2021 ᠣᠨ᠎ᠤ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠲᠥᠰᠦᠪ᠎ᠲᠤ ᠲᠣᠬᠢᠷᠠᠭᠤᠯᠤᠯᠲᠠ ᠬᠢᠬᠦ᠌ ᠲᠥᠰᠦᠯ᠎ᠢ ᠵᠥᠪᠱᠢᠶᠡᠷᠡᠬᠦ᠌ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠱᠢᠢᠳᠪᠤᠷᠢ
2021-07-30 11:14:21
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

(2021 ᠤᠨ᠎ᠤ 7 ᠰᠠᠷ᠎ᠠ᠎ᠶ᠋ᠢᠨ 29 ᠎ᠤ ᠡᠳᠦᠷ ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠪᠠᠢᠡᠭ᠌ᠭᠤ᠎ᠶ᠋ᠢᠨ ᠬᠤᠷᠢᠶᠠᠨ᠎ᠤ ᠬᠤᠷᠢᠨ ᠲᠤᠯᠤᠳᠤᠭᠠᠷ ᠬᠤᠷᠠᠯ᠎ᠠᠴᠠ ᠪᠠᠳᠤᠯᠠᠪᠠ)  


ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠬᠤᠷᠢᠨ ᠳᠣᠯᠣᠳᠤᠭᠠᠷ ᠬᠤᠷᠠᠯ᠎ᠠᠴᠠ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠤᠨ ᠳᠠᠷᠤᠭ᠎ᠠ ᠵᠠᠩ ᠯᠸᠢ᠎ᠶ᠋ᠢᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠠᠢᠳᠠᠯᠭ᠎ᠠ᠎ᠪᠠᠷ ᠬᠢᠭ᠌ᠰᠡᠨ 《2021 ᠣᠨ᠎ᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠲᠥᠰᠦᠪ᠎ᠲᠤ ᠲᠣᠬᠢᠷᠠᠭᠤᠯᠤᠯᠲᠠ ᠬᠢᠬᠦ᠌ ᠲᠥᠰᠦᠯ (ᠲᠦᠰᠦᠯ) ᠎ᠤᠨ ᠲᠤᠬᠠᠶ ᠮᠡᠳᠡᠭᠦᠯᠦᠯᠲᠡ》 ᠎ᠶ᠋ᠢ ᠬᠢᠨᠠᠨ ᠵᠥᠪᠯᠡᠵᠦ᠍᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠤᠷᠠᠳᠤᠭ᠍ᠰᠠᠨ 2021 ᠣᠨ᠎ᠤ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠲᠥᠰᠦᠪ᠎ᠲᠤ ᠲᠣᠬᠢᠷᠠᠭᠤᠯᠤᠯᠲᠠ ᠬᠢᠬᠦ᠌ ᠲᠥᠰᠦᠯ (ᠲᠦᠰᠦᠯ) ᠎ᠢ ᠬᠢᠨᠠᠨ ᠪᠠᠢᠴᠠᠭᠠᠪᠠ᠃ ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠡᠳ᠋᠎ᠤᠨ ᠵᠠᠰᠠᠭ ᠠᠵᠤ ᠠᠬᠤᠶ᠎ᠶ᠋ᠢᠨ ᠵᠥᠪᠯᠡᠯ᠎ᠤᠨ ᠳᠤᠷᠠᠳᠤᠭ᠍ᠰᠠᠨ ᠬᠢᠨᠠᠨ ᠪᠠᠢᠴᠠᠭᠠᠭ᠍ᠰᠠᠨ ᠦᠷ᠎ᠡ ᠳ᠋ᠦᠩ᠎ᠤᠨ ᠮᠡᠳᠡᠭᠦᠯᠦᠯᠲᠡ᠎ᠶ᠋ᠢ ᠵᠥᠪᠱᠢᠶᠡᠷᠡᠵᠦ᠍᠂ 2021 ᠣᠨ᠎ᠤ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠲᠥᠰᠦᠪ᠎ᠲᠤ ᠲᠣᠬᠢᠷᠠᠭᠤᠯᠤᠯᠲᠠ ᠬᠢᠬᠦ᠌ ᠲᠥᠰᠦᠯ᠎ᠢ ᠵᠥᠪᠱᠢᠶᠡᠷᠡᠬᠦ᠌᠎ᠪᠠᠷ ᠲᠣᠭ᠍ᠲᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号