠂ ᠬᠢᠯᠢ᠎ᠶ᠋ᠢᠨ ᠭᠠᠳᠠᠨᠠᠬᠢ ᠰᠤᠷᠭᠠᠨ ᠬᠥᠮᠦᠵᠢᠯ᠎ᠤᠨ ᠬᠢᠴᠢᠶᠡᠯ ᠬᠠᠩᠭᠠᠬᠤ᠎ᠶ᠋ᠢ ᠴᠢᠩᠭ᠎ᠠ ᠴᠠᠭᠠᠵᠠᠯᠠᠨ᠎ᠠ᠃ ᠬᠡᠪᠴᠢᠶᠡᠨ᠎ᠠᠴᠠ ᠳᠠᠪᠠᠭ᠍ᠰᠠᠨ ᠪᠣᠯᠪᠠᠰᠤᠷᠠᠯ᠂ ᠪᠣᠯᠪᠠᠰᠤᠷᠠᠯ᠎ᠤᠨ ᠶᠠᠰᠤ ᠴᠢᠨᠠᠷ᠎ᠨᠢ ᠮᠠᠭᠤ᠂ ᠠᠭᠤᠯᠭ᠎ᠠ᠎ᠨᠢ ᠪᠣᠯᠬᠢ ᠪᠦᠳᠦᠭᠦᠯᠢᠭ ᠬᠠᠤᠯᠢ᠎ᠠᠴᠠ ᠵᠥᠷᠢᠴᠡᠭ᠌ᠰᠡᠨ᠂ ᠬᠠᠭᠤᠷᠮᠠᠭ ᠬᠡᠪᠯᠡᠯ ᠡᠷᠬᠡ᠎ᠳᠤ ᠬᠠᠯᠳᠠᠭ᠍ᠰᠠᠨ ᠵᠡᠷᠭᠡ ᠲᠣᠪᠤᠢᠮ᠎ᠠ ᠠᠰᠠᠭᠤᠳᠠᠯ᠎ᠢ ᠬᠠᠤᠯᠢ ᠲᠣᠭ᠍ᠲᠠᠭᠠᠯ ᠶᠣᠰᠣᠭᠠᠷ ᠡᠷᠡᠰ ᠪᠠᠢᠴᠠᠭᠠᠨ ᠱᠢᠢᠳᠪᠤᠷᠢᠯᠡᠬᠦ᠌ ᠬᠡᠷᠡᠭ᠌ᠳᠠᠢ᠃ ᠨᠠᠰᠤᠨ᠎ᠳᠤ ᠦᠯᠦ᠍ ᠬᠦᠷᠦᠭ᠌ᠰᠡᠳ᠎ᠢ ᠬᠠᠮᠠᠭᠠᠯᠠᠬᠤ ᠬᠠᠤᠯᠢ᠎ᠶ᠋ᠢᠨ ᠬᠤᠯᠪᠣᠭ᠍ᠳᠠᠯ ᠪᠦᠬᠦᠢ ᠲᠣᠭ᠍ᠲᠠᠭᠠᠯ᠎ᠢ ᠴᠢᠩᠭ᠎ᠠ ᠬᠡᠷᠡᠭ᠌ᠵᠢᠭᠦᠯᠵᠦ᠍᠂ ᠰᠤᠷᠭᠠᠭᠤᠯᠢ᠎ᠶ᠋ᠢᠨ ᠭᠠᠳᠠᠨᠠᠬᠢ ᠪᠣᠯᠪᠠᠰᠤᠷᠠᠯ᠎ᠤᠨ ᠪᠠᠢᠭᠤᠯᠤᠮᠵᠢ᠎ᠨᠤᠭᠤᠳ ᠤᠯᠤᠰ᠎ᠤᠨ ᠬᠠᠤᠯᠢ᠎ᠪᠠᠷ ᠲᠣᠭ᠍ᠲᠠᠭᠠᠭ᠍ᠰᠠᠨ ᠪᠠᠶᠠᠷ ᠳᠤᠷᠠᠰᠭᠠᠯ᠎ᠤᠨ ᠡᠳᠦᠷ᠂ ᠠᠮᠠᠷᠠᠯᠲᠠ᠎ᠶ᠋ᠢᠨ ᠡᠳᠦᠷ ᠵᠢᠴᠢ ᠡᠪᠦᠯ ᠵᠤᠨ᠎ᠤ ᠠᠮᠠᠷᠠᠯᠲᠠ᠎ᠶ᠋ᠢᠨ ᠬᠤᠭᠤᠴᠠᠭ᠎ᠠ᠎ᠶ᠋ᠢ ᠡᠵᠡᠯᠡᠨ ᠬᠡᠷᠡᠭ᠌ᠯᠡᠵᠦ᠍ ᠬᠢᠴᠢᠶᠡᠯ ᠲᠥᠷᠥᠯ᠎ᠤᠨ ᠪᠣᠯᠪᠠᠰᠤᠷᠠᠯ᠎ᠢ ᠵᠣᠬᠢᠶᠠᠨ ᠪᠠᠢᠭᠤᠯᠵᠤ ᠪᠣᠯᠬᠤ ᠦᠭᠡᠶ᠃ ᠪᠣᠯᠪᠠᠰᠤᠷᠠᠯ᠎ᠤᠨ ᠪᠠᠢᠭᠤᠯᠤᠮᠵᠢ ᠥᠨᠳᠥᠷ ᠴᠠᠯᠢᠩ᠎ᠢᠶᠠᠷ ᠰᠤᠷᠭᠠᠭᠤᠯᠢ᠎ᠶ᠋ᠢᠨ ᠪᠠᠭ᠍ᠰᠢ᠎ᠶ᠋ᠢ ᠤᠷᠢᠵᠤ ᠪᠣᠯᠬᠤ ᠦᠭᠡᠢ; ᠬᠢᠴᠢᠶᠡᠯ ᠲᠥᠷᠥᠯ᠎ᠤᠨ ᠪᠣᠯᠪᠠᠰᠤᠷᠠᠯ᠎ᠤᠨ ᠠᠵᠢᠯ ᠬᠢᠬᠦ᠌ ᠬᠥᠮᠦᠰ ᠡᠷᠬᠡᠪᠰᠢ ᠬᠤᠯᠪᠤᠭ᠍ᠳᠠᠯ ᠪᠦᠬᠦᠢ ᠪᠠᠭ᠍ᠰᠢ᠎ᠶ᠋ᠢᠨ ᠬᠢᠷᠢ ᠬᠡᠮ ᠪᠠᠢᠬᠤ ᠬᠡᠷᠡᠭ᠌ᠳᠠᠢ ᠪᠦᠭᠡᠳ ᠪᠠᠭ᠍ᠰᠢ᠎ᠶ᠋ᠢᠨ ᠬᠢᠷᠢ ᠬᠡᠮ᠎ᠤᠨ ᠮᠡᠳᠡᠭᠡ ᠵᠠᠩᠭᠢ᠎ᠶ᠋ᠢ ᠪᠣᠯᠪᠠᠰᠤᠷᠠᠯ᠎ᠤᠨ ᠪᠠᠢᠭᠤᠯᠤᠮᠵᠢ᠎ᠶ᠋ᠢᠨ ᠲᠠᠯᠠᠪᠤᠷ ᠭᠠᠵᠠᠷ ᠵᠢᠴᠢ ᠰᠦᠯᠵᠢᠶᠡᠨ ᠥᠷᠲᠡᠭᠡ᠎ᠶ᠋ᠢᠨ ᠢᠯᠡ ᠪᠠᠢᠷᠢᠨ᠎ᠳᠤ ᠨᠡᠢᠲᠡᠯᠡᠬᠦ᠌ ᠬᠡᠷᠡᠭ᠌ᠲᠡᠶ; ᠭᠡᠷ᠎ᠤᠨ ᠠᠬᠠᠮᠠᠳ ᠪᠣᠯᠤᠨ ᠰᠤᠷᠤᠭ᠍ᠴᠢᠳ᠎ᠤᠨ ᠬᠤᠪᠢ ᠬᠥᠮᠦᠨ᠎ᠤ ᠮᠡᠳᠡᠭᠡ ᠵᠠᠩᠭᠢ᠎ᠶ᠋ᠢ ᠵᠠᠳᠠᠷᠠᠭᠤᠯᠵᠤ ᠪᠣᠯᠬᠤ ᠦᠭᠡᠶ᠃ ᠵᠠᠬ᠎ᠠ ᠳᠡᠯᠭᠡᠭᠦᠷ᠎ᠤᠨ ᠬᠡᠷᠡᠭ᠌ᠴᠡᠭᠡ ᠱᠠᠭᠠᠷᠳᠠᠯᠭ᠎ᠠ᠂ ᠪᠣᠯᠪᠠᠰᠤᠷᠠᠯ᠎ᠤᠨ ᠥᠪᠡᠷ᠎ᠤᠨ ᠥᠷᠲᠡᠭ ᠵᠡᠷᠭᠡ ᠬᠦᠴᠦᠨ ᠵᠦᠢᠯ᠎ᠢ ᠦᠨᠳᠦᠰᠦᠯᠡᠨ ᠪᠣᠯᠪᠠᠰᠤᠷᠠᠯ᠎ᠤᠨ ᠪᠠᠢᠭᠤᠯᠤᠮᠵᠢ᠎ᠶ᠋ᠢᠨ ᠰᠦᠢᠳᠭᠡᠯ ᠬᠤᠷᠢᠶᠠᠬᠤ ᠲᠥᠷᠥᠯ ᠵᠦᠢᠯ ᠪᠠ ᠪᠠᠷᠢᠮᠵᠢᠶ᠎ᠠ᠎ᠶ᠋ᠢ ᠲᠣᠭ᠍ᠲᠠᠭᠠᠵᠤ᠂ ᠨᠡᠢᠭᠡᠮ ᠨᠡᠢᠲᠡ᠎ᠳᠤ ᠨᠡᠢᠲᠡᠯᠡᠨ᠂ ᠬᠢᠨᠠᠯᠲᠠ᠎ᠶ᠋ᠢ ᠬᠦᠯᠢᠶᠡᠬᠦ᠌ ᠬᠡᠷᠡᠭ᠌ᠲᠡᠶ᠃ 《ᠳᠤᠮᠳᠠᠳᠤ ᠪᠠᠭ᠎ᠠ ᠰᠤᠷᠭᠠᠭᠤᠯᠢ᠎ᠶ᠋ᠢᠨ ᠰᠤᠷᠤᠭ᠍ᠴᠢᠳ᠎ᠲᠤ ᠰᠤᠷᠭᠠᠭᠤᠯᠢ᠎ᠶ᠋ᠢᠨ ᠭᠠᠳᠠᠨᠠᠬᠢ ᠪᠣᠯᠪᠠᠰᠤᠷᠠᠯ᠎ᠤᠨ ᠦᠢᠯᠡᠴᠢᠯᠡᠭᠡ ᠬᠠᠩᠭᠠᠬᠤ ᠭᠡᠷ᠎ᠡ (ᠵᠢᠱ᠌ᠢᠶ᠎ᠡ ᠦᠵᠡᠭᠦᠯᠬᠦ᠌ ᠲᠣᠪᠬᠢᠮᠠᠯ)》 ᠶ᠋ᠢ ᠪᠥᠬᠦ᠌ ᠲᠠᠯ᠎ᠠ᠎ᠪᠠᠷ ᠬᠡᠷᠡᠭ᠌ᠯᠡᠬᠦ᠌ ᠬᠡᠷᠡᠭ᠌ᠳᠠᠢ᠃ ᠪᠠᠢᠩᠭᠤᠵᠢᠭ᠍ᠰᠠᠨ ᠵᠢᠭ᠍ᠰᠠᠭᠠᠨ ᠪᠠᠢᠴᠠᠭᠠᠬᠤ ᠲᠣᠭ᠍ᠲᠡᠴᠡ᠎ᠶ᠋ᠢ ᠤᠯᠠᠮ ᠴᠢᠨᠠᠭ᠍ᠰᠢᠳᠠ ᠪᠦᠷᠢᠨᠱᠢᠬᠦᠯᠵᠦ᠍᠂ ᠰᠤᠷᠭᠠᠭᠤᠯᠢ᠎ᠶ᠋ᠢᠨ ᠭᠠᠳᠠᠨᠠᠬᠢ ᠪᠣᠯᠪᠠᠰᠤᠷᠠᠯ᠎ᠤᠨ ᠪᠠᠢᠭᠤᠯᠤᠮᠵᠢ᠎ᠶ᠋ᠢᠨ ᠪᠠᠢᠳᠠᠯ ᠵᠢᠴᠢ ᠮᠡᠳᠡᠭᠡ ᠵᠠᠩᠭᠢ᠎ᠶ᠋ᠢ ᠴᠠᠭ ᠲᠤᠬᠠᠶ᠎ᠳᠤᠨᠢ ᠡᠵᠡᠮᠱᠢᠨ᠂ 《ᠬᠠᠷ᠎ᠠ ᠴᠠᠭᠠᠨ ᠲᠠᠩᠰᠠ》 ᠶ᠋ᠢᠨ ᠲᠦᠷᠢᠮ᠎ᠢ ᠲᠡᠭᠦᠯᠳᠡᠷᠵᠢᠭᠦᠯᠬᠦ᠌ ᠬᠡᠷᠡᠭ᠌ᠳᠠᠢ᠃
15. ᠬᠡᠪ᠎ᠤᠨ ᠠᠵᠢᠯᠯᠠᠭᠠᠨ᠎ᠤ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠬᠤ ᠬᠡᠷᠡᠭ᠌ᠳᠠᠢ᠃ ᠡᠳ᠋ ᠬᠥᠷᠥᠩᠭᠡ᠎ᠶ᠋ᠢ ᠪᠣᠯᠪᠠᠰᠤᠷᠠᠯ᠎ᠤᠨ ᠪᠠᠢᠭᠤᠯᠤᠮᠵᠢ᠎ᠳᠤ ᠬᠡᠲᠦᠷᠬᠡᠶ ᠣᠷᠣᠭᠤᠯᠬᠤ᠎ᠶ᠋ᠢ ᠴᠢᠩᠭ᠎ᠠ ᠬᠢᠵᠠᠭᠠᠷᠯᠠᠵᠤ᠂ ᠪᠣᠯᠪᠠᠰᠤᠷᠠᠯ᠎ᠤᠨ ᠪᠠᠢᠭᠤᠯᠤᠮᠵᠢ᠎ᠶ᠋ᠢᠨ ᠪᠠᠯᠠ ᠨᠡᠢᠯᠡᠭᠦᠯᠬᠦ᠌ ᠵᠢᠴᠢ ᠰᠦᠢᠳᠭᠡᠯ᠎ᠢ ᠭᠤᠤᠯᠳᠠᠭᠤ ᠪᠣᠯᠪᠠᠰᠤᠷᠠᠯ᠎ᠤᠨ ᠲᠤᠬᠠᠢᠯᠠᠭ᠍ᠰᠠᠨ ᠠᠵᠢᠯ᠎ᠤᠨ ᠡᠵᠡᠩᠨᠡᠯᠲᠡ᠎ᠳᠤ ᠬᠡᠷᠡᠭ᠌ᠯᠡᠵᠦ᠍᠂ ᠪᠣᠷᠣᠯᠠᠭᠤᠯᠭ᠎ᠠ ᠬᠢᠬᠦ᠌᠎ᠶ᠋ᠢᠨ ᠲᠦᠯᠦᠭᠡ ᠤᠤᠯ ᠦᠨ᠎ᠡ᠎ᠶ᠋ᠢ ᠬᠠᠭᠤᠷᠮᠠᠭ᠎ᠢᠶᠠᠷ ᠵᠣᠬᠢᠶᠠᠬᠤ᠂ ᠬᠤᠳᠠᠯ ᠬᠠᠭᠤᠷᠮᠠᠭ᠎ᠢᠶᠠᠷ ᠦᠨ᠎ᠡ ᠪᠠᠭᠤᠷᠠᠭᠤᠯᠬᠤ᠂ ᠬᠤᠳᠠᠯ ᠬᠠᠭᠤᠷᠮᠠᠭ᠎ᠢᠶᠠᠷ ᠤᠬᠠᠭᠤᠯᠬᠤ ᠵᠡᠷᠭᠡ ᠠᠷᠭ᠎ᠠ ᠮᠠᠶᠢᠭ᠎ᠢᠶᠠᠷ ᠭᠤᠤᠯᠴᠢ ᠪᠤᠰᠤ ᠥᠷᠢᠰᠥᠯᠳᠦᠭᠡᠨ ᠬᠢᠬᠦ᠌᠎ᠶ᠋ᠢ ᠡᠷᠡᠰ ᠴᠠᠭᠠᠵᠠᠯᠠᠵᠤ᠂ ᠠᠵᠢᠯ ᠲᠥᠷᠥᠯ᠎ᠤᠨ ᠭᠠᠭ᠍ᠴᠠᠭᠠᠷ ᠡᠵᠡᠮᠱᠢᠬᠦ᠌ ᠦᠢᠯᠡ ᠠᠵᠢᠯᠯᠠᠭ᠎ᠠ᠎ᠶ᠋ᠢ ᠬᠠᠤᠯᠢ ᠲᠣᠭ᠍ᠲᠠᠭᠠᠯ ᠶᠣᠰᠣᠭᠠᠷ ᠡᠷᠡᠰ ᠪᠠᠢᠴᠠᠭᠠᠨ ᠱᠢᠢᠳᠪᠤᠷᠢᠯᠡᠬᠦ᠌ ᠬᠡᠷᠡᠭ᠌ᠲᠡᠶ᠃ ᠰᠦᠯᠵᠢᠶᠡᠨ ᠳᠡᠭᠡᠷᠡᠬᠢ ᠪᠣᠯᠪᠠᠰᠤᠷᠠᠯ᠎ᠨᠢ ᠰᠤᠷᠤᠭ᠍ᠴᠢᠳ᠎ᠤᠨ ᠬᠠᠷᠠᠭ᠎ᠠ᠎ᠶ᠋ᠢ ᠬᠠᠮᠠᠭᠠᠯᠠᠬᠤ᠎ᠶ᠋ᠢ ᠴᠢᠬᠤᠯᠠᠴᠢᠯᠠᠵᠤ᠂ ᠬᠢᠴᠢᠶᠡᠯ ᠪᠦᠷᠢ᠎ᠶ᠋ᠢᠨ ᠴᠠᠭ᠎ᠢ 30 ᠮᠢᠨᠦ᠋ᠲ᠎ᠠᠴᠠ ᠬᠡᠲᠦᠷᠡᠭᠦᠯᠵᠦ᠍ ᠪᠣᠯᠬᠤ ᠥᠬᠡᠶ᠂ ᠬᠢᠴᠢᠶᠡᠯ᠎ᠤᠨ ᠵᠠᠪᠰᠠᠷᠯᠠᠭ᠎ᠠ᠎ᠶ᠋ᠢᠨ ᠴᠠᠭ᠎ᠢ 10 ᠮᠢᠨᠦ᠋ᠲ᠎ᠠᠴᠠ ᠪᠠᠭ᠎ᠠ ᠪᠠᠢᠯᠭᠠᠵᠤ ᠪᠣᠯᠬᠤ ᠥᠬᠡᠶ᠂ ᠪᠣᠯᠪᠠᠰᠤᠷᠠᠯ ᠲᠡᠭᠦᠰᠭᠦ ᠴᠠᠭ᠎ᠢ 21 ᠴᠠᠭ᠎ᠠᠴᠠ ᠤᠷᠤᠢ ᠪᠠᠢᠯᠭᠠᠵᠤ ᠪᠣᠯᠬᠤ ᠥᠬᠡᠶ᠃ ᠵᠣᠬᠢᠶᠠᠮᠠᠯ ᠣᠶᠤᠨ ᠴᠢᠳᠠᠪᠤᠷᠢ᠎ᠶ᠋ᠢᠨ ᠮᠡᠷᠭᠡᠵᠢᠯ᠎ᠢ ᠠᠱᠢᠠᠠᠯᠠᠨ ᠰᠤᠷᠤᠭ᠍ᠴᠢᠳ᠎ᠤᠨ ᠰᠦᠯᠵᠢᠶᠡᠨ ᠳᠡᠭᠡᠷ᠎ᠡ ᠪᠤᠯᠪᠠᠰᠤᠷᠠᠯ ᠬᠦᠷᠳᠡᠬᠦ᠌ ᠴᠠᠭ᠎ᠢ ᠵᠣᠬᠢᠰᠲᠠᠶ ᠡᠵᠡᠮᠳᠡᠬᠦ᠌᠎ᠶ᠋ᠢ ᠢᠳᠡᠪᠬᠢᠲᠡᠶ ᠰᠦᠪᠡᠭ᠌ᠴᠢᠯᠡᠬᠦ᠌ ᠬᠡᠷᠡᠭ᠌ᠳᠠᠢ᠃ ᠰᠦᠯᠵᠢᠶᠡᠨ ᠳᠡᠭᠡᠷᠡᠬᠢ ᠪᠣᠯᠪᠠᠰᠤᠷᠠᠯ᠎ᠤᠨ ᠪᠠᠢᠭᠤᠯᠤᠮᠵᠢ 《ᠰᠡᠭᠦᠳᠡᠷ ᠲᠠᠳᠠᠵᠤ ᠰᠡᠳᠦᠪ ᠡᠷᠢᠬᠦ᠌》 ᠵᠡᠷᠭᠡ ᠰᠣᠷᠣᠭ᠍ᠴᠢ᠎ᠶ᠋ᠢᠨ ᠰᠡᠳᠭᠢᠬᠦᠶ᠎ᠶ᠋ᠢᠨ ᠴᠢᠳᠠᠪᠤᠷᠢ᠎ᠶ᠋ᠢ ᠮᠠᠭᠤᠳᠠᠭᠤᠯᠬᠤ᠂ ᠰᠤᠷᠤᠭ᠍ᠴᠢᠳ᠎ᠤᠨ ᠪᠡᠶ᠎ᠡ᠎ᠪᠠᠨ ᠳᠠᠭᠠᠭᠠᠵᠤ ᠰᠡᠳᠭᠢᠬᠦ᠌᠎ᠶ᠋ᠢ ᠨᠥᠯᠥᠭᠡᠯᠡᠵᠦ᠍᠂ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠵᠢᠮ᠎ᠡ ᠶᠣᠰᠣ᠎ᠠᠴᠠ ᠲᠡᠷᠰᠯᠡᠭ᠌ᠰᠡᠨ ᠮᠠᠭᠤ ᠰᠤᠷᠤᠯᠴᠠᠬᠤ ᠠᠷᠭ᠎ᠠ᠎ᠶ᠋ᠢ ᠬᠠᠩᠭᠠᠨ ᠳᠠᠮᠵᠢᠭᠤᠯᠵᠦ᠍ ᠪᠣᠯᠬᠤ ᠥᠬᠡᠶ᠃ ᠬᠢᠯᠢ᠎ᠶ᠋ᠢᠨ ᠳᠣᠲᠣᠷ᠎ᠠ ᠪᠠᠢᠭ᠎ᠠ ᠭᠠᠳᠠᠭᠠᠳᠤ᠎ᠶ᠋ᠢᠨ ᠬᠠᠷᠢᠶ᠎ᠠ᠎ᠲᠠᠢ ᠬᠥᠮᠦᠰ᠎ᠢ ᠤᠷᠢᠵᠦ᠍ ᠬᠡᠷᠡᠭ᠌ᠯᠡᠬᠦ᠌᠎ᠳᠤ ᠤᠯᠤᠰ᠎ᠤᠨ ᠬᠤᠯᠪᠣᠭ᠍ᠳᠠᠯ ᠪᠦᠬᠦᠢ ᠲᠣᠭ᠍ᠲᠠᠭᠠᠯ᠎ᠳᠤ ᠨᠡᠢᠴᠡᠵᠤ᠂ ᠬᠢᠯᠢ᠎ᠶ᠋ᠢᠨ ᠭᠠᠳᠠᠨ᠎ᠠ ᠪᠠᠢᠭ᠎ᠠ ᠭᠠᠳᠠᠭᠠᠳᠤ᠎ᠶ᠋ᠢᠨ ᠬᠠᠷᠢᠶ᠎ᠠ᠎ᠲᠠᠢ ᠬᠥᠮᠦᠰ᠎ᠢ ᠤᠷᠢᠵᠤ ᠪᠣᠯᠪᠠᠰᠤᠷᠠᠯ᠎ᠤᠨ ᠠᠵᠢᠯᠯᠠᠭ᠎ᠠ ᠬᠢᠯᠭᠡᠬᠦ᠌᠎ᠶ᠋ᠢ ᠴᠢᠩᠭ᠎ᠠ ᠴᠠᠭᠠᠵᠠᠯᠠᠬᠤ ᠬᠡᠷᠡᠭ᠌ᠲᠡᠶ᠃
