(2021 ᠣᠨ᠎ᠤ 6 ᠰᠠᠷ᠎ᠠ᠎ᠶ᠋ᠢᠨ 26 ᠤ ᠡᠳᠦᠷ)
ᠬᠥᠮᠦᠨ ᠠᠮᠠ᠎ᠶ᠋ᠢᠨ ᠬᠥᠭ᠌ᠵᠢᠯᠲᠡ ᠪᠣᠯ ᠳᠤᠮᠳᠠᠳᠤ᠎ᠶ᠋ᠢᠨ ᠦᠨᠳᠦᠰᠦᠲᠡᠨ᠎ᠤ ᠬᠥᠭ᠌ᠵᠢᠯᠲᠡ᠎ᠳᠤ ᠬᠤᠯᠪᠣᠭ᠍ᠳᠠᠬᠤ ᠶᠡᠭᠡ ᠶᠠᠪᠤᠳᠠᠯ ᠮᠥᠨ᠃ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠬᠥᠮᠦᠨ ᠠᠮᠠ᠎ᠶ᠋ᠢᠨ ᠣᠷᠳᠣ ᠬᠤᠭᠤᠴᠠᠭᠠᠨ᠎ᠤ ᠲᠡᠩᠴᠡᠭᠦᠷᠢᠲᠡᠶ ᠬᠥᠭ᠌ᠵᠢᠯᠲᠡ᠎ᠶ᠋ᠢ ᠠᠬᠢᠭᠤᠯᠬᠤ᠎ᠶ᠋ᠢᠨ ᠲᠥᠯᠥᠭᠡ᠂ ᠦᠷᠡᠵᠢᠯ᠎ᠤᠨ ᠲᠥᠷᠥ᠎ᠶ᠋ᠢᠨ ᠪᠣᠳᠣᠯᠭ᠎ᠠ᠎ᠶ᠋ᠢ ᠱᠢᠯᠢᠳᠡᠭ᠌ᠵᠢᠭᠦᠯᠬᠦ᠂ ᠨᠢᠬᠡ ᠬᠤᠤᠰ ᠡᠷ᠎ᠡ ᠡᠮ᠎ᠡ ᠭᠤᠷᠪᠠᠨ ᠬᠡᠦᠬᠡᠳ ᠠᠪᠴᠤ᠌ ᠪᠣᠯᠬᠤ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠬᠦ᠌᠎ᠶ᠋ᠢᠨ ᠬᠠᠮᠲᠤ ᠨᠡᠢᠭᠡᠮ᠎ᠤᠨ ᠠᠰᠠᠷᠠᠨ ᠲᠡᠵᠢᠭᠡᠬᠦ᠌ ᠵᠠᠷᠤᠳᠠᠯ ᠵᠡᠷᠭᠡ ᠬᠢᠵᠠᠭᠠᠷᠯᠠᠬᠤ ᠠᠷᠭ᠎ᠠ ᠬᠡᠮᠵᠢᠶ᠎ᠡ᠎ᠶ᠋ᠢ ᠬᠦᠴᠦᠨ ᠥᠬᠡᠶ ᠪᠣᠯᠭᠠᠵᠤ᠂ ᠬᠤᠯᠪᠣᠭ᠍ᠳᠠᠯ ᠪᠥᠬᠦᠶ ᠲᠣᠷᠭᠠᠭᠤᠯᠢ᠎ᠶ᠋ᠢᠨ ᠲᠣᠭ᠍ᠲᠠᠭᠠᠯ᠎ᠢ ᠠᠷᠢᠯᠭᠠᠨ ᠬᠦᠴᠦᠨ ᠥᠬᠡᠶ ᠪᠣᠯᠭᠠᠵᠤ᠂ ᠢᠳᠡᠪᠬᠢᠲᠡᠶ ᠦᠷᠡᠵᠢᠯ᠎ᠢ ᠳᠡᠮᠵᠢᠬᠦ᠌ ᠠᠷᠭ᠎ᠠ ᠬᠡᠮᠵᠢᠶ᠎ᠡ (ᠳᠣᠷᠣᠭ᠍ᠰᠢ ᠭᠤᠷᠪᠠᠨ ᠬᠡᠦᠬᠡᠳ ᠠᠪᠴᠤ᠌ ᠪᠣᠯᠬᠤ ᠲᠥᠷᠥ᠎ᠶ᠋ᠢᠨ ᠪᠣᠳᠣᠯᠭ᠎ᠠ ᠵᠢᠴᠢ ᠢᠵᠢ ᠪᠦᠷᠢᠳᠦᠭ᠌ᠰᠡᠨ ᠳᠡᠮᠵᠢᠯᠭᠡ᠎ᠶ᠋ᠢᠨ ᠠᠷᠭ᠎ᠠ ᠬᠡᠮᠵᠢᠶ᠎ᠡ ᠭᠡᠵᠦ᠍ ᠳᠦᠬᠦᠮᠴᠢᠯᠡᠨ᠎ᠡ) ᠶ᠋ᠢ ᠢᠵᠢ ᠪᠦᠷᠢᠳᠦᠭᠦᠯᠦᠨ ᠬᠡᠷᠡᠭ᠌ᠵᠢᠭᠦᠯᠬᠦ᠌ ᠲᠤᠬᠠᠢ ᠳᠤᠤᠷᠠᠬᠢ ᠮᠡᠲᠦ ᠲᠣᠭ᠍ᠲᠠᠭᠠᠯ ᠭᠠᠷᠭᠠᠪᠠ᠃
ᠨᠢᠭᠡ᠂ ᠦᠷᠡᠵᠢᠯ᠎ᠤᠨ ᠲᠥᠷᠥ᠎ᠶ᠋ᠢᠨ ᠪᠣᠳᠣᠯᠭ᠎ᠠ᠎ᠶ᠋ᠢ ᠱᠢᠯᠢᠳᠡᠭ᠌ᠵᠢᠭᠦᠯᠬᠦ᠂ ᠬᠥᠮᠦᠨ ᠠᠮᠠ᠎ᠶ᠋ᠢᠨ ᠤᠷᠲᠤ ᠬᠤᠭᠤᠴᠠᠭᠠᠨ᠎ᠤ ᠲᠡᠩᠴᠡᠭᠦᠷᠢᠲᠡᠶ ᠬᠥᠭ᠌ᠵᠢᠯᠳᠡ᠎ᠶ᠋ᠢ ᠠᠬᠢᠭᠤᠯᠬᠤ᠎ᠶ᠋ᠢᠨ ᠴᠢᠬᠤᠯᠠ ᠶᠡᠭᠡ ᠠᠴᠢ ᠬᠤᠯᠪᠣᠭ᠍ᠳᠠᠯ᠎ᠢ ᠭᠦᠢᠴᠡᠳ ᠲᠠᠨᠢᠬᠤ ᠭᠡᠷᠡᠭ᠌ᠲᠡᠢ
ᠨᠠᠮ ᠪᠠ ᠤᠯᠤᠰ᠎ᠠᠴᠠ ᠬᠥᠮᠦᠨ ᠠᠮᠠ ᠬᠢᠭᠡᠳ ᠬᠥᠭ᠌ᠵᠢᠯᠲᠡ᠎ᠶ᠋ᠢᠨ ᠶᠡᠷᠦᠩᠬᠡᠢᠯᠡᠭ᠌ᠰᠡᠨ ᠱᠢᠢᠳᠪᠦᠷᠢᠲᠦ ᠪᠣᠳᠣᠯᠭ᠎ᠠ᠎ᠶ᠋ᠢ ᠢᠮᠠᠭ᠍ᠲᠠ ᠪᠠᠷᠢᠮᠲᠠᠯᠠᠵᠤ᠂ ᠬᠥᠮᠦᠨ ᠠᠮᠠ᠎ᠶ᠋ᠢᠨ ᠬᠥᠭ᠌ᠵᠢᠯᠲᠡ᠎ᠶ᠋ᠢᠨ ᠵᠢᠮ᠎ᠡ ᠶᠣᠰᠣ᠎ᠶ᠋ᠢ ᠱᠢᠨᠵᠢᠯᠡᠬᠦ᠌ ᠤᠬᠠᠭᠠᠨᠴᠢ᠎ᠪᠠᠷ ᠡᠵᠡᠮᠱᠢᠵᠦ᠍᠂ ᠲᠥᠯᠥᠪᠯᠡᠭᠡ᠎ᠳᠦ ᠦᠷᠡᠵᠢᠯ᠎ᠤᠨ ᠤᠯᠤᠰ᠎ᠤᠨ ᠦᠨᠳᠦᠰᠦᠨ ᠪᠣᠳᠣᠯᠭ᠎ᠠ᠎ᠶ᠋ᠢ ᠪᠠᠷᠢᠮᠲᠠᠯᠠᠵᠤ᠂ ᠠᠵᠤ ᠠᠬᠤᠢ᠎ᠶ᠋ᠢᠨ ᠬᠥᠭ᠌ᠵᠢᠯᠲᠡ ᠪᠠ ᠨᠡᠢᠭᠡᠮ᠎ᠤᠨ ᠲᠠᠪᠱᠢᠯᠳᠠ᠎ᠶ᠋ᠢ ᠬᠦᠴᠦᠲᠡᠢ ᠠᠬᠢᠭᠤᠯᠵᠤ᠂ ᠴᠢᠨᠡᠭᠡᠯᠢᠭ ᠨᠡᠢᠭᠡᠮ᠎ᠢ ᠪᠥᠬᠦ᠌ ᠲᠠᠯ᠎ᠠ᠎ᠪᠠᠷ ᠪᠡᠶᠡᠯᠡᠬᠦᠯᠬᠦ᠌᠎ᠳᠤ ᠪᠠᠲᠤ ᠪᠠᠬᠢ ᠰᠠᠭᠤᠷᠢ᠎ᠶ᠋ᠢ ᠲᠠᠯᠪᠢᠭ᠍ᠰᠠᠨ ᠪᠠᠢᠨ᠎ᠠ᠃ ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠰᠢ᠂ ᠨᠠᠮ᠎ᠤᠨ ᠲᠥᠪ ᠬᠤᠷᠢᠶ᠎ᠠ ᠬᠥᠮᠦᠨ ᠠᠮᠠ᠎ᠶ᠋ᠢᠨ ᠠᠰᠠᠭᠤᠳᠠᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠮᠠᠨ᠎ᠤ ᠤᠯᠤᠰ᠎ᠤᠨ ᠬᠥᠮᠦᠨ ᠠᠮᠠ᠎ᠶ᠋ᠢᠨ ᠬᠥᠭ᠌ᠵᠢᠯᠲᠡ ᠬᠤᠪᠢᠷᠠᠯᠲᠠ᠎ᠶ᠋ᠢᠨ ᠪᠠᠢᠳᠠᠯ᠎ᠢ ᠦᠨᠳᠦᠰᠦᠯᠡᠨ᠂ ᠦᠷᠡᠵᠢᠯ᠎ᠤᠨ ᠲᠦᠷᠦ᠎ᠶ᠋ᠢᠨ ᠪᠤᠳᠤᠯᠭ᠎ᠠ᠎ᠶ᠋ᠢ ᠠᠯᠬᠤᠮ ᠠᠯᠬᠤᠮ᠎ᠢᠶᠠᠷ ᠲᠤᠬᠢᠷᠠᠭᠤᠯᠤᠨ ᠲᠡᠭᠦᠯᠳᠡᠷᠵᠢᠭᠦᠯᠬᠦ᠂ ᠬᠥᠮᠦᠨ ᠠᠮᠠ᠎ᠶ᠋ᠢᠨ ᠤᠷᠳᠤ ᠬᠤᠭᠤᠴᠠᠭᠠᠨ᠎ᠤ ᠲᠡᠩᠴᠡᠭᠦᠷᠢᠲᠡᠢ ᠬᠥᠭ᠌ᠵᠢᠯᠳᠡ᠎ᠶ᠋ᠢ ᠠᠬᠢᠭᠤᠯᠬᠤ ᠴᠢᠬᠤᠯᠠ ᠶᠡᠭᠡ ᠱᠢᠢᠳᠪᠦᠷᠢᠲᠦ ᠪᠤᠳᠤᠯᠭ᠎ᠠ ᠭᠠᠷᠭᠠᠵᠤ᠂ ᠡᠯ᠎ᠡ ᠵᠦᠢᠯ᠎ᠤᠨ ᠠᠵᠢᠯ ᠢᠯᠡᠳᠲᠡ ᠦᠷ᠎ᠡ ᠪᠦᠲᠦᠮᠵᠢ ᠤᠯᠪᠠ᠃ ᠣᠳᠣᠬᠠᠨ᠎ᠳᠤ᠂ ᠬᠥᠮᠦᠨ ᠠᠮᠠ᠎ᠶ᠋ᠢᠨ ᠪᠠᠢᠳᠠᠯ᠎ᠤᠨ ᠱᠢᠨ᠎ᠡ ᠬᠤᠪᠢᠷᠠᠯᠲᠠ ᠪᠠ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠱᠢᠨ᠎ᠡ ᠱᠠᠭᠠᠷᠳᠠᠯᠭ᠎ᠠ᠎ᠳᠤ ᠤᠯᠠᠮ ᠨᠢᠭᠡ ᠠᠯᠬᠤᠮ ᠵᠣᠬᠢᠴᠠᠭᠤᠯᠬᠤ᠎ᠳᠤ᠂ ᠭᠤᠷᠪᠠᠨ ᠬᠡᠦᠬᠡᠳ ᠠᠪᠴᠦ᠍ ᠪᠤᠯᠬᠤ ᠲᠥᠷᠥ᠎ᠶ᠋ᠢᠨ ᠪᠣᠳᠣᠯᠭ᠎ᠠ ᠵᠢᠴᠢ ᠢᠵᠢ ᠪᠥᠷᠢᠳᠦᠭ᠌ᠰᠡᠨ ᠳᠡᠮᠵᠢᠬᠦ᠌ ᠠᠷᠭ᠎ᠠ ᠬᠡᠮᠵᠢᠶ᠎ᠡ᠎ᠶ᠋ᠢ ᠬᠡᠷᠡᠭ᠌ᠵᠢᠭᠦᠯᠬᠦ᠌᠎ᠨᠢ ᠴᠢᠬᠤᠯᠠ ᠶᠡᠭᠡ ᠠᠴᠢ ᠬᠤᠯᠪᠣᠭ᠍ᠳᠠᠯ᠎ᠲᠠᠢ ᠶᠤᠮ᠃
(ᠨᠢᠭᠡ) ᠬᠥᠮᠦᠨ ᠠᠮᠠ᠎ᠶ᠋ᠢᠨ ᠪᠦᠲᠦᠴᠡ᠎ᠶ᠋ᠢ ᠱᠢᠯᠢᠳᠡᠭ᠌ᠵᠢᠬᠦᠯᠵᠥ᠍᠂ ᠬᠥᠮᠦᠨ ᠠᠮᠠ᠎ᠶ᠋ᠢᠨ ᠨᠠᠰᠤᠵᠢᠯ᠎ᠢ ᠢᠳᠡᠪᠬᠢᠲᠡᠢ ᠠᠷᠭᠠᠴᠠᠭᠠᠬᠤ ᠤᠯᠤᠰ᠎ᠤᠨ ᠪᠠᠢᠯᠳᠤᠬᠤ ᠪᠤᠳᠤᠯᠭ᠎ᠠ᠎ᠶ᠋ᠢ ᠨᠠᠢᠳᠠᠪᠤᠷᠢᠵᠢᠭᠤᠯᠬᠤ᠎ᠳᠤ ᠠᠱᠢᠭ᠍ᠲᠠᠢ᠃ ᠨᠠᠰᠤᠵᠢᠯ ᠪᠣᠯ ᠪᠦᠬᠦ᠌ ᠪᠥᠮᠪᠥᠷᠴᠡᠭ᠎ᠤᠨ ᠴᠢᠨᠠᠷᠲᠠᠢ ᠬᠥᠮᠦᠨ ᠠᠮᠠ᠎ᠶ᠋ᠢᠨ ᠬᠥᠭ᠌ᠵᠢᠯᠲᠡ᠎ᠶ᠋ᠢᠨ ᠶᠡᠭᠡ ᠬᠠᠨᠳᠤᠰᠢ ᠮᠥᠨ᠂ ᠪᠠᠰᠠ ᠴᠤ᠌ ᠮᠠᠨ᠎ᠤ ᠤᠯᠤᠰ᠎ᠤᠨ ᠬᠥᠭ᠌ᠵᠢᠯᠲᠡ᠎ᠳᠤ ᠲᠤᠯᠭᠠᠷᠠᠵᠤ ᠪᠠᠢᠭ᠎ᠠ ᠴᠢᠬᠤᠯᠠ ᠶᠡᠭᠡ ᠱᠢᠯᠭᠠᠯᠲᠠ ᠮᠥᠨ᠃ ᠵᠢᠱ᠌ᠢᠯᠲᠡ᠎ᠪᠠᠷ 《ᠠᠷᠪᠠᠨ ᠳᠥᠷᠪᠡᠳᠦᠭᠡᠷ ᠲᠠᠪᠤᠨ ᠵᠢᠯ》 ᠤᠨ ᠬᠤᠭᠤᠴᠠᠭᠠᠨ᠎ᠳᠤ ᠮᠠᠨ᠎ᠤ ᠤᠯᠤᠰ᠎ᠤᠨ ᠬᠥᠮᠦᠨ ᠠᠮᠠ ᠳᠤᠮᠳᠠ ᠭᠡᠮᠵᠢᠶᠡᠨ᠎ᠤ ᠨᠠᠰᠤᠵᠢᠯ᠎ᠤᠨ ᠱᠠᠲᠤᠨ᠎ᠳᠤ ᠣᠷᠣᠵᠤ᠂ 2035 ᠣᠨ᠎ᠤ ᠤᠷᠢᠳ ᠬᠤᠵᠢᠳ᠎ᠢᠶᠠᠷ ᠬᠦᠨᠳᠦ ᠭᠡᠮᠵᠢᠶᠡᠨ᠎ᠤ ᠨᠠᠰᠤᠵᠢᠯ᠎ᠤᠨ ᠱᠠᠲᠤᠨ᠎ᠳᠤ ᠣᠷᠣᠵᠤ᠂ ᠠᠵᠤ ᠠᠬᠤᠶ᠎ᠶ᠋ᠢᠨ ᠡᠷᠭᠢᠯᠲᠡ᠎ᠶ᠋ᠢᠨ ᠪᠥᠬᠦ᠌ ᠬᠦᠷᠢᠶ᠎ᠡ᠂ ᠨᠡᠢᠭᠡᠮ᠎ᠤᠨ ᠪᠠᠢᠭᠤᠯᠤᠯᠲᠠ᠎ᠶ᠋ᠢᠨ ᠡᠯ᠎ᠡ ᠭᠤᠭ᠍ᠴᠤᠭ᠎ᠠ᠂ ᠨᠡᠢᠭᠡᠮ ᠰᠣᠶᠣᠯ᠎ᠤᠨ ᠣᠯᠠᠨ ᠲᠠᠯ᠎ᠠ᠎ᠳᠤ ᠠᠯᠤᠰ ᠬᠡᠲᠦ᠎ᠶ᠋ᠢᠨ ᠨᠥᠯᠥᠭᠡ ᠦᠵᠡᠭᠦᠯᠬᠦ᠌ ᠪᠣᠯᠤᠨ᠎ᠠ᠃ ᠭᠤᠷᠪᠠᠨ ᠬᠡᠦᠬᠡᠳ ᠠᠪᠴᠤ᠌ ᠪᠣᠯᠬᠤ ᠲᠥᠷᠥ᠎ᠶ᠋ᠢᠨ ᠪᠣᠳᠣᠯᠭ᠎ᠠ ᠵᠢᠴᠢ ᠢᠵᠢ ᠪᠦᠷᠢᠳᠦᠭ᠌ᠰᠡᠨ ᠳᠡᠮᠵᠢᠯᠭᠡ᠎ᠶ᠋ᠢᠨ ᠠᠷᠭ᠎ᠠ ᠬᠡᠮᠵᠢᠶ᠎ᠡ᠎ᠶ᠋ᠢ ᠬᠡᠷᠡᠭ᠌ᠵᠢᠭᠦᠯᠬᠦ᠌᠎ᠨᠢ ᠦᠷᠡᠵᠢᠯ᠎ᠤᠨ ᠳᠠᠯᠳᠠ ᠬᠦᠴᠦᠨ᠎ᠢ ᠪᠠᠳᠠᠷᠠᠭᠤᠯᠬᠤ᠂ ᠬᠥᠮᠦᠨ ᠠᠮᠠ᠎ᠶ᠋ᠢᠨ ᠨᠠᠰᠤᠵᠢᠯ᠎ᠤᠨ ᠠᠬᠢᠴᠠ᠎ᠶ᠋ᠢ ᠤᠳᠠᠭᠠᠱᠢᠷᠠᠭᠤᠯᠬᠤ᠂ ᠦᠶ᠎ᠡ᠎ᠶ᠋ᠢᠨ ᠬᠤᠭᠤᠷᠣᠨᠳᠣᠬᠢ ᠡᠶ᠎ᠡ ᠵᠣᠬᠢᠴᠠᠯ᠎ᠢ ᠠᠬᠢᠭᠤᠯᠬᠤ᠂ ᠨᠡᠢᠭᠡᠮ᠎ᠤᠨ ᠪᠦᠬᠦᠯᠢ ᠴᠣᠭ᠍ᠴᠠ᠎ᠶ᠋ᠢᠨ ᠠᠮᠢᠵᠢᠷᠠᠯ᠎ᠤᠨ ᠬᠦᠴᠦᠨ᠎ᠢ ᠨᠡᠮᠡᠭ᠌ᠳᠡᠭᠦᠯᠬᠦ᠌᠎ᠳᠤ ᠠᠱᠢᠭ᠍ᠲᠠᠶ ᠶᠤᠮ᠃
(ᠬᠤᠶᠠᠷ) ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠲᠥᠷᠥᠯᠬᠢ ᠳᠠᠪᠠᠭᠤᠯᠢᠭ᠎ᠢ ᠪᠠᠲᠤᠯᠠᠵᠤ᠂ ᠳᠡᠯᠡᠬᠡᠢ᠎ᠶ᠋ᠢᠨ ᠵᠠᠭᠤᠨ ᠵᠢᠯ᠎ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ᠎ᠶ᠋ᠢ ᠠᠷᠭᠠᠴᠠᠭᠠᠬᠤ᠎ᠳᠤ ᠠᠱᠢᠭ᠍ᠲᠠᠢ᠃ ᠬᠥᠮᠦᠨ ᠠᠮᠠ ᠪᠣᠯ ᠨᠡᠢᠭᠡᠮ᠎ᠤᠨ ᠬᠥᠭ᠌ᠵᠢᠯᠲᠡ᠎ᠶ᠋ᠢᠨ ᠭᠤᠤᠯ ᠴᠣᠭ᠍ᠴᠠ ᠮᠥᠨ᠂ ᠪᠠᠰᠠ ᠴᠤ᠌ ᠠᠵᠤ ᠠᠬᠤᠢ᠎ᠶ᠋ᠢᠨ ᠦᠷᠭᠦᠯᠵᠢᠯᠡᠬᠦ᠌ ᠬᠥᠭ᠌ᠵᠢᠯᠲᠡ᠎ᠶ᠋ᠢ ᠨᠥᠯᠥᠭᠡᠯᠡᠬᠦ᠌ ᠵᠠᠩᠭᠢᠯᠠᠭ᠎ᠠ᠎ᠶ᠋ᠢᠨ ᠬᠤᠪᠢᠰᠤᠭ᠍ᠴᠢ ᠬᠡᠮᠵᠢᠭ᠌ᠳᠡᠬᠦᠨ ᠮᠥᠨ᠃ ᠭᠤᠷᠪᠠᠨ ᠬᠡᠦᠬᠡᠳ ᠠᠪᠴᠤ᠌ ᠪᠣᠯᠬᠤ ᠲᠥᠷᠥ᠎ᠶ᠋ᠢᠨ ᠪᠣᠳᠣᠯᠭ᠎ᠠ ᠵᠢᠴᠢ ᠢᠵᠢ ᠪᠥᠷᠢᠳᠦᠭ᠌ᠰᠡᠨ ᠳᠡᠮᠵᠢᠯᠭᠡ᠎ᠶ᠋ᠢᠨ ᠠᠷᠭ᠎ᠠ ᠬᠡᠮᠵᠢᠶ᠎ᠡ᠎ᠶ᠋ᠢ ᠬᠡᠷᠡᠭ᠌ᠵᠢᠭᠦᠯᠬᠦ᠌᠎ᠨᠢ ᠢᠷᠡᠭᠡᠳᠦᠶ᠎ᠳᠤ ᠲᠤᠬᠢᠷᠠᠮᠵᠢᠳᠠᠢ ᠬᠥᠮᠦᠨ ᠠᠮᠠ᠎ᠶ᠋ᠢᠨ ᠶᠡᠷᠦᠩᠬᠡᠶ ᠬᠡᠮᠵᠢᠶ᠎ᠡ ᠪᠠ ᠬᠥᠳᠡᠯᠮᠦᠷᠢ ᠬᠦᠴᠦᠨ᠎ᠤ ᠬᠡᠪᠴᠢᠶᠠᠵᠢᠯᠢ ᠪᠠᠲᠤᠯᠠᠵᠤ᠂ ᠬᠥᠮᠦᠨ ᠠᠮᠠ᠎ᠶ᠋ᠢᠨ ᠡᠯᠧᠮᠧᠨ᠋ᠲ᠎ᠤᠨ ᠰᠠᠭᠤᠷᠢ ᠴᠢᠨᠠᠷᠲᠠᠶ᠂ ᠪᠥᠬᠦ᠌ ᠲᠠᠯ᠎ᠠ᠎ᠶ᠋ᠢᠨ ᠴᠢᠨᠠᠷᠲᠠᠶ᠂ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠦᠢᠯᠡᠳᠣᠯ᠎ᠢ ᠨᠠᠩ ᠰᠠᠢᠲᠤᠷ ᠪᠠᠳᠠᠷᠠᠭᠤᠯᠵᠤ᠂ ᠴᠢᠨᠠᠷ ᠰᠠᠢᠲᠠᠶ ᠬᠥᠭ᠌ᠵᠢᠯᠲᠡ᠎ᠳᠤ ᠪᠦᠲᠦᠮᠵᠢᠲᠡᠶ ᠬᠦᠮᠦᠨ᠎ᠤ ᠬᠦᠴᠦᠨ᠎ᠤ ᠬᠦᠷᠦᠩᠭᠡ᠎ᠶ᠋ᠢᠨ ᠲᠤᠯᠭᠠᠭᠤᠷᠢᠯᠠᠯ ᠪᠠ ᠳᠣᠲᠣᠭᠠᠳᠤ ᠬᠡᠷᠡᠭ᠌ᠴᠡᠭᠡ᠎ᠶ᠋ᠢᠨ ᠲᠤᠯᠭᠠᠭᠤᠷᠢᠯᠠᠯ ᠬᠠᠩᠭᠠᠬᠤ᠎ᠳᠤ ᠠᠱᠢᠭ᠍ᠲᠠᠶ ᠶᠤᠮ᠃
(ᠭᠤᠷᠪᠠ) ᠦᠷᠡᠵᠢᠯ᠎ᠤᠨ ᠶᠡᠷᠦᠩᠭᠡᠢ ᠨᠣᠷᠮ᠎ᠠ ᠳᠣᠷᠣᠭ᠍ᠰᠢᠯᠠᠬᠤ ᠬᠠᠨᠳᠤᠰᠢ᠎ᠶ᠋ᠢ ᠨᠠᠮᠳᠠᠭᠤᠯᠵᠤ᠂ ᠲᠤᠬᠢᠷᠠᠮᠵᠢᠳᠠᠢ ᠦᠷᠡᠵᠢᠯ᠎ᠤᠨ ᠲᠦᠪᠱᠢᠨ᠎ᠢ ᠪᠡᠶᠡᠯᠡᠭᠦᠯᠬᠦ᠌᠎ᠶ᠋ᠢ ᠠᠬᠢᠭᠤᠯᠬᠤ᠎ᠳᠤ ᠠᠱᠢᠭ᠍ᠲᠠᠢ᠃ ᠣᠯᠠᠨ ᠲᠦᠮᠡᠨ᠎ᠤ ᠦᠷᠡᠵᠢᠯ᠎ᠤᠨ ᠦᠵᠡᠯᠲᠡ᠎ᠨᠢ ᠨᠢᠭᠡᠨᠲᠡ ᠶᠡᠷᠦᠩᠬᠡᠶ᠎ᠳᠡᠭᠡᠨ ᠴᠥᠭᠡᠨ ᠲᠥᠷᠥᠵᠦ᠍ ᠱᠢᠯᠢᠳᠡᠭ ᠥᠰᠭᠡᠬᠦ᠌ ᠳᠡᠢᠰᠢ ᠱᠢᠯᠵᠢᠵᠥ᠍᠂ ᠠᠵᠤ ᠠᠬᠤᠶ᠎ᠶ᠋ᠢᠨ ᠳᠠᠷᠤᠭᠠᠰᠤ᠂ ᠦᠷ᠎ᠡ ᠬᠡᠦᠬᠡᠳ᠎ᠢᠶᠠᠨ ᠬᠠᠷᠠᠭᠠᠯᠵᠠᠬᠤ᠂ ᠡᠮᠡᠭ᠌ᠲᠡᠢᠴᠦᠳ᠎ᠤᠨ ᠠᠵᠢᠯ ᠮᠡᠷᠭᠡᠵᠢᠯ᠎ᠤᠨ ᠬᠥᠭ᠌ᠵᠢᠯᠲᠡ᠎ᠶ᠋ᠢᠨ ᠲᠤᠬᠠᠶ ᠰᠠᠨᠠᠭᠠᠱᠢᠷᠠᠯ ᠵᠡᠷᠭᠡ᠎ᠨᠢ ᠦᠷᠡᠵᠢᠯ᠎ᠢ ᠬᠢᠵᠠᠭᠠᠷᠯᠠᠬᠤ ᠭᠤᠣᠯ ᠬᠦᠴᠦᠨ ᠵᠦᠢᠯ ᠪᠣᠯᠤᠭ᠍ᠰᠠᠨ ᠪᠠᠢᠨ᠎ᠠ᠃ ᠭᠤᠷᠪᠠᠨ ᠬᠡᠦᠬᠡᠳ ᠠᠪᠴᠤ᠌ ᠪᠣᠯᠬᠤ ᠲᠥᠷᠥ᠎ᠶ᠋ᠢᠨ ᠪᠣᠳᠣᠯᠭ᠎ᠠ ᠵᠢᠴᠢ ᠢᠵᠢ ᠪᠦᠷᠢᠳᠦᠭ᠌ᠰᠡᠨ ᠳᠡᠮᠵᠢᠯᠬᠡ᠎ᠶ᠋ᠢᠨ ᠠᠷᠭ᠎ᠠ ᠬᠡᠮᠵᠢᠶ᠎ᠡ᠎ᠶ᠋ᠢ ᠬᠡᠷᠡᠭ᠌ᠵᠢᠭᠦᠯᠬᠦ᠌᠎ᠨᠢ ᠦᠷᠡᠵᠢᠯ᠎ᠤᠨ ᠲᠥᠷᠥ᠎ᠶ᠋ᠢᠨ ᠪᠣᠳᠣᠯᠭ᠎ᠠ᠎ᠶ᠋ᠢ ᠠᠵᠤ ᠠᠬᠤᠶ ᠨᠡᠢᠭᠡᠮ᠎ᠤᠨ ᠬᠠᠮᠢᠶ᠎ᠠ ᠪᠦᠬᠦᠢ ᠲᠥᠷᠥ᠎ᠶ᠋ᠢᠨ ᠪᠣᠳᠣᠯᠭ᠎ᠠ᠎ᠯᠤᠭ᠎ᠠ ᠠᠳᠠᠯᠢ ᠴᠢᠭ᠌ᠯᠡᠯ᠎ᠢᠶᠠᠷ ᠬᠦᠴᠦᠯᠡᠬᠦ᠌᠎ᠶ᠋ᠢ ᠠᠬᠢᠭᠤᠯᠵᠤ᠂ ᠨᠡᠩ ᠣᠯᠠᠨ ᠭᠡᠷ ᠪᠦᠯᠢ᠎ᠶ᠋ᠢᠨ ᠦᠷᠡᠵᠢᠯ᠎ᠤᠨ ᠬᠦᠰᠡᠯ ᠰᠠᠨᠠᠭ᠎ᠠ᠎ᠶ᠋ᠢ ᠬᠠᠩᠭᠠᠬᠤ᠎ᠳᠤ ᠠᠱᠢᠭ᠍ᠲᠠᠶ᠂ ᠦᠷᠡᠵᠢᠯ᠎ᠤᠨ ᠲᠦᠪᠱᠢᠨ᠎ᠢ ᠳᠡᠭᠡᠭ᠌ᠰᠢᠯᠡᠭᠦᠯᠬᠦ᠌᠎ᠳᠤ ᠠᠱᠢᠭ᠍ᠲᠠᠶ ᠶᠤᠮ᠃
(ᠲᠦᠷᠪᠡ) ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠬᠦᠯᠦᠭ᠌ᠰᠡᠨ ᠦᠷ᠎ᠡ ᠪᠦᠲᠦᠭᠡᠯ᠎ᠢ ᠪᠠᠬᠢᠵᠢᠭᠦᠯᠵᠦ᠍᠂ ᠬᠥᠮᠦᠨ ᠬᠢᠭᠡᠳ ᠪᠠᠢᠭᠠᠯᠢ᠎ᠶ᠋ᠢᠨ ᠡᠶ᠎ᠡ ᠵᠣᠬᠢᠴᠠᠩᠭᠤᠢ᠎ᠪᠠᠷ ᠬᠠᠮᠲᠤ ᠣᠷᠣᠱᠢᠬᠤ᠎ᠶ᠋ᠢ ᠠᠬᠢᠭᠤᠯᠬᠤ᠎ᠳᠤ ᠠᠱᠢᠭ᠍ᠲᠠᠢ᠃ ᠬᠤᠢᠱᠢᠳᠠ᠎ᠶ᠋ᠢᠨ ᠭᠡᠰᠡᠭ ᠬᠤᠭᠤᠴᠠᠭᠠᠨ᠎ᠳᠤ᠂ ᠮᠠᠨ᠎ᠤ ᠤᠯᠤᠰ᠎ᠤᠨ ᠬᠥᠮᠦᠨ ᠠᠮᠠ ᠤᠯᠠᠨ ᠪᠠᠢᠬᠤ ᠤᠯᠤᠰ᠎ᠤᠨ ᠦᠨᠳᠦᠰᠦᠨ ᠪᠠᠢᠳᠠᠯ ᠬᠤᠪᠢᠷᠠᠬᠤ ᠦᠭᠡᠢ᠂ ᠬᠥᠮᠦᠨ ᠠᠮᠠ ᠬᠢᠭᠡᠳ ᠡᠬᠢ ᠪᠠᠶᠠᠯᠢᠭ ᠣᠷᠴᠢᠨ ᠲᠤᠭᠤᠷᠢᠨ᠎ᠤ ᠳᠠᠭᠠᠭᠠᠴᠠ ᠮᠥᠨ ᠯᠡ ᠪᠠᠴᠢᠮ ᠲᠡᠩᠴᠡᠭᠦᠷᠢᠲᠡᠢ ᠪᠠᠢᠳᠠᠯ᠎ᠳᠤ ᠣᠷᠣᠱᠢᠵᠤ᠂ ᠶᠠᠳᠠᠭᠤ᠎ᠠᠴᠠ ᠠᠩᠭᠢᠵᠢᠷᠠᠭ᠍ᠰᠠᠨ ᠭᠠᠵᠠᠷ ᠣᠷᠣᠨ ᠵᠢᠴᠢ ᠵᠠᠷᠢᠮ ᠠᠮᠢ ᠠᠬᠤᠢ ᠬᠡᠪᠡᠷᠡᠭ᠂ ᠡᠬᠢ ᠪᠠᠶᠠᠯᠢᠭ ᠳᠤᠲᠠᠮᠠᠭ ᠭᠠᠵᠠᠷ ᠣᠷᠣᠨ᠎ᠤ ᠬᠥᠮᠦᠨ ᠠᠮᠠ ᠬᠢᠭᠡᠳ ᠬᠥᠭ᠌ᠵᠢᠯᠲᠡ᠎ᠶ᠋ᠢᠨ ᠵᠥᠷᠢᠴᠡᠯ ᠮᠥᠨ ᠯᠡ ᠨᠡᠯᠢᠶᠡᠳ ᠲᠤᠪᠤᠢᠮ᠎ᠠ ᠪᠠᠢᠬᠤ ᠪᠣᠯᠤᠨ᠎ᠠ᠃ ᠭᠤᠷᠪᠠᠨ ᠬᠡᠦᠬᠡᠳ ᠠᠪᠴᠤ᠌ ᠪᠤᠯᠬᠤ ᠳᠦᠷᠦ᠎ᠶ᠋ᠢᠨ ᠪᠤᠳᠤᠯᠭ᠎ᠠ ᠵᠢᠴᠢ ᠢᠵᠢ ᠪᠦᠷᠢᠳᠦᠭ᠌ᠰᠡᠨ ᠳᠡᠮᠵᠢᠯᠭᠡ᠎ᠶ᠋ᠢᠨ ᠠᠷᠭ᠎ᠠ ᠬᠡᠮᠵᠢᠶ᠎ᠡ᠎ᠶ᠋ᠢ ᠬᠡᠷᠡᠭ᠌ᠵᠢᠭᠦᠯᠬᠦ᠌᠎ᠨᠢ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠱᠢᠪᠳᠤᠯᠤᠬ᠍ᠰᠠᠨ ᠪᠠ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠬᠦᠯᠦᠭ᠌ᠰᠡᠨ ᠦᠷ᠎ᠡ ᠪᠦᠲᠦᠭᠡᠯ᠎ᠢ ᠤᠯᠠᠮ ᠨᠢᠭᠡ ᠠᠯᠬᠤᠮ ᠪᠠᠬᠢᠵᠢᠭᠦᠯᠵᠦ᠍᠂ ᠬᠥᠮᠦᠨ ᠠᠮᠠ᠎ᠶ᠋ᠢᠨ ᠣᠷᠣᠨ ᠪᠦᠰᠡ᠎ᠶ᠋ᠢᠨ ᠵᠦᠢ ᠵᠣᠬᠢᠰᠲᠠᠢ ᠲᠠᠷᠬᠠᠯᠲᠠ᠎ᠶ᠋ᠢ ᠬᠦᠳᠦᠯᠦᠨ ᠵᠢᠯᠣᠭᠤᠳᠴᠤ᠌᠂ ᠬᠥᠮᠦᠨ ᠠᠮᠠ ᠬᠢᠭᠡᠳ ᠠᠵᠤ ᠠᠬᠤᠢ᠂ ᠨᠡᠢᠭᠡᠮ᠂ ᠡᠬᠢ ᠪᠠᠶᠠᠯᠢᠭ᠂ ᠣᠷᠴᠢᠨ ᠲᠤᠭᠤᠷᠢᠨ᠎ᠤ ᠵᠣᠬᠢᠴᠠᠩᠭᠤᠢ ᠪᠥᠭᠡᠳ ᠦᠷᠭᠦᠯᠵᠢᠯᠡᠬᠦ᠌ ᠬᠥᠭ᠌ᠵᠢᠯᠲᠡ᠎ᠶ᠋ᠢ ᠠᠬᠢᠭᠤᠯᠬᠤ᠎ᠳᠤ ᠠᠱᠢᠭ᠍ᠲᠠᠢ ᠶᠤᠮ᠃
ᠬᠤᠶᠠᠷ᠂ ᠵᠢᠯᠣᠭᠤᠳᠭᠤ ᠦᠵᠡᠯ ᠰᠠᠨᠠᠭ᠎ᠠ᠂ ᠭᠤᠣᠯ ᠵᠠᠷᠴᠢᠮ ᠪᠣᠯᠤᠨ ᠬᠠᠷᠠᠯᠲᠠ
(ᠲᠠᠪᠤ) ᠵᠢᠯᠣᠭᠤᠳᠭᠤ ᠦᠵᠡᠯ ᠰᠠᠨᠠᠭ᠎ᠠ᠃ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠬᠤ᠎ᠶ᠋ᠢ ᠪᠠᠷᠢᠮᠳᠠᠯᠠᠵᠥ᠍᠂ ᠱᠢᠨ᠎ᠡ ᠬᠥᠭ᠌ᠵᠢᠯᠲᠡ᠎ᠶ᠋ᠢᠨ ᠱᠠᠲᠤᠨ᠎ᠳᠤ ᠰᠠᠭᠤᠷᠢᠯᠠᠵᠥ᠍᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠲᠤᠭᠤᠱᠢᠯᠠᠭᠤᠯᠤᠨ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠵᠥ᠍᠂ ᠬᠥᠮᠦᠨ ᠠᠮᠠ᠎ᠶ᠋ᠢᠨ ᠨᠠᠰᠤᠵᠢᠯ᠎ᠢ ᠢᠳᠡᠪᠬᠢᠲᠡᠢ ᠠᠷᠭᠠᠴᠠᠭᠠᠬᠤ ᠤᠯᠤᠰ᠎ᠤᠨ ᠪᠠᠢᠯᠳᠤᠬᠤ ᠪᠤᠳᠤᠯᠭ᠎ᠠ᠎ᠶ᠋ᠢ ᠬᠡᠷᠡᠭ᠌ᠵᠢᠭᠦᠯᠵᠥ᠍᠂ ᠭᠤᠷᠪᠠᠨ ᠬᠡᠦᠬᠡᠳ ᠠᠪᠴᠤ᠌ ᠪᠤᠯᠬᠤ ᠲᠥᠷᠥ᠎ᠶ᠋ᠢᠨ ᠪᠣᠳᠣᠯᠭ᠎ᠠ ᠵᠢᠴᠢ ᠢᠵᠢ ᠪᠦᠷᠢᠳᠦᠭ᠌ᠰᠡᠨ ᠳᠡᠮᠵᠢᠯᠭᠡ᠎ᠶ᠋ᠢᠨ ᠠᠷᠭ᠎ᠠ ᠬᠡᠮᠵᠢᠶ᠎ᠡ᠎ᠶ᠋ᠢ ᠬᠡᠷᠡᠭ᠌ᠵᠢᠭᠦᠯᠦᠨ᠂ ᠦᠢᠯᠡᠴᠢᠯᠡᠭᠡᠨ᠎ᠤ ᠬᠠᠮᠢᠶᠠᠷᠤᠯᠲᠠ᠎ᠶ᠋ᠢᠨ ᠲᠦᠷᠢᠮ᠎ᠢ ᠥᠭᠡᠷᠡᠴᠢᠯᠡᠵᠥ᠍᠂ ᠭᠡᠷ ᠪᠦᠯᠢ᠎ᠶ᠋ᠢᠨ ᠬᠥᠭ᠌ᠵᠢᠯᠲᠡ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠦᠨ᠂ ᠲᠤᠬᠢᠷᠠᠮᠵᠢᠳᠠᠢ ᠦᠷᠡᠵᠢᠯ᠎ᠤᠨ ᠲᠦᠪᠱᠢᠨ᠎ᠢ ᠪᠡᠶᠡᠯᠡᠭᠦᠯᠬᠦ᠌᠎ᠶ᠋ᠢ ᠠᠬᠢᠭᠤᠯᠵᠥ᠍᠂ ᠬᠥᠮᠦᠨ ᠠᠮᠠ᠎ᠶ᠋ᠢᠨ ᠤᠷᠳᠤ ᠬᠤᠭᠤᠴᠠᠭᠠᠨ᠎ᠤ ᠲᠡᠩᠴᠡᠭᠦᠷᠢᠲᠡᠢ ᠬᠥᠭ᠌ᠵᠢᠯᠲᠡ᠎ᠶ᠋ᠢ ᠠᠬᠢᠭᠤᠯᠤᠨ᠂ ᠪᠠᠶᠠᠨ ᠬᠦᠴᠦᠷᠬᠡᠭ ᠠᠷᠠᠳᠴᠢᠯᠠᠭ᠍ᠰᠠᠨ ᠪᠣᠯᠪᠠᠰᠤᠨ ᠡᠶ᠎ᠡ ᠵᠣᠬᠢᠴᠠᠩᠭᠤᠢ ᠦᠵᠡᠰᠭᠦᠯᠡᠩᠲᠦ ᠰᠠᠢᠬᠠᠨ ᠨᠡᠢᠭᠡᠮ ᠵᠢᠷᠤᠮᠲᠤ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠦᠲᠦᠭᠡᠨ ᠪᠠᠢᠭᠤᠯᠬᠤ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠳᠤᠮᠳᠠᠳᠤ ᠤᠯᠤᠰ᠎ᠤᠨ ᠵᠡᠭᠦᠳᠦ᠎ᠶ᠋ᠢ ᠳᠡᠷᠭᠡᠯᠱᠢᠬᠦᠯᠬᠦ᠌ᠳᠤ ᠪᠠᠲᠤ ᠪᠠᠬᠢ ᠰᠠᠭᠤᠷᠢ ᠪᠠ ᠳᠠᠭᠠᠭᠠᠮᠠᠭᠠᠢ ᠬᠥᠳᠡᠯᠭᠡᠬᠦ᠌ ᠬᠦᠴᠦᠨ ᠬᠠᠩᠭᠠᠨ᠎ᠠ᠃
(ᠵᠢᠷᠭᠤᠭ᠎ᠠ) ᠭᠤᠣᠯ ᠵᠠᠷᠴᠢᠮ
— ᠠᠷᠠᠳ ᠲᠦᠮᠡᠨ᠎ᠢᠶᠠᠷ ᠭᠤᠤᠯ ᠪᠣᠯᠭᠠᠨ᠎ᠠ᠃ ᠠᠷᠠᠳ ᠣᠯᠠᠨ᠎ᠤ ᠬᠦᠰᠡᠯ ᠡᠷᠡᠮᠡᠯᠵᠡᠯ᠎ᠳᠤ ᠨᠡᠢᠴᠡᠭᠦᠯᠦᠨ᠂ ᠦᠷᠡᠵᠢᠯ᠎ᠤᠨ ᠲᠥᠷᠥ᠎ᠶ᠋ᠢᠨ ᠪᠣᠳᠣᠯᠭ᠎ᠠ᠎ᠶ᠋ᠢ ᠱᠢᠯᠢᠳᠡᠭ᠌ᠵᠢᠭᠦᠯᠬᠦ᠌᠎ᠶ᠋ᠢ ᠢᠳᠡᠪᠬᠢᠲᠡᠶ ᠯᠠᠪᠳᠠᠭᠤᠨ᠎ᠢᠶᠠᠷ ᠠᠬᠢᠭᠤᠯᠵᠤ᠂ ᠦᠷᠡᠵᠢᠯ᠎ᠤᠨ ᠲᠥᠷᠥ᠎ᠶ᠋ᠢᠨ ᠪᠣᠳᠣᠯᠭ᠎ᠠ᠎ᠶ᠋ᠢᠨ ᠵᠣᠬᠢᠴᠠᠩᠭᠤᠶ ᠪᠥᠭᠡᠳ ᠡᠷᠬᠡ ᠲᠡᠭ᠌ᠰᠢ ᠪᠠᠢᠬᠤ᠎ᠶ᠋ᠢ ᠠᠬᠢᠭᠤᠯᠤᠨ᠂ ᠣᠯᠠᠨ ᠲᠦᠮᠡᠨ᠎ᠤ ᠣᠯᠠᠨ ᠡᠱᠢᠵᠢᠭ᠌ᠰᠡᠨ ᠦᠷᠡᠵᠢᠯ᠎ᠤᠨ ᠬᠡᠷᠡᠭ᠌ᠴᠡᠭᠡ ᠱᠠᠭᠠᠷᠳᠠᠯᠭ᠎ᠠ᠎ᠶ᠋ᠢ ᠬᠠᠩᠭᠠᠵᠤ᠂ ᠤᠷᠤᠭ᠍ᠯᠠᠬᠤ᠂ ᠲᠦᠷᠦᠭᠦ᠌᠂ ᠥᠰᠭᠡᠬᠦ᠂ ᠬᠥᠮᠦᠵᠢᠭᠦᠯᠬᠦ᠌᠎ᠶ᠋ᠢ ᠨᠢᠭᠡ ᠴᠣᠭ᠍ᠴᠠᠵᠢᠭᠤᠯᠤᠨ ᠪᠣᠳᠣᠯᠬᠢᠯᠠᠵᠤ᠂ ᠣᠯᠠᠨ ᠲᠦᠮᠡᠨ᠎ᠤ ᠬᠤᠢᠱᠢᠳᠠ᠎ᠶ᠋ᠢᠨ ᠰᠠᠨᠠᠭᠠᠱᠢᠷᠠᠯ᠎ᠢ ᠦᠨᠡᠨ ᠬᠦ᠌ ᠱᠢᠢᠳᠪᠤᠷᠢᠯᠡᠨ᠂ ᠦᠷᠡᠵᠢᠯ᠎ᠤᠨ ᠳᠠᠯᠳᠠ ᠴᠢᠳᠠᠪᠤᠷᠢ᠎ᠶ᠋ᠢ ᠪᠠᠳᠠᠷᠠᠭᠤᠯᠵᠤ᠂ ᠭᠡᠷ ᠪᠦᠯᠢ᠎ᠶ᠋ᠢᠨ ᠡᠶ᠎ᠡ ᠨᠠᠢᠷᠠᠮᠳᠠᠭᠤ ᠵᠣᠯ ᠵᠢᠷᠭᠠᠯ᠎ᠲᠠᠢ ᠪᠠᠢᠬᠤ᠎ᠶ᠋ᠢ ᠠᠬᠢᠭᠤᠯᠤᠨ᠎ᠠ᠃
— ᠲᠡᠩᠴᠡᠭᠦᠷᠢᠳᠠᠢ ᠪᠠᠢᠬᠤ᠎ᠪᠠᠷ ᠭᠤᠤᠯ ᠱᠤᠭᠤᠮ ᠪᠣᠯᠭᠠᠨ᠎ᠠ᠃ ᠬᠥᠮᠦᠨ ᠠᠮᠠ᠎ᠶ᠋ᠢᠨ ᠤᠷᠲᠤ ᠬᠤᠭᠤᠴᠠᠭᠠᠨ᠎ᠤ ᠲᠡᠩᠴᠡᠭᠦᠷᠢᠲᠡᠢ ᠬᠥᠭ᠌ᠵᠢᠯᠲᠡ᠎ᠶ᠋ᠢ ᠠᠬᠢᠭᠤᠯᠬᠤ᠎ᠶ᠋ᠢ ᠪᠦᠬᠦ᠌ ᠨᠠᠮ ᠪᠦᠬᠦ᠌ ᠤᠯᠤᠰ᠎ᠤᠨ ᠠᠵᠢᠯ᠎ᠤᠨ ᠶᠡᠭᠡ ᠲᠠᠯ᠎ᠠ᠂ ᠣᠳᠣᠬᠢᠴᠢᠯᠠᠯᠳᠠ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠪᠦᠬᠦ᠌ ᠲᠠᠯ᠎ᠠ᠎ᠳᠤ ᠲᠠᠯᠪᠢᠵᠤ ᠲᠥᠰᠥᠪᠯᠡᠨ ᠪᠠᠢᠷᠢᠯᠠᠭᠤᠯᠵᠤ᠂ ᠣᠯᠠᠨ ᠳᠠᠪᠬᠤᠷ ᠲᠥᠷᠥ᠎ᠶ᠋ᠢᠨ ᠪᠣᠳᠣᠯᠭ᠎ᠠ᠎ᠶ᠋ᠢᠨ ᠬᠠᠷᠠᠯᠲᠠ᠎ᠶ᠋ᠢ ᠨᠡᠢᠲᠡ᠎ᠳᠤᠨᠢ ᠬᠠᠷᠠᠭᠠᠯᠵᠠᠵᠤ᠂ ᠬᠥᠮᠦᠨ ᠠᠮᠠ᠎ᠶ᠋ᠢᠨ ᠲᠤᠭ᠎ᠠ ᠬᠡᠮᠵᠢᠶ᠎ᠡ᠂ ᠬᠡᠪ ᠴᠢᠨᠠᠷ᠂ ᠪᠦᠲᠦᠴᠡ᠂ ᠲᠠᠷᠬᠠᠯᠲᠠ ᠵᠡᠷᠭᠡ ᠠᠰᠠᠭᠤᠳᠠᠯ᠎ᠢ ᠨᠢᠭᠡᠳᠦᠯᠲᠡᠢ ᠲᠥᠯᠥᠪᠵᠢᠬᠦᠯᠦᠨ ᠪᠣᠳᠣᠯᠬᠢᠯᠠᠵᠤ᠂ ᠬᠥᠮᠦᠨ ᠠᠮᠠ ᠬᠢᠭᠡᠳ ᠠᠵᠤ ᠠᠬᠤᠢ᠂ ᠨᠡᠢᠭᠡᠮ᠂ ᠡᠬᠢ ᠪᠠᠶᠠᠯᠢᠭ᠂ ᠣᠷᠴᠢᠨ ᠳᠤᠭᠤᠷᠢᠨ᠎ᠤ ᠵᠣᠬᠢᠴᠠᠩᠭᠤᠢ ᠪᠥᠭᠡᠳ ᠦᠷᠭᠦᠯᠵᠢᠯᠡᠬᠦ᠌ ᠬᠥᠭ᠌ᠵᠢᠯᠲᠡ᠎ᠶ᠋ᠢ ᠠᠬᠢᠭᠤᠯᠵᠤ᠂ ᠬᠥᠮᠦᠨ᠎ᠤ ᠪᠦᠬᠦ᠌ ᠲᠠᠯ᠎ᠠ᠎ᠶ᠋ᠢᠨ ᠬᠥᠭ᠌ᠵᠢᠯᠲᠡ᠎ᠶ᠋ᠢ ᠠᠬᠢᠭᠤᠯᠤᠨ᠎ᠠ᠃
— ᠥᠭᠡᠷᠡᠴᠢᠯᠡᠯᠲᠡ᠎ᠪᠠᠷ ᠬᠥᠳᠡᠯᠭᠡᠬᠦ᠌ ᠬᠦᠴᠦᠨ ᠪᠣᠯᠭᠠᠨ᠎ᠠ᠃ ᠮᠠᠨ᠎ᠤ ᠤᠯᠤᠰ᠎ᠤᠨ ᠬᠥᠮᠦᠨ ᠠᠮᠠ᠎ᠶ᠋ᠢᠨ ᠬᠥᠭ᠌ᠵᠢᠯᠲᠡ᠎ᠳᠤ ᠲᠤᠯᠭᠠᠷᠠᠵᠤ ᠪᠠᠢᠭ᠎ᠠ ᠲᠣᠪᠤᠢᠮ᠎ᠠ ᠵᠥᠷᠢᠴᠡᠯ ᠪᠠ ᠠᠰᠠᠭᠤᠳᠠᠯ᠎ᠳᠤ ᠠᠩᠬᠠᠷᠤᠯ ᠲᠦᠪᠯᠡᠷᠡᠬᠦᠯᠵᠦ᠍᠂ ᠣᠳᠣᠬᠢᠴᠢᠯᠠᠯᠲᠠ᠎ᠶ᠋ᠢᠨ ᠪᠥᠳᠥᠭᠡᠨ ᠪᠠᠢᠭᠤᠯᠤᠯᠲᠠ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠲᠣᠬᠢᠷᠠᠭᠤᠯᠣᠯᠳᠠ᠎ᠳᠤ ᠠᠩᠬᠠᠷᠤᠯ ᠲᠦᠪᠯᠡᠷᠡᠬᠦᠯᠦᠨ᠂ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠬᠥᠮᠦᠨ ᠠᠮᠠ᠎ᠶ᠋ᠢᠨ ᠣᠷᠳᠣ ᠬᠤᠭᠤᠴᠠᠭ᠎ᠠ᠎ᠪᠠᠷ ᠲᠡᠩᠴᠡᠭᠦᠷᠢᠲᠡᠢ ᠬᠥᠭ᠌ᠵᠢᠬᠦ᠌᠎ᠶ᠋ᠢ ᠨᠥᠯᠥᠭᠡᠯᠡᠬᠦ᠌ ᠦᠵᠡᠯ ᠰᠠᠨᠠᠭ᠎ᠠ ᠳᠠᠨᠢᠯᠳᠠ᠂ ᠲᠥᠷᠥ᠎ᠶ᠋ᠢᠨ ᠪᠣᠳᠣᠯᠭ᠎ᠠ ᠬᠠᠤᠯᠢ ᠲᠣᠭ᠍ᠲᠠᠭᠠᠯ᠂ ᠪᠠᠢᠭᠤᠯᠤᠮᠵᠢ ᠲᠣᠭ᠍ᠲᠠᠴᠠ ᠵᠡᠷᠭᠡ ᠬᠢᠵᠠᠭᠠᠷᠯᠠᠬᠤ ᠬᠦᠴᠦᠨ ᠵᠦᠢᠯ᠎ᠢ ᠠᠷᠢᠯᠭᠠᠵᠤ᠂ ᠬᠥᠮᠦᠨ ᠠᠮᠠ᠎ᠶ᠋ᠢᠨ ᠵᠠᠰᠠᠯᠲᠠ᠎ᠶ᠋ᠢᠨ ᠴᠢᠳᠠᠪᠤᠷᠢ ᠪᠠ ᠲᠦᠪᠱᠢᠨ᠎ᠢ ᠳᠡᠭᠡᠭ᠌ᠰᠢᠯᠡᠭᠦᠯᠦᠨ᠎ᠡ᠃
— ᠬᠠᠤᠯᠢᠵᠢᠯ᠎ᠢᠶᠠᠷ ᠪᠠᠲᠤᠯᠠᠭ᠎ᠠ ᠪᠣᠯᠭᠠᠨ᠎ᠠ᠃ ᠴᠢᠬᠤᠯᠠ ᠶᠡᠭᠡ ᠥᠭᠡᠷᠡᠴᠢᠯᠡᠯᠲᠡ᠎ᠶ᠋ᠢᠨ ᠬᠠᠤᠯᠢ᠎ᠶ᠋ᠢ ᠦᠨᠳᠦᠰᠦᠯᠡᠯ᠎ᠲᠠᠢ ᠪᠠᠢᠯᠭᠠᠬᠤ᠂ ᠬᠠᠤᠯᠢ ᠶᠣᠰᠣᠭᠠᠷ ᠬᠡᠷᠡᠭ᠌ᠵᠢᠭᠦᠯᠬᠦ᠌᠎ᠶ᠋ᠢ ᠪᠠᠷᠢᠮᠲᠠᠯᠠᠵᠤ᠂ ᠤᠷᠳᠤ ᠬᠤᠭᠤᠴᠠᠭᠠᠨ᠎ᠤ ᠲᠤᠷᠰᠢ ᠨᠠᠮ᠎ᠠᠴᠠ ᠠᠷᠠᠳ ᠲᠦᠮᠡᠨ᠎ᠢ ᠤᠳᠤᠷᠢᠳᠤᠨ ᠬᠥᠮᠦᠨ ᠠᠮᠠ᠎ᠶ᠋ᠢᠨ ᠠᠰᠠᠭᠤᠳᠠᠯ᠎ᠢ ᠨᠢᠭᠡᠳᠦᠯᠲᠡᠢ ᠲᠦᠯᠦᠪᠵᠢᠬᠦᠯᠦᠨ ᠱᠢᠢᠳᠪᠦᠷᠢᠯᠡᠬᠦ᠌ ᠲᠠᠯ᠎ᠠ᠎ᠪᠠᠷ᠎ᠬᠢ ᠱᠢᠨ᠎ᠡ᠎ᠶ᠋ᠢ ᠡᠬᠦᠳᠦᠭ᠌ᠰᠡᠨ ᠣᠢᠯᠠᠭᠠᠭ᠍ᠳᠠᠬᠤᠨ᠂ ᠥᠭᠡᠷᠡᠴᠢᠯᠡᠯᠲᠡ᠎ᠶ᠋ᠢᠨ ᠦᠷ᠎ᠡ ᠪᠦᠲᠦᠭᠡᠯ᠂ ᠦᠢᠯᠡᠳᠦᠯᠭᠡ᠎ᠶ᠋ᠢᠨ ᠲᠤᠷᠱᠢᠯᠭ᠎ᠠ᠎ᠶ᠋ᠢ ᠬᠠᠤᠯᠢ ᠴᠠᠭᠠᠵᠠ ᠪᠣᠯᠭᠠᠨ ᠬᠤᠪᠢᠷᠠᠭᠤᠯᠵᠤ᠂ ᠠᠷᠠᠳ ᠤᠯᠠᠨ᠎ᠤ ᠬᠠᠤᠯᠢ ᠶᠣᠰᠣᠨ᠎ᠤ ᠡᠷᠬᠡ ᠠᠱᠢᠭ᠎ᠢ ᠪᠠᠲᠤᠯᠠᠨ᠂ ᠱᠢᠨ᠎ᠡ ᠴᠠᠭ ᠦᠶ᠎ᠡ᠎ᠶ᠋ᠢᠨ ᠬᠥᠮᠦᠨ ᠠᠮᠠ᠎ᠶ᠋ᠢᠨ ᠠᠵᠢᠯ᠎ᠤᠨ ᠯᠠᠪᠳᠠᠭᠤᠨ᠎ᠢᠶᠠᠷ ᠬᠤᠯᠠ ᠠᠶᠠᠯᠠᠬᠤ᠎ᠶ᠋ᠢ ᠪᠠᠲᠤᠯᠠᠵᠤ᠂ ᠬᠥᠮᠦᠨ ᠠᠮᠠ᠎ᠶ᠋ᠢᠨ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠠᠷᠠᠯᠲᠠ᠎ᠶ᠋ᠢᠨ ᠤᠷᠤᠭ᠍ᠰᠢᠲᠠᠢ ᠪᠡᠶᠡᠯᠡᠭ᠌ᠳᠡᠬᠦ᠌᠎ᠶ᠋ᠢ ᠪᠠᠲᠤᠯᠠᠨ᠎ᠠ᠃
(ᠳᠣᠯᠤᠭ᠎ᠠ) ᠭᠤᠤᠯ ᠬᠠᠷᠠᠯᠲᠠ
2025 ᠤᠨ ᠪᠣᠯᠳᠠᠯ᠎ᠠ᠂ ᠢᠳᠡᠪᠬᠢᠲᠡᠶ᠎ᠪᠠᠷ ᠬᠡᠦᠬᠡᠳ ᠠᠪᠬᠤ᠎ᠶ᠋ᠢ ᠳᠡᠮᠵᠢᠬᠦ᠌ ᠲᠥᠷᠥ᠎ᠶ᠋ᠢᠨ ᠪᠣᠳᠣᠯᠭ᠎ᠠ᠎ᠶ᠋ᠢᠨ ᠱᠢᠰᠲ᠋ᠧᠮ᠎ᠢ ᠦᠨᠳᠦᠰᠦᠨ᠎ᠳᠡᠭᠡᠨ ᠪᠠᠢᠭᠤᠯᠵᠤ᠂ ᠦᠢᠯᠡᠴᠢᠯᠡᠭᠡᠨ᠎ᠤ ᠬᠠᠮᠢᠶᠠᠷᠤᠯᠲᠠ᠎ᠶ᠋ᠢᠨ ᠲᠦᠷᠢᠮ᠎ᠢ ᠦᠨᠳᠦᠰᠦᠨ᠎ᠳᠡᠭᠡᠨ ᠲᠡᠭᠦᠯᠳᠡᠷᠵᠢᠭᠦᠯᠵᠦ᠍᠂ ᠱᠢᠯᠢᠳᠡᠭ ᠳᠦᠷᠦᠵᠦ᠍ ᠱᠢᠯᠢᠳᠡᠭ ᠥᠰᠭᠡᠬᠦ᠌ ᠦᠢᠯᠡᠴᠢᠯᠡᠭᠡᠨ᠎ᠤ ᠲᠦᠪᠱᠢᠨ᠎ᠢ ᠢᠯᠡᠳᠲᠡ ᠳᠡᠭᠡᠭ᠌ᠰᠢᠯᠡᠭᠦᠯᠵᠦ᠍᠂ ᠲᠦᠭᠡᠮᠡᠯ ᠬᠠᠷᠠᠭᠠᠯᠵᠠᠯᠲᠤ ᠨᠠᠢᠳᠠᠨ ᠠᠰᠠᠷᠠᠭᠤᠯᠬᠤ ᠦᠢᠯᠡᠴᠢᠯᠡᠭᠡᠨ᠎ᠤ ᠱᠢᠰᠲ᠋ᠧᠮ᠎ᠢ ᠲᠦᠷᠭᠡᠳᠭᠡᠨ ᠪᠠᠢᠭᠤᠯᠵᠤ᠂ ᠦᠷᠡᠵᠢᠯ᠂ ᠥᠰᠭᠡᠨ ᠬᠥᠮᠦᠵᠢᠭᠦᠯᠬᠦ᠂ ᠰᠤᠷᠭᠠᠨ ᠬᠥᠮᠦᠵᠢᠯ᠎ᠤᠨ ᠥᠪᠡᠷ᠎ᠤᠨ ᠥᠷᠲᠡᠭ᠎ᠢ ᠢᠯᠡᠳᠲᠡ ᠪᠠᠭᠤᠷᠠᠭᠤᠯᠵᠤ᠂ ᠦᠷᠡᠵᠢᠯ᠎ᠤᠨ ᠲᠦᠪᠱᠢᠨ᠎ᠢ ᠵᠣᠬᠢᠰᠲᠠᠶ ᠳᠡᠭᠡᠭ᠌ᠰᠢᠯᠡᠭᠦᠯᠵᠦ᠍᠂ ᠲᠦᠷᠦᠭ᠌ᠰᠡᠨ ᠬᠥᠮᠦᠨ ᠠᠮᠠ᠎ᠶ᠋ᠢᠨ ᠬᠦᠢᠰᠦ ᠢᠯᠭᠠᠯ᠎ᠤᠨ ᠬᠠᠷᠢᠴᠠᠯ᠎ᠢ ᠬᠡᠪ᠎ᠤᠨ ᠪᠠᠢᠳᠠᠯ᠎ᠲᠠᠢ ᠪᠣᠯᠬᠤ ᠳᠠᠢᠰᠢ ᠬᠠᠨᠳᠤᠭᠤᠯᠵᠦ᠍᠂ ᠬᠥᠮᠦᠨ ᠠᠮᠠ᠎ᠶ᠋ᠢᠨ ᠪᠦᠲᠦᠴᠡ᠎ᠶ᠋ᠢ ᠠᠯᠬᠤᠮ ᠠᠯᠬᠤᠮ᠎ᠢᠶᠠᠷ ᠱᠢᠯᠢᠳᠡᠭ᠌ᠵᠢᠭᠦᠯᠵᠦ᠍᠂ ᠬᠥᠮᠦᠨ ᠠᠮᠠ᠎ᠶ᠋ᠢᠨ ᠬᠡᠪ ᠴᠢᠨᠠᠷ᠎ᠢ ᠤᠯᠠᠮ ᠨᠢᠭᠡ ᠠᠯᠬᠤᠮ ᠳᠡᠭᠡᠭ᠌ᠰᠢᠯᠡᠭᠦᠯᠦᠨ᠎ᠡ᠃
2035 ᠤᠨ ᠪᠣᠯᠳᠠᠯ᠎ᠠ᠂ ᠬᠥᠮᠦᠨ ᠠᠮᠠ᠎ᠶ᠋ᠢᠨ ᠣᠷᠳᠣ ᠬᠤᠭᠤᠴᠠᠭᠠᠨ᠎ᠤ ᠲᠡᠩᠴᠡᠭᠦᠷᠢᠲᠡᠶ ᠬᠥᠭ᠌ᠵᠢᠯᠲᠡ᠎ᠶ᠋ᠢ ᠠᠬᠢᠭᠤᠯᠬᠤ ᠲᠥᠷᠥ᠎ᠶ᠋ᠢᠨ ᠪᠣᠳᠣᠯᠭ᠎ᠠ ᠬᠠᠤᠯᠢ ᠲᠣᠭ᠍ᠲᠠᠭᠠᠯ᠎ᠤᠨ ᠱᠢᠰᠲ᠋ᠧᠮ᠎ᠢ ᠨᠠᠩ ᠲᠡᠭᠦᠯᠳᠡᠷᠵᠢᠭᠦᠯᠵᠦ᠍᠂ ᠦᠢᠯᠡᠴᠢᠯᠡᠭᠡ ᠬᠠᠮᠢᠶᠠᠷᠤᠯᠲᠠ᠎ᠶ᠋ᠢᠨ ᠲᠣᠭ᠍ᠲᠠᠴᠠ᠎ᠶ᠋ᠢᠨ ᠠᠵᠢᠯᠯᠠᠭ᠎ᠠ᠎ᠨᠢ ᠥᠨᠳᠥᠷ ᠪᠦᠲᠦᠮᠵᠢᠲᠡᠶ ᠪᠣᠯᠭᠠᠵᠤ᠂ ᠦᠷᠡᠵᠢᠯ᠎ᠤᠨ ᠲᠦᠪᠱᠢᠨ᠎ᠢ ᠨᠠᠩ ᠵᠣᠬᠢᠰᠲᠠᠶ ᠪᠣᠯᠭᠠᠵᠤ᠂ ᠬᠥᠮᠦᠨ ᠠᠮᠠ᠎ᠶ᠋ᠢᠨ ᠪᠦᠲᠦᠴᠡ᠎ᠶ᠋ᠢ ᠴᠢᠨᠠᠬ᠍ᠰᠢᠳᠠ ᠰᠠᠢᠵᠢᠷᠠᠭᠤᠯᠤᠨ᠎ᠠ᠃ ᠱᠢᠯᠢᠳᠡᠭ ᠳᠦᠷᠦᠵᠦ᠍ ᠱᠢᠯᠢᠳᠡᠭ ᠥᠰᠭᠡᠬᠦ᠂ ᠨᠢᠯᠬ᠎ᠠ᠎ᠳᠤᠨᠢ ᠠᠰᠠᠷᠠᠬᠤ ᠦᠢᠯᠡᠴᠢᠯᠡᠭᠡᠨ᠎ᠤ ᠲᠦᠪᠱᠢᠨ᠎ᠢ ᠠᠷᠠᠳ ᠤᠯᠠᠨ᠎ᠤ ᠰᠠᠢᠨ ᠰᠠᠢᠬᠠᠨ ᠠᠮᠢᠳᠤᠷᠠᠯ᠎ᠤᠨ ᠬᠡᠷᠡᠭ᠌ᠴᠡᠭᠡ᠎ᠲᠠᠢ ᠵᠣᠬᠢᠴᠠᠭᠤᠯᠤᠨ᠂ ᠭᠡᠷ ᠪᠦᠯᠢ᠎ᠶ᠋ᠢᠨ ᠬᠥᠭ᠌ᠵᠢᠯᠲᠡ᠎ᠶ᠋ᠢᠨ ᠴᠢᠳᠠᠪᠤᠷᠢ᠎ᠶ᠋ᠢ ᠢᠯᠡᠳᠲᠡ ᠳᠡᠭᠡᠭ᠌ᠰᠢᠯᠡᠭᠦᠯᠵᠦ᠍᠂ ᠬᠥᠮᠦᠨ᠎ᠤ ᠪᠦᠬᠦ᠌ ᠲᠠᠯ᠎ᠠ᠎ᠶ᠋ᠢᠨ ᠬᠥᠭ᠌ᠵᠢᠯᠲᠡ᠎ᠶ᠋ᠢ ᠨᠡᠩ ᠢᠯᠡᠷᠬᠡᠢ ᠮᠥᠨ ᠴᠢᠨᠠᠷ᠎ᠤᠨ ᠠᠬᠢᠴᠠ᠎ᠲᠠᠢ ᠪᠣᠯᠭᠠᠨ᠎ᠠ᠃
ᠭᠤᠷᠪᠠ᠂ ᠭᠤᠷᠪᠠᠨ ᠬᠡᠦᠬᠡᠳ ᠠᠪᠴᠤ᠌ ᠪᠤᠯᠬᠤ ᠲᠥᠷᠥ᠎ᠶ᠋ᠢᠨ ᠪᠣᠳᠣᠯᠭ᠎ᠠ᠎ᠶ᠋ᠢ ᠰᠠᠢᠲᠤᠷ ᠵᠣᠬᠢᠶᠠᠨ ᠪᠠᠢᠭᠤᠯᠤᠨ ᠬᠡᠷᠡᠭ᠌ᠵᠢᠭᠦᠯᠦᠨ᠎ᠡ
(ᠨᠠᠢ᠍ᠮᠠ) ᠭᠤᠷᠪᠠᠨ ᠬᠡᠦᠬᠡᠳ ᠠᠪᠴᠤ᠌ ᠪᠤᠯᠬᠤ ᠲᠥᠷᠥ᠎ᠶ᠋ᠢᠨ ᠪᠣᠳᠣᠯᠭ᠎ᠠ᠎ᠶ᠋ᠢ ᠬᠠᠤᠯᠢ ᠶᠣᠰᠣᠭᠠᠷ ᠬᠡᠷᠡᠭ᠌ᠵᠢᠭᠦᠯᠤᠨᠡ᠃ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠬᠥᠮᠦᠨ ᠠᠮᠠ ᠬᠢᠭᠡᠳ ᠲᠥᠯᠥᠪᠯᠡᠭᠡᠲᠦ ᠦᠷᠡᠵᠢᠯ᠎ᠤᠨ ᠬᠠᠤᠯᠢ》 ᠳᠤ ᠵᠠᠰᠠᠪᠤᠷᠢ ᠣᠷᠣᠭᠤᠯᠵᠤ᠂ ᠵᠤᠬᠢᠬᠤ ᠨᠠᠰᠤᠨ᠎ᠳᠤ ᠤᠷᠤᠭ᠍ᠯᠠᠵᠤ ᠬᠡᠦᠬᠡᠳ ᠠᠪᠬᠤ᠂ ᠱᠢᠯᠢᠳᠡᠭ ᠲᠥᠷᠥᠵᠦ᠍ ᠱᠢᠯᠢᠳᠡᠭ ᠥᠰᠭᠡᠬᠦ᠌᠎ᠶ᠋ᠢ ᠰᠠᠨᠠᠭᠠᠴᠢᠯᠠᠵᠤ᠂ ᠭᠤᠷᠪᠠᠨ ᠬᠡᠦᠬᠡᠳ ᠠᠪᠴᠤ᠌ ᠪᠤᠯᠬᠤ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠦᠨ᠎ᠡ᠃ ᠡᠯ᠎ᠡ ᠮᠤᠵᠢ (ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠤᠲᠠ) ᠲᠣᠰ ᠭᠠᠵᠠᠷ ᠣᠷᠣᠨ᠎ᠤ ᠬᠥᠮᠦᠨ ᠠᠮᠠ᠎ᠶ᠋ᠢᠨ ᠬᠥᠭ᠌ᠵᠢᠯᠲᠡ᠎ᠶ᠋ᠢᠨ ᠪᠠᠢᠳᠠᠯ᠂ ᠠᠵᠢᠯ᠎ᠤᠨ ᠰᠠᠭᠤᠷᠢ ᠪᠠ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠬᠦ᠌ ᠲᠦᠭ᠌ᠰᠢᠭᠦᠷᠢ᠎ᠶ᠋ᠢ ᠶᠡᠷᠦᠩᠬᠡᠢᠯᠡᠨ ᠪᠣᠳᠣᠯᠬᠢᠯᠠᠵᠤ᠂ ᠲᠥᠷᠥ᠎ᠶ᠋ᠢᠨ ᠪᠣᠳᠣᠯᠭ᠎ᠠ᠎ᠶ᠋ᠢ ᠵᠣᠯᠭᠠᠭᠤᠯᠬᠤ ᠠᠵᠢᠯ᠎ᠢ ᠰᠠᠢᠲᠤᠷ ᠬᠢᠵᠦ᠍᠂ ᠬᠠᠤᠯᠢ ᠶᠣᠰᠣᠭᠠᠷ ᠵᠣᠬᠢᠶᠠᠨ ᠪᠠᠢᠭᠤᠯᠤᠨ ᠬᠡᠷᠡᠭ᠌ᠵᠢᠭᠦᠯᠦᠨ᠎ᠡ᠃
(ᠶᠢᠰᠦ) ᠨᠡᠢᠭᠡᠮ᠎ᠤᠨ ᠠᠰᠠᠷᠠᠨ ᠲᠡᠵᠢᠭᠡᠬᠦ᠌ ᠵᠠᠷᠤᠳᠠᠯ ᠵᠡᠷᠭᠡ ᠬᠢᠵᠠᠭᠠᠷᠯᠠᠬᠤ ᠠᠷᠭ᠎ᠠ ᠬᠡᠮᠵᠢᠶ᠎ᠡ᠎ᠶ᠋ᠢ ᠬᠦᠴᠦᠨ ᠦᠭᠡᠢ ᠪᠣᠯᠭᠠᠨ᠎ᠠ᠃ ᠨᠡᠢᠭᠡᠮ᠎ᠤᠨ ᠠᠰᠠᠷᠠᠨ ᠲᠡᠵᠢᠭᠡᠬᠦ᠌ ᠵᠠᠷᠤᠳᠠᠯ᠎ᠢ ᠬᠦᠴᠦᠨ ᠦᠭᠡᠶ ᠪᠣᠯᠭᠠᠵᠤ᠂ ᠬᠠᠮᠢᠶ᠎ᠠ ᠪᠦᠬᠦᠢ ᠱᠢᠢᠳᠭᠡᠨ ᠲᠣᠷᠭᠠᠬᠤ ᠲᠣᠭ᠍ᠲᠠᠭᠠᠯ᠎ᠢ ᠠᠷᠢᠯᠭᠠᠨ ᠬᠦᠴᠦᠨ ᠦᠭᠡᠶ ᠪᠣᠯᠭᠠᠨ᠎ᠡ᠃ ᠡᠷᠦᠬᠡ ᠠᠮᠠ ᠤᠷᠤᠬᠤ᠂ ᠰᠤᠷᠭᠠᠭᠤᠯᠢ᠎ᠳᠤ ᠣᠷᠣᠬᠤ᠂ ᠠᠵᠢᠯ᠎ᠳᠤ ᠣᠷᠣᠬᠤ ᠵᠡᠷᠭᠡ᠎ᠶ᠋ᠢ ᠬᠤᠪᠢ ᠬᠥᠮᠦᠨ᠎ᠤ ᠦᠷᠡᠵᠢᠯ᠎ᠤᠨ ᠪᠠᠢᠳᠠᠯ᠎ᠠᠴᠠ ᠪᠥᠬᠦ᠌ ᠲᠠᠯ᠎ᠠ᠎ᠪᠠᠷ ᠰᠠᠯᠭᠠᠨ᠎ᠠ᠃ ᠲᠡᠦᠬᠡ᠎ᠶ᠋ᠢᠨ ᠦᠯᠡᠳᠡᠭ᠌ᠳᠡᠯ ᠠᠰᠠᠭᠤᠳᠠᠯ᠎ᠢ ᠬᠠᠤᠯᠢ ᠲᠣᠭ᠍ᠲᠠᠭᠠᠯ ᠶᠣᠰᠣᠭᠠᠷ ᠲᠣᠬᠢᠲᠠᠢ ᠱᠢᠢᠳᠪᠦᠷᠢᠯᠡᠨ᠎ᠡ᠃ ᠬᠥᠮᠦᠨ ᠠᠮᠠ᠎ᠶ᠋ᠢᠨ ᠬᠥᠭ᠌ᠵᠢᠯᠲᠡ ᠬᠢᠭᠡᠳ ᠠᠵᠤ ᠠᠬᠤᠶ᠂ ᠨᠡᠢᠭᠡᠮ᠂ ᠡᠬᠢ ᠪᠠᠶᠠᠯᠢᠭ᠂ ᠣᠷᠴᠢᠨ ᠲᠣᠭᠤᠷᠢᠨ᠎ᠤ ᠵᠥᠷᠢᠴᠡᠯ ᠨᠡᠯᠢᠶᠡᠳ ᠲᠣᠪᠤᠢᠮ᠎ᠠ ᠪᠠᠢᠭ᠎ᠠ ᠭᠠᠵᠠᠷ ᠣᠷᠣᠨ᠎ᠳᠤ ᠤᠬᠠᠭᠤᠯᠤᠨ ᠰᠠᠨᠠᠭᠠᠴᠢᠯᠠᠬᠤ᠎ᠪᠠᠨ ᠴᠢᠩᠭᠠᠳᠭᠠᠵᠤ᠂ ᠠᠷᠠᠳ᠎ᠲᠤ ᠠᠱᠢᠭ ᠬᠦᠷᠲᠡᠭᠡᠬᠦ᠌ ᠬᠤᠯᠪᠤᠬ᠍ᠳᠠᠯ ᠪᠥᠬᠦᠶ ᠲᠥᠷᠥ᠎ᠶ᠋ᠢᠨ ᠪᠣᠳᠣᠯᠭ᠎ᠠ ᠬᠢᠭᠡᠳ ᠦᠷᠡᠵᠢᠯ᠎ᠤᠨ ᠲᠥᠷᠥ᠎ᠶ᠋ᠢᠨ ᠪᠣᠳᠣᠯᠭ᠎ᠠ᠎ᠶ᠋ᠢ ᠪᠦᠲᠦᠮᠵᠢᠲᠡᠶ ᠵᠣᠯᠭᠠᠭᠤᠯᠬᠤ᠎ᠶ᠋ᠢ ᠠᠬᠢᠭᠤᠯᠤᠨ᠂ ᠡᠯ᠎ᠡ ᠵᠦᠢᠯ᠎ᠤᠨ ᠬᠠᠮᠢᠶᠠᠷᠤᠯᠲᠠ ᠦᠢᠯᠡᠴᠢᠯᠡᠭᠡ᠎ᠶ᠋ᠢ ᠤᠨᠤᠴᠠᠳᠠᠢ᠎ᠪᠠᠷ ᠰᠠᠢᠲᠤᠷ ᠬᠢᠨ᠎ᠠ᠃
(ᠠᠷᠪᠠ) ᠬᠥᠮᠦᠨ ᠠᠮᠠ᠎ᠶ᠋ᠢᠨ ᠦᠢᠯᠡᠴᠢᠯᠡᠭᠡᠨ᠎ᠤ ᠱᠢᠰᠲ᠋ᠧᠮ᠎ᠢ ᠪᠠᠢᠭᠤᠯᠤᠨ ᠪᠦᠷᠢᠨᠱᠢᠭᠦᠯᠤᠨᠡ᠃ 《ᠨᠠᠰᠤᠲᠠᠨ ᠪᠠ ᠬᠡᠦᠬᠡᠳ》 ᠢᠶᠠᠷ ᠭᠤᠣᠯᠳᠠᠯᠭ᠎ᠠ ᠪᠣᠯᠭᠠᠵᠤ᠂ ᠪᠦᠬᠦ᠌ ᠠᠮᠢ ᠨᠠᠰᠤᠨ᠎ᠤ ᠦᠶᠡᠯᠡᠯ᠎ᠤᠨ ᠬᠤᠭᠤᠴᠠᠭ᠎ᠠ᠎ᠶ᠋ᠢ ᠬᠠᠮᠤᠷᠤᠭ᠍ᠰᠠᠨ ᠬᠥᠮᠦᠨ ᠠᠮᠠ᠎ᠶ᠋ᠢᠨ ᠦᠢᠯᠡᠴᠢᠯᠡᠭᠡᠨ᠎ᠤ ᠱᠢᠰᠲ᠋ᠧᠮ᠎ᠢ ᠪᠠᠢᠭᠤᠯᠤᠨ ᠲᠡᠭᠦᠯᠳᠡᠷᠵᠢᠭᠦᠯᠦᠨ᠎ᠡ᠃ ᠦᠨᠳᠦᠰᠦᠨ ᠱᠠᠲᠤᠨ᠎ᠤ ᠦᠢᠯᠡᠴᠢᠯᠡᠭᠡᠨ᠎ᠤ ᠬᠠᠮᠢᠶᠠᠷᠤᠯᠲᠠ᠎ᠶ᠋ᠢᠨ ᠱᠢᠰᠲ᠋ᠧᠮ ᠪᠠ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠨᠢᠯᠬ᠎ᠠ ᠬᠡᠦᠬᠡᠳ᠎ᠢ ᠠᠰᠠᠷᠠᠨ ᠲᠡᠵᠢᠭᠡᠬᠦ᠌ ᠪᠠ ᠨᠠᠰᠤᠵᠢᠯ᠎ᠤᠨ ᠠᠰᠠᠷᠠᠮᠵᠢ᠎ᠶ᠋ᠢᠨ ᠴᠢᠳᠠᠮᠵᠢ᠎ᠶ᠋ᠢ ᠴᠢᠩᠭᠠᠳᠭᠠᠨ᠎ᠠ᠃ ᠦᠷᠡᠵᠢᠯ᠎ᠤᠨ ᠳᠠᠩᠰᠠᠯᠠᠬᠤ ᠳᠦᠷᠢᠮ᠎ᠢ ᠨᠠᠢᠳᠠᠪᠤᠷᠢᠵᠢᠭᠤᠯᠵᠤ᠂ ᠦᠷᠡᠵᠢᠯ᠎ᠤᠨ ᠯᠠᠪᠯᠠᠭ᠎ᠠ ᠵᠢᠯᠣᠭᠤᠳᠣᠯᠭ᠎ᠠ᠎ᠶ᠋ᠢ ᠰᠠᠢᠲᠤᠷ ᠬᠢᠨ᠎ᠡ᠃ ᠦᠷᠡᠵᠢᠯ᠎ᠤᠨ ᠠᠨᠠᠭᠠᠬᠤ ᠤᠬᠠᠭᠠᠨ᠎ᠤ ᠭᠡᠷᠡᠴᠢ᠂ ᠬᠡᠦᠬᠡᠳ᠎ᠤᠨ ᠰᠡᠷᠭᠡᠢᠯᠡᠬᠦ᠌ ᠲᠠᠷᠢᠯᠭ᠎ᠠ ᠲᠠᠷᠢᠬᠤ᠂ ᠡᠷᠦᠬᠡ ᠠᠮᠠ᠎ᠶ᠋ᠢᠨ ᠳᠠᠩᠰᠠᠯᠠᠯᠳᠠ᠂ ᠡᠮ ᠡᠮᠨᠡᠯᠭᠡ᠎ᠶ᠋ᠢᠨ ᠳᠠᠭᠠᠳᠭᠠᠯ᠎ᠳᠤ ᠣᠷᠣᠬᠤ᠂ ᠨᠡᠢᠭᠡᠮ᠎ᠤᠨ ᠪᠠᠲᠤᠯᠠᠭ᠎ᠠ᠎ᠶ᠋ᠢᠨ ᠺᠠᠷᠲ ᠭᠤᠶᠤᠴᠢᠯᠠᠨ ᠠᠪᠬᠤ ᠵᠡᠷᠭᠡ 《ᠳᠦᠷᠦᠵᠦ᠍ ᠦᠰᠭᠡᠬᠦ᠌ ᠶᠠᠪᠤᠳᠠᠯ》 ᠢ ᠬᠠᠮᠲᠤᠷᠠᠨ ᠭᠦᠢᠴᠡᠳᠭᠡᠬᠦ᠌᠎ᠶ᠋ᠢ ᠠᠬᠢᠭᠤᠯᠤᠨ᠎ᠠ᠃
(ᠠᠷᠪᠠᠨ ᠨᠢᠭᠡ) ᠬᠥᠮᠦᠨ ᠠᠮᠠ᠎ᠶ᠋ᠢ ᠬᠢᠨᠠᠨ ᠬᠡᠮᠵᠢᠬᠦ᠌ ᠪᠠ ᠪᠠᠢᠳᠠᠯ᠎ᠢ ᠰᠤᠳᠤᠯᠤᠨ ᠮᠠᠭᠠᠳᠯᠠᠬᠤ᠎ᠶ᠋ᠢ ᠴᠢᠩᠭᠠᠳᠭᠠᠨ᠎ᠠ᠃ ᠤᠯᠤᠰ᠎ᠤᠨ ᠬᠦᠮᠦᠨ ᠠᠮᠠ᠎ᠶ᠋ᠢ ᠲᠠᠩᠰᠠᠯᠠᠬᠤ ᠬᠠᠮᠢᠶᠠᠷᠤᠯᠲᠠ᠎ᠶ᠋ᠢᠨ ᠳᠦᠷᠢᠮ᠎ᠢ ᠲᠡᠭᠦᠯᠳᠡᠷᠵᠢᠭᠦᠯᠦᠨ᠂ ᠪᠦᠬᠦ᠌ ᠬᠥᠮᠦᠰ᠂ ᠠᠮᠢ ᠨᠠᠰᠤᠨ᠎ᠤ ᠪᠦᠬᠦ᠌ ᠦᠶᠡᠯᠡᠯ᠎ᠢ ᠬᠠᠮᠤᠷᠤᠭ᠍ᠰᠠᠨ ᠬᠥᠮᠦᠨ ᠠᠮᠠ᠎ᠶ᠋ᠢ ᠬᠢᠨᠠᠨ ᠬᠡᠮᠵᠢᠬᠦ᠌ ᠱᠢᠰᠲ᠋ᠧᠮ᠎ᠢ ᠪᠦᠷᠢᠨᠱᠢᠭᠦᠯᠵᠦ᠍᠂ ᠦᠷᠡᠵᠢᠯ᠎ᠤᠨ ᠪᠠᠢᠳᠠᠯ ᠪᠣᠯᠤᠨ ᠬᠥᠮᠦᠨ ᠠᠮᠠ᠎ᠶ᠋ᠢᠨ ᠬᠤᠪᠢᠷᠠᠯᠲᠠ᠎ᠶ᠋ᠢᠨ ᠬᠠᠨᠳᠤᠰᠢ᠎ᠶ᠋ᠢ ᠨᠢᠭ᠍ᠲᠠ ᠬᠢᠨᠠᠨ ᠬᠡᠮᠵᠢᠨ᠎ᠡ᠃ ᠤᠯᠤᠰ᠎ᠤᠨ ᠬᠥᠮᠦᠨ ᠠᠮᠠ᠎ᠶ᠋ᠢᠨ ᠰᠠᠭᠤᠷᠢ ᠮᠡᠳᠡᠭᠡ ᠵᠠᠩᠭᠢ᠎ᠶ᠋ᠢᠨ ᠬᠥᠮᠥᠷᠭᠡ ᠵᠡᠷᠭᠡ ᠲᠠᠪᠴᠠᠩ᠎ᠳᠤ ᠲᠦᠱᠢᠭ᠌ᠯᠡᠨ᠂ ᠰᠤᠷᠭᠠᠨ ᠬᠥᠮᠦᠵᠢᠯ᠂ ᠳᠣᠲᠣᠭᠠᠳᠤ᠎ᠶ᠋ᠢ ᠬᠠᠮᠠᠭᠠᠯᠠᠬᠤ᠂ ᠠᠷᠠᠳ᠎ᠤᠨ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠡᠮ ᠡᠮᠨᠡᠯᠭᠡ᠎ᠶ᠋ᠢᠨ ᠳᠠᠭᠠᠳᠭᠠᠯ᠂ ᠨᠡᠢᠭᠡᠮ᠎ᠤᠨ ᠪᠠᠲᠤᠯᠠᠭ᠎ᠠ ᠵᠡᠷᠭᠡ ᠬᠥᠮᠦᠨ ᠠᠮᠠ᠎ᠶ᠋ᠢᠨ ᠦᠢᠯᠡᠴᠢᠯᠡᠭᠡᠨ᠎ᠤ ᠰᠠᠭᠤᠷᠢ ᠮᠡᠳᠡᠭᠡ ᠵᠠᠩᠭᠢ᠎ᠶ᠋ᠢ ᠠᠭᠤᠰᠤᠯᠴᠠᠭᠤᠯᠤᠨ ᠬᠠᠮᠲᠤ᠎ᠪᠠᠷ ᠡᠳ᠋ᠯᠡᠬᠦ᠂ ᠬᠥᠳᠡᠯᠦᠩᠭᠦᠶ᠎ᠪᠠᠷ ᠱᠢᠨᠡᠳᠭᠡᠬᠦ᠌᠎ᠶ᠋ᠢ ᠪᠡᠶᠡᠯᠡᠭᠦᠯᠦᠨ᠎ᠡ᠃ ᠬᠥᠮᠦᠨ ᠠᠮᠠ᠎ᠶ᠋ᠢᠨ ᠤᠷᠲᠤ ᠬᠤᠭᠤᠴᠠᠭᠠᠨ᠎ᠤ ᠲᠡᠩᠴᠡᠭᠦᠷᠢᠲᠡᠢ ᠬᠥᠭ᠌ᠵᠢᠯᠲᠡ᠎ᠶ᠋ᠢᠨ ᠭᠦᠢᠴᠡᠳᠭᠡᠯ ᠲᠣᠭᠠᠨ᠎ᠤ ᠱᠢᠰᠲ᠋ᠧᠮ᠎ᠢ ᠪᠠᠢᠭᠤᠯᠵᠤ᠂ ᠬᠥᠮᠦᠨ ᠠᠮᠠ᠎ᠶ᠋ᠢᠨ ᠤᠷᠢᠳᠴᠢᠯᠠᠨ ᠵᠢᠱ᠌ᠢᠵᠦ᠍ ᠤᠷᠢᠳᠴᠢᠯᠠᠨ ᠰᠡᠷᠡᠮᠵᠢᠯᠡᠭᠦᠯᠬᠦ᠌ ᠳᠦᠷᠢᠮ᠎ᠢ ᠪᠦᠷᠢᠨᠱᠢᠬᠦᠯᠦᠨ᠎ᠠ᠃
ᠳᠥᠷᠪᠡ᠂ ᠱᠢᠯᠢᠳᠡᠭ ᠳᠦᠷᠦᠵᠦ᠍ ᠱᠢᠯᠢᠳᠡᠭ ᠥᠰᠭᠡᠬᠦ᠌ ᠦᠢᠯᠡᠴᠢᠯᠡᠭᠡᠨ᠎ᠤ ᠲᠦᠪᠱᠢᠨ᠎ᠢ ᠳᠡᠭᠡᠭ᠌ᠰᠢᠯᠡᠭᠦᠯᠦᠨ᠎ᠡ
(ᠠᠷᠪᠠᠨ ᠬᠤᠶᠠᠷ) ᠵᠢᠷᠮᠦᠰᠦᠨ ᠪᠠ ᠬᠥᠩᠭᠡᠵᠢᠭ᠌ᠰᠡᠨ ᠡᠮᠡᠭ᠌ᠲᠡᠢᠴᠦᠳ᠂ ᠬᠡᠦᠬᠡᠳ ᠪᠠᠭᠠᠴᠤᠳ᠎ᠤᠨ ᠡᠷᠡᠭᠦᠯ ᠮᠡᠨᠳᠦ᠎ᠶ᠋ᠢ ᠪᠠᠲᠤᠯᠠᠨ᠎ᠠ᠃ ᠵᠢᠷᠮᠦᠰᠦᠯᠡᠭ᠌ᠰᠡᠨ ᠬᠤᠭᠤᠴᠠᠭᠠᠨ᠎ᠤ ᠲᠦᠭ᠌ᠰᠢᠭᠦᠷᠢ᠎ᠶ᠋ᠢ ᠱᠢᠭ᠌ᠰᠢᠨ ᠪᠠᠢᠴᠠᠭᠠᠬᠤ ᠪᠠ ᠦᠨᠡᠯᠡᠨ ᠵᠢᠱ᠌ᠢᠬᠦ᠂ ᠠᠶᠤᠯ ᠶᠡᠬᠡᠲᠡᠶ ᠵᠢᠷᠮᠦᠰᠦᠨ ᠪᠠ ᠬᠥᠩᠭᠡᠵᠢᠭ᠌ᠰᠡᠨ ᠡᠮᠡᠭ᠌ᠲᠡᠶ᠎ᠶ᠋ᠢᠨ ᠲᠤᠰᠭᠠᠶ ᠬᠠᠮᠢᠶᠠᠷᠤᠯᠲᠠ᠂ ᠲᠦᠭ᠌ᠰᠢᠭᠦᠷᠢᠲᠡᠶ ᠪᠠᠴᠢᠮ ᠬᠦᠨᠳᠦ ᠡᠪᠡᠳᠴᠢᠳᠡᠨ᠎ᠢ ᠠᠪᠤᠷᠠᠨ ᠵᠠᠰᠠᠬᠤ᠂ ᠵᠢᠷᠮᠦᠰᠦᠨ ᠪᠠ ᠬᠥᠩᠭᠡᠵᠢᠭ᠌ᠰᠡᠨ ᠡᠮᠡᠭ᠌ᠲᠡᠶ᠎ᠶ᠋ᠢᠨ ᠥᠭᠦᠭ᠌ᠰᠡᠨ ᠬᠡᠷᠡᠭ᠎ᠢ ᠮᠡᠳᠡᠬᠦᠯᠬᠦ᠌ ᠪᠠ ᠪᠣᠯᠵᠣᠨ ᠶᠠᠷᠢᠯᠴᠠᠵᠤ ᠵᠠᠷᠯᠠᠬᠤ ᠵᠡᠷᠭᠡ ᠡᠬᠡ ᠨᠢᠯᠬᠠᠰ᠎ᠤᠨ ᠠᠮᠤᠷ ᠲᠦᠪᠱᠢᠨ᠎ᠤ ᠲᠠᠪᠤᠨ ᠵᠦᠢᠯ᠎ᠤᠨ ᠲᠦᠷᠢᠮ᠎ᠢ ᠪᠥᠬᠦ᠌ ᠲᠠᠯ᠎ᠠ᠎ᠪᠠᠷ ᠨᠠᠢᠳᠠᠪᠤᠷᠢᠵᠢᠭᠤᠯᠤᠨ᠎ᠠ᠃ ᠡᠬᠡ ᠨᠢᠯᠬᠠᠰ᠎ᠤᠨ ᠡᠷᠡᠭᠦᠯ ᠮᠡᠨᠳᠦ᠎ᠶ᠋ᠢᠨ ᠪᠠᠲᠤᠯᠠᠭ᠎ᠠ᠎ᠶ᠋ᠢᠨ ᠢᠨᠵᠧᠨᠧᠷᠢᠩ᠎ᠢ ᠬᠡᠷᠡᠭ᠌ᠵᠢᠭᠦᠯᠵᠦ᠍᠂ ᠡᠯ᠎ᠡ ᠱᠠᠲᠤᠨ᠎ᠤ ᠡᠬᠡ ᠨᠢᠯᠬᠠᠰ᠎ᠤᠨ ᠡᠷᠡᠬᠦᠯᠵᠢᠯ᠎ᠤᠨ ᠪᠠᠢᠭᠤᠯᠤᠮᠵᠢ᠎ᠶ᠋ᠢᠨ ᠪᠠᠷᠢᠮᠵᠢᠶᠠᠵᠢᠭ᠍ᠰᠠᠨ ᠪᠠᠢᠭᠤᠯᠤᠯᠲᠠ ᠪᠠ ᠵᠢᠷᠤᠮᠵᠢᠭ᠍ᠰᠠᠨ ᠬᠠᠮᠢᠶᠠᠷᠤᠯᠲᠠ᠎ᠶ᠋ᠢ ᠲᠦᠷᠭᠡᠳᠭᠡᠨ ᠠᠬᠢᠭᠤᠯᠵᠤ᠂ ᠬᠦᠨᠳᠦ ᠲᠦᠭ᠌ᠰᠢᠭᠦᠷᠢᠲᠡᠶ ᠵᠢᠷᠮᠦᠰᠦᠨ ᠡᠮᠡᠭ᠌ᠲᠡᠶ᠂ ᠨᠢᠯᠬ᠎ᠠ ᠬᠡᠦᠬᠡᠳ᠎ᠢ ᠠᠪᠤᠷᠠᠨ ᠵᠠᠰᠠᠬᠤ ᠴᠢᠳᠠᠪᠤᠷᠢ ᠵᠢᠴᠢ ᠬᠡᠦᠬᠡᠳ᠎ᠤᠨ ᠰᠠᠯᠠᠭᠠᠨ᠎ᠤ ᠪᠠᠢᠭᠤᠯᠤᠯᠲᠠ᠎ᠶ᠋ᠢ ᠴᠢᠩᠭᠠᠳᠭᠠᠵᠤ᠂ ᠱᠢᠶᠠᠨ ᠱᠢᠶᠠᠩ ᠲᠣᠰᠭᠤᠨ ᠭᠤᠷᠪᠠᠨ ᠱᠠᠲᠤᠨ᠎ᠤ ᠦᠨᠳᠦᠰᠦᠨ ᠱᠠᠲᠤᠨ᠎ᠤ ᠲᠤᠤᠷ᠎ᠢ ᠪᠠᠬᠢᠵᠢᠭᠦᠯᠵᠦ᠍᠂ ᠦᠷᠡᠵᠢᠯ᠎ᠤᠨ ᠬᠤᠯᠪᠤᠭ᠍ᠳᠠᠯ ᠪᠥᠬᠦᠶ ᠣᠯᠠᠨ ᠨᠡᠢᠲᠡ᠎ᠶ᠋ᠢᠨ ᠦᠢᠯᠡᠴᠢᠯᠡᠭᠡᠨ᠎ᠤ ᠳᠤᠲᠠᠭᠤᠳᠠᠯ᠎ᠢ ᠲᠦᠷᠭᠡᠨ ᠨᠥᠬᠦᠪᠥᠷᠢᠯᠡᠨ᠎ᠡ᠃ ᠦᠷᠡᠵᠢᠯ᠎ᠤᠨ ᠡᠷᠡᠭᠦᠯ ᠮᠡᠨᠳᠦ᠎ᠶ᠋ᠢᠨ ᠦᠢᠯᠡᠴᠢᠯᠡᠭᠡ᠎ᠶ᠋ᠢ ᠡᠮᠡᠭ᠌ᠲᠡᠢᠴᠦᠳ᠎ᠤᠨ ᠡᠷᠡᠭᠦᠯ ᠮᠡᠨᠳᠦ᠎ᠶ᠋ᠢᠨ ᠬᠠᠮᠢᠶᠠᠷᠤᠯᠲᠠ᠎ᠶ᠋ᠢᠨ ᠪᠥᠬᠦ᠌ ᠶᠠᠪᠤᠴᠠ᠎ᠳᠤ ᠠᠭᠤᠰᠤᠯᠴᠠᠭᠤᠯᠬᠤ᠎ᠶ᠋ᠢ ᠠᠬᠢᠭᠤᠯᠤᠨ᠎ᠠ᠃ ᠬᠡᠦᠬᠡᠳ᠎ᠤᠨ ᠡᠷᠡᠬᠦᠯᠵᠢᠯ᠎ᠤᠨ ᠡᠭᠦᠳᠡᠨ ᠡᠮᠨᠡᠯᠭᠡ᠎ᠶ᠋ᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ ᠪᠠᠢᠭᠤᠯᠤᠯᠲᠠ᠎ᠶ᠋ᠢ ᠴᠢᠩᠭᠠᠳᠭᠠᠵᠤ᠂ ᠬᠡᠦᠬᠡᠳ ᠵᠠᠯᠠᠭᠤᠴᠤᠳ ᠪᠠᠭᠠᠴᠤᠳ᠎ᠤᠨ ᠣᠢᠷ᠎ᠠ ᠬᠠᠷᠠᠭ᠎ᠠ᠂ ᠱᠢᠮ᠎ᠡ ᠲᠡᠵᠢᠭᠡᠯ ᠲᠡᠩᠴᠡᠭᠦᠷᠢ ᠦᠭᠡᠶ᠂ ᠱᠢᠳᠦ ᠬᠤᠷᠣᠬᠠᠢᠲᠤᠬᠤ ᠵᠡᠷᠭᠡ ᠲᠦᠭ᠌ᠰᠢᠭᠦᠷᠢ᠎ᠶ᠋ᠢᠨ ᠬᠦᠴᠦᠨ ᠵᠦᠢᠯ ᠪᠣᠯᠤᠨ ᠡᠪᠡᠳᠴᠢᠨ ᠡᠮᠭᠡᠭ᠎ᠢ ᠱᠢᠭ᠌ᠰᠢᠨ ᠪᠠᠢᠴᠠᠭᠠᠬᠤ᠂ ᠣᠨᠣᠱᠢᠯᠠᠬᠤ᠂ ᠬᠠᠮᠢᠶᠠᠷᠬᠤ ᠶᠠᠪᠤᠳᠠᠯ᠎ᠢ ᠴᠢᠩᠭᠠᠳᠭᠠᠨᠡ᠃ ᠬᠡᠦᠬᠡᠳ᠎ᠤᠨ ᠦᠨᠳᠦᠰᠦᠨ ᠡᠮ ᠡᠮᠨᠡᠯᠭᠡ᠎ᠶ᠋ᠢᠨ ᠪᠠᠲᠤᠯᠠᠭ᠎ᠠ᠎ᠶ᠋ᠢᠨ ᠠᠵᠢᠯ᠎ᠢ ᠰᠠᠢᠲᠤᠷ ᠬᠢᠨ᠎ᠡ᠃
(ᠠᠷᠪᠠᠨ ᠭᠤᠷᠪᠠ) ᠵᠡᠷᠡᠮᠳᠡᠭ ᠲᠦᠷᠦᠭᠦ᠎ᠶ᠋ᠢ ᠶᠡᠷᠦᠩᠬᠡᠢᠯᠡᠨ ᠰᠡᠷᠭᠡᠢᠯᠡᠵᠤ ᠵᠠᠰᠠᠨ᠎ᠡ᠃ ᠵᠡᠷᠡᠮᠳᠡᠭ ᠲᠦᠷᠦᠭᠦ᠎ᠶ᠋ᠢ ᠰᠡᠷᠭᠡᠢᠯᠡᠨ ᠵᠠᠰᠠᠬᠤ ᠲᠣᠣᠷ᠎ᠢ ᠪᠦᠷᠢᠨᠱᠢᠭᠦᠯᠵᠦ᠍᠂ ᠭᠤᠷᠪᠠᠨ ᠱᠠᠲᠤᠨ᠎ᠤ ᠰᠡᠷᠭᠡᠢᠯᠡᠬᠦ᠌ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠤᠨᠡ᠃ ᠬᠤᠯᠪᠤᠬ᠍ᠳᠠᠯ ᠪᠦᠬᠦᠢ ᠮᠡᠳᠡᠯᠭᠡ᠎ᠶ᠋ᠢ ᠲᠦᠭᠡᠮᠡᠯᠵᠢᠭᠦᠯᠬᠦ᠌ ᠪᠠ ᠵᠡᠷᠡᠮᠳᠡᠭ ᠲᠦᠷᠦᠭᠦ᠎ᠶ᠋ᠢ ᠰᠡᠷᠭᠡᠢᠯᠡᠨ ᠡᠵᠡᠮᠳᠡᠬᠦ᠌ ᠯᠠᠪᠯᠠᠭ᠎ᠠ᠎ᠶ᠋ᠢ ᠴᠢᠩᠭᠠᠳᠭᠠᠵᠤ᠂ ᠤᠷᠤᠭ᠍ᠯᠠᠬᠤᠠᠴᠠ ᠡᠮᠦᠨᠡᠬᠢ ᠡᠷᠡᠭᠦᠯᠵᠢᠯ᠎ᠢ ᠴᠢᠩᠭᠠᠳᠭᠠᠨ᠂ ᠵᠢᠷᠮᠦᠰᠦᠯᠡᠬᠦ᠌ᠠᠴᠠ ᠡᠮᠦᠨᠡᠬᠢ ᠱᠢᠯᠢᠳᠡᠭ ᠲᠦᠷᠦᠭᠦ᠌ ᠡᠷᠡᠭᠦᠯ ᠮᠡᠨᠳᠦ᠎ᠶ᠋ᠢᠨ ᠪᠠᠢᠴᠠᠭᠠᠯᠲᠠ᠎ᠶ᠋ᠢ ᠠᠬᠢᠭᠤᠯᠵᠤ᠂ ᠬᠥᠩᠭᠡᠵᠢᠬᠦ᠌᠎ᠠᠴᠠ ᠡᠮᠦᠨᠡᠬᠢ ᠱᠢᠭ᠌ᠰᠢᠨ ᠪᠠᠢᠴᠠᠭᠠᠬᠤ ᠪᠠ ᠣᠨᠣᠱᠢᠯᠠᠬᠤ᠎ᠶ᠋ᠢ ᠴᠢᠩᠭᠠᠳᠭᠠᠨ᠂ ᠵᠢᠷᠮᠦᠰᠦᠯᠡᠬᠦ᠌ ᠬᠤᠭᠤᠴᠠᠭ᠎ᠠ ᠬᠥᠩᠭᠡᠵᠢᠬᠦ᠌᠎ᠠᠴᠠ ᠡᠮᠦᠨ᠎ᠡ ᠪᠠ ᠬᠥᠩᠭᠡᠵᠢᠭ᠌ᠰᠡᠨ᠎ᠤ ᠳᠠᠷᠠᠭᠠᠬᠢ ᠨᠢᠭᠡ ᠴᠣᠭ᠍ᠴᠠᠵᠢᠭᠤᠯᠤᠭ᠍ᠰᠠᠨ ᠬᠠᠮᠢᠶᠠᠷᠤᠯᠲᠠ᠎ᠶ᠋ᠢᠨ ᠦᠢᠯᠡᠴᠢᠯᠡᠭᠡ ᠪᠣᠯᠤᠨ ᠣᠯᠠᠨ ᠱᠢᠨᠵᠢᠯᠡᠭᠡᠨ᠎ᠤ ᠰᠠᠯᠠᠭ᠎ᠠ᠎ᠶ᠋ᠢᠨ ᠬᠠᠮᠵᠢᠯᠴᠠᠭ᠎ᠠ᠎ᠶ᠋ᠢ ᠠᠬᠢᠭᠤᠯᠤᠨ᠎ᠠ᠃ ᠰᠠᠶᠢ ᠲᠥᠷᠥᠭ᠌ᠰᠡᠨ ᠬᠡᠦᠬᠡᠳ᠎ᠤᠨ ᠡᠪᠡᠳᠴᠢᠨ ᠡᠮᠭᠡᠭ᠎ᠢ ᠱᠢᠭ᠌ᠰᠢᠨ ᠪᠠᠢᠴᠠᠭᠠᠬᠤ ᠡᠪᠡᠳᠴᠢᠨ᠎ᠤ ᠲᠥᠷᠥᠯ᠎ᠤᠨ ᠬᠡᠪᠴᠢᠶ᠎ᠡ᠎ᠶ᠋ᠢ ᠥᠷᠭᠡᠳᠭᠡᠵᠦ᠍᠂ ᠡᠷᠲᠡ ᠱᠢᠭ᠌ᠰᠢᠨ ᠪᠠᠢᠴᠠᠭᠠᠵᠦ᠍ ᠡᠷᠲᠡ ᠣᠨᠣᠱᠢᠯᠠᠵᠤ ᠡᠷᠲᠡ ᠵᠠᠰᠠᠬᠤ᠎ᠶ᠋ᠢ ᠠᠬᠢᠭᠤᠯᠤᠨ᠎ᠠ᠃ ᠵᠡᠷᠡᠮᠳᠡᠭ ᠲᠦᠷᠦᠭ᠌ᠰᠡᠨ ᠭᠡᠦᠭᠡᠳ᠎ᠤᠨ ᠦᠨᠳᠦᠰᠦᠨ ᠡᠮᠴᠢᠯᠡᠭᠡ ᠪᠠ ᠡᠷᠡᠬᠦᠯᠵᠢᠬᠦᠯᠦᠨ ᠠᠪᠤᠷᠠᠨ ᠲᠤᠰᠠᠯᠠᠬᠤ ᠠᠵᠢᠯ᠎ᠢ ᠰᠠᠢᠲᠤᠷ ᠬᠢᠨ᠎ᠠ᠃
(ᠠᠷᠪᠠᠨ ᠳᠥᠷᠪᠡ) ᠬᠥᠮᠦᠨ ᠲᠥᠷᠥᠯᠬᠢᠲᠡᠨ᠎ᠤ ᠲᠤᠰᠠᠯᠠᠬᠤ ᠦᠷᠡᠵᠢᠯ᠎ᠤᠨ ᠮᠡᠷᠭᠡᠵᠢᠯ᠎ᠤᠨ ᠬᠡᠷᠡᠭ᠌ᠯᠡᠭᠡ᠎ᠶ᠋ᠢ ᠵᠢᠷᠤᠮᠵᠢᠭᠤᠯᠤᠨ᠎ᠡ᠃ ᠲᠥᠯᠥᠪᠵᠢᠭᠦᠯᠭᠡ᠎ᠪᠠᠷ ᠬᠥᠲᠥᠯᠥᠨ ᠳᠠᠭᠠᠭᠤᠯᠬᠤ᠎ᠶ᠋ᠢ ᠴᠢᠩᠭᠠᠳᠭᠠᠵᠤ᠂ ᠮᠡᠷᠭᠡᠵᠢᠯ᠎ᠤᠨ ᠬᠢᠨᠠᠨ ᠵᠥᠪᠱᠢᠶᠡᠷᠡᠯ᠎ᠢ ᠴᠢᠩᠳᠠᠯᠠᠵᠤ᠂ ᠬᠠᠩᠭᠠᠯᠭ᠎ᠠ ᠬᠡᠷᠡᠭ᠌ᠴᠡᠭᠡ ᠲᠡᠩᠴᠡᠭᠦᠷᠢᠲᠡᠶ᠂ ᠪᠠᠢᠷᠢᠱᠢᠭᠤᠯᠤᠯᠳᠠ᠎ᠨᠢ ᠵᠦᠶ ᠵᠣᠬᠢᠰᠲᠠᠶ ᠬᠥᠮᠦᠨ ᠲᠥᠷᠥᠯᠬᠢᠲᠡᠨ᠎ᠤ ᠲᠤᠰᠠᠯᠠᠬᠤ ᠦᠷᠡᠵᠢᠯ᠎ᠤᠨ ᠮᠡᠷᠭᠡᠵᠢᠯ᠎ᠤᠨ ᠦᠢᠯᠡᠴᠢᠯᠡᠭᠡᠨ᠎ᠤ ᠱᠢᠰᠲ᠋ᠧᠮ᠎ᠢ ᠪᠠᠢᠭᠤᠯᠤᠨ᠎ᠠ᠃ ᠬᠥᠮᠦᠨ ᠲᠥᠷᠥᠯᠬᠢᠲᠡᠨ᠎ᠤ ᠲᠤᠰᠠᠯᠠᠬᠤ ᠦᠷᠡᠵᠢᠯ᠎ᠤᠨ ᠮᠡᠷᠭᠡᠵᠢᠯ᠎ᠤᠨ ᠦᠢᠯᠡᠴᠢᠯᠡᠭᠡᠨ᠎ᠤ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠵᠤ᠂ ᠬᠤᠯᠪᠤᠬ᠍ᠳᠠᠯ ᠪᠥᠬᠦᠶ ᠮᠡᠷᠭᠡᠵᠢᠯ᠎ᠤᠨ ᠬᠡᠷᠡᠭ᠌ᠯᠡᠯᠳᠠᠶ᠋ᠢ ᠴᠢᠩᠭ᠎ᠠ ᠵᠢᠷᠤᠮᠵᠢᠭᠤᠯᠤᠨ᠎ᠠ᠃ ᠵᠢᠷᠮᠦᠰᠦᠯᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠲᠤᠰᠭᠠᠶ ᠪᠣᠭᠤᠮᠲᠠ ᠱᠢᠪᠲᠤᠯᠬᠤ ᠠᠵᠢᠯ᠎ᠢ ᠥᠷᠨᠢᠭᠦᠯᠵᠦ᠍᠂ ᠵᠢᠷᠮᠤᠰᠦᠯᠡᠬᠦ᠌ ᠦᠭᠡᠢ ᠡᠪᠡᠳᠴᠢᠨ᠎ᠢ ᠤᠨᠤᠱᠢᠯᠠᠨ ᠡᠮᠨᠡᠬᠦ᠌ ᠦᠢᠯᠡᠴᠢᠯᠡᠭᠡ᠎ᠶ᠋ᠢ ᠵᠢᠷᠤᠮᠵᠢᠭᠤᠯᠤᠨ᠎ᠠ᠃
ᠲᠠᠪᠤ᠂ ᠲᠦᠭᠡᠮᠡᠯ ᠬᠠᠷᠠᠭᠠᠯᠵᠠᠯᠲᠤ ᠨᠠᠢᠳᠠᠨ ᠠᠰᠠᠷᠠᠭᠤᠯᠬᠤ ᠦᠢᠯᠡᠴᠢᠯᠡᠭᠡᠨ᠎ᠤ ᠱᠢᠰᠲ᠋ᠧᠮ᠎ᠢ ᠬᠥᠭ᠌ᠵᠢᠭᠦᠯᠦᠨ᠎ᠡ
(ᠠᠷᠪᠠᠨ ᠲᠠᠪᠤ) ᠳᠡᠮᠵᠢᠯᠭᠡ᠎ᠶ᠋ᠢᠨ ᠲᠥᠷᠥ᠎ᠶ᠋ᠢᠨ ᠪᠣᠳᠣᠯᠭ᠎ᠠ ᠪᠠ ᠪᠠᠷᠢᠮᠵᠢᠶ᠎ᠠ᠎ᠶ᠋ᠢ ᠵᠢᠷᠤᠮᠵᠢᠭᠤᠯᠬᠤ ᠱᠢᠰᠲ᠋ᠧᠮ᠎ᠢ ᠪᠠᠢᠭᠤᠯᠤᠨ ᠪᠦᠷᠢᠨᠱᠢᠭᠦᠯᠦᠨ᠎ᠡ᠃ ᠨᠢᠷᠠᠶ ᠨᠢᠯᠬ᠎ᠠ ᠬᠡᠦᠬᠡᠳ᠎ᠢ ᠬᠠᠷᠠᠭᠠᠯᠵᠠᠨ ᠠᠰᠠᠷᠠᠬᠤ ᠦᠢᠯᠡᠴᠢᠯᠡᠭᠡ᠎ᠶ᠋ᠢ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠳᠤ ᠣᠷᠣᠭᠤᠯᠵᠤ᠂ ᠲᠥᠷᠥ᠎ᠶ᠋ᠢᠨ ᠪᠣᠳᠣᠯᠭ᠎ᠠ᠎ᠪᠠᠷ ᠬᠥᠲᠥᠯᠦᠨ ᠵᠢᠯᠣᠭᠤᠳᠭᠤ᠎ᠶ᠋ᠢ ᠴᠢᠩᠭᠠᠷᠠᠭᠤᠯᠤᠨ᠂ ᠭᠠᠵᠠᠷ ᠱᠢᠷᠣᠶ᠂ ᠣᠷᠣᠨ ᠰᠠᠭᠤᠴᠠ᠂ ᠡᠳ᠋᠎ᠤᠨ ᠵᠠᠰᠠᠭ᠂ ᠮᠥᠩᠭᠦᠨ ᠬᠦᠢᠯᠭᠡᠭᠡᠨ᠂ ᠴᠢᠳᠠᠪᠤᠷᠢᠲᠠᠨ ᠵᠡᠷᠭᠡ ᠳᠡᠮᠵᠢᠯᠭᠡ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠲᠡᠭᠦᠯᠳᠡᠷᠵᠢᠭᠦᠯᠬᠦ᠌᠎ᠪᠠᠷ ᠳᠠᠮᠵᠢᠭᠤᠯᠤᠨ᠂ ᠨᠡᠢᠭᠡᠮ᠎ᠤᠨ ᠬᠦᠴᠦᠨ᠎ᠢ ᠬᠥᠲᠥᠯᠦᠨ ᠵᠢᠯᠣᠭᠤᠳᠴᠤ᠌ ᠪᠠᠢᠭᠠᠳ ᠢᠳᠡᠪᠬᠢᠲᠡᠶ ᠣᠷᠣᠯᠴᠠᠭᠤᠯᠤᠨ᠎ᠠ᠃ ᠬᠤᠲᠠ ᠲᠤᠰᠭᠠᠶ ᠣᠷᠣᠨ᠎ᠤ ᠱᠠᠲᠤᠨ᠎ᠤ ᠵᠠᠰᠠᠭ ᠵᠠᠬᠢᠷᠭᠠᠨ᠎ᠤ ᠣᠷᠣᠨ᠎ᠢᠶᠠᠷ ᠨᠢᠭᠡᠴᠢ ᠪᠣᠯᠭᠠᠨ ᠪᠦᠬᠦᠯᠢ ᠴᠣᠭ᠍ᠴᠠ᠎ᠶ᠋ᠢᠨ ᠱᠢᠢᠳᠪᠤᠷᠢᠯᠡᠬᠦ᠌ ᠲᠥᠰᠦᠯ᠎ᠢ ᠲᠣᠭ᠍ᠲᠠᠭᠠᠵᠤ᠂ ᠠᠵᠢᠯ᠎ᠤᠨ ᠲᠣᠭ᠍ᠲᠠᠴᠠ᠎ᠶ᠋ᠢ ᠪᠠᠢᠭᠤᠯᠤᠨ᠂ ᠨᠠᠢᠳᠠᠨ ᠠᠰᠠᠷᠠᠭᠤᠯᠬᠤ ᠦᠢᠯᠡᠴᠢᠯᠡᠭᠡᠨ᠎ᠤ ᠡᠷᠡᠭᠦᠯ᠎ᠢᠶᠠᠷ ᠬᠥᠭ᠌ᠵᠢᠬᠦ᠌᠎ᠶ᠋ᠢ ᠠᠬᠢᠭᠤᠯᠤᠨ᠎ᠠ᠃ ᠲᠤᠰᠭᠠᠶ ᠮᠡᠷᠭᠡᠵᠢᠯ᠎ᠤᠨ ᠴᠢᠳᠠᠪᠤᠷᠢᠲᠠᠨ᠎ᠢ ᠬᠥᠮᠦᠵᠢᠭᠦᠯᠬᠦ᠌ ᠡᠷᠴᠢᠮ᠎ᠢᠶᠠᠨ ᠨᠡᠮᠡᠭ᠌ᠳᠡᠭᠦᠯᠵᠦ᠍᠂ ᠠᠵᠢᠯ ᠡᠷᠬᠢᠯᠡᠭ᠌ᠰᠡᠳ᠎ᠤᠨ ᠲᠤᠬᠠᠢᠯᠠᠬ᠍ᠰᠠᠨ ᠠᠵᠢᠯ᠎ᠤᠨ ᠬᠢᠷᠢ ᠬᠡᠮ᠎ᠳᠤ ᠵᠥᠪᠱᠢᠶᠡᠷᠡᠨ ᠣᠷᠣᠭᠤᠯᠬᠤ ᠳᠦᠷᠢᠮ᠎ᠢ ᠬᠠᠤᠯᠢ ᠶᠣᠰᠣᠭᠠᠷ ᠠᠯᠬᠤᠮ ᠠᠯᠬᠤᠮ᠎ᠢᠶᠠᠷ ᠬᠡᠷᠡᠭ᠌ᠵᠢᠭᠦᠯᠤᠨᠡ᠃ ᠣᠶᠤᠨᠳᠤ ᠨᠠᠢᠳᠠᠨ ᠠᠰᠠᠷᠠᠭᠤᠯᠬᠤ ᠵᠡᠷᠭᠡ ᠱᠢᠨ᠎ᠡ ᠡᠵᠡᠩᠨᠡᠯᠲᠡ᠎ᠶ᠋ᠢᠨ ᠬᠡᠯᠪᠡᠷᠢ᠎ᠶ᠋ᠢ ᠬᠥᠭ᠌ᠵᠢᠭᠦᠯᠵᠦ᠍᠂ ᠨᠠᠢᠳᠠᠨ ᠠᠰᠠᠷᠠᠭᠤᠯᠬᠤ ᠦᠢᠯᠡᠴᠢᠯᠡᠭᠡ᠂ ᠰᠦ ᠲᠠᠯᠬ᠎ᠠ᠎ᠶ᠋ᠢᠨ ᠦᠢᠯᠡᠰ᠂ ᠺᠠᠷᠲ᠋ᠣᠨ ᠵᠢᠷᠤᠭ ᠲᠥᠯᠥᠪᠯᠡᠭᠡ ᠪᠠ ᠦᠢᠯᠡᠳᠬᠦ᠌ ᠵᠡᠷᠭᠡ ᠠᠵᠢᠯ ᠲᠥᠷᠥᠯ᠎ᠤᠨ ᠦᠨᠳᠦᠰᠦᠲᠡᠨ᠎ᠤ ᠨᠠᠷᠠᠲᠤ ᠲᠥᠷᠥᠯ ᠲᠡᠮᠳᠡᠭ᠎ᠢ ᠪᠤᠢᠵᠢᠭᠤᠯᠤᠨ᠎ᠠ᠃
(ᠠᠷᠪᠠᠨ ᠵᠢᠷᠭᠤᠭ᠎ᠠ) ᠣᠯᠠᠨ ᠵᠦᠢᠯ᠎ᠤᠨ ᠬᠡᠯᠪᠡᠷᠢ᠎ᠶ᠋ᠢᠨ ᠲᠦᠭᠡᠮᠡᠯ ᠬᠠᠷᠠᠭᠠᠯᠵᠠᠯᠳᠦ ᠦᠢᠯᠡᠴᠢᠯᠡᠭᠡᠨᠢ ᠶᠡᠭᠡ᠎ᠪᠠᠷ ᠬᠥᠭ᠌ᠵᠢᠭᠦᠯᠦᠨ᠎ᠡ᠃ ᠲᠥᠪ᠎ᠤᠨ ᠲᠥᠰᠦᠪ᠎ᠤᠨ ᠳᠣᠲᠣᠷᠠᠬᠢ ᠪᠠᠯᠠ ᠣᠷᠣᠭᠤᠯᠤᠯᠲᠠ᠎ᠶ᠋ᠢ ᠬᠥᠲᠥᠯᠦᠨ ᠵᠢᠯᠣᠭᠤᠳᠭᠤ ᠪᠠ ᠬᠥᠱᠢᠬᠦᠷᠭᠡᠶ᠋ᠢᠨ ᠦᠢᠯᠡᠳᠣᠯ᠎ᠢ ᠪᠠᠳᠠᠷᠠᠭᠤᠯᠵᠤ᠂ ᠨᠢᠭᠡ ᠪᠦᠯᠦᠭ ᠳᠥᠭᠦᠮ ᠳᠥᠲᠡ ᠪᠥᠭᠡᠳ ᠭᠥᠷᠳᠡᠵᠦ᠍ ᠳᠡᠢᠯᠬᠦ᠂ ᠦᠨ᠎ᠡ ᠬᠠᠩᠰᠢ᠎ᠶ᠋ᠢ ᠭᠥᠯᠢᠶᠡᠨ ᠠᠪᠴᠤ᠌ ᠳᠡᠢᠯᠬᠦ᠂ ᠶᠠᠰᠤ ᠴᠢᠨᠠᠷ᠎ᠨᠢ ᠪᠠᠲᠤᠯᠠᠭ᠎ᠠ᠎ᠲᠠᠢ ᠨᠠᠢᠳᠠᠵᠤ ᠠᠰᠠᠷᠠᠭᠤᠯᠬᠤ ᠦᠢᠯᠡᠴᠢᠯᠡᠭᠡᠨ᠎ᠤ ᠪᠠᠢᠭᠤᠯᠤᠮᠵᠢ᠎ᠶ᠋ᠢ ᠪᠥᠲᠥᠭᠡᠨ ᠪᠠᠢᠭᠤᠯᠬᠤ᠎ᠶ᠋ᠢ ᠠᠬᠢᠭᠤᠯᠤᠨ᠎ᠠ᠃ ᠨᠥᠬᠦᠴᠡᠯ᠎ᠲᠠᠢ ᠬᠥᠮᠦᠨ ᠬᠡᠷᠡᠭ᠌ᠯᠡᠬᠦ᠌ ᠨᠢᠭᠡᠴᠢ᠎ᠶ᠋ᠢᠨ ᠠᠵᠢᠯᠲᠠᠨ ᠠᠵᠢᠯᠴᠢᠨ᠎ᠳᠠᠭᠠᠨ ᠨᠠᠢᠳᠠᠵᠦ᠍ ᠠᠰᠠᠷᠠᠭᠤᠯᠬᠤ ᠦᠢᠯᠡᠴᠢᠯᠡᠭᠡ ᠬᠠᠩᠭᠠᠬᠤ᠎ᠶ᠋ᠢ ᠳᠡᠮᠵᠢᠨ᠎ᠡ᠃ ᠤᠯᠤᠰ᠎ᠤᠨ ᠥᠮᠴᠢᠯᠡᠯ᠎ᠤᠨ ᠠᠵᠤ ᠠᠬᠤᠢᠯᠠᠯ ᠵᠡᠷᠭᠡ ᠭᠤᠤᠯ ᠴᠣᠭ᠍ᠴᠠ᠎ᠶ᠋ᠢᠨ᠎ᠬᠢᠨ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠠᠬᠢᠭᠤᠯᠤᠭ᠍ᠰᠠᠨ ᠲᠦᠭᠡᠮᠡᠯ ᠬᠠᠷᠠᠭᠠᠯᠵᠠᠯᠲᠤ ᠨᠠᠢᠳᠠᠵᠦ᠍ ᠠᠰᠠᠷᠠᠭᠤᠯᠬᠤ ᠦᠢᠯᠡᠴᠢᠯᠡᠭᠡᠨ᠎ᠤ ᠱᠢᠰᠲ᠋ᠧᠮ᠎ᠤᠨ ᠪᠠᠢᠭᠤᠯᠤᠯᠲᠠ᠎ᠳᠤ ᠢᠳᠡᠪᠬᠢᠲᠡᠶ ᠣᠷᠣᠯᠴᠠᠬᠤ᠎ᠶ᠋ᠢ ᠵᠣᠷᠢᠭ᠍ᠵᠢᠭᠤᠯᠤᠨ᠎ᠠ᠃ ᠨᠡᠢᠭᠡᠮ ᠲᠣᠭᠤᠷᠢᠭ᠎ᠤᠨ ᠨᠠᠢᠳᠠᠵᠦ᠍ ᠠᠰᠠᠷᠠᠭᠤᠯᠬᠤ ᠦᠢᠯᠡᠴᠢᠯᠡᠭᠡᠨ᠎ᠤ ᠲᠥᠬᠦᠭᠡᠷᠦᠮᠵᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠰᠠᠭᠤᠷᠢᠱᠢᠵᠦ᠍ ᠪᠠᠢᠭ᠎ᠠ ᠨᠡᠢᠭᠡᠮ ᠲᠣᠭᠤᠷᠢᠭ᠎ᠤᠨ ᠨᠢᠯᠬ᠎ᠠ ᠬᠡᠦᠬᠡᠳ᠎ᠤᠨ ᠬᠦᠳᠡᠯᠭᠡᠭᠡᠨ᠎ᠤ ᠲᠠᠯᠠᠪᠤᠷ ᠪᠠ ᠦᠢᠯᠡᠴᠢᠯᠡᠭᠡᠨ᠎ᠤ ᠲᠥᠬᠦᠭᠡᠷᠦᠮᠵᠢ᠎ᠶ᠋ᠢ ᠲᠡᠭᠦᠯᠳᠡᠷᠵᠢᠭᠦᠯᠦᠨ᠎ᠡ᠃ ᠭᠡᠷ ᠪᠦᠯᠢ᠎ᠶ᠋ᠢᠨ ᠨᠠᠢᠳᠠᠵᠦ᠍ ᠠᠰᠠᠷᠠᠭᠤᠯᠬᠤ ᠴᠡᠭ᠎ᠤᠨ ᠬᠠᠮᠢᠶᠠᠷᠤᠯᠲᠠ᠎ᠶ᠋ᠢᠨ ᠠᠷᠭ᠎ᠠ᠎ᠶ᠋ᠢ ᠲᠣᠭ᠍ᠲᠠᠭᠠᠨ᠎ᠠ᠃ ᠦᠶ᠎ᠡ ᠠᠯᠤᠰᠯᠠᠨ ᠬᠠᠷᠠᠭᠠᠯᠵᠠᠬᠤ᠂ ᠬᠡᠷ ᠪᠦᠯᠢ᠎ᠪᠠᠷ᠎ᠢᠶᠠᠨ ᠬᠠᠷᠢᠯᠴᠠᠨ ᠬᠠᠪᠰᠤᠷᠤᠯᠴᠠᠬᠤ ᠵᠡᠷᠭᠡ ᠬᠠᠷᠠᠭᠠᠯᠵᠠᠨ ᠠᠰᠠᠷᠠᠬᠤ ᠵᠠᠭ᠍ᠪᠤᠷ᠎ᠢ ᠳᠡᠮᠵᠢᠨ᠎ᠡ᠃ ᠭᠡᠷ᠎ᠤᠨ ᠶᠠᠪᠤᠳᠠᠯ᠎ᠤᠨ ᠠᠵᠤ ᠠᠬᠤᠢᠯᠠᠯ᠎ᠤᠨ ᠬᠡᠦᠬᠡᠳ ᠪᠤᠢᠵᠢᠭᠤᠯᠬᠤ ᠦᠢᠯᠡᠴᠢᠯᠡᠭᠡ᠎ᠪᠠᠨ ᠥᠷᠭᠡᠳᠭᠡᠬᠦ᠌᠎ᠶ᠋ᠢ ᠳᠡᠮᠵᠢᠨ᠎ᠡ᠃ ᠨᠥᠬᠦᠴᠡᠯ᠎ᠲᠠᠢ ᠬᠡᠦᠬᠡᠳ᠎ᠤᠨ ᠴᠡᠴᠡᠷᠯᠢᠭ᠎ᠤᠨ 2 ᠠᠴᠠ 3 ᠨᠠᠰᠤᠨ᠎ᠤ ᠬᠡᠦᠬᠡᠳ ᠡᠯᠰᠡᠬᠦ᠌᠎ᠶ᠋ᠢ ᠵᠣᠷᠢᠭ᠍ᠵᠢᠭᠤᠯᠤᠨ ᠳᠡᠮᠵᠢᠨ᠎ᠡ᠃
(ᠠᠷᠪᠠᠨ ᠳᠣᠯᠤᠭ᠎ᠠ) ᠶᠡᠷᠦᠩᠬᠡᠢᠯᠡᠭ᠌ᠰᠡᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠨ᠎ᠠ᠃ ᠡᠯ᠎ᠡ ᠲᠥᠷᠥᠯ᠎ᠤᠨ ᠪᠠᠢᠭᠤᠯᠤᠮᠵᠢ᠎ᠶ᠋ᠢᠨ᠎ᠬᠢᠨ ᠨᠢᠷᠠᠶ ᠨᠢᠯᠬ᠎ᠠ ᠬᠡᠦᠬᠡᠳ᠎ᠢ ᠨᠠᠢᠳᠠᠵᠦ᠍ ᠠᠰᠠᠷᠠᠭᠤᠯᠬᠤ ᠦᠢᠯᠡᠴᠢᠯᠡᠭᠡ ᠥᠷᠨᠢᠭᠦᠯᠬᠦ᠌᠎ᠳᠤ ᠡᠷᠬᠡᠪᠰᠢ ᠤᠯᠤᠰ ᠪᠠ ᠣᠷᠣᠨ ᠨᠤᠲᠤᠭ᠎ᠤᠨ ᠬᠤᠯᠪᠤᠭ᠍ᠳᠠᠯ ᠪᠥᠬᠦᠶ ᠪᠠᠷᠢᠮᠵᠢᠶ᠎ᠠ ᠪᠠ ᠵᠢᠷᠤᠮᠵᠢᠯᠳᠤ ᠨᠡᠢᠴᠡᠭᠦᠯᠬᠦ᠌᠎ᠶ᠋ᠢᠨ ᠬᠠᠮᠲᠤ ᠨᠢᠷᠠᠶ ᠨᠢᠯᠬ᠎ᠠ ᠬᠡᠦᠬᠡᠳ᠎ᠤᠨ ᠠᠮᠤᠷ ᠲᠦᠪᠱᠢᠨ ᠪᠠ ᠡᠷᠡᠭᠦᠯ ᠮᠡᠨᠳᠦ᠎ᠳᠤ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ ᠡᠭᠦᠷᠭᠡᠯᠡᠨ᠎ᠡ᠃ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ᠎ᠬᠢᠨ ᠬᠢᠨᠠᠨ ᠬᠠᠮᠢᠶᠠᠷᠬᠤ ᠬᠠᠷᠢᠭᠤᠴᠠᠯᠭ᠎ᠠ᠎ᠶ᠋ᠢ ᠡᠭᠦᠷᠭᠡᠯᠡᠨ᠂ ᠳᠠᠩᠰᠠᠯᠠᠨ ᠲᠡᠮᠳᠡᠭ᠌ᠯᠡᠬᠦ᠌ ᠳᠦᠷᠢᠮ᠂ ᠮᠡᠳᠡᠭᠡ ᠵᠠᠩᠭᠢ᠎ᠶ᠋ᠢ ᠢᠯᠡ ᠨᠡᠢᠲᠡᠯᠡᠬᠦ᠌ ᠳᠦᠷᠢᠮ᠂ ᠦᠨᠡᠯᠡᠨ ᠵᠢᠱ᠌ᠢᠬᠦ᠌ ᠳᠦᠷᠢᠮ᠎ᠢ ᠪᠠᠢᠭᠤᠯᠤᠨ ᠪᠦᠷᠢᠨᠱᠢᠭᠦᠯᠵᠦ᠍᠂ ᠬᠥᠳᠡᠯᠦᠩᠭᠦᠶ ᠬᠠᠮᠢᠶᠠᠷᠤᠯᠲᠠ᠎ᠪᠠᠨ ᠴᠢᠩᠭᠠᠳᠭᠠᠨ᠂ ᠪᠠᠢᠭᠤᠯᠤᠮᠵᠢ᠎ᠶ᠋ᠢ ᠬᠠᠭᠠᠵᠤ ᠵᠣᠭ᠍ᠰᠣᠭᠠᠬᠤ ᠵᠡᠷᠭᠡ ᠣᠨᠴᠠᠭᠠᠢ ᠪᠠᠢᠳᠠᠯ᠎ᠢ ᠪᠠᠴᠢᠮ ᠠᠷᠭᠠᠴᠠᠭᠠᠨ ᠱᠢᠢᠳᠪᠤᠷᠢᠯᠡᠬᠦ᠌ ᠲᠣᠭ᠍ᠲᠠᠴᠠ᠎ᠶ᠋ᠢ ᠪᠠᠢᠭᠤᠯᠤᠨ᠎ᠡ᠃
ᠵᠢᠷᠭᠤᠭ᠎ᠠ᠂ ᠲᠥᠷᠥᠵᠦ᠍ ᠥᠰᠭᠡᠬᠦ᠂ ᠰᠤᠷᠭᠠᠨ ᠬᠥᠮᠦᠵᠢᠭᠦᠯᠬᠦ᠌ ᠥᠪᠡᠷ᠎ᠤᠨ ᠥᠷᠲᠡᠭ᠎ᠢ ᠪᠠᠭᠤᠷᠠᠭᠤᠯᠤᠨ᠎ᠠ
(ᠠᠷᠪᠠᠨ ᠨᠠᠢ᠍ᠮᠠ) ᠦᠷᠡᠵᠢᠯ᠎ᠤᠨ ᠠᠮᠠᠷᠠᠯᠲᠠ ᠬᠢᠭᠡᠳ ᠦᠷᠡᠵᠢᠯ᠎ᠤᠨ ᠳᠠᠭᠠᠳᠭᠠᠯ᠎ᠤᠨ ᠳᠦᠷᠢᠮ᠎ᠢ ᠲᠡᠭᠦᠯᠳᠡᠷᠵᠢᠭᠦᠯᠤᠨ᠎ᠡ᠃ ᠬᠥᠩᠭᠡᠵᠢᠬᠦ᠌ ᠴᠢᠯᠥᠭᠡ᠂ ᠭᠥᠭᠦᠭᠦᠯᠬᠦ᠌ ᠴᠢᠯᠥᠭᠡ ᠵᠡᠷᠭᠡ ᠳᠦᠷᠢᠮ᠎ᠢ ᠴᠢᠩᠭ᠎ᠠ ᠨᠠᠢᠳᠠᠪᠤᠷᠢᠵᠢᠭᠤᠯᠤᠨᠡ᠃ ᠨᠥᠬᠦᠴᠡᠯ᠎ᠲᠠᠢ ᠭᠠᠵᠠᠷ ᠣᠷᠣᠨ᠎ᠤ᠎ᠬᠢᠨ ᠡᠴᠢᠭᠡ ᠡᠬᠡ᠎ᠶ᠋ᠢᠨ ᠬᠡᠦᠬᠡᠳ ᠪᠤᠢᠵᠢᠭᠤᠯᠬᠤ ᠴᠢᠯᠥᠭᠡᠨ᠎ᠤ ᠲᠤᠷᠱᠢᠯᠲᠠ᠎ᠶ᠋ᠢᠨ ᠴᠡᠭ᠎ᠤᠨ ᠠᠵᠢᠯ ᠦᠷᠨᠢᠬᠦᠯᠬᠦ᠌᠎ᠶ᠋ᠢ ᠳᠡᠮᠵᠢᠵᠦ᠍᠂ ᠠᠮᠠᠷᠠᠯᠲᠠ᠎ᠶ᠋ᠢᠨ ᠬᠤᠭᠤᠴᠠᠭᠠᠨ᠎ᠤ ᠠᠵᠢᠯᠴᠢᠨ ᠬᠡᠷᠡᠭ᠌ᠯᠡᠬᠦ᠌ ᠥᠪᠡᠷ᠎ᠤᠨ ᠥᠷᠲᠡᠭ᠎ᠢ ᠬᠤᠪᠢᠶᠠᠨ ᠡᠭᠦᠷᠭᠡᠯᠡᠬᠦ᠌ ᠲᠣᠭ᠍ᠲᠠᠴᠠ᠎ᠶ᠋ᠢ ᠪᠦᠷᠢᠨᠱᠢᠭᠦᠯᠦᠨ᠎ᠡ᠃ ᠦᠷᠡᠵᠢᠯ᠎ᠤᠨ ᠳᠠᠭᠠᠳᠭᠠᠯ᠎ᠳᠤ ᠣᠷᠣᠯᠴᠠᠭ᠍ᠰᠠᠨ ᠡᠮᠡᠭ᠌ᠲᠡᠶ ᠠᠵᠢᠯᠲᠠᠨ ᠠᠵᠢᠯᠴᠢᠨ᠎ᠤ ᠦᠷᠡᠵᠢᠯ᠎ᠤᠨ ᠡᠮ ᠡᠮᠨᠡᠯᠭᠡ᠎ᠶ᠋ᠢᠨ ᠵᠠᠷᠤᠳᠠᠯ᠂ ᠦᠷᠡᠵᠢᠯ᠎ᠤᠨ ᠨᠡᠮᠡᠭᠦᠷᠢ ᠣᠯᠭᠤᠮᠵᠢ ᠵᠡᠷᠭᠡ᠎ᠶ᠋ᠢᠨ ᠪᠠᠲᠤᠯᠠᠭ᠎ᠠ᠎ᠶ᠋ᠢ ᠦᠷᠭᠦᠯᠵᠢᠯᠡᠨ ᠰᠠᠢᠲᠤᠷ ᠬᠢᠵᠦ᠍᠂ ᠬᠤᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠡᠮ ᠡᠮᠨᠡᠯᠭᠡ᠎ᠶ᠋ᠢᠨ ᠳᠠᠭᠠᠳᠭᠠᠯ᠎ᠳᠤ ᠣᠷᠣᠯᠴᠠᠭ᠍ᠰᠠᠨ ᠬᠥᠮᠦᠨ᠎ᠤ ᠦᠷᠡᠵᠢᠯ᠎ᠤᠨ ᠡᠮ ᠡᠮᠨᠡᠯᠭᠡ᠎ᠶ᠋ᠢᠨ ᠵᠠᠷᠤᠳᠠᠯ᠎ᠤᠨ ᠪᠠᠲᠤᠯᠠᠭ᠎ᠠ᠎ᠶ᠋ᠢ ᠰᠠᠢᠲᠤᠷ ᠬᠢᠵᠦ᠍᠂ ᠦᠷᠡᠵᠢᠯ᠎ᠤᠨ ᠡᠮ ᠡᠮᠨᠡᠯᠭᠡ᠎ᠶ᠋ᠢᠨ ᠵᠠᠷᠤᠳᠠᠯ᠎ᠤᠨ ᠳᠠᠷᠤᠭᠠᠰᠤ᠎ᠶ᠋ᠢ ᠬᠥᠩᠭᠡᠷᠡᠭᠦᠯᠦᠨ᠎ᠡ᠃
(ᠠᠷᠪᠠ ᠶᠢᠰᠦ) ᠭᠠᠢᠯᠢ᠂ ᠣᠷᠣᠨ ᠰᠠᠭᠤᠴᠠ ᠵᠡᠷᠭᠡ᠎ᠶ᠋ᠢᠨ ᠳᠡᠮᠵᠢᠯᠭᠡ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠴᠢᠩᠭᠠᠳᠭᠠᠨ᠎ᠠ᠃ ᠲᠠᠷᠠᠭᠠᠴᠢ᠎ᠶ᠋ᠢᠨ ᠠᠯᠬᠤᠮ᠎ᠤᠨ ᠬᠤᠪᠢ ᠬᠦᠮᠦᠨ᠎ᠤ ᠤᠯᠵᠠᠪᠤᠷᠢ᠎ᠶ᠋ᠢᠨ ᠭᠠᠢᠯᠢ᠎ᠶ᠋ᠢᠨ ᠬᠠᠤᠯᠢ᠎ᠳᠤ ᠵᠠᠰᠠᠪᠤᠷᠢ ᠣᠷᠣᠭᠤᠯᠬᠤ᠎ᠲᠠᠢ ᠤᠶᠠᠯᠳᠤᠭᠤᠯᠵᠤ᠂ 3 ᠨᠠᠰᠤᠨ᠎ᠠᠴᠠ ᠳᠣᠷᠣᠭ᠍ᠰᠢᠬᠢ ᠨᠢᠯᠬ᠎ᠠ ᠬᠡᠤᠬᠡᠳ᠎ᠤᠨ ᠠᠰᠠᠷᠠᠨ ᠬᠠᠷᠠᠭᠠᠯᠵᠠᠬᠤ ᠵᠠᠷᠤᠳᠠᠯ᠎ᠢ ᠬᠤᠪᠢ ᠬᠥᠮᠦᠨ᠎ᠤ ᠤᠯᠵᠠᠪᠤᠷᠢ᠎ᠶ᠋ᠢᠨ ᠭᠠᠢᠯᠢ᠎ᠶ᠋ᠢᠨ ᠲᠤᠰᠭᠠᠶ ᠵᠦᠢᠯ᠎ᠤᠨ ᠨᠡᠮᠡᠯᠲᠡ᠎ᠶ᠋ᠢᠨ ᠰᠠᠭᠤᠯᠭᠠᠨ ᠠᠪᠬᠤ᠎ᠳᠤ ᠣᠷᠣᠭᠤᠯᠬᠤ᠎ᠶ᠋ᠢ ᠰᠤᠳᠤᠯᠤᠨ ᠠᠬᠢᠭᠤᠯᠤᠨ᠎ᠠ᠃ ᠣᠷᠣᠨ ᠨᠤᠲᠤᠭ᠎ᠤᠨ ᠵᠠᠰᠠᠭ᠎ᠤᠨ ᠣᠷᠳᠣᠨ ᠨᠡᠢᠲᠡ᠎ᠶ᠋ᠢᠨ ᠲᠦᠷᠢᠶᠡᠰᠦᠨ ᠣᠷᠣᠨ ᠰᠠᠭᠤᠴᠠ᠎ᠶ᠋ᠢ ᠲᠣᠬᠢᠷᠠᠭᠤᠯᠬᠤ᠎ᠳᠠᠭᠠᠨ ᠲᠤᠬᠠᠶ᠎ᠶ᠋ᠢᠨ ᠭᠠᠵᠠᠷ᠎ᠤᠨ ᠣᠷᠣᠨ ᠰᠠᠭᠤᠴᠠ᠎ᠶ᠋ᠢᠨ ᠪᠠᠲᠤᠯᠠᠭ᠎ᠠ᠎ᠶ᠋ᠢᠨ ᠨᠥᠬᠦᠴᠡᠯ᠎ᠳᠤ ᠨᠡᠢᠴᠡᠬᠦ᠌ ᠮᠥᠷᠲᠡᠭᠡᠨ ᠨᠠᠰᠤᠨ᠎ᠳᠤ ᠬᠦᠷᠦᠭᠡᠳᠦᠢ ᠦᠷ᠎ᠡ ᠬᠡᠦᠬᠡᠳ᠎ᠲᠠᠢ ᠭᠡᠷ ᠪᠦᠯᠢ᠎ᠳᠤ ᠨᠠᠰᠤᠨ᠎ᠳᠤ ᠬᠦᠷᠦᠭᠡᠳᠦᠢ ᠦᠷ᠎ᠡ ᠬᠡᠦᠬᠡᠳ᠎ᠤᠨ ᠲᠤᠭ᠎ᠠ᠎ᠶ᠋ᠢ ᠦᠨᠳᠦᠰᠦᠯᠡᠨ ᠣᠷᠣᠨ ᠰᠠᠭᠤᠴᠠ᠎ᠶ᠋ᠢᠨ ᠬᠡᠯᠪᠡᠷᠢ ᠰᠣᠩᠭᠤᠬᠤ ᠵᠡᠷᠭᠡ ᠲᠠᠯ᠎ᠠ᠎ᠪᠠᠷ ᠵᠣᠬᠢᠰᠲᠠᠶ ᠬᠠᠷᠠᠭᠠᠯᠵᠠᠯ ᠦᠵᠡᠭᠦᠯᠵᠦ᠍ ᠪᠣᠯᠤᠨ᠎ᠠ᠃ ᠣᠷᠣᠨ ᠨᠤᠲᠤᠭ᠎ᠤᠨ ᠵᠠᠰᠠᠭ᠎ᠤᠨ ᠣᠷᠳᠣᠨ᠎ᠠᠴᠠ ᠨᠠᠰᠤᠨ᠎ᠳᠤ ᠬᠦᠷᠦᠭᠡᠳᠦᠢ ᠦᠷ᠎ᠡ ᠬᠡᠦᠬᠡᠳ᠎ᠢᠶᠠᠨ ᠥᠰᠭᠡᠨ ᠪᠤᠢᠵᠢᠭᠤᠯᠬᠤ ᠳᠠᠷᠤᠭᠠᠰᠤ᠎ᠶ᠋ᠢᠨ ᠪᠠᠢᠳᠠᠯ᠎ᠢ ᠦᠨᠳᠦᠰᠦᠯᠡᠨ ᠵᠦᠷᠢᠶᠡᠴᠢᠯᠡᠭ᠌ᠰᠡᠨ ᠲᠦᠷᠢᠶᠡᠰᠦᠯᠡᠯ ᠪᠠ ᠭᠡᠷ ᠪᠠᠢᠱᠢᠩ ᠬᠤᠳᠠᠯᠳᠤᠨ ᠠᠪᠬᠤ ᠬᠠᠷᠠᠭᠠᠯᠵᠠᠯ᠎ᠤᠨ ᠲᠦᠷᠦ᠎ᠶ᠋ᠢᠨ ᠪᠤᠳᠤᠯᠭ᠎ᠠ᠎ᠶ᠋ᠢ ᠰᠤᠳᠤᠯᠤᠨ ᠲᠣᠭ᠍ᠲᠠᠭᠠᠵᠤ ᠪᠣᠯᠤᠨ᠎ᠠ᠃
(ᠬᠤᠷᠢ) ᠰᠤᠷᠭᠠᠨ ᠬᠥᠮᠦᠵᠢᠯ᠎ᠤᠨ ᠡᠷᠬᠡ ᠲᠡᠭ᠌ᠰᠢ ᠪᠠ ᠴᠢᠨᠠᠷ ᠰᠠᠢᠲᠠᠶ ᠰᠤᠷᠭᠠᠨ ᠬᠥᠮᠦᠵᠢᠯ᠎ᠤᠨ ᠡᠬᠢ ᠪᠠᠶᠠᠯᠢᠭ᠎ᠤᠨ ᠬᠠᠩᠭᠠᠯᠭ᠎ᠠ᠎ᠶ᠋ᠢ ᠠᠬᠢᠭᠤᠯᠤᠨ᠎ᠠ᠃ ᠬᠤᠲᠠ ᠪᠠᠯᠭᠠᠰᠤ᠎ᠶ᠋ᠢᠨ ᠰᠠᠭᠤᠭᠠᠯᠢ ᠠᠷᠠᠳ᠎ᠤᠨ ᠲᠣᠭᠤᠷᠢᠭ᠎ᠤᠨ ᠢᠵᠢ ᠪᠥᠷᠢᠳᠦᠭ᠌ᠰᠡᠨ ᠬᠡᠤᠬᠡᠳ᠎ᠤᠨ ᠴᠡᠴᠡᠷᠯᠢᠭ᠎ᠤᠨ ᠵᠠᠰᠠᠯᠲᠠ᠎ᠶ᠋ᠢ ᠠᠬᠢᠭᠤᠯᠵᠤ᠂ ᠲᠦᠭᠡᠮᠡᠯ ᠬᠠᠷᠠᠭᠠᠯᠵᠠᠯ᠎ᠤᠨ ᠴᠢᠨᠠᠷᠲᠠᠶ ᠬᠡᠤᠬᠡᠳ᠎ᠤᠨ ᠴᠡᠴᠡᠷᠯᠢᠭ᠎ᠤᠨ ᠪᠦᠷᠬᠦᠴᠡ᠎ᠶ᠋ᠢ ᠦᠷᠭᠦᠯᠵᠢᠯᠡᠨ ᠳᠡᠭᠡᠭ᠌ᠰᠢᠯᠡᠭᠦᠯᠵᠦ᠍᠂ ᠴᠡᠴᠡᠷᠯᠢᠭ᠎ᠲᠤ ᠪᠠᠢᠬᠤ ᠬᠤᠭᠤᠴᠠᠭ᠎ᠠ᠎ᠶ᠋ᠢ ᠵᠣᠬᠢᠰᠲᠠᠶ ᠤᠷᠲᠤᠳᠭᠠᠬᠤ ᠪᠤᠶᠤ ᠨᠠᠢᠳᠠᠨ ᠬᠠᠮᠢᠶᠠᠷᠤᠭᠤᠯᠬᠤ ᠦᠢᠯᠡᠴᠢᠯᠡᠭᠡ᠎ᠶ᠋ᠢ ᠬᠠᠩᠭᠠᠨ᠎ᠠ᠃ ᠠᠯᠪᠠᠨ ᠵᠢᠷᠤᠮ᠎ᠤᠨ ᠰᠤᠷᠭᠠᠨ ᠬᠥᠮᠦᠵᠢᠯ᠎ᠤᠨ ᠴᠢᠨᠠᠷ ᠰᠠᠢᠲᠠᠶ ᠪᠥᠭᠡᠳ ᠲᠡᠩᠴᠡᠭᠦᠷᠢᠲᠡᠶ ᠬᠥᠭ᠌ᠵᠢᠬᠦ᠌ ᠪᠠ ᠬᠤᠳᠠ ᠬᠥᠳᠡᠭᠡ᠎ᠶ᠋ᠢ ᠨᠢᠭᠡ ᠴᠤᠭ᠍ᠴᠠᠵᠢᠭᠤᠯᠬᠤ᠎ᠶ᠋ᠢ ᠠᠬᠢᠭᠤᠯᠵᠤ᠂ 《ᠰᠤᠷᠭᠠᠭᠤᠯᠢ ᠰᠣᠩᠭᠤᠬᠤ ᠬᠠᠯᠠᠮᠱᠢᠯ》 ᠤᠨ ᠪᠡᠷᠬᠡ ᠰᠡᠳᠦᠪ᠎ᠢ ᠪᠦᠲᠦᠮᠵᠢᠲᠡᠶ ᠱᠢᠢᠳᠪᠤᠷᠢᠯᠡᠨᠡ᠃ ᠰᠤᠷᠭᠠᠭᠤᠯᠢ᠎ᠶ᠋ᠢᠨ ᠰᠤᠷᠭᠠᠨ ᠬᠥᠮᠦᠵᠢᠯ᠎ᠤᠨ ᠡᠬᠢ ᠪᠠᠶᠠᠯᠢᠭ᠎ᠲᠤ ᠲᠦᠱᠢᠭ᠌ᠯᠡᠨ᠂ ᠨᠡᠢᠲᠡ᠎ᠶ᠋ᠢᠨ ᠠᠰᠠᠷᠠᠮᠵᠢ᠎ᠶ᠋ᠢᠨ ᠲᠦᠭᠡᠮᠡᠯ ᠬᠠᠷᠠᠭᠠᠯᠵᠠᠯ᠎ᠢᠶᠠᠷ ᠵᠠᠷᠴᠢᠮ ᠪᠣᠯᠭᠠᠵᠤ᠂ ᠬᠢᠴᠢᠶᠡᠯ᠎ᠤᠨ ᠳᠠᠷᠠᠭᠠᠬᠢ ᠰᠣᠶᠣᠯ ᠪᠡᠶ᠎ᠠ᠎ᠶ᠋ᠢᠨ ᠲᠠᠮᠢᠷ᠎ᠤᠨ ᠠᠵᠢᠯᠯᠠᠭ᠎ᠠ᠂ ᠨᠡᠢᠭᠡᠮ᠎ᠤᠨ ᠦᠢᠯᠡᠳᠣᠯᠭᠡ᠎ᠶ᠋ᠢᠨ ᠲᠥᠷᠥᠯ ᠵᠦᠢᠯ ᠪᠠ ᠨᠠᠢᠳᠠᠨ ᠬᠠᠮᠢᠶᠠᠷᠤᠭᠤᠯᠬᠤ ᠦᠢᠯᠡᠴᠢᠯᠡᠭᠡᠨᠢ ᠪᠥᠬᠦ᠌ ᠲᠠᠯ᠎ᠠ᠎ᠪᠠᠷ ᠥᠷᠨᠢᠭᠦᠯᠵᠦ᠍᠂ ᠰᠤᠷᠭᠠᠭᠤᠯᠢ ᠲᠠᠷᠬᠠᠬᠤ ᠴᠠᠭ᠎ᠢ ᠡᠴᠢᠭᠡ ᠡᠬᠡ᠎ᠶ᠋ᠢᠨ ᠬᠢᠨᠢ ᠠᠵᠢᠯ᠎ᠠᠴᠠ᠎ᠪᠠᠨ ᠪᠠᠭᠤᠬᠤ ᠴᠠᠭᠯᠤᠭᠠ ᠵᠣᠯᠭᠠᠭᠤᠯᠬᠤ᠎ᠶ᠋ᠢ ᠠᠬᠢᠭᠤᠯᠤᠨ᠎ᠠ᠃ ᠰᠤᠷᠭᠠᠭᠤᠯᠢ᠎ᠶ᠋ᠢᠨ ᠳᠣᠲᠣᠷᠠᠬᠢ ᠵᠢᠭᠠᠨ ᠰᠤᠷᠭᠠᠯᠲᠠ᠎ᠶ᠋ᠢᠨ ᠶᠠᠰᠤ ᠴᠢᠨᠠᠷ ᠪᠠ ᠰᠤᠷᠭᠠᠨ ᠬᠥᠮᠦᠵᠢᠯ᠎ᠤᠨ ᠦᠨᠡᠯᠡᠯᠲᠡ᠎ᠶ᠋ᠢ ᠰᠠᠢᠵᠢᠷᠠᠭᠤᠯᠵᠤ᠂ ᠰᠤᠷᠤᠭ᠍ᠴᠢᠳ᠎ᠤᠨ ᠬᠢᠴᠢᠶᠡᠯ᠎ᠤᠨ ᠭᠠᠳᠠᠨᠠᠬᠢ ᠪᠣᠯᠪᠠᠰᠤᠷᠠᠯ᠎ᠳᠤ ᠣᠷᠣᠯᠴᠠᠭ᠍ᠰᠠᠨ ᠤᠳᠠᠭ᠎ᠠ᠂ ᠵᠠᠷᠤᠳᠠᠯ ᠵᠡᠷᠭᠡ ᠪᠠᠢᠳᠠᠯ᠎ᠢ ᠰᠤᠷᠭᠠᠨ ᠬᠥᠮᠦᠵᠢᠯ᠎ᠤᠨ ᠱᠠᠯᠠᠪᠳᠠᠭᠤᠯᠤᠨ ᠵᠢᠯᠣᠭᠤᠳᠭᠤ ᠱᠢᠰᠲ᠋ᠧᠮ᠎ᠳᠤ ᠣᠷᠣᠭᠤᠯᠤᠨ᠎ᠠ᠃ ᠬᠡᠷ ᠪᠦᠯᠢ ᠪᠠ ᠰᠤᠷᠭᠠᠭᠤᠯᠢ᠎ᠶ᠋ᠢᠨ ᠰᠤᠷᠭᠠᠨ ᠬᠥᠮᠦᠵᠢᠯ᠎ᠤᠨ ᠳᠠᠷᠤᠭᠠᠰᠤ᠎ᠶ᠋ᠢ ᠲᠡᠩᠴᠡᠭᠦᠷᠢᠱᠢᠭᠦᠯᠵᠦ᠍᠂ ᠰᠤᠷᠭᠠᠭᠤᠯᠢ᠎ᠶ᠋ᠢᠨ ᠭᠠᠳᠠᠨᠠᠬᠢ ᠪᠣᠯᠪᠠᠰᠤᠷᠠᠯ᠎ᠢ ᠴᠢᠩᠭ᠎ᠠ ᠵᠢᠷᠤᠮᠵᠢᠭᠤᠯᠤᠨ᠎ᠠ᠃
(ᠬᠤᠷᠢᠨ ᠨᠢᠭᠡ) ᠡᠮᠡᠭ᠌ᠲᠡᠢᠴᠦᠳ᠎ᠤᠨ ᠠᠵᠢᠯ ᠤᠯᠭᠤᠯᠳᠠ᠎ᠶ᠋ᠢᠨ ᠬᠠᠤᠯᠢ ᠶᠣᠰᠣᠨ᠎ᠤ ᠡᠷᠬᠡ ᠠᠱᠢᠭ᠎ᠢ ᠪᠠᠲᠤᠯᠠᠨ᠎ᠠ᠃ ᠪᠠᠢᠭᠤᠯᠭ᠎ᠠ᠂ ᠠᠵᠤ ᠠᠬᠤᠢᠯᠠᠯ ᠠᠵᠢᠯ ᠦᠢᠯᠡᠰ᠎ᠤᠨ ᠨᠢᠭᠡᠴᠢ ᠵᠡᠷᠭᠡ ᠬᠥᠮᠦᠨ ᠬᠡᠷᠡᠭ᠌ᠯᠡᠬᠦ᠌ ᠨᠢᠭᠡᠴᠢ᠎ᠶ᠋ᠢᠨ ᠡᠯᠰᠡᠨ ᠬᠡᠷᠡᠭ᠌ᠯᠡᠬᠦ᠂ ᠤᠷᠢᠨ ᠬᠡᠷᠡᠭ᠌ᠯᠡᠬᠦ᠌ ᠠᠵᠢᠯᠯᠠᠭ᠎ᠠ᠎ᠶ᠋ᠢ ᠵᠢᠷᠤᠮᠵᠢᠭᠤᠯᠵᠤ᠂ ᠡᠮᠡᠭ᠌ᠲᠡᠢᠴᠦᠳ᠎ᠤᠨ ᠡᠷᠬᠡ ᠲᠡᠭ᠌ᠰᠢ᠎ᠪᠠᠷ ᠠᠵᠢᠯ ᠤᠯᠬᠤ᠎ᠶ᠋ᠢ ᠠᠬᠢᠭᠤᠯᠤᠨ᠎ᠠ᠃ 《ᠡᠮᠡᠭ᠌ᠲᠡᠶ ᠠᠵᠢᠯᠲᠠᠨ ᠠᠵᠢᠯᠴᠢᠨ᠎ᠤ ᠬᠥᠳᠡᠯᠮᠦᠷᠢ᠎ᠶ᠋ᠢᠨ ᠬᠠᠮᠠᠭᠠᠯᠠᠯᠲᠠ᠎ᠶ᠋ᠢᠨ ᠣᠨᠴᠠᠭᠠᠶ ᠲᠣᠭ᠍ᠲᠠᠭᠠᠯ》 ᠢ ᠰᠠᠢᠲᠤᠷ ᠨᠠᠢᠳᠠᠪᠤᠷᠢᠵᠢᠭᠤᠯᠵᠤ᠂ ᠡᠮᠡᠭ᠌ᠲᠡᠶ ᠠᠵᠢᠯᠲᠠᠨ ᠠᠵᠢᠯᠴᠢᠨ᠎ᠤ ᠦᠷᠡᠵᠢᠯ᠎ᠤᠨ ᠡᠷᠬᠡ ᠠᠱᠢᠭ᠎ᠤᠨ ᠪᠠᠲᠤᠯᠠᠭ᠎ᠠ᠎ᠶ᠋ᠢᠨ ᠲᠤᠰᠭᠠᠶ ᠲᠥᠷᠥᠯ᠎ᠤᠨ ᠱᠠᠯᠠᠪᠳᠠᠭᠤᠯᠤᠨ ᠪᠠᠢᠴᠠᠭᠠᠯᠲᠠ᠎ᠶ᠋ᠢ ᠲᠣᠭ᠍ᠲᠠᠮᠠᠯ ᠬᠤᠭᠤᠴᠠᠭ᠎ᠠ᠎ᠲᠠᠢ᠎ᠪᠠᠷ ᠥᠷᠨᠢᠭᠦᠯᠦᠨ᠎ᠡ᠃ ᠬᠥᠩᠭᠡᠵᠢᠬᠦ᠌᠎ᠠᠴᠠ ᠪᠣᠯᠵᠣ ᠠᠵᠢᠯ ᠤᠯᠭᠤᠯᠳᠠ᠎ᠨᠢ ᠵᠤᠬ᠍ᠰᠤᠩᠭᠤᠢ᠍ᠢᠷᠠᠭ᠍ᠰᠠᠨ ᠡᠮᠡᠭ᠌ᠲᠡᠢᠴᠦᠳ᠎ᠲᠤ ᠳᠠᠬᠢᠨ ᠠᠵᠢᠯ ᠣᠯᠭᠤᠬᠤ ᠪᠣᠯᠪᠠᠰᠤᠷᠠᠯ᠎ᠤᠨ ᠣᠯᠠᠨ ᠨᠡᠢᠲᠡ᠎ᠶ᠋ᠢᠨ ᠦᠢᠯᠡᠴᠢᠯᠡᠭᠡ ᠬᠠᠩᠭᠠᠨ᠎ᠠ᠃ ᠦᠷᠡᠵᠢᠯ᠎ᠤᠨ ᠲᠠᠯ᠎ᠠ᠎ᠪᠠᠷ ᠨᠥᠬᠦᠷᠰᠡᠭ ᠪᠠᠢᠬᠤ᠎ᠶ᠋ᠢ ᠬᠥᠮᠦᠨ ᠬᠡᠷᠡᠭ᠌ᠯᠡᠬᠦ᠌ ᠨᠢᠭᠡᠴᠢ᠎ᠶ᠋ᠢᠨ ᠨᠡᠢᠭᠡᠮ᠎ᠤᠨ ᠬᠠᠷᠢᠭᠤᠴᠠᠯᠭ᠎ᠠ᠎ᠶ᠋ᠢ ᠡᠭᠦᠷᠭᠡᠯᠡᠬᠦ᠌᠎ᠶ᠋ᠢᠨ ᠴᠢᠬᠤᠯᠠ ᠲᠠᠯ᠎ᠠ ᠪᠣᠯᠭᠠᠵᠤ᠂ ᠬᠥᠮᠦᠨ ᠬᠡᠷᠡᠭ᠌ᠯᠡᠬᠦ᠌ ᠨᠢᠭᠡᠴᠢ᠎ᠶ᠋ᠢᠨ ᠠᠵᠢᠯᠳᠠᠨ ᠠᠵᠢᠯᠴᠢᠨ᠎ᠤ ᠠᠵᠢᠯ ᠪᠠ ᠭᠡᠷ ᠪᠦᠯᠢ᠎ᠶ᠋ᠢᠨ ᠬᠠᠷᠢᠴᠠᠭ᠎ᠠ᠎ᠶ᠋ᠢ ᠲᠡᠩᠴᠡᠭᠦᠷᠢᠲᠡᠶ ᠪᠠᠢᠯᠭᠠᠬᠤ᠎ᠳᠤ ᠠᠱᠢᠭ᠍ᠲᠠᠶ ᠠᠷᠭ᠎ᠠ ᠬᠡᠮᠵᠢᠶ᠎ᠡ ᠲᠣᠭ᠍ᠲᠠᠭᠠᠬᠤ᠎ᠶ᠋ᠢ ᠵᠣᠷᠢᠭ᠍ᠵᠢᠭᠤᠯᠵᠤ᠂ ᠨᠢᠷᠠᠢ ᠨᠢᠯᠬ᠎ᠠ ᠬᠡᠦᠬᠡᠳ᠎ᠢ ᠬᠠᠷᠠᠭᠠᠯᠵᠠᠬᠤ᠎ᠳᠤ ᠠᠱᠢᠭ᠍ᠲᠠᠶ ᠠᠮᠢᠳᠤᠯᠢᠭ ᠠᠮᠠᠷᠠᠯᠲᠠ᠎ᠶ᠋ᠢᠨ ᠴᠢᠯᠥᠭᠡ ᠪᠠ ᠠᠮᠢᠳᠤᠯᠢᠭ ᠠᠵᠢᠯᠯᠠᠬᠤ ᠠᠷᠭ᠎ᠠ ᠭᠡᠯᠪᠡᠷᠢ᠎ᠶ᠋ᠢ ᠬᠠᠤᠯᠢ ᠶᠣᠰᠣᠭᠠᠷ ᠵᠥᠪᠳᠡᠯᠴᠡᠨ ᠲᠣᠭ᠍ᠲᠠᠭᠠᠨ᠎ᠠ᠃ ᠠᠮᠠᠷᠠᠯᠲᠠ᠎ᠶ᠋ᠢᠨ ᠴᠢᠯᠥᠭᠡ ᠪᠠ ᠠᠵᠢᠯᠯᠠᠬᠤ ᠴᠠᠭ᠎ᠤᠨ ᠲᠤᠬᠠᠶ ᠤᠳᠤ᠎ᠶ᠋ᠢᠨ ᠬᠡᠷᠡᠭ᠌ᠵᠢᠭᠦᠯᠵᠦ᠍ ᠪᠠᠢᠭ᠎ᠠ ᠬᠤᠯᠪᠣᠭ᠍ᠳᠠᠯ ᠪᠦᠬᠦᠢ ᠲᠦᠷᠦ᠎ᠶ᠋ᠢᠨ ᠪᠤᠳᠤᠯᠭ᠎ᠠ᠎ᠶ᠋ᠢᠨ ᠲᠣᠭ᠍ᠲᠠᠭᠠᠯ᠎ᠢ ᠴᠠᠭᠲᠤᠨᠢ ᠲᠣᠬᠢᠷᠠᠭᠤᠯᠤᠨ ᠵᠤᠬᠢᠬᠤ ᠵᠠᠰᠠᠪᠤᠷᠢ ᠤᠷᠤᠭᠤᠯᠵᠦ᠍ ᠲᠡᠭᠦᠯᠳᠡᠷᠵᠢᠭᠦᠯᠦᠨ᠎ᠡ᠃
ᠳᠣᠯᠤᠭ᠎ᠠ᠂ ᠲᠥᠷᠥ᠎ᠶ᠋ᠢᠨ ᠪᠣᠳᠣᠯᠭ᠎ᠠ᠎ᠶ᠋ᠢᠨ ᠲᠣᠬᠢᠷᠠᠭᠤᠯᠤᠯᠲᠠ᠎ᠶ᠋ᠢ ᠡᠮᠬᠢ ᠵᠢᠷᠤᠮ᠎ᠲᠠᠢ ᠵᠤᠯᠭᠠᠭᠤᠯᠤᠨ᠎ᠠ
(ᠬᠤᠷᠢᠨ ᠬᠤᠶᠠᠷ) ᠲᠥᠯᠥᠪᠯᠡᠭᠡᠲᠦ ᠦᠷᠡᠵᠢᠯ᠎ᠤᠨ ᠬᠡᠷ ᠪᠦᠯᠢ᠎ᠶ᠋ᠢᠨ ᠬᠠᠤᠯᠢ ᠶᠣᠰᠣᠨ᠎ᠤ ᠡᠷᠬᠡ ᠠᠱᠢᠭ᠎ᠢ ᠰᠠᠢᠲᠤᠷ ᠬᠠᠮᠠᠭᠠᠯᠠᠨ᠎ᠠ᠃ ᠬᠤᠶᠠᠷ ᠬᠡᠤᠬᠡᠳ ᠠᠪᠴᠦ᠍ ᠪᠤᠯᠬᠤ᠎ᠶ᠋ᠢ ᠪᠥᠬᠦ᠌ ᠲᠠᠯ᠎ᠠ᠎ᠪᠠᠷ ᠵᠥᠪᠱᠢᠶᠡᠷᠡᠬᠦ᠌ ᠲᠥᠷᠥ᠎ᠶ᠋ᠢᠨ ᠪᠣᠳᠣᠯᠭ᠎ᠠ᠎ᠳᠤ ᠲᠣᠬᠢᠷᠠᠭᠤᠯᠤᠯᠲᠠ ᠬᠢᠬᠦ᠌᠎ᠠᠴᠠ ᠡᠮᠦᠨᠡᠬᠢ ᠭᠠᠭ᠍ᠴᠠ ᠬᠡᠤᠬᠡᠳ᠎ᠲᠠᠢ ᠬᠡᠷ ᠪᠦᠯᠢ ᠪᠠ ᠬᠥᠳᠡᠭᠡ ᠲᠣᠰᠭᠤᠨ᠎ᠤ ᠲᠥᠯᠥᠪᠯᠡᠭᠡᠲᠦ ᠦᠷᠡᠵᠢᠯ᠎ᠤᠨ ᠬᠤᠶᠠᠷ ᠥᠬᠢᠨ᠎ᠲᠠᠢ ᠬᠡᠷ ᠪᠦᠯᠢ᠎ᠳᠤ ᠣᠲᠣ᠎ᠶ᠋ᠢᠨ ᠬᠡᠷᠡᠭ᠌ᠵᠢᠭᠦᠯᠵᠦ᠍ ᠪᠠᠢᠭ᠎ᠠ ᠡᠯ᠎ᠡ ᠵᠦᠢᠯ᠎ᠤᠨ ᠱᠠᠩᠨᠠᠨ ᠲᠡᠳᠬᠦᠬᠦ᠌ ᠲᠦᠷᠢᠮ ᠪᠠ ᠬᠠᠷᠠᠭᠠᠯᠵᠠᠯ᠎ᠤᠨ ᠲᠥᠷᠥ᠎ᠶ᠋ᠢᠨ ᠪᠣᠳᠣᠯᠭ᠎ᠠ᠎ᠶ᠋ᠢ ᠦᠷᠭᠦᠯᠵᠢᠯᠡᠨ ᠬᠡᠷᠡᠭ᠌ᠵᠢᠭᠦᠯᠦᠨ᠎ᠡ᠃ ᠭᠠᠭ᠍ᠴᠠ ᠬᠡᠤᠬᠡᠳ᠎ᠤᠨ ᠡᠴᠢᠭᠡ ᠡᠬᠡ᠎ᠪᠠᠨ ᠠᠰᠠᠷᠠᠨ ᠰᠤᠪᠢᠯᠠᠬᠤ ᠴᠢᠯᠥᠭᠡᠨ᠎ᠤ ᠲᠦᠷᠢᠮ᠎ᠢ ᠰᠦᠪᠡᠭ᠌ᠴᠢᠯᠡᠨ ᠪᠠᠢᠭᠤᠯᠤᠨ᠎ᠠ᠃ ᠬᠠᠤᠯᠢ ᠲᠣᠭ᠍ᠲᠠᠭᠠᠬᠤ ᠠᠵᠢᠯ᠎ᠢ ᠴᠢᠩᠭᠠᠳᠭᠠᠵᠤ᠂ ᠨᠠᠮ ᠪᠠ ᠤᠯᠤᠰ᠎ᠤᠨ ᠤᠷᠢᠶᠠᠯᠠᠭ᠎ᠠ᠎ᠶ᠋ᠢ ᠴᠤᠤᠷᠢᠶᠠᠲᠤᠨ ᠲᠠᠭᠠᠵᠤ᠂ ᠲᠥᠯᠥᠪᠯᠡᠭᠡ᠎ᠳᠦ ᠦᠷᠡᠵᠢᠯ᠎ᠢ ᠬᠡᠷᠡᠭ᠌ᠵᠢᠭᠦᠯᠦᠭ᠌ᠰᠡᠨ ᠭᠡᠷ ᠪᠦᠯᠢ᠎ᠶ᠋ᠢᠨ ᠬᠠᠤᠯᠢ ᠶᠣᠰᠣᠨ᠎ᠤ ᠡᠷᠬᠡ ᠠᠱᠢᠭ᠎ᠢ ᠪᠠᠲᠤᠯᠠᠨ᠎ᠠ᠃
(ᠬᠤᠷᠢᠨ ᠭᠤᠷᠪᠠ) ᠲᠥᠯᠥᠪᠯᠡᠭᠡᠲᠦ ᠦᠷᠡᠵᠢᠯ᠎ᠤᠨ ᠣᠨᠴᠠᠭᠠᠢ ᠬᠡᠷ ᠪᠦᠯᠢ᠎ᠶ᠋ᠢ ᠪᠥᠬᠦ᠌ ᠲᠠᠯ᠎ᠠ᠎ᠪᠠᠷ ᠬᠠᠪᠰᠤᠷᠤᠨ ᠲᠡᠳᠬᠦᠬᠦ᠌ ᠪᠠᠲᠤᠯᠠᠭ᠎ᠠ᠎ᠶ᠋ᠢᠨ ᠲᠦᠷᠢᠮ᠎ᠢ ᠪᠠᠢᠭᠤᠯᠤᠨ ᠪᠦᠷᠢᠨᠱᠢᠭᠦᠯᠦᠨ᠎ᠡ᠃ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠲᠦᠪᠱᠢᠨ ᠵᠡᠷᠭᠡ ᠬᠦᠴᠦᠨ ᠵᠦᠢᠯ᠎ᠢ ᠦᠨᠳᠦᠰᠦᠯᠡᠨ᠂ ᠣᠨᠴᠠᠭᠠᠶ ᠳᠡᠮᠵᠢᠨ ᠲᠤᠰᠠᠯᠠᠬᠤ ᠲᠦᠷᠢᠮ᠎ᠤᠨ ᠪᠠᠷᠢᠮᠵᠢᠶ᠎ᠠ᠎ᠶ᠋ᠢ ᠬᠥᠳᠡᠯᠦᠩᠭᠦᠶ᠎ᠪᠠᠷ ᠳᠣᠭᠢᠷᠠᠭᠤᠯᠬᠤ᠎ᠶ᠋ᠢ ᠬᠡᠷᠡᠭ᠌ᠵᠢᠭᠦᠯᠦᠨ᠎ᠡ᠃ ᠨᠥᠬᠦᠴᠡᠯ᠎ᠳᠤ ᠨᠡᠢᠴᠡᠬᠦ᠌ ᠲᠥᠯᠥᠪᠯᠡᠭᠡᠲᠦ ᠦᠷᠡᠵᠢᠯ᠎ᠤᠨ ᠣᠨᠴᠠᠭᠠᠶ ᠬᠡᠷ ᠪᠦᠯᠢ᠎ᠶ᠋ᠢᠨ ᠪᠦᠷᠢᠯᠳᠦᠬᠦᠨ᠎ᠳᠤ ᠦᠨᠳᠦᠰᠦᠨ ᠨᠠᠰᠤᠵᠢᠯ᠎ᠤᠨ ᠠᠰᠠᠷᠠᠮᠵᠢ᠂ ᠦᠨᠳᠦᠰᠦᠨ ᠡᠮᠴᠢᠯᠡᠭᠡᠨ᠎ᠤ ᠪᠠᠲᠤᠯᠠᠭ᠎ᠠ᠎ᠶ᠋ᠢᠨ ᠬᠤᠯᠪᠤᠬ᠍ᠳᠠᠯ ᠪᠥᠬᠦᠶ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠤᠨ᠎ᠠ; ᠠᠯᠪᠠᠨ᠎ᠠᠴᠠ ᠡᠷᠭᠢᠯᠡᠭ᠌ᠰᠡᠨ ᠨᠠᠰᠤᠵᠢᠯ᠎ᠤᠨ ᠠᠰᠠᠷᠠᠮᠵᠢ᠎ᠶ᠋ᠢᠨ ᠪᠠᠢᠭᠤᠯᠤᠮᠵᠢ᠎ᠳᠤ ᠣᠷᠣᠵᠤ ᠰᠠᠭᠤᠬᠤ᠎ᠶ᠋ᠢ ᠤᠷᠢᠳ᠎ᠢᠶᠠᠷ ᠳᠣᠭᠢᠷᠠᠭᠤᠯᠵᠤ᠂ ᠲᠥᠯᠥᠪᠦᠷᠢ ᠥᠬᠡᠶ ᠪᠤᠶᠤ ᠰᠦᠢᠳᠭᠡᠯ ᠪᠠᠭ᠎ᠠ ᠬᠤᠷᠢᠶᠠᠬᠤ ᠨᠠᠢᠳᠠᠨ ᠠᠰᠠᠷᠠᠭᠤᠯᠬᠤ ᠦᠢᠯᠡᠴᠢᠯᠡᠭᠡ ᠬᠠᠩᠭᠠᠨ᠎ᠠ; ᠣᠷᠣᠨ ᠰᠠᠭᠤᠴᠠ᠎ᠶ᠋ᠢᠨ ᠲᠠᠯ᠎ᠠ᠎ᠪᠠᠷ ᠬᠦᠴᠢᠷᠳᠡᠯᠲᠠᠢᠶ᠋ᠢᠨᠢ ᠣᠷᠣᠨ ᠰᠠᠭᠤᠴᠠ᠎ᠶ᠋ᠢᠨ ᠪᠠᠲᠤᠯᠠᠭ᠎ᠠ᠎ᠳᠤ ᠤᠷᠢᠳ᠎ᠢᠶᠠᠷ ᠣᠷᠣᠭᠤᠯᠤᠨ᠎ᠠ᠃ ᠨᠥᠬᠦᠴᠡᠯ᠎ᠲᠠᠢ ᠭᠠᠵᠠᠷ ᠣᠷᠣᠨ᠎ᠨᠢ ᠲᠥᠯᠥᠪᠯᠡᠭᠡ᠎ᠳᠦ ᠦᠷᠡᠵᠢᠯ᠎ᠤᠨ ᠣᠨᠴᠠᠭᠠᠶ ᠭᠡᠷ ᠪᠦᠯᠢ᠎ᠶ᠋ᠢᠨ ᠪᠦᠷᠢᠯᠳᠦᠬᠦᠨ᠎ᠤ ᠳᠣᠲᠣᠷᠠᠬᠢ ᠠᠮᠢᠳᠤᠷᠠᠯ᠎ᠢᠶᠠᠨ ᠤᠷᠳᠤ ᠬᠤᠭᠤᠴᠠᠭ᠎ᠠ᠎ᠪᠠᠷ ᠥᠪᠡᠷ᠎ᠢᠶᠠᠨ ᠠᠷᠭᠠᠴᠠᠭᠠᠵᠤ ᠳᠡᠢᠯᠬᠦ᠌ ᠦᠭᠡᠢ᠂ ᠠᠵᠤ ᠠᠬᠤᠶ᠎ᠶ᠋ᠢᠨ ᠲᠠᠯ᠎ᠠ᠎ᠪᠠᠷ ᠬᠦᠴᠢᠷᠳᠡᠯ᠎ᠲᠠᠢ ᠨᠠᠰᠤᠲᠠᠢᠴᠤᠳ᠎ᠲᠤ ᠠᠰᠠᠷᠠᠨ ᠰᠤᠪᠢᠯᠠᠬᠤ ᠨᠥᠬᠦᠪᠥᠷᠢ ᠣᠯᠭᠤᠵᠤ ᠪᠣᠯᠤᠨ᠎ᠠ᠃ ᠳᠡᠮᠵᠢᠨ ᠲᠤᠰᠠᠯᠠᠬᠤ᠎ᠳᠤ ᠬᠡᠷᠡᠭ᠌ᠰᠡᠬᠦ᠌ ᠪᠠᠯᠠ ᠮᠥᠩᠭᠦ᠎ᠶ᠋ᠢ ᠰᠠᠢᠲᠤᠷ ᠨᠠᠢᠳᠠᠪᠤᠷᠢᠵᠢᠭᠤᠯᠵᠤ᠂ ᠨᠥᠬᠦᠴᠡᠯ᠎ᠲᠠᠢ ᠭᠠᠵᠠᠷ ᠣᠷᠣᠨ᠎ᠨᠢ ᠨᠡᠢᠲᠡ᠎ᠶ᠋ᠢᠨ ᠠᠰᠠᠷᠠᠮᠵᠢ᠎ᠶ᠋ᠢᠨ ᠮᠥᠩᠭᠦ᠌ ᠪᠤᠶᠤ ᠰᠠᠭᠤᠷᠢ ᠮᠥᠩᠭᠦ᠌ ᠰᠦᠪᠡᠭ᠌ᠴᠢᠯᠡᠨ ᠪᠠᠢᠭᠤᠯᠵᠦ᠍᠂ ᠲᠥᠯᠥᠪᠯᠡᠭᠡᠲᠦ ᠦᠷᠡᠵᠢᠯ᠎ᠤᠨ ᠣᠨᠴᠠᠭᠠᠢ ᠬᠡᠷ ᠪᠦᠯᠢ᠎ᠶ᠋ᠢ ᠬᠠᠪᠰᠤᠷᠤᠨ ᠲᠡᠳᠬᠦᠬᠦ᠌᠎ᠳᠤ ᠭᠤᠤᠯᠳᠠᠯᠭ᠎ᠠ᠎ᠲᠠᠢ ᠬᠡᠷᠡᠭ᠌ᠯᠡᠨ᠎ᠡ᠃
(ᠬᠤᠷᠢᠨ ᠳᠥᠷᠪᠡ) ᠵᠠᠰᠠᠭ᠎ᠤᠨ ᠣᠷᠳᠣᠨ᠎ᠢᠶᠠᠷ ᠭᠤᠤᠯᠯᠠᠭᠤᠯᠤᠭ᠍ᠰᠠᠨ᠂ ᠨᠡᠢᠭᠡᠮ᠎ᠤᠨ ᠵᠣᠬᠢᠶᠠᠨ ᠪᠠᠢᠭᠤᠯᠤᠯᠲᠠ ᠣᠷᠣᠯᠴᠠᠭ᠍ᠰᠠᠨ ᠳᠡᠮᠵᠢᠨ ᠬᠠᠯᠠᠮᠵᠢᠯᠠᠬᠤ ᠠᠵᠢᠯ᠎ᠤᠨ ᠲᠣᠭ᠍ᠲᠠᠴᠠ᠎ᠶ᠋ᠢ ᠪᠠᠢᠭᠤᠯᠤᠨ ᠪᠦᠷᠢᠨᠱᠢᠭᠦᠯᠦᠨ᠎ᠡ᠃ ᠢᠯᠡ᠎ᠪᠠᠷ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠌ ᠠᠷᠭ᠎ᠠ ᠭᠡᠯᠪᠡᠷᠢ᠎ᠪᠠᠷ ᠳᠠᠮᠵᠢᠭᠤᠯᠤᠨ᠂ ᠬᠢᠷᠢ ᠬᠡᠮ᠎ᠲᠠᠢ ᠨᠡᠢᠭᠡᠮ᠎ᠤᠨ ᠵᠣᠬᠢᠶᠠᠨ ᠪᠠᠢᠭᠤᠯᠤᠯᠲᠠ᠎ᠶ᠋ᠢᠨ ᠲᠥᠯᠥᠪᠯᠡᠭᠡᠲᠦ ᠦᠷᠡᠵᠢᠯ᠎ᠤᠨ ᠣᠨᠴᠠᠭᠠᠢ ᠬᠡᠷ ᠪᠦᠯᠢ᠎ᠶ᠋ᠢᠨ ᠨᠠᠢᠳᠠᠯᠭ᠎ᠠ᠎ᠶ᠋ᠢ ᠭᠥᠯᠢᠶᠡᠨ ᠠᠪᠬᠤ᠎ᠶ᠋ᠢ ᠳᠡᠮᠵᠢᠵᠦ᠍᠂ ᠠᠮᠢᠳᠤᠷᠠᠯ᠎ᠢ᠎ᠨᠢ ᠬᠠᠷᠠᠭᠠᠯᠵᠠᠬᠤ᠂ ᠣᠶᠤᠨ ᠰᠠᠨᠠᠭ᠎ᠠ᠎ᠶ᠋ᠢ᠎ᠨᠢ ᠲᠠᠢᠳᠭᠤᠷᠠᠭᠤᠯᠬᠤ ᠵᠡᠷᠭᠡ ᠦᠢᠯᠡᠴᠢᠯᠡᠭᠡᠨᠢ ᠥᠷᠨᠢᠭᠦᠯᠵᠦ᠍᠂ ᠨᠠᠰᠤᠵᠢᠯ᠎ᠤᠨ ᠪᠠᠢᠭᠤᠯᠤᠮᠵᠢ᠎ᠳᠤ ᠣᠷᠣᠵᠤ ᠰᠠᠭᠤᠬᠤ᠂ ᠡᠮᠨᠡᠭᠦᠯᠬᠦ᠌ ᠪᠠ ᠠᠰᠠᠷᠠᠨ ᠰᠤᠪᠢᠯᠠᠬᠤ ᠵᠡᠷᠭᠡ ᠶᠠᠪᠤᠳᠠᠯ᠎ᠢ ᠬᠠᠤᠯᠢ ᠶᠣᠰᠣᠭᠠᠷ ᠣᠷᠣᠯᠠᠨ ᠭᠦᠢᠴᠡᠳᠭᠡᠨ᠎ᠡ᠃ 《ᠰᠡᠳᠭᠢᠯ᠎ᠢ ᠳᠤᠯᠠᠭᠠᠴᠠᠭᠤᠯᠬᠤ ᠠᠵᠢᠯᠯᠠᠭ᠎ᠠ》 ᠶ᠋ᠢ ᠭᠦᠨᠵᠡᠭᠡᠶ ᠥᠷᠨᠢᠭᠦᠯᠦᠨ᠎ᠡ᠃ ᠲᠣᠭ᠍ᠲᠠᠮᠠᠯ ᠬᠤᠭᠤᠴᠠᠭ᠎ᠠ᠎ᠲᠠᠢ᠎ᠪᠠᠷ ᠲᠣᠭᠤᠷᠢᠨ ᠰᠤᠷᠪᠤᠯᠵᠢᠯᠠᠬᠤ ᠳᠦᠷᠢᠮ᠎ᠢ ᠪᠠᠢᠭᠤᠯᠵᠤ᠂ ᠲᠥᠯᠥᠪᠯᠡᠭᠡᠲᠦ ᠦᠷᠡᠵᠢᠯ᠎ᠤᠨ ᠣᠨᠴᠠᠭᠠᠶ ᠭᠡᠷ ᠪᠦᠯᠢ᠎ᠶ᠋ᠢᠨ 《ᠬᠤᠣᠰ ᠠᠵᠢᠯ᠎ᠤᠨ ᠪᠠᠢᠷᠢ》 ᠶ᠋ᠢᠨ ᠬᠠᠷᠢᠯᠴᠠᠬᠤ ᠬᠥᠮᠦᠨ᠎ᠤ ᠳᠦᠷᠢᠮ᠎ᠢ ᠨᠠᠢᠳᠠᠪᠤᠷᠢᠵᠢᠭᠤᠯᠵᠤ᠂ ᠬᠠᠪᠰᠤᠷᠤᠨ ᠲᠡᠳᠬᠦᠬᠦ᠌ ᠠᠮᠤᠷ ᠲᠦᠪᠱᠢᠨ᠎ᠤ ᠲᠣᠣᠷ᠎ᠢ ᠪᠠᠲᠤ ᠪᠠᠬᠢ ᠨᠢᠭ᠍ᠲᠠ ᠰᠦᠯᠵᠢᠨ᠎ᠡ᠃
ᠨᠠᠢ᠍ᠮᠠ᠂ ᠵᠣᠬᠢᠶᠠᠨ ᠪᠠᠢᠭᠤᠯᠵᠤ ᠬᠡᠷᠡᠭ᠌ᠵᠢᠭᠦᠯᠬᠦ᠌ ᠪᠠᠲᠤᠯᠠᠭ᠎ᠠ᠎ᠶ᠋ᠢ ᠴᠢᠩᠭᠠᠳᠭᠠᠨ᠎ᠠ
(ᠬᠤᠷᠢᠨ ᠲᠠᠪᠤ) ᠨᠠᠮ᠎ᠤᠨ ᠤᠳᠤᠷᠢᠳᠤᠯᠭ᠎ᠠ᠎ᠶ᠋ᠢ ᠴᠢᠩᠭᠠᠳᠭᠠᠨ᠎ᠠ᠃ ᠡᠯ᠎ᠡ ᠱᠠᠲᠤᠨ᠎ᠤ ᠨᠠᠮ᠎ᠤᠨ ᠬᠤᠷᠢᠶ᠎ᠠ ᠪᠠ ᠵᠠᠰᠠᠭ᠎ᠤᠨ ᠣᠷᠳᠣᠨ ᠤᠯᠤᠰ ᠲᠥᠷᠥ᠎ᠶ᠋ᠢᠨ ᠵᠣᠭ᠍ᠰᠣᠴᠠ᠎ᠪᠠᠨ ᠳᠡᠭᠡᠭ᠌ᠰᠢᠯᠡᠭᠦᠯᠵᠦ᠍᠂ ᠤᠯᠤᠰ᠎ᠤᠨ ᠪᠠᠢᠳᠠᠯ᠂ ᠤᠯᠤᠰ᠎ᠤᠨ ᠪᠣᠳᠣᠯᠭ᠎ᠠ᠎ᠶ᠋ᠢᠨ ᠤᠬᠠᠮᠰᠠᠷ᠎ᠢᠶᠠᠨ ᠴᠢᠩᠭᠠᠳᠭᠠᠵᠤ᠂ ᠨᠢᠭᠡᠳᠦᠭᠡᠷ ᠬᠠᠷᠢᠭᠤᠴᠠᠯᠭᠠᠳᠠᠨ ᠪᠡᠶ᠎ᠡ᠎ᠪᠠᠷ᠎ᠢᠶᠠᠨ ᠠᠳᠭᠤᠬᠤ᠂ ᠶᠡᠷᠦᠩᠬᠡᠶ ᠬᠠᠷᠢᠭᠤᠴᠠᠯᠭ᠎ᠠ᠎ᠶ᠋ᠢ ᠡᠭᠦᠷᠭᠡᠯᠡᠬᠦ᠌᠎ᠶ᠋ᠢ ᠪᠠᠷᠢᠮᠲᠠᠯᠠᠨ᠂ ᠬᠠᠷᠠᠯᠲᠠᠲᠤ ᠬᠠᠮᠢᠶᠠᠷᠤᠯᠲᠠ᠎ᠶ᠋ᠢᠨ ᠬᠠᠷᠢᠭᠤᠴᠠᠯᠭ᠎ᠠ᠎ᠶ᠋ᠢᠨ ᠲᠦᠷᠢᠮ᠎ᠢ ᠪᠠᠷᠢᠮᠲᠠᠯᠠᠨ ᠲᠡᠭᠦᠯᠳᠡᠷᠵᠢᠭᠦᠯᠵᠦ᠍᠂ ᠨᠢᠭᠡᠳᠦᠯᠲᠡᠶ ᠲᠥᠯᠥᠪᠵᠢᠭᠦᠯᠬᠦ᠂ ᠲᠥᠷᠥ᠎ᠶ᠋ᠢᠨ ᠪᠣᠳᠣᠯᠭ᠎ᠠ᠎ᠶ᠋ᠢᠨ ᠵᠣᠬᠢᠴᠠᠭᠤᠯᠭ᠎ᠠ ᠪᠠ ᠠᠵᠢᠯ᠎ᠤᠨ ᠨᠠᠢᠳᠠᠪᠤᠷᠢᠵᠢᠭᠤᠯᠤᠯᠲᠠ᠎ᠶ᠋ᠢ ᠴᠢᠩᠭᠠᠳᠭᠠᠨ᠂ ᠢᠳᠡᠪᠬᠢᠲᠡᠶ ᠦᠷᠡᠵᠢᠯ᠎ᠢ ᠳᠡᠮᠵᠢᠬᠦ᠌ ᠠᠷᠭ᠎ᠠ ᠬᠡᠮᠵᠢᠶ᠎ᠡ ᠳᠤᠭ᠍ᠳᠠᠭᠠᠬᠤ᠎ᠶ᠋ᠢ ᠠᠬᠢᠭᠤᠯᠵᠤ᠂ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠬᠤ᠂ ᠠᠷᠭ᠎ᠠ ᠬᠡᠮᠵᠢᠶ᠎ᠡ᠎ᠶ᠋ᠢ ᠪᠣᠳᠠᠲᠠᠢᠵᠢᠭᠤᠯᠬᠤ᠂ ᠣᠷᠣᠭᠤᠯᠤᠯᠲᠠ᠎ᠶ᠋ᠢ ᠪᠣᠳᠠᠲᠠᠢᠵᠢᠭᠤᠯᠬᠤ᠂ ᠨᠠᠢᠳᠠᠪᠤᠷᠢᠵᠢᠭᠤᠯᠤᠯᠲᠠ᠎ᠶ᠋ᠢ ᠪᠣᠳᠠᠲᠠᠢᠵᠢᠭᠤᠯᠬᠤ᠎ᠶ᠋ᠢ ᠪᠠᠲᠤᠯᠠᠨ᠎ᠠ᠃
(ᠬᠤᠷᠢᠨ ᠵᠢᠷᠭᠤᠭ᠎ᠠ) ᠨᠡᠢᠭᠡᠮ᠎ᠤᠨ ᠬᠦᠴᠦᠨ᠎ᠢ ᠳᠠᠢᠴᠢᠯᠠᠨ᠎ᠠ᠃ ᠵᠠᠰᠠᠭ᠎ᠤᠨ ᠣᠷᠳᠣᠨ ᠪᠠ ᠨᠡᠢᠭᠡᠮ᠎ᠤᠨ ᠬᠠᠮᠵᠢᠯᠴᠠᠨ ᠵᠠᠰᠠᠬᠤ᠎ᠶ᠋ᠢ ᠴᠢᠩᠭᠠᠳᠭᠠᠵᠤ᠂ ᠠᠵᠢᠯᠴᠢᠨ᠎ᠤ ᠡᠪᠯᠡᠯ᠂ ᠡᠪ ᠬᠠᠮᠲᠤ ᠵᠠᠯᠠᠭᠤᠴᠤᠳ᠎ᠤᠨ ᠡᠪᠯᠡᠯ᠂ ᠡᠮᠡᠭ᠌ᠲᠡᠢᠴᠦᠳ᠎ᠤᠨ ᠬᠤᠯᠪᠣᠭ᠎ᠠ ᠵᠡᠷᠭᠡ ᠣᠯᠠᠨ ᠲᠦᠮᠡᠨ᠎ᠤ ᠪᠦᠯᠬᠦᠮ᠎ᠤᠨ ᠵᠣᠬᠢᠶᠠᠨ ᠪᠠᠢᠭᠤᠯᠤᠯᠲᠠ᠎ᠶ᠋ᠢᠨ ᠬᠥᠮᠦᠨ ᠠᠮᠠ᠎ᠶ᠋ᠢᠨ ᠬᠥᠭ᠌ᠵᠢᠯᠲᠡ᠂ ᠬᠡᠷ ᠪᠦᠯᠢ᠎ᠶ᠋ᠢᠨ ᠪᠠᠢᠭᠤᠯᠤᠯᠲᠠ᠂ ᠦᠷᠡᠵᠢᠯ᠎ᠤᠨ ᠳᠡᠮᠵᠢᠯᠭᠡ᠎ᠶ᠋ᠢ ᠠᠬᠢᠭᠤᠯᠬᠤ ᠵᠡᠷᠭᠡ ᠲᠠᠯ᠎ᠠ᠎ᠪᠠᠷ᠎ᠬᠢ ᠴᠢᠬᠤᠯᠠ ᠦᠢᠯᠡᠳᠣᠯ᠎ᠢ ᠭᠦᠢᠴᠡᠳ ᠪᠠᠳᠠᠷᠠᠭᠤᠯᠤᠨ᠎ᠠ᠃ ᠲᠥᠯᠥᠪᠯᠡᠭᠡᠲᠦ ᠦᠷᠡᠵᠢᠯ᠎ᠤᠨ ᠨᠡᠢᠭᠡᠮᠯᠢᠭ᠎ᠤᠨ ᠦᠢᠯᠡᠳᠣᠯ᠎ᠢ ᠢᠳᠡᠪᠬᠢᠲᠡᠶ ᠪᠠᠳᠠᠷᠠᠭᠤᠯᠵᠤ᠂ ᠦᠨᠳᠦᠰᠦᠨ ᠱᠠᠲᠤᠨ᠎ᠤ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠨ᠂ ᠤᠬᠠᠭᠤᠯᠭ᠎ᠠ ᠬᠥᠮᠦᠵᠢᠯ᠂ ᠦᠷᠡᠵᠢᠯ᠎ᠤᠨ ᠡᠷᠡᠭᠦᠯ ᠮᠡᠨᠳᠦ᠎ᠶ᠋ᠢᠨ ᠠᠰᠠᠭᠤᠨ ᠯᠠᠪᠯᠠᠬᠤ ᠦᠢᠯᠡᠴᠢᠯᠡᠭᠡ᠂ ᠱᠢᠯᠢᠳᠡᠭ ᠲᠥᠷᠥᠭᠦᠯᠵᠦ᠍ ᠱᠢᠯᠢᠳᠡᠭ ᠥᠰᠭᠡᠬᠦ᠌ ᠵᠢᠯᠤᠭᠤᠳᠤᠯᠭ᠎ᠠ᠂ ᠲᠥᠯᠥᠪᠯᠡᠭᠡᠲᠦ ᠦᠷᠡᠵᠢᠯ᠎ᠤᠨ ᠬᠡᠷ ᠪᠦᠯᠢ᠎ᠶ᠋ᠢ ᠬᠠᠪᠰᠤᠷᠤᠨ ᠲᠡᠳᠬᠦᠬᠦ᠂ ᠡᠷᠬᠡ ᠠᠱᠢᠭ᠎ᠢ ᠬᠠᠮᠠᠭᠠᠯᠠᠬᠤ᠂ ᠬᠡᠷ ᠪᠦᠯᠢ᠎ᠶ᠋ᠢᠨ ᠡᠷᠡᠭᠦᠯ ᠮᠡᠨᠳᠦ᠎ᠶ᠋ᠢ ᠠᠬᠢᠭᠤᠯᠬᠤ ᠵᠡᠷᠭᠡ ᠠᠵᠢᠯ᠎ᠢ ᠰᠠᠢᠲᠤᠷ ᠬᠢᠨ᠎ᠠ᠃ ᠨᠡᠢᠭᠡᠮ᠎ᠤᠨ ᠵᠣᠬᠢᠶᠠᠨ ᠪᠠᠢᠭᠤᠯᠤᠯᠲᠠ᠎ᠶ᠋ᠢᠨ ᠡᠷᠡᠭᠦᠯ ᠮᠡᠨᠳᠦ᠎ᠶ᠋ᠢᠨ ᠮᠡᠳᠡᠯᠭᠡ᠎ᠶ᠋ᠢ ᠲᠦᠭᠡᠮᠡᠯᠵᠢᠭᠦᠯᠬᠦ᠂ ᠨᠢᠷᠠᠢ ᠨᠢᠯᠬ᠎ᠠ ᠬᠡᠤᠬᠡᠳ᠎ᠢ ᠬᠠᠷᠠᠭᠠᠯᠵᠠᠨ ᠠᠰᠠᠷᠠᠬᠤ ᠦᠢᠯᠡᠴᠢᠯᠡᠭᠡ ᠵᠡᠷᠭᠡ ᠨᠡᠢᠲᠡ᠎ᠶ᠋ᠢᠨ ᠠᠰᠠᠷᠠᠮᠵᠢ᠎ᠶ᠋ᠢᠨ ᠠᠵᠢᠯᠯᠠᠭ᠎ᠠ ᠥᠷᠨᠢᠭᠦᠯᠬᠦ᠌᠎ᠶ᠋ᠢ ᠵᠣᠷᠢᠭ᠍ᠵᠢᠭᠤᠯᠤᠨ᠎ᠠ᠃ ᠨᠠᠰᠤᠲᠠᠢᠴᠤᠳ᠎ᠤᠨ ᠠᠮᠢᠳᠤᠷᠠᠯ᠎ᠤᠨ ᠬᠡᠷᠡᠭ᠌ᠴᠡᠭᠡ ᠱᠠᠭᠠᠷᠳᠠᠯᠭ᠎ᠠ᠎ᠶ᠋ᠢ ᠬᠠᠩᠭᠠᠬᠤ ᠪᠠ ᠨᠢᠷᠠᠢ ᠨᠢᠯᠬ᠎ᠠ ᠬᠡᠤᠬᠡᠳ᠎ᠤᠨ ᠡᠷᠡᠭᠦᠯ᠎ᠢᠶᠠᠷ ᠦᠰᠦᠨ ᠪᠤᠢᠵᠢᠬᠤ ᠣᠷᠴᠢᠨ ᠲᠣᠭᠤᠷᠢᠨ᠎ᠢ ᠪᠣᠶ ᠪᠣᠯᠭᠠᠬᠤ᠎ᠪᠠᠷ ᠤᠳᠤᠷᠢᠳᠤᠮᠵᠢ ᠪᠣᠯᠭᠠᠵᠤ᠂ ᠠᠮᠢᠵᠢᠷᠠᠯ᠎ᠤᠨ ᠬᠦᠴᠦᠨ᠎ᠲᠠᠢ ᠬᠦᠭ᠌ᠵᠢᠭ᠌ᠰᠡᠨ ᠬᠤᠲᠠ᠎ᠶ᠋ᠢ ᠡᠭᠦᠳᠦᠨ ᠪᠠᠢᠭᠤᠯᠬᠤ ᠠᠵᠢᠯᠯᠠᠭ᠎ᠠ᠎ᠶ᠋ᠢ ᠥᠷᠨᠢᠭᠦᠯᠦᠨ᠎ᠡ᠃
(ᠬᠤᠷᠢᠨ ᠳᠣᠯᠤᠭ᠎ᠠ) ᠪᠠᠢᠯᠳᠤᠬᠤ ᠪᠣᠳᠣᠯᠭ᠎ᠠ᠎ᠶ᠋ᠢᠨ ᠰᠤᠳᠤᠯᠭᠠᠨ᠎ᠢ ᠭᠦᠨᠵᠡᠭᠡᠢᠷᠡᠭᠦᠯᠦᠨ᠎ᠡ᠃ ᠨᠡᠢᠭᠡᠮ ᠵᠢᠷᠤᠮᠳᠤ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠦᠳᠦᠭᠡᠨ ᠪᠠᠢᠭᠤᠯᠬᠤ ᠪᠠ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠳᠤ ᠬᠠᠨᠳᠤᠭᠤᠯᠤᠨ᠂ ᠤᠯᠤᠰ᠎ᠤᠨ ᠬᠥᠮᠦᠨ ᠠᠮᠠ᠎ᠶ᠋ᠢᠨ ᠳᠤᠮᠳᠠ ᠤᠷᠳᠤ ᠬᠤᠭᠤᠴᠠᠭᠠᠨ᠎ᠤ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ ᠪᠠ ᠣᠷᠣᠨ ᠪᠦᠰᠡ᠎ᠶ᠋ᠢᠨ ᠬᠥᠮᠦᠨ ᠠᠮᠠ᠎ᠶ᠋ᠢᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠰᠤᠳᠤᠯᠭᠠᠨ᠎ᠢ ᠦᠷᠭᠦᠯᠵᠢᠯᠡᠨ ᠭᠦᠨᠵᠡᠭᠡᠢᠷᠡᠭᠦᠯᠵᠦ᠍᠂ ᠬᠥᠮᠦᠨ ᠠᠮᠠ᠎ᠶ᠋ᠢᠨ ᠣᠷᠣᠨ ᠵᠠᠶ᠎ᠶ᠋ᠢᠨ ᠪᠠᠢᠷᠢᠱᠢᠯ᠎ᠢ ᠲᠡᠭᠦᠯᠳᠡᠷᠵᠢᠭᠦᠯᠵᠦ᠍᠂ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠲᠤᠬᠢᠷᠠᠭᠤᠯᠤᠯᠳᠠ᠎ᠶ᠋ᠢ ᠱᠢᠯᠢᠳᠡᠭ᠌ᠵᠢᠭᠦᠯᠦᠨ᠎ᠡ᠃ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠬᠥᠮᠦᠨ ᠠᠮᠠ᠎ᠶ᠋ᠢᠨ ᠱᠢᠨᠵᠢᠯᠡᠭᠡᠨ᠎ᠤ ᠰᠠᠯᠠᠭ᠎ᠠ ᠪᠠ ᠤᠨᠤᠯ᠎ᠤᠨ ᠱᠢᠰᠲ᠋ᠧᠮ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠬᠥᠮᠦᠨ ᠠᠮᠠ᠎ᠶ᠋ᠢᠨ ᠰᠤᠳᠤᠯᠭᠠᠨ᠎ᠤ ᠳᠡᠭᠡᠳᠦ ᠲᠡᠰ᠎ᠤᠨ ᠤᠶᠤᠨ᠎ᠤ ᠬᠥᠮᠥᠷᠭᠡ᠎ᠶ᠋ᠢ ᠬᠥᠭ᠌ᠵᠢᠭᠦᠯᠵᠦ᠍᠂ ᠤᠯᠠᠨ ᠤᠯᠤᠰ᠎ᠤᠨ ᠰᠣᠯᠢᠯᠴᠠᠭ᠎ᠠ ᠬᠠᠮᠲᠤᠷᠠᠯᠴᠠᠭ᠎ᠠ᠎ᠶ᠋ᠢ ᠠᠬᠢᠭᠤᠯᠤᠨ᠎ᠠ᠃
(ᠬᠤᠷᠢᠨ ᠨᠠᠢ᠍ᠮᠠ) ᠤᠬᠠᠭᠤᠯᠵᠤ ᠬᠥᠲᠥᠯᠦᠨ ᠵᠢᠯᠣᠭᠤᠳᠭᠤ᠎ᠶ᠋ᠢ ᠰᠠᠢᠲᠤᠷ ᠬᠢᠨ᠎ᠠ᠃ ᠲᠦᠷᠦ᠎ᠶ᠋ᠢᠨ ᠪᠤᠳᠤᠯᠭ᠎ᠠ᠎ᠶ᠋ᠢᠨ ᠤᠬᠠᠭᠤᠯᠭ᠎ᠠ ᠲᠠᠢᠯᠤᠮᠵᠢ᠎ᠶ᠋ᠢ ᠴᠢᠩᠭᠠᠳᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠪᠣᠯᠤᠨ ᠪᠦᠬᠦ᠌ ᠨᠡᠢᠭᠡᠮ᠎ᠤᠨ ᠦᠵᠡᠯ ᠰᠠᠨᠠᠭ᠎ᠠ ᠦᠢᠯᠡ ᠠᠵᠢᠯᠯᠠᠭ᠎ᠠ᠎ᠶ᠋ᠢ ᠨᠠᠮ᠎ᠤᠨ ᠲᠥᠪ ᠬᠤᠷᠢᠶᠠᠨ᠎ᠤ ᠴᠢᠬᠤᠯᠠ ᠶᠡᠭᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠳᠡᠭᠡᠷ᠎ᠡ ᠨᠢᠭᠡᠳᠭᠡᠵᠦ᠍᠂ ᠨᠡᠢᠭᠡᠮ᠎ᠤᠨ ᠡᠯ᠎ᠡ ᠡᠲᠡᠭᠡᠳ᠎ᠢ ᠬᠦᠳᠦᠯᠦᠨ ᠵᠢᠯᠣᠭᠤᠳᠴᠤ᠌ ᠪᠠᠢᠭᠠᠳ ᠬᠥᠮᠦᠨ ᠠᠮᠠ᠎ᠶ᠋ᠢᠨ ᠪᠦᠲᠦᠴᠡ᠎ᠶ᠋ᠢᠨ ᠴᠢᠨᠠᠷᠲᠠᠢ ᠬᠤᠪᠢᠷᠠᠯᠲᠠ᠎ᠶ᠋ᠢ ᠵᠥᠪ ᠲᠠᠨᠢᠭᠤᠯᠵᠤ᠂ ᠭᠤᠣᠯ ᠬᠦᠭ ᠠᠶᠠᠰ᠎ᠢ ᠴᠤᠤᠷᠢᠶᠠᠲᠤᠭᠤᠯᠵᠤ᠂ ᠢᠳᠡᠪᠬᠢ ᠬᠦᠴᠦᠨ᠎ᠢ ᠨᠢᠭ᠍ᠲᠠᠷᠠᠭᠤᠯᠵᠤ᠂ ᠨᠡᠢᠭᠡᠮ᠎ᠤᠨ ᠠᠩᠬᠠᠷᠴᠤ᠌ ᠪᠠᠢᠭ᠎ᠠ ᠠᠰᠠᠭᠤᠳᠠᠯ᠎ᠳᠤ ᠴᠠᠭ ᠲᠤᠬᠠᠢᠳᠤᠨᠢ ᠲᠣᠬᠢᠲᠠᠢ ᠬᠠᠷᠢᠭᠤᠯᠲᠠ ᠥᠭ᠌ᠴᠦ᠂ ᠰᠠᠢᠨ ᠰᠠᠢᠬᠠᠨ ᠠᠭᠤᠷ ᠠᠮᠢᠰᠭᠤᠯ᠎ᠢ ᠪᠤᠢ ᠪᠣᠯᠭᠠᠨ᠎ᠠ᠃ ᠳᠤᠮᠳᠠᠳᠤ᠎ᠶ᠋ᠢᠨ ᠦᠨᠳᠦᠰᠦᠲᠡᠨ᠎ᠤ ᠤᠯᠠᠮᠵᠢᠯᠠᠯᠲᠤ ᠰᠠᠢᠬᠠᠨ ᠰᠤᠷᠲᠠᠯ᠎ᠢ ᠪᠠᠳᠠᠷᠠᠭᠤᠯᠤᠨ᠂ ᠦᠷᠡᠵᠢᠯ᠎ᠤᠨ ᠨᠡᠢᠭᠡᠮ᠎ᠤᠨ ᠦᠨ᠎ᠡ ᠦᠷᠳᠡᠭ᠎ᠢ ᠬᠦᠨᠳᠦᠳᠭᠡᠵᠦ᠍᠂ ᠵᠣᠬᠢᠬᠤ ᠨᠠᠰᠤᠨ᠎ᠳᠤ ᠤᠷᠤᠭ᠍ᠯᠠᠵᠤ ᠬᠡᠦᠬᠡᠳ ᠠᠪᠬᠤ᠂ ᠱᠢᠯᠢᠳᠡᠭ ᠲᠥᠷᠥᠭᠦᠯᠵᠦ᠍ ᠱᠢᠯᠢᠳᠡᠭ ᠥᠰᠭᠡᠬᠦ᠌᠎ᠶ᠋ᠢ ᠰᠠᠨᠠᠭᠠᠴᠢᠯᠠᠵᠤ᠂ ᠡᠷ᠎ᠡ ᠡᠮ᠎ᠡ ᠬᠤᠶᠠᠭᠤᠯᠠ᠎ᠶ᠋ᠢᠨ ᠬᠡᠦᠬᠡᠳ ᠪᠤᠢᠵᠢᠭᠤᠯᠬᠤ ᠬᠠᠷᠢᠭᠤᠴᠠᠯᠭ᠎ᠠ᠎ᠶ᠋ᠢ ᠬᠠᠮᠲᠤ᠎ᠪᠠᠷ ᠡᠭᠦᠷᠭᠡᠯᠡᠬᠦ᠌᠎ᠶ᠋ᠢ ᠵᠣᠷᠢᠭ᠍ᠵᠢᠭᠤᠯᠵᠤ᠂ ᠥᠨᠳᠥᠷ ᠦᠨ᠎ᠡ᠎ᠲᠠᠢ ᠪᠡᠯᠡᠭ ᠰᠡᠯᠳᠠ ᠬᠤᠷᠢᠶᠠᠬᠤ ᠵᠡᠷᠭᠡ ᠬᠠᠭᠤᠴᠢᠨ ᠶᠣᠰᠣ ᠪᠦᠳᠦᠭᠦᠯᠢᠭ ᠵᠠᠩᠱᠢᠯ᠎ᠢ ᠡᠪᠳᠡᠵᠦ᠍᠂ ᠱᠢᠨ᠎ᠡ ᠮᠠᠶᠢᠭ᠎ᠤᠨ ᠤᠷᠤᠭ᠍ᠯᠠᠵᠤ ᠬᠥᠩᠭᠡᠵᠢᠬᠦ᠌ ᠰᠣᠶᠣᠯ᠎ᠢ ᠪᠤᠢ ᠪᠣᠯᠭᠠᠨ᠎ᠠ᠃
(ᠬᠤᠷᠢ ᠶᠢᠰᠦ) ᠠᠵᠢᠯ᠎ᠤᠨ ᠬᠢᠨᠠᠨ ᠵᠢᠯᠤᠭᠤᠳᠤᠯᠭ᠎ᠠ᠎ᠶ᠋ᠢ ᠴᠢᠩᠭᠠᠳᠭᠠᠨ᠎ᠠ᠃ ᠡᠯ᠎ᠡ ᠮᠤᠵᠢ (ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠤᠲᠠ) ᠲᠤᠰ ᠲᠣᠭ᠍ᠲᠠᠭᠠᠯ᠎ᠤᠨ ᠱᠠᠭᠠᠷᠳᠠᠯᠭ᠎ᠠ ᠶᠣᠰᠣᠭᠠᠷ᠂ ᠬᠡᠷᠡᠭ᠌ᠵᠢᠭᠦᠯᠬᠦ᠌ ᠲᠥᠰᠦᠯ ᠲᠣᠭ᠍ᠲᠠᠭᠠᠵᠤ᠂ ᠡᠭᠦᠷᠭᠡ᠎ᠶ᠋ᠢᠨ ᠨᠠᠢᠳᠠᠪᠤᠷᠢᠵᠢᠭᠤᠯᠤᠯᠲᠠ᠎ᠶ᠋ᠢ ᠴᠢᠩᠭ᠎ᠠ ᠠᠳᠭᠤᠵᠤ᠂ ᠡᠬᠢ ᠡᠬᠦᠰᠦᠯ᠎ᠤᠨ ᠴᠢᠨᠠᠷᠲᠠᠶ᠂ ᠬᠡᠯᠪᠡᠷᠢᠯ᠎ᠤᠨ ᠴᠢᠨᠠᠷᠲᠠᠶ ᠠᠰᠠᠭᠤᠳᠠᠯ᠎ᠢ ᠴᠠᠭ ᠲᠤᠬᠠᠶ᠎ᠳᠤᠨᠢ ᠰᠤᠳᠤᠯᠤᠨ ᠱᠢᠢᠳᠪᠣᠷᠢᠯᠡᠵᠦ᠍᠂ ᠦᠷᠡᠵᠢᠯ᠎ᠤᠨ ᠲᠦᠷᠦ᠎ᠶ᠋ᠢᠨ ᠪᠤᠳᠤᠯᠭ᠎ᠠ᠎ᠶ᠋ᠢ ᠱᠢᠯᠢᠳᠡᠭ᠌ᠵᠢᠭᠦᠯᠬᠦ᠌ ᠲᠠᠯ᠎ᠠ᠎ᠪᠠᠷ ᠢᠳᠡᠪᠬᠢᠲᠡᠶ ᠦᠷ᠎ᠡ ᠪᠦᠲᠦᠮᠵᠢ ᠤᠯᠬᠤ᠎ᠶ᠋ᠢ ᠪᠠᠲᠤᠯᠠᠨ᠎ᠠ᠃ ᠡᠯ᠎ᠡ ᠮᠤᠵᠢ (ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠤᠲᠠ) ᠶ᠋ᠢᠨ ᠨᠠᠮ᠎ᠤᠨ ᠬᠤᠷᠢᠶ᠎ᠠ ᠪᠠ ᠵᠠᠰᠠᠭ᠎ᠤᠨ ᠣᠷᠳᠣᠨ ᠵᠢᠯ ᠪᠦᠷᠢ ᠨᠠᠮ᠎ᠤᠨ ᠲᠥᠪ ᠬᠤᠷᠢᠶ᠎ᠠ᠂ ᠲᠥᠷᠥ᠎ᠶ᠋ᠢᠨ ᠶᠠᠪᠤᠳᠠᠯ᠎ᠤᠨ ᠬᠤᠷᠢᠶ᠎ᠠ᠎ᠳᠤ ᠲᠣᠰ ᠭᠠᠵᠠᠷ ᠣᠷᠣᠨ᠎ᠤ ᠬᠥᠮᠦᠨ ᠠᠮᠠ᠎ᠶ᠋ᠢᠨ ᠠᠵᠢᠯ᠎ᠤᠨ ᠪᠠᠢᠳᠠᠯ᠎ᠢᠶᠠᠨ ᠮᠡᠳᠡᠭᠦᠯᠵᠦ᠍᠂ ᠲᠥᠪ ᠬᠤᠷᠢᠶ᠎ᠠ᠎ᠠᠴᠠ ᠴᠠᠭᠲᠤᠨᠢ ᠳᠣᠭᠢᠷᠠᠭᠤᠯᠤᠨ ᠱᠠᠯᠠᠪᠳᠠᠭᠤᠯᠤᠨ ᠪᠠᠢᠴᠠᠭᠠᠬᠤ ᠠᠵᠢᠯ ᠥᠷᠨᠢᠭᠦᠯᠦᠨ᠎ᠡ᠃
(ᠱᠢᠨᠬᠤᠸᠠ ᠬᠤᠷᠢᠶᠠᠨ᠎ᠤ ᠪᠡᠭᠡᠵᠢᠩ᠎ᠤᠨ 7 ᠰᠠᠷ᠎ᠠ᠎ᠶ᠋ᠢᠨ 20 ᠤ ᠴᠠᠬᠢᠯᠭᠠᠨ ᠮᠡᠳᠡᠭᠡ)