ᠱᠢᠨᠬᠤᠸᠠ ᠬᠤᠷᠢᠶᠠᠨ᠎ᠤ ᠪᠡᠭᠡᠵᠢᠩ᠎ᠤᠨ 7 ᠰᠠᠷ᠎ᠠ᠎ᠶ᠋ᠢᠨ 26 ᠤ ᠴᠠᠬᠢᠯᠭᠠᠨ ᠮᠡᠳᠡᠭᠡ ᠰᠤᠷᠪᠤᠯᠵᠢᠯᠠᠭ᠍ᠴᠢ ᠳᠤᠮᠳᠠᠳᠤ ᠤᠯᠤᠰ᠎ᠤᠨ ᠤᠯᠠᠭᠠᠨ ᠵᠠᠭᠠᠯᠮᠠᠢᠳᠠᠨ᠎ᠤ ᠨᠡᠢᠭᠡᠮᠯᠢᠭ᠎ᠤᠨ ᠶᠡᠷᠦᠩᠬᠡᠢ ᠨᠡᠢᠭᠡᠮᠯᠢᠭ᠎ᠠᠴᠠ ᠤᠢ᠍ᠢᠯᠠᠭᠠᠭ᠍ᠰᠠᠨ᠎ᠢᠶᠠᠷ᠂ ᠣᠳᠣᠬᠠᠨ ᠪᠣᠯᠲᠠᠯ᠎ᠠ᠂ ᠶᠡᠷᠦᠩᠬᠡᠶ ᠡᠪᠯᠡᠯ᠂ ᠾᠧᠨᠠᠨ ᠮᠤᠵᠢ᠎ᠶ᠋ᠢᠨ ᠤᠯᠠᠭᠠᠨ ᠵᠠᠭᠠᠯᠮᠠᠢᠲᠠᠨ᠎ᠤ ᠱᠢᠰᠲ᠋ᠧᠮ ᠵᠢᠴᠢ ᠲᠢᠶᠠᠨᠵᠢᠨ᠂ ᠱᠠᠨᠳᠦ᠋ᠩ᠂ ᠠᠨᠾᠦ᠋ᠢ᠂ ᠵᠧᠵᠢᠶᠠᠩ᠂ ᠹᠦᠵᠢᠶᠠᠨ᠂ ᠬᠤᠪᠸᠢ᠂ ᠬᠤᠨᠠᠨ᠂ ᠵᠢᠶᠠᠩᠰᠦ᠂ ᠨᠢᠩᠱᠢᠶᠠ᠂ ᠭᠤᠸᠠᠩᠰᠢ᠂ ᠰᠧᠴᠤᠸᠠᠨ ᠵᠡᠷᠭᠡ ᠮᠤᠵᠢ (ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠤᠲᠠ) ᠶ᠋ᠢᠨ ᠤᠯᠠᠭᠠᠨ ᠵᠠᠭᠠᠯᠮᠠᠢᠲᠠᠨ᠎ᠤ ᠨᠡᠢᠭᠡᠮᠯᠢᠭ᠎ᠠᠴᠠ ᠾᠧᠨᠠᠨ ᠮᠤᠵᠢ᠎ᠳᠤ ᠨᠡᠢᠲᠡ 78 ᠤᠰᠤᠨ ᠳᠡᠭᠡᠷᠡᠬᠢ ᠠᠪᠤᠷᠠᠨ ᠲᠤᠰᠠᠯᠠᠬᠤ ᠠᠩᠭᠢ ᠲᠣᠮᠢᠯᠠᠵᠤ᠂ ᠭᠠᠮᠱᠢᠭ᠍ᠳᠠᠭ᠍ᠰᠠᠨ ᠣᠯᠠᠨ ᠲᠦᠮᠡᠨ᠎ᠢ 3 ᠲᠦᠮᠡ ᠭᠠᠷᠤᠶ ᠬᠥᠮᠦᠨ ᠤᠳᠠᠭ᠎ᠠ ᠡᠷᠢᠵᠦ᠍ ᠠᠪᠤᠷᠬᠠᠰᠠᠨ ᠪᠤᠶᠤ ᠱᠢᠯᠵᠢᠭᠦᠯᠦᠭ᠌ᠰᠡᠨ ᠪᠠᠢᠨ᠎ᠠ᠃
ᠾᠧᠨᠠᠨ ᠣᠷᠣᠨ᠎ᠤ ᠦᠶᠡᠷ ᠤᠰᠤᠲᠤᠯ᠎ᠤᠨ ᠭᠠᠮᠱᠢᠭ᠎ᠤᠨ ᠪᠠᠢᠳᠠᠯ᠎ᠤᠨ ᠬᠥᠭ᠌ᠵᠢᠯᠲᠡ᠎ᠶ᠋ᠢ ᠦᠨᠳᠦᠰᠦᠯᠡᠨ᠂ ᠳᠤᠮᠳᠠᠳᠤ ᠤᠯᠤᠰ᠎ᠤᠨ ᠤᠯᠠᠭᠠᠨ ᠵᠠᠭᠠᠯᠮᠠᠢᠲᠠᠨ᠎ᠤ ᠨᠡᠢᠭᠡᠮᠯᠢᠭ᠎ᠤᠨ ᠶᠡᠷᠦᠩᠬᠡᠶ ᠡᠪᠯᠡᠯ᠎ᠠᠴᠠ ᠾᠧᠨᠠᠨ ᠮᠤᠵᠢ᠎ᠶ᠋ᠢᠨ ᠦᠶᠡᠷ ᠤᠰᠤᠲᠤᠯ᠎ᠤᠨ ᠭᠠᠮᠱᠢᠭ᠎ᠤᠨ ᠪᠠᠴᠢᠮ ᠪᠠᠢᠳᠠᠯ᠎ᠢ ᠠᠷᠭᠠᠴᠠᠭᠠᠬᠤ᠎ᠶ᠋ᠢ ᠬᠤᠶᠠᠳᠤᠭᠠᠷ ᠳᠡᠰ᠎ᠲᠤ ᠱᠢᠯᠵᠢᠭᠦᠯᠵᠦ᠍᠂ ᠬᠡᠷᠡᠭ᠌ᠴᠡᠭᠡ᠎ᠲᠠᠢ ᠭᠠᠵᠠᠷ ᠣᠷᠣᠨ᠎ᠳᠤ ᠲᠡᠳᠬᠦᠮᠵᠢ᠎ᠶ᠋ᠢᠨ ᠬᠡᠷ ᠪᠦᠯᠢ᠎ᠶ᠋ᠢᠨ ᠪᠣᠭ᠍ᠴᠣ᠂ ᠬᠡᠪᠢᠰ᠂ ᠬᠥᠪᠥᠩ ᠬᠥᠨᠵᠢᠯᠡ ᠵᠡᠷᠭᠡ ᠭᠠᠮᠱᠢᠭ᠎ᠠᠴᠠ ᠠᠪᠤᠷᠬᠠᠤ ᠡᠳ᠋ ᠪᠣᠳᠠᠰ ᠪᠠ ᠭᠠᠮᠱᠢᠭ᠎ᠠᠴᠠ ᠠᠪᠤᠷᠬᠠᠤ ᠵᠣᠭᠤᠰ᠎ᠢ ᠨᠡᠮᠡᠵᠦ᠍ ᠲᠣᠬᠢᠷᠠᠭᠤᠯᠪᠠ᠃
ᠾᠧᠨᠠᠨ ᠮᠤᠵᠢ᠎ᠶ᠋ᠢᠨ ᠤᠯᠠᠭᠠᠨ ᠵᠠᠭᠠᠯᠮᠠᠢᠲᠠᠨ᠎ᠤ ᠨᠡᠢᠭᠡᠮᠯᠢᠭ᠎ᠤᠨ ᠱᠠᠭᠠᠷᠳᠠᠯᠭ᠎ᠠ ᠶᠣᠰᠣᠭᠠᠷ᠂ ᠳᠤᠮᠳᠠᠳᠤ ᠤᠯᠤᠰ᠎ᠤᠨ ᠤᠯᠠᠭᠠᠨ ᠵᠠᠭᠠᠯᠮᠠᠢᠲᠠᠨ᠎ᠤ ᠨᠡᠢᠭᠡᠮᠯᠢᠭ᠎ᠤᠨ ᠶᠡᠷᠦᠩᠬᠡᠶ ᠡᠪᠯᠡᠯ᠎ᠠᠴᠠ ᠠᠨᠾᠦ᠋ᠢ᠂ ᠱᠠᠨᠰᠢ᠂ ᠨᠢᠩᠱᠢᠶᠠ᠎ᠶ᠋ᠢᠨ ᠤᠯᠠᠭᠠᠨ ᠵᠠᠭᠠᠯᠮᠠᠢᠲᠠᠨ᠎ᠤ ᠠᠪᠤᠷᠠᠨ ᠲᠤᠰᠠᠯᠠᠬᠤ ᠠᠩᠭᠢ᠎ᠶ᠋ᠢ ᠾᠧᠨᠠᠨ ᠮᠤᠵᠢ᠂ ᠵᠧᠩᠵᠧᠤ ᠬᠤᠲᠠ᠂ ᠱᠢᠨᠱᠢᠶᠠᠩ ᠬᠤᠲᠠ᠎ᠶ᠋ᠢᠨ ᠤᠯᠠᠭᠠᠨ ᠵᠠᠭᠠᠯᠮᠠᠢᠲᠠᠨ᠎ᠤ ᠨᠡᠢᠭᠡᠮᠯᠢᠭ᠎ᠲᠠᠢ ᠬᠠᠮᠵᠢᠯᠴᠠᠨ ᠬᠠᠨᠳᠢᠪᠯᠠᠨ ᠬᠦᠷᠭᠡᠭ᠌ᠰᠡᠨ ᠡᠳ᠋ ᠪᠣᠳᠠᠰ᠎ᠢ ᠬᠦᠯᠢᠶᠡᠨ ᠠᠪᠬᠤ᠂ ᠱᠢᠯᠵᠢᠭᠦᠯᠦᠨ ᠥᠭ᠌ᠬᠦ᠂ ᠲᠠᠷᠬᠠᠭᠠᠬᠤ ᠠᠵᠢᠯ᠎ᠢ ᠥᠷᠨᠢᠭᠦᠯᠪᠡ; ᠱᠠᠨᠳᠦ᠋ᠩ᠂ ᠵᠢᠶᠠᠩᠰᠦ᠂ ᠵᠧᠵᠢᠶᠠᠩ᠂ ᠠᠨᠾᠦ᠋ᠢ᠎ᠶ᠋ᠢᠨ ᠤᠯᠠᠭᠠᠨ ᠵᠠᠭᠠᠯᠮᠠᠢᠳᠠᠨ᠎ᠤ ᠤᠰᠤᠨ ᠳᠡᠭᠡᠷᠡᠬᠢ ᠠᠪᠤᠷᠠᠨ ᠲᠤᠰᠠᠯᠠᠬᠤ ᠠᠩᠬᠢ ᠪᠣᠯᠤᠨ ᠬᠤᠪᠸᠢ᠎ᠶ᠋ᠢᠨ ᠶᠢᠩᠱᠠᠨ᠂ ᠰᠧᠴᠤᠸᠠᠨ᠎ᠤ ᠯᠦ᠍ ᠵᠧᠦ᠎ᠶ᠋ᠢᠨ ᠤᠯᠠᠭᠠᠨ ᠵᠠᠭᠠᠯᠮᠠᠢᠳᠠᠨ᠎ᠤ ᠠᠪᠤᠷᠠᠨ ᠲᠤᠰᠠᠯᠠᠬᠤ ᠠᠩᠬᠢ᠎ᠶ᠋ᠢᠨ ᠭᠤᠣᠯᠯᠠᠭ᠍ᠴᠢ ᠠᠩᠬᠢ᠎ᠶ᠋ᠢᠨ ᠭᠡᠱᠢᠭᠦᠨ᠎ᠢ ᠱᠢᠨᠱᠢᠶᠠᠩᠳᠤ ᠲᠣᠮᠢᠯᠠᠨ ᠭᠠᠮᠱᠢᠭ᠍ᠳᠠᠭ᠍ᠰᠠᠨ ᠤᠯᠠᠨ ᠲᠦᠮᠡᠨ᠎ᠢ ᠠᠪᠤᠷᠠᠨ ᠲᠤᠰᠠᠯᠠᠵᠤ ᠱᠢᠯᠵᠢᠭᠦᠯᠦᠨ ᠲᠥᠪᠬᠢᠨᠡᠭᠦᠯᠬᠦ᠌ ᠠᠵᠢᠯ ᠬᠢᠯᠭᠡᠪᠡ; ᠬᠤᠪᠸᠢ᠂ ᠭᠦᠢᠵᠧᠦ᠎ᠶ᠋ᠢᠨ ᠤᠯᠠᠭᠠᠨ ᠵᠠᠭᠠᠯᠮᠠᠢᠳᠠᠨ᠎ᠤ ᠤᠰᠤ ᠬᠠᠩᠭᠠᠵᠤ ᠠᠪᠤᠷᠠᠨ ᠲᠤᠰᠠᠯᠠᠬᠤ ᠠᠩᠬᠢ᠎ᠶ᠋ᠢᠨ ᠦᠨᠡᠯᠡᠨ ᠵᠢᠱ᠌ᠢᠬᠦ᠌ ᠳᠤᠭᠤᠢᠯᠠᠩ᠎ᠢ ᠱᠢᠯᠵᠢᠭᠦᠯᠦᠨ ᠲᠣᠮᠢᠯᠠᠵᠤ ᠬᠡᠷᠡᠭ᠌ᠴᠡᠭᠡ᠎ᠶ᠋ᠢᠨ ᠦᠨᠡᠯᠡᠨ ᠵᠢᠱ᠌ᠢᠯᠲᠡ ᠬᠢᠯᠭᠡᠪᠡ᠃ ᠭᠠᠮᠱᠢᠭ᠎ᠠᠴᠠ ᠠᠪᠤᠷᠠᠬᠤ ᠠᠵᠢᠯ ᠡᠮᠬᠢ ᠵᠢᠷᠤᠮ᠎ᠲᠠᠢ ᠶᠠᠪᠤᠭ᠍ᠳᠠᠵᠤ ᠪᠠᠢᠨ᠎ᠠ᠃