ᠲᠠᠪᠤ᠂ ᠰᠤᠷᠭᠠᠨ ᠬᠥᠮᠦᠵᠢᠯ᠎ᠤᠨ ᠵᠢᠭᠠᠨ ᠰᠤᠷᠭᠠᠯᠳᠠ᠎ᠶ᠋ᠢᠨ ᠶᠠᠰᠤ ᠴᠢᠨᠠᠷ᠎ᠢ ᠶᠡᠭᠡ᠎ᠪᠠᠷ ᠳᠡᠭᠡᠭ᠌ᠰᠢᠯᠡᠭᠦᠯᠵᠦ᠍᠂ ᠰᠤᠷᠤᠭ᠍ᠴᠢᠳ᠎ᠤᠨ ᠰᠤᠷᠭᠠᠭᠤᠯᠢ᠎ᠳᠠᠭᠠᠨ ᠭᠦᠢᠴᠡᠳ ᠰᠤᠷᠤᠯᠴᠠᠵᠤ ᠰᠠᠢᠨ ᠰᠤᠷᠤᠯᠴᠠᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠳᠡᠢ
16. ᠠᠯᠪᠠᠨ ᠵᠢᠷᠤᠮ᠎ᠤᠨ ᠰᠤᠷᠭᠠᠨ ᠬᠥᠮᠦᠵᠢᠯ᠎ᠤᠨ ᠴᠢᠨᠠᠷ ᠰᠠᠢᠲᠠᠶ ᠪᠦᠭᠡᠳ ᠲᠡᠩᠴᠡᠭᠦᠷᠢᠲᠡᠶ ᠬᠥᠭ᠌ᠵᠢᠬᠦ᠌᠎ᠶ᠋ᠢ ᠠᠬᠢᠭᠤᠯᠬᠤ ᠭᠡᠷᠡᠭ᠌ᠳᠡᠢ᠃ ᠡᠯ᠎ᠡ ᠭᠠᠵᠠᠷ᠎ᠤᠨ᠎ᠬᠢᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠤᠨ ᠦᠨᠳᠦᠰᠦᠨ᠎ᠳᠡᠭᠡᠨ ᠲᠡᠩᠴᠡᠭᠦᠷᠢᠲᠡᠶ ᠪᠠᠢᠬᠤ ᠦᠷ᠎ᠡ ᠪᠦᠲᠦᠭᠡᠯ᠎ᠢ ᠪᠠᠬᠢᠵᠢᠭᠦᠯᠵᠦ᠍᠂ ᠠᠯᠪᠠᠨ ᠵᠢᠷᠤᠮ᠎ᠤᠨ ᠰᠤᠷᠭᠠᠨ ᠬᠥᠮᠦᠵᠢᠯ᠎ᠤᠨ ᠴᠢᠨᠠᠷ ᠰᠠᠢᠲᠠᠶ ᠪᠦᠭᠡᠳ ᠲᠡᠩᠴᠡᠭᠦᠷᠢᠲᠡᠶ ᠡᠭᠦᠳᠦᠨ ᠪᠠᠢᠭᠤᠯᠬᠤ ᠠᠵᠢᠯ᠎ᠢ ᠢᠳᠡᠪᠬᠢᠲᠡᠶ ᠥᠷᠨᠢᠭᠦᠯᠵᠦ᠍᠂ ᠱᠢᠨ᠎ᠠ ᠴᠢᠨᠠᠷ ᠰᠠᠢᠲᠠᠶ ᠰᠤᠷᠭᠠᠭᠤᠯᠢ᠎ᠶ᠋ᠢᠨ ᠬᠦᠭ᠌ᠵᠢᠯᠳᠡ᠎ᠶ᠋ᠢ ᠠᠬᠢᠭᠤᠯᠵᠤ᠂ ᠴᠢᠨᠠᠷ ᠰᠠᠢᠲᠠᠶ ᠰᠤᠷᠭᠠᠨ ᠬᠥᠮᠦᠵᠢᠯ᠎ᠤᠨ ᠡᠬᠢ ᠪᠠᠶᠠᠯᠢᠭ᠎ᠢ ᠥᠷᠭᠡᠳᠭᠡᠬᠦ᠌ ᠬᠡᠷᠡᠭ᠌ᠲᠡᠶ᠃ ᠪᠦᠯᠦᠭ᠌ᠯᠡᠯ᠎ᠤᠨ ᠬᠡᠯᠪᠡᠷᠢ᠎ᠪᠠᠷ ᠰᠤᠷᠭᠠᠭᠤᠯᠢ ᠡᠷᠬᠢᠯᠡᠬᠦ᠂ ᠰᠤᠷᠭᠠᠭᠤᠯᠢ᠎ᠶ᠋ᠢ ᠲᠣᠭᠤᠷᠢᠭ᠍ᠵᠢᠭᠤᠯᠤᠨ ᠵᠠᠰᠠᠬᠤ ᠪᠠ ᠬᠤᠲᠠ ᠬᠥᠳᠡᠭᠡ᠎ᠶ᠋ᠢᠨ ᠰᠤᠷᠭᠠᠭᠤᠯᠢ᠎ᠶ᠋ᠢᠨ ᠬᠠᠮᠲᠤ ᠴᠣᠭ᠍ᠴᠠ᠎ᠶ᠋ᠢᠨ ᠪᠠᠢᠭᠤᠯᠤᠯᠲᠠ᠎ᠶ᠋ᠢ ᠢᠳᠡᠪᠬᠢᠲᠡᠶ ᠠᠬᠢᠭᠤᠯᠵᠤ᠂ ᠰᠤᠷᠭᠠᠭᠤᠯᠢ ᠡᠷᠬᠢᠯᠡᠬᠦ᠌ ᠠᠮᠢᠵᠢᠷᠠᠯ᠎ᠤᠨ ᠬᠦᠴᠦᠨ᠎ᠢ ᠭᠦᠢᠴᠡᠳ ᠬᠥᠭ᠌ᠵᠢᠭᠡᠨ᠂ ᠰᠤᠷᠭᠠᠭᠤᠯᠢ᠎ᠶ᠋ᠢᠨ ᠰᠤᠷᠭᠠᠭᠤᠯᠢ ᠡᠷᠬᠢᠯᠡᠬᠦ᠌ ᠬᠢᠷᠢ ᠲᠦᠪᠱᠢᠨ᠎ᠢ ᠪᠦᠬᠦᠯᠢ ᠴᠣᠭ᠍ᠴᠠ᠎ᠪᠠᠷ᠎ᠨᠢ ᠳᠡᠭᠡᠭ᠌ᠰᠢᠯᠡᠭᠦᠯᠵᠦ᠍᠂ ᠬᠤᠲᠠ ᠬᠥᠳᠡᠭᠡ᠂ ᠣᠷᠣᠨ ᠪᠦᠰᠡ᠂ ᠰᠤᠷᠭᠠᠭᠤᠯᠢ᠎ᠶ᠋ᠢᠨ ᠬᠤᠭᠤᠷᠣᠨᠳᠣᠬᠢ ᠰᠤᠷᠭᠠᠨ ᠬᠥᠮᠦᠵᠢᠯ᠎ᠤᠨ ᠬᠢᠷᠢ ᠲᠦᠪᠱᠢᠨ᠎ᠤ ᠵᠥᠷᠢᠶ᠎ᠡ᠎ᠶ᠋ᠢ ᠲᠦᠷᠭᠡᠳᠭᠡᠨ ᠪᠠᠭᠠᠰᠭᠠᠨ᠎ᠠ᠃
17. ᠬᠢᠴᠢᠶᠡᠯ᠎ᠤᠨ ᠲᠠᠩᠬᠢᠮ᠎ᠤᠨ ᠵᠢᠭᠠᠨ ᠰᠤᠷᠭᠠᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠬᠡᠷᠡᠭ᠌ᠳᠡᠢ᠃ ᠰᠤᠷᠭᠠᠨ ᠬᠥᠮᠦᠵᠢᠯ᠎ᠤᠨ ᠰᠠᠯᠠᠭ᠎ᠠ ᠮᠥᠴᠢᠷ᠎ᠤᠳ ᠰᠤᠷᠭᠠᠭᠤᠯᠢ᠎ᠶ᠋ᠢ ᠵᠢᠯᠣᠭᠤᠳᠤᠨ ᠵᠢᠭᠠᠨ ᠰᠤᠷᠭᠠᠯᠳᠠ᠎ᠶ᠋ᠢᠨ ᠬᠠᠮᠢᠶᠠᠷᠤᠯᠲᠠ᠎ᠶ᠋ᠢᠨ ᠳᠦᠷᠢᠮ᠎ᠢ ᠲᠡᠭᠦᠯᠳᠡᠷᠵᠢᠭᠦᠯᠵᠦ᠍᠂ ᠵᠢᠭᠠᠨ ᠰᠤᠷᠭᠠᠯᠳᠠ᠎ᠶ᠋ᠢᠨ ᠠᠷᠭ᠎ᠠ ᠮᠠᠶᠢᠭ᠎ᠢᠶᠠᠨ ᠱᠢᠯᠢᠳᠡᠭ᠌ᠵᠢᠭᠦᠯᠦᠨ᠂ ᠵᠢᠭᠠᠨ ᠰᠤᠷᠭᠠᠯᠳᠠ᠎ᠶ᠋ᠢᠨ ᠬᠠᠮᠢᠶᠠᠷᠤᠯᠲᠠ᠎ᠪᠠᠨ ᠴᠢᠩᠭᠠᠳᠭᠠᠵᠤ᠂ ᠰᠤᠷᠤᠭ᠍ᠴᠢᠳ᠎ᠤᠨ ᠰᠤᠷᠭᠠᠭᠤᠯᠢ᠎ᠳᠤ ᠰᠤᠷᠤᠯᠴᠠᠬᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌ ᠬᠡᠷᠡᠭ᠌ᠲᠡᠶ᠃ ᠰᠤᠷᠭᠠᠭᠤᠯᠢ᠎ᠨᠤᠭᠤᠳ ᠤᠯᠤᠰ᠎ᠠᠴᠠ ᠲᠣᠭ᠍ᠲᠠᠭᠠᠭ᠍ᠰᠠᠨ ᠬᠢᠴᠢᠶᠡᠯ᠎ᠢ ᠪᠦᠷᠢᠨ ᠭᠦᠢᠴᠡᠳ ᠰᠠᠢᠲᠤᠷ ᠲᠤᠬᠢᠷᠠᠭᠤᠯᠵᠤ᠂ ᠴᠡᠴᠡᠷᠯᠢᠭ᠎ᠠᠴᠠ ᠪᠠᠭ᠎ᠠ ᠰᠤᠷᠭᠠᠭᠤᠯᠢ᠎ᠳᠤ ᠲᠡᠪᠱᠢᠬᠦ᠌᠎ᠶ᠋ᠢ ᠱᠢᠨᠵᠢᠯᠡᠬᠦ᠌ ᠤᠬᠠᠭᠠᠨᠴᠢ᠎ᠪᠠᠷ ᠵᠤᠯᠭᠠᠭᠤᠯᠬᠤ᠎ᠶ᠋ᠢ ᠢᠳᠡᠪᠬᠢᠲᠡᠢ ᠠᠬᠢᠭᠤᠯᠵᠤ᠂ ᠰᠤᠷᠤᠭ᠍ᠴᠢᠳ᠎ᠢ ᠬᠠᠪᠰᠤᠷᠤᠨ ᠰᠤᠷᠭᠠᠭᠤᠯᠢ᠎ᠳᠤ ᠣᠷᠣᠬᠤ ᠪᠡᠯᠡᠳᠭᠡᠯ᠎ᠢ ᠰᠠᠢᠲᠤᠷ ᠬᠢᠵᠦ᠍᠂ ᠬᠢᠴᠢᠶᠡᠯ᠎ᠤᠨ ᠪᠠᠷᠢᠮᠵᠢᠶ᠎ᠠ᠎ᠶ᠋ᠢ ᠴᠢᠩᠭ᠎ᠠ ᠵᠢᠷᠤᠮᠯᠠᠨ ᠡᠬᠢᠨ᠎ᠠᠴᠠ᠎ᠨᠢ ᠵᠢᠭᠠᠨ ᠰᠤᠷᠭᠠᠬᠤ ᠬᠡᠷᠡᠭ᠌ᠲᠡᠢ ᠪᠥᠭᠡᠳ ᠵᠢᠭᠠᠨ ᠰᠤᠷᠭᠠᠬᠤ ᠴᠢᠬᠤᠯᠠᠲᠠᠢᠶ᠋ᠢ᠎ᠨᠢ ᠪᠦᠬᠦᠨ᠎ᠢ ᠵᠢᠭᠠᠨ ᠰᠤᠷᠭᠠᠵᠤ᠂ ᠰᠤᠷᠤᠭ᠍ᠴᠢᠳ᠎ᠢ ᠤᠯᠤᠰ᠎ᠠᠴᠠ ᠲᠣᠭ᠍ᠲᠠᠭᠠᠭ᠍ᠰᠠᠨ ᠰᠤᠷᠤᠯᠭ᠎ᠠ᠎ᠶ᠋ᠢᠨ ᠶᠠᠰᠤ ᠴᠢᠨᠠᠷ᠎ᠤᠨ ᠪᠠᠷᠢᠮᠵᠢᠶ᠎ᠠ᠎ᠳᠤ ᠬᠥᠷᠥᠬᠦᠯᠬᠦ᠌ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ᠃ ᠰᠤᠷᠭᠠᠭᠤᠯᠢ᠎ᠨᠤᠭᠤᠳ ᠬᠢᠴᠢᠶᠡᠯ᠎ᠤᠨ ᠴᠠᠭ᠎ᠢ ᠳᠤᠷ᠎ᠠ᠎ᠪᠠᠷ᠎ᠢᠶᠠᠨ ᠨᠡᠮᠡᠵᠦ᠍ ᠬᠠᠰᠤᠵᠤ᠂ ᠬᠦᠴᠢᠷ᠎ᠤᠨ ᠬᠡᠮᠵᠢᠶ᠎ᠡ᠎ᠪᠠᠨ ᠳᠡᠭᠡᠭ᠌ᠰᠢᠯᠡᠭᠦᠯᠦᠨ᠂ ᠠᠬᠢᠴᠠ᠎ᠪᠠᠨ ᠲᠦᠷᠭᠡᠳᠭᠡᠵᠦ᠍ ᠪᠣᠯᠬᠤ ᠦᠭᠡᠶ; ᠱᠢᠯᠭᠠᠯᠲᠠ᠎ᠶ᠋ᠢᠨ ᠲᠠᠷᠤᠭᠠᠰᠤ᠎ᠶ᠋ᠢ ᠪᠠᠭᠤᠷᠠᠭᠤᠯᠵᠤ᠂ ᠱᠢᠯᠭᠠᠯᠲᠠ᠎ᠶ᠋ᠢᠨ ᠠᠷᠭ᠎ᠠ᠎ᠶ᠋ᠢ ᠥᠭᠡᠷᠡᠴᠢᠯᠡᠨ ᠰᠠᠢᠵᠢᠷᠠᠭᠤᠯᠵᠤ᠂ ᠤᠷᠢᠳᠴᠢᠯᠠᠨ ᠬᠢᠴᠢᠶᠡᠯ᠎ᠢᠶᠠᠨ ᠲᠡᠭᠦᠰᠭᠡᠵᠦ᠍ ᠱᠢᠯᠭᠠᠯᠲᠠ᠎ᠳᠤ ᠪᠡᠯᠡᠳᠭᠡᠬᠦ᠂ ᠲᠣᠭ᠍ᠲᠠᠭᠠᠯ᠎ᠠᠴᠠ ᠵᠥᠷᠢᠴᠡᠨ ᠨᠢᠭᠡᠳᠦᠯᠲᠡᠶ ᠱᠢᠯᠭᠠᠬᠤ᠂ ᠱᠢᠯᠭᠠᠯᠲᠠ᠎ᠶ᠋ᠢᠨ ᠰᠡᠳᠦᠪ ᠪᠠᠷᠢᠮᠵᠢᠶ᠎ᠠ᠎ᠠᠴᠠ ᠬᠡᠲᠦᠷᠡᠬᠦ᠂ ᠱᠢᠯᠭᠠᠯᠲᠠ᠎ᠶ᠋ᠢᠨ ᠨᠡᠷᠡᠰ᠎ᠤᠨ ᠵᠢᠭ᠍ᠰᠠᠭᠠᠯᠲᠠ ᠬᠢᠬᠦ᠌ ᠵᠡᠷᠭᠡ ᠦᠢᠯᠡ ᠠᠵᠢᠯᠯᠠᠭ᠎ᠠ᠎ᠲᠠᠢ ᠪᠠᠢᠵᠤ ᠪᠣᠯᠬᠤ ᠥᠬᠡᠶ; ᠱᠢᠯᠭᠠᠯᠲᠠ᠎ᠶ᠋ᠢᠨ ᠬᠢᠷᠢ ᠪᠦᠲᠦᠮᠵᠢ᠎ᠶ᠋ᠢ ᠢᠯᠡᠷᠡᠭᠦᠯᠬᠦ᠌᠎ᠳᠤ ᠵᠡᠷᠭᠡ ᠳᠡᠰ᠎ᠤᠨ ᠳᠦᠷᠢᠮ᠎ᠢ ᠬᠡᠷᠡᠭ᠌ᠵᠢᠭᠦᠯᠵᠦ᠍᠂ ᠬᠤᠪᠢ᠎ᠶ᠋ᠢ ᠯᠠ ᠡᠷᠬᠢᠮᠯᠡᠬᠦ᠌ ᠬᠡᠯᠪᠡᠷᠢᠯ᠎ᠢ ᠡᠷᠡᠰ ᠲᠡᠪᠴᠢᠬᠦ᠌ ᠭᠡᠷᠡᠭ᠌ᠳᠡᠢ᠃
18. ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠰᠤᠷᠤᠭ᠍ᠴᠢ ᠡᠯᠰᠡᠬᠦ᠌ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌ ᠬᠡᠷᠡᠭ᠌ᠳᠡᠢ᠃ ᠡᠯ᠎ᠡ ᠭᠠᠵᠠᠷ᠎ᠤᠨ᠎ᠬᠢᠨ ᠠᠩᠬ᠎ᠠ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠰᠤᠷᠤᠯᠭ᠎ᠠ᠎ᠶ᠋ᠢᠨ ᠬᠢᠷᠢ ᠲᠦᠪᠱᠢᠨ᠎ᠤ ᠱᠢᠯᠭᠠᠯᠲᠠ᠎ᠶ᠋ᠢᠨ ᠬᠢᠷᠢ ᠪᠦᠲᠦᠮᠵᠢ᠎ᠳᠤ ᠰᠠᠭᠤᠷᠢᠯᠠᠭ᠍ᠰᠠᠨ᠂ ᠶᠡᠷᠦᠩᠬᠡᠢᠯᠡᠭ᠌ᠰᠡᠨ ᠬᠡᠪ ᠴᠢᠨᠠᠷ᠎ᠤᠨ ᠦᠨᠡᠯᠡᠯᠲᠡ᠎ᠲᠠᠢ ᠤᠶᠠᠯᠳᠤᠭᠤᠯᠤᠭ᠍ᠰᠠᠨ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠱᠠᠲᠤᠨ᠎ᠤ ᠰᠤᠷᠭᠠᠭᠤᠯᠢ᠎ᠶ᠋ᠢᠨ ᠰᠣᠷᠣᠭ᠍ᠴᠢ ᠡᠯᠰᠡᠬᠦ᠌ ᠵᠠᠭ᠍ᠪᠤᠷ᠎ᠢ ᠢᠳᠡᠪᠬᠢᠲᠡᠶ ᠲᠡᠭᠦᠯᠳᠡᠷᠵᠢᠭᠦᠯᠵᠦ᠍᠂ ᠠᠳᠠᠯᠢ ᠪᠤᠰᠤ ᠬᠢᠴᠢᠶᠡᠯ ᠲᠥᠷᠥᠯ᠎ᠤᠨ ᠣᠨᠴᠠᠯᠢᠭ᠎ᠢ ᠦᠨᠳᠦᠰᠦᠯᠡᠨ᠂ ᠱᠢᠯᠭᠠᠯᠲᠠ᠎ᠶ᠋ᠢᠨ ᠠᠷᠭ᠎ᠠ ᠮᠠᠶᠢᠭ ᠪᠠ ᠬᠢᠷᠢ ᠪᠦᠲᠦᠮᠵᠢ᠎ᠶ᠋ᠢ ᠢᠯᠡᠷᠡᠭᠦᠯᠬᠦ᠌ ᠠᠷᠭ᠎ᠠ ᠮᠠᠶᠢᠭ᠎ᠢ ᠲᠡᠭᠦᠯᠳᠡᠷᠵᠢᠭᠦᠯᠬᠦ᠌ ᠬᠡᠷᠡᠭ᠌ᠲᠡᠶ᠃ ᠰᠤᠷᠬᠤ᠎ᠪᠠᠷ ᠱᠢᠯᠭᠠᠯᠲᠠ᠎ᠶ᠋ᠢ ᠲᠣᠭ᠍ᠲᠠᠭᠠᠬᠤ᠎ᠶ᠋ᠢ ᠪᠠᠷᠢᠮᠲᠠᠯᠠᠵᠤ᠂ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠳᠤ ᠲᠡᠪᠱᠢᠬᠦ᠌ ᠱᠢᠯᠭᠠᠯᠲᠠ᠎ᠶ᠋ᠢᠨ ᠰᠡᠳᠦᠪ ᠭᠠᠷᠭᠠᠬᠤ ᠶᠠᠰᠤ ᠴᠢᠨᠠᠷ᠎ᠢ ᠴᠢᠨᠠᠬ᠍ᠰᠢᠳᠠ ᠳᠡᠭᠡᠭ᠌ᠰᠢᠯᠡᠭᠦᠯᠵᠦ᠍᠂ ᠭᠠᠵᠢᠬ ᠰᠡᠳᠦᠪ᠂ ᠬᠠᠴᠢᠨ ᠰᠡᠳᠦᠪ᠂ ᠬᠢᠴᠢᠶᠡᠯ᠎ᠤᠨ ᠪᠠᠷᠢᠮᠵᠢᠶ᠎ᠠ᠎ᠠᠴᠠ ᠳᠠᠪᠠᠭ᠍ᠰᠠᠨ ᠬᠦᠴᠢᠷ ᠰᠡᠳᠦᠪ᠎ᠢ ᠰᠡᠷᠭᠡᠢᠯᠡᠨ᠎ᠡ᠃ ᠡᠩ᠎ᠤᠨ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠰᠤᠷᠤᠭ᠍ᠴᠢ ᠡᠯᠰᠡᠬᠦ᠌ ᠴᠢᠨᠠᠷ ᠰᠠᠢᠲᠠᠶ ᠭᠦᠢᠴᠡᠳᠭᠡᠯ ᠲᠤᠭ᠎ᠠ᠎ᠶ᠋ᠢ ᠣᠷᠣᠨ ᠪᠦᠰᠡ᠎ᠶ᠋ᠢᠨ ᠳᠣᠲᠣᠷᠠᠬᠢ ᠠᠩᠬ᠎ᠠ ᠵᠡᠷᠭᠡ᠎ᠶ᠋ᠢᠨ ᠳᠤᠮᠳᠠᠳᠤ ᠰᠤᠷᠭᠠᠭᠤᠯᠢ᠎ᠳᠤ ᠬᠤᠪᠢᠶᠠᠷᠢᠯᠠᠬᠤ ᠬᠠᠷᠢᠴᠠᠯ᠎ᠢ ᠠᠯᠬᠤᠮ ᠠᠯᠬᠤᠮ᠎ᠢᠶᠠᠷ ᠳᠡᠭᠡᠭ᠌ᠰᠢᠯᠡᠭᠦᠯᠵᠦ᠍᠂ ᠡᠩ᠎ᠤᠨ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠰᠤᠷᠤᠭ᠍ᠴᠢ ᠡᠯᠰᠡᠬᠦ᠌ ᠡᠮᠬᠢ ᠳᠢᠭ᠌ᠯᠢᠮ᠎ᠢ ᠵᠢᠷᠤᠮᠵᠢᠭᠤᠯᠤᠨ᠂ ᠲᠣᠭ᠍ᠲᠠᠭᠠᠯ᠎ᠠᠴᠠ ᠵᠥᠷᠢᠴᠡᠨ ᠰᠤᠷᠤᠭ᠍ᠴᠢ ᠡᠯᠰᠡᠬᠦ᠂ ᠨᠠᠵᠠᠭᠠᠢ᠎ᠪᠠᠷ ᠥᠷᠢᠰᠥᠯᠳᠦᠬᠦ᠌᠎ᠶ᠋ᠢ ᠬᠤᠷᠢᠠᠠᠯᠠᠨ᠎ᠠ᠃
19. ᠶᠠᠰᠤ ᠴᠢᠨᠠᠷ᠎ᠢ ᠦᠨᠡᠯᠡᠬᠦ᠌ ᠱᠢᠰᠲ᠋ᠧᠮ᠎ᠳᠤ ᠣᠷᠣᠭᠤᠯᠬᠤ ᠬᠡᠷᠡᠭ᠌ᠳᠡᠢ᠃ ᠣᠷᠣᠨ ᠨᠤᠲᠤᠭ᠎ᠤᠨ ᠡᠯ᠎ᠡ ᠱᠠᠲᠤᠨ᠎ᠤ ᠨᠠᠮ᠎ᠤᠨ ᠬᠤᠷᠢᠶ᠎ᠠ ᠪᠠ ᠵᠠᠰᠠᠭ᠎ᠤᠨ ᠣᠷᠳᠣᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠤᠢ ᠪᠣᠯᠭᠠᠵᠤ᠂ ᠰᠤᠷᠭᠠᠭᠤᠯᠢ ᠳᠡᠪᠱᠢᠬᠦ᠌ ᠭᠦᠢᠴᠡᠳᠭᠡᠯ ᠲᠤᠭ᠎ᠠ᠎ᠶ᠋ᠢ ᠪᠠᠭᠤᠯᠭᠠᠬᠤ ᠪᠤᠶᠤ ᠰᠤᠷᠭᠠᠭᠤᠯᠢ ᠳᠡᠪᠱᠢᠬᠦ᠌ ᠨᠤᠷᠮ᠎ᠠ᠎ᠪᠠᠷ ᠰᠤᠷᠭᠠᠭᠤᠯᠢ ᠪᠠ ᠪᠠᠭ᠍ᠰᠢ᠎ᠶ᠋ᠢ ᠥᠷᠥᠭᠡᠰᠦᠭᠡᠯ᠎ᠢᠶᠠᠷ ᠦᠨᠡᠯᠡᠬᠦ᠌᠎ᠶ᠋ᠢ ᠴᠢᠩᠭ᠎ᠠ ᠴᠠᠭᠠᠵᠠᠯᠠᠬᠤ ᠬᠡᠷᠡᠭ᠌ᠲᠡᠢ᠃ ᠠᠯᠪᠠᠨ ᠵᠢᠷᠤᠮ᠎ᠤᠨ ᠰᠤᠷᠭᠠᠨ ᠬᠥᠮᠦᠵᠢᠯ᠎ᠤᠨ ᠶᠠᠰᠤ ᠴᠢᠨᠠᠷ᠎ᠢ ᠦᠨᠡᠯᠡᠬᠦ᠌ ᠵᠦᠭ᠌ᠯᠡᠭᠦᠷ᠎ᠢ ᠬᠢᠨᠠᠮᠠᠭᠠᠶ ᠨᠠᠢᠳᠠᠪᠤᠷᠢᠵᠢᠭᠤᠯᠵᠤ᠂ 《ᠬᠤᠶᠠᠷ᠎ᠢ ᠬᠦᠩᠭᠡᠷᠡᠭᠦᠯᠬᠦ᠌》 ᠠᠵᠢᠯ᠎ᠤᠨ ᠦᠷ᠎ᠡ ᠪᠦᠲᠦᠮᠵᠢ᠎ᠶ᠋ᠢ ᠱᠢᠶᠠᠨ᠎ᠤ ᠬᠡᠪᠴᠢᠶ᠎ᠡ ᠪᠠ ᠰᠤᠷᠭᠠᠭᠤᠯᠢ᠎ᠶ᠋ᠢᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠤᠨ ᠶᠠᠰᠤ ᠴᠢᠨᠠᠷ᠎ᠢ ᠦᠨᠡᠯᠡᠬᠦ᠌᠎ᠳᠤ ᠣᠷᠣᠭᠤᠯᠵᠤ᠂ ᠰᠤᠷᠤᠭ᠍ᠴᠢᠳ᠎ᠤᠨ ᠬᠢᠴᠢᠶᠡᠯ᠎ᠤᠨ ᠳᠠᠷᠠᠭᠠᠬᠢ ᠦᠢᠯᠡᠴᠢᠯᠡᠭᠡ᠎ᠳᠤ ᠣᠷᠣᠯᠴᠠᠬᠤ᠂ ᠰᠤᠷᠭᠠᠭᠤᠯᠢ᠎ᠶ᠋ᠢᠨ ᠭᠠᠳᠠᠨᠠᠬᠢ ᠪᠣᠯᠪᠠᠰᠤᠷᠠᠯ ᠵᠢᠴᠢ ᠪᠣᠯᠪᠠᠰᠤᠷᠠᠯ᠎ᠤᠨ ᠵᠠᠷᠤᠳᠠᠯ᠎ᠢ ᠪᠠᠭᠠᠰᠭᠠᠬᠤ ᠵᠡᠷᠭᠡ ᠪᠠᠢᠳᠠᠯ᠎ᠢ ᠦᠨᠡᠯᠡᠬᠦ᠌ ᠴᠢᠬᠤᠯᠠ ᠠᠭᠤᠯᠭ᠎ᠠ ᠪᠣᠯᠭᠠᠬᠤ ᠭᠡᠷᠡᠭ᠌ᠳᠡᠢ᠃
ᠵᠢᠷᠭᠤᠭ᠎ᠠ᠂ ᠲᠥᠬᠦᠷᠵᠢᠭᠦᠯᠦᠨ ᠵᠠᠰᠠᠬᠤ᠎ᠶ᠋ᠢ ᠴᠢᠩᠭᠠᠳᠭᠠᠵᠤ᠂ ᠲᠤᠯᠭᠠᠭᠤᠷᠢᠯᠠᠬᠤ ᠪᠠᠲᠤᠯᠠᠭ᠎ᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠬᠡᠷᠡᠭ᠌ᠳᠡᠢ
20. ᠰᠤᠷᠭᠠᠭᠤᠯᠢ᠎ᠶ᠋ᠢᠨ ᠬᠢᠴᠢᠶᠡᠯ᠎ᠤᠨ ᠳᠠᠷᠠᠭᠠᠬᠢ ᠦᠢᠯᠡᠴᠢᠯᠡᠭᠡᠨ᠎ᠤ ᠨᠥᠬᠦᠴᠡᠯ᠎ᠢ ᠪᠠᠲᠤᠯᠠᠬᠤ ᠭᠡᠷᠡᠭ᠌ᠳᠡᠢ᠃ ᠡᠯ᠎ᠡ ᠭᠠᠵᠠᠷ᠎ᠤᠨ᠎ᠬᠢᠨ ᠰᠤᠷᠤᠭ᠍ᠴᠢ᠎ᠶ᠋ᠢᠨ ᠬᠡᠪᠴᠢᠶ᠎ᠡ ᠪᠣᠯᠤᠨ ᠳᠤᠮᠳᠠᠳᠤ ᠪᠠᠭ᠎ᠠ ᠰᠤᠷᠭᠠᠭᠤᠯᠢ᠎ᠶ᠋ᠢᠨ ᠪᠠᠭ᠍ᠰᠢ ᠠᠵᠢᠯᠲᠠᠨ ᠠᠵᠢᠯᠴᠢᠨ᠎ᠤ ᠣᠷᠣᠨ ᠲᠣᠭᠠᠨ᠎ᠤ ᠪᠠᠷᠢᠮᠵᠢᠶ᠎ᠠ᠎ᠶ᠋ᠢ ᠦᠨᠳᠦᠰᠦᠯᠡᠨ᠂ ᠣᠷᠣᠨ ᠲᠤᠭ᠎ᠠ᠎ᠶ᠋ᠢ ᠨᠢᠭᠡᠳᠦᠯᠲᠡᠶ ᠲᠥᠯᠥᠪᠵᠢᠬᠦᠯᠦᠨ ᠬᠢᠨᠠᠨ ᠲᠣᠭ᠍ᠲᠠᠭᠠᠵᠤ᠂ ᠪᠠᠭ᠍ᠰᠢ᠎ᠶ᠋ᠢ ᠭᠦᠢᠴᠡᠳ ᠲᠣᠬᠢᠷᠠᠭᠤᠯᠬᠤ ᠬᠡᠷᠡᠭ᠌ᠲᠡᠶ᠃ ᠮᠤᠵᠢ᠎ᠶ᠋ᠢᠨ ᠱᠠᠲᠤᠨ᠎ᠤ ᠵᠠᠰᠠᠭ᠎ᠤᠨ ᠣᠷᠳᠣᠨ᠎ᠨᠤᠭᠤᠳ ᠰᠤᠷᠭᠠᠭᠤᠯᠢ᠎ᠶ᠋ᠢᠨ ᠬᠢᠴᠢᠶᠡᠯ᠎ᠤᠨ ᠳᠠᠷᠠᠭᠠᠬᠢ ᠦᠢᠯᠡᠴᠢᠯᠡᠭᠡᠨ᠎ᠤ ᠵᠠᠷᠤᠳᠠᠯ᠎ᠢ ᠪᠠᠲᠤᠯᠠᠬᠤ ᠠᠷᠭ᠎ᠠ᠎ᠶ᠋ᠢ ᠲᠣᠭ᠍ᠲᠠᠭᠠᠵᠤ᠂ ᠬᠠᠮᠢᠶ᠎ᠠ ᠪᠦᠬᠦᠢ ᠪᠠᠷᠢᠮᠵᠢᠶ᠎ᠠ᠎ᠶ᠋ᠢ ᠲᠣᠳᠣᠷᠬᠠᠢᠯᠠᠨ᠂ ᠡᠳ᠋᠎ᠤᠨ ᠵᠠᠰᠠᠭ᠎ᠠᠴᠠ ᠨᠥᠬᠦᠪᠥᠷᠢ ᠥᠭ᠌ᠬᠦ᠂ ᠦᠢᠯᠡᠴᠢᠯᠡᠭᠡᠨ᠎ᠤ ᠴᠢᠨᠠᠷᠲᠠᠶ ᠰᠦᠢᠳᠭᠡᠯ ᠬᠤᠷᠢᠶᠠᠬᠤ ᠪᠤᠶᠤ ᠣᠷᠣᠯᠠᠨ ᠰᠦᠢᠳᠭᠡᠯ ᠬᠤᠷᠢᠶᠠᠬᠤ ᠵᠡᠷᠭᠡ ᠠᠷᠭ᠎ᠠ ᠮᠠᠶᠢᠭ᠎ᠢᠶᠠᠷ ᠵᠠᠷᠤᠳᠠᠯ᠎ᠢ ᠪᠡᠯᠡᠳᠭᠡᠨ ᠪᠡᠯᠡᠨ ᠪᠤᠯᠭᠠᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃ ᠬᠢᠴᠢᠶᠡᠯ᠎ᠤᠨ ᠳᠠᠷᠠᠭᠠᠬᠢ ᠦᠢᠯᠡᠴᠢᠯᠡᠭᠡᠨ᠎ᠤ ᠵᠠᠷᠤᠳᠠᠯ᠎ᠢ ᠭᠤᠤᠯᠳᠠᠭᠤ ᠬᠢᠴᠢᠶᠡᠯ᠎ᠤᠨ ᠳᠠᠷᠠᠭᠠᠬᠢ ᠦᠢᠯᠡᠴᠢᠯᠡᠭᠡᠨ᠎ᠤ ᠪᠠᠭ᠍ᠰᠢ ᠪᠣᠯᠤᠨ ᠬᠠᠮᠢᠶ᠎ᠠ ᠪᠥᠬᠦᠶ ᠬᠥᠮᠦᠰ᠎ᠤᠨ ᠨᠥᠬᠦᠪᠥᠷᠢ᠎ᠳᠤ ᠬᠡᠷᠡᠭ᠌ᠯᠡᠨ᠂ ᠬᠤᠯᠪᠣᠭ᠍ᠳᠠᠯ ᠪᠥᠬᠦᠶ ᠰᠠᠯᠠᠭ᠎ᠠ ᠮᠥᠴᠢᠷ᠎ᠤᠳ ᠠᠵᠢᠯ᠎ᠤᠨ ᠪᠦᠲᠦᠮᠵᠢ᠎ᠶ᠋ᠢᠨ ᠴᠠᠯᠢᠩ᠎ᠤᠨ ᠶᠡᠷᠦᠩᠬᠡᠶ ᠬᠡᠮᠵᠢᠶ᠎ᠡ᠎ᠶ᠋ᠢ ᠬᠠᠷᠭᠤᠭᠤᠯᠤᠨ ᠲᠣᠭ᠍ᠲᠠᠭᠠᠬᠤ᠎ᠳᠤ ᠪᠠᠭ᠍ᠰᠢ᠎ᠶ᠋ᠢᠨ ᠬᠢᠴᠢᠶᠡᠯ᠎ᠤᠨ ᠳᠠᠷᠠᠭᠠᠬᠢ ᠦᠢᠯᠡᠴᠢᠯᠡᠭᠡ᠎ᠳᠤ ᠣᠷᠣᠯᠴᠠᠭ᠍ᠰᠠᠨ ᠪᠠᠢᠳᠠᠯ᠎ᠢ ᠪᠣᠳᠣᠯᠬᠢᠯᠠᠵᠤ᠂ ᠪᠠᠭ᠍ᠰᠢ᠎ᠶ᠋ᠢᠨ ᠬᠢᠴᠢᠶᠡᠯ᠎ᠤᠨ ᠳᠠᠷᠠᠭᠠᠬᠢ ᠦᠢᠯᠡᠴᠢᠯᠡᠭᠡᠨ᠎ᠤ ᠨᠥᠬᠦᠪᠥᠷᠢ᠎ᠳᠤ ᠬᠡᠷᠡᠭ᠌ᠯᠡᠬᠦ᠌ ᠵᠠᠷᠤᠳᠠᠯ᠎ᠤᠨ ᠲᠤᠭ᠎ᠠ ᠬᠡᠮᠵᠢᠶ᠎ᠡ᠎ᠶ᠋ᠢ ᠠᠵᠢᠯ᠎ᠤᠨ ᠪᠦᠲᠦᠮᠵᠢ᠎ᠶ᠋ᠢᠨ ᠴᠠᠯᠢᠩ᠎ᠳᠤ ᠨᠡᠮᠡᠵᠦ᠍ ᠣᠷᠣᠭᠤᠯᠬᠤ᠎ᠶ᠋ᠢᠨ ᠬᠠᠮᠲᠤ ᠵᠣᠬᠢᠬᠤ ᠲᠥᠷᠥᠯ ᠵᠦᠢᠯ ᠲᠤᠬᠢᠷᠠᠭᠤᠯᠵᠦ᠍᠂ ᠳᠠᠷᠠᠭ᠎ᠠ ᠵᠢᠯ᠎ᠤᠨ ᠬᠡᠪ᠎ᠤᠨ ᠬᠠᠷᠭᠤᠭᠤᠯᠤᠨ ᠲᠣᠭ᠍ᠲᠠᠭᠠᠭ᠍ᠰᠠᠨ ᠠᠵᠢᠯ᠎ᠤᠨ ᠪᠦᠲᠦᠮᠵᠢ᠎ᠶ᠋ᠢᠨ ᠴᠠᠯᠢᠩ᠎ᠤᠨ ᠶᠡᠷᠦᠩᠬᠡᠶ ᠬᠡᠮᠵᠢᠶ᠎ᠡ᠎ᠶ᠋ᠢᠨ ᠰᠠᠭᠤᠷᠢ ᠲᠤᠭ᠎ᠠ ᠪᠣᠯᠭᠠᠵᠤ ᠪᠣᠯᠬᠤ ᠥᠬᠡᠶ; ᠰᠤᠷᠭᠠᠭᠤᠯᠢ᠎ᠶ᠋ᠢᠨ ᠭᠠᠳᠠᠨᠠᠬᠢ ᠬᠥᠮᠦᠨ᠎ᠢ ᠤᠷᠢᠵᠤ ᠬᠢᠴᠢᠶᠡᠯ᠎ᠤᠨ ᠳᠠᠷᠠᠭᠠᠬᠢ ᠦᠢᠯᠡᠴᠢᠯᠡᠭᠡ ᠬᠠᠩᠭᠠᠪᠠᠯ᠂ ᠬᠢᠴᠢᠶᠡᠯ᠎ᠤᠨ ᠳᠠᠷᠠᠭᠠᠬᠢ ᠦᠢᠯᠡᠴᠢᠯᠡᠭᠡᠨ᠎ᠤ ᠨᠥᠬᠦᠪᠥᠷᠢ᠎ᠶ᠋ᠢ ᠬᠥᠳᠡᠯᠮᠦᠷᠢ ᠦᠢᠯᠡᠴᠢᠯᠡᠭᠡᠨ᠎ᠤ ᠵᠠᠷᠤᠳᠠᠯ᠎ᠢᠶᠠᠷ ᠬᠠᠮᠢᠶᠠᠷᠴᠤ᠌ ᠪᠣᠯᠤᠨ᠎ᠠ᠃ ᠪᠠᠭ᠍ᠰᠢ᠎ᠶ᠋ᠢᠨ ᠬᠢᠴᠢᠶᠡᠯ᠎ᠤᠨ ᠳᠠᠷᠠᠭᠠᠬᠢ ᠦᠢᠯᠡᠴᠢᠯᠡᠭᠡ᠎ᠳᠤ ᠣᠷᠣᠯᠴᠠᠭ᠍ᠰᠠᠨ ᠪᠤᠲᠠᠲᠤ ᠢᠯᠡᠷᠡᠯ᠎ᠢ ᠮᠡᠷᠭᠡᠵᠢᠯ᠎ᠤᠨ ᠴᠣᠯᠠ ᠲᠤᠭ᠍ᠳᠠᠭᠠᠬᠤ ᠪᠠ ᠤᠷᠢᠬᠤ᠂ ᠬᠥᠬᠢᠭᠦᠯᠦᠨ ᠱᠠᠩᠨᠠᠬᠤ ᠪᠠ ᠠᠵᠢᠯ᠎ᠤᠨ ᠪᠦᠲᠦᠮᠵᠢ᠎ᠶ᠋ᠢᠨ ᠴᠠᠯᠢᠩ᠎ᠤᠨ ᠬᠤᠪᠢᠶᠠᠷᠢᠯᠠᠯᠲᠠ᠎ᠶ᠋ᠢᠨ ᠴᠢᠬᠤᠯᠠ ᠯᠠᠪᠯᠠᠯᠲᠠ ᠪᠣᠯᠭᠠᠬᠤ ᠬᠡᠷᠡᠭ᠌ᠲᠡᠶ᠃
21. ᠭᠡᠷ ᠪᠦᠯᠢ ᠰᠤᠷᠭᠠᠭᠤᠯᠢ ᠨᠡᠢᠭᠡᠮ᠎ᠤᠨ ᠬᠠᠮᠵᠢᠯᠴᠠᠬᠤ ᠲᠣᠭ᠍ᠲᠠᠴᠠ᠎ᠶ᠋ᠢ ᠲᠡᠭᠦᠯᠳᠡᠷᠵᠢᠭᠦᠯᠬᠦ᠌ ᠬᠡᠷᠡᠭ᠌ᠳᠡᠢ᠃ ᠭᠡᠷ ᠪᠦᠯᠢ ᠪᠠ ᠰᠤᠷᠭᠠᠭᠤᠯᠢ᠎ᠶ᠋ᠢᠨ ᠬᠥᠮᠦᠨ ᠬᠥᠮᠦᠵᠢᠭᠦᠯᠬᠦ᠌ ᠬᠠᠷᠢᠭᠤᠴᠠᠯᠭ᠎ᠠ᠎ᠶ᠋ᠢ ᠴᠢᠨᠠᠬ᠍ᠰᠢᠳᠠ ᠲᠣᠳᠣᠷᠬᠠᠢ ᠪᠣᠯᠭᠠᠵᠤ᠂ ᠭᠡᠷ ᠪᠦᠯᠢ ᠪᠠ ᠰᠤᠷᠭᠠᠭᠤᠯᠢ᠎ᠶ᠋ᠢᠨ ᠤᠯᠤᠯᠴᠠᠭ᠎ᠠ᠎ᠶ᠋ᠢ ᠴᠢᠩᠭᠠᠳᠭᠠᠨ᠂ ᠬᠠᠮᠵᠢᠯᠴᠠᠬᠤ ᠠᠷᠭ᠎ᠠ ᠮᠠᠶᠢᠭ᠎ᠤᠨ ᠲᠠᠯ᠎ᠠ᠎ᠪᠠᠷ ᠱᠢᠨ᠎ᠡ᠎ᠶ᠋ᠢ ᠡᠭᠦᠳᠴᠦ᠍᠂ ᠬᠠᠮᠵᠢᠯᠴᠠᠨ ᠬᠥᠮᠦᠨ ᠬᠥᠮᠦᠵᠢᠭᠦᠯᠬᠦ᠌ ᠬᠠᠮᠲᠤ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠬᠤ ᠬᠡᠷᠡᠭ᠌ᠳᠡᠢ᠃ ᠰᠤᠷᠭᠠᠨ ᠬᠥᠮᠦᠵᠢᠯ᠎ᠤᠨ ᠰᠠᠯᠠᠭ᠎ᠠ ᠮᠥᠴᠢᠷ᠎ᠤᠳ ᠡᠮᠡᠭ᠌ᠲᠡᠢᠴᠦᠳ᠎ᠤᠨ ᠬᠤᠯᠪᠣᠭ᠎ᠠ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ᠂ ᠭᠡᠷ᠎ᠤᠨ ᠠᠬᠠᠮᠠᠳ᠎ᠤᠨ ᠰᠤᠷᠭᠠᠭᠤᠯᠢ ᠪᠤᠶᠤ ᠰᠦᠯᠵᠢᠶᠡᠨ ᠳᠡᠭᠡᠷᠡᠬᠢ ᠭᠡᠷ ᠪᠦᠯᠢ᠎ᠶ᠋ᠢᠨ ᠰᠤᠷᠭᠠᠨ ᠬᠥᠮᠦᠵᠢᠯ᠎ᠤᠨ ᠵᠢᠯᠣᠭᠤᠳᠭᠤ ᠲᠠᠪᠴᠠᠩ᠎ᠢ ᠰᠠᠢᠲᠤᠷ ᠡᠷᠬᠢᠯᠡᠵᠦ᠍᠂ ᠨᠡᠢᠭᠡᠮ ᠲᠣᠭᠤᠷᠢᠭ᠎ᠤᠨ ᠭᠡᠷ ᠪᠦᠯᠢ᠎ᠶ᠋ᠢᠨ ᠰᠤᠷᠭᠠᠨ ᠬᠥᠮᠦᠵᠢᠯ᠎ᠤᠨ ᠵᠢᠯᠣᠭᠤᠳᠭᠤ ᠲᠥᠪ᠂ ᠦᠢᠯᠡᠴᠢᠯᠡᠭᠡᠨ᠎ᠤ ᠥᠷᠲᠡᠭᠡ ᠴᠡᠭ᠎ᠤᠨ ᠪᠠᠢᠭᠤᠯᠤᠯᠲᠠ᠎ᠶ᠋ᠢ ᠠᠬᠢᠭᠤᠯᠵᠤ᠂ ᠭᠡᠷ᠎ᠤᠨ ᠠᠬᠠᠮᠠᠳ᠎ᠤᠨ ᠱᠢᠨᠵᠢᠯᠡᠬᠦ᠌ ᠤᠬᠠᠭᠠᠨᠴᠢ᠎ᠪᠠᠷ ᠬᠡᠦᠬᠡᠳ᠎ᠢᠶᠠᠨ ᠬᠦᠮᠦᠵᠢᠭᠦᠯᠬᠦ᠌ ᠦᠵᠡᠯᠲᠡ᠎ᠶ᠋ᠢ ᠪᠣᠶ ᠪᠣᠯᠭᠠᠬᠤ᠎ᠶ᠋ᠢ ᠬᠥᠲᠥᠯᠥᠨ ᠲᠠᠭᠠᠭᠤᠯᠵᠤ᠂ ᠬᠡᠦᠬᠡᠳ᠎ᠤᠨ ᠥᠰᠦᠨ ᠪᠤᠢᠵᠢᠬᠤ ᠶᠠᠪᠤᠴᠠ᠎ᠶ᠋ᠢ ᠣᠶᠤᠨᠯᠢᠭ᠎ᠢᠶᠠᠷ ᠲᠣᠭ᠍ᠲᠠᠭᠠᠨ᠂ ᠳᠠᠷᠤᠭᠠᠰᠤ᠎ᠶ᠋ᠢ ᠬᠥᠩᠭᠡᠷᠡᠭᠦᠯᠬᠦ᠌ ᠬᠠᠮᠲᠤ᠎ᠶ᠋ᠢᠨ ᠲᠠᠨᠢᠯᠲᠠ᠎ᠶ᠋ᠢ ᠴᠢᠷᠮᠠᠢᠨ ᠪᠣᠶ ᠪᠣᠯᠭᠠᠬᠤ ᠬᠡᠷᠡᠭ᠌ᠲᠡᠶ᠃
22. ᠪᠣᠯᠪᠠᠰᠤᠷᠠᠯ᠎ᠤᠨ ᠵᠠᠷ ᠮᠡᠳᠡᠭᠡ᠎ᠶ᠋ᠢ ᠬᠠᠮᠢᠶᠠᠷᠤᠨ ᠡᠵᠡᠮᠳᠡᠬᠦ᠌᠎ᠶ᠋ᠢ ᠰᠠᠢᠲᠤᠷ ᠬᠢᠬᠦ᠌ ᠬᠡᠷᠡᠭ᠌ᠲᠡᠶ᠃ ᠲᠥᠪ᠎ᠤᠨ ᠬᠤᠯᠪᠣᠭ᠍ᠳᠠᠯ ᠪᠥᠬᠦᠶ ᠰᠠᠯᠠᠭ᠎ᠠ ᠮᠥᠴᠢᠷ᠂ ᠣᠷᠣᠨ ᠨᠤᠲᠤᠭ᠎ᠤᠨ ᠡᠯ᠎ᠡ ᠱᠠᠲᠤᠨ᠎ᠤ ᠨᠠᠮ᠎ᠤᠨ ᠬᠤᠷᠢᠶ᠎ᠠ ᠪᠠ ᠵᠠᠰᠠᠭ᠎ᠤᠨ ᠣᠷᠳᠣᠨ᠎ᠨᠢ ᠰᠤᠷᠭᠠᠭᠤᠯᠢ᠎ᠶ᠋ᠢᠨ ᠭᠠᠳᠠᠨᠠᠬᠢ ᠪᠣᠯᠪᠠᠰᠤᠷᠠᠯ᠎ᠤᠨ ᠵᠠᠷ ᠮᠡᠳᠡᠭᠡ᠎ᠶ᠋ᠢᠨ ᠬᠠᠮᠢᠶᠠᠷᠤᠯᠲᠠ᠎ᠶ᠋ᠢ ᠴᠢᠩᠭᠠᠳᠭᠠᠵᠤ᠂ ᠭᠤᠤᠯ ᠵᠠᠭᠤᠴᠢᠯᠠᠭᠤᠷ᠂ ᠱᠢᠨ᠎ᠡ ᠵᠠᠭᠤᠴᠢᠯᠠᠭᠤᠷ᠂ ᠣᠯᠠᠨ ᠨᠡᠢᠲᠡ᠎ᠶ᠋ᠢᠨ ᠲᠠᠯᠠᠪᠤᠷ ᠭᠠᠵᠠᠷ᠂ ᠰᠠᠭᠤᠭᠠᠯᠢ ᠠᠷᠠᠳ᠎ᠤᠨ ᠲᠣᠭᠤᠷᠢᠭ᠎ᠤᠨ ᠡᠯ᠎ᠡ ᠲᠥᠷᠥᠯ᠎ᠤᠨ ᠵᠠᠷ ᠮᠡᠳᠡᠭᠡ᠎ᠶ᠋ᠢᠨ ᠫᠠᠢᠰᠠ ᠪᠠ ᠰᠦᠯᠵᠢᠶᠡᠨ᠎ᠤ ᠲᠠᠪᠴᠠᠩ ᠰᠤᠷᠭᠠᠭᠤᠯᠢ᠎ᠶ᠋ᠢᠨ ᠭᠠᠳᠠᠨᠠᠬᠢ ᠪᠣᠯᠪᠠᠰᠤᠷᠠᠯ᠎ᠤᠨ ᠵᠠᠷ ᠮᠡᠳᠡᠭᠡ᠎ᠶ᠋ᠢ ᠨᠡᠢᠲᠡᠯᠡᠬᠦ᠌ ᠥᠬᠡᠶ᠂ ᠲᠠᠮᠵᠢᠭᠤᠯᠬᠤ ᠥᠬᠡᠶ ᠪᠠᠢᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ᠎ᠤᠨ ᠴᠡᠴᠡᠷᠯᠢᠭ᠎ᠲᠤ ᠬᠤᠳᠠᠯᠳᠤᠭᠠᠨ᠎ᠤ ᠵᠠᠷ ᠮᠡᠳᠡᠭᠡ᠎ᠶ᠋ᠢᠨ ᠠᠵᠢᠯᠯᠠᠭ᠎ᠠ ᠥᠷᠨᠢᠭᠦᠯᠵᠦ᠍ ᠪᠣᠯᠬᠤ ᠦᠭᠡᠶ᠂ ᠳᠤᠮᠳᠠᠳᠤ ᠪᠠᠭ᠎ᠠ ᠰᠤᠷᠭᠠᠭᠤᠯᠢ ᠪᠣᠯᠤᠨ ᠬᠡᠦᠬᠡᠳ᠎ᠤᠨ ᠴᠡᠴᠡᠷᠯᠢᠭ᠎ᠤᠨ ᠵᠢᠭᠠᠬᠤ ᠮᠠᠲ᠋ᠧᠷᠢᠶᠠᠯ᠂ ᠬᠢᠴᠢᠶᠡᠯ ᠬᠦᠮᠦᠵᠢᠯ᠎ᠤᠨ ᠲᠤᠰᠠᠯᠠᠬᠤ ᠮᠠᠲ᠋ᠧᠷᠢᠶᠠᠯ᠂ ᠪᠣᠯᠪᠠᠰᠤᠷᠠᠯ᠎ᠤᠨ ᠳᠡᠪᠲᠡᠷ᠂ ᠪᠢᠴᠢᠭ᠎ᠤᠨ ᠬᠡᠷᠡᠭ᠌ᠰᠡᠯ᠂ ᠵᠢᠭᠠᠨ ᠰᠤᠷᠭᠠᠯᠳᠠ᠎ᠶ᠋ᠢᠨ ᠬᠡᠷᠡᠭ᠌ᠰᠡᠯ᠂ ᠰᠤᠷᠭᠠᠭᠤᠯᠢ᠎ᠶ᠋ᠢᠨ ᠬᠤᠪᠴᠠᠰᠤ᠂ ᠰᠤᠷᠭᠠᠭᠤᠯᠢ᠎ᠶ᠋ᠢᠨ ᠮᠠᠱᠢᠨ ᠲᠡᠷᠭᠡ ᠵᠡᠷᠭᠡ᠎ᠶ᠋ᠢ ᠠᠱᠢᠠᠠᠯᠠᠨ ᠵᠠᠷ ᠮᠡᠳᠡᠭᠡ ᠨᠡᠢᠲᠡᠯᠡᠬᠦ᠌ ᠪᠤᠶᠤ ᠬᠡᠯᠪᠡᠷᠢ᠎ᠶ᠋ᠢ᠎ᠨᠢ ᠥᠭᠡᠷᠡᠲᠦᠭᠦᠯᠦᠨ ᠨᠡᠢᠲᠡᠯᠡᠵᠦ᠍ ᠪᠣᠯᠬᠤ ᠦᠭᠡᠶ᠃ ᠪᠣᠯᠪᠠᠰᠤᠷᠠᠯ᠎ᠤᠨ ᠦᠷ᠎ᠡ ᠪᠦᠲᠦᠮᠵᠢ᠎ᠶ᠋ᠢ ᠲᠠᠪᠠᠭᠤᠯᠵᠦ᠍ ᠤᠬᠠᠭᠤᠯᠬᠤ᠂ ᠣᠯᠠᠨ ᠨᠡᠢᠲᠡ᠎ᠶ᠋ᠢᠨ ᠰᠤᠷᠭᠠᠨ ᠬᠥᠮᠦᠵᠢᠯ᠎ᠤᠨ ᠦᠵᠡᠯᠲᠡ᠎ᠶ᠋ᠢ ᠪᠤᠷᠤᠭᠤ᠎ᠪᠠᠷ ᠬᠥᠲᠥᠯᠬᠦ᠂ ᠬᠡᠷ᠎ᠤᠨ ᠠᠬᠠᠮᠠᠳ᠎ᠤᠨ ᠵᠣᠪᠠᠨᠢᠯ᠎ᠢ ᠪᠤᠢ ᠪᠤᠯᠭᠠᠬᠤ ᠵᠡᠷᠭᠡ ᠬᠠᠤᠯᠢ ᠲᠣᠭ᠍ᠲᠠᠭᠠᠯ᠎ᠠᠴᠠ ᠵᠥᠷᠢᠴᠡᠭ᠌ᠰᠡᠨ ᠰᠤᠷᠭᠠᠭᠤᠯᠢ᠎ᠶ᠋ᠢᠨ ᠭᠠᠳᠠᠨᠠᠬᠢ ᠪᠣᠯᠪᠠᠰᠤᠷᠠᠯ᠎ᠤᠨ ᠡᠯ᠎ᠡ ᠵᠦᠢᠯ᠎ᠤᠨ ᠵᠠᠷ ᠮᠡᠳᠡᠭᠡ᠎ᠶ᠋ᠢᠨ ᠦᠢᠯᠡ ᠠᠵᠢᠯᠯᠠᠭ᠎ᠠ᠎ᠶ᠋ᠢ ᠬᠠᠤᠯᠢ ᠲᠣᠭ᠍ᠲᠠᠭᠠᠯ ᠶᠣᠰᠣᠭᠠᠷ ᠴᠢᠩᠭ᠎ᠠ ᠪᠠᠢᠴᠠᠭᠠᠨ ᠱᠢᠢᠳᠪᠤᠷᠢᠯᠡᠬᠦ᠌ ᠬᠡᠷᠡᠭ᠌ᠳᠡᠢ᠃
ᠳᠣᠯᠤᠭ᠎ᠠ᠂ ᠲᠤᠷᠱᠢᠯᠲᠠ᠎ᠶ᠋ᠢᠨ ᠴᠡᠭ᠎ᠤᠨ ᠰᠥᠪᠡᠭ᠌ᠴᠢᠯᠡᠯᠲᠡ᠎ᠶ᠋ᠢ ᠯᠠᠪᠳᠠᠭᠤᠨ ᠪᠠᠲᠤᠲᠠᠶ ᠰᠠᠢᠲᠤᠷ ᠬᠢᠵᠦ᠍᠂ ᠵᠠᠰᠠᠯᠲᠠ᠎ᠶ᠋ᠢᠨ ᠠᠵᠢᠯ᠎ᠢ ᠯᠠᠪᠳᠠᠭᠤᠨ᠎ᠢᠶᠠᠷ ᠠᠬᠢᠭᠤᠯᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠳᠡᠢ
23. ᠲᠤᠷᠱᠢᠯᠲᠠ᠎ᠶ᠋ᠢᠨ ᠴᠡᠭ᠎ᠤᠨ ᠠᠵᠢᠯ᠎ᠤᠨ ᠱᠠᠭᠠᠷᠳᠠᠯᠭ᠎ᠠ᠎ᠶ᠋ᠢ ᠲᠣᠳᠣᠷᠬᠠᠢᠯᠠᠬᠤ ᠬᠡᠷᠡᠭ᠌ᠳᠡᠢ᠃ ᠵᠠᠰᠠᠯᠲᠠ᠎ᠶ᠋ᠢᠨ ᠠᠵᠢᠯ᠎ᠢ ᠪᠦᠬᠦ᠌ ᠲᠠᠯ᠎ᠠ᠎ᠪᠠᠷ ᠥᠷᠨᠢᠭᠦᠯᠬᠦ᠌᠎ᠶ᠋ᠢᠨ ᠬᠠᠮᠲᠤ ᠪᠡᠭᠡᠵᠢᠩ ᠬᠤᠲᠠ᠂ ᠱᠠᠩᠬᠠᠶ ᠬᠤᠲᠠ᠂ ᠮᠦᠭ᠌ᠳᠡᠨ ᠬᠤᠲᠠ᠂ ᠭᠤᠸᠠᠩᠵᠧᠦ ᠬᠤᠲᠠ᠂ ᠴᠧᠩᠳᠦ᠋ ᠬᠤᠲᠠ᠂ ᠵᠧᠩᠵᠸᠦ ᠬᠤᠲᠠ᠂ ᠴᠠᠩ ᡁᠢ ᠬᠤᠲᠠ᠂ ᠸᠧᠶ ᠬᠠᠶ ᠬᠤᠲᠠ᠂ ᠨᠠᠨ ᠲᠦᠩ ᠬᠤᠲᠠ᠎ᠶ᠋ᠢ ᠪᠦᠬᠦ᠌ ᠤᠯᠤᠰ᠎ᠤᠨ ᠲᠤᠷᠱᠢᠯᠲᠠ᠎ᠶ᠋ᠢᠨ ᠴᠡᠭ᠎ᠢᠶᠠᠷ ᠲᠣᠭ᠍ᠲᠠᠭᠠᠵᠤ᠂ ᠪᠤᠰᠤᠳ ᠮᠤᠵᠢ ᠣᠷᠣᠨ ᠠᠳᠠᠭ᠎ᠲᠠᠭᠠᠨ 1 ᠲᠤᠰᠭᠠᠶ ᠣᠷᠣᠨ᠎ᠤ ᠲᠡᠰ᠎ᠤᠨ ᠬᠤᠲᠠ᠎ᠶ᠋ᠢ ᠰᠣᠩᠭᠤᠨ ᠲᠤᠷᠱᠢᠯᠲᠠ᠎ᠶ᠋ᠢᠨ ᠴᠡᠭ᠎ᠤᠨ ᠠᠵᠢᠯ᠎ᠢ ᠥᠷᠨᠢᠭᠦᠯᠵᠦ᠍᠂ ᠲᠤᠷᠱᠢᠯᠲᠠ᠎ᠶ᠋ᠢᠨ ᠴᠡᠭ᠎ᠤᠨ ᠠᠭᠤᠯᠭ᠎ᠠ᠎ᠨᠢ 24᠂ 25᠂ 26 ᠳ᠋ᠤᠭᠠᠷ ᠵᠤᠷᠪᠤᠰ᠎ᠲᠤ ᠵᠢᠭ᠍ᠰᠠᠭᠠᠭ᠍ᠰᠠᠨ ᠠᠭᠤᠯᠭ᠎ᠠ ᠪᠣᠯᠤᠨ᠎ᠠ᠃
24. ᠰᠤᠷᠭᠠᠭᠤᠯᠢ᠎ᠶ᠋ᠢᠨ ᠭᠠᠳᠠᠨᠠᠬᠢ ᠬᠢᠴᠢᠶᠡᠯ ᠲᠥᠷᠥᠯ᠎ᠤᠨ ᠪᠣᠯᠪᠠᠰᠤᠷᠠᠯ᠎ᠢ ᠡᠷᠡᠰ ᠪᠠᠭᠠᠰᠭᠠᠬᠤ ᠬᠡᠷᠡᠭ᠌ᠳᠡᠢ᠃ ᠣᠳᠣ ᠪᠠᠢᠭ᠎ᠠ ᠬᠢᠴᠢᠶᠡᠯ ᠲᠥᠷᠥᠯ᠎ᠤᠨ ᠪᠣᠯᠪᠠᠰᠤᠷᠠᠯ᠎ᠤᠨ ᠪᠠᠢᠭᠤᠯᠤᠮᠵᠢ᠎ᠶ᠋ᠢ ᠳᠠᠬᠢᠨ ᠬᠢᠨᠠᠨ ᠬᠠᠷᠭᠤᠭᠤᠯᠵᠤ ᠳᠠᠩᠰᠠᠯᠠᠨ᠂ ᠠᠯᠬᠤᠮ ᠠᠯᠬᠤᠮ᠎ᠢᠶᠠᠷ ᠶᠡᠭᠡ᠎ᠪᠠᠷ ᠪᠠᠭᠠᠰᠭᠠᠨ᠂ ᠬᠡᠳᠦᠷᠬᠡᠢ ᠠᠷᠪᠢᠨ ᠬᠡᠳᠦᠷᠭᠡᠢ ᠡᠷᠦᠶ ᠬᠤᠷᠤᠶ ᠦᠭᠡᠶ ᠠᠰᠠᠭᠤᠳᠠᠯ᠎ᠢ ᠱᠢᠢᠳᠪᠤᠷᠢᠯᠡᠬᠦ᠌ ᠬᠡᠷᠡᠭ᠌ᠳᠡᠢ; ᠬᠢᠷᠢ ᠬᠡᠮ᠎ᠳᠤ ᠦᠯᠦ᠍ ᠨᠡᠢᠴᠡᠬᠦ᠂ ᠬᠠᠮᠢᠶᠠᠷᠤᠯᠲᠠ᠎ᠨᠢ ᠡᠮᠬᠢ ᠵᠠᠮᠪᠠᠷᠠᠭ᠎ᠠ ᠦᠭᠡᠶ᠂ ᠵᠠᠪᠱᠢᠶᠠᠨ᠎ᠢ ᠳᠠᠯᠢᠮᠳᠠᠭᠤᠯᠤᠨ ᠡᠳ᠋ ᠮᠥᠩᠭᠦ᠌ ᠬᠢᠬᠠᠬᠤ᠂ ᠬᠤᠳᠠᠯ ᠬᠠᠭᠤᠷᠮᠠᠭ ᠤᠬᠠᠭᠤᠯᠭ᠎ᠠ ᠬᠢᠬᠦ᠂ ᠰᠤᠷᠭᠠᠭᠤᠯᠢ᠎ᠯᠤᠭ᠎ᠠ ᠰᠦᠯᠪᠡᠭᠡᠯᠡᠨ ᠠᠱᠢᠭ ᠣᠯᠬᠤ ᠵᠡᠷᠭᠡ ᠬᠦᠨᠳᠦ ᠨᠣᠴᠢᠲᠠᠶ ᠠᠰᠠᠭᠤᠳᠠᠯ ᠣᠷᠣᠱᠢᠵᠤ ᠪᠠᠢᠭ᠎ᠠ ᠪᠠᠢᠭᠤᠯᠤᠮᠵᠢ᠎ᠶ᠋ᠢ ᠬᠠᠤᠯᠢ ᠲᠣᠭ᠍ᠲᠠᠭᠠᠯ ᠶᠣᠰᠣᠭᠠᠷ ᠴᠢᠩᠭ᠎ᠠ ᠪᠠᠢᠴᠠᠭᠠᠨ ᠱᠢᠢᠳᠪᠤᠷᠢᠯᠡᠬᠦ᠌ ᠬᠡᠷᠡᠭ᠌ᠲᠡᠶ᠃
25 . ᠰᠤᠷᠭᠠᠭᠤᠯᠢ᠎ᠶ᠋ᠢᠨ ᠳᠣᠲᠣᠨ᠎ᠠ ᠭᠠᠳᠠᠨᠠᠬᠢ ᠡᠬᠢ ᠪᠠᠶᠠᠯᠢᠭ᠎ᠢ ᠵᠦᠢ ᠵᠣᠬᠢᠰᠲᠠᠢ ᠠᠱᠢᠠᠠᠯᠠᠬᠤ ᠬᠡᠷᠡᠭ᠌ᠳᠡᠢ᠃ ᠨᠥᠬᠦᠴᠡᠯ᠎ᠲᠠᠢ ᠰᠤᠷᠭᠠᠭᠤᠯᠢ᠎ᠨᠤᠭᠤᠳ ᠬᠢᠴᠢᠶᠡᠯ᠎ᠤᠨ ᠭᠠᠳᠠᠨᠠᠬᠢ ᠴᠠᠭ᠎ᠲᠤ ᠰᠤᠷᠤᠭ᠍ᠴᠢᠳ᠎ᠲᠤ ᠳᠤᠷ᠎ᠠ ᠰᠣᠨᠢᠷᠬᠠᠯ᠎ᠤᠨ ᠲᠥᠷᠥᠯ᠎ᠤᠨ ᠬᠢᠴᠢᠶᠡᠯ᠎ᠤᠨ ᠳᠠᠷᠠᠭᠠᠬᠢ ᠦᠢᠯᠡᠴᠢᠯᠡᠭᠡᠨ᠎ᠤ ᠠᠵᠢᠯᠯᠠᠭ᠎ᠠ ᠬᠠᠩᠭᠠᠬᠤ᠎ᠶ᠋ᠢ ᠵᠣᠷᠢᠭ᠍ᠵᠢᠭᠤᠯᠵᠤ᠂ ᠰᠤᠷᠤᠭ᠍ᠴᠢᠳ᠎ᠢ ᠪᠡᠶ᠎ᠡ᠎ᠪᠠᠨ ᠳᠠᠭᠠᠭᠠᠵᠤ ᠰᠣᠩᠭᠤᠨ ᠤᠷᠤᠯᠴᠠᠭᠤᠯᠬᠤ ᠬᠡᠷᠡᠭ᠌ᠲᠡᠶ᠃ ᠬᠢᠴᠢᠶᠡᠯ᠎ᠤᠨ ᠳᠠᠷᠠᠭᠠᠬᠢ ᠦᠢᠯᠡᠴᠢᠯᠡᠭᠡᠨᠢ ᠬᠡᠰᠡᠭ ᠰᠤᠷᠤᠭ᠍ᠴᠢᠳ᠎ᠤᠨ ᠳᠤᠷ᠎ᠠ ᠰᠣᠨᠢᠷᠬᠠᠯ ᠠᠪᠢᠶᠠᠰ ᠴᠢᠳᠠᠪᠤᠷᠢ᠎ᠪᠠᠨ ᠲᠡᠭᠡᠭ᠌ᠰᠢᠯᠡᠭᠦᠯᠬᠦ᠌ ᠵᠡᠷᠭᠡ ᠤᠨᠴᠠᠭᠠᠢ ᠬᠡᠷᠡᠭ᠌ᠴᠡᠭᠡ᠎ᠶ᠋ᠢ ᠬᠠᠩᠭᠠᠵᠤ ᠳᠡᠢᠯᠬᠦ᠌ ᠥᠬᠡᠶ ᠪᠠᠢᠪᠠᠯ᠂ ᠬᠢᠴᠢᠶᠡᠯ ᠲᠥᠷᠥᠯ᠎ᠤᠨ ᠪᠤᠰᠤ ᠰᠤᠷᠭᠠᠭᠤᠯᠢ᠎ᠶ᠋ᠢᠨ ᠭᠠᠳᠠᠨᠠᠬᠢ ᠪᠣᠯᠪᠠᠰᠤᠷᠠᠯ᠎ᠤᠨ ᠪᠠᠢᠭᠤᠯᠤᠮᠵᠢ᠎ᠶ᠋ᠢ ᠵᠣᠬᠢᠰᠲᠠᠶ᠎ᠪᠠᠷ ᠣᠷᠣᠭᠤᠯᠤᠨ ᠠᠪᠴᠢᠷᠠᠵᠤ ᠬᠢᠴᠢᠶᠡᠯ᠎ᠤᠨ ᠳᠠᠷᠠᠭᠠᠬᠢ ᠦᠢᠯᠡᠴᠢᠯᠡᠭᠡ᠎ᠳᠤ ᠣᠷᠣᠯᠴᠠᠭᠤᠯᠵᠤ ᠪᠣᠯᠤᠨ᠎ᠠ᠂ ᠰᠤᠷᠭᠠᠨ ᠬᠥᠮᠦᠵᠢᠯ᠎ᠤᠨ ᠰᠠᠯᠠᠭ᠎ᠠ ᠮᠥᠴᠢᠷ᠎ᠠᠴᠠ ᠬᠠᠷᠢᠭᠤᠴᠠᠨ ᠵᠣᠬᠢᠶᠠᠨ ᠪᠠᠢᠭᠤᠯᠵᠤ ᠱᠢᠯᠢᠨ ᠰᠣᠩᠭᠤᠵᠦ᠍᠂ ᠰᠤᠷᠭᠠᠭᠤᠯᠢ᠎ᠳᠤ ᠰᠣᠩᠭᠤᠨ ᠬᠡᠷᠡᠭ᠌ᠯᠡᠬᠦᠯᠬᠦ᠌ᠶ᠋ᠢᠨ ᠬᠠᠮᠲᠤ᠌᠂ ᠦᠨᠡᠯᠡᠨ ᠵᠢᠱ᠌ᠢᠵᠦ᠍ ᠤᠬᠤᠷᠢᠭᠤᠯᠤᠨ ᠭᠠᠷᠭᠠᠬᠤ ᠲᠣᠭ᠍ᠲᠠᠴᠠ᠎ᠶ᠋ᠢ ᠪᠠᠢᠭᠤᠯᠵᠤ᠂ ᠦᠢᠯᠡᠴᠢᠯᠡᠭᠡᠨ᠎ᠤ ᠬᠢᠷᠢ ᠬᠡᠮᠵᠢᠶ᠎ᠡ᠎ᠪᠠᠷ ᠳᠤᠤᠷ᠎ᠠ᠂ ᠮᠠᠭᠤ ᠰᠠᠨᠠᠭ᠎ᠠ᠎ᠪᠠᠷ ᠰᠤᠷᠭᠠᠭᠤᠯᠢ᠎ᠳᠤ ᠰᠣᠷᠣᠭ᠍ᠴᠢ ᠡᠯᠰᠡᠬᠦ᠂ ᠲᠣᠭ᠍ᠲᠠᠭᠠᠯ ᠶᠣᠰᠣᠭᠠᠷ ᠦᠢᠯᠡᠴᠢᠯᠡᠭᠡ ᠬᠠᠩᠭᠠᠬᠤ ᠥᠬᠡᠶ᠂ ᠰᠤᠷᠭᠠᠭᠤᠯᠢ᠎ᠶ᠋ᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠪᠠ ᠰᠣᠷᠣᠭ᠍ᠴᠢ ᠡᠯᠰᠡᠬᠦ᠌ ᠡᠮᠬᠢ ᠵᠢᠷᠤᠮ᠎ᠢ ᠰᠠᠮᠠᠭᠤᠷᠠᠭᠤᠯᠬᠤ ᠵᠡᠷᠭᠡ ᠠᠰᠠᠭᠤᠳᠠᠯ ᠢᠯᠡᠷᠡᠭ᠌ᠰᠡᠨ ᠪᠣᠯᠪᠠᠰᠤᠷᠠᠯ᠎ᠤᠨ ᠪᠠᠢᠭᠤᠯᠤᠮᠵᠢ᠎ᠶ᠋ᠢᠨ ᠬᠢᠷᠢ ᠬᠡᠮ᠎ᠢ ᠡᠷᠡᠰ ᠬᠦᠴᠦᠨ ᠥᠬᠡᠶ ᠪᠣᠯᠭᠠᠬᠤ ᠬᠡᠷᠡᠭ᠌ᠳᠡᠢ᠃
26. ᠪᠣᠯᠪᠠᠰᠤᠷᠠᠯ᠎ᠤᠨ ᠰᠦᠢᠳᠭᠡᠯ ᠬᠤᠷᠢᠶᠠᠬᠤ ᠲᠤᠬᠠᠢ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠬᠤ ᠬᠡᠷᠡᠭ᠌ᠳᠡᠢ᠃ ᠰᠤᠷᠭᠠᠭᠤᠯᠢ᠎ᠶ᠋ᠢᠨ ᠭᠠᠳᠠᠨᠠᠬᠢ ᠪᠣᠯᠪᠠᠰᠤᠷᠠᠯ᠎ᠤᠨ ᠨᠡᠢᠲᠡ᠎ᠶ᠋ᠢᠨ ᠠᠰᠠᠷᠠᠮᠵᠢ᠎ᠶ᠋ᠢᠨ ᠱᠢᠨᠵᠢ ᠴᠢᠨᠠᠷ᠎ᠢ ᠪᠠᠷᠢᠮᠲᠠᠯᠠᠵᠤ᠂ ᠲᠡᠭᠦᠨ᠎ᠤ ᠴᠢᠬᠤᠯᠠ ᠶᠡᠭᠡ ᠠᠷᠠᠳ᠎ᠤᠨ ᠠᠮᠢᠳᠤᠷᠠᠯ᠎ᠳᠤ ᠬᠤᠯᠪᠣᠭ᠍ᠳᠠᠬᠤ ᠣᠨᠴᠠᠯᠢᠭ᠎ᠢ ᠭᠦᠢᠴᠡᠳ ᠪᠣᠳᠣᠯᠬᠢᠯᠠᠨ᠂ ᠠᠯᠪᠠᠨ ᠵᠢᠷᠤᠮ᠎ᠤᠨ ᠰᠤᠷᠭᠠᠨ ᠬᠥᠮᠦᠵᠢᠯ᠎ᠤᠨ ᠱᠠᠲᠤᠨ᠎ᠤ ᠰᠤᠷᠭᠠᠭᠤᠯᠢ᠎ᠶ᠋ᠢᠨ ᠭᠠᠳᠠᠨᠠᠬᠢ ᠬᠢᠴᠢᠶᠡᠯ ᠲᠦᠷᠦᠯ᠎ᠤᠨ ᠪᠣᠯᠪᠠᠰᠤᠷᠠᠯ᠎ᠤᠨ ᠰᠦᠢᠳᠭᠡᠯ ᠬᠤᠷᠢᠶᠠᠬᠤ᠎ᠶ᠋ᠢ ᠵᠠᠰᠠᠭ᠎ᠤᠨ ᠣᠷᠳᠣᠨ᠎ᠤ ᠵᠢᠯᠣᠭᠤᠳᠭᠤ ᠦᠨ᠎ᠡ᠎ᠶ᠋ᠢᠨ ᠬᠠᠮᠢᠶᠠᠷᠤᠯᠲᠠ᠎ᠳᠤ ᠣᠷᠣᠭᠤᠯᠵᠤ᠂ ᠦᠨ᠎ᠡ ᠪᠤᠳᠤᠬᠤ ᠠᠷᠭ᠎ᠠ᠎ᠶ᠋ᠢ ᠱᠢᠨᠵᠢᠯᠡᠬᠦ᠌ ᠤᠬᠠᠭᠠᠨᠴᠢ᠎ᠪᠠᠷ ᠵᠦᠶ ᠵᠣᠬᠢᠰᠲᠠᠶ ᠲᠣᠭ᠍ᠲᠠᠭᠠᠨ᠂ ᠰᠦᠢᠳᠭᠡᠯ ᠬᠤᠷᠢᠶᠠᠬᠤ ᠪᠠᠷᠢᠮᠵᠢᠶ᠎ᠠ᠎ᠶ᠋ᠢ ᠲᠣᠳᠣᠷᠬᠠᠢᠯᠠᠵᠤ᠂ ᠬᠡᠲᠦ ᠥᠨᠳᠥᠷ ᠰᠦᠢᠳᠭᠡᠯ ᠬᠤᠷᠢᠶᠠᠬᠤ ᠪᠠ ᠬᠡᠲᠦ ᠠᠱᠢᠭ ᠬᠥᠭᠡᠭᠡᠴᠡᠯᠳᠦᠬᠦ᠌ ᠦᠢᠯᠡ ᠠᠵᠢᠯᠯᠠᠭ᠎ᠠ᠎ᠶ᠋ᠢ ᠡᠷᠡᠰ ᠬᠤᠷᠢᠠᠠᠯᠠᠬᠤ ᠬᠡᠷᠡᠭ᠌ᠲᠡᠶ᠃ ᠭᠤᠷᠪᠠᠳᠠᠬᠢ ᠡᠲᠡᠭᠡᠳ᠎ᠲᠤ ᠨᠠᠢᠳᠠᠨ ᠬᠠᠮᠢᠶᠠᠷᠤᠭᠤᠯᠬᠤ᠂ ᠲᠦᠭ᠌ᠰᠢᠭᠦᠷᠢ᠎ᠶ᠋ᠢᠨ ᠨᠥᠭᠡᠴᠡ ᠮᠥᠩᠭᠦ᠌ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ᠂ ᠰᠤᠷᠭᠠᠭᠤᠯᠢ᠎ᠶ᠋ᠢᠨ ᠭᠠᠳᠠᠨᠠᠬᠢ ᠪᠣᠯᠪᠠᠰᠤᠷᠠᠯ᠎ᠤᠨ ᠪᠠᠢᠭᠤᠯᠤᠮᠵᠢ᠎ᠶ᠋ᠢᠨ ᠤᠷᠢᠳᠴᠢᠯᠠᠨ ᠰᠦᠢᠳᠭᠡᠯ ᠬᠤᠷᠢᠶᠠᠬᠤ᠎ᠳᠤ ᠲᠦᠭ᠌ᠰᠢᠭᠦᠷᠢ᠎ᠶ᠋ᠢᠨ ᠬᠠᠮᠢᠶᠠᠷᠤᠯᠲᠠ ᠡᠵᠡᠮᠳᠡᠯ ᠬᠢᠵᠦ᠍᠂ ᠪᠣᠯᠪᠠᠰᠤᠷᠠᠯ᠎ᠤᠨ ᠬᠦᠷᠢᠶᠡᠨ᠎ᠳᠠᠬᠢ ᠵᠢᠭᠡᠯᠡᠯᠭᠡ᠎ᠶ᠋ᠢᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠨ᠂ 《ᠰᠦᠢᠳᠭᠡᠯ᠎ᠢ ᠪᠤᠴᠠᠭᠠᠬᠤ᠎ᠳᠤ ᠬᠦᠴᠢᠷᠲᠡᠶ》᠂ 《ᠬᠤᠷᠢᠶᠠᠭ᠍ᠰᠠᠨ ᠵᠤᠭᠤᠰ᠎ᠢ ᠠᠪᠴᠤ᠌ ᠲᠤᠲᠠᠭᠠᠬᠤ》 ᠵᠡᠷᠭᠡ ᠠᠰᠠᠭᠤᠳᠠᠯ ᠭᠠᠷᠬᠤ᠎ᠶ᠋ᠢ ᠪᠦᠲᠦᠮᠵᠢᠲᠡᠶ ᠤᠷᠢᠳᠴᠢᠯᠠᠨ ᠰᠡᠷᠭᠡᠢᠯᠡᠬᠦ᠌ ᠬᠡᠷᠡᠭ᠌ᠳᠡᠢ᠃
ᠨᠠᠢ᠍ᠮᠠ᠂ ᠨᠠᠷᠢᠨ ᠨᠢᠮᠪᠠᠶ ᠵᠣᠬᠢᠶᠠᠨ ᠪᠠᠢᠭᠤᠯᠤᠨ ᠬᠡᠷᠡᠭ᠌ᠵᠢᠭᠦᠯᠵᠦ᠍᠂ ᠪᠣᠳᠠᠲᠤ ᠦᠷ᠎ᠡ ᠪᠦᠲᠦᠮᠵᠢ ᠤᠯᠬᠤ᠎ᠪᠠᠷ ᠴᠢᠷᠮᠠᠢᠬᠤ ᠬᠡᠷᠡᠭ᠌ᠳᠡᠢ
27. ᠪᠠᠢᠷᠢᠯᠠᠭᠤᠯᠤᠯᠲᠠ᠎ᠶ᠋ᠢ ᠪᠥᠬᠦ᠌ ᠲᠠᠯ᠎ᠠ᠎ᠪᠠᠷ ᠱᠢᠰᠲ᠋ᠧᠮ᠎ᠲᠠᠢ ᠰᠠᠢᠲᠤᠷ ᠬᠢᠬᠦ᠌ ᠭᠡᠷᠡᠭ᠌ᠳᠡᠢ᠃ 《ᠬᠤᠶᠠᠷ᠎ᠢ ᠬᠦᠩᠭᠡᠷᠡᠭᠦᠯᠬᠦ᠌》 ᠠᠵᠢᠯ᠎ᠳᠠᠬᠢ ᠨᠠᠮ᠎ᠤᠨ ᠤᠳᠤᠷᠢᠳᠤᠯᠭ᠎ᠠ᠎ᠶ᠋ᠢ ᠴᠢᠩᠭᠠᠳᠭᠠᠵᠤ᠂ ᠡᠯ᠎ᠡ ᠮᠤᠵᠢ (ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠤᠲᠠ) ᠶ᠋ᠢᠨ ᠨᠠᠮ᠎ᠤᠨ ᠬᠤᠷᠢᠶ᠎ᠠ ᠪᠠ ᠵᠠᠰᠠᠭ᠎ᠤᠨ ᠣᠷᠳᠣᠨ 《ᠬᠤᠶᠠᠷ᠎ᠢ ᠬᠦᠩᠭᠡᠷᠡᠭᠦᠯᠬᠦ᠌》 ᠠᠵᠢᠯ᠎ᠢ ᠴᠢᠬᠤᠯᠠ ᠶᠡᠭᠡ ᠠᠷᠠᠳ᠎ᠤᠨ ᠠᠮᠢᠳᠤᠷᠠᠯ᠎ᠤᠨ ᠢᠨᠵᠧᠨᠧᠷᠢᠩ ᠪᠣᠯᠭᠠᠵᠤ᠂ ᠡᠳᠦᠷ ᠲᠤᠲᠤᠮ᠎ᠤᠨ ᠴᠢᠬᠤᠯᠠ ᠵᠥᠪᠯᠡᠬᠦ᠌ ᠵᠦᠢᠯ᠎ᠳᠡᠭᠡᠨ ᠣᠷᠣᠭᠤᠯᠵᠤ᠂ ᠮᠤᠵᠢ (ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠤᠲᠠ) ᠶ᠋ᠢᠨ ᠨᠠᠮ᠎ᠤᠨ ᠬᠤᠷᠢᠶ᠎ᠠ᠎ᠶ᠋ᠢᠨ ᠰᠤᠷᠭᠠᠨ ᠬᠥᠮᠦᠵᠢᠯ᠎ᠤᠨ ᠠᠵᠢᠯ᠎ᠤᠨ ᠤᠳᠤᠷᠢᠳᠭᠤ ᠳᠤᠭᠤᠢᠯᠠᠩ᠎ᠤᠨ ᠭᠤᠤᠯᠳᠠᠯᠭ᠎ᠠ᠎ᠲᠠᠢ ᠡᠭᠦᠷᠭᠡ᠎ᠳᠤ ᠣᠷᠣᠭᠤᠯᠤᠨ᠂ ᠲᠣᠰ ᠭᠠᠵᠠᠷ ᠣᠷᠣᠨ᠎ᠤ ᠪᠣᠳᠠᠲᠠᠶ᠎ᠲᠠᠢ᠎ᠪᠠᠨ ᠤᠶᠠᠯᠳᠤᠭᠤᠯᠤᠨ ᠠᠷᠭ᠎ᠠ ᠬᠡᠮᠵᠢᠶ᠎ᠡ᠎ᠪᠠᠨ ᠨᠠᠷᠢᠯᠢᠬ᠍ᠵᠢᠭᠤᠯᠤᠨ ᠲᠡᠭᠦᠯᠳᠡᠷᠵᠢᠭᠦᠯᠵᠦ᠍᠂ 《ᠬᠤᠶᠠᠷ᠎ᠢ ᠬᠦᠩᠭᠡᠷᠡᠭᠦᠯᠬᠦ᠌》 ᠠᠵᠢᠯ᠎ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃ ᠰᠤᠷᠭᠠᠭᠤᠯᠢ᠎ᠶ᠋ᠢᠨ ᠨᠠᠮ᠎ᠤᠨ ᠵᠣᠬᠢᠶᠠᠨ ᠪᠠᠢᠭᠤᠯᠤᠯᠲᠠ ᠪᠠᠭ᠍ᠰᠢ ᠨᠠᠷ᠎ᠤᠨ ᠦᠵᠡᠯ ᠰᠠᠨᠠᠭᠠᠨ᠎ᠤ ᠠᠵᠢᠯ᠎ᠢ ᠬᠢᠨᠠᠮᠠᠭᠠᠶ ᠰᠠᠢᠲᠤᠷ ᠬᠢᠵᠦ᠍᠂ ᠥᠷᠭᠡᠨ ᠤᠯᠠᠨ ᠪᠠᠭ᠍ᠰᠢ ᠨᠠᠷ᠎ᠤᠨ ᠢᠳᠡᠪᠬᠢᠵᠢᠯ᠂ ᠪᠦᠲᠦᠭᠡᠯᠴᠢ ᠴᠢᠨᠠᠷ᠎ᠢ ᠭᠦᠢᠴᠡᠳ ᠳᠠᠢᠴᠢᠯᠠᠬᠤ ᠬᠡᠷᠡᠭ᠌ᠲᠡᠶ᠃ ᠰᠤᠷᠭᠠᠭᠤᠯᠢ᠎ᠶ᠋ᠢᠨ ᠭᠠᠳᠠᠨᠠᠬᠢ ᠪᠣᠯᠪᠠᠰᠤᠷᠠᠯ᠎ᠤᠨ ᠪᠠᠢᠭᠤᠯᠤᠮᠵᠢ᠎ᠨᠢ ᠲᠣᠰ ᠪᠡᠶ᠎ᠡ᠎ᠶ᠋ᠢᠨ ᠨᠠᠮ᠎ᠤᠨ ᠪᠠᠢᠭᠤᠯᠤᠯᠲᠠ᠎ᠶ᠋ᠢᠨ ᠠᠵᠢᠯ᠎ᠢᠶᠠᠨ ᠴᠢᠩᠭᠠᠳᠭᠠᠵᠤ᠂ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠳᠠᠢᠴᠢᠨ ᠪᠠᠬᠢᠯᠡᠯᠲᠡ᠎ᠶ᠋ᠢᠨ ᠦᠢᠯᠡᠳᠣᠯ᠎ᠢ ᠪᠠᠳᠠᠷᠠᠭᠤᠯᠬᠤ ᠬᠡᠷᠡᠭ᠌ᠳᠡᠢ᠃
28. ᠰᠠᠯᠠᠭ᠎ᠠ ᠮᠥᠴᠢᠷ᠎ᠤᠨ ᠠᠵᠢᠯ᠎ᠤᠨ ᠬᠠᠷᠢᠭᠤᠴᠠᠯᠭ᠎ᠠ᠎ᠶ᠋ᠢ ᠲᠣᠳᠣᠷᠬᠠᠢᠯᠠᠬᠤ ᠬᠡᠷᠡᠭ᠌ᠳᠡᠢ᠃ ᠰᠤᠷᠭᠠᠨ ᠬᠥᠮᠦᠵᠢᠯ᠎ᠤᠨ ᠰᠠᠯᠠᠭ᠎ᠠ ᠮᠥᠴᠢᠷ᠎ᠤᠳ ᠨᠢᠭᠡᠳᠦᠯᠲᠡᠶ ᠲᠥᠯᠥᠪᠵᠢᠬᠦᠯᠦᠨ ᠵᠣᠬᠢᠴᠠᠭᠤᠯᠬᠤ᠎ᠶ᠋ᠢ ᠰᠠᠢᠲᠤᠷ ᠠᠳᠭᠤᠵᠤ᠂ ᠬᠤᠯᠪᠣᠭ᠍ᠳᠠᠯ ᠪᠥᠬᠦᠶ ᠰᠠᠯᠠᠭ᠎ᠠ ᠮᠥᠴᠢᠷ᠎ᠲᠠᠢ ᠬᠠᠮᠲᠤᠷᠠᠨ ᠰᠤᠷᠭᠠᠭᠤᠯᠢ᠎ᠶ᠋ᠢᠨ ᠭᠠᠳᠠᠨᠠᠬᠢ ᠪᠣᠯᠪᠠᠰᠤᠷᠠᠯ᠎ᠤᠨ ᠪᠠᠢᠭᠤᠯᠤᠮᠵᠢ᠎ᠶ᠋ᠢᠨ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠵᠤ᠂ ᠰᠤᠷᠭᠠᠭᠤᠯᠢ᠎ᠶ᠋ᠢ ᠵᠢᠯᠣᠭᠤᠳᠤᠨ 《ᠬᠤᠶᠠᠷ᠎ᠢ ᠬᠦᠩᠭᠡᠷᠡᠭᠦᠯᠬᠦ᠌》 ᠬᠤᠯᠪᠣᠭ᠍ᠳᠠᠯ ᠪᠥᠬᠦᠶ ᠠᠵᠢᠯ᠎ᠢ ᠰᠠᠢᠲᠤᠷ ᠬᠢᠬᠦ᠌ ᠬᠡᠷᠡᠭ᠌ᠲᠡᠶ; ᠤᠬᠠᠭᠤᠯᠭ᠎ᠠ᠂ ᠢᠨᠲ᠋ᠧᠷ ᠰᠦᠯᠵᠢᠶᠡᠨ᠎ᠤ ᠮᠡᠳᠡᠭᠡ ᠵᠠᠩᠭᠢ᠎ᠶ᠋ᠢᠨ ᠰᠠᠯᠠᠭ᠎ᠠ ᠮᠥᠴᠢᠷ᠎ᠤᠳ ᠶᠠᠷᠢᠶ᠎ᠠ ᠬᠡᠯᠡᠯᠴᠡᠭᠡᠨ᠎ᠤ ᠤᠬᠠᠭᠤᠯᠭ᠎ᠠ᠎ᠶ᠋ᠢ ᠬᠥᠲᠥᠯᠦᠨ ᠲᠠᠭᠠᠭᠤᠯᠬᠤ᠎ᠪᠠᠨ ᠴᠢᠩᠭᠠᠳᠭᠠᠵᠤ᠂ ᠢᠨᠲ᠋ᠧᠷ ᠰᠦᠯᠵᠢᠶᠡᠨ᠎ᠤ ᠮᠡᠳᠡᠭᠡ ᠵᠠᠩᠭᠢ᠎ᠶ᠋ᠢᠨ ᠰᠠᠯᠠᠭ᠎ᠠ ᠮᠥᠴᠢᠷ᠎ᠤᠳ ᠰᠤᠷᠭᠠᠨ ᠬᠥᠮᠦᠵᠢᠯ᠂ ᠠᠵᠤ ᠦᠢᠯᠡᠳᠪᠤᠷᠢ ᠪᠠ ᠮᠡᠳᠡᠭᠡ ᠵᠠᠩᠭᠢᠵᠢᠯᠲᠠ᠎ᠶ᠋ᠢᠨ ᠰᠠᠯᠠᠭ᠎ᠠ ᠮᠥᠴᠢᠷ᠎ᠲᠠᠢ ᠬᠠᠮᠵᠢᠯᠴᠠᠨ ᠰᠦᠯᠵᠢᠶᠡᠨ ᠳᠡᠭᠡᠷᠡᠬᠢ ᠰᠤᠷᠭᠠᠭᠤᠯᠢ᠎ᠶ᠋ᠢᠨ ᠭᠠᠳᠠᠨᠠᠬᠢ ᠪᠣᠯᠪᠠᠰᠤᠷᠠᠯ᠎ᠤᠨ ᠬᠢᠨᠠᠯᠲᠠ ᠬᠠᠮᠢᠶᠠᠷᠤᠯᠲᠠ᠎ᠶ᠋ᠢᠨ ᠠᠵᠢᠯ᠎ᠢ ᠰᠠᠢᠲᠤᠷ ᠬᠢᠬᠦ᠌ ᠬᠡᠷᠡᠭ᠌ᠲᠡᠶ; ᠪᠠᠢᠭᠤᠯᠤᠮᠵᠢ᠎ᠶ᠋ᠢᠨ ᠣᠷᠣᠨ ᠲᠤᠭ᠎ᠠ᠎ᠶ᠋ᠢᠨ ᠰᠠᠯᠠᠭ᠎ᠠ ᠮᠥᠴᠢᠷ᠎ᠤᠨ᠎ᠬᠢᠨ ᠳᠤᠮᠳᠠᠳᠤ ᠪᠠᠭ᠎ᠠ ᠰᠤᠷᠭᠠᠭᠤᠯᠢ᠎ᠳᠤ ᠪᠠᠭ᠍ᠰᠢ᠎ᠶ᠋ᠢᠨ ᠣᠷᠣᠨ ᠲᠤᠭ᠎ᠠ᠎ᠶ᠋ᠢ ᠴᠠᠭ ᠲᠤᠬᠠᠢᠳᠤᠨᠢ ᠨᠥᠬᠦᠪᠥᠷᠢᠯᠡᠨ ᠭᠦᠢᠴᠡᠳᠭᠡᠵᠦ᠍ ᠥᠭ᠌ᠬᠦ ᠬᠡᠷᠡᠭ᠌ᠲᠡᠢ; ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠰᠠᠯᠠᠭ᠎ᠠ ᠮᠥᠴᠢᠷ᠎ᠤᠳ ᠡᠳ᠋᠎ᠤᠨ ᠵᠠᠰᠠᠭ᠂ ᠰᠤᠷᠭᠠᠨ ᠬᠥᠮᠦᠵᠢᠯ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ ᠰᠤᠷᠭᠠᠭᠤᠯᠢ᠎ᠶ᠋ᠢᠨ ᠬᠢᠴᠢᠶᠡᠯ᠎ᠤᠨ ᠳᠠᠷᠠᠭᠠᠬᠢ ᠦᠢᠯᠡᠴᠢᠯᠡᠭᠡᠨ᠎ᠤ ᠴᠢᠨᠠᠷᠲᠠᠶ ᠪᠤᠶᠤ ᠣᠷᠣᠯᠠᠨ ᠰᠦᠢᠳᠭᠡᠯ ᠬᠤᠷᠢᠶᠠᠬᠤ ᠪᠠᠷᠢᠮᠵᠢᠶ᠎ᠠ᠎ᠶ᠋ᠢ ᠲᠣᠭ᠍ᠲᠠᠭᠠᠵᠤ᠂ ᠰᠤᠷᠭᠠᠨ ᠬᠥᠮᠦᠵᠢᠯ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ ᠲᠤᠷᠱᠢᠯᠲᠠ᠎ᠶ᠋ᠢᠨ ᠴᠡᠭ᠎ᠤᠨ ᠭᠠᠵᠠᠷ ᠣᠷᠣᠨ᠎ᠤ ᠰᠤᠷᠭᠠᠭᠤᠯᠢ᠎ᠶ᠋ᠢᠨ ᠭᠠᠳᠠᠨᠠᠬᠢ ᠪᠣᠯᠪᠠᠰᠤᠷᠠᠯ᠎ᠤᠨ ᠪᠠᠢᠭᠤᠯᠤᠮᠵᠢ᠎ᠶ᠋ᠢᠨ ᠰᠦᠢᠳᠭᠡᠯ ᠬᠤᠷᠢᠶᠠᠬᠤ᠎ᠶ᠋ᠢ ᠵᠢᠯᠣᠭᠤᠳᠭᠤ ᠲᠥᠷᠥ᠎ᠶ᠋ᠢᠨ ᠪᠣᠳᠣᠯᠭ᠎ᠠ᠎ᠶ᠋ᠢ ᠲᠣᠭ᠍ᠲᠠᠭᠠᠬᠤ ᠬᠡᠷᠡᠭ᠌ᠲᠡᠢ; ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠳ ᠰᠤᠷᠭᠠᠭᠤᠯᠢ᠎ᠶ᠋ᠢᠨ ᠬᠢᠴᠢᠶᠡᠯ᠎ᠤᠨ ᠳᠠᠷᠠᠭᠠᠬᠢ ᠦᠢᠯᠡᠴᠢᠯᠡᠭᠡᠨ᠎ᠤ ᠵᠠᠷᠤᠳᠠᠯ᠎ᠤᠨ ᠪᠠᠲᠤᠯᠠᠭ᠎ᠠ᠎ᠶ᠋ᠢ ᠴᠢᠩᠭᠠᠳᠭᠠᠬᠤ ᠬᠡᠷᠡᠭ᠌ᠳᠡᠢ; ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢᠭᠡᠮ᠎ᠤᠨ ᠪᠠᠲᠤᠯᠠᠭ᠎ᠠ᠎ᠶ᠋ᠢᠨ ᠰᠠᠯᠠᠭ᠎ᠠ ᠮᠥᠴᠢᠷ᠎ᠤᠳ ᠪᠠᠭ᠍ᠰᠢ᠎ᠶ᠋ᠢᠨ ᠠᠵᠢᠯ᠎ᠤᠨ ᠪᠦᠲᠦᠮᠵᠢ᠎ᠶ᠋ᠢᠨ ᠴᠠᠯᠢᠩ᠎ᠢ ᠬᠢᠨᠠᠨ ᠲᠤᠭ᠍ᠳᠠᠭᠠᠬᠤ ᠬᠤᠯᠪᠤᠭ᠍ᠳᠠᠯ ᠪᠦᠬᠦᠢ ᠠᠵᠢᠯ᠎ᠢ ᠰᠠᠢᠳᠤᠷ ᠬᠢᠬᠦ᠌ ᠬᠡᠷᠡᠭ᠌ᠳᠡᠢ; ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠳ ᠬᠢᠴᠢᠶᠡᠯ ᠲᠥᠷᠥᠯ᠎ᠤᠨ ᠪᠣᠯᠪᠠᠰᠤᠷᠠᠯ᠎ᠤᠨ ᠪᠠᠢᠭᠤᠯᠤᠮᠵᠢ᠎ᠶ᠋ᠢ ᠳᠠᠩᠰᠠᠯᠠᠬᠤ ᠠᠵᠢᠯ᠎ᠢ ᠰᠠᠢᠲᠤᠷ ᠬᠢᠬᠦ᠌ ᠬᠡᠷᠡᠭ᠌ᠲᠡᠢ; ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠤᠳ ᠬᠢᠴᠢᠶᠡᠯ ᠲᠥᠷᠥᠯ᠎ᠤᠨ ᠪᠤᠰᠤ ᠪᠣᠯᠪᠠᠰᠤᠷᠠᠯ᠎ᠤᠨ ᠪᠠᠢᠭᠤᠯᠤᠮᠵᠢ᠎ᠶ᠋ᠢ ᠳᠠᠩᠰᠠᠯᠠᠬᠤ ᠠᠵᠢᠯ ᠪᠠ ᠰᠤᠷᠭᠠᠭᠤᠯᠢ᠎ᠶ᠋ᠢᠨ ᠭᠠᠳᠠᠨᠠᠬᠢ ᠪᠣᠯᠪᠠᠰᠤᠷᠠᠯ᠎ᠤᠨ ᠪᠠᠢᠭᠤᠯᠤᠮᠵᠢ᠎ᠶ᠋ᠢᠨ ᠰᠦᠢᠳᠭᠡᠯ ᠬᠤᠷᠢᠶᠠᠬᠤ ᠵᠠᠷ ᠮᠡᠳᠡᠭᠡ᠂ ᠭᠠᠭ᠍ᠴᠠᠭᠠᠷ ᠡᠵᠡᠮᠱᠢᠯ᠎ᠢ ᠡᠰᠡᠷᠭᠦᠴᠡᠬᠦ᠌ ᠵᠡᠷᠭᠡ ᠲᠠᠯ᠎ᠠ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠠᠵᠢᠯ᠎ᠢ ᠰᠠᠢᠲᠤᠷ ᠬᠢᠵᠦ᠍᠂ ᠬᠠᠤᠯᠢ ᠬᠡᠷᠡᠭ᠌ᠵᠢᠭᠦᠯᠦᠯᠲᠡ᠎ᠶ᠋ᠢᠨ ᠪᠠᠢᠴᠠᠭᠠᠯᠲᠠ᠎ᠶ᠋ᠢᠨ ᠡᠷᠴᠢᠮ᠎ᠢᠶᠠᠨ ᠴᠢᠩᠭᠠᠷᠠᠭᠤᠯᠤᠨ᠂ ᠰᠤᠷᠭᠠᠨ ᠬᠥᠮᠦᠵᠢᠯ᠎ᠤᠨ ᠰᠠᠯᠠᠭ᠎ᠠ ᠮᠥᠴᠢᠷ᠎ᠲᠠᠢ ᠬᠠᠮᠲᠤᠷᠠᠨ ᠬᠠᠤᠯᠢ ᠲᠣᠭ᠍ᠲᠠᠭᠠᠯ᠎ᠠᠴᠠ ᠵᠥᠷᠢᠴᠡᠭ᠌ᠰᠡᠨ ᠪᠣᠯᠪᠠᠰᠤᠷᠠᠯ᠎ᠤᠨ ᠦᠢᠯᠡ ᠠᠵᠢᠯᠯᠠᠭ᠎ᠠ᠎ᠶ᠋ᠢ ᠴᠢᠩᠭ᠎ᠠ ᠪᠠᠢᠴᠠᠭᠠᠨ ᠱᠢᠢᠳᠪᠤᠷᠢᠯᠡᠬᠦ᠌ ᠬᠡᠷᠡᠭ᠌ᠲᠡᠶ; ᠤᠯᠤᠰ ᠲᠦᠷᠦ᠍ ᠬᠠᠤᠯᠢ ᠴᠠᠭᠠᠵᠠ᠎ᠶ᠋ᠢᠨ ᠰᠠᠯᠠᠭ᠎ᠠ ᠮᠥᠴᠢᠷ᠎ᠤᠨ᠎ᠬᠢᠨ ᠡᠶ᠎ᠡ ᠵᠣᠬᠢᠴᠠᠩᠭᠤᠢ ᠲᠣᠭ᠍ᠲᠠᠭᠤᠨ᠎ᠢ ᠬᠠᠮᠠᠭᠠᠯᠠᠬᠤ ᠬᠠᠮᠢᠶ᠎ᠠ ᠪᠦᠬᠦᠢ ᠠᠵᠢᠯ᠎ᠢ ᠰᠠᠢᠲᠤᠷ ᠬᠢᠬᠦ᠌ ᠬᠡᠷᠡᠭ᠌ᠲᠡᠢ; ᠳᠣᠲᠣᠭᠠᠳᠤ᠎ᠶ᠋ᠢ ᠬᠠᠮᠠᠭᠠᠯᠠᠬᠤ ᠰᠠᠯᠠᠭ᠎ᠠ ᠮᠥᠴᠢᠷ᠎ᠤᠳ ᠠᠮᠤᠷ᠎ᠢ ᠬᠠᠮᠠᠭᠠᠯᠠᠬᠤ ᠬᠠᠮᠢᠶᠠᠷᠤᠯᠲᠠ᠎ᠶ᠋ᠢ ᠬᠠᠤᠯᠢ ᠶᠣᠰᠣᠭᠠᠷ ᠴᠢᠩᠭᠠᠳᠭᠠᠵᠤ᠂ ᠨᠢᠭᠤᠴᠠ ᠮᠡᠳᠡᠭᠡ ᠵᠠᠩᠭᠢ᠎ᠶ᠋ᠢ ᠴᠤᠭ᠍ᠯᠠᠭᠤᠯᠵᠤ ᠰᠤᠳᠤᠯᠤᠨ ᠮᠠᠭᠠᠳᠯᠠᠬᠤ ᠪᠠ ᠤᠷᠢᠳᠴᠢᠯᠠᠨ ᠰᠡᠷᠡᠮᠵᠢᠯᠡᠭᠦᠯᠵᠦ᠍ ᠤᠷᠢᠳᠴᠢᠯᠠᠨ ᠰᠡᠷᠭᠡᠢᠯᠡᠬᠦ᠌᠎ᠶ᠋ᠢ ᠬᠤᠯᠪᠣᠭᠠᠯᠠᠨ ᠥᠷᠨᠢᠭᠦᠯᠵᠦ᠍᠂ ᠲᠣᠭ᠍ᠲᠠᠭᠤᠨ ᠪᠠᠢᠳᠠᠯ᠎ᠳᠤ ᠬᠤᠯᠪᠣᠭ᠍ᠳᠠᠭ᠍ᠰᠠᠨ ᠬᠤᠯᠪᠣᠭ᠍ᠳᠠᠯ ᠪᠥᠬᠦᠶ ᠬᠡᠷᠡᠭ᠎ᠤᠨ ᠪᠠᠴᠢᠮ ᠪᠠᠢᠳᠠᠯ᠎ᠢ ᠠᠷᠭᠠᠴᠠᠭᠠᠵᠤ ᠱᠢᠢᠳᠪᠤᠷᠢᠯᠡᠬᠦ᠌ ᠠᠵᠢᠯ᠎ᠢ ᠰᠠᠢᠲᠤᠷ ᠬᠢᠬᠦ᠌ ᠬᠡᠷᠡᠭ᠌ᠲᠡᠶ; ᠠᠷᠠᠳ᠎ᠤᠨ ᠪᠠᠩᠬᠢ᠂ ᠪᠠᠩᠬᠢ ᠳᠠᠭᠠᠳᠭᠠᠯ᠎ᠤᠨ ᠬᠢᠨᠠᠯᠲᠠ ᠬᠠᠮᠢᠶᠠᠷᠤᠯᠲᠠ᠎ᠶ᠋ᠢᠨ ᠵᠦᠪᠯᠡᠯ᠂ ᠦᠨᠡᠳᠤ ᠲᠡᠮᠳᠡᠭ᠌ᠲᠦ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠨᠢ ᠪᠠᠩᠬᠢ ᠵᠡᠷᠭᠡ ᠪᠠᠢᠭᠤᠯᠤᠮᠵᠢ᠎ᠶ᠋ᠢ ᠵᠢᠯᠤᠭᠤᠳᠴᠤ᠌ ᠰᠤᠷᠭᠠᠭᠤᠯᠢ᠎ᠶ᠋ᠢᠨ ᠭᠠᠳᠠᠨᠠᠬᠢ ᠪᠣᠯᠪᠠᠰᠤᠷᠠᠯ᠎ᠤᠨ ᠪᠠᠢᠭᠤᠯᠤᠮᠵᠢ᠎ᠶ᠋ᠢᠨ ᠤᠷᠢᠳᠴᠢᠯᠠᠨ ᠰᠦᠢᠳᠭᠡᠯ ᠬᠤᠷᠢᠶᠠᠬᠤ ᠲᠦᠭ᠌ᠰᠢᠭᠦᠷᠢ᠎ᠶ᠋ᠢ ᠬᠠᠮᠢᠶᠠᠷᠤᠨ ᠡᠵᠡᠮᠳᠡᠬᠦ᠌ ᠠᠵᠢᠯ᠎ᠢ ᠰᠠᠢᠲᠤᠷ ᠬᠢᠵᠦ᠍᠂ ᠪᠣᠯᠪᠠᠰᠤᠷᠠᠯ᠎ᠤᠨ ᠪᠠᠢᠭᠤᠯᠤᠮᠵᠢ᠎ᠶ᠋ᠢᠨ ᠪᠠᠯᠠ ᠳᠣᠭᠢᠷᠠᠭᠤᠯᠬᠤ᠂ ᠵᠠᠬ᠎ᠠ ᠳᠡᠯᠭᠡᠭᠦᠷ᠎ᠲᠤ ᠭᠠᠷᠭᠠᠬᠤ ᠵᠡᠷᠭᠡ ᠦᠢᠯᠡ ᠠᠵᠢᠯᠯᠠᠭ᠎ᠠ᠎ᠶ᠋ᠢ ᠴᠡᠪᠡᠷᠯᠡᠨ ᠴᠡᠭ᠌ᠴᠡᠯᠡᠬᠦ᠌ ᠬᠡᠷᠡᠭ᠌ᠳᠡᠢ; ᠪᠤᠰᠤᠳ ᠬᠠᠮᠢᠶ᠎ᠠ ᠪᠥᠬᠦᠶ ᠰᠠᠯᠠᠭ᠎ᠠ ᠮᠥᠴᠢᠷ᠎ᠤᠳ ᠲᠣᠰ ᠲᠣᠰ᠎ᠤᠨ ᠡᠭᠦᠷᠭᠡ ᠬᠠᠷᠢᠭᠤᠴᠠᠯᠭ᠎ᠠ᠎ᠶ᠋ᠢᠨ᠎ᠢᠶᠠᠨ ᠶᠣᠰᠣᠭᠠᠷ ᠬᠠᠷᠢᠭᠤᠴᠠᠯᠭ᠎ᠠ᠎ᠪᠠᠨ ᠡᠭᠦᠷᠭᠡᠯᠡᠵᠦ᠍᠂ ᠨᠠᠢᠳᠠᠪᠤᠷᠢᠵᠢᠭᠤᠯᠤᠯᠲᠠ᠎ᠶ᠋ᠢ ᠰᠠᠢᠲᠤᠷ ᠠᠳᠭᠤᠬᠤ ᠬᠡᠷᠡᠭ᠌ᠲᠡᠢ᠃
29. ᠲᠤᠰᠭᠠᠶ ᠵᠠᠰᠠᠯᠲᠠ᠎ᠶ᠋ᠢᠨ ᠠᠵᠢᠯᠯᠠᠭ᠎ᠠ᠎ᠶ᠋ᠢ ᠬᠠᠮᠲᠤᠷᠠᠨ ᠥᠷᠨᠢᠭᠦᠯᠬᠦ᠌ ᠬᠡᠷᠡᠭ᠌ᠳᠡᠢ᠃ 《ᠬᠤᠶᠠᠷ᠎ᠢ ᠬᠦᠩᠭᠡᠷᠡᠭᠦᠯᠬᠦ᠌》 ᠠᠵᠢᠯ᠎ᠤᠨ ᠲᠤᠰᠭᠠᠶ ᠵᠣᠬᠢᠴᠠᠭᠤᠯᠬᠤ ᠲᠣᠭ᠍ᠲᠠᠴᠠ᠎ᠶ᠋ᠢ ᠪᠠᠢᠭᠤᠯᠵᠤ᠂ ᠲᠤᠰᠭᠠᠶ ᠵᠠᠰᠠᠯᠲᠠ᠎ᠶ᠋ᠢᠨ ᠠᠵᠢᠯᠯᠠᠭ᠎ᠠ᠎ᠶ᠋ᠢ ᠲᠥᠪᠯᠡᠷᠡᠭᠦᠯᠦᠨ ᠵᠣᠬᠢᠶᠠᠨ ᠪᠠᠢᠭᠤᠯᠵᠤ ᠥᠷᠨᠢᠭᠦᠯᠬᠦ᠌ ᠭᠡᠷᠡᠭ᠌ᠳᠡᠢ᠃ ᠰᠤᠷᠭᠠᠨ ᠬᠥᠮᠦᠵᠢᠯ᠎ᠤᠨ ᠶᠠᠮᠤᠨ᠎ᠳᠤ ᠵᠣᠬᠢᠴᠠᠭᠤᠯᠬᠤ ᠲᠣᠭ᠍ᠲᠠᠴᠠ᠎ᠶ᠋ᠢᠨ ᠲᠤᠰᠭᠠᠶ ᠠᠵᠢᠯ᠎ᠤᠨ ᠪᠠᠢᠭᠤᠯᠤᠮᠵᠢ ᠲᠤᠬᠢᠷᠠᠭᠤᠯᠵᠦ᠍᠂ ᠨᠢᠭᠡᠳᠦᠯᠲᠡᠶ ᠲᠥᠯᠥᠪᠵᠢᠬᠦᠯᠦᠨ ᠵᠣᠬᠢᠴᠠᠭᠤᠯᠬᠤ ᠠᠵᠢᠯ᠎ᠢ ᠰᠠᠢᠲᠤᠷ ᠬᠢᠵᠦ᠍᠂ ᠡᠯ᠎ᠡ ᠭᠠᠵᠠᠷ᠎ᠤᠨ ᠠᠵᠢᠯ᠎ᠤᠨ ᠵᠢᠯᠣᠭᠤᠳᠣᠯᠭ᠎ᠠ᠎ᠶ᠋ᠢ ᠴᠢᠩᠭᠠᠳᠭᠠᠬᠤ ᠭᠡᠷᠡᠭ᠌ᠳᠡᠢ᠃ ᠡᠯ᠎ᠡ ᠮᠤᠵᠢ (ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠤᠲᠠ) ᠠᠵᠢᠯ᠎ᠤᠨ ᠲᠣᠭ᠍ᠲᠠᠴᠠ᠎ᠪᠠᠨ ᠲᠡᠭᠦᠯᠳᠡᠷᠵᠢᠭᠦᠯᠵᠦ᠍᠂ ᠲᠤᠰᠭᠠᠶ ᠠᠵᠢᠯ᠎ᠤᠨ ᠪᠠᠢᠭᠤᠯᠤᠮᠵᠢ ᠪᠠᠢᠭᠤᠯᠤᠨ᠂ 《ᠬᠤᠶᠠᠷ᠎ᠢ ᠬᠦᠩᠭᠡᠷᠡᠭᠦᠯᠬᠦ᠌》 ᠠᠵᠢᠯ᠎ᠤᠨ ᠬᠠᠷᠠᠯᠲᠠ ᠡᠭᠦᠷᠭᠡ ᠶᠣᠰᠣᠭᠠᠷ᠂ ᠲᠤᠰᠭᠠᠶ ᠵᠠᠰᠠᠯᠲᠠ᠎ᠶ᠋ᠢᠨ ᠠᠵᠢᠯᠯᠠᠭᠠᠨ᠎ᠤ ᠲᠦᠰᠦᠪ᠂ ᠴᠠᠭ᠎ᠤᠨ ᠬᠦᠰᠦᠨᠦᠭ᠌ᠲᠦ ᠪᠠ ᠬᠠᠷᠢᠭᠤᠴᠠᠯᠭᠠᠲᠠᠨ᠎ᠢ ᠲᠣᠳᠣᠷᠬᠠᠢᠯᠠᠬᠤ ᠬᠡᠷᠡᠭ᠌ᠲᠡᠶ᠃ ᠠᠵᠢᠯ᠎ᠤᠨ ᠭᠤᠤᠯᠳᠠᠯᠭ᠎ᠠ᠂ ᠵᠠᠩᠭᠢᠯᠠᠭ᠎ᠠ᠎ᠶ᠋ᠢᠨ ᠭᠤᠭ᠍ᠴᠤᠭ᠎ᠠ᠂ ᠪᠠᠭᠤᠷᠠᠶ ᠭᠠᠵᠠᠷ ᠣᠷᠣᠨ᠂ ᠭᠤᠤᠯᠳᠠᠯᠭ᠎ᠠ᠎ᠲᠠᠢ ᠡᠲᠡᠭᠡᠳ ᠵᠡᠷᠭᠡ᠎ᠶ᠋ᠢ ᠳᠣᠪᠤᠢᠯᠭᠠᠵᠤ᠂ ᠪᠥᠬᠦ᠌ ᠲᠠᠯ᠎ᠠ᠎ᠪᠠᠷ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠬᠤ᠎ᠶ᠋ᠢ ᠥᠷᠨᠢᠭᠦᠯᠬᠦ᠌ ᠬᠡᠷᠡᠭ᠌ᠳᠡᠢ᠃ ᠬᠠᠤᠯᠢ ᠲᠣᠭ᠍ᠲᠠᠭᠠᠯ᠎ᠠᠴᠠ ᠵᠥᠷᠢᠴᠡᠭ᠌ᠰᠡᠨ ᠦᠢᠯᠡ ᠠᠵᠢᠯᠯᠠᠭ᠎ᠠ᠎ᠶ᠋ᠢ ᠬᠠᠤᠯᠢ ᠲᠣᠭ᠍ᠲᠠᠭᠠᠯ ᠶᠣᠰᠣᠭᠠᠷ ᠴᠢᠩᠭ᠎ᠠ ᠵᠠᠯᠬᠠᠭᠠᠨ ᠬᠦᠨᠳᠦ᠎ᠪᠠᠷ ᠲᠣᠷᠭᠠᠵᠤ᠂ ᠰᠡᠷᠡᠮᠵᠢᠯᠡᠭᠦᠯᠬᠦ᠌ ᠵᠢᠷᠦᠬᠡᠱᠢᠶᠡᠬᠦ᠌ ᠪᠠᠢᠳᠠᠯ᠎ᠢ ᠪᠤᠢ ᠪᠤᠯᠭᠠᠬᠤ ᠬᠡᠷᠡᠭ᠌ᠳᠡᠢ᠃
30. ᠱᠠᠯᠠᠪᠳᠠᠭᠤᠯᠤᠨ ᠪᠠᠢᠴᠠᠭᠠᠬᠤ ᠪᠠ ᠤᠬᠠᠭᠤᠯᠤᠨ ᠬᠦᠲᠦᠯᠦᠨ ᠲᠠᠭᠠᠭᠤᠯᠬᠤ᠎ᠶ᠋ᠢ ᠴᠢᠩᠭᠠᠳᠭᠠᠬᠤ ᠬᠡᠷᠡᠭ᠌ᠳᠡᠢ᠃ 《ᠬᠤᠶᠠᠷ᠎ᠢ ᠬᠦᠩᠭᠡᠷᠡᠭᠦᠯᠬᠦ᠌》 ᠶ᠋ᠢ ᠨᠠᠢᠳᠠᠪᠤᠷᠢᠵᠢᠭᠤᠯᠤᠭ᠍ᠰᠠᠨ ᠠᠵᠢᠯ᠎ᠤᠨ ᠪᠠᠢᠳᠠᠯ ᠵᠢᠴᠢ ᠪᠣᠳᠠᠲᠠᠶ ᠦᠷ᠎ᠡ ᠪᠦᠲᠦᠮᠵᠢ᠎ᠶ᠋ᠢ ᠱᠠᠯᠠᠪᠳᠠᠭᠤᠯᠤᠨ ᠪᠠᠢᠴᠠᠭᠠᠵᠤ ᠱᠠᠯᠠᠪᠳᠠᠭᠤᠯᠤᠨ ᠱᠢᠢᠳᠪᠤᠷᠢᠯᠡᠬᠦ᠂ ᠣᠯᠠᠨ ᠲᠦᠮᠡᠨ᠎ᠤ ᠠᠱᠢᠭ ᠲᠤᠰᠠ᠎ᠶ᠋ᠢ ᠥᠯᠥ᠍ ᠬᠠᠢᠬᠤᠷᠬᠤ᠎ᠶ᠋ᠢ ᠲᠤᠰᠭᠠᠶ ᠴᠡᠭ᠌ᠴᠡᠯᠡᠨ ᠵᠠᠰᠠᠬᠤ ᠪᠠ ᠵᠠᠰᠠᠭ᠎ᠤᠨ ᠣᠷᠳᠣᠨ᠎ᠤ ᠰᠤᠷᠭᠠᠨ ᠬᠥᠮᠦᠵᠢᠯ᠎ᠤᠨ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠶ᠋ᠢ ᠱᠠᠯᠠᠪᠳᠠᠭᠤᠯᠤᠨ ᠵᠢᠯᠣᠭᠤᠳᠴᠤ᠌ ᠦᠨᠡᠯᠡᠬᠦ᠌ ᠴᠢᠬᠤᠯᠠ ᠠᠭᠤᠯᠭ᠎ᠠ ᠪᠣᠯᠭᠠᠬᠤ ᠭᠡᠷᠡᠭ᠌ᠳᠡᠢ᠃ ᠬᠠᠷᠢᠭᠤᠴᠠᠯᠭ᠎ᠠ ᠨᠡᠬᠡᠮᠵᠢᠯᠡᠬᠦ᠌ ᠲᠣᠭ᠍ᠲᠠᠴᠠ᠎ᠶ᠋ᠢ ᠪᠠᠢᠭᠤᠯᠵᠤ᠂ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠤᠭ᠍ᠰᠠᠨ ᠥᠬᠡᠶ᠂ ᠠᠷᠭ᠎ᠠ ᠬᠡᠮᠵᠢᠶ᠎ᠡ᠎ᠶ᠋ᠢ ᠪᠣᠳᠠᠲᠠᠢᠵᠢᠭᠤᠯᠤᠭ᠍ᠰᠠᠨ ᠥᠬᠡᠶ ᠭᠠᠵᠠᠷ ᠣᠷᠣᠨ᠂ ᠰᠠᠯᠠᠭ᠎ᠠ ᠮᠥᠴᠢᠷ᠂ ᠰᠤᠷᠭᠠᠭᠤᠯᠢ ᠵᠢᠴᠢ ᠬᠠᠮᠢᠶ᠎ᠠ ᠪᠥᠬᠦᠶ ᠬᠠᠷᠢᠭᠤᠴᠠᠯᠭᠠᠲᠠᠨ᠎ᠠᠴᠠ ᠬᠠᠤᠯᠢ ᠲᠣᠭ᠍ᠲᠠᠭᠠᠯ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ᠌ ᠬᠡᠷᠡᠭ᠌ᠲᠡᠶ᠃ ᠡᠯ᠎ᠡ ᠭᠠᠵᠠᠷ᠎ᠤᠨ᠎ᠬᠢᠨ ᠬᠢᠨᠠᠨ ᠬᠠᠮᠢᠶᠠᠷᠬᠤ ᠲᠠᠪᠴᠠᠩ ᠪᠣᠯᠤᠨ ᠢᠯᠡᠴᠢᠯᠡᠨ ᠮᠡᠳᠡᠭᠦᠯᠬᠦ᠌ ᠲᠤᠰᠭᠠᠶ ᠤᠳᠠᠰᠤ ᠲᠤᠬᠢᠷᠠᠭᠤᠯᠵᠦ᠍᠂ ᠤᠯᠠᠨ ᠲᠦᠮᠡᠨ᠎ᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ᠌ ᠠᠷᠭ᠎ᠠ ᠵᠠᠮ᠎ᠢ ᠰᠠᠭᠠᠳ ᠥᠭᠡᠢ ᠨᠡᠪᠲᠡᠷᠡᠭᠦᠯᠬᠦ᠌ ᠬᠡᠷᠡᠭ᠌ᠲᠡᠶ᠃ ᠡᠯ᠎ᠡ ᠮᠤᠵᠢ (ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠤᠲᠠ) 《ᠬᠤᠶᠠᠷ᠎ᠢ ᠬᠦᠩᠭᠡᠷᠡᠭᠦᠯᠬᠦ᠌》 ᠠᠵᠢᠯ᠎ᠤᠨ ᠳᠤᠮᠳᠠᠬᠢ ᠰᠠᠢᠨ ᠲᠤᠷᠱᠢᠯᠭ᠎ᠠ ᠰᠠᠢᠨ ᠠᠷᠭ᠎ᠠ ᠬᠢᠳᠡᠯ᠎ᠢ ᠴᠠᠭ ᠲᠤᠬᠠᠶ᠎ᠳᠤᠨᠢ ᠳ᠋ᠦᠩᠨᠡᠬᠦ᠌᠎ᠶ᠋ᠢᠨ ᠬᠠᠮᠲᠤ ᠤᠬᠠᠭᠤᠯᠤᠨ ᠳᠡᠯᠭᠡᠷᠡᠭᠦᠯᠬᠦ᠌ ᠠᠵᠢᠯ᠎ᠢ ᠰᠠᠢᠲᠤᠷ ᠬᠢᠬᠦ᠌ ᠬᠡᠷᠡᠭ᠌ᠲᠡᠶ᠃ ᠰᠣᠨᠢᠨ ᠮᠡᠳᠡᠭᠡᠨ᠎ᠤ ᠵᠠᠭᠤᠴᠢᠯᠠᠭᠤᠷ ᠵᠦᠪ ᠤᠨᠤᠪᠴᠢᠳᠠᠢ ᠶᠠᠷᠢᠶ᠎ᠠ ᠬᠡᠯᠡᠯᠴᠡᠭᠡᠨ᠎ᠤ ᠤᠳᠤᠷᠢᠳᠤᠮᠵᠢ᠎ᠶ᠋ᠢ ᠪᠠᠷᠢᠮᠲᠠᠯᠠᠵᠤ᠂ ᠨᠡᠢᠭᠡᠮ᠎ᠤᠨ ᠰᠠᠢᠨ ᠰᠠᠢᠬᠠᠨ ᠠᠭᠤᠷ ᠠᠮᠢᠰᠭᠤᠯ᠎ᠢ ᠪᠤᠢ ᠪᠣᠯᠭᠠᠬᠤ ᠬᠡᠷᠡᠭ᠌ᠲᠡᠶ᠃
ᠡᠯ᠎ᠡ ᠭᠠᠵᠠᠷ᠎ᠤᠨ᠎ᠬᠢᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠤᠨ ᠱᠠᠲᠤᠨ᠎ᠤ ᠰᠤᠷᠤᠭ᠍ᠴᠢᠳ᠎ᠤᠨ 《ᠬᠤᠶᠠᠷ᠎ᠢ ᠬᠦᠩᠭᠡᠷᠡᠭᠦᠯᠬᠦ᠌》 ᠠᠵᠢᠯ᠎ᠢ ᠰᠠᠢᠲᠤᠷ ᠬᠢᠬᠦ᠌᠎ᠶ᠋ᠢᠨ ᠬᠠᠮᠲᠤ᠌᠂ ᠪᠠᠰᠠ 3 — 6 ᠨᠠᠰᠤᠨ᠎ᠤ ᠰᠤᠷᠭᠠᠭᠤᠯᠢ᠎ᠶ᠋ᠢᠨ ᠨᠠᠰᠤᠨ᠎ᠠᠴᠠ ᠡᠮᠦᠨᠡᠬᠢ ᠬᠡᠤᠬᠡᠳ ᠪᠠ ᠡᠩ᠎ᠤᠨ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠰᠣᠷᠣᠭ᠍ᠴᠢ᠎ᠳᠤ ᠬᠠᠨᠳᠤᠭᠤᠯᠤᠭ᠍ᠰᠠᠨ ᠰᠤᠷᠭᠠᠭᠤᠯᠢ᠎ᠶ᠋ᠢᠨ ᠭᠠᠳᠠᠨᠠᠬᠢ ᠪᠣᠯᠪᠠᠰᠤᠷᠠᠯ᠎ᠤᠨ ᠵᠠᠰᠠᠯᠲᠠ᠎ᠶ᠋ᠢᠨ ᠠᠵᠢᠯ᠎ᠢ ᠨᠢᠭᠡᠳᠦᠯᠲᠡᠶ ᠲᠥᠯᠥᠪᠵᠢᠬᠦᠯᠦᠨ ᠰᠠᠢᠲᠤᠷ ᠬᠢᠵᠦ᠍᠂ ᠰᠤᠷᠭᠠᠭᠤᠯᠢ᠎ᠶ᠋ᠢᠨ ᠨᠠᠰᠤᠨ᠎ᠠᠴᠠ ᠡᠮᠦᠨᠡᠬᠢ ᠬᠡᠤᠬᠡᠳ᠎ᠲᠤ ᠬᠠᠨᠳᠤᠭᠤᠯᠤᠭ᠍ᠰᠠᠨ ᠰᠦᠯᠵᠢᠶᠡᠨ ᠳᠡᠭᠡᠷᠡᠬᠢ ᠪᠣᠯᠪᠠᠰᠤᠷᠠᠯ᠎ᠢ ᠥᠷᠨᠢᠭᠦᠯᠵᠦ᠍ ᠪᠣᠯᠬᠤ ᠥᠬᠡᠶ᠂ ᠰᠤᠷᠭᠠᠭᠤᠯᠢ᠎ᠶ᠋ᠢᠨ ᠨᠠᠰᠤᠨ᠎ᠠᠴᠠ ᠡᠮᠦᠨᠡᠬᠢ ᠠᠩᠭᠢ᠂ ᠴᠡᠴᠡᠷᠯᠢᠭ᠎ᠠᠴᠠ ᠪᠠᠭ᠎ᠠ ᠰᠤᠷᠭᠠᠭᠤᠯᠢ᠎ᠳᠤ ᠲᠡᠪᠱᠢᠬᠦ᠌᠎ᠶ᠋ᠢ ᠵᠣᠯᠭᠠᠭᠤᠯᠬᠤ ᠠᠩᠭᠢ᠂ ᠰᠡᠳᠭᠢᠬᠦᠶ᠎ᠶ᠋ᠢᠨ ᠪᠣᠯᠪᠠᠰᠤᠷᠠᠯ᠎ᠤᠨ ᠠᠩᠭᠢ ᠵᠡᠷᠭᠡ ᠨᠡᠷ᠎ᠡ᠎ᠪᠠᠷ ᠰᠤᠷᠭᠠᠭᠤᠯᠢ᠎ᠶ᠋ᠢᠨ ᠨᠠᠰᠤᠨ᠎ᠠᠴᠠ ᠡᠮᠦᠨᠡᠬᠢ ᠬᠡᠤᠬᠡᠳ᠎ᠲᠤ ᠬᠠᠨᠳᠤᠭᠤᠯᠤᠨ ᠰᠦᠯᠵᠢᠶᠡᠨ ᠭᠠᠳᠠᠨᠠᠬᠢ ᠬᠢᠴᠢᠶᠡᠯ ᠲᠥᠷᠥᠯ᠎ᠤᠨ (ᠭᠠᠳᠠᠭᠠᠳᠤ ᠬᠡᠯᠡ ᠪᠠᠭ᠍ᠲᠠᠨ᠎ᠠ) ᠪᠣᠯᠪᠠᠰᠤᠷᠠᠯ ᠥᠷᠨᠢᠭᠦᠯᠬᠦ᠌᠎ᠶ᠋ᠢ ᠴᠢᠩᠭ᠎ᠠ ᠴᠠᠭᠠᠵᠠᠯᠠᠬᠤ ᠭᠡᠷᠡᠭ᠌ᠳᠡᠢ᠃ ᠰᠤᠷᠭᠠᠭᠤᠯᠢ᠎ᠶ᠋ᠢᠨ ᠨᠠᠰᠤᠨ᠎ᠠᠴᠠ ᠡᠮᠦᠨᠡᠬᠢ ᠬᠡᠤᠬᠡᠳ᠎ᠲᠤ ᠬᠠᠨᠳᠤᠭᠤᠯᠤᠭ᠍ᠰᠠᠨ ᠰᠤᠷᠭᠠᠭᠤᠯᠢ᠎ᠶ᠋ᠢᠨ ᠭᠠᠳᠠᠨᠠᠬᠢ ᠪᠣᠯᠪᠠᠰᠤᠷᠠᠯ᠎ᠤᠨ ᠪᠠᠢᠭᠤᠯᠤᠮᠵᠢ ᠪᠠ ᠡᠩ᠎ᠤᠨ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠰᠣᠷᠣᠭ᠍ᠴᠢ᠎ᠳᠤ ᠬᠠᠨᠳᠤᠭᠤᠯᠤᠭ᠍ᠰᠠᠨ ᠰᠤᠷᠭᠠᠭᠤᠯᠢ᠎ᠶ᠋ᠢᠨ ᠭᠠᠳᠠᠨᠠᠬᠢ ᠬᠢᠴᠢᠶᠡᠯ ᠲᠦᠷᠦᠯ᠎ᠤᠨ ᠪᠣᠯᠪᠠᠰᠤᠷᠠᠯ᠎ᠤᠨ ᠪᠠᠢᠭᠤᠯᠤᠮᠵᠢ᠎ᠶ᠋ᠢ ᠳᠠᠭᠢᠵᠤ ᠬᠢᠨᠠᠨ ᠵᠥᠪᠱᠢᠶᠡᠷᠡᠬᠦ᠌ ᠥᠬᠡᠶ᠃ ᠡᠩ᠎ᠤᠨ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠰᠤᠷᠤᠭ᠍ᠴᠢᠳ᠎ᠲᠤ ᠬᠠᠨᠳᠤᠭᠤᠯᠤᠭ᠍ᠰᠠᠨ ᠬᠢᠴᠢᠶᠡᠯ ᠲᠦᠷᠦᠯ᠎ᠤᠨ ᠪᠣᠯᠪᠠᠰᠤᠷᠠᠯ᠎ᠤᠨ ᠪᠠᠢᠭᠤᠯᠤᠮᠵᠢ᠎ᠶ᠋ᠢᠨ ᠬᠠᠮᠢᠶᠠᠷᠤᠯᠲᠠ᠎ᠶ᠋ᠢ ᠲᠣᠰ ᠰᠠᠨᠠᠯ᠎ᠤᠨ ᠬᠤᠯᠪᠣᠭ᠍ᠳᠠᠯ ᠪᠥᠬᠦᠶ ᠲᠣᠭ᠍ᠲᠠᠭᠠᠯ᠎ᠢᠶᠠᠷ ᠯᠠᠪᠯᠠᠯᠲᠠ ᠪᠣᠯᠭᠠᠨ ᠬᠡᠷᠡᠭ᠌ᠵᠢᠭᠦᠯᠦᠨ᠎ᠡ᠃