ᠦᠪᠡᠷᠲᠡᠭᠡᠨ ᠵᠠᠰᠠᠬᠤ ᠤᠷᠤᠨ᠎ᠤ ᠡᠪᠯᠡᠯ᠎ᠤᠨ ᠬᠤᠷᠢᠶ᠎ᠠ 《7 · 1》 ᠎ᠤ ᠴᠢᠬᠤᠯᠠ ᠶᠠᠷᠢᠶᠠᠨ᠎ᠤ ᠵᠤᠷᠢᠬ ᠰᠠᠨᠠᠭ᠎ᠠ᠎ᠶ᠋ᠢ ᠰᠤᠷᠤᠯᠴᠨᠨ ᠲᠤᠭᠤᠱᠢᠯᠠᠭᠤᠯᠵᠤ ᠪᠠᠢᠨ᠎ᠠ
2021-07-29 10:49:14
ᠵᠣᠬᠢᠶᠠᠭ᠍ᠴᠢ᠄
ᠬᠤᠩ ᠱᠢᠶᠠ
ᠣᠩᠱᠢᠭ᠍ᠰᠠᠨ ᠣᠳᠠᠭ᠎ᠠ᠄
★★★☆☆

ᠲᠦᠷᠦᠬᠦᠬᠡᠨ᠂ ᠦᠪᠡᠷᠲᠡᠬᠡᠨ ᠵᠠᠰᠠᠬᠤ ᠤᠷᠤᠨ᠎ᠤ ᠡᠪᠯᠡᠯ᠎ᠤᠨ ᠬᠤᠷᠢᠶ᠎ᠠ ᠪᠦᠬᠦ᠌ ᠤᠷᠤᠨ᠎ᠤ ᠡᠯ᠎ᠡ ᠦᠨᠳᠦᠰᠦᠲᠡᠨ ᠡᠯ᠎ᠡ ᠡᠳᠡᠭᠡᠳ᠎ᠤᠨ ᠵᠠᠯᠠᠭᠤᠴᠤᠳ᠎ᠤᠨ ᠲᠦᠯᠦᠭᠡᠯᠡᠭ᠌ᠴᠢᠳ᠎ᠤᠨ ᠶᠠᠷᠢᠯᠴᠠᠬᠤ ᠬᠤᠷᠠᠯ᠎ᠢ ᠬᠤᠷᠠᠯᠳᠤᠭᠤᠯᠵᠤ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠲᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠬ᠍ᠳᠠᠬ᠍ᠰᠠᠨ 100 ᠵᠢᠯ᠎ᠤᠨ ᠤᠢ᠎ᠶ᠋ᠢ ᠪᠡᠯᠭᠡᠯᠡᠬᠦ᠌ ᠶᠡᠭᠡ ᠬᠤᠷᠠᠯ ᠲᠡᠭᠡᠷᠡᠬᠢ ᠴᠢᠬᠤᠯᠠ ᠶᠠᠷᠢᠶᠠᠨ᠎ᠤ ᠵᠤᠷᠢᠬ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠪᠠ᠃ ᠬᠤᠷᠠᠯ ᠲᠡᠭᠡᠷ᠎ᠡ᠂ ᠮᠠᠨ᠎ᠤ ᠤᠷᠤᠨ᠎ᠤ 6 ᠵᠠᠯᠠᠭᠤᠴᠤᠳ᠎ᠤᠨ ᠲᠦᠯᠦᠭᠡᠯᠡᠭ᠌ᠴᠢ 《ᠨᠠᠮ ᠮᠠᠨᠢ ᠰᠠᠨᠠᠭ᠎ᠠ ᠠᠮᠤᠷ ᠪᠠᠢᠭᠠᠷᠠᠢ᠂ ᠤᠯᠤᠰ᠎ᠢᠶᠠᠨ ᠬᠦᠴᠦᠷᠭᠡᠭ᠌ᠵᠢᠭᠦᠯᠬᠦ᠌ ᠎ᠳᠤ ᠪᠢᠳᠡ ᠪᠤᠢ》 ᠬᠡᠬᠦ᠌ ᠭᠤᠤᠯ ᠰᠡᠳᠦᠪ᠎ᠤᠨ ᠲᠤᠭᠤᠷᠢᠨ᠎ᠳᠤ᠂ ᠠᠳᠠᠯᠢ ᠪᠤᠰᠤ ᠬᠠᠷᠠᠭᠠᠰᠤ ᠎ᠠᠴᠠ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶᠠᠨ᠎ᠤ ᠵᠤᠷᠢᠬ ᠰᠠᠨᠠᠭ᠎ᠠ᠎ᠶ᠋ᠢᠨ  ᠲᠤᠬᠠᠢ ᠤᠢ᠍ᠢᠯᠠᠭᠠᠯᠲᠠ ᠲᠠᠨᠢᠯᠲᠠ᠎ᠪᠠᠨ ᠬᠤᠪᠢᠶᠠᠯᠴᠠᠬ᠍ᠰᠠᠨ ᠪᠠᠢᠨ᠎ᠠ᠃

ᠬᠤᠷᠠᠯ᠎ᠠᠴᠠ᠂ ᠪᠦᠬᠦ᠌ ᠣᠷᠣᠨ᠎ᠤ ᠡᠯ᠎ᠡ ᠱᠠᠲᠤᠨ᠎ᠤ ᠡᠪᠯᠡᠯ᠎ᠤᠨ ᠵᠣᠬᠢᠶᠠᠨ ᠪᠠᠢᠭᠤᠯᠤᠯᠲᠠ ᠭᠤᠣᠯ ᠬᠠᠷᠢᠭᠤᠴᠠᠯᠭ᠎ᠠ ᠭᠤᠣᠯ ᠠᠵᠢᠯ᠎ᠲᠠᠢ᠎ᠪᠠᠨ ᠤᠶᠠᠯᠳᠤᠭᠤᠯᠵᠤ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠨ ᠦᠢᠯᠡᠳᠦᠯᠭᠡᠵᠢᠬᠦᠯᠵᠦ᠍᠂ ᠦᠵᠡᠯ ᠰᠠᠨᠠᠭᠠᠨ᠎ᠤ ᠵᠢᠯᠤᠭᠤᠳᠤᠯᠭ᠎ᠠ᠎ᠪᠠᠨ ᠴᠢᠩᠭᠠᠳᠭᠠᠵᠤ᠂ ᠦᠨᠳᠦᠰᠦᠨ ᠱᠠᠲᠤᠨ᠎ᠤ ᠰᠠᠭᠤᠷᠢ᠎ᠶ᠋ᠢ ᠪᠠᠬᠢᠵᠢᠭᠦᠯᠵᠦ᠍᠂ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠳᠤᠮᠳᠠ ᠤᠷᠳᠤ ᠬᠤᠭᠤᠴᠠᠭᠠᠨ᠎ᠤ ᠵᠠᠯᠠᠭᠤᠴᠤᠳ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠵᠠᠯᠠᠭᠤᠴᠤᠳ᠎ᠤᠨ ᠦᠰᠦᠨ ᠪᠤᠢᠵᠢᠵᠤ ᠴᠢᠳᠠᠪᠤᠷᠢᠲᠠᠨ ᠪᠣᠯᠬᠤ᠎ᠳᠤ ᠨᠡᠩ ᠰᠠᠢᠲᠤᠷ ᠦᠢᠯᠡᠴᠢᠯᠡᠬᠦ᠌ ᠬᠡᠷᠡᠭ᠌ᠲᠡᠢ; ᠥᠷᠭᠡᠨ ᠤᠯᠠᠨ ᠵᠠᠯᠠᠭᠤᠴᠤᠳ᠎ᠢ ᠪᠦᠯᠬᠦᠮᠳᠡᠭᠦᠯᠦᠨ ᠲᠠᠢᠴᠢᠯᠠᠵᠤ᠂ ᠡᠭᠡ ᠤᠯᠤᠰ᠎ᠤᠨ ᠤᠮᠠᠷᠠᠲᠤ ᠬᠢᠯᠢ᠎ᠶ᠋ᠢᠨ ᠦᠵᠡᠰᠭᠦᠯᠡᠩᠲᠦ ᠰᠠᠢᠬᠠᠨ ᠦᠵᠡᠮᠵᠢ᠎ᠶ᠋ᠢᠨ ᠣᠷᠣᠨ᠎ᠢ ᠪᠦᠳᠦᠭᠡᠨ ᠪᠠᠢᠭᠤᠯᠬᠤ ᠭᠠᠯ ᠬᠠᠯᠠᠭᠤᠨ ᠦᠢᠯᠡᠳᠦᠯᠭᠡ ᠳᠤᠮᠳᠠ ᠪᠡᠯᠡᠦᠡᠭᠡᠯ ᠬᠦᠴᠦᠠ ᠪᠣᠯᠤᠨ ᠭᠠᠪᠱᠢᠭᠠᠢ ᠠᠩᠬᠢ᠎ᠶ᠋ᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠵᠣᠬᠢᠶᠠᠨ ᠪᠠᠢᠭᠤᠯᠤᠯᠲᠠ᠎ᠶ᠋ᠢᠨ ᠵᠣᠬᠢᠶᠠᠨ ᠪᠠᠢᠭᠤᠯᠬᠤ ᠬᠦᠴᠦᠨ᠂ ᠬᠦᠳᠦᠯᠦᠨ ᠳᠠᠭᠠᠭᠤᠯᠬᠤ ᠬᠦᠴᠦᠨ᠂ ᠦᠢᠯᠡᠴᠢᠯᠡᠬᠦ᠌ ᠬᠦᠴᠦᠨ ᠪᠣᠯᠤᠨ ᠬᠠᠨᠳᠢᠪᠯᠠᠬᠤ ᠬᠦᠴᠦᠨ᠎ᠢ ᠳᠠᠰᠤᠷᠠᠯᠳᠠ ᠦᠬᠡᠢ ᠳᠡᠭᠡᠭ᠌ᠰᠢᠯᠡᠭᠦᠯᠬᠦ᠌ ᠬᠡᠷᠡᠭ᠌ᠲᠡᠢ; ᠪᠦᠬᠦ᠌ ᠣᠷᠣᠨ᠎ᠤ ᠥᠷᠭᠡᠨ ᠣᠯᠠᠨ ᠡᠪᠯᠡᠯ᠎ᠤᠨ ᠭᠡᠱᠢᠭᠦᠨ ᠵᠠᠯᠠᠭᠤᠴᠤᠳ ᠶᠡᠷᠦᠩᠬᠡᠶ ᠱᠦᠵᠢ ᠰᠢ᠎ᠶ᠋ᠢᠨ ᠫᠢᠩ᠎ᠤᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ 《ᠨᠠᠮ ᠮᠠᠨᠢ ᠰᠠᠨᠠᠭ᠎ᠠ ᠠᠮᠤᠷ ᠪᠠᠢᠭᠠᠷᠠᠢ᠂ ᠤᠯᠤᠰ᠎ᠢᠶᠠᠨ ᠬᠦᠴᠦᠷᠬᠡᠭ᠌ᠵᠢᠭᠦᠯᠬᠦ᠌᠎ᠳᠤ ᠪᠢᠳᠡ ᠪᠤᠢ》 ᠭᠡᠬᠦ᠌ ᠡᠷᠡᠰ ᠪᠠᠲᠤ ᠠᠮᠠᠯᠠᠯᠳᠠ᠎ᠪᠠᠨ ᠦᠢᠯᠡᠳᠦᠯᠭᠡᠵᠢᠭᠦᠯᠵᠦ᠍᠂ ᠦᠨᠳᠦᠰᠦᠲᠡᠨ᠎ᠤ ᠰᠡᠷᠭᠦᠨ ᠮᠠᠨᠳᠤᠯᠲᠠ᠎ᠶ᠋ᠢᠨ ᠬᠦᠨᠳᠦ ᠡᠭᠦᠷᠭᠡ᠎ᠶ᠋ᠢ ᠡᠭᠦᠷᠭᠡᠯᠡᠵᠦ᠍ ᠳᠡᠢᠯᠬᠦ᠌ ᠴᠠᠭ ᠦᠶ᠎ᠡ᠎ᠶ᠋ᠢᠨ ᠱᠢᠨ᠎ᠡ ᠬᠥᠮᠦᠨ ᠪᠣᠯᠬᠤ᠎ᠪᠠᠷ ᠴᠢᠷᠮᠠᠢᠬᠤ ᠬᠡᠷᠡᠭ᠌ᠲᠡᠢ ᠬᠡᠵᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